ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠭᠦᠨᠵᠡᠭᠡᠢ ᠲᠠᠢᠯᠤᠮᠵᠢ

2021-12-11 20:12:33

ᠵᠣᠬᠢᠶᠠᠭ᠍ᠴᠢ᠄ ᠲᠤᠰ ᠰᠣᠨᠢᠨ᠎ᠤ ᠱᠢᠭᠦᠮᠵᠢᠯᠡᠭ᠌ᠴᠢ ᠣᠩᠱᠢᠭ᠍ᠰᠠᠨ ᠣᠳᠠᠭ᠎ᠠ᠄ 3

— ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠤᠨ᠎ᠶᠡᠬᠡ ᠬᠤᠷᠠᠯ ᠎ᠤᠨ ᠎ᠵᠣᠷᠢᠭ ᠎ᠰᠠᠨᠠᠭ᠎ᠠ ᠎ᠶ᠋ᠢ ᠎ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠬᠠᠢ ᠥᠭᠦᠯᠡᠬᠦ᠌ ᠨᠢ


ᠳᠡᠭᠡᠳᠦ ᠬᠡᠮᠵᠢᠶᠡᠨ᠎ᠦ ᠰᠣᠶᠣᠯ᠎ᠤᠨ ᠢᠲᠡᠭᠡᠯ ᠪᠠᠢᠬᠤ ᠦᠭᠡᠢ᠂ ᠰᠣᠶᠣᠯ᠎ᠤᠨ ᠴᠡᠴᠡᠭ᠌ᠯᠡᠯ ᠬᠥᠭ᠌ᠵᠢᠯ ᠪᠠᠢᠬᠤ ᠦᠭᠡᠢ ᠪᠣᠯ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ ᠪᠠᠢᠵᠤ ᠴᠢᠳᠠᠬᠤ ᠦᠭᠡᠢ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠡᠴᠡ ᠲᠤᠭ᠎ᠢ ᠮᠠᠨᠳᠤᠭᠤᠯᠬᠤ᠂ ᠠᠷᠠᠳ᠎ᠤᠨ ᠰᠡᠳᠭᠢᠯ᠎ᠢ ᠨᠢᠭ᠍ᠲᠠᠷᠠᠭᠤᠯᠬᠤ᠂ ᠱᠢᠨ᠎ᠡ ᠬᠥᠮᠦᠨ᠎ᠢ ᠬᠥᠮᠦᠵᠢᠭᠦᠯᠬᠦ᠌᠂ ᠰᠣᠶᠣᠯ᠎ᠢ ᠮᠠᠨᠳᠤᠭᠤᠯᠬᠤ᠂ ᠲᠦᠷᠢ ᠲᠥᠷᠬᠦ᠌᠎ᠶ᠋ᠢ ᠢᠯᠡᠷᠡᠭᠦᠯᠬᠦ᠌ ᠡᠭᠦᠷᠭᠡ ᠬᠠᠷᠢᠭᠤᠴᠠᠯᠭ᠎ᠠ᠎ᠶ᠋ᠢᠨ ᠲᠣᠭᠣᠷᠢᠨ᠎ᠳᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠤᠨ ᠲᠥᠪ ᠶᠣᠰᠣ᠎ᠶ᠋ᠢ ᠵᠢᠷᠤᠮᠯᠡᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠵᠤ᠂ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠬᠥᠭ᠌ᠵᠢᠯᠲᠡ᠎ᠳᠦ ᠦᠵᠡᠯ ᠰᠠᠨᠠᠭᠠᠨ᠎ᠤ ᠪᠠᠲᠤᠯᠠᠭ᠎ᠠ᠂ ᠶᠠᠷᠢᠶ᠎ᠠ ᠬᠡᠯᠡᠯᠴᠡᠭᠡᠨ᠎ᠦ ᠳᠡᠮᠵᠢᠯᠭᠡ᠂ ᠤᠶᠤᠨ ᠰᠠᠨᠠᠭᠠᠨ᠎ᠤ ᠬᠥᠳᠡᠯᠭᠡᠬᠦ᠌ ᠬᠦᠴᠦᠨ᠂ ᠰᠣᠶᠣᠯ᠎ᠤᠨ ᠨᠥᠬᠥᠴᠡᠯ ᠬᠠᠩᠭᠠᠬᠤ ᠬᠡᠷᠡᠭ᠌ᠲᠡᠢ ᠬᠡᠵᠦ ᠴᠢᠬᠤᠯᠠᠴᠢᠯᠠᠪᠠ᠃

ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠎ᠳᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠨᠡᠢᠭᠡᠮ ᠵᠢᠷᠤᠮ᠎ᠤᠨ ᠲᠡᠷᠢᠭᠦᠨ᠎ᠦ ᠰᠣᠶᠣᠯ᠎ᠤᠨ ᠤᠷᠤᠭ᠍ᠰᠢᠯᠠᠯᠲᠠ᠎ᠶ᠋ᠢᠨ ᠴᠢᠭ᠌ᠯᠡᠯ᠎ᠢ ᠪᠠᠲᠤ ᠡᠵᠡᠮᠳᠡᠵᠦ᠍᠂ ᠨᠡᠢᠭᠡᠮ ᠵᠢᠷᠤᠮ᠎ᠤᠨ ᠰᠣᠶᠣᠯ᠎ᠤᠨ ᠪᠠᠢᠭᠤᠯᠤᠯᠲᠠ᠎ᠶ᠋ᠢ ᠶᠡᠬᠡ ᠪᠡᠷ ᠴᠢᠩᠭᠠᠳᠭᠠᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠪᠦᠯᠬᠦᠮᠳᠡᠨ ᠲᠡᠮᠡᠴᠡᠬᠦ᠌ ᠬᠦᠴᠦᠷᠬᠡᠭ ᠶᠡᠬᠡ ᠤᠶᠤᠨ ᠰᠠᠨᠠᠭᠠᠨ᠎ᠤ ᠬᠦᠴᠦᠨ᠎ᠢ ᠨᠢᠭ᠍ᠲᠠᠷᠠᠭᠤᠯᠬᠤ ᠬᠡᠷᠡᠭ᠌ᠲᠡᠢ᠃ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠵᠢᠯ᠎ᠤᠨ ᠤᠳᠤᠷᠢᠳᠭᠤ ᠡᠷᠬᠡ᠎ᠶ᠋ᠢ ᠪᠠᠲᠤ ᠡᠵᠡᠮᠱᠢᠵᠦ᠍᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠰᠤᠷᠤᠯᠴᠠᠯᠭ᠎ᠠ ᠤᠬᠠᠭᠤᠯᠭ᠎ᠠ ᠬᠥᠮᠦᠵᠢᠯ᠎ᠢ ᠭᠦᠨᠵᠡᠭᠡᠶ ᠥᠷᠨᠢᠭᠦᠯᠵᠦ᠍᠂ ᠦᠵᠡᠯ ᠤᠬᠠᠮᠰᠠᠷ᠎ᠤᠨ ᠬᠡᠯᠪᠡᠷᠢ᠎ᠶ᠋ᠢᠨ ᠬᠦᠷᠢᠶᠡᠨ᠎ᠳᠡᠬᠢ ᠮᠠᠷᠺᠰ᠎ᠤᠨ ᠦᠵᠡᠯ᠎ᠦᠨ ᠵᠢᠯᠣᠭᠣᠳᠭᠤ ᠪᠠᠢᠷᠢ ᠰᠠᠭᠤᠷᠢ᠎ᠶ᠋ᠢ ᠲᠠᠰᠤᠷᠠᠯᠲᠠ ᠥᠬᠡᠶ ᠪᠡᠬᠢᠵᠢᠭᠦᠯᠬᠦ᠌ ᠬᠡᠷᠡᠭ᠌ᠲᠡᠶ᠃ ᠨᠠᠮ᠎ᠡᠴᠡ ᠤᠬᠠᠭᠤᠯᠭ᠎ᠠ᠎ᠶ᠋ᠢ ᠬᠠᠮᠢᠶᠠᠷᠬᠤ᠂ ᠨᠠᠮ᠎ᠡᠴᠡ ᠦᠵᠡᠯ ᠤᠬᠠᠮᠰᠠᠷ᠎ᠤᠨ ᠬᠡᠯᠪᠡᠷᠢ᠎ᠶ᠋ᠢ ᠬᠠᠮᠢᠶᠠᠷᠬᠤ᠂ ᠨᠠᠮ᠎ᠡᠴᠡ ᠵᠠᠭᠤᠴᠢᠯᠠᠭᠤᠷ᠎ᠢ ᠬᠠᠮᠢᠶᠠᠷᠬᠤ᠎ᠶ᠋ᠢ ᠪᠠᠷᠢᠮᠲᠠᠯᠠᠵᠤ᠂ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠵᠢᠯ᠎ᠤᠨ ᠬᠠᠷᠢᠭᠤᠴᠠᠯᠭ᠎ᠠ᠎ᠶ᠋ᠢᠨ ᠲᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠪᠦᠳᠦᠭᠡᠨ ᠪᠠᠢᠭᠤᠯᠤᠯᠲᠠ ᠪᠠ ᠬᠠᠮᠢᠶᠠᠷᠤᠯᠲᠠ᠎ᠶ᠋ᠢ ᠨᠢᠭᠡᠳᠦᠯᠲᠡᠢ ᠲᠥᠯᠥᠪᠵᠢᠭᠦᠯᠵᠦ᠍᠂ ᠳᠣᠲᠣᠭᠠᠳᠤ ᠤᠬᠠᠭᠤᠯᠭ᠎ᠠ ᠪᠠ ᠭᠠᠳᠠᠭᠠᠳᠤ ᠤᠬᠠᠭᠤᠯᠭ᠎ᠠ᠂᠎ᠰᠦᠯᠵᠢᠶᠡᠨ᠎ᠳᠡᠭᠡᠷᠡᠬᠢ᠎ᠪᠠ᠎ᠪᠤᠳᠠᠳᠤ ᠴᠤᠬᠴᠠ ᠵᠢ ᠨᠢᠭᠡᠳᠦᠯᠲᠡᠢ ᠲᠥᠯᠥᠪᠵᠢᠭᠦᠯᠵᠦ᠍᠂ ᠤᠳᠤᠷᠢᠳᠤᠮᠵᠢ᠎ᠪᠠᠨ ᠦᠨᠡᠨ ᠬᠦ᠌ ᠰᠠᠢᠲᠤᠷ ᠬᠠᠮᠢᠶᠠᠷᠴᠤ᠌᠂ ᠵᠢᠭ᠍ᠰᠠᠭᠠᠯ᠎ᠤᠨ ᠭᠠᠵᠠᠷ᠎ᠢᠶᠠᠨ ᠰᠠᠢᠲᠤᠷ ᠬᠠᠮᠢᠶᠠᠷᠴᠤ᠌᠂ ᠡᠩᠨᠡᠭᠡ᠎ᠪᠡᠨ ᠰᠠᠢᠲᠤᠷ ᠬᠠᠮᠢᠶᠠᠷᠬᠤ ᠬᠡᠷᠡᠭ᠌ᠲᠡᠢ᠃ ᠵᠥᠪ ᠤᠯᠤᠰ ᠲᠥᠷᠥ᠎ᠶ᠋ᠢᠨ ᠴᠢᠭ᠌ᠯᠡᠯ᠂ ᠶᠠᠷᠢᠶ᠎ᠠ ᠬᠡᠯᠡᠯᠴᠡᠭᠡᠨ᠎ᠦ ᠤᠳᠤᠷᠢᠳᠤᠮᠵᠢ᠂ ᠥᠷᠲᠡᠭ᠎ᠦᠨ ᠬᠠᠨᠳᠤᠰᠢ᠎ᠶ᠋ᠢ ᠪᠠᠷᠢᠮᠲᠠᠯᠠᠵᠤ᠂ ᠭᠤᠤᠯ ᠰᠡᠳᠦᠪᠲᠦ ᠤᠬᠠᠭᠤᠯᠭ᠎ᠠ᠂ ᠴᠠᠭ᠎ᠤᠨ ᠪᠠᠢᠳᠠᠯ᠎ᠤᠨ ᠤᠬᠠᠭᠤᠯᠭ᠎ᠠ᠂ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠂ ᠠᠮᠵᠢᠯᠲᠠ ᠪᠦᠲᠦᠮᠵᠢ᠎ᠶ᠋ᠢᠨ ᠤᠬᠠᠭᠤᠯᠭ᠎ᠠ ᠪᠠ ᠨᠡᠢᠲᠡᠯᠢᠭ ᠵᠢᠱ᠌ᠢᠶ᠎ᠡ᠎ᠶ᠋ᠢᠨ ᠤᠬᠠᠭᠤᠯᠭ᠎ᠠ᠎ᠶ᠋ᠢ ᠶᠡᠬᠡ ᠪᠡᠷ ᠥᠷᠨᠢᠭᠦᠯᠵᠦ᠍᠂ ᠤᠬᠠᠭᠤᠯᠬᠤ ᠠᠷᠭ᠎ᠠ ᠪᠠᠷᠢᠯ᠎ᠤᠨ ᠱᠢᠨ᠎ᠡ᠎ᠶ᠋ᠢ ᠡᠭᠦᠳᠴᠦ᠍᠂ ᠵᠠᠭᠤᠴᠢᠯᠠᠭᠤᠷ᠎ᠤᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠭᠤᠤᠯ ᠦᠵᠡᠯ ᠰᠠᠨᠠᠭ᠎ᠠ ᠶᠠᠷᠢᠶ᠎ᠠ ᠬᠡᠯᠡᠯᠴᠡᠭᠡ᠎ᠶ᠋ᠢ ᠪᠡᠬᠢᠵᠢᠭᠦᠯᠦᠨ ᠪᠤᠵᠠᠭᠠᠢᠷᠠᠭᠤᠯᠬᠤ ᠭᠡᠷᠡᠭᠳᠠᠢ᠃ ᠰᠦᠯᠵᠢᠶᠡᠨ᠎ᠦ᠎ᠪᠠᠢᠭᠤᠯᠤᠯᠲᠠ᠂᠎ᠬᠡᠷᠡᠭ᠌ᠯᠡᠯᠲᠡ᠂᠎ᠬᠠᠮᠢᠶᠠᠷᠤᠯᠲᠠ᠎ᠶ᠋ᠢᠨ᠎ᠲᠦᠪᠱᠢᠨ᠎ᠢ ᠳᠡᠭᠡᠭ᠌ᠰᠢᠯᠡᠭᠦᠯᠵᠦ᠍᠂ ᠰᠦᠯᠵᠢᠶᠡᠨ᠎ᠦ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠮᠤᠷ ᠲᠦᠪᠱᠢᠨ᠎ᠢ ᠡᠷᠡᠰ ᠬᠠᠮᠠᠭᠠᠯᠠᠬᠤ ᠭᠡᠷᠡᠭᠳᠠᠢ᠃

ᠰᠤᠶᠤᠯ ᠠᠨᠤ ᠶᠣᠰᠣᠨ᠎ᠢ ᠠᠴᠢᠶᠠᠯᠠᠵᠦ᠍᠂ ᠰᠤᠶᠤᠯ ᠠᠨᠤ ᠶᠣᠰᠣ ᠰᠤᠷᠲᠠᠬᠤᠨ᠎ᠢ ᠬᠥᠮᠦᠵᠢᠭᠦᠯᠵᠦ᠍᠂ ᠰᠣᠶᠣᠯ ᠠᠨᠤ ᠬᠥᠮᠦᠨ᠎ᠢ ᠤᠬᠠᠭᠠᠷᠠᠭᠤᠯᠤᠮᠤᠢ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠎ᠳᠤ᠂ ᠨᠡᠢᠭᠡᠮ ᠵᠢᠷᠤᠮ᠎ᠤᠨ ᠭᠣᠣᠯᠯᠠᠭ᠍ᠴᠢ ᠦᠷᠳᠡᠭ᠎ᠦᠨ ᠦᠵᠡᠯᠲᠡ᠎ᠶ᠋ᠢ ᠢᠳᠡᠪᠬᠢᠲᠡᠢ ᠪᠣᠢᠵᠢᠭᠤᠯᠤᠨ ᠦᠢᠯᠡᠳᠦᠯᠭᠡᠵᠢᠭᠦᠯᠵᠦ᠍᠂ ᠬᠦᠰᠡᠯᠡᠩ ᠢᠲᠡᠭᠡᠯ ᠪᠢᠱᠢᠷᠡᠯ᠎ᠦᠨ ᠬᠥᠮᠦᠵᠢᠯ᠎ᠢ ᠪᠠᠢᠩᠭᠤᠵᠢᠭᠤᠯᠤᠨ ᠳᠦᠷᠢᠮᠵᠢᠭᠦᠯᠬᠦ᠌᠎ᠶ᠋ᠢ ᠠᠬᠢᠭᠤᠯᠵᠤ᠂ ᠨᠠᠮ᠎ᠤᠨ ᠲᠡᠦᠬᠡ᠂ ᠱᠢᠨ᠎ᠡ ᠳᠤᠮᠳᠠᠳᠤ ᠤᠯᠤᠰ᠎ᠤᠨ ᠲᠡᠦᠬᠡ᠂ ᠥᠭᠡᠷᠡᠴᠢᠯᠡᠯᠲᠡ ᠨᠡᠬᠡᠬᠡᠯᠳᠡ᠎ᠶ᠋ᠢᠨ ᠲᠡᠦᠬᠡ᠂ ᠨᠡᠢᠭᠡᠮ ᠵᠢᠷᠤᠮ᠎ᠤᠨ ᠬᠥᠭ᠌ᠵᠢᠯᠲᠡ᠎ᠶ᠋ᠢᠨ ᠲᠡᠦᠬᠡ᠎ᠶ᠋ᠢᠨ ᠤᠬᠠᠭᠤᠯᠭ᠎ᠠ ᠬᠥᠮᠦᠵᠢᠯ᠎ᠢ ᠴᠢᠩᠭᠠᠳᠭᠠᠵᠤ᠂ ᠤᠯᠤᠰ᠎ᠢᠶᠠᠨ ᠬᠠᠢᠷᠠᠯᠠᠬᠤ ᠦᠵᠡᠯ᠂ ᠬᠠᠮᠳᠤᠴᠢ ᠦᠵᠡᠯ᠂ ᠨᠡᠢᠭᠡᠮ ᠵᠢᠷᠤᠮ᠎ᠤᠨ ᠬᠥᠮᠦᠵᠢᠯ᠎ᠢ ᠴᠢᠩᠭᠠᠳᠭᠠᠵᠤ᠂ ᠨᠠᠮ ᠪᠣᠯᠤᠨ ᠠᠷᠠᠳ ᠲᠦᠮᠡᠨ᠎ᠦ ᠡᠯ᠎ᠡ ᠲᠡᠦᠬᠡᠨ ᠴᠠᠭ ᠦᠶ᠎ᠡ᠎ᠶ᠋ᠢᠨ ᠲᠡᠮᠡᠴᠡᠯ᠎ᠦᠨ ᠳᠤᠮᠳᠠ ᠪᠦᠷᠢᠯᠳᠦᠭ᠌ᠰᠡᠨ ᠠᠭᠤᠤ ᠶᠡᠬᠡ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠦᠰᠡᠯᠡᠩ ᠢᠲᠡᠭᠡᠯ ᠪᠢᠱᠢᠷᠡᠯ᠂ ᠦᠷᠳᠡᠭ᠎ᠦᠨ ᠣᠢᠯᠠᠭᠠᠭ᠍ᠳᠠᠬᠤᠨ᠂ ᠶᠣᠰᠣ ᠰᠤᠷᠲᠠᠬᠤᠨ᠎ᠤ ᠦᠵᠡᠯᠲᠡ᠎ᠶ᠋ᠢᠨ ᠲᠠᠯ᠎ᠠ᠎ᠪᠠᠷ ᠨᠢᠭ᠍ᠲᠠ ᠪᠦᠯᠬᠦᠮᠳᠡᠬᠦ᠌᠎ᠶ᠋ᠢ ᠠᠬᠢᠭᠤᠯᠬᠤ ᠬᠡᠷᠡᠭ᠌ᠲᠡᠢ᠃ ᠱᠢᠨ᠎ᠡ ᠴᠠᠭ ᠦᠶ᠎ᠡ᠎ᠶ᠋ᠢᠨ ᠠᠷᠠᠳ ᠢᠷᠭᠡᠳ᠎ᠦᠨ ᠶᠣᠰᠣ ᠰᠤᠷᠲᠠᠬᠤᠨ᠎ᠤ ᠪᠠᠢᠭᠤᠯᠤᠯᠲᠠ᠎ᠶ᠋ᠢᠨ 《ᠠᠷᠪᠠᠨ ᠶᠡᠬᠡ ᠠᠵᠢᠯᠯᠠᠭ᠎ᠠ》 ᠶ᠋ᠢ ᠬᠡᠷᠡᠭ᠌ᠵᠢᠭᠦᠯᠵᠦ᠍᠂ ᠣᠯᠠᠨ ᠲᠦᠮᠡᠨᠴᠢ ᠴᠢᠨᠠᠷᠲᠠᠶ ᠣᠶᠤᠨ᠎ᠤ ᠪᠣᠯᠪᠠᠰᠤᠨ᠎ᠢ ᠡᠭᠦᠳᠦᠨ ᠪᠠᠢᠭᠤᠯᠬᠤ ᠠᠵᠢᠯᠯᠠᠭ᠎ᠠ ᠪᠠ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢ ᠠᠬᠢᠭᠤᠯᠵᠤ᠂ ᠱᠢᠨ᠎ᠡ ᠴᠠᠭ ᠦᠶ᠎ᠡ᠎ᠶ᠋ᠢᠨ ᠱᠠᠭᠠᠷᠳᠠᠯᠭ᠎ᠠ᠎ᠳᠤ ᠵᠣᠬᠢᠴᠠᠭ᠍ᠰᠠᠨ ᠦᠵᠡᠯ ᠰᠠᠨᠠᠭ᠎ᠠ ᠣᠢᠯᠠᠭᠠᠭ᠍ᠳᠠᠬᠤᠨ᠂ ᠣᠶᠤᠨ ᠰᠠᠨᠠᠭᠠᠨ᠎ᠤ ᠳᠦᠷᠰᠦ ᠪᠠᠢᠳᠠᠯ᠂ ᠪᠣᠯᠪᠠᠰᠤᠨ ᠬᠡᠪ ᠰᠤᠷᠲᠠᠯ ᠪᠠ ᠦᠶ᠋ᠯᠡ ᠠᠵᠢᠯᠯᠠᠭ᠎ᠠ᠎ᠶ᠋ᠢᠨ ᠵᠢᠷᠤᠮᠵᠢᠯ᠎ᠢ ᠪᠦᠷᠢᠯᠳᠦᠭᠦᠯᠬᠦ᠌᠎ᠶ᠋ᠢ ᠠᠬᠢᠭᠤᠯᠵᠤ᠂ ᠨᠡᠢᠭᠡᠮ᠎ᠦᠨ ᠪᠣᠯᠪᠠᠰᠤᠨ᠎ᠤ ᠬᠡᠮᠵᠢᠶ᠎ᠡ᠎ᠶ᠋ᠢᠨ ᠲᠠᠰᠤᠷᠠᠯᠲᠠ ᠥᠬᠡᠶ ᠳᠡᠭᠡᠭ᠌ᠰᠢᠯᠡᠬᠦ᠌᠎ᠶ᠋ᠢ ᠠᠬᠢᠭᠤᠯᠬᠤ ᠭᠡᠷᠡᠭᠳᠠᠢ᠃

ᠰᠣᠶᠣᠯ ᠪᠣᠯ ᠦᠨᠳᠦᠰᠦᠲᠡᠨ᠎ᠦ ᠠᠮᠢᠨ ᠰᠤᠳᠠᠰᠤ ᠮᠥᠨ᠂ ᠠᠷᠠᠳ ᠲᠦᠮᠡᠨ᠎ᠦ ᠤᠶᠤᠨ᠎ᠰᠠᠨᠠᠭᠠᠨ᠎ᠤ ᠭᠡᠷ ᠣᠷᠣᠨ ᠮᠥᠨ᠂ ᠠᠷᠠᠳ ᠤᠯᠠᠨ᠎ᠤ ᠤᠶᠤᠨ᠎ᠤ ᠰᠣᠶᠣᠯ᠎ᠤᠨ ᠠᠮᠢᠳᠤᠷᠠᠯ᠎ᠢ ᠲᠠᠰᠤᠷᠠᠯᠳᠠ ᠦᠭᠡᠢ ᠪᠠᠶᠠᠯᠢᠭ᠍ᠵᠢᠭᠤᠯᠤᠨ ᠰᠠᠢᠵᠢᠷᠠᠭᠤᠯᠵᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠱᠢᠨ᠎ᠡ᠎ᠶ᠋ᠢ ᠡᠭᠦᠳᠦᠨ ᠬᠥᠭ᠌ᠵᠢᠬᠦ᠌᠎ᠶ᠋ᠢ ᠠᠬᠢᠭᠤᠯᠬᠤ ᠪᠣᠯ ᠨᠡᠢᠭᠡᠮ ᠵᠢᠷᠤᠮ᠎ᠤᠨ ᠰᠣᠶᠣᠯ᠎ᠤᠨ ᠪᠠᠢᠭᠤᠯᠤᠯᠲᠠ᠎ᠶ᠋ᠢ ᠴᠢᠩᠭᠠᠳᠭᠠᠬᠤ᠎ᠳᠤ ᠪᠠᠢᠪᠠᠰᠤ ᠵᠣᠬᠢᠬᠤ ᠠᠭᠤᠯᠭ᠎ᠠ ᠮᠥᠨ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠤᠱᠯᠠᠭᠤᠯᠬᠤ᠎ᠳᠤ᠂᠎ᠬᠤᠳᠠ ᠬᠥᠳᠡᠭᠡ᠎ᠶ᠋ᠢᠨ ᠤᠯᠠᠨ ᠨᠡᠢᠲᠡ᠎ᠶ᠋ᠢᠨ ᠰᠣᠶᠣᠯ᠎ᠤᠨ ᠦᠢᠯᠡᠴᠢᠯᠡᠭᠡᠨ᠎ᠦ ᠱᠢᠰᠲ᠋ᠧᠮ᠎ᠢ ᠨᠢᠭᠡ ᠴᠤᠬ᠍ᠴᠠᠵᠢᠭᠤᠯᠤᠨ ᠪᠠᠢᠭᠤᠯᠬᠤ ᠠᠵᠢᠯ᠎ᠢ ᠴᠢᠩᠭᠠᠳᠭᠠᠵᠤ᠂ ᠰᠣᠶᠣᠯ᠎ᠢᠶᠠᠷ ᠠᠷᠠᠳ᠎ᠲᠤ ᠠᠱᠢᠭ ᠬᠦᠷᠲᠡᠭᠡᠬᠦ᠌ ᠢᠨᠵᠧᠨᠧᠷᠢᠩ᠎ᠢ ᠱᠢᠨᠡᠴᠢᠯᠡᠨ ᠬᠡᠷᠡᠭ᠌ᠵᠢᠭᠦᠯᠵᠦ᠍᠂ ᠬᠤᠳᠠ ᠬᠥᠳᠡᠭᠡ᠎ᠶ᠋ᠢᠨ ᠰᠣᠶᠣᠯ᠎ᠤᠨ ᠡᠬᠢ ᠪᠠᠶᠠᠯᠢᠭ᠎ᠤᠨ ᠲᠤᠬᠢᠷᠠᠭᠤᠯᠤᠯᠳᠠ᠎ᠶ᠋ᠢ ᠱᠢᠯᠢᠳᠡᠭ᠌ᠵᠢᠭᠦᠯᠵᠦ᠍᠂ ᠤᠯᠠᠨ ᠲᠦᠮᠡᠨᠴᠢ ᠴᠢᠨᠠᠷᠲᠠᠢ ᠰᠣᠶᠣᠯ᠎ᠤᠨ ᠠᠵᠢᠯᠯᠠᠭ᠎ᠠ᠎ᠶ᠋ᠢ ᠥᠷᠭᠡᠨ᠎ᠢᠶᠡᠷ ᠥᠷᠨᠢᠭᠦᠯᠵᠦ᠍᠂ ᠪᠦᠬᠦ᠌ ᠣᠷᠣᠨ᠎ᠤ ᠠᠷᠠᠳ ᠲᠦᠮᠡᠨ᠎ᠦ ᠤᠶᠤᠨ᠎ᠤ ᠠᠮᠢᠳᠤᠷᠠᠯ ᠬᠠᠮᠲᠤ᠎ᠪᠠᠷ ᠪᠠᠶᠠᠵᠢᠬᠤ᠌᠎ᠶ᠋ᠢ ᠠᠬᠢᠭᠤᠯᠬᠤ ᠬᠡᠷᠡᠭ᠌ᠲᠡᠢ᠃ ᠰᠣᠶᠣᠯ᠎ᠤᠨ ᠦᠢᠯᠡᠰ᠎ᠦᠨ ᠴᠡᠴᠡᠭ᠌ᠯᠡᠯ ᠬᠥᠭ᠌ᠵᠢᠯ᠎ᠢ ᠠᠬᠢᠭᠤᠯᠵᠤ᠂ ᠳᠤᠮᠳᠠᠳᠤ᠎ᠶ᠋ᠢᠨ ᠰᠣᠶᠣᠯ᠎ᠤᠨ ᠥᠨᠢᠳᠡ᠎ᠶ᠋ᠢᠨ ᠷᠢᠳᠢ ᠱᠢᠳᠢ᠎ᠶ᠋ᠢ ᠢᠯᠡᠷᠡᠭᠦᠯᠬᠦ᠌᠂ ᠴᠠᠭ ᠦᠶ᠎ᠡ᠎ᠶ᠋ᠢᠨ ᠴᠤᠭ ᠵᠢᠪᠬᠤᠭ᠎ᠠ᠎ᠶ᠋ᠢ ᠪᠠᠳᠠᠷᠠᠭᠤᠯᠬᠤ᠎ᠶ᠋ᠢ ᠠᠬᠢᠭᠤᠯᠬᠤ ᠬᠡᠷᠡᠭ᠌ᠲᠡᠢ᠃

ᠠᠷᠠᠳ᠎ᠲᠦᠮᠡᠨ᠎ᠦ᠎ᠰᠠᠢ᠌ᠨ᠎ᠰᠠᠢᠬᠠᠨ᠎ᠠᠮᠢᠳᠤᠷᠠᠯ᠎ᠢ᠎ᠡᠳ᠋ᠯᠡᠬᠦ᠌ ᠱᠢᠨ᠎ᠡ ᠬᠦᠰᠡᠯ ᠡᠷᠡᠮᠡᠯᠵᠡᠯ᠎ᠢ ᠬᠠᠩᠭᠠᠬᠤ᠎ᠳᠤ᠎ᠡᠷᠬᠡᠪᠰᠢ ᠡᠯᠪᠡᠭ ᠪᠠᠶᠠᠯᠢᠭ ᠤᠶᠤᠨ᠎ᠤ ᠲᠡᠵᠢᠭᠡᠯ ᠬᠠᠩᠭᠠᠬᠤ ᠬᠡᠷᠡᠭ᠌ᠲᠡᠢ᠃ ᠰᠣᠶᠣᠯ᠎ᠤᠨ ᠠᠵᠤ ᠦᠢᠯᠡᠰ᠎ᠢ ᠬᠥᠭ᠌ᠵᠢᠭᠦᠯᠬᠦ᠌ ᠪᠣᠯ ᠠᠷᠠᠳ ᠤᠯᠠᠨ᠎ᠤ ᠤᠯᠠᠨ ᠶᠠᠩᠵᠤᠴᠢᠯᠠᠭ᠍ᠰᠠᠨ ᠤᠶᠤᠨ᠎ᠤ ᠰᠣᠶᠣᠯ᠎ᠤᠨ ᠬᠡᠷᠡᠭ᠌ᠴᠡᠭᠡ᠎ᠶ᠋ᠢ ᠬᠠᠩᠭᠠᠬᠤ᠂ ᠠᠷᠠᠳ ᠤᠯᠠᠨ᠎ᠤ ᠠᠮᠢᠳᠤᠷᠠᠯ᠎ᠤᠨ ᠴᠢᠨᠠᠷ ᠴᠢᠨᠰᠠᠭ᠎ᠠ ᠪᠠ ᠵᠣᠯ ᠵᠢᠷᠭᠠᠯ᠎ᠤᠨ ᠲᠦᠷᠦᠭ᠌ᠳᠡᠯ᠎ᠢ ᠳᠡᠭᠡᠭ᠌ᠰᠢᠯᠡᠭᠦᠯᠬᠦ᠌ ᠴᠢᠬᠤᠯᠠ ᠠᠷᠭ᠎ᠠ ᠵᠠᠮ ᠮᠥᠨ᠂ ᠪᠠᠰᠠ᠎ᠴᠤ᠌᠎ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠱᠢᠨ᠎ᠡ ᠬᠥᠳᠡᠯᠭᠡᠭ᠌ᠴᠢ ᠡᠨᠧᠷᠭᠢ᠎ᠶ᠋ᠢ ᠪᠣᠢᠵᠢᠭᠤᠯᠬᠤ᠂ ᠠᠵᠤ ᠠᠬᠤᠢ ᠨᠡᠢᠭᠡᠮ᠎ᠦᠨ ᠬᠡᠯᠪᠡᠷᠢ᠎ᠪᠡᠨ ᠬᠤᠪᠢᠷᠠᠭᠤᠯᠤᠨ ᠲᠡᠰ ᠳᠡᠪᠱᠢᠬᠦ᠌᠎ᠶ᠋ᠢ ᠠᠬᠢᠭᠤᠯᠬᠤ᠂ ᠱᠢᠨ᠎ᠡ᠎ᠶ᠋ᠢ ᠡᠭᠦᠳᠴᠦ᠍ ᠠᠳᠠᠯ ᠦᠢᠯᠡᠰ ᠪᠤᠰᠬᠠᠬᠤ᠎ᠶ᠋ᠢ ᠠᠬᠢᠭᠤᠯᠬᠤ ᠴᠢᠬᠤᠯᠠ ᠬᠥᠳᠡᠯᠭᠡᠭ᠌ᠴᠢ ᠬᠦᠴᠦᠨ ᠮᠥᠨ᠃ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠤᠱᠯᠠᠭᠤᠯᠬᠤ᠎ᠳᠤ ᠡᠷᠬᠡᠪᠰᠢ ᠰᠣᠶᠣᠯ᠎ᠤᠨ ᠠᠵᠤ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ᠃ ᠨᠡᠢᠭᠡᠮ᠎ᠦᠨ ᠦᠷ᠎ᠡ ᠠᠱᠢᠭ᠎ᠢ ᠲᠡᠷᠢᠭᠦᠨ ᠪᠠᠢᠷᠢᠨ᠎ᠳᠤ ᠲᠠᠯᠪᠢᠬᠤ᠂ ᠨᠡᠢᠭᠡᠮ᠎ᠦᠨ ᠦᠷ᠎ᠡ ᠠᠱᠢᠭ ᠪᠠ ᠠᠵᠤ ᠠᠬᠤᠢ᠎ᠶ᠋ᠢᠨ ᠦᠷ᠎ᠡ ᠠᠱᠢᠭ᠎ᠢ ᠨᠢᠭᠡᠳᠭᠡᠬᠦ᠌ ᠎ᠶ᠋ᠢ ᠪᠠᠷᠢᠮᠲᠠᠯᠠᠵᠤ᠂ ᠰᠣᠶᠣᠯ᠎ᠤᠨ ᠪᠠᠢᠭᠤᠯᠤᠮᠵᠢ ᠵᠢᠨ ᠥᠭᠡᠷᠡᠴᠢᠯᠡᠯᠲᠡ ᠎ᠶ᠋ᠢ ᠭᠦᠨᠵᠡᠭᠡᠢᠷᠡᠭᠦᠯᠦᠨ᠂ ᠰᠣᠶᠣᠯ᠎ᠤᠨ ᠠᠵᠤ ᠦᠢᠯᠡᠰ᠎ᠦᠨ ᠲᠦᠷᠦ᠍᠎ᠶ᠋ᠢᠨ ᠪᠤᠳᠤᠯᠭ᠎ᠠ᠎ᠶ᠋ᠢ ᠲᠡᠭᠦᠯᠳᠡᠷᠵᠢᠭᠦᠯᠵᠦ᠍᠂ ᠰᠣᠶᠣᠯ᠎ᠤᠨ ᠵᠠᠬ᠎ᠠ ᠳᠡᠯᠭᠡᠭᠦᠷ᠎ᠦᠨ ᠱᠢᠰᠲ᠋ᠧᠮ᠎ᠦᠨ ᠪᠠᠢᠭᠤᠯᠤᠯᠲᠠ᠎ᠶ᠋ᠢ ᠴᠢᠩᠭᠠᠳᠭᠠᠨ᠂ ᠴᠢᠨᠠᠷ ᠰᠠᠢᠲᠠᠢ ᠰᠣᠶᠣᠯ᠎ᠤᠨ ᠪᠦᠲᠦᠭᠡᠭ᠌ᠳᠡᠬᠦᠨ᠎ᠦ ᠬᠠᠩᠭᠠᠯᠭ᠎ᠠ᠎ᠶ᠋ᠢ ᠥᠷᠭᠡᠳᠭᠡᠬᠦ ᠭᠡᠷᠡᠭᠳᠠᠢ᠃ ᠤᠯᠠᠮᠵᠢᠯᠠᠯᠲᠤ ᠰᠣᠶᠣᠯ᠎ᠤᠨ ᠡᠵᠡᠩᠨᠡᠯᠲᠡ᠎ᠶ᠋ᠢᠨ ᠬᠡᠯᠪᠡᠷᠢ᠎ᠶ᠋ᠢ ᠥᠭᠡᠷᠡᠴᠢᠯᠡᠨ ᠳᠡᠭᠡᠭ᠌ᠰᠢᠯᠡᠭᠦᠯᠵᠦ᠍᠂ ᠱᠢᠨ᠎ᠡ ᠬᠡᠯᠪᠡᠷᠢ᠎ᠶ᠋ᠢᠨ ᠰᠣᠶᠣᠯ᠎ᠤᠨ ᠠᠵᠤ ᠠᠬᠤᠢᠯᠠᠯ᠂ ᠰᠣᠶᠣᠯ᠎ᠤᠨ ᠡᠵᠡᠩᠨᠡᠯᠲᠡ᠎ᠶ᠋ᠢᠨ ᠬᠡᠯᠪᠡᠷᠢ᠂ ᠰᠣᠶᠣᠯ᠎ᠤᠨ ᠬᠡᠷᠡᠭ᠌ᠯᠡᠭᠡᠨ᠎ᠦ ᠵᠠᠭ᠍ᠪᠤᠷ᠎ᠢ ᠲᠦᠷᠭᠡᠳᠭᠡᠨ ᠬᠥᠭ᠌ᠵᠢᠭᠦᠯᠵᠦ᠍᠂ ᠰᠣᠶᠣᠯ᠎ᠤᠨ ᠠᠵᠤ ᠦᠢᠯᠡᠰ᠎ᠦᠨ ᠲᠣᠭᠠᠴᠢᠯᠠᠭ᠍ᠰᠠᠨ ᠪᠠᠢᠯᠳᠤᠬᠤ ᠪᠤᠳᠤᠯᠭ᠎ᠠ᠎ᠶ᠋ᠢ ᠬᠡᠷᠡᠭ᠌ᠵᠢᠭᠦᠯᠵᠦ᠍᠂ ᠰᠣᠶᠣᠯ᠎ᠤᠨ᠎ᠠᠵᠤ᠎ᠦᠢᠯᠡᠰ᠎ᠦᠨ ᠪᠦᠬᠦ᠌ ᠲᠠᠯ᠎ᠠ᠎ᠪᠠᠷ ᠬᠡᠯᠪᠡᠷᠢ᠎ᠪᠡᠨ ᠬᠤᠪᠢᠷᠠᠭᠤᠯᠤᠨ ᠲᠡᠰ ᠳᠡᠪᠱᠢᠬᠦ᠌᠎ᠶ᠋ᠢ ᠠᠬᠢᠭᠤᠯᠬᠤ ᠭᠡᠷᠡᠭᠳᠠᠢ᠃

ᠱᠢᠨ᠎ᠡ ᠱᠢᠯᠭᠠᠯᠲᠠ᠎ᠶ᠋ᠢᠨ ᠠᠶᠠᠨ ᠲᠡᠭ᠌ᠰᠢ ᠳᠠᠷᠳᠠᠩ ᠪᠢᠰᠢ ᠶᠤᠮ᠂ ᠨᠠᠷᠢᠨ ᠪᠤᠳᠤᠯᠢᠶᠠᠨᠲᠠᠢ ᠪᠠᠢᠳᠠᠯ᠂ ᠪᠡᠷᠬᠡ ᠬᠠᠲᠠᠭᠤᠵᠢᠯᠲᠠᠢ ᠡᠭᠦᠷᠭᠡ ᠪᠣᠯᠤᠨ ᠬᠠᠲᠠᠭᠤ ᠴᠢᠩᠭ᠎ᠠ ᠥᠷᠢᠰᠥᠯᠳᠦᠭᠡᠨ᠎ᠦ ᠡᠮᠦᠨ᠎ᠡ᠂ ᠨᠡᠢᠭᠡᠮ ᠵᠢᠷᠤᠮ᠎ᠤᠨ ᠰᠣᠶᠣᠯ᠎ᠤᠨ ᠪᠠᠢᠭᠤᠯᠤᠯᠲᠠ᠎ᠶ᠋ᠢ ᠶᠡᠬᠡ᠎ᠪᠡᠷ ᠴᠢᠩᠭᠠᠳᠭᠠᠵᠤ ᠪᠦᠬᠦ᠌ ᠣᠷᠣᠨ᠎ᠤ ᠦᠨᠳᠦᠰᠦᠲᠡᠨ ᠨᠤᠭᠦᠳ᠎ᠦᠨ ᠠᠷᠠᠳ ᠲᠦᠮᠡᠨ᠎ᠦ ᠪᠦᠯᠬᠦᠮᠳᠡᠨ ᠲᠡᠮᠡᠴᠡᠬᠦ᠌ ᠬᠦᠴᠦᠷᠬᠡᠭ ᠶᠡᠬᠡ ᠤᠶᠤᠨ ᠰᠠᠨᠠᠭᠠᠨ᠎ᠤ ᠬᠦᠴᠦᠨ᠎ᠢ ᠨᠢᠭ᠍ᠲᠠᠷᠠᠭᠤᠯᠬᠤ ᠨᠡᠩ ᠴᠢᠬᠤᠯᠠᠳᠠᠢ᠃ ᠱᠢᠨ᠎ᠡ ᠵᠠᠮ᠎ᠢᠶᠠᠷ ᠵᠠᠮᠨᠠᠵᠤ᠂ ᠱᠢᠨ᠎ᠡ ᠪᠠᠢᠳᠠᠯ᠎ᠢ ᠨᠡᠭᠡᠭᠡᠵᠦ᠍᠂ ᠠᠶᠠᠨ ᠳ᠋ᠠᠭᠠᠨ ᠲᠠᠬᠢᠨ ᠮᠣᠷᠳᠠᠵᠤ᠂ ᠵᠣᠷᠢᠭ᠍ᠲᠠᠢ᠎ᠪᠠᠷ ᠵᠠᠮ ᠨᠡᠭᠡᠭᠡᠬᠦ᠎ᠳᠤ ᠡᠭᠡ ᠤᠯᠤᠰ᠎ᠤᠨ ᠤᠮᠠᠷᠠᠲᠤ ᠬᠢᠯᠢ᠎ᠳᠦ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠬᠤ᠂ ᠡᠷᠡᠯᠬᠡᠭ᠌ᠯᠡᠨ ᠤᠷᠤᠭ᠍ᠰᠢᠯᠠᠬᠤ ᠬᠦᠴᠦᠷᠬᠡᠭ ᠶᠡᠬᠡ ᠤᠶᠤᠨ ᠰᠠᠨᠠᠭᠠᠨ᠎ᠤ ᠬᠦᠴᠦᠨ᠎ᠢ ᠨᠢᠭ᠍ᠲᠠᠷᠠᠭᠤᠯᠬᠤ ᠨᠠᠩ ᠴᠢᠬᠤᠯᠠᠳᠠᠢ᠃ ᠭᠠᠭ᠍ᠴᠠ ᠬᠦ᠌ ᠢᠩᠭᠢᠪᠡᠯ ᠪᠢᠳᠡ ᠰᠠᠶᠢ ᠤᠷᠤᠭ᠍ᠰᠢᠯᠠᠯᠲᠠ᠎ᠶ᠋ᠢᠨ ᠵᠠᠮ ᠳᠡᠭᠡᠷᠡᠬᠢ ᠡᠯ᠎ᠡ ᠵᠦᠢᠯ᠎ᠦᠨ ᠠᠶᠤᠯ ᠲᠦᠭ᠌ᠰᠢᠭᠦᠷᠢ ᠥᠷᠢᠰᠥᠯᠳᠦᠭᠡᠨ᠎ᠢ ᠢᠯᠠᠨ ᠳᠠᠪᠠᠵᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠵᠦ᠍ ᠴᠢᠳᠠᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面