ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠭᠦᠨᠵᠡᠭᠡᠢ ᠲᠠᠢᠯᠤᠮᠵᠢ

2021-12-10 10:25:15

ᠵᠣᠬᠢᠶᠠᠭ᠍ᠴᠢ᠄ ᠯᠢ ᠴᠦᠨ ᠯᠢᠨ ᠣᠩᠱᠢᠭ᠍ᠰᠠᠨ ᠣᠳᠠᠭ᠎ᠠ᠄ 3

ᠭᠣᠣᠯ ᠰᠠᠨᠠᠭᠤᠯᠤᠮᠵᠢ

ᠦᠵᠡᠯ ᠰᠠᠨᠠᠭ᠎ᠠ᠂ ᠬᠠᠤᠯᠢ ᠴᠠᠭᠠᠵᠠ᠂ ᠪᠠᠢᠭᠤᠯᠤᠮᠵᠢ᠂ ᠵᠣᠬᠢᠶᠠᠨ ᠪᠠᠢᠭᠤᠯᠤᠯᠲᠠ᠂ ᠰᠤᠷᠲᠠᠯ᠎ᠤᠨ ᠲᠠᠯ᠎ᠠ᠎ᠪᠠᠷ ᠪᠦᠬᠦ᠌ ᠲᠠᠯ᠎ᠠ᠎ᠪᠠᠷ ᠬᠦᠴᠦᠯᠡᠵᠦ᠍᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠪᠦᠬᠦ᠌ ᠲᠠᠯ᠎ᠠ᠂ ᠪᠦᠬᠦ᠌ ᠬᠦᠷᠢᠶ᠎ᠡ᠂ ᠪᠦᠬᠦ᠌ ᠶᠠᠪᠤᠴᠠ᠎ᠳᠤ ᠴᠢᠩᠭᠠᠳᠭᠠᠬᠤ ᠬᠡᠷᠡᠭ᠌ᠲᠡᠢ᠃

《ᠤᠯᠤᠰ᠎ᠤᠨ ᠶᠡᠬᠡ ᠶᠠᠪᠤᠳᠠᠯ》᠎ᠢ ᠰᠡᠳᠬᠢᠯ᠎ᠳᠡᠭᠡᠨ ᠡᠪᠦᠷᠯᠡᠵᠦ᠍᠂ ᠠᠮᠢ ᠠᠬᠤᠢ ᠣᠷᠴᠢᠨ ᠲᠣᠭᠣᠷᠢᠨ᠎ᠤ ᠥᠨᠳᠥᠷ ᠲᠦᠪᠱᠢᠨ ᠪᠦᠬᠦᠢ ᠬᠠᠮᠠᠭᠠᠯᠠᠯᠲᠠ᠎ᠶ᠋ᠢᠨ ᠨᠡᠩ ᠶᠡᠬᠡ ᠦᠷ᠎ᠡ ᠪᠦᠲᠦᠮᠵᠢ ᠤᠯᠬᠤ᠎ᠶ᠋ᠢ ᠡᠷᠡᠰ ᠭᠤᠢᠪᠢᠰᠢ ᠦᠭᠡᠢ ᠠᠬᠢᠭᠤᠯᠬᠤ ᠬᠡᠷᠡᠭ᠌ᠲᠡᠢ᠃ ᠶᠡᠬᠡ ᠲᠠᠯ᠎ᠠ᠎ᠶ᠋ᠢᠨ ᠦᠵᠡᠯᠲᠡ᠂ ᠠᠯᠤᠰ ᠬᠡᠲᠦ᠍᠎ᠶ᠋ᠢᠨ ᠦᠵᠡᠯᠲᠡ᠂ ᠪᠦᠬᠦᠯᠢ ᠴᠣᠭ᠍ᠴᠠ᠎ᠶ᠋ᠢᠨ ᠦᠵᠡᠯᠲᠡ᠎ᠶ᠋ᠢ ᠪᠠᠲᠤ ᠪᠣᠶ ᠪᠣᠯᠭᠠᠵᠤ᠂ ᠠᠮᠢ ᠎ᠠᠬᠤᠶ ᠎ᠶ᠋ᠢ ᠎ᠤᠷᠢᠳ᠎ᠢᠶᠠᠷ᠎ᠪᠣᠳᠣᠯᠬᠢᠯᠠᠬᠤ᠎ᠤᠯᠤᠰ᠎ᠲᠥᠷᠥ᠎ᠶ᠋ᠢᠨ᠎ᠤᠳᠤᠷᠢᠳᠤᠮᠵᠢ᠎ᠪᠠ ᠥᠷᠲᠡᠭ ᠎ᠦᠨ ᠬᠥᠭᠡᠭᠡᠴᠡᠯᠳᠦᠯ᠎ᠢᠶᠡᠨ ᠪᠠᠲᠤᠳᠭᠠᠵᠤ᠂ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠴᠢᠩᠭᠠᠳᠭᠠᠬᠤ ᠪᠠᠢᠯᠳᠤᠬᠤ ᠪᠣᠳᠣᠯᠭ᠎ᠠ᠎ᠶ᠋ᠢᠨ ᠲᠣᠭ᠍ᠲᠠᠯ ᠬᠦᠴᠦᠨ᠎ᠢ ᠪᠠᠲᠤᠯᠠᠬᠤ ᠬᠡᠷᠡᠭ᠌ᠲᠡᠶ᠃ ᠭᠠᠭ᠍ᠴᠠ ᠬᠦ᠌ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ ᠂ ᠪᠣᠬᠢᠷᠲᠤᠯ ᠦᠭᠡᠢ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠪᠠᠷᠢᠮᠲᠠᠯᠠᠪᠠᠯ ᠰᠠᠶᠢ ᠠᠮᠢ ᠠᠬᠤᠢ ᠣᠷᠴᠢᠨ ᠲᠣᠭᠣᠷᠢᠨ᠎ᠤ ᠥᠨᠳᠥᠷ ᠲᠦᠪᠱᠢᠨ ᠪᠦᠬᠦᠢ ᠬᠠᠮᠠᠭᠠᠯᠠᠯᠲᠠ᠎ᠶ᠋ᠢ ᠠᠬᠢᠭᠤᠯᠵᠤ ᠴᠢᠳᠠᠨ᠎ᠠ; ᠭᠠᠭ᠍ᠴᠠ ᠬᠦ᠌ ᠠᠮᠢ ᠠᠬᠤᠶ ᠣᠷᠴᠢᠨ ᠲᠣᠭᠣᠷᠢᠨ᠎ᠢ ᠥᠨᠳᠥᠷ ᠲᠦᠪᠱᠢᠨ᠎ᠢᠶᠡᠷ᠎ᠬᠠᠮᠠᠭᠠᠯᠠᠬᠤ᠎ᠶ᠋ᠢ ᠪᠠᠷᠢᠮᠲᠠᠯᠠᠪᠠᠯ ᠰᠠᠶᠢ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ ᠶ᠋ᠢ ᠲᠦᠷᠭᠡᠳᠬᠡᠵᠦ ᠴᠢᠳᠠᠨ᠎ᠠ᠃

ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠳᠦ ᠠᠮᠢ ᠠᠬᠤᠢ ᠣᠷᠴᠢᠨ ᠲᠣᠭᠣᠷᠢᠨ᠎ᠤ ᠥᠨᠳᠥᠷ ᠲᠦᠪᠱᠢᠨ ᠪᠦᠬᠦᠢ ᠬᠠᠮᠠᠭᠠᠯᠠᠯᠲᠠ᠎ᠶ᠋ᠢᠨ ᠨᠡᠩ ᠶᠡᠬᠡ ᠦᠷ᠎ᠡ ᠪᠦᠲᠦᠮᠵᠢ ᠤᠯᠬᠤ᠎ᠶ᠋ᠢ ᠢᠷᠡᠬᠦ ᠲᠠᠪᠤᠨ ᠵᠢᠯ᠎ᠦᠨ ᠴᠢᠬᠤᠯᠠ ᠲᠡᠮᠡᠴᠡᠬᠦ᠌ ᠬᠠᠷᠠᠯᠲᠠ᠎ᠪᠠᠨ ᠪᠣᠯᠭᠠᠬᠤ ᠬᠡᠷᠡᠭ᠌ᠲᠡᠢ ᠭᠡᠵᠦ᠍ ᠲᠣᠳᠣᠷᠬᠠᠢ ᠳᠤᠷᠠᠳᠴᠠᠢ᠃ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠳᠤ᠂ ᠡᠷᠬᠡᠪᠰᠢ ᠰᠢ᠎ᠶ᠋ᠢᠨ ᠫᠢᠩ᠎ᠦᠨ ᠠᠮᠢ ᠠᠬᠤᠢ᠎ᠶ᠋ᠢᠨ ᠪᠣᠯᠪᠠᠰᠤᠨ᠎ᠤ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠦ᠂ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠂ ᠡᠭᠦᠷᠭᠡ᠎ᠬᠠᠷᠢᠭᠣᠴᠠᠯᠭ᠎ᠠ ᠵᠢ ᠵᠣᠷᠢᠭ᠍ᠲᠠᠶ ᠡᠭᠦᠷᠭᠡᠯᠡᠵᠦ᠂ ᠶᠡᠷᠦᠩᠬᠡᠢ ᠱᠦᠵᠢ ᠰᠢ᠎ᠶ᠋ᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠥᠷ ᠮᠣᠩᠭᠣᠯ᠎ᠤᠨ ᠠᠮᠢ ᠠᠬᠤᠶ ᠣᠷᠴᠢᠨ ᠲᠣᠭᠣᠷᠢᠨ᠎ᠢ ᠥᠨᠳᠥᠷ ᠲᠦᠪᠱᠢᠨ᠎ᠢᠶᠡᠷ ᠬᠠᠮᠠᠭᠠᠯᠠᠬᠤ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶ᠋ᠢᠨ ᠠᠴᠢ ᠬᠣᠯᠪᠣᠭ᠍ᠳᠠᠯ᠎ᠢ ᠭᠦᠨᠵᠡᠭᠡᠶ ᠲᠠᠨᠢᠵᠦ᠂ ᠠᠮᠢ ᠠᠬᠤᠶ᠎ᠶ᠋ᠢ ᠣᠷᠢᠳ ᠵᠢᠡᠷ ᠪᠣᠳᠣᠯᠬᠢᠯᠠᠵᠦ᠂ ᠪᠣᠬᠢᠷᠲᠤᠯ ᠦᠭᠡᠢ ᠬᠥᠭ᠌ᠵᠢᠬᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢ ᠭᠤᠢᠪᠢᠰᠢ ᠦᠭᠡᠢ ᠪᠠᠷᠢᠮᠲᠠᠯᠠᠬᠣ ᠭᠡᠷᠡᠭᠳᠡᠢ᠂ ᠱᠢᠨ᠎ᠡ ᠬᠥᠭ᠌ᠵᠢᠯᠲᠡ᠎ᠶ᠋ᠢᠨ ᠱᠠᠲᠤ ᠦᠶ᠎ᠡ᠎ᠶ᠋ᠢ ᠡᠵᠡᠮᠳᠡᠵᠦ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠤᠱᠢᠯᠠᠭᠤᠯᠵᠦ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠠᠭᠤᠰᠤᠯᠴᠠᠨ ᠦᠢᠯᠡᠴᠢᠯᠡᠵᠦ᠂ ᠥᠪᠥᠷ ᠮᠣᠩᠭᠣᠯ᠎ᠤᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ ᠪᠠ ᠠᠮᠢ ᠠᠬᠤᠶ ᠣᠷᠴᠢᠨ ᠲᠣᠭᠣᠷᠢᠨ᠎ᠤ ᠥᠨᠳᠥᠷ ᠲᠦᠪᠱᠢᠨ ᠪᠥᠬᠥᠶ ᠬᠠᠮᠠᠭᠠᠯᠠᠯᠲᠠ᠎ᠶ᠋ᠢ ᠠᠬᠢᠭᠤᠯᠬᠣ ᠬᠡᠷᠡᠭᠳᠡᠢ ᠭᠡᠵᠦ ᠪᠢᠳᠡᠨ᠎ᠢ ᠱᠠᠭᠠᠷᠳᠠᠵᠦ ᠪᠠᠢᠨ᠎ᠠ᠃

ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠪᠦᠬᠦ᠌ ᠲᠠᠯ᠎ᠠ ᠪᠣᠯᠤᠨ ᠳᠡᠯᠡᠬᠡᠢ ᠳ᠋ᠠᠬᠢᠨ᠎ᠤ ᠵᠠᠭᠤᠨ ᠵᠢᠯ᠎ᠳᠦ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ᠎ᠶ᠋ᠢ ᠪᠣᠳᠣᠯᠬᠢᠯᠠᠵᠤ᠂ ᠠᠮᠢ ᠠᠬᠤᠢ ᠣᠷᠴᠢᠨ ᠲᠣᠭᠣᠷᠢᠨ᠎ᠤ ᠥᠨᠳᠥᠷ ᠲᠦᠪᠱᠢᠨ ᠪᠦᠬᠦᠢ ᠬᠠᠮᠠᠭᠠᠯᠠᠯᠲᠠ᠎ᠶ᠋ᠢ ᠠᠬᠢᠭᠤᠯᠬᠤ ᠴᠢᠬᠤᠯᠠ ᠶᠡᠬᠡ ᠪᠠᠢᠯᠳᠤᠬᠤ ᠪᠤᠳᠤᠯᠭ᠎ᠠ᠎ᠶ᠋ᠢᠨ ᠠᠴᠢ ᠬᠣᠯᠪᠣᠭ᠍ᠳᠠᠯ᠎ᠢ ᠭᠦᠨᠵᠡᠭᠡᠢ ᠲᠠᠨᠢᠨ ᠡᠵᠡᠮᠱᠢᠬᠦ᠌ ᠬᠡᠷᠡᠭ᠌ᠲᠡᠢ

ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠠᠴᠠ ᠪᠠᠲᠤᠯᠠᠭ᠍ᠰᠠᠨ《ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠠ ᠲᠡᠦᠬᠡᠨ ᠲᠤᠷᠱᠢᠯᠭ᠎ᠠ᠎ᠶ᠋ᠢᠨ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠱᠢᠶ᠋ᠳᠪᠦᠷᠢ》 ᠎ᠳ᠋ᠤ᠄ 《ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ ᠪᠣᠯ ᠳᠤᠮᠳᠠᠳᠤ᠎ᠶ᠋ᠢᠨ ᠦᠨᠳᠦᠰᠦᠲᠡᠨ᠎ᠦ ᠥᠨᠢᠳᠡ᠎ᠶ᠋ᠢᠨ ᠦᠷᠭᠦᠯᠵᠢᠯᠡᠬᠦ᠌ ᠬᠥᠭ᠌ᠵᠢᠯᠲᠡ᠎ᠳᠦ ᠬᠣᠯᠪᠣᠭ᠍ᠳᠠᠬᠤ ᠦᠨᠳᠦᠰᠦᠨ ᠶᠡᠬᠡ ᠪᠣᠳᠣᠯᠭ᠎ᠠ ᠮᠥᠨ᠂ ᠠᠮᠢ ᠠᠬᠤᠶ ᠣᠷᠴᠢᠨ ᠲᠣᠭᠣᠷᠢᠨ᠎ᠢ ᠬᠠᠮᠠᠭᠠᠯᠠᠬᠤ ᠪᠣᠯ ᠳᠠᠷᠤᠶ ᠦᠶ᠋ᠯᠡᠳᠪᠦᠷᠢᠯᠡᠯ᠎ᠦᠨ ᠬᠦᠴᠦᠨ᠎ᠢ ᠬᠠᠮᠠᠭᠠᠯᠠᠵᠤ ᠪᠠᠢᠭ᠎ᠠ ᠶᠠᠪᠤᠳᠠᠯ ᠮᠥᠨ᠂ ᠠᠮᠢ ᠠᠬᠤᠶ ᠣᠷᠴᠢᠨ ᠲᠣᠭᠣᠷᠢᠨ᠎ᠢ ᠰᠠᠢᠵᠢᠷᠠᠭᠤᠯᠬᠤ ᠪᠣᠯ ᠳᠠᠷᠤᠶ ᠦᠶ᠋ᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠵᠦ ᠪᠠᠢᠭ᠎ᠠ ᠶᠠᠪᠤᠳᠠᠯ ᠮᠥᠨ᠂ ᠶᠠᠭᠠᠬᠢᠭ᠍ᠰᠠᠨ ᠴᠤ᠌ ᠣᠷᠴᠢᠨ ᠲᠣᠭᠣᠷᠢᠨ᠎ᠢ ᠦᠷᠡᠭ᠌ᠳᠡᠭᠦᠯᠵᠦ᠍ ᠪᠠᠢᠭᠠᠳ ᠨᠢᠭᠡ ᠴᠠᠭ᠎ᠤᠨ ᠠᠵᠤ ᠠᠬᠤᠶ᠎ᠶ᠋ᠢᠨ ᠨᠡᠮᠡᠭ᠌ᠳᠡᠯ᠎ᠢ ᠰᠣᠯᠢᠵᠤ ᠪᠣᠯᠬᠤ ᠥᠬᠡᠢ》ᠭᠡᠵᠦ ᠲᠣᠷᠠᠳᠴᠠᠢ᠃ ᠶᠡᠷᠦᠩᠬᠡᠢ ᠱᠦᠵᠢ ᠰᠢ᠎ᠶ᠋ᠢᠨ ᠫᠢᠩ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠦᠨ ᠤᠢ᠎ᠶ᠋ᠢ ᠪᠡᠯᠭᠡᠯᠡᠬᠦ᠌ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠳᠠᠭᠠᠨ᠄ 《ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ ᠪᠣᠯ ᠨᠠᠮ ᠪᠠ ᠠᠷᠠᠳ ᠲᠦᠮᠡᠨ᠎ᠦ ᠮᠢᠩᠭᠠᠨ ᠪᠡᠷᠬᠡ ᠲᠦᠮᠡᠨ ᠵᠣᠪᠠᠭᠤᠷᠢ᠎ᠶ᠋ᠢ ᠲᠤᠭᠤᠯᠵᠤ᠂ ᠯᠤᠲᠤ ᠶᠡᠬᠡ ᠦᠷᠡᠭ᠌ᠳᠡᠯ ᠭᠠᠷᠭᠠᠵᠤ ᠪᠠᠢᠭᠠᠳ ᠣᠯᠤᠭ᠍ᠰᠠᠨ ᠦᠨᠳᠦᠰᠦᠨ ᠠᠮᠵᠢᠯᠲᠠ ᠪᠦᠲᠦᠮᠵᠢ ᠮᠥᠨ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠵᠥᠪ ᠵᠠᠮ ᠮᠥᠨ᠃ ᠪᠢᠳᠡ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠢ ᠪᠠᠷᠢᠮᠲᠠᠯᠠᠨ ᠬᠥᠭ᠌ᠵᠢᠭᠦᠯᠵᠦ᠍ ᠂ ᠪᠣᠳᠠᠰ᠎ᠤᠨ ᠪᠣᠯᠪᠠᠰᠤᠨ᠂ ᠤᠯᠤᠰ ᠲᠦᠷᠦ᠍᠎ᠶ᠋ᠢᠨ ᠪᠣᠯᠪᠠᠰᠤᠨ᠂ ᠤᠶᠤᠨ᠎ᠤ ᠪᠣᠯᠪᠠᠰᠤᠨ ᠂ ᠨᠡᠢᠭᠡᠮ᠎ᠦᠨ ᠪᠣᠯᠪᠠᠰᠤᠨ ᠂ ᠠᠮᠢ ᠠᠬᠤᠢ᠎ᠶ᠋ᠢᠨ ᠪᠣᠯᠪᠠᠰᠤᠨ᠎ᠤ ᠵᠣᠬᠢᠴᠠᠩᠭᠤᠢ ᠬᠥᠭ᠌ᠵᠢᠯᠲᠡ᠎ᠶ᠋ᠢ ᠠᠬᠢᠭᠤᠯᠵᠤ ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠵᠠᠮ᠎ᠢ ᠡᠭᠦᠳᠦᠨ ᠪᠦᠲᠦᠭᠡᠵᠦ᠍ ᠂ ᠬᠥᠮᠦᠨ ᠲᠥᠷᠥᠯᠬᠢᠲᠡᠨ᠎ᠦ ᠪᠣᠯᠪᠠᠰᠤᠨ᠎ᠤ ᠱᠢᠨ᠎ᠡ ᠬᠡᠯᠪᠡᠷᠢ᠎ᠶ᠋ᠢ ᠡᠭᠦᠳᠦᠨ ᠪᠦᠲᠦᠭᠡᠪᠡ》ᠭᠡᠵᠦ ᠭᠦᠨᠵᠡᠭᠡᠢ᠎ᠳ᠋ᠦ᠋ᠩᠨᠡᠪᠡ᠃ ᠳᠤᠮᠳᠠᠳᠤ᠎ᠤᠯᠤᠰ᠎ᠤᠨ᠎ᠮᠠᠶᠢᠭ᠎ᠤᠨ ᠣᠳᠣᠬᠢᠴᠢᠯᠠᠯᠲᠠ ᠨᠢ ᠥᠷᠥᠨᠡᠳᠠᠬᠢᠨ᠎ᠤ ᠣᠳᠣᠬᠢᠴᠢᠯᠠᠯᠲᠠ᠎ᠲᠠᠶ ᠠᠳᠠᠯᠢ ᠦᠭᠡᠢ ᠶᠤᠮ᠂ ᠪᠢᠳᠡ ᠶᠠᠭᠠᠬᠢᠭ᠍ᠰᠠᠨ ᠴᠤ᠌ ᠬᠦᠷᠦᠨᠭ᠌ᠭᠡ᠎ᠶ᠋ᠢᠨ ᠳᠡᠭᠡᠷᠡᠮᠳᠡᠯ᠂ ᠬᠣᠶᠠᠷ ᠲᠡᠢᠰᠢ ᠲᠣᠢᠯᠰᠢᠷᠠᠬᠣ᠂ ᠲᠦᠷᠢᠮᠡᠬᠡᠢᠯᠡᠨ ᠥᠷᠭᠡᠳᠭᠡᠬᠦ᠂ ᠠᠮᠢ ᠠᠬᠤᠢ ᠣᠷᠴᠢᠨ ᠲᠤᠭᠤᠷᠢᠨ᠎ᠢ ᠡᠪᠳᠡᠬᠦ᠌᠂ ᠤᠷᠢᠳ᠎ᠢᠶᠠᠷ ᠪᠣᠬᠢᠷᠲᠤᠭᠤᠯᠵᠤ ᠰᠡᠭᠦᠯᠡᠷ ᠨᠢ ᠵᠠᠰᠠᠬᠤ ᠬᠥᠷᠥᠩᠭᠡᠲᠦ ᠶᠣᠰᠣᠨ᠎ᠤ ᠣᠳᠣᠬᠢᠴᠢᠯᠠᠯᠲᠠ᠎ᠶ᠋ᠢᠨ ᠵᠠᠮ᠎ᠢᠶᠠᠷ ᠵᠠᠮᠨᠠᠬᠤ ᠦᠭᠡᠢ᠂ ᠬᠠᠷᠢᠨ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ᠂ ᠬᠠᠮᠲᠤ᠎ᠪᠠᠷ ᠪᠠᠶᠠᠵᠢᠬᠤ᠂ ᠨᠠᠢᠷᠠᠮᠳᠠᠯ᠎ᠢᠶᠠᠷ ᠬᠥᠭ᠌ᠵᠢᠬᠦ᠌ ᠂ ᠬᠥᠮᠦᠨ ᠬᠢᠭᠡᠳ ᠎ᠪᠠᠢᠭᠠᠯᠢ᠎ᠡᠶ᠎ᠡ᠎ᠵᠣᠬᠢᠴᠠᠯ᠎ᠲᠠᠶ᠎ᠪᠠᠷ᠎ᠬᠠᠮᠲᠤ᠎ᠣᠷᠣᠱᠢᠬᠤ᠎ᠨᠡᠢᠭᠡᠮ ᠵᠢᠷᠤᠮᠳᠦ᠎ᠣᠳᠣᠬᠢᠴᠢᠯᠠᠯᠳᠠ ᠵᠢᠨ ᠵᠠᠮ᠎ᠢᠶᠠᠷ ᠵᠠᠮᠨᠠᠬᠤ ᠬᠡᠷᠡᠭ᠌ᠲᠡᠢ᠃ ᠳᠤᠮᠳᠠᠳᠤ ᠤᠯᠤᠰ ᠪᠡᠶ᠎ᠡ᠎ᠪᠡᠨ ᠳᠠᠭᠠᠭᠠᠵᠤ ᠬᠤᠪᠢ ᠨᠡᠮᠡᠷᠢ ᠦᠵᠡᠭᠦᠯᠬᠦ᠌ ᠡᠷᠴᠢᠮ᠎ᠢᠶᠡᠨ ᠴᠢᠩᠭᠠᠷᠠᠭᠤᠯᠵᠤ ᠂ ᠨᠡᠩ ᠬᠦᠴᠦᠲᠡᠢ ᠲᠦᠷᠦ᠍᠎ᠶ᠋ᠢᠨ ᠪᠤᠳᠤᠯᠭ᠎ᠠ ᠠᠷᠭ᠎ᠠ ᠬᠡᠮᠵᠢᠶ᠎ᠡ ᠠᠪᠴᠤ᠌ ᠂ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠦᠨ ᠭᠠᠳᠠᠭ᠍ᠰᠢᠯᠠᠭᠤᠯᠤᠯᠲᠠ᠎ᠶ᠋ᠢ 2030 ᠣᠨ᠎ᠠᠴᠠ ᠡᠮᠦᠨ᠎ᠡ ᠤᠷᠬᠢᠯ ᠬᠡᠮᠵᠢᠭ᠌ᠳᠡᠯ᠎ᠳᠦ ᠬᠦᠷᠭᠡᠬᠦ᠌᠎ᠪᠡᠷ ᠴᠢᠷᠮᠠᠢᠵᠤ᠂ 2060 ᠣᠨ᠎ᠠᠴᠠ ᠡᠮᠦᠨ᠎ᠡ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ᠎ᠶ᠋ᠢ ᠪᠡᠶᠡᠯᠡᠭᠦᠯᠬᠦ᠌᠎ᠪᠡᠷ ᠴᠢᠷᠮᠠᠢᠨ᠎ᠠ ᠭᠡᠵᠦ᠍ ᠮᠠᠨ᠎ᠤ ᠤᠯᠤᠰ ᠨᠢᠭᠡᠨᠲᠡ ᠲᠥᠪ ᠴᠢᠩᠭ᠎ᠠ᠎ᠪᠠᠷ ᠨᠡᠢᠲᠡᠯᠡᠭ᠌ᠰᠡᠨ ᠶᠤᠮ᠃ ᠡᠨᠡ ᠪᠣᠯ ᠳᠤᠮᠳᠠᠳᠤ ᠤᠯᠤᠰ᠎ᠤᠨ ᠪᠦᠬᠦ᠌ ᠪᠥᠮᠪᠥᠷᠴᠡᠭ᠎ᠦᠨ ᠠᠭᠤᠷ ᠠᠮᠢᠰᠭᠤᠯ᠎ᠤᠨ ᠠᠰᠠᠭᠤᠳᠠᠯ᠎ᠢ ᠠᠷᠭᠠᠴᠠᠭᠠᠬᠤ ᠲᠠᠯ᠎ᠠ᠎ᠪᠠᠷ ᠬᠢᠭ᠌ᠰᠡᠨ ᠲᠥᠪ ᠴᠢᠩᠭ᠎ᠠ ᠲᠤᠩᠬᠠᠭ᠍ᠯᠠᠯ ᠪᠣᠯᠤᠨ᠎ᠠ ᠂ ᠪᠦᠬᠦ᠌ ᠳᠡᠯᠡᠬᠡᠢ᠎ᠳᠦ ᠲᠤᠮᠤ ᠤᠯᠤᠰ᠎ᠤᠨ ᠬᠠᠷᠢᠭᠤᠴᠠᠯᠭ᠎ᠠ ᠡᠭᠦᠷᠭᠡᠯᠡᠯ᠎ᠢ ᠢᠯᠡᠷᠡᠭᠦᠯᠦᠭ᠌ᠰᠡᠨ ᠪᠥᠭᠡᠳ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮᠳᠦ ᠣᠳᠣᠬᠢᠴᠢᠯᠠᠯᠲᠠ᠎ᠶ᠋ᠢᠨ ᠮᠥᠨ ᠴᠢᠨᠠᠷ᠎ᠤᠨ ᠣᠨᠴᠠᠯᠢᠭ ᠪᠣᠯᠤᠨ ᠤᠷᠤᠭ᠍ᠰᠢᠯᠠᠬᠤ ᠴᠢᠭ᠌ᠯᠡᠯ᠎ᠢ ᠦᠨᠳᠦᠰᠦᠨ᠎ᠡᠴᠡ ᠨᠢ ᠲᠣᠭ᠍ᠲᠠᠭᠠᠭ᠍ᠰᠠᠨ ᠪᠠᠢᠨ᠎ᠠ᠃ ᠠᠮᠢ ᠠᠬᠤᠢ᠎ᠶ᠋ᠢᠨ ᠪᠣᠯᠪᠠᠰᠤᠨ᠎ᠢ ᠪᠠᠢᠭᠤᠯᠬᠤ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠪᠦᠳᠦᠭᠡᠨ ᠪᠠᠢᠭᠤᠯᠬᠤ ᠂ ᠬᠥᠮᠦᠨ ᠲᠥᠷᠥᠯᠬᠢᠲᠡᠨ᠎ᠦ ᠪᠣᠯᠪᠠᠰᠤᠨ᠎ᠤ ᠱᠢᠨ᠎ᠡ ᠬᠡᠯᠪᠡᠷᠢ᠎ᠶ᠋ᠢ ᠡᠭᠦᠳᠬᠦ᠌ ᠦᠷᠳᠡᠭ᠎ᠦᠨ ᠬᠥᠭᠡᠭᠡᠴᠡᠯᠳᠦᠯ ᠮᠥᠨ᠂ ᠪᠠᠰᠠ ᠴᠤ᠌ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠦᠨᠳᠦᠰᠦᠨ ᠠᠱᠢᠭ ᠲᠤᠰᠠ ᠮᠥᠨ᠃ ᠪᠢᠳᠡ ᠦᠵᠡᠯ ᠰᠠᠨᠠᠭ᠎ᠠ᠂ ᠬᠠᠤᠯᠢ ᠴᠠᠭᠠᠵᠠ᠂ ᠪᠠᠢᠭᠤᠯᠤᠮᠵᠢ᠂ ᠵᠣᠬᠢᠶᠠᠨ ᠪᠠᠢᠭᠤᠯᠤᠯᠲᠠ᠂ ᠰᠤᠷᠲᠠᠯ᠎ᠤᠨ ᠲᠠᠯ᠎ᠠ᠎ᠪᠠᠷ ᠪᠦᠬᠦ᠌ ᠲᠠᠯ᠎ᠠ᠎ᠪᠠᠷ ᠬᠦᠴᠦᠯᠡᠵᠦ᠍᠂ ᠠᠮᠢ ᠠᠬᠤᠢ᠎ᠶ᠋ᠢᠨ ᠣᠷᠴᠢᠨ ᠲᠤᠭᠤᠷᠢᠨ᠎ᠦ ᠬᠠᠮᠠᠭᠠᠯᠠᠯᠲᠠ᠎ᠶ᠋ᠢ ᠪᠦᠬᠦ᠌ ᠲᠠᠯ᠎ᠠ᠎ᠪᠠᠷ᠂ ᠪᠦᠬᠦ᠌ ᠬᠦᠷᠢᠶᠡᠨ᠎ᠳᠦ᠂ ᠪᠦᠬᠦ᠌ ᠶᠠᠪᠤᠴᠠ᠎ᠳᠤ ᠴᠢᠩᠭᠠᠳᠭᠠᠬᠤ ᠬᠡᠷᠡᠭ᠌ᠲᠡᠢ᠃ 《 ᠤᠯᠤᠰ᠎ᠤᠨ ᠶᠡᠬᠡ ᠲᠠᠯ᠎ᠠ 》 ᠵᠢ ᠰᠡᠳᠬᠢᠯ᠎ᠳᠡᠭᠡᠨ ᠡᠪᠦᠷᠯᠡᠵᠦ᠍᠂ ᠠᠮᠢ ᠠᠬᠤᠢ ᠣᠷᠴᠢᠨ ᠲᠣᠭᠣᠷᠢᠨ᠎ᠤ ᠥᠨᠳᠥᠷ ᠲᠦᠪᠱᠢᠨ ᠪᠦᠬᠦᠢ ᠬᠠᠮᠠᠭᠠᠯᠠᠯᠲᠠ᠎ᠶ᠋ᠢᠨ ᠨᠡᠩ ᠶᠡᠬᠡ ᠦᠷ᠎ᠡ ᠪᠦᠲᠦᠮᠵᠢ ᠤᠯᠬᠤ᠎ᠶ᠋ᠢ ᠡᠷᠡᠰ ᠭᠤᠢᠪᠢᠰᠢ ᠦᠭᠡᠢ ᠠᠬᠢᠭᠤᠯᠬᠤ ᠬᠡᠷᠡᠭ᠌ᠲᠡᠢ᠃

ᠤᠯᠤᠰ᠎ᠤᠨ ᠶᠡᠷᠦᠩᠬᠡᠶ ᠠᠮᠤᠷ ᠲᠦᠪᠱᠢᠨ ᠪᠠ ᠳᠤᠮᠳᠠᠳᠤ᠎ᠶ᠋ᠢᠨ ᠦᠨᠳᠦᠰᠦᠲᠡᠨ᠎ᠦ ᠠᠯᠤᠰ ᠬᠡᠲᠦ᠍᠎ᠶ᠋ᠢᠨ ᠬᠥᠭ᠌ᠵᠢᠯᠲᠡ᠎ᠶ᠋ᠢᠨ ᠪᠥᠬᠥ᠌ ᠲᠠᠯ᠎ᠠ᠎ᠠᠴᠠ ᠪᠣᠳᠣᠯᠬᠢᠯᠠᠨ᠂ ᠠᠮᠢ ᠠᠬᠤᠶ᠎ᠶ᠋ᠢ ᠣᠷᠢᠳ ᠵᠢᠡᠷ ᠪᠣᠳᠣᠯᠬᠢᠯᠠᠵᠦ ᠪᠣᠬᠢᠷᠲᠤᠯ ᠥᠬᠡᠶ ᠬᠥᠭ᠌ᠵᠢᠬᠦᠯᠬᠦ᠎ᠶ᠋ᠢ ᠢᠮᠠᠭ᠍ᠲᠠ ᠪᠠᠷᠢᠮᠲᠠᠯᠠᠬᠤ ᠬᠡᠷᠡᠭᠳᠡᠢ

ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ ᠪᠣᠯ ᠥᠪᠥᠷ ᠮᠣᠩᠭᠣᠯ᠎ᠤᠨ ᠡᠷᠬᠡᠪᠰᠢ ᠡᠭᠦᠷᠭᠡᠯᠡᠬᠦ᠌ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ ᠮᠥᠨ ᠂ ᠪᠢᠳᠡᠨ᠎ᠦ ᠡᠷᠬᠡᠪᠰᠢ ᠢᠮᠠᠭ᠍ᠲᠠ ᠪᠠᠲᠤ ᠴᠡᠭᠡᠵᠢᠯᠡᠬᠦ᠌《 ᠤᠯᠤᠰ᠎ᠤᠨ ᠶᠡᠬᠡ ᠶᠠᠪᠤᠳᠠᠯ》 ᠮᠥᠨ᠃ ᠥᠪᠥᠷ ᠮᠣᠩᠭᠣᠯ᠎ᠤᠨ ᠨᠤᠲᠤᠭ ᠪᠡᠯᠴᠢᠭᠡᠷ ᠪᠠ ᠣᠶ ᠱᠢᠭᠤᠶ᠎ᠶ᠋ᠢᠨ ᠲᠠᠯᠠᠪᠠᠶ᠎ᠨᠢ ᠲᠣᠰ ᠲᠣᠰ ᠪᠥᠬᠥ᠌ ᠤᠯᠤᠰ᠎ᠤᠨ 22% ᠪᠠ 7% ᠎ᠶ᠋ᠢ ᠡᠵᠡᠯᠡᠵᠦ᠍ ᠂ ᠤᠰᠤᠨ᠎ᠤ ᠭᠠᠳᠠᠷᠭᠤ᠂ ᠨᠤᠭᠤ ᠭᠠᠵᠠᠷ᠎ᠤᠨ ᠲᠠᠯᠠᠪᠠᠶ᠎ᠨᠢ ᠪᠥᠬᠥ᠌ ᠤᠯᠤᠰ᠎ᠤᠨ ᠡᠮᠦᠨ᠎ᠡ ᠡᠩᠨᠡᠭᠡᠨ᠎ᠳᠦ ᠣᠷᠣᠵᠤ᠂ ᠶᠡᠬᠡ ᠲᠠᠯᠠᠪᠠᠶ᠎ᠪᠦᠬᠦᠢ ᠪᠠᠯᠠᠷ ᠡᠷᠲᠡᠨ᠎ᠦ ᠠᠮᠢ ᠠᠬᠤᠶ᠎ᠶ᠋ᠢᠨ ᠣᠷᠣᠨ ᠪᠦᠰᠡ᠎ᠲᠠᠢ᠂ ᠤᠮᠠᠷᠠᠲᠤ ᠣᠷᠣᠨ᠎ᠤ ᠲᠠᠯᠠᠪᠠᠶ᠎ᠪᠠᠷ ᠬᠠᠮᠤᠭ᠎ᠤᠨ ᠶᠡᠬᠡ᠂ ᠲᠥᠷᠥᠯ ᠵᠦᠶ᠋ᠯ᠎ᠢᠶᠡᠷ ᠬᠠᠮᠤᠭ᠎ᠤᠨ ᠪᠦᠷᠢᠨ ᠠᠮᠢ ᠠᠬᠤᠶ᠎ᠶ᠋ᠢᠨ ᠴᠢᠳᠠᠮᠵᠢ᠎ᠶ᠋ᠢᠨ ᠣᠷᠣᠨ ᠪᠣᠯᠬᠤ ᠪᠥᠭᠡᠳ ᠪᠠᠰᠠ ᠴᠦᠯᠯᠡᠷᠭᠡᠭ᠌ᠵᠢᠭ᠌ᠰᠡᠨ ᠪᠠ ᠡᠯᠡᠰᠦᠷᠬᠡᠭ᠌ᠵᠢᠭ᠌ᠰᠡᠨ ᠭᠠᠵᠠᠷ ᠱᠢᠷᠣᠶ ᠲᠥᠪᠯᠡᠷᠡᠭ᠌ᠰᠡᠨ᠂ ᠬᠣᠬᠢᠷᠠᠯ ᠡᠪᠳᠡᠭᠳᠡᠯ᠎ᠢᠶᠡᠷ ᠬᠦᠨᠳᠦ ᠨᠣᠴᠢᠲᠠᠶ ᠮᠤᠵᠢ ᠣᠷᠣᠨ᠎ᠤ ᠨᠢᠭᠡ ᠪᠣᠯᠤᠨ᠎ᠠ᠃ ᠥᠪᠥᠷ ᠮᠣᠩᠭᠣᠯ᠎ᠤᠨ ᠠᠮᠢ ᠠᠬᠤᠢ᠎ᠶ᠋ᠢᠨ ᠪᠠᠢᠳᠠᠯ ᠶᠠᠮᠠᠷ ᠪᠠᠢᠬᠤ ᠨᠢ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠣᠷᠣᠱᠢᠨ ᠲᠣᠭ᠍ᠲᠠᠨᠢᠯ ᠪᠠ ᠬᠥᠭ᠌ᠵᠢᠯᠲᠡ᠎ᠲᠡᠶ ᠬᠣᠯᠪᠣᠭ᠍ᠳᠠᠬᠤ᠎ᠪᠠᠷ ᠪᠠᠷᠠᠬᠤ ᠦᠭᠡᠢ ᠪᠠᠰᠠ ᠤᠮᠠᠷᠠᠲᠤ ᠣᠷᠣᠨ᠂ ᠵᠡᠭᠦᠨ ᠬᠣᠢᠲᠤ ᠣᠷᠣᠨ᠂ ᠪᠠᠷᠠᠭᠤᠨ ᠬᠣᠢᠲᠤ ᠣᠷᠣᠨ᠂ ᠴᠢᠨᠠᠭ᠍ᠰᠢᠯᠠᠪᠠᠯ ᠪᠦᠬᠦ᠌ ᠤᠯᠤᠰ᠎ᠤᠨ ᠠᠮᠢ ᠠᠬᠤᠢ᠎ᠶ᠋ᠢᠨ ᠠᠮᠤᠷ ᠲᠦᠪᠱᠢᠨ᠎ᠲᠡᠶ ᠬᠣᠯᠪᠣᠭ᠍ᠳᠠᠨ᠎ᠠ᠃ ᠥᠪᠥᠷ ᠮᠣᠩᠭᠣᠯ᠎ᠢ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ ᠪᠣᠯᠭᠠᠨ ᠪᠥᠲᠥᠭᠡᠨ ᠪᠠᠢᠭᠤᠯᠬᠤ ᠪᠣᠯ ᠪᠥᠬᠥ᠌ ᠤᠯᠤᠰ᠎ᠤᠨ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠰᠠᠭᠤᠷᠢᠯᠠᠵᠤ ᠲᠣᠭ᠍ᠲᠠᠭᠠᠭ᠍ᠰᠠᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠣᠯᠬᠤ ᠪᠥᠭᠡᠳ ᠥᠪᠥᠷ ᠮᠣᠩᠭᠣᠯ᠎ᠤᠨ ᠡᠷᠬᠡᠪᠰᠢ ᠤᠬᠠᠮᠰᠠᠷ᠎ᠠᠴᠠ᠎ᠪᠠᠨ ᠡᠭᠦᠷᠭᠡᠯᠡᠬᠦ᠌ ᠴᠢᠬᠤᠯᠠ ᠶᠡᠬᠡ ᠬᠠᠷᠢᠭᠤᠴᠠᠯᠭ᠎ᠠ ᠪᠣᠯᠤᠨ᠎ᠠ᠃ ᠪᠢᠳᠡ ᠤᠯᠤᠰ᠎ᠤᠨ ᠪᠠᠢᠯᠳᠤᠬᠤ ᠪᠣᠳᠣᠯᠭ᠎ᠠ᠎ᠶ᠋ᠢᠨ ᠪᠥᠬᠥ᠌ ᠲᠠᠯ᠎ᠠ ᠪᠠ ᠠᠯᠤᠰ ᠬᠡᠲᠦ᠍᠎ᠶ᠋ᠢᠨ ᠬᠠᠷᠠᠭᠠᠰᠤ᠎ᠠᠴᠠ ᠥᠪᠥᠷ ᠮᠣᠩᠭᠣᠯ᠎ᠤᠨ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠴᠢᠩᠭᠠᠳᠭᠠᠬᠤ᠎ᠶ᠋ᠢᠨ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶ᠋ᠢᠨ ᠠᠴᠢ ᠬᠣᠯᠪᠣᠭ᠍ᠳᠠᠯ᠎ᠢ ᠲᠠᠨᠢᠵᠤ᠂ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠴᠢᠩᠭᠠᠳᠭᠠᠬᠤ ᠪᠠᠢᠯᠳᠤᠬᠤ ᠪᠣᠳᠣᠯᠭ᠎ᠠ᠎ᠶ᠋ᠢᠨ ᠲᠣᠭ᠍ᠲᠠᠯ ᠬᠦᠴᠦᠨ᠎ᠢᠶᠡᠨ ᠪᠠᠲᠤᠯᠠᠵᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ᠌ ᠤᠳᠤᠷᠢᠳᠤᠮᠵᠢ᠎ᠶ᠋ᠢ ᠪᠠᠲᠤ ᠪᠣᠶ ᠪᠣᠯᠭᠠᠵᠤ᠂ ᠬᠥᠬᠡ ᠣᠭ᠍ᠲᠠᠷᠭᠤᠶ᠂ ᠬᠥᠬᠡᠮᠳᠦᠭ ᠤᠰᠤ᠂ ᠠᠷᠢᠭᠤᠨ ᠬᠥᠷᠥᠰᠥ᠎ᠶ᠋ᠢ ᠬᠠᠮᠠᠭᠠᠯᠠᠬᠤ ᠳᠠᠢᠯᠠᠯᠳᠤᠭᠠᠨ᠎ᠢ ᠦᠷᠭᠦᠯᠵᠢᠯᠡᠨ ᠰᠠᠢᠲᠤᠷ ᠬᠢᠵᠦ᠍᠂ ᠡᠬᠡ ᠤᠯᠤᠰ᠎ᠤᠨ ᠤᠮᠠᠷᠠᠲᠤ᠎ᠶ᠋ᠢᠨ ᠡᠨᠡ ᠬᠦ᠌ ᠲᠦᠮᠡᠨ ᠭᠠᠵᠠᠷ᠎ᠤᠨ ᠨᠣᠮᠢᠨ ᠨᠣᠭᠣᠭᠠᠨ ᠣᠷᠳᠣ ᠴᠠᠭᠠᠨ ᠬᠡᠷᠡᠮ᠎ᠢ ᠨᠠᠩ ᠪᠠᠲᠤ ᠪᠠᠬᠢ ᠴᠣᠭ᠍ᠴᠠᠯᠠᠬᠤ ᠬᠡᠷᠡᠭ᠌ᠲᠡᠶ᠃

ᠥᠭᠡᠷᠡᠴᠢᠯᠡᠯᠲᠡ ᠨᠡᠬᠡᠬᠡᠯᠳᠡ ᠬᠢᠭ᠌ᠰᠡᠨ᠎ᠡᠴᠡ ᠨᠠᠭᠠᠰᠢ᠂ ᠨᠠᠮ ᠪᠣᠯᠤᠨ ᠤᠯᠤᠰ᠎ᠠᠴᠠ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠡᠳᠦᠷ ᠢᠷᠡᠬᠦᠶ᠎ᠡ ᠴᠢᠬᠤᠯᠠᠴᠢᠯᠠᠵᠤ᠂ ᠥᠪᠥᠷ ᠮᠣᠩᠭᠣᠯ 40 ᠭᠠᠷᠤᠢ ᠵᠢᠯ᠎ᠦᠨ ᠠᠮᠢ ᠠᠬᠤᠢ᠎ᠶ᠋ᠢᠨ ᠪᠦᠳᠦᠬᠡᠨ ᠪᠠᠢᠭᠤᠯᠤᠯᠲᠠ᠎ᠪᠠᠷ ᠳᠠᠮᠵᠢᠨ ᠢᠯᠡᠳᠲᠡ ᠦᠷ᠎ᠡ ᠪᠦᠲᠦᠮᠵᠢ ᠤᠯᠪᠠ᠂ ᠭᠡᠪᠡᠴᠦ᠍ ᠠᠮᠢ ᠠᠬᠤᠢ ᠬᠡᠪᠡᠷᠡᠭ᠂ ᠰᠡᠷᠭᠦᠭᠡᠬᠦ᠌ ᠎ᠳᠦ ᠬᠦᠴᠢᠷᠳᠡᠢ ᠪᠠᠢᠭ᠎ᠠ ᠨᠢ ᠮᠥᠨ ᠬᠦ᠌ ᠳᠤᠪᠤᠢ᠌ᠮ᠎ᠠ ᠠᠰᠠᠭᠤᠳᠠᠯ ᠪᠣᠯᠤᠭ᠍ᠰᠠᠭᠠᠷ ᠪᠠᠢᠨ᠎ᠠ᠃ ᠥᠪᠥᠷ ᠮᠣᠩᠭᠣᠯ ᠪᠣᠯ ᠮᠠᠨ᠎ᠤ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠂ ᠪᠦᠬᠦ᠌ ᠤᠯᠤᠰ᠎ᠤᠨ ᠠᠮᠤ ᠪᠤᠳᠠᠭᠠᠨ᠎ᠤ ᠠᠷᠪᠠᠨ ᠭᠤᠷᠪᠠᠨ ᠭᠣᠣᠯ ᠭᠠᠷᠤᠯᠲᠠ᠎ᠶ᠋ᠢᠨ ᠣᠷᠣᠨ᠎ᠤ ᠨᠢᠭᠡ᠂ ᠲᠠᠪᠤᠨ ᠶᠡᠬᠡ ᠪᠡᠯᠴᠢᠭᠡᠷ᠎ᠤᠨ ᠮᠠᠯ ᠠᠵᠤ ᠠᠬᠤᠢ᠎ᠶ᠋ᠢᠨ ᠦᠢᠯᠡᠳᠪᠦᠷᠢᠯᠡᠯ᠎ᠦᠨ ᠰᠠᠭᠤᠷᠢᠨ ᠪᠣᠯᠤᠨ᠎ᠠ᠃ ᠡᠢᠮᠦ᠍᠎ᠡᠴᠡ ᠠᠮᠢ ᠠᠬᠤᠢ᠎ᠶ᠋ᠢ ᠬᠠᠮᠠᠭᠠᠯᠠᠬᠤ ᠢᠯᠠᠩᠭᠤᠶ᠎ᠠ ᠨᠤᠲᠤᠭ ᠪᠡᠯᠴᠢᠭᠡᠷ ᠪᠣᠯᠤᠨ ᠤᠢ ᠱᠢᠭᠤᠢ᠎ᠶ᠋ᠢ ᠬᠠᠮᠠᠭᠠᠯᠠᠬᠤ ᠨᠢ ᠥᠪᠥᠷ ᠮᠣᠩᠭᠣᠯ᠎ᠤᠨ ᠬᠠᠮᠤᠭ᠎ᠤᠨ ᠴᠢᠬᠤᠯᠠ ᠪᠥᠭᠡᠳ ᠬᠠᠮᠤᠭ᠎ᠤᠨ ᠪᠡᠷᠬᠡ ᠬᠠᠲᠠᠭᠤᠵᠢᠯᠲᠠᠢ ᠪᠠᠢᠯᠳᠤᠬᠤ ᠪᠤᠳᠤᠯᠭ᠎ᠠ᠎ᠶ᠋ᠢᠨ ᠡᠭᠦᠷᠭᠡ ᠪᠣᠯᠪᠠ᠃ ᠡᠭᠦᠨ᠎ᠦ ᠬᠠᠮᠲᠤ᠂ ᠥᠪᠥᠷ ᠮᠣᠩᠭᠣᠯ᠎ᠨᠢ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ ᠪᠣᠯᠤᠭ᠍ᠰᠠᠨ᠎ᠤ ᠬᠤᠪᠢ᠎ᠳᠤ᠂ ᠣᠷᠣᠯᠠᠭᠤᠯᠵᠤ ᠪᠣᠯᠤᠰᠢ ᠥᠬᠡᠶ ᠴᠢᠬᠤᠯᠠ ᠦᠶ᠋ᠯᠡᠳᠦᠯ᠎ᠲᠡᠶ ᠶᠤᠮ᠃ ᠭᠡᠪᠡᠴᠦ᠍ ᠨᠡᠢᠭᠡᠮ᠎ᠦᠨ ᠬᠥᠭ᠌ᠵᠢᠯᠲᠡ ᠳᠠᠪᠱᠢᠯᠲᠠ᠎ᠶ᠋ᠢ ᠳᠠᠭᠠᠯᠳᠤᠨ᠂ ᠥᠪᠥᠷ ᠮᠣᠩᠭᠣᠯ᠎ᠤᠨ ᠴᠢᠯᠠᠭᠤᠵᠢᠮᠠᠯ ᠡᠨᠧᠷᠭᠢ᠎ᠶ᠋ᠢᠨ᠎ᠲᠣᠮᠣ᠎ᠣᠷᠣᠨ᠎ᠠᠴᠠ᠎ᠴᠡᠪᠡᠷ᠎ᠡᠨᠧᠷᠭᠢ᠎ᠶ᠋ᠢᠨ᠎ᠲᠣᠮᠣ᠎ᠣᠷᠣᠨ᠎ᠳᠠᠢᠰᠢ ᠬᠤᠪᠢᠷᠠᠭᠤᠯᠬᠤ᠎ᠶ᠋ᠢ ᠠᠬᠢᠭᠤᠯᠬᠤ᠎ᠨᠢ ᠠᠯᠭᠤᠷᠯᠠᠵᠤ ᠪᠣᠯᠤᠰᠢ ᠥᠬᠡᠶ ᠶᠠᠪᠤᠳᠠᠯ ᠪᠣᠯᠵᠠᠶ᠃ ᠪᠢᠳᠡ ᠡᠷᠬᠡᠪᠰᠢ ᠤᠯᠤᠰ ᠲᠥᠷᠥ᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠦ᠍᠂ 《ᠬᠣᠶᠠᠷ ᠶᠡᠬᠡ ᠲᠠᠯ᠎ᠠ》 ᠎ᠳ᠋ᠤ ᠠᠩᠬᠠᠷᠤᠯ᠎ᠢᠶᠠᠨ ᠲᠥᠪᠯᠡᠷᠡᠭᠦᠯᠵᠦ᠍ ᠂ 《ᠤᠯᠤᠰ᠎ᠤᠨ ᠶᠡᠬᠡ ᠲᠠᠯ᠎ᠠ》 ᠎ᠶ᠋ᠢ ᠰᠡᠳᠬᠢᠯ᠎ᠳᠡᠭᠡᠨ ᠡᠪᠦᠷᠯᠡᠨ᠂ ᠠᠮᠢ ᠠᠬᠤᠶ ᠣᠷᠴᠢᠨ ᠲᠣᠭᠣᠷᠢᠨ᠎ᠤ ᠥᠨᠳᠥᠷ ᠲᠦᠪᠱᠢᠨ ᠪᠥᠬᠥᠶ ᠬᠠᠮᠠᠭᠠᠯᠠᠯᠲᠠ᠎ᠶ᠋ᠢ ᠠᠬᠢᠭᠤᠯᠬᠤ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶ᠋ᠢᠨ ᠠᠴᠢ ᠬᠣᠯᠪᠣᠭ᠍ᠳᠠᠯ᠎ᠢ ᠭᠦᠨᠵᠡᠭᠡᠶ ᠲᠠᠨᠢᠨ ᠡᠵᠡᠮᠳᠡᠵᠦ᠍ ᠂ ᠶᠡᠷᠦᠩᠬᠡᠶ ᠱᠦᠵᠢ ᠰᠢ᠎ᠶ᠋ᠢᠨ ᠫᠢᠩ᠎ᠦᠨ ᠥᠪᠥᠷ ᠮᠣᠩᠭᠣᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠰᠠᠨᠠᠭᠠᠴᠢᠯᠠᠭᠠᠲᠤ ᠴᠢᠨᠠᠷ ᠪᠣᠯᠤᠨ ᠤᠬᠠᠮᠰᠠᠷᠲᠤ ᠴᠢᠨᠠᠷ᠎ᠢᠶᠠᠨ ᠦᠨᠡᠨ ᠬᠦ᠌ ᠴᠢᠩᠭᠠᠳᠭᠠᠵᠤ᠂ ᠨᠠᠮ ᠪᠣᠯᠤᠨ ᠤᠯᠤᠰ᠎ᠠᠴᠠ ᠥᠪᠥᠷ ᠮᠣᠩᠭᠣᠯ᠎ᠳᠤ ᠣᠯᠭᠣᠭ᠍ᠰᠠᠨ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠬᠦ᠌ ᠬᠡᠷᠡᠭ᠌ᠲᠡᠶ᠃

ᠱᠢᠨ᠎ᠡ ᠬᠥᠭ᠌ᠵᠢᠯᠲᠡ᠎ᠶ᠋ᠢᠨ ᠱᠠᠳᠤ᠎ᠶ᠋ᠢ ᠡᠵᠡᠮᠳᠡᠵᠦ᠂ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ ᠎ᠢ ᠎ᠲᠤᠭᠤᠱᠢᠯᠠᠭᠤᠯᠵᠦ᠂᠎ᠱᠢᠨ᠎ᠡ ᠬᠥᠭ᠌ᠵᠢᠯᠲᠡ ᠎ᠶ᠋ᠢᠨ ᠪᠠᠢᠷᠢᠱᠢᠯ ᠎ᠳᠤ ᠠᠭᠤᠰᠤᠯᠴᠠᠬᠤ᠎ᠶ᠋ᠢ ᠪᠣᠳᠣᠯᠬᠢᠯᠠᠵᠤ᠂ ᠥᠨᠳᠥᠷ ᠲᠦᠪᠱᠢᠨ ᠪᠦᠬᠦᠢ ᠬᠠᠮᠠᠭᠠᠯᠠᠯᠲᠠ ᠪᠠ ᠴᠢᠨᠠᠷ ᠰᠠᠢᠲᠠᠢ ᠬᠥᠭ᠌ᠵᠢᠯᠲᠡ ᠵᠢ ᠵᠣᠬᠢᠴᠠᠭᠤᠯᠤᠨ ᠠᠬᠢᠭᠤᠯᠬᠤ ᠭᠡᠷᠡᠭᠳᠡᠢ

ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠵᠦ᠍ ᠂ ᠨᠢᠭᠡᠳᠦᠭᠡᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠦᠭ᠌ᠰᠡᠨ᠎ᠦ ᠲᠠᠷᠠᠭ᠎ᠠ᠂ ᠪᠢᠳᠠ ᠢᠯᠠᠯᠲᠠ᠎ᠶ᠋ᠢᠨ ᠡᠷᠴᠢᠨ ᠳᠡᠭᠡᠷ᠎ᠡ᠎ᠪᠡᠨ ᠤᠷᠤᠭ᠍ᠰᠢᠯᠠᠵᠤ᠂ ᠨᠡᠢᠭᠡᠮ ᠵᠢᠷᠤᠮᠳᠦ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠢᠶᠠᠨ ᠡᠬᠢᠯᠡᠭᠦᠯᠵᠦ᠍᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ ᠲᠡᠢᠰᠢ ᠤᠷᠤᠭ᠍ᠰᠢᠯᠠᠪᠠ᠂ ᠡᠨᠡ ᠨᠢ ᠮᠠᠨ᠎ᠤ ᠤᠯᠤᠰ ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠤᠷᠤᠬ᠍ᠰᠠᠨ᠎ᠢ ᠬᠠᠷᠠᠭᠤᠯᠵᠤ ᠪᠠᠢᠨ᠎ᠠ᠃ ᠡᠨᠡ ᠬᠦ᠌ ᠱᠢᠨ᠎ᠡ ᠱᠠᠳᠤ ᠪᠣᠯ ᠨᠠᠮ ᠪᠠ ᠠᠷᠠᠳ ᠲᠦᠮᠡᠨ᠎ᠦ ᠦᠢᠯᠡᠰ᠎ᠦᠨ ᠬᠥᠭ᠌ᠵᠢᠯᠲᠡ᠎ᠶ᠋ᠢᠨ ᠣᠷᠣᠱᠢᠵᠤ ᠪᠠᠢᠭ᠎ᠠ ᠲᠡᠦᠬᠡ᠎ᠶ᠋ᠢᠨ ᠱᠢᠨ᠎ᠡ ᠣᠷᠣᠨ ᠪᠠᠢᠷᠢ ᠮᠥᠨ᠃ ᠨᠢᠭᠡ ᠲᠠᠯ᠎ᠠ᠎ᠪᠠᠷ᠂ ᠮᠠᠨ᠎ᠤ ᠤᠯᠤᠰ ᠮᠥᠨ ᠯᠡ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠠᠩᠬᠠᠨ᠎ᠤ ᠱᠠᠲᠤᠨ᠎ᠳᠤ ᠣᠷᠣᠱᠢᠵᠤ ᠪᠠᠢᠭ᠎ᠠ ᠤᠯᠤᠰ᠎ᠤᠨ ᠦᠨᠳᠦᠰᠦᠨ ᠪᠠᠢᠳᠠᠯ ᠬᠤᠪᠢᠷᠠᠭ᠎ᠠ ᠦᠭᠡᠢ᠂ ᠳᠤᠮᠳᠠᠳᠤ ᠤᠯᠤᠰ ᠮᠥᠨ ᠯᠡ ᠳᠡᠯᠡᠬᠡᠢ ᠳᠡᠭᠡᠷᠡᠬᠢ ᠬᠠᠮᠤᠭ᠎ᠤᠨ ᠲᠤᠮᠤ ᠬᠥᠭ᠌ᠵᠢᠵᠦ᠍ ᠪᠠᠢᠭ᠎ᠠ ᠤᠯᠤᠰ᠎ᠲᠤ ᠬᠠᠷᠢᠶᠠᠯᠠᠭ᠍ᠳᠠᠬᠤ ᠪᠠᠢᠷᠢ ᠰᠠᠭᠤᠷᠢ ᠬᠤᠪᠢᠷᠠᠭ᠎ᠠ ᠦᠭᠡᠢ; ᠨᠦᠬᠦᠭᠡ ᠲᠠᠯ᠎ᠠ᠎ᠪᠠᠷ᠂ ᠮᠠᠨ᠎ᠤ ᠤᠯᠤᠰ᠎ᠤᠨ ᠨᠡᠢᠭᠡᠮ ᠵᠢᠷᠤᠮ᠎ᠤᠨ ᠠᠩᠬᠠᠨ᠎ᠤ ᠱᠠᠳᠤ ᠨᠡᠩ ᠥᠨᠳᠥᠷ ᠱᠠᠲᠤᠨ᠎ᠳᠤ ᠣᠷᠣᠵᠤ᠂ ᠳᠤᠮᠳᠠᠳᠤ᠎ᠶ᠋ᠢᠨ ᠦᠨᠳᠦᠰᠦᠲᠡᠨ ᠪᠣᠰᠴᠤ᠌ ᠎ᠵᠣᠭ᠍ᠰᠣᠭ᠍ᠰᠠᠨ᠂ ᠪᠠᠶᠠᠵᠢᠭ᠍ᠰᠠᠨ ᠎ᠠᠴᠠ ᠎ᠪᠠᠨ ᠬᠦᠴᠦᠷᠬᠡᠭ᠌ᠵᠢᠭ᠌ᠰᠡᠨ ᠠᠭᠤᠤ ᠶᠡᠬᠡ ᠦᠰᠦᠷᠦᠯᠲᠡ᠎ᠶ᠋ᠢ ᠤᠭ᠍ᠲᠤᠨ ᠠᠪᠴᠢᠷᠠᠪᠠ᠃ ᠨᠡᠢᠭᠡᠮ ᠵᠢᠷᠤᠮᠳᠦ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠮᠣᠷᠳᠠᠬᠤ᠎ᠳᠤ᠂ ᠪᠢᠳᠡ ᠡᠷᠬᠡᠪᠰᠢ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠪᠦᠷᠢᠨ ᠪᠦᠲᠦᠨ᠂ ᠣᠨᠣᠪᠴᠢᠲᠠᠢ᠂ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠤᠢ ᠪᠤᠯᠭᠠᠵᠦ᠂ ᠴᠢᠨᠠᠷ ᠰᠠᠢᠲᠠᠢ ᠬᠥᠭ᠌ᠵᠢᠯᠲᠡ᠎ᠶ᠋ᠢ ᠪᠡᠶᠡᠯᠡᠭᠦᠯᠬᠦ᠌ ᠬᠡᠷᠡᠭ᠌ᠲᠡᠢ᠃ ᠡᠨᠡ ᠬᠦ᠌ ᠱᠢᠨ᠎ᠡ ᠲᠡᠦᠬᠡᠨ ᠴᠠᠭ ᠦᠶ᠎ᠡ᠎ᠳᠦ᠂ ᠥᠪᠥᠷ ᠮᠣᠩᠭᠣᠯ ᠬᠢᠯᠢ ᠬᠢᠵᠠᠭᠠᠷ᠎ᠤᠨ ᠦᠨᠳᠦᠰᠦᠲᠡᠨ᠎ᠦ ᠣᠷᠣᠨ ᠪᠣᠯᠤᠭ᠍ᠰᠠᠨ᠎ᠤ ᠬᠤᠪᠢ᠎ᠳᠤ ᠮᠠᠰᠢ ᠤᠯᠠᠨ ᠴᠢᠬᠤᠯᠠ ᠠᠵᠠ ᠲᠣᠬᠢᠶᠠᠯ᠎ᠳᠤ ᠲᠤᠯᠭᠠᠷᠠᠵᠤ ᠪᠠᠢᠬᠤ ᠪᠥᠭᠡᠳ ᠪᠠᠰᠠ ᠮᠠᠰᠢ ᠤᠯᠠᠨ ᠬᠦᠴᠢᠷᠳᠡᠯ ᠪᠠ ᠥᠷᠢᠰᠥᠯᠳᠦᠭᠡᠨ᠎ᠳᠦ ᠲᠤᠯᠭᠠᠷᠠᠵᠤ᠂ 《ᠳᠠᠪᠠᠭ᠎ᠠ ᠳᠠᠪᠠᠵᠤ ᠬᠦᠴᠢᠷ᠎ᠢ ᠲᠤᠭᠤᠯᠬᠤ 》 ᠵᠠᠩᠭᠢᠯᠠᠭ᠎ᠠ᠎ᠶ᠋ᠢᠨ ᠴᠠᠭ ᠦᠶ᠎ᠡ᠎ᠳᠦ ᠣᠷᠣᠱᠢᠵᠤ ᠪᠠᠢᠨ᠎ᠠ᠃ ᠶᠡᠷᠦᠩᠬᠡᠶ ᠱᠦᠵᠢ ᠰᠢ᠎ᠶ᠋ᠢᠨ ᠫᠢᠩ ᠪᠣᠯᠤᠨ ᠨᠠᠮ᠎ᠤᠨ ᠲᠥᠪ ᠬᠣᠷᠢᠶ᠎ᠠ ᠥᠪᠥᠷ ᠮᠣᠩᠭᠣᠯ᠎ᠳᠤ ᠭᠦᠨ ᠵᠤᠵᠠᠭᠠᠨ ᠬᠦᠰᠡᠯ ᠨᠠᠢᠳᠠᠯᠭ᠎ᠠ ᠲᠠᠯᠪᠢᠵᠤ᠂ ᠥᠪᠥᠷ ᠮᠣᠩᠭᠣᠯ᠎ᠳᠤ 《 ᠬᠣᠶᠠᠷ ᠬᠠᠯᠬᠠᠪᠴᠢ》 ᠂ 《ᠬᠣᠶᠠᠷ ᠰᠠᠭᠤᠷᠢᠨ 》 ᠂ 《 ᠨᠢᠭᠡ ᠪᠡᠬᠢᠯᠡᠯᠲᠡ》 ᠎ᠶ᠋ᠢ ᠪᠥᠲᠥᠭᠡᠨ ᠪᠠᠢᠭᠤᠯᠬᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ᠎ᠥᠬᠡᠶ᠎ᠬᠥᠭ᠌ᠵᠢᠬᠦᠯᠬᠦ᠎ᠪᠠᠷ᠎ᠤᠳᠤᠷᠢᠳᠤᠮᠵᠢ᠎ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠵᠠᠮᠨᠠᠬᠤ ᠠᠵᠢᠯᠯᠠᠭᠠᠨ᠎ᠤ ᠬᠥᠲᠥᠯᠪᠦᠷᠢ ᠪᠣᠯᠤᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠲᠣᠭ᠍ᠲᠠᠭᠠᠵᠤ ᠥᠭ᠌ᠴᠡᠶ᠃ ᠶᠡᠷᠦᠩᠬᠡᠢ ᠱᠦᠵᠢ ᠰᠢ᠎ᠶ᠋ᠢᠨ ᠫᠢᠩ ᠥᠪᠥᠷ ᠮᠣᠩᠭᠣᠯ ᠎ᠤᠨ ᠦᠨᠳᠦᠰᠦᠲᠡᠨ ᠨᠤᠭᠦᠳ᠎ᠦᠨ ᠺᠠᠳ᠋ᠷ ᠤᠯᠠᠨ ᠲᠦᠮᠡᠨ᠎ᠢ ᠳᠣᠲᠣᠨᠣ᠎ᠪᠠᠷ ᠵᠣᠷᠢᠭ᠍ᠵᠢᠭᠤᠯᠵᠤ᠂ ᠥᠪᠥᠷ ᠮᠣᠩᠭᠣᠯ᠎ᠤᠨ ᠭᠠᠵᠠᠷ ᠵᠦᠢ᠎ᠶ᠋ᠢᠨ ᠣᠷᠣᠨ ᠪᠠᠢᠷᠢ᠂ ᠡᠬᠢ ᠪᠠᠶᠠᠯᠢᠭ᠎ᠤᠨ ᠳᠠᠪᠠᠭᠤᠯᠢᠭ᠂ ᠠᠵᠤ ᠦᠢᠯᠡᠰ᠎ᠦᠨ ᠪᠦᠲᠦᠴᠡ᠂ ᠠᠮᠢ ᠠᠬᠤᠢ ᠣᠷᠴᠢᠨ ᠲᠣᠭᠣᠷᠢᠨ᠎ᠤ ᠱᠠᠭᠠᠷᠳᠠᠯᠭ᠎ᠠ ᠵᠡᠷᠭᠡ ᠲᠠᠯ᠎ᠠ᠎ᠪᠠᠷ ᠴᠥᠮ ᠨᠡᠯᠢᠶᠡᠳ ᠣᠨᠴᠠᠭᠠᠢ ᠪᠠᠢᠳᠠᠭ᠂ ᠰᠠᠢ᠌ᠨ ᠲᠠᠯ᠎ᠠ᠎ᠪᠠᠨ ᠪᠠᠳᠠᠷᠠᠭᠤᠯᠤᠨ ᠰᠠᠭᠠᠷᠠᠤ ᠲᠠᠯ᠎ᠠ᠎ᠪᠠᠨ ᠲᠡᠪᠴᠢᠵᠦ᠍ ᠂ ᠱᠢᠯᠢᠳᠡᠭ᠎ᠢ ᠬᠥᠮᠦᠵᠢᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠩᠬᠠᠷᠴᠤ᠌᠂ ᠪᠦᠬᠦ᠌ ᠬᠦᠴᠦᠨ᠎ᠢᠶᠡᠷ᠎ᠢᠶᠡᠨ ᠪᠦᠲᠦᠴᠡ᠎ᠶ᠋ᠢ ᠲᠤᠬᠢᠷᠠᠭᠤᠯᠵᠤ᠂ ᠴᠢᠳᠠᠮᠵᠢ᠎ᠶ᠋ᠢ ᠬᠤᠪᠢᠷᠠᠭᠤᠯᠵᠤ᠂ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃ ᠣᠷᠣᠨ ᠳᠠᠶᠠᠭᠠᠷ ᠡᠷᠬᠡᠪᠰᠢ ᠦᠵᠡᠯ ᠰᠠᠨᠠᠭ᠎ᠠ ᠲᠠᠨᠢᠯᠲᠠ᠎ᠶ᠋ᠢᠨ ᠲᠠᠯ᠎ᠠ᠎ᠪᠠᠷ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠠᠮᠤᠭ᠎ᠤᠨ ᠴᠢᠩᠭ᠎ᠠ ᠳᠦᠷᠢᠮ᠎ᠢ ᠬᠡᠷᠡᠭ᠌ᠵᠢᠭᠦᠯᠵᠦ᠍᠂ ᠠᠮᠢ ᠠᠬᠤᠢ ᠣᠷᠴᠢᠨ ᠲᠣᠭᠣᠷᠢᠨ᠎ᠤ ᠴᠢᠨᠠᠷ ᠰᠠᠢᠲᠠᠢ ᠬᠠᠮᠠᠭᠠᠯᠠᠯᠲᠠ᠎ᠶ᠋ᠢ ᠠᠬᠢᠭᠤᠯᠬᠤ ᠨᠢ ᠬᠥᠭ᠌ᠵᠢᠭᠰᠡᠨ ᠦᠭᠡᠢ ᠪᠤᠶᠤ ᠤᠳᠠᠭᠠᠨ ᠬᠥᠭ᠌ᠵᠢᠵᠦ ᠪᠠᠢᠭ᠎ᠠ᠎ᠶ᠋ᠢ ᠬᠠᠷᠠᠭᠤᠯᠵᠤ ᠪᠠᠢᠬᠤ ᠪᠢᠰᠢ᠂ ᠬᠠᠷᠢᠨ ᠱᠢᠨ᠎ᠡ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠠᠵᠠ ᠲᠣᠬᠢᠶᠠᠯ᠎ᠢ ᠠᠮᠵᠢᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢᠶᠠᠷ ᠵᠢᠯᠣᠭᠣᠳᠤᠮᠵᠢ ᠪᠣᠯᠭᠠᠵᠤ᠂ ᠤᠯᠤᠰ᠎ᠤᠨ ᠳᠣᠲᠣᠭᠠᠳᠤ᠎ᠶ᠋ᠢᠨ ᠶᠡᠬᠡ ᠣᠷᠴᠢᠯ ᠪᠣᠯᠤᠨ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠣᠣᠰ ᠣᠷᠴᠢᠯ᠎ᠤᠨ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠰᠠᠨᠠᠭᠠᠴᠢᠯᠠᠭ᠎ᠠ᠎ᠠᠴᠠ᠎ᠪᠠᠨ ᠠᠭᠤᠰᠤᠯᠴᠠᠨ ᠦᠢᠯᠡᠴᠢᠯᠡᠵᠦ᠍᠂ ᠱᠢᠨ᠎ᠡ᠎ᠶ᠋ᠢ ᠡᠭᠦᠳᠬᠦ᠌ ᠬᠥᠭ᠌ᠵᠢᠯᠲᠡ᠂ ᠪᠣᠬᠢᠷᠲᠤᠯ ᠦᠭᠡᠢ ᠬᠥᠭ᠌ᠵᠢᠯᠲᠡ᠂ ᠪᠣᠬᠢᠷᠳᠣᠯ ᠦᠬᠡᠢ ᠪᠠᠭ᠎ᠠ ᠨᠡᠭᠦᠷᠡᠰᠦᠲᠥ᠋ᠷᠥᠭ᠌ᠴᠢᠳᠦ ᠬᠥᠭ᠌ᠵᠢᠯᠲᠡ᠂ ᠡᠷᠬᠢᠯᠳᠡᠳᠤ ᠬᠥᠭ᠌ᠵᠢᠯᠲᠡ ᠵᠢᠴᠢ ᠲᠣᠭᠠᠴᠢᠯᠠᠭ᠍ᠰᠠᠨ ᠠᠵᠤ ᠠᠬᠤᠢ᠂ ᠵᠣᠬᠢᠶᠠᠮᠠᠯ ᠤᠶᠤᠨ ᠴᠢᠳᠠᠪᠤᠷᠢ᠎ᠪᠠᠷ ᠭᠣᠣᠯ ᠠᠷᠭ᠎ᠠ ᠬᠡᠯᠪᠡᠷᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢ ᠬᠦᠴᠦᠯᠡᠨ ᠠᠬᠢᠭᠤᠯᠬᠤ ᠬᠡᠷᠡᠭ᠌ᠲᠡᠢ ᠭᠡᠳᠡᠭ᠎ᠢ ᠲᠣᠳᠣᠷᠬᠠᠢ ᠪᠣᠯᠭᠠᠬᠣ ᠬᠡᠷᠡᠭᠳᠡᠢ᠃ ᠭᠠᠭ᠍ᠴᠠ ᠬᠦ᠌ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ ᠂ ᠪᠣᠬᠢᠷᠲᠤᠯ ᠦᠭᠡᠢ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠪᠠᠷᠢᠮᠲᠠᠯᠠᠪᠠᠯ ᠰᠠᠶᠢ ᠠᠮᠢ ᠠᠬᠤᠢ ᠣᠷᠴᠢᠨ ᠲᠣᠭᠣᠷᠢᠨ᠎ᠤ ᠥᠨᠳᠥᠷ ᠲᠦᠪᠱᠢᠨ ᠪᠦᠬᠦᠢ ᠬᠠᠮᠠᠭᠠᠯᠠᠯᠲᠠ᠎ᠶ᠋ᠢ ᠠᠬᠢᠭᠤᠯᠵᠤ ᠴᠢᠳᠠᠨ᠎ᠠ; ᠭᠠᠭ᠍ᠴᠠ ᠬᠦ᠌ ᠠᠮᠢ ᠠᠬᠤᠶ ᠣᠷᠴᠢᠨ ᠲᠣᠭᠣᠷᠢᠨ᠎ᠢ ᠥᠨᠳᠥᠷ ᠲᠦᠪᠱᠢᠨ᠎ᠢᠶᠡᠷ ᠬᠠᠮᠠᠭᠠᠯᠠᠬᠤ᠎ᠶ᠋ᠢ ᠪᠠᠷᠢᠮᠲᠠᠯᠠᠪᠠᠯ ᠰᠠᠶᠢ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠭᠡᠳᠡᠷᠭᠦ᠌ ᠱᠢᠬᠠᠮᠳᠠᠭᠤᠯᠵᠤ ᠴᠢᠳᠠᠨ᠎ᠠ᠃ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ ᠂ ᠠᠮᠢ ᠠᠬᠤᠢ ᠣᠷᠴᠢᠨ ᠲᠣᠭᠣᠷᠢᠨ᠎ᠤ ᠥᠨᠳᠥᠷ ᠲᠦᠪᠱᠢᠨ ᠪᠦᠬᠦᠢ ᠬᠠᠮᠠᠭᠠᠯᠠᠯᠲᠠ᠂ ᠠᠷᠠᠳ ᠤᠯᠠᠨ᠎ᠤ ᠴᠢᠨᠠᠷ ᠰᠠᠢᠲᠠᠢ ᠠᠮᠢᠳᠤᠷᠠᠯ᠎ᠢ ᠡᠭᠦᠳᠴᠦ᠍᠂ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ᠎ᠤ ᠥᠨᠳᠥᠷ ᠪᠦᠲᠦᠮᠵᠢᠲᠡᠢ ᠵᠠᠰᠠᠯᠲᠠ᠎ᠶ᠋ᠢ ᠪᠡᠶᠡᠯᠡᠭᠦᠯᠬᠦ᠌ ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠪᠣᠯ ᠬᠠᠮᠤᠭ᠎ᠤᠨ ᠱᠢᠨᠵᠢᠯᠡᠬᠦ᠌ ᠤᠬᠠᠭᠠᠨᠴᠢ ᠴᠢᠨᠠᠷ ᠪᠠ ᠠᠷᠠᠳᠴᠢᠯᠠᠭ᠍ᠰᠠᠨ ᠴᠢᠨᠠᠷ᠎ᠲᠠᠶ ᠶᠡᠷᠦᠩᠬᠡᠢ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ ᠪᠣᠯᠤᠨ᠎ᠠ᠃ ᠰᠡᠳᠭᠢᠬᠦᠢ᠎ᠶ᠋ᠢᠨ ᠲᠣᠭ᠍ᠲᠠᠭ᠍ᠰᠠᠨ ᠬᠠᠨᠳᠤᠰᠢ᠎ᠶ᠋ᠢ ᠡᠪᠳᠡᠵᠦ᠍᠂ ᠤᠯᠠᠮᠵᠢᠯᠠᠯᠲᠤ ᠠᠷᠭ᠎ᠠ ᠵᠠᠮ᠎ᠳᠤ ᠲᠦᠱᠢᠭ᠌ᠯᠡᠬᠦ᠌᠎ᠶ᠋ᠢ ᠲᠠᠶᠠᠭ᠍ᠳᠠᠵᠤ᠂ ᠬᠡᠪᠱᠢᠭ᠌ᠰᠡᠨ ᠬᠥᠭ᠌ᠵᠢᠯᠲᠡ᠎ᠶ᠋ᠢᠨ ᠵᠠᠭ᠍ᠪᠤᠷ᠎ᠢ ᠡᠪᠳᠡᠵᠦ᠍᠂ ᠨᠡᠮᠡᠭ᠌ᠳᠡᠯ᠎ᠦᠨ ᠬᠤᠷᠳᠤᠴᠠ᠎ᠶ᠋ᠢᠨ ᠰᠡᠳᠭᠢᠯᠭᠡ᠎ᠡᠴᠡ ᠠᠩᠭᠢᠵᠢᠷᠠᠵᠤ᠂ ᠲᠦᠷ ᠴᠠᠭ᠎ᠤᠨ ᠬᠦᠴᠢᠷᠳᠡᠯ᠎ᠡᠴᠡ ᠰᠦᠷᠳᠡᠬᠦ᠌ ᠦᠭᠡᠢ᠂ ᠣᠬᠣᠷ ᠬᠤᠭᠤᠴᠠᠭᠠᠨ᠎ᠤ ᠠᠱᠢᠭ ᠲᠤᠰᠠ᠎ᠳᠤ ᠲᠥᠭᠡᠷᠢᠭ᠌ᠳᠡᠬᠦ᠌ ᠦᠭᠡᠢ ᠪᠠᠢᠵᠤ᠂ ᠪᠠᠭᠠᠲᠤᠷ ᠡᠷ᠎ᠡ ᠪᠠᠭᠤᠤ᠎ᠪᠠᠨ ᠴᠠᠪᠴᠢᠬᠤ ᠬᠠᠳᠠᠨ ᠵᠣᠷᠢᠭ ᠪᠠ ᠵᠠᠮ ᠨᠡᠭᠡᠭᠡᠨ ᠱᠢᠨ᠎ᠡ᠎ᠶ᠋ᠢ ᠡᠭᠦᠳᠬᠦ᠌ ᠣᠮᠣᠭ ᠵᠣᠷᠢᠭ᠎ᠢᠶᠠᠷ᠂ ᠥᠨᠳᠥᠷ ᠲᠦᠪᠱᠢᠨ ᠪᠦᠬᠦᠢ ᠬᠠᠮᠠᠭᠠᠯᠠᠯᠲᠠ ᠪᠠ ᠴᠢᠨᠠᠷ ᠰᠠᠢᠲᠠᠢ ᠬᠥᠭ᠌ᠵᠢᠯᠲᠡ᠎ᠶ᠋ᠢ ᠵᠣᠬᠢᠴᠠᠭᠤᠯᠤᠨ ᠠᠬᠢᠭᠤᠯᠬᠤ ᠬᠡᠷᠡᠭ᠌ᠲᠡᠢ᠃

(ᠵᠣᠬᠢᠶᠠᠭ᠍ᠴᠢ᠄ ᠥᠪᠥᠷ ᠮᠣᠩᠭᠣᠯ᠎ᠤᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠬᠦᠷᠢᠶᠡᠯᠡᠩ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠤᠶᠠᠨ᠍ᠦ᠌ᠨᠳᠦᠰᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面