ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠭᠦᠨᠵᠡᠭᠡᠢ ᠲᠠᠢᠯᠤᠮᠵᠢ

2021-12-13 10:07:06

ᠵᠣᠬᠢᠶᠠᠭ᠍ᠴᠢ᠄ ᠯᠢ ᠼᠦᠨ ᠱᠢᠶᠠ ᠣᠩᠱᠢᠭ᠍ᠰᠠᠨ ᠣᠳᠠᠭ᠎ᠠ᠄ 3

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ᠎ᠤᠨ ᠡᠪ ᠬᠠᠮᠲᠤ ᠎ᠨᠠᠮ ᠎ᠤᠨ ᠎ᠤᠳᠤᠷᠢᠳᠤᠯᠭ᠎ᠠ ᠎ᠳᠤᠤᠷ᠎ᠠ ᠮᠠᠨ᠎ᠤ ᠤᠯᠤᠰ᠎ᠤᠨ ᠬᠠᠮᠤᠭ᠎ᠤᠨ ᠡᠷᠲᠡ ᠪᠠᠢᠭᠤᠯᠤᠭ᠍ᠳᠠᠭ᠍ᠰᠠᠨ ᠦᠨᠳᠦᠰᠦᠲᠡᠨ ᠤ᠋ ᠥᠪᠡᠷᠲᠡᠭᠡᠨ ᠵᠠᠰᠠᠬᠤ ᠣᠷᠣᠨ᠂ ᠦᠨᠳᠦᠰᠦᠲᠡᠨ ᠤ᠋ ᠪᠦᠯᠬᠦᠮᠳᠡᠯ ᠎ᠢ ᠎ᠠᠬᠢᠭᠤᠯᠬᠤ ᠲᠠᠯ᠎ᠠ᠎ᠪᠡᠷ ᠢᠷᠠᠭᠤ ᠠᠯᠳᠠᠷᠲᠤ ᠤᠯᠠᠮᠵᠢᠯᠠᠯ ᠳᠠᠢ᠂ ᠤᠷᠳᠤ ᠬᠤᠭᠤᠴᠠᠭᠠᠨ᠎ᠤ ᠲᠤᠷᠰᠢ 《 ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠎ᠤ᠋ ᠡᠷᠬᠢᠮ ᠳᠡᠭᠡᠳᠦ ᠢᠷᠠᠭᠤ ᠠᠯᠳᠠᠷ᠎ᠢ᠋ ᠬᠦᠷᠳᠡᠭᠰᠡᠬᠡᠷ ᠢᠷᠡᠵᠡᠢ᠃

ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ ᠵᠢᠨ ᠨᠠᠮ᠎ᠤᠨ ᠲᠥᠯᠥᠭᠡᠯᠡᠭ᠌ᠴᠢᠳ ᠤ᠋ᠨ ᠶᠡᠬᠡ ᠬᠤᠷᠠᠯ᠎ᠤᠨ ᠢᠯᠡᠳᠭᠡᠯ᠎ᠳᠦ ᠂ ᠥᠪᠥᠷ ᠮᠣᠩᠭᠣᠯ ᠶᠡᠬᠡ ᠲᠠᠯ᠎ᠠ ᠵᠢ ᠡᠷᠬᠢᠮᠯᠡᠵᠦ᠍᠂ ᠲᠡᠦᠭᠡᠳᠦ ᠬᠠᠷᠢᠭᠤᠴᠠᠯᠭ᠎ᠠ᠎ᠪᠡᠨ ᠡᠬᠦᠷᠬᠡᠯᠡᠬᠦ᠎ᠳᠤ ᠡᠷᠬᠡᠪᠰᠢ ᠤᠯᠤᠰ ᠤᠷᠤᠨ᠎ᠤ ᠨᠢᠭᠡᠳᠦᠯ᠂ ᠦᠨᠳᠦᠰᠦᠲᠡᠨ ᠤ᠋ ᠪᠦᠯᠬᠦᠮᠳᠡᠯ ᠢ᠋ ᠬᠠᠮᠠᠭᠠᠯᠠᠬᠤ ᠴᠢᠬᠤᠯᠠ ᠶᠡᠬᠡ ᠤᠯᠤᠰ ᠲᠦᠷᠦ᠍ ᠵᠢᠨ ᠬᠠᠷᠢᠭᠤᠴᠠᠯᠭ᠎ᠠ᠎ᠵᠢ ᠡᠭᠦᠷᠭᠡᠯᠡᠵᠦ᠂ ᠰᠠᠢᠲᠤᠷ ᠭᠦᠢᠴᠡᠳᠭᠡᠬᠦ᠌ ᠬᠡᠷᠡᠭ᠌ᠲᠡᠢ ᠬᠡᠵᠤ ᠵᠢᠭᠠᠨ ᠭᠠᠷᠭᠠᠵᠡᠢ᠃ ᠥᠪᠡᠷᠲᠡᠭᠡᠨ ᠎ᠵᠠᠰᠠᠬᠤ ᠣᠷᠣᠨ ᠎ᠤ ᠎ᠦᠨᠳᠦᠰᠦᠲᠡᠨ ᠎ᠤ᠋ ᠎ᠬᠡᠷᠡᠭ ᠡᠷᠬᠢᠯᠡᠬᠦ᠌ ᠵᠥᠪᠯᠡᠯ ᠤ᠋ᠨ ᠬᠠᠷᠢᠭᠤᠴᠠᠯᠭᠠᠲᠠᠨ᠎ᠡᠴᠡ᠂ ᠦᠨᠳᠦᠰᠦᠲᠡᠨ ᠤ᠋ ᠠᠵᠢᠯ᠎ᠤᠨ ᠭᠣᠣᠯ ᠬᠠᠷᠢᠭᠤᠴᠠᠯᠭᠠᠲᠤ ᠰᠠᠯᠠᠭ᠎ᠠ ᠮᠥᠴᠢᠷ ᠪᠣᠯᠤᠭ᠍ᠰᠠᠨ᠎ᠤ ᠬᠤᠪᠢ ᠳ᠋ᠤ᠂ ᠪᠦᠬᠦ᠌ ᠣᠷᠣᠨ᠎ᠤ ᠦᠨᠳᠦᠰᠦᠲᠡᠨ ᠤ᠋ ᠬᠡᠷᠡᠭ ᠡᠷᠬᠢᠯᠡᠬᠦ᠌ ᠵᠥᠪᠯᠡᠯ ᠤ᠋ᠨ ᠱᠢᠰᠲᠸᠮ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ ᠵᠢᠨ ᠨᠠᠮ᠎ᠤᠨ ᠲᠥᠯᠥᠭᠡᠯᠡᠭ᠌ᠴᠢᠳ᠎ᠤ᠋ᠨ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠵᠢ ᠨᠠᠮ᠎ᠤᠨ ᠦᠨᠳᠦᠰᠦᠲᠡᠨ ᠤ᠋ ᠠᠵᠢᠯ᠎ᠤᠨ ᠪᠦᠬᠦ᠌ ᠶᠠᠪᠤᠴᠠ᠎ᠵᠢᠨ ᠡᠯ᠎ᠡ ᠲᠠᠯ᠎ᠠ ᠳ᠋ᠤ ᠦᠨᠡᠨ᠎ᠬᠦ ᠲᠤᠭᠤᠱᠢᠯᠠᠭᠤᠯᠵᠤ᠂ ᠱᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ ᠤ᠋ ᠠᠵᠢᠯ᠎ᠤᠨ ᠴᠢᠨᠠᠷ ᠰᠠᠢᠲᠠᠢ ᠬᠥᠭ᠌ᠵᠢᠯᠲᠡ ᠵᠢ ᠠᠬᠢᠭᠤᠯᠤᠨ᠎ᠠ ᠭᠡᠵᠦ᠍ ᠢᠯᠡᠳᠭᠡᠪᠡ ᠃


QQ图片20211213094140.png


ᠬᠥᠬᠡᠬᠣᠲᠠ᠎ᠦᠨᠳᠦᠰᠦᠳᠡᠨ᠎ᠤ᠋᠎ᠪᠦᠯᠬᠦᠮᠳᠡᠯ᠎ᠢ᠋᠎ᠠᠬᠢᠭᠤᠯᠬᠤ᠎ᠤᠬᠠᠭᠤᠯᠭ᠎ᠠ᠎ᠶ᠋ᠢᠨ ᠠᠵᠢᠯᠯᠠᠭ᠎ᠠ ᠥᠷᠨᠢᠭᠦᠯᠪᠡ


QQ图片20211213094124.png


ᠬᠦ᠍ᠶ᠋ᠬᠡᠬᠣᠳᠠ᠎ᠶ᠋ᠢᠨ᠎ᠢᠦᠢᠴᠢᠤᠸᠠᠨ ᠲᠣᠭᠣᠷᠢᠭ᠎ᠤᠨ ᠴᠢᠩ ᠴᠢᠸ᠋ᠸᠠᠨ ᠵᠡᠭᠡᠯᠢ᠎ᠶ᠋ᠢᠨ ᠨᠡᠢᠭᠡᠮ ᠲᠣᠭᠣᠷᠢᠭ᠎ᠤᠨ ᠡᠯ᠎ᠡ ᠦᠨᠳᠦᠰᠦᠳᠡᠨ᠎ᠤ ᠰᠠᠭᠤᠭᠠᠯᠢ ᠠᠷᠠᠳ ᠲᠠᠪᠤᠨ ᠰᠠᠷ᠎ᠠ ᠵᠢᠨ ᠰᠢᠨ᠎ᠡ ᠵᠢᠨ ᠲᠠᠪᠤᠨ᠎ᠤ ᠪᠠᠶᠠᠷ᠎ᠢ ᠬᠠᠮᠲᠤ᠎ᠪᠠᠷ ᠪᠡᠯᠭᠡᠯᠡᠨ᠎ᠡ

ᠰᠤᠷᠪᠤᠯᠵᠢᠯᠠᠭ᠍ᠴᠢ ᠸᠠᠩ ᠯᠸᠢ ᠰᠡᠭᠦᠳᠡᠷᠯᠡᠪᠡ


QQ图片20211213094131.png


ᠬᠠᠩᠭᠢᠨ ᠬᠣᠱᠢᠭᠤ ᠰᠤᠷᠤᠭ᠍ᠴᠢᠳ ᠵᠢᠡᠨ ᠵᠣᠬᠢᠶᠠᠨ ᠪᠠᠢᠭᠤᠯᠵᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠰᠤᠷᠭᠠᠨ ᠬᠥᠮᠦᠵᠢᠯ᠎ᠦᠨ ᠦᠵᠡᠭᠦᠯᠭᠡ᠎ᠶ᠋ᠢᠨ ᠲᠢᠩᠬᠢᠮ᠎ᠢ ᠲᠣᠭᠣᠷᠢᠨ ᠦᠵᠡᠪᠡ


ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠡᠨᠡ ᠬᠦ᠌ ᠱᠢᠨ᠎ᠡ ᠴᠠᠭ ᠦᠶ᠎ᠡ ᠵᠢᠨ ᠦᠨᠳᠦᠰᠦᠲᠡᠨ ᠤ᠋ ᠠᠵᠢᠯ᠎ᠤᠨ 《ᠬᠥᠲᠥᠯᠪᠦᠷᠢ》 ᠵᠢ ᠭᠦᠨᠵᠡᠭᠡᠢ ᠲᠠᠨᠢᠵᠤ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠵᠢ ᠦᠨᠡᠨ ᠬᠦ᠌ ᠨᠠᠮ᠎ᠤᠨ ᠦᠨᠳᠦᠰᠦᠲᠡᠨ ᠤ᠋ ᠠᠵᠢᠯ᠎ᠤᠨ ᠪᠦᠬᠦ᠌ ᠶᠠᠪᠤᠴᠠ ᠡᠯ᠎ᠡ ᠲᠠᠯ᠎ᠠ ᠳ᠋ᠤ ᠲᠤᠭᠤᠱᠢᠯᠠᠭᠤᠯᠵᠤ᠂ ᠪᠦᠬᠦ ᠠᠵᠢᠯ ᠢ᠋ ᠴᠥᠮ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢ ᠪᠠᠲᠤ ᠴᠣᠭ᠍ᠴᠠᠯᠠᠬᠤ ᠭᠣᠣᠯ ᠱᠢᠵᠢᠮ ᠲᠡᠢᠰᠢ ᠲᠥᠪᠯᠡᠷᠡᠭᠦᠯᠵᠦ᠍᠂᠎ᠳᠤᠮᠳᠠᠳᠤ ᠎ᠵᠢᠨ ᠎ᠦᠨᠳᠦᠰᠦᠲᠡᠨ᠎ᠤ᠋ ᠎ᠬᠠᠮᠲᠤ ᠎ᠵᠢᠨ ᠤᠶᠤᠨ ᠰᠠᠨᠠᠭᠠᠨ᠎ᠤ ᠭᠡᠷ ᠣᠷᠣᠨ᠎ᠤ ᠴᠤᠭᠴᠠᠯᠠᠯᠳᠠ ᠵᠢ ᠠᠬᠢᠭᠤᠯᠬᠤ᠂ ᠦᠨᠳᠦᠰᠦᠲᠡᠨ᠎ᠨᠦᠭᠦᠳ᠎ᠤ᠋ᠨ ᠨᠡᠢᠭᠡᠮ ᠵᠢᠷᠤᠮ ᠎ᠤᠨ ᠣᠳᠣᠬᠢᠴᠢᠯᠠᠯᠲᠠ᠎ᠲᠡᠢᠰᠢ᠎ᠬᠠᠮᠲᠤ᠎ᠪᠡᠷ᠎ᠤᠷᠤᠭ᠍ᠰᠢᠯᠠᠬᠤ ᠵᠢ ᠠᠬᠢᠭᠤᠯᠬᠤ᠂ ᠦᠨᠳᠦᠰᠦᠲᠡᠨ᠎ᠨᠦᠭᠦᠳ ᠤ᠋ᠨ᠎ᠶᠠᠪᠤᠯᠴᠠᠭ᠎ᠠ᠎ᠰᠣᠯᠢᠯᠴᠠᠭ᠎ᠠ᠎ᠠᠭᠤᠰᠤᠯᠴᠠᠯ᠎ᠢ᠋ ᠠᠬᠢᠭᠤᠯᠬᠤ ᠲᠠᠯ᠎ᠠ ᠪᠡᠷ ᠬᠣᠱᠢᠭᠤᠷᠠᠨ ᠳᠠᠭᠤᠷᠢᠶᠠᠯ ᠦᠵᠡᠭᠦᠯᠬᠦ᠌᠎ᠪᠡᠷ ᠴᠢᠷᠮᠠᠢᠨ᠎ᠠ᠃

ᠲᠥᠪ ᠤ᠋ᠨ ᠦᠨᠳᠦᠰᠦᠲᠡᠨ ᠤ᠋ ᠠᠵᠢᠯ᠎ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠦᠨᠳᠦᠰᠦᠲᠡᠨ ᠤ᠋ ᠠᠵᠢᠯ᠎ᠤᠨ ᠬᠤᠷᠠᠯ᠎ᠤᠨ ᠡᠯ᠎ᠡ ᠵᠦᠢᠯ ᠤ᠋ᠨ ᠪᠠᠢᠷᠢᠯᠠᠭᠤᠯᠤᠯᠲᠠ ᠱᠠᠭᠠᠷᠳᠠᠯᠭ᠎ᠠ ᠵᠢᠨ ᠲᠣᠭᠣᠷᠢᠨ ᠳ᠋ᠤ ᠨᠠᠢᠳᠠᠪᠤᠷᠢᠵᠢᠭᠤᠯᠤᠯᠲᠠ ᠵᠢ ᠴᠢᠩᠭ᠎ᠠ ᠠᠳᠬᠤᠨ᠎ᠠ᠃ ᠰᠠᠨᠠᠭᠠᠴᠢᠯᠠᠭ᠎ᠠ ᠡᠴᠡ᠎ᠪᠠᠨ 《ᠡᠭᠦᠷᠭᠡ ᠴᠢᠳᠠᠪᠤᠷᠢ ᠪᠠᠨ ᠬᠤᠪᠢᠷᠠᠭᠤᠯᠵᠤ᠂ ᠠᠷᠭ᠎ᠠ ᠬᠡᠯᠪᠡᠷᠢ ᠪᠠᠨ ᠬᠤᠪᠢᠷᠠᠭᠤᠯᠵᠤ᠂ ᠰᠤᠷᠲᠠᠯ᠎ᠢᠶᠡᠨ ᠬᠤᠪᠢᠷᠠᠭᠤᠯᠵᠤ》 ᠂ ᠱᠢᠨ᠎ᠡ ᠴᠠᠭ ᠦᠶ᠎ᠡ ᠵᠢᠨ ᠨᠠᠮ᠎ᠤᠨ᠎ᠦᠨᠳᠦᠰᠦᠲᠡᠨ ᠤ᠋ ᠠᠵᠢᠯ ᠢ᠋ ᠰᠠᠢᠲᠤᠷ ᠬᠢᠬᠦ᠌ ᠲᠤᠬᠠᠶ ᠰᠠᠨᠠᠯ ᠰᠠᠨᠠᠭᠤᠯᠭ᠎ᠠ ᠵᠢ ᠰᠣᠨᠣᠰᠴᠤ᠌᠂ ᠨᠢᠭᠡ ᠪᠦᠯᠦᠭ ᠣᠯᠠᠨ ᠲᠦᠮᠡᠨ ᠤ᠋ ᠪᠠᠴᠢᠮ ᠲᠤᠯᠭᠠᠮ ᠬᠦᠴᠢᠷ ᠠᠰᠠᠭᠤᠳᠠᠯ᠎ᠢ᠋ ᠬᠦᠴᠦᠯᠡᠨ ᠰᠢᠢᠳᠪᠤᠷᠢᠯᠡᠨ᠎ᠠ᠃ ᠦᠨᠳᠦᠰᠦᠲᠡᠨ ᠤ᠋ ᠠᠵᠢᠯ᠎ᠤᠨ ᠭᠤᠤᠯᠳᠠᠯᠭ᠎ᠠ ᠳᠠᠢ ᠡᠭᠦᠷᠭᠡ ᠵᠢ ᠠᠬᠢᠭᠤᠯᠬᠤ ᠲᠥᠰᠦᠯ ᠢ᠋ ᠲᠣᠭ᠍ᠲᠠᠭᠠᠵᠤ᠂ ᠡᠯ᠎ᠡ ᠵᠦᠶ᠋ᠯ ᠤ᠋ᠨ ᠠᠵᠢᠯ᠎ᠤᠨ ᠠᠷᠭ᠎ᠠ ᠬᠡᠮᠵᠢᠶ᠎ᠡ ᠵᠢ ᠨᠠᠢᠳᠠᠪᠤᠷᠢᠵᠢᠭᠤᠯᠵᠤ᠂ ᠱᠢᠨ᠎ᠡ ᠴᠠᠭ ᠦᠶ᠎ᠡ ᠵᠢᠨ ᠥᠪᠥᠷ ᠮᠣᠩᠭᠣᠯ᠎ᠤᠨ ᠦᠨᠳᠦᠰᠦᠲᠡᠨ ᠤ᠋ ᠠᠵᠢᠯ᠎ᠤᠨ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠬᠤ ᠲᠠᠯ᠎ᠠ ᠪᠡᠷ ᠱᠢᠨ᠎ᠡ ᠬᠤᠪᠢ ᠨᠡᠮᠡᠷᠢ ᠦᠵᠡᠭᠦᠯᠬᠦ᠌᠎ᠪᠡᠷ ᠴᠢᠷᠮᠠᠢᠨ᠎ᠠ ᠃

ᠦᠨᠳᠦᠰᠦᠲᠡᠨ ᠤ᠋ ᠠᠵᠢᠯ᠎ᠤᠨ ᠮᠡᠳᠡᠭᠡ ᠵᠠᠩᠭᠢᠵᠢᠯᠲᠠ᠂ ᠲᠣᠭᠠᠴᠢᠯᠠᠯᠲᠠ ᠵᠢ ᠲᠦᠷᠭᠡᠳᠭᠡᠨ ᠠᠬᠢᠭᠤᠯᠵᠤ᠂ 《ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ》ᠲᠣᠭᠠᠴᠢᠯᠠᠭ᠍ᠰᠠᠨ ᠲᠠᠪᠴᠠᠩ᠎ᠢ᠋ ᠪᠠᠢᠭᠤᠯᠤᠨ᠎ᠠ᠃ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠲᠡᠶ ᠬᠠᠮᠵᠢᠯᠴᠠᠨ ᠤᠳᠤᠷᠢᠳᠭᠤ ᠪᠠᠭ᠎ᠤᠨ 《ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ》 ᠠᠵᠢᠯ᠎ᠤᠨ ᠠᠮᠵᠢᠯᠲᠠ ᠪᠦᠲᠦᠮᠵᠢ ᠵᠢ ᠬᠢᠨᠠᠨ ᠱᠢᠯᠭᠠᠬᠤ ᠠᠵᠢᠯ ᠢ᠋ ᠦᠷᠨᠢᠬᠦᠯᠦᠨ᠎ᠠ᠃ ᠠᠵᠢᠯ᠎ᠤᠨ ᠭᠣᠣᠯ ᠱᠢᠵᠢᠮ ᠤ᠋ᠨ ᠲᠣᠭᠣᠷᠢᠨ ᠳ᠋ᠤ᠂ ᠦᠨᠳᠦᠰᠦᠲᠡᠨ ᠤ᠋ ᠬᠡᠷᠡᠭ ᠡᠷᠬᠢᠯᠡᠬᠦ᠌ ᠵᠥᠪᠯᠡᠯ ᠤ᠋ᠨ ᠺᠠᠳ᠋ᠷ᠎ᠤᠨ ᠡᠩᠨᠡᠭᠡᠨ ᠤ᠋ ᠪᠠᠢᠭᠤᠯᠤᠯᠲᠠ ᠵᠢ ᠴᠢᠩᠭᠠᠳᠭᠠᠵᠤ᠂ ᠦᠨᠳᠦᠰᠦᠲᠡᠨ ᠤ᠋ ᠠᠵᠢᠯ᠎ᠤᠨ ᠰᠠᠯᠠᠭ᠎ᠠ ᠮᠥᠴᠢᠷ ᠤ᠋ᠨ ᠡᠭᠦᠷᠭᠡ ᠴᠢᠳᠠᠪᠤᠷᠢ ᠵᠢ ᠱᠢᠯᠢᠳᠡᠭ᠌ᠵᠢᠭᠦᠯᠬᠦ᠌ ᠪᠠ ᠡᠭᠦᠷᠭᠡ ᠬᠠᠷᠢᠭᠤᠴᠠᠯᠭ᠎ᠠ᠎ᠳᠤ ᠲᠤᠬᠢᠷᠠᠭᠤᠯᠤᠯᠳᠡ ᠬᠢᠬᠦ᠎ᠵᠢ ᠠᠬᠢᠭᠤᠯᠤᠨ᠂ ᠦᠨᠳᠦᠰᠦᠨ ᠱᠠᠲᠤᠨ᠎ᠤ ᠦᠨᠳᠦᠰᠦᠲᠡᠨ ᠤ᠋ ᠠᠵᠢᠯ᠎ᠤᠨ ᠬᠦᠴᠦᠨ ᠢ᠋ ᠴᠢᠨᠭᠭᠠᠳᠬᠠᠵᠤ᠂ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠬᠦ᠌ ᠴᠢᠳᠠᠪᠤᠷᠢ ᠪᠠ ᠲᠦᠪᠱᠢᠨ ᠢ᠋ ᠲᠠᠰᠤᠷᠠᠯᠲᠠ ᠦᠭᠡᠢ ᠳᠡᠭᠡᠭ᠌ᠰᠢᠯᠡᠭᠦᠯᠦᠨ᠎ᠡ ᠃

ᠦᠨᠳᠦᠰᠦᠲᠡᠨ ᠤ᠋ ᠬᠡᠷᠡᠭ ᠡᠷᠬᠢᠯᠡᠬᠦ ᠵᠥᠪᠯᠡᠯ ᠤ᠋ᠨ ᠬᠡᠰᠢᠬᠦᠨ᠎ᠤ᠋ ᠠᠵᠢᠯ᠎ᠤᠨ ᠲᠣᠭ᠍ᠲᠠᠴᠠ᠂ ᠨᠠᠮ ᠎ᠤᠨ ᠎ᠦᠨᠳᠦᠰᠦᠲᠡᠨ ᠎ᠤ᠋ ᠠᠵᠢᠯ᠎ᠤᠨ ᠦᠷ᠎ᠠ ᠪᠦᠳᠦᠮᠵᠢ᠎ᠵᠢ ᠦᠨᠡᠯᠡᠬᠦ᠌ ᠲᠣᠭ᠍ᠲᠠᠴᠠ᠂ ᠦᠨᠳᠦᠰᠦᠲᠡᠨ ᠤ᠋ ᠪᠦᠯᠬᠦᠮᠳᠡᠯ ᠳᠠᠪᠱᠢᠯᠲᠠ ᠵᠢ ᠡᠭᠦᠳᠦᠨ ᠪᠠᠢᠭᠤᠯᠬᠤ ᠵᠢ ᠦᠨᠡᠯᠡᠨ ᠵᠢᠱ᠌ᠢᠵᠤ ᠮᠠᠭᠠᠳᠯᠠᠨ ᠲᠣᠭ᠍ᠲᠠᠭᠠᠬᠤ ᠲᠣᠭ᠍ᠲᠠᠴᠠ ᠵᠡᠷᠭᠡ ᠨᠠᠮ᠎ᠤᠨ ᠦᠨᠳᠦᠰᠦᠲᠡᠨ ᠤ᠋ ᠠᠵᠢᠯ᠎ᠤᠨ ᠡᠯ᠎ᠡ ᠵᠦᠶ᠋ᠯ ᠤ᠋ᠨ ᠪᠠᠲᠤᠯᠠᠭ᠎ᠠ᠎ᠵᠢᠨ ᠲᠣᠭ᠍ᠲᠠᠴᠠ ᠵᠢ ᠬᠦᠴᠦᠯᠡᠨ ᠪᠠᠢᠭᠤᠯᠵᠦ ᠪᠦᠷᠢᠨᠱᠢᠭᠦᠯᠤᠨ᠂ ᠱᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ ᠤ᠋ ᠠᠵᠢᠯ᠎ᠤᠨ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠵᠤ᠂ 《 ᠵᠢᠱ᠌ᠢᠶᠡᠴᠢ ᠥᠪᠡᠷᠲᠡᠭᠡᠨ ᠵᠠᠰᠠᠬᠤ ᠣᠷᠣᠨ 》 ᠎ᠤ᠋ ᠡᠷᠬᠢᠮ ᠳᠡᠭᠡᠳᠦ ᠢᠷᠠᠭᠤ ᠠᠯᠳᠠᠷ ᠢ᠋ ᠰᠠᠢᠲᠤᠷ ᠬᠠᠮᠠᠭᠠᠯᠠᠬᠤ ᠳ᠋ᠤ ᠬᠦᠴᠦᠨ ᠴᠢᠳᠠᠯ᠎ᠢᠶᠡᠨ ᠡᠷᠭᠦᠨ᠎ᠡ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面