ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠭᠦᠨᠵᠡᠭᠡᠢ ᠲᠠᠢᠯᠤᠮᠵᠢ

2021-12-13 11:34:51

ᠵᠣᠬᠢᠶᠠᠭ᠍ᠴᠢ᠄ ᠯᠢ ᠶᠦᠩ ᠲᠤᠤ ᠣᠩᠱᠢᠭ᠍ᠰᠠᠨ ᠣᠳᠠᠭ᠎ᠠ᠄ 3

— ᠥᠪᠡᠷᠲᠡᠭᠡᠨ ᠵᠠᠰᠠᠬᠤ ᠣᠷᠣᠨ᠎ᠤ ᠬᠣᠷᠸ᠎ᠠ ᠠᠵᠤ ᠠᠬᠤᠶ᠎ᠶ᠋ᠢᠨ ᠰᠤᠳᠤᠯᠭᠠᠨ᠎ᠤ ᠲᠥᠪ᠎ᠦᠨ ᠲᠤᠰᠠᠯᠠᠭ᠍ᠴᠢ ᠰᠤᠳᠤᠯᠤᠭ᠍ᠴᠢ ᠭᠤᠤ ᠬᠣᠩ ᠶᠠᠨ᠎ᠢ ᠰᠤᠷᠪᠤᠯᠵᠢᠯᠠᠭ᠍ᠰᠠᠨ᠎ᠨᠢ

ᠭᠣᠣᠯ ᠰᠠᠨᠠᠭᠤᠯᠤᠮᠵᠢ

ᠥᠪᠥᠷ ᠮᠣᠩᠭᠣᠯ ᠶᠡᠬᠡ ᠲᠠᠯ᠎ᠠ᠎ᠶ᠋ᠢ ᠡᠷᠬᠢᠮᠯᠡᠵᠦ᠂ ᠡᠭᠦᠷᠭᠡ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠵᠠᠪᠠᠯ ᠤᠯᠤᠰ᠎ᠤᠨ ᠬᠦᠷᠰᠢ ᠵᠡᠷᠬᠡᠯᠡᠳᠡᠬᠡ ᠵᠢ ᠡᠪᠯᠡᠵᠦ ᠵᠠᠰᠠᠬᠤ ᠪᠤᠯᠤᠨ ᠭᠠᠳᠠᠭᠠᠳᠤ ᠨᠡᠭᠡᠭᠡᠯᠲᠡ᠎ᠵᠢᠨ ᠪᠠᠢᠯᠳᠤᠬᠤ ᠪᠣᠳᠣᠯᠭ᠎ᠠ᠎ᠳᠤ ᠦᠶ᠋ᠯᠡᠴᠢᠯᠡᠬᠦ᠌ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍ ᠰᠠᠢᠲᠤᠷ ᠭᠦᠶ᠋ᠴᠡᠳᠭᠡᠬᠦ᠌ ᠬᠡᠷᠡᠭ᠌ᠲᠡᠶ᠃ ᠪᠢᠳᠡ ᠭᠠᠳᠠᠭᠠᠳᠤ ᠨᠡᠬᠡᠬᠡᠯᠳᠡ᠎ᠶ᠋ᠢ ᠪᠦᠬᠦ᠌ ᠲᠠᠯ᠎ᠠ᠎ᠪᠠᠷ ᠥᠷᠭᠡᠳᠭᠡᠵᠦ᠍᠂ 《ᠨᠢᠭᠡ ᠪᠦᠰᠡ ᠨᠢᠭᠡ ᠵᠠᠮ》᠎ᠢ᠋ ᠬᠠᠮᠲᠤ᠎ᠪᠠᠷ ᠪᠦᠳᠦᠬᠡᠨ ᠪᠠᠢᠭᠤᠯᠬᠤ᠎ᠳᠤ ᠢᠳᠡᠪᠬᠢᠲᠡᠢ ᠠᠭᠤᠰᠤᠯᠴᠠᠵᠤ᠂ ᠣᠷᠣᠨ ᠪᠦᠰᠡ᠎ᠶ᠋ᠢᠨ ᠠᠵᠤ ᠠᠬᠤᠢ᠎ᠶ᠋ᠢᠨ ᠬᠠᠮᠲᠤᠷᠠᠯᠴᠠᠭ᠎ᠠ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠳᠣᠲᠣᠭᠠᠳᠤ ᠭᠠᠳᠠᠭᠠᠳᠤ᠎ᠶ᠋ᠢ ᠬᠣᠯᠪᠣᠭ᠍ᠰᠠᠨ᠂ ᠡᠷᠬᠢᠨ ᠲᠣᠭᠣᠷᠢᠨ᠎ᠢ ᠨᠥᠯᠥᠭᠡᠯᠡᠭ᠌ᠰᠡᠨ᠂ ᠡᠬᠢ ᠪᠠᠶᠠᠯᠢᠭ᠎ᠢ ᠲᠥᠪᠯᠡᠷᠡᠭᠦᠯᠵᠦ ᠲᠠᠷᠬᠠᠭᠠᠭ᠍ᠰᠠᠨ᠂ ᠴᠢᠬᠤᠯᠠ ᠡᠯᠧᠮᠧᠨ᠋ᠲ᠎ᠢ ᠠᠭᠤᠰᠤᠯᠴᠠᠭᠤᠯᠤᠨ ᠨᠡᠪᠲᠡᠷᠡᠭᠦᠯᠦᠭ᠌ᠰᠡᠨ ᠪᠦᠬᠦ᠌ ᠣᠷᠣᠨ ᠪᠦᠰᠡ᠎ᠶ᠋ᠢᠨ ᠨᠡᠬᠡᠬᠡᠯᠳᠡᠳᠦ ᠲᠠᠪᠴᠠᠩ᠎ᠢ ᠲᠦᠷᠭᠡᠳᠭᠡᠨ ᠪᠠᠢᠭᠤᠯᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠳᠤᠮᠤ ᠵᠠᠬ᠎ᠠ ᠳᠡᠯᠭᠡᠭᠦᠷ᠎ᠲᠦ ᠭᠦᠨᠵᠡᠭᠡᠢ ᠠᠭᠤᠰᠤᠯᠴᠠᠵᠤ ᠂ ᠣᠷᠣᠨ ᠪᠠᠢᠷᠢ᠎ᠶ᠋ᠢᠨ ᠳᠠᠪᠠᠭᠤᠯᠢᠭ᠎ᠢᠶᠠᠨ ᠨᠡᠬᠡᠬᠡᠯᠳᠡ᠎ᠶ᠋ᠢᠨ ᠳᠠᠪᠠᠭᠤᠯᠢᠭ᠂ ᠬᠥᠭ᠌ᠵᠢᠯᠲᠡ᠎ᠶ᠋ᠢᠨ ᠳᠠᠪᠠᠭᠤᠯᠢᠭ ᠪᠣᠯᠭᠠᠨ ᠰᠠᠢᠲᠤᠷ ᠬᠤᠪᠢᠷᠠᠭᠤᠯᠵᠤ᠂ ᠮᠠᠨ᠎ᠤ ᠤᠯᠤᠰ᠎ᠤᠨ᠎ᠳᠣᠲᠣᠭᠠᠳᠤ ᠬᠠᠭᠤᠷᠠᠢ᠎ᠶ᠋ᠢᠨ ᠨᠡᠬᠡᠬᠡᠯᠳᠡ᠎ᠶ᠋ᠢᠨ ᠥᠨᠳᠥᠷᠯᠢᠭ ᠪᠣᠯᠤᠨ ᠬᠢᠯᠢ ᠳᠠᠭᠠᠤ᠎ᠶᠢᠨ ᠨᠡᠬᠡᠬᠡᠯᠳᠡ᠎ᠶ᠋ᠢᠨ ᠴᠢᠬᠤᠯᠠ ᠲᠤᠯᠬᠤ ᠴᠡᠭ᠎ᠢ ᠱᠤᠭᠤᠨ᠎ᠠ᠃




ᠥᠪᠥᠷ ᠮᠣᠩᠭᠣᠯ ᠨᠢ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠂ 《ᠨᠢᠭᠡ ᠪᠦᠰᠡ ᠨᠢᠭᠡ ᠵᠠᠮ》ᠤ᠋ᠨ ᠪᠥᠲᠥᠭᠡᠨ ᠪᠠᠢᠭᠤᠯᠤᠯᠲᠠ᠎ᠶ᠋ᠢᠨ ᠴᠢᠬᠤᠯᠠ ᠣᠷᠣᠯᠴᠠᠭ᠍ᠴᠢ ᠪᠠ ᠠᠬᠢᠭᠤᠯᠤᠭ᠍ᠴᠢ᠂《ᠧᠦ᠋ᠷᠣᠫᠠ ᠠᠽᠢᠶ᠎ᠠ᠎ᠶ᠋ᠢᠨ ᠶᠡᠬᠡ ᠵᠠᠮ》ᠤ᠋ᠨ ᠴᠢᠬᠤᠯᠠ ᠵᠠᠩᠭᠢᠯᠠᠭ᠎ᠠ᠎ᠶ᠋ᠢᠨ ᠴᠡᠭ ᠪᠣᠯᠤᠭ᠍ᠰᠠᠨ᠎ᠤ ᠬᠤᠪᠢ᠎ᠳᠤ᠂《ᠳᠤᠮᠳᠠᠳᠤ ᠮᠣᠩᠭᠣᠯ ᠣᠷᠣᠰ᠎ᠤᠨ ᠠᠵᠤ ᠠᠬᠤᠶ᠎ᠶ᠋ᠢᠨ ᠬᠣᠩᠭᠢᠯ》 ᠎ᠢ᠋ ᠪᠥᠲᠥᠭᠡᠨ ᠪᠠᠢᠭᠤᠯᠬᠤ ᠴᠢᠬᠤᠯᠠ ᠲᠤᠯᠬᠤ ᠴᠡᠭ ᠪᠣᠯᠵᠣ᠂ ᠡᠬᠡ ᠤᠯᠤᠰ᠎ᠤᠨ᠎ᠤᠮᠠᠷᠠᠰᠢ᠎ᠨᠡᠭᠡᠭᠡᠯᠲᠡ᠎ᠬᠢᠬᠦ᠌ ᠴᠢᠬᠤᠯᠠ ᠴᠤᠩᠬᠤᠪᠴᠢ᠎ᠶ᠋ᠢᠨ ᠦᠶ᠋ᠯᠡᠳᠦᠯ᠎ᠢ ᠪᠠᠳᠠᠷᠠᠭᠤᠯᠵᠤ᠂ ᠤᠯᠤᠰ᠎ᠤᠨ《ᠨᠢᠭᠡ ᠪᠦᠰᠡ ᠨᠢᠭᠡ ᠵᠠᠮ》 ᠎ᠤ᠋ᠨ ᠰᠠᠨᠠᠭᠠᠴᠢᠯᠠᠭ᠎ᠠ᠎ᠳᠤ ᠴᠢᠬᠤᠯᠠ ᠦᠢᠯᠡᠳᠦᠯ ᠦᠵᠡᠭᠦᠯᠵᠦ᠍ ᠪᠠᠢᠳᠠᠭ᠃ ᠥᠪᠥᠷ ᠮᠣᠩᠭᠣᠯ᠎ᠢ ᠮᠠᠨ᠎ᠤ ᠤᠯᠤᠰ᠎ᠤᠨ ᠤᠮᠠᠷᠠᠰᠢ ᠨᠡᠬᠡᠬᠡᠯᠳᠡ ᠬᠢᠬᠦ᠌ ᠴᠢᠬᠤᠯᠠ ᠪᠡᠬᠢᠯᠡᠯᠲᠡ ᠪᠣᠯᠭᠠᠨ ᠪᠦᠳᠦᠬᠡᠨ ᠪᠠᠢᠭᠤᠯᠬᠤ ᠪᠣᠯ ᠶᠡᠷᠦᠩᠬᠡᠢ ᠱᠦᠵᠢ ᠰᠢ᠎ᠶ᠋ᠢᠨ ᠫᠢᠩ᠎ᠦᠨ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠣᠶᠠᠷ ᠶᠡᠬᠡ ᠲᠠᠯ᠎ᠠ᠎ᠶ᠋ᠢ ᠨᠢᠭᠡᠳᠦᠯᠲᠡᠢ ᠲᠥᠯᠥᠪᠵᠢᠭᠦᠯᠬᠦ᠌ ᠦᠨᠳᠦᠷᠴᠡ ᠡᠴᠡ ᠥᠪᠥᠷ ᠮᠣᠩᠭᠣᠯ᠎ᠤᠨ ᠪᠠᠢᠳᠠᠯ᠎ᠳᠤ ᠲᠤᠬᠢᠷᠠᠭᠤᠯᠤᠨ ᠲᠣᠭ᠍ᠲᠠᠭᠠᠵᠤ ᠥᠭ᠌ᠭᠦᠭ᠌ᠰᠡᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ ᠪᠣᠯᠤᠨ᠎ᠠ᠃

ᠮᠠᠨ᠎ᠤ ᠣᠷᠣᠨ᠎ᠤ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠦᠪᠱᠢᠨ᠎ᠢ ᠬᠦᠴᠦᠯᠡᠨ ᠳᠡᠭᠡᠭ᠌ᠰᠢᠯᠡᠭᠦᠯᠬᠦ᠌᠎ᠨᠢ《ᠨᠢᠭᠡ ᠪᠦᠰᠡ ᠨᠢᠭᠡ ᠵᠠᠮ》 ᠎ᠢ᠋ ᠬᠠᠮᠲᠤ᠎ᠪᠠᠷ ᠪᠥᠲᠥᠭᠡᠨ ᠪᠠᠢᠭᠤᠯᠬᠤ᠎ᠶ᠋ᠢᠨ ᠴᠢᠨᠠᠷ ᠰᠠᠢᠲᠠᠶ ᠬᠥᠭ᠌ᠵᠢᠯᠲᠡ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠤᠰ ᠣᠷᠴᠢᠯ᠎ᠢ ᠴᠣᠭ᠍ᠴᠠᠯᠠᠬᠤ ᠪᠠᠢᠯᠳᠤᠬᠤ ᠪᠣᠳᠣᠯᠭ᠎ᠠ᠎ᠶ᠋ᠢᠨ ᠲᠤᠯᠬᠤ ᠴᠡᠭ᠎ᠢ ᠠᠭᠤᠰᠤᠯᠴᠠᠭᠤᠯᠬᠤ ᠪᠠ ᠠᠬᠢᠭᠤᠯᠬᠤ᠎ᠳᠤ ᠠᠱᠢᠭ᠍ᠲᠠᠶ ᠪᠠᠢᠵᠤ᠂ ᠮᠠᠨ᠎ᠤ ᠤᠯᠤᠰ᠎ᠤᠨ ᠲᠡᠯᠡᠶ ᠳᠠᠭᠠᠤ ᠳᠣᠲᠣᠭᠠᠳᠤ ᠬᠠᠭᠤᠷᠠᠶ ᠬᠢᠯᠢ ᠳᠠᠭᠠᠤ ᠬᠠᠮᠵᠢᠯᠴᠠᠨ ᠬᠥᠳᠡᠯᠦᠯᠴᠡᠬᠦ᠌ ᠪᠥᠬᠥ᠌ ᠲᠠᠯ᠎ᠠ᠎ᠶ᠋ᠢᠨ ᠨᠡᠭᠡᠭᠡᠯᠲᠡ ᠬᠢᠬᠦ ᠱᠢᠨ᠎ᠡ ᠪᠠᠢᠷᠢᠱᠢᠯ᠎ᠢ ᠪᠦᠷᠢᠯᠳᠦᠭᠦᠯᠬᠦ᠌᠎ᠶ᠋ᠢ ᠠᠬᠢᠭᠤᠯᠬᠤ ᠪᠣᠯ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠪᠡᠶᠡᠯᠡᠭᠦᠯᠬᠦ᠌᠎ᠶ᠋ᠢᠨ ᠵᠠᠢᠯᠠᠰᠢ ᠥᠬᠡᠶ ᠵᠠᠮ ᠮᠥᠨ᠂ ᠪᠠᠰᠠ ᠴᠤ᠌ ᠥᠪᠥᠷ ᠮᠣᠩᠭᠣᠯ᠎ᠤᠨ ᠥᠨᠳᠥᠷ ᠲᠦᠪᠱᠢᠨ ᠪᠥᠬᠥᠶ ᠦᠶ᠋ᠯᠡᠴᠢᠯᠡᠭᠡ ᠪᠠ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠤᠰ ᠣᠷᠴᠢᠯ᠎ᠳᠤ ᠠᠭᠤᠰᠤᠯᠴᠠᠬᠤ᠎ᠶ᠋ᠢᠨ ᠴᠢᠬᠤᠯᠠ ᠭᠠᠷᠳᠠᠴᠠ ᠮᠥᠨ᠂ ᠥᠪᠥᠷ ᠮᠣᠩᠭᠣᠯ᠎ᠤᠨ ᠨᠠᠩ ᠥᠨᠳᠥᠷ ᠲᠦᠪᠱᠢᠨ ᠪᠥᠬᠥᠶ ᠨᠡᠭᠡᠭᠡᠯᠲᠡᠲᠦ ᠬᠡᠯᠪᠡᠷᠢ᠎ᠶ᠋ᠢᠨ ᠠᠵᠤ ᠠᠬᠤᠶ᠎ᠶ᠋ᠢᠨ ᠪᠠᠢᠭᠤᠯᠤᠮᠵᠢ ᠪᠠᠢᠭᠤᠯᠬᠤ᠎ᠶ᠋ᠢ ᠠᠬᠢᠭᠤᠯᠬᠤ ᠪᠦᠲᠦᠮᠵᠢᠲᠡᠶ ᠠᠷᠭ᠎ᠠ ᠵᠠᠮ ᠮᠥᠨ᠃

ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠮᠠᠨ᠎ᠤ ᠣᠷᠣᠨ᠎ᠤ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢ ᠎ᠴᠣᠭ᠍ᠴᠠᠯᠠᠬᠤ ᠎ᠪᠠᠢᠯᠳᠤᠬᠤ ᠎ᠪᠣᠳᠣᠯᠭ᠎ᠠ ᠎ᠶ᠋ᠢᠨ ᠎ᠪᠠᠢᠷᠢ ᠲᠣᠭ᠍ᠲᠠᠭᠠᠯᠲᠠ᠎ᠶ᠋ᠢᠨ ᠲᠣᠭᠣᠷᠢᠨ᠎ᠳᠤ᠂ ᠥᠪᠡᠷ᠎ᠦᠨ ᠨᠡᠭᠡᠭᠡᠯᠲᠡ᠎ᠪᠡᠨ ᠤᠯᠤᠰ᠎ᠤᠨ ᠨᠡᠭᠡᠭᠡᠯᠲᠡ᠎ᠶ᠋ᠢᠨ ᠶᠡᠷᠦᠩᠬᠡᠶ ᠪᠠᠢᠷᠢᠱᠢᠭᠤᠯᠤᠯᠲᠠ᠎ᠳᠤ ᠠᠭᠤᠰᠤᠯᠴᠠᠭᠤᠯᠵᠤ᠂ ᠥᠪᠥᠷ ᠮᠣᠩᠭᠣᠯ᠎ᠤᠨ ᠣᠷᠣᠨ ᠪᠠᠢᠷᠢ᠎ᠶ᠋ᠢᠨ ᠳᠠᠪᠠᠭᠤᠯᠢᠭ᠎ᠢᠶᠠᠨ ᠨᠡᠭᠡᠭᠡᠯᠲᠡ᠎ᠶ᠋ᠢᠨ ᠳᠠᠪᠠᠭᠤᠯᠢᠭ᠂ ᠬᠥᠭ᠌ᠵᠢᠯᠲᠡ᠎ᠶ᠋ᠢᠨ ᠳᠠᠪᠠᠭᠤᠯᠢᠭ ᠪᠣᠯᠭᠠᠨ ᠬᠤᠪᠢᠷᠠᠭᠤᠯᠬᠤ᠎ᠶ᠋ᠢ ᠠᠬᠢᠭᠤᠯᠵᠤ᠂ ᠥᠪᠥᠷ ᠮᠣᠩᠭᠣᠯ᠎ᠠᠴᠠ ᠭᠠᠷᠴᠤ᠌ ᠥᠪᠥᠷ ᠮᠣᠩᠭᠣᠯ᠎ᠢ ᠦᠵᠡᠬᠦ᠂ ᠤᠯᠤᠰ᠎ᠤᠨ ᠳᠣᠲᠣᠭᠠᠳᠤ᠎ᠶ᠋ᠢᠨ ᠶᠡᠬᠡ ᠣᠷᠴᠢᠯ᠎ᠳᠤ ᠭᠦᠶ᠋ᠴᠡᠳ ᠠᠭᠤᠰᠤᠯᠴᠠᠵᠤ᠂ ᠤᠯᠠᠨ ᠤᠯᠤᠰ᠎ᠤᠨ ᠶᠡᠬᠡ ᠣᠷᠴᠢᠯ᠎ᠳᠤ ᠨᠡᠩ ᠰᠠᠢ᠌ᠨ ᠠᠭᠤᠰᠤᠯᠴᠠᠬᠤ᠎ᠪᠠᠷ ᠬᠠᠷᠠᠯᠲᠠ ᠪᠣᠯᠭᠠᠵᠤ᠂ ᠨᠠᠩ ᠶᠡᠬᠡ ᠬᠡᠪᠴᠢᠶᠡᠨ᠎ᠳᠦ᠂ ᠨᠡᠩ ᠥᠷᠭᠡᠨ ᠬᠦᠷᠢᠶ᠎ᠡ᠂ ᠨᠠᠩ ᠭᠦᠨ ᠳᠠᠪᠬᠤᠷᠭ᠎ᠠ᠎ᠠᠴᠠ ᠥᠪᠥᠷ ᠮᠣᠩᠭᠣᠯ᠎ᠤᠨ ᠤᠮᠠᠷᠠᠰᠢ ᠨᠡᠭᠡᠭᠡᠯᠲᠡ ᠬᠢᠬᠦ᠌ ᠱᠢᠨ᠎ᠡ ᠬᠦᠴᠦᠯᠡᠬᠦ᠌ ᠴᠡᠭ᠂ ᠰᠢᠨ᠎ᠡ ᠤᠶᠠᠯᠳᠤᠯ ᠴᠡᠭ᠎ᠢ ᠱᠢᠰᠲ᠋ᠧᠮ᠎ᠲᠡᠶ ᠲᠥᠯᠥᠪᠵᠢᠭᠦᠯᠵᠦ᠂ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠬᠢᠷᠢ ᠲᠦᠪᠱᠢᠨ᠎ᠢ ᠳᠡᠭᠡᠭ᠌ᠰᠢᠯᠡᠭᠦᠯᠬᠦ᠌᠎ᠶ᠋ᠢᠨ ᠲᠥᠯᠥᠭᠡ ᠱᠢᠪᠲᠤᠯᠤᠯᠲᠠ ᠭᠠᠷᠭᠠᠨ᠎ᠡ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠬᠡᠷᠬᠢᠨ ᠪᠣᠳᠠᠲᠠᠢ᠎ᠳᠤ ᠨᠠᠢᠳᠠᠪᠤᠷᠢᠵᠢᠭᠤᠯᠵᠤ᠂ 《ᠬᠠᠷᠠᠯᠲᠠ᠎ᠶ᠋ᠢᠨ ᠵᠢᠷᠤᠭ》 ᠢ᠋ 《ᠪᠠᠢᠯᠳᠤᠬᠤ ᠪᠤᠳᠤᠯᠭ᠎ᠠ ᠵᠢᠨ ᠵᠢᠷᠤᠭ》ᠪᠣᠯᠭᠠᠨ ᠬᠤᠪᠢᠷᠠᠭᠤᠯᠵᠤ᠂ ᠤᠯᠤᠰ᠎ᠤᠨ ᠬᠦᠷᠰᠢ ᠵᠡᠷᠬᠡᠯᠡᠳᠡᠬᠡ ᠵᠢ ᠡᠪᠯᠡᠵᠦ ᠵᠠᠰᠠᠬᠤ ᠪᠤᠯᠤᠨ ᠭᠠᠳᠠᠭᠠᠳᠤ ᠨᠡᠬᠡᠬᠡᠯᠳᠡ᠎ᠶ᠋ᠢᠨ ᠪᠠᠢᠯᠳᠤᠬᠤ ᠪᠤᠳᠤᠯᠭ᠎ᠠ᠎ᠳᠤ ᠦᠢᠯᠡᠴᠢᠯᠡᠬᠦ᠌ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠰᠠᠢᠲᠤᠷ ᠭᠦᠢᠴᠡᠳᠭᠡᠬᠦ᠌ ᠪᠤᠢ?ᠡᠨᠡ ᠲᠤᠬᠠᠢ ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠬᠣᠷᠸ᠎ᠠ ᠠᠵᠤ ᠠᠬᠤᠶ᠎ᠶ᠋ᠢᠨ ᠰᠤᠳᠤᠯᠭᠠᠨ᠎ᠤ ᠲᠥᠪ᠎ᠦᠨ ᠭᠠᠳᠠᠭᠠᠳᠤ ᠨᠡᠭᠡᠭᠡᠯᠲᠡ᠎ᠶ᠋ᠢᠨ ᠭᠠᠵᠠᠷ᠎ᠤᠨ ᠲᠤᠰᠠᠯᠠᠭ᠍ᠴᠢ ᠰᠤᠳᠤᠯᠤᠭ᠍ᠴᠢ ᠭᠤᠤ ᠬᠣᠩ ᠶᠠᠨ᠎ᠢ ᠰᠤᠷᠪᠤᠯᠵᠢᠯᠠᠪᠠ᠃ ᠭᠤᠤ ᠬᠣᠩ ᠶᠠᠨ ᠳᠤᠤᠷᠠᠬᠢ ᠬᠡᠳᠦᠨ ᠲᠠᠯ᠎ᠠ᠎ᠪᠠᠷ ᠬᠦᠴᠦᠯᠡᠬᠦ᠌ ᠬᠡᠷᠡᠭ᠌ᠲᠡᠶ ᠭᠡᠵᠦ᠍ ᠦᠵᠡᠪᠡ᠃

《ᠨᠢᠭᠡ ᠪᠦᠰᠡ ᠨᠢᠭᠡ ᠵᠠᠮ》ᠢ᠋ ᠬᠠᠮᠲᠤ᠎ᠪᠠᠷ ᠪᠦᠲᠦᠭᠡᠨ ᠪᠠᠢᠭᠤᠯᠬᠤ᠎ᠳᠤ ᠠᠭᠤᠰᠤᠯᠴᠠᠬᠤ ᠪᠠ ᠠᠬᠢᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠦᠢᠯᠡᠴᠢᠯᠡᠬᠦ ᠬᠡᠷᠡᠭᠳᠡᠢ᠃ ᠥᠪᠥᠷ ᠮᠣᠩᠭᠣᠯ ᠥᠪᠡᠷ᠎ᠢ᠎ᠪᠡᠨ ᠤᠯᠤᠰ᠎ᠤᠨ ᠶᠡᠷᠦᠩᠬᠡᠶ ᠨᠡᠭᠡᠭᠡᠯᠲᠡ᠎ᠶ᠋ᠢᠨ ᠪᠠᠢᠷᠢᠱᠢᠭᠤᠯᠤᠯᠲᠠ᠎ᠳᠤ ᠠᠭᠤᠰᠤᠯᠴᠠᠭᠤᠯᠵᠤ᠂ ᠳᠤᠮᠳᠠᠳᠤ ᠮᠣᠩᠭᠣᠯ ᠣᠷᠣᠰ᠎ᠤᠨ ᠠᠵᠤ ᠠᠬᠤᠶ᠎ᠶ᠋ᠢᠨ ᠬᠣᠩᠭᠢᠯ᠎ᠤᠨ ᠪᠥᠲᠥᠭᠡᠨ ᠪᠠᠢᠭᠤᠯᠤᠯᠲᠠ᠎ᠳᠤ ᠣᠷᠣᠯᠴᠠᠬᠤ᠎ᠪᠠᠷ ᠬᠥᠳᠡᠯᠭᠡᠭᠦᠷ ᠪᠣᠯᠭᠠᠵᠤ᠂ ᠥᠪᠥᠷ ᠮᠣᠩᠭᠣᠯ᠎ᠤᠨ ᠳᠤᠮᠳᠠᠳᠤ ᠮᠣᠩᠭᠣᠯ ᠣᠷᠣᠰ᠎ᠤᠨ ᠠᠵᠤ ᠠᠬᠤᠶ᠎ᠶ᠋ᠢᠨ ᠬᠣᠩᠭᠢᠯ᠎ᠤᠨ ᠪᠥᠲᠥᠭᠡᠨ ᠪᠠᠢᠭᠤᠯᠤᠯᠲᠠ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠬᠦᠶ᠋ᠰᠦ᠎ᠶ᠋ᠢᠨ ᠦᠶ᠋ᠯᠡᠳᠦᠯ᠎ᠢ ᠪᠠᠳᠠᠷᠠᠭᠤᠯᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠤᠰ ᠣᠷᠴᠢᠯ᠎ᠤᠨ ᠪᠠᠢᠯᠳᠤᠬᠤ ᠪᠣᠳᠣᠯᠭ᠎ᠠ᠎ᠶ᠋ᠢᠨ ᠲᠤᠯᠬᠤ ᠴᠡᠭ᠎ᠢ ᠴᠣᠭ᠍ᠴᠠᠯᠠᠬᠤ ᠬᠡᠷᠡᠭ᠌ᠲᠡᠶ᠃

ᠨᠡᠭᠡᠭᠡᠯᠲᠡᠲᠦ ᠬᠡᠯᠪᠡᠷᠢ᠎ᠶ᠋ᠢᠨ ᠠᠵᠤ ᠠᠬᠤᠢ᠎ᠶ᠋ᠢᠨ ᠱᠢᠨ᠎ᠡ ᠪᠠᠢᠭᠤᠯᠤᠮᠵᠢ ᠪᠠᠢᠭᠤᠯᠬᠤ᠎ᠶ᠋ᠢ ᠠᠬᠢᠭᠤᠯᠵᠤ ᠂ ᠨᠡᠭᠡᠭᠡᠯᠲᠡ᠎ᠶ᠋ᠢᠨ ᠳᠡᠰ ᠳᠠᠪᠬᠤᠷᠭ᠎ᠠ ᠪᠠ ᠬᠢᠷᠢ ᠲᠦᠪᠱᠢᠨ᠎ᠢ ᠳᠡᠭᠡᠭ᠌ᠰᠢᠯᠡᠭᠦᠯᠬᠦ ᠬᠡᠷᠡᠭᠳᠡᠢ᠃ ᠨᠠᠩ ᠥᠨᠳᠥᠷ ᠲᠦᠪᠱᠢᠨ ᠪᠥᠬᠥᠶ ᠨᠡᠭᠡᠭᠡᠯᠲᠡᠲᠦ ᠬᠡᠯᠪᠡᠷᠢ᠎ᠶ᠋ᠢᠨ ᠠᠵᠤ ᠠᠬᠤᠶ᠎ᠶ᠋ᠢᠨ ᠱᠢᠨ᠎ᠡ ᠪᠠᠢᠭᠤᠯᠤᠮᠵᠢ ᠵᠢ ᠪᠠᠢᠭᠤᠯᠵᠤ᠂ ᠭᠠᠳᠠᠭᠠᠳᠤ ᠨᠡᠭᠡᠭᠡᠯᠲᠡ᠎ᠶ᠋ᠢᠨ ᠬᠦᠷᠢᠶ᠎ᠡ ᠬᠡᠪᠴᠢᠶ᠎ᠡ ᠪᠠ ᠲᠠᠰ ᠳᠠᠪᠬᠤᠷᠭ᠎ᠠ᠎ᠶ᠋ᠢ ᠥᠷᠭᠡᠳᠭᠡᠨ᠂ ᠭᠠᠳᠠᠭᠠᠳᠤ ᠨᠡᠭᠡᠭᠡᠯᠲᠡ᠎ᠶ᠋ᠢᠨ ᠶᠠᠰᠤ ᠴᠢᠨᠠᠷ᠂ ᠦᠷ᠎ᠡ ᠪᠦᠲᠦᠮᠵᠢ ᠪᠠ ᠦᠷ᠎ᠡ ᠠᠱᠢᠭ᠎ᠢ ᠪᠠᠲᠤᠯᠠᠵᠤ ᠂ ᠮᠡᠷᠭᠡᠵᠢᠯ᠂ ᠪᠠᠷᠢᠮᠵᠢᠶ᠎ᠠ᠂ ᠨᠠᠷᠠᠲᠤ ᠲᠥᠷᠥᠯ ᠲᠡᠮᠳᠡᠭ᠌ᠲᠦ᠂ ᠶᠠᠰᠤ ᠴᠢᠨᠠᠷ᠂ ᠦᠶ᠋ᠯᠡᠴᠢᠯᠡᠭᠡ ᠵᠡᠷᠭᠡ ᠬᠦᠷᠢᠶ᠎ᠡ ᠴᠠᠷᠠᠭ᠎ᠠ᠎ᠠᠴᠠ ᠥᠷᠢᠰᠥᠯᠳᠦᠭᠡᠨ᠎ᠦ ᠳᠠᠪᠠᠭᠤᠯᠢᠭ᠎ᠢ ᠲᠦᠷᠭᠡᠳᠭᠡᠨ ᠪᠣᠢᠵᠢᠭᠤᠯᠵᠤ᠂ ᠨᠥᠯᠥᠭᠡᠯᠡᠬᠦ᠌ ᠬᠦᠴᠦᠨ ᠪᠠ ᠥᠷᠢᠰᠥᠯᠳᠦᠬᠦ᠌ ᠬᠦᠴᠦᠨ᠎ᠢ ᠳᠡᠭᠡᠭ᠌ᠰᠢᠯᠡᠭᠦᠯᠦᠨ᠂ ᠭᠠᠳᠠᠭᠠᠳᠤ ᠨᠡᠭᠡᠭᠡᠯᠲᠡ᠎ᠶ᠋ᠢᠨ ᠱᠢᠨ᠎ᠡ ᠥᠨᠳᠥᠷᠯᠢᠭ᠎ᠢ ᠪᠣᠶ ᠪᠤᠯᠭᠠᠬᠤ ᠬᠡᠷᠡᠭᠳᠡᠢ᠃

ᠪᠣᠭᠣᠮᠲᠠ᠎ᠶ᠋ᠢᠨ ᠠᠵᠤ ᠠᠬᠤᠶ᠎ᠶ᠋ᠢ ᠬᠥᠭ᠌ᠵᠢᠭᠦᠯᠵᠦ᠂ ᠥᠨᠳᠥᠷ ᠲᠦᠪᠱᠢᠨ ᠪᠥᠬᠥᠶ ᠨᠡᠭᠡᠭᠡᠯᠲᠡ᠎ᠪᠡᠷ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠡᠷᠡᠭᠳᠡᠢ᠃ ᠪᠣᠭᠣᠮᠲᠠ᠎ᠶ᠋ᠢᠨ ᠬᠥᠭ᠌ᠵᠢᠯᠲᠡ᠎ᠶ᠋ᠢᠨ ᠪᠠᠢᠷᠢᠱᠢᠭᠤᠯᠤᠯᠳᠠ ᠵᠢ ᠱᠢᠨᠵᠢᠯᠡᠬᠦ᠌ ᠤᠬᠠᠭᠠᠨᠴᠢ᠎ᠪᠠᠷ ᠨᠢᠭᠡᠳᠦᠯᠲᠡᠶ ᠲᠥᠯᠥᠪᠯᠡᠨ ᠱᠢᠯᠢᠳᠡᠭ᠌ᠵᠢᠭᠦᠯᠵᠦ᠍᠂ ᠪᠣᠭᠣᠮᠲᠠ ᠂ ᠨᠡᠪᠲᠡᠷᠡᠬᠦ᠌ ᠵᠠᠮ ᠪᠠ ᠡᠯ᠎ᠡ ᠲᠥᠷᠥᠯ᠎ᠦᠨ ᠨᠡᠭᠡᠭᠡᠯᠲᠡ ᠬᠢᠬᠦ᠌ ᠠᠴᠢᠶᠠᠯᠠᠪᠤᠷᠢ᠎ᠶ᠋ᠢᠨ ᠪᠠᠢᠭᠤᠯᠤᠯᠲᠠ᠎ᠶ᠋ᠢ ᠨᠢᠭᠡᠳᠦᠯᠲᠡᠶ ᠲᠥᠯᠥᠪᠯᠡᠨ᠂ ᠪᠣᠭᠣᠮᠲᠠ᠎ᠶ᠋ᠢᠨ ᠡᠬᠢ ᠪᠠᠶᠠᠯᠢᠭ᠎ᠢ ᠡᠮᠬᠢᠯᠡᠨ ᠨᠡᠢᠯᠡᠭᠦᠯᠵᠦ᠍ ᠲᠣᠬᠢᠷᠠᠭᠤᠯᠬᠤ᠎ᠶ᠋ᠢ ᠱᠢᠯᠢᠳᠡᠭ᠌ᠵᠢᠭᠦᠯᠵᠦ᠍᠂ ᠭᠣᠣᠯᠳᠠᠯᠭ᠎ᠠ᠎ᠲᠠᠶ ᠪᠣᠭᠣᠮᠲᠠ᠎ᠶ᠋ᠢᠨ ᠴᠢᠳᠠᠮᠵᠢ᠎ᠶ᠋ᠢᠨ ᠪᠠᠢᠷᠢ ᠲᠣᠭ᠍ᠲᠠᠭᠠᠯᠲᠠ᠎ᠶ᠋ᠢ ᠲᠣᠳᠣᠷᠬᠠᠢᠯᠠᠨ᠂ ᠠᠮᠤᠷ ᠲᠦᠪᠱᠢᠨ᠂ ᠥᠨᠳᠥᠷ ᠦᠷ᠎ᠡ ᠪᠦᠲᠦᠮᠵᠢᠲᠡᠶ᠂ ᠪᠣᠬᠢᠷᠲᠤᠯ ᠦᠭᠡᠶ᠂ ᠣᠶᠤᠨᠴᠢ ᠱᠢᠨ᠎ᠡ ᠬᠡᠯᠪᠡᠷᠢ᠎ᠶ᠋ᠢᠨ ᠲᠤᠰᠭᠠᠶ ᠪᠣᠭᠣᠮᠲᠠ᠎ᠶ᠋ᠢ ᠪᠦᠲᠦᠭᠡᠨ ᠪᠠᠢᠭᠤᠯᠵᠤ᠂ ᠨᠥᠯᠥᠭᠡᠯᠡᠬᠦ᠌ ᠴᠢᠳᠠᠪᠤᠷᠢ᠎ᠶ᠋ᠢ ᠨᠢ ᠳᠡᠬᠡᠭᠰᠢᠯᠡᠬᠦᠯᠬᠦ ᠬᠡᠷᠡᠭᠳᠡᠢ᠃ ᠪᠣᠭᠣᠮᠲᠠ+ ᠳᠣᠲᠣᠷ ᠭᠠᠵᠠᠷ᠎ᠤᠨ ᠬᠣᠯᠪᠣᠭᠠᠯᠠᠨ ᠬᠥᠭ᠌ᠵᠢᠬᠦ᠌ ᠵᠠᠭ᠍ᠪᠤᠷ᠎ᠢ ᠪᠦᠷᠢᠯᠳᠦᠭᠦᠯᠬᠦ ᠬᠡᠷᠡᠭᠳᠡᠢ᠃

ᠭᠠᠳᠠᠭᠠᠳᠤ ᠠᠷᠠᠯᠵᠢᠶ᠎ᠠ᠎ᠵᠢᠨ ᠱᠢᠨ᠎ᠡ᠎ᠶ᠋ᠢ ᠡᠭᠦᠳᠦᠨ ᠬᠥᠭ᠌ᠵᠢᠭᠦᠯᠵᠦ᠍ ᠂ ᠠᠷᠠᠯᠵᠢᠶᠠᠨ᠎ᠤ ᠥᠷᠢᠰᠥᠯᠳᠦᠭᠡᠨ᠎ᠦ ᠱᠢᠨ᠎ᠡ ᠳᠠᠪᠠᠭᠤᠯᠢᠭ᠎ᠢ ᠢᠳᠡᠪᠬᠢᠲᠡᠢ ᠪᠣᠢᠵᠢᠭᠤᠯᠬᠤ ᠬᠡᠷᠡᠭᠳᠡᠢ᠃ ᠭᠠᠳᠠᠭᠠᠳᠤ ᠠᠷᠠᠯᠵᠢᠶᠠᠨ᠎ᠤ ᠤᠯᠠᠮᠵᠢᠯᠠᠯᠲᠤ ᠠᠵᠤ ᠦᠢᠯᠡᠰ᠎ᠦᠨ ᠳᠠᠪᠠᠭᠤᠯᠢᠭ᠎ᠢ ᠪᠡᠬᠢᠵᠢᠭᠦᠯᠵᠦ᠍᠂ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠱᠢᠨ᠎ᠡ᠎ᠪᠡᠷ ᠬᠥᠭ᠌ᠵᠢᠭ᠌ᠰᠡᠨ ᠠᠵᠤ ᠦᠢᠯᠡᠰ᠎ᠢ ᠬᠥᠭ᠌ᠵᠢᠭᠦᠯᠵᠦ᠍᠂ ᠱᠢᠨ᠎ᠡ᠎ᠪᠡᠷ ᠬᠥᠭ᠌ᠵᠢᠭ᠌ᠰᠡᠨ ᠠᠵᠤ ᠦᠢᠯᠡᠰ᠎ᠦᠨ ᠤᠯᠠᠨ ᠤᠯᠤᠰ᠎ᠤᠨ ᠵᠠᠬ᠎ᠠ ᠳᠡᠯᠭᠡᠭᠦᠷ᠎ᠦᠨ ᠥᠷᠢᠰᠥᠯᠳᠦᠭᠡᠨ᠎ᠳᠦ ᠣᠷᠣᠯᠴᠠᠬᠤ᠎ᠶ᠋ᠢ ᠠᠬᠢᠭᠤᠯᠬᠤ ᠬᠡᠷᠡᠭᠳᠡᠢ᠃ ᠱᠢᠨ᠎ᠡ᠎ᠶ᠋ᠢ ᠡᠭᠦᠳᠬᠦ᠌ ᠴᠢᠳᠠᠪᠤᠷᠢ ᠪᠠ ᠦᠢᠯᠡᠳᠬᠦᠨ᠎ᠦ ᠶᠠᠰᠤ ᠴᠢᠨᠠᠷ᠎ᠢ ᠳᠡᠭᠡᠭ᠌ᠰᠢᠯᠡᠭᠦᠯᠦᠨ᠎ᠡ᠃ ᠢᠨᠲ᠋ᠧᠷ ᠰᠦᠯᠵᠢᠶ᠎ᠡ᠂ ᠪᠠᠷᠠᠭ᠎ᠠ ᠵᠢᠨ ᠰᠦᠯᠵᠢᠶ᠎ᠡ᠂ ᠲᠣᠮᠣ ᠳ᠋ᠠᠢᠲ᠋ᠠ᠂ ᠵᠣᠬᠢᠶᠠᠮᠠᠯ ᠣᠶᠤᠨ ᠴᠢᠳᠠᠪᠤᠷᠢ᠂ ᠴᠥᠷᠭᠡᠯᠡᠭᠡ ᠳ᠋ᠠᠢᠲ᠋ᠠ ᠬᠢᠭᠡᠳ ᠠᠷᠠᠯᠵᠢᠶᠠᠨ᠎ᠤ ᠣᠷᠭᠠᠨᠢᠭ ᠠᠭᠤᠰᠤᠯᠴᠠᠯ᠎ᠢ ᠠᠬᠢᠭᠤᠯᠵᠤ᠂ ᠠᠵᠤ ᠠᠬᠤᠢᠯᠠᠯ᠎ᠤᠨ ᠣᠯᠠᠨ ᠤᠯᠤᠰ᠎ᠤᠨ ᠵᠠᠬ᠎ᠠ ᠳᠡᠯᠭᠡᠭᠦᠷ᠎ᠲᠦ ᠬᠠᠨᠳᠤᠭᠤᠯᠤᠨ ᠰᠤᠳᠤᠯᠤᠨ ᠨᠡᠭᠡᠭᠡᠵᠦ᠍ ᠱᠢᠨ᠎ᠡ᠎ᠶ᠋ᠢ ᠡᠭᠦᠳᠬᠦ᠌ ᠶ᠋ᠢ ᠵᠣᠷᠢᠭ᠍ᠵᠢᠭᠤᠯᠤᠨ᠂ ᠭᠠᠳᠠᠭᠠᠳᠤ᠎ᠳᠤ ᠭᠠᠷᠭᠠᠬᠤ ᠦᠶ᠋ᠯᠡᠳᠬᠦᠨ᠎ᠦ ᠨᠡᠮᠡᠯᠲᠡ ᠥᠷᠲᠡᠭ᠎ᠢ ᠥᠷᠭᠡᠳᠭᠡᠬᠦ ᠬᠡᠷᠡᠭᠳᠡᠢ᠃

ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠵᠤ᠂ ᠥᠪᠥᠷ ᠮᠣᠩᠭᠣᠯ᠎ᠤᠨ ᠥᠨᠳᠥᠷ ᠲᠦᠪᠱᠢᠨ ᠪᠥᠬᠥᠶ ᠨᠡᠭᠡᠭᠡᠯᠲᠡ᠎ᠶ᠋ᠢ ᠠᠬᠢᠭᠤᠯᠬᠤ ᠬᠡᠷᠡᠭᠳᠡᠢ᠃ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡᠨ᠎ᠳᠦ ᠪᠦᠬᠦ᠌ ᠲᠠᠯ᠎ᠠ᠎ᠪᠠᠷ ᠣᠷᠣᠯᠴᠠᠵᠤ᠂ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠎ᠶ᠋ᠢᠨ ᠣᠨ᠎ᠤ ᠠᠶᠠᠯᠠᠯ᠎ᠤᠨ ᠲᠥᠯᠥᠪᠯᠡᠭᠡ ᠲᠣᠭ᠍ᠲᠠᠭᠠᠵᠤ᠂ ᠮᠠᠨᠵᠤᠤᠷ᠎ᠤᠨ ᠲᠡᠮᠦᠷ ᠵᠠᠮ᠎ᠤᠨ ᠪᠣᠭᠣᠮᠲᠠ᠎ᠶ᠋ᠢᠨ ᠥᠷᠲᠡᠭᠡ᠎ᠶ᠋ᠢᠨ ᠣᠯᠠᠨ ᠤᠯᠤᠰ᠎ᠤᠨ ᠪᠠᠷᠠᠭ᠎ᠠ᠎ᠶ᠋ᠢᠨ ᠲᠠᠯᠠᠪᠠᠢ᠎ᠶ᠋ᠢᠨ ᠴᠢᠳᠠᠮᠵᠢ᠎ᠶ᠋ᠢ ᠥᠷᠭᠡᠳᠭᠡᠨ ᠥᠭᠡᠷᠡᠴᠢᠯᠡᠬᠦ᠌ ᠢᠨᠵᠧᠨᠧᠷᠢᠩ᠂ ᠡᠷᠢᠶᠡᠨ ᠪᠣᠭᠣᠮᠲᠠ᠎ᠶ᠋ᠢᠨ ᠥᠷᠲᠡᠭᠡ᠎ᠶ᠋ᠢᠨ ᠴᠢᠩᠭᠡᠯᠢᠭ ᠰᠣᠯᠢᠵᠤ ᠠᠴᠢᠶᠠᠯᠠᠬᠤ ᠴᠢᠳᠠᠮᠵᠢ᠎ᠶ᠋ᠢ ᠥᠷᠭᠡᠳᠭᠡᠨ ᠥᠭᠡᠷᠡᠴᠢᠯᠡᠬᠦ᠌ ᠢᠨᠵᠧᠨᠧᠷᠢᠩ᠂ ᠬᠣᠶᠠᠳᠤᠭᠠᠷ ᠱᠤᠭᠤᠮ᠎ᠤᠨ ᠴᠢᠳᠠᠮᠵᠢ᠎ᠶ᠋ᠢ ᠥᠷᠭᠡᠳᠭᠡᠨ ᠥᠭᠡᠷᠡᠴᠢᠯᠡᠬᠦ᠌ ᠢᠨᠵᠧᠨᠧᠷᠢᠩ᠎ᠢ ᠤᠯᠤᠰ᠎ᠤᠨ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠎ᠶ᠋ᠢᠨ ᠲᠡᠭᠡᠭᠡᠪᠦᠷᠢᠯᠡᠬᠦ᠌ ᠴᠢᠳᠠᠪᠤᠷᠢ ᠎ᠶ᠋ᠢ ᠳᠡᠭᠡᠭ᠌ᠰᠢᠯᠡᠭᠦᠯᠬᠦ᠌ ᠲᠤᠬᠠᠢ ᠬᠡᠷᠡᠭ᠌ᠵᠢᠭᠦᠯᠬᠦ᠌ ᠲᠥᠰᠦᠯ᠎ᠳᠦ ᠣᠷᠣᠭᠤᠯᠬᠤ᠎ᠪᠠᠷ ᠢᠳᠡᠪᠬᠢᠯᠡᠨ ᠴᠢᠷᠮᠠᠢᠵᠤ᠂ ᠮᠠᠨᠵᠤᠤᠷ ᠪᠣᠭᠣᠮᠲᠠ᠎ᠶ᠋ᠢᠨ ᠣᠯᠠᠨ ᠤᠯᠤᠰ᠎ᠤᠨ ᠪᠠᠷᠠᠭ᠎ᠠ᠎ᠶ᠋ᠢᠨ ᠬᠦᠢᠯᠬᠡᠬᠡ ᠵᠢᠨ ᠲᠥᠪ᠎ᠦᠨ ᠲᠡᠮᠦᠷ ᠵᠠᠮ᠎ᠤᠨ ᠲᠤᠰᠭᠠᠶ ᠱᠤᠭᠤᠮ᠎ᠢ ᠡᠬᠢᠯᠡᠨ ᠪᠦᠲᠦᠭᠡᠨ ᠪᠠᠢᠭᠤᠯᠵᠤ᠂ ᠡᠷᠢᠶᠡᠨ ᠬᠣᠲᠠ᠎ᠶ᠋ᠢᠨ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠎ᠶ᠋ᠢᠨ ᠴᠤᠭ᠍ᠯᠠᠷᠠᠯ᠎ᠤᠨ ᠲᠥᠪ᠎ᠦᠨ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶ᠋ᠢ ᠡᠮᠬᠢ ᠵᠢᠷᠤᠮ᠎ᠲᠠᠶ ᠠᠬᠢᠭᠤᠯᠤᠨ᠂ ᠮᠠᠨ᠎ᠤ ᠣᠷᠣᠨ᠎ᠤ ᠤᠯᠤᠰ᠎ᠤᠨ ᠳᠣᠲᠣᠭᠠᠳᠤ᠎ᠶ᠋ᠢᠨ ᠶᠡᠬᠡ ᠣᠷᠴᠢᠯ᠎ᠳᠤ ᠭᠦᠢᠴᠡᠳ ᠠᠭᠤᠰᠤᠯᠴᠠᠬᠤ᠎ᠶ᠋ᠢ ᠠᠬᠢᠭᠤᠯᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠣᠣᠰ ᠣᠷᠴᠢᠯ᠎ᠳᠤ ᠠᠭᠤᠰᠤᠯᠴᠠᠭᠤᠯᠤᠨ ᠣᠷᠣᠭᠤᠯᠬᠤ ᠬᠡᠷᠡᠭᠳᠡᠢ᠃

ᠣᠷᠣᠨ ᠪᠦᠰᠡ᠎ᠶ᠋ᠢᠨ ᠠᠵᠤ ᠠᠬᠤᠶ᠎ᠶ᠋ᠢᠨ ᠬᠠᠮᠲᠤᠷᠠᠯᠴᠠᠭ᠎ᠠ᠎ᠶ᠋ᠢ ᠴᠢᠩᠭᠠᠳᠭᠠᠵᠤ᠂ ᠣᠷᠣᠨ᠎ᠤ ᠳᠣᠲᠣᠷᠠᠬᠢ ᠠᠵᠤ ᠦᠶ᠋ᠯᠡᠰ᠎ᠦᠨ ᠬᠡᠯᠬᠢᠶ᠎ᠡ᠂ ᠱᠢᠨ᠎ᠡ᠎ᠶ᠋ᠢ ᠡᠭᠦᠳᠬᠦ᠌ ᠬᠡᠯᠬᠢᠶ᠎ᠡ᠂ ᠬᠠᠩᠭᠠᠯᠭ᠎ᠠ᠎ᠶ᠋ᠢᠨ ᠬᠡᠯᠬᠢᠶ᠎ᠡ᠂ ᠪᠠᠷᠠᠭᠠᠨ᠎ᠤ ᠭᠦᠶ᠋ᠯᠭᠡᠭᠡᠨ᠎ᠦ ᠬᠡᠯᠬᠢᠶ᠎ᠡ᠂ ᠥᠷᠲᠡᠭ᠎ᠦᠨ ᠬᠡᠯᠬᠢᠶ᠎ᠡ᠎ᠶ᠋ᠢ ᠪᠥᠬᠥ᠌ ᠤᠯᠤᠰ᠎ᠤᠨ ᠲᠣᠮᠣ ᠵᠠᠬ᠎ᠠ ᠳᠡᠯᠭᠡᠭᠦᠷ᠎ᠯᠦᠭᠡ ᠪᠥᠬᠥ᠌ ᠲᠠᠯ᠎ᠠ᠎ᠪᠠᠷ ᠵᠣᠯᠭᠠᠭᠤᠯᠬᠤ᠎ᠶ᠋ᠢ ᠠᠬᠢᠭᠤᠯᠬᠤ ᠬᠡᠷᠡᠭᠳᠡᠢ᠃ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ᠎ᠦ ᠭᠤᠷᠪᠠᠯᠵᠢᠨ ᠬᠣᠢᠭ᠂ ᠭᠤᠸᠠᠩᠳᠦ᠋ᠩ ᠱᠢᠶᠠᠩᠭᠠᠩ ᠣᠣᠮᠧᠨ᠎ᠯᠤᠭ᠎ᠠ᠎ᠶ᠋ᠢᠨ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠴᠢᠩᠭᠠᠳᠭᠠᠵᠤ᠂ ᠵᠡᠭᠦᠨ ᠬᠣᠢᠲᠤ᠎ᠶ᠋ᠢᠨ ᠭᠤᠷᠪᠠᠨ ᠮᠤᠵᠢ᠂ ᠬᠠᠲᠤᠨ ᠭᠤᠤᠯ ᠳᠠᠭᠠᠤ᠎ᠶ᠋ᠢᠨ ᠮᠤᠵᠢ ᠣᠷᠣᠨ᠎ᠯᠤᠭ᠎ᠠ᠎ᠶ᠋ᠢᠨ ᠬᠠᠷᠢᠯᠴᠠᠨ ᠠᠱᠢᠭ ᠬᠦᠷᠲᠡᠬᠦ᠌ ᠬᠠᠮᠲᠤᠷᠠᠯᠴᠠᠭ᠎ᠠ᠎ᠶ᠋ᠢ ᠴᠢᠩᠭᠠᠳᠭᠠᠵᠤ᠂ ᠠᠵᠤ ᠦᠶ᠋ᠯᠡᠰ᠎ᠦᠨ ᠵᠣᠯᠭᠠᠭᠤᠯᠤᠯᠲᠠ ᠪᠠ ᠬᠠᠷᠢᠯᠴᠠᠨ ᠨᠥᠬᠥᠪᠥᠷᠢᠯᠡᠬᠦ᠌᠂ ᠭᠤᠤᠯᠳᠠᠯᠭ᠎ᠠ᠎ᠲᠠᠶ ᠬᠦᠷᠢᠶᠡᠯᠡᠩ ᠲᠣᠭᠣᠷᠢᠭ᠎ᠢ ᠬᠠᠮᠲᠤ ᠪᠠᠷ ᠪᠠᠢᠭᠤᠯᠵᠤ᠂ ᠴᠢᠬᠤᠯᠠ ᠶᠡᠬᠡ ᠲᠥᠷᠥᠯ ᠵᠦᠶ᠋ᠯ᠎ᠦᠨ ᠬᠠᠮᠲᠤᠷᠠᠯᠴᠠᠭ᠎ᠠ᠎ᠶ᠋ᠢ ᠠᠬᠢᠭᠤᠯᠬᠤ ᠬᠡᠷᠡᠭᠳᠡᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠤᠶᠠᠨ᠍ᠦ᠌ᠨᠳᠦᠰᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面