2021-12-13 10:12:04
ᠭᠣᠣᠯ ᠰᠠᠨᠠᠭᠤᠯᠤᠮᠵᠢ
ᠥᠪᠥᠷ ᠮᠣᠩᠭᠣᠯ ᠶᠡᠬᠡ ᠲᠠᠯ᠎ᠠ᠎ᠶ᠋ᠢ ᠡᠷᠬᠢᠮᠯᠡᠵᠦ᠍᠂ ᠲᠡᠦᠭᠡᠳᠦ ᠬᠠᠷᠢᠭᠤᠴᠠᠯᠭ᠎ᠠ᠎ᠶ᠋ᠢ ᠡᠭᠦᠷᠭᠡᠯᠡᠬᠦ᠌᠎ᠳᠦ ᠡᠷᠬᠡᠪᠰᠢ ᠤᠯᠤᠰ ᠣᠷᠣᠨ᠎ᠤ ᠨᠢᠭᠡᠳᠦᠯ᠂ ᠦᠨᠳᠦᠰᠦᠲᠡᠨ᠎ᠦ ᠪᠦᠯᠬᠦᠮᠳᠡᠯ᠎ᠢ ᠬᠠᠮᠠᠭᠠᠯᠠᠬᠤ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ᠎ᠵᠢ ᠡᠭᠦᠷᠭᠡᠯᠡᠵᠦ᠂ ᠰᠠᠢᠲᠤᠷ ᠭᠦᠶ᠋ᠴᠡᠳᠭᠡᠬᠦ᠌ ᠬᠡᠷᠡᠭ᠌ᠲᠡᠶ᠃ ᠪᠢᠳᠡ ᠦᠨᠳᠦᠰᠦᠲᠡᠨ᠎ᠦ ᠪᠦᠯᠬᠦᠮᠳᠡᠯ᠎ᠦᠨ ᠢᠷᠠᠭᠤ ᠠᠯᠳᠠᠷᠲᠤ ᠤᠯᠠᠮᠵᠢᠯᠠᠯ ᠢ ᠶᠡᠬᠡᠪᠡᠷ ᠪᠠᠳᠠᠷᠠᠭᠤᠯᠵᠤ᠂ ᠨᠠᠮ ᠤᠨ ᠦᠨᠳᠦᠰᠦᠲᠡᠨ᠎ᠦ ᠤᠨᠤᠯ ᠪᠠ ᠦᠨᠳᠦᠰᠦᠲᠡᠨ᠎ᠦ ᠲᠦᠷᠦ᠍᠎ᠶ᠋ᠢᠨ ᠪᠤᠳᠤᠯᠭ᠎ᠠ ᠶ᠋ᠢ ᠪᠦᠬᠦ᠌ ᠲᠠᠯ᠎ᠠ ᠪᠠᠷ ᠲᠤᠭᠤᠱᠢᠯᠠᠭᠤᠯᠤᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠣᠣᠯ ᠱᠢᠵᠢᠮ ᠢ ᠴᠢᠩᠭ᠎ᠠ ᠠᠳᠭᠤᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠵᠤ᠂ ᠦᠨᠳᠦᠰᠦᠲᠡᠨ᠎ᠦ ᠠᠵᠢᠯ᠎ᠤᠨ ᠵᠢᠯᠣᠭᠣᠳᠭᠤ ᠦᠵᠡᠯ ᠰᠠᠨᠠᠭᠠᠨ᠎ᠤ ᠵᠦᠷᠢᠶ᠎ᠡ᠎ᠶ᠋ᠢ ᠲᠤᠢᠯᠪᠤᠷᠢᠲᠠᠢ ᠵᠠᠯᠠᠷᠠᠭᠤᠯᠤᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ ᠦᠨᠳᠦᠰᠦᠲᠡᠨ᠎ᠦ ᠪᠦᠯᠬᠦᠮᠳᠡᠯ᠎ᠦᠨ ᠴᠡᠴᠡᠭ᠎ᠢ ᠡᠭᠦᠷᠢᠳᠡ ᠳᠡᠯᠭᠡᠷᠡᠭᠦᠯᠵᠦ᠍᠂ ᠳᠤᠮᠳᠠᠳᠤ ᠤᠯᠤᠰ᠎ᠤᠨ ᠣᠨᠴᠠᠯᠢᠭ ᠪᠦᠬᠦᠢ ᠦᠨᠳᠦᠰᠦᠲᠡᠨ᠎ᠦ ᠠᠰᠠᠭᠤᠳᠠᠯ᠎ᠢ ᠱᠢᠢᠳᠪᠦᠷᠢᠯᠡᠬᠦ᠌ ᠵᠥᠪ ᠵᠠᠮ᠎ᠢ ᠨᠡᠩ ᠶᠡᠬᠡ ᠳᠠᠪᠠᠭᠤᠯᠢᠭ ᠴᠢᠨᠠᠷ ᠪᠠ ᠨᠡᠩ ᠴᠢᠩᠭ᠎ᠠ ᠠᠮᠢᠵᠢᠷᠠᠯ᠎ᠤᠨ ᠬᠦᠴᠦᠨ᠎ᠲᠡᠶ ᠪᠣᠯᠭᠠᠬᠤ ᠬᠡᠷᠡᠭ᠌ᠲᠡᠢ᠃
ᠬᠦᠭ᠌ᠵᠢᠯᠲᠡ ᠶ᠋ᠢᠨ ᠲᠣᠭ᠎ᠠ ᠪᠠᠷᠢᠮᠲᠠ



ᠦᠨᠳᠦᠰᠦᠲᠡᠨ᠎ᠦ ᠠᠵᠢᠯ ᠢ᠋ ᠰᠠᠢᠲᠤᠷ ᠬᠢᠬᠦ᠌ ᠨᠢ ᠡᠬᠡ ᠣᠷᠣᠨ᠎ᠤ ᠨᠢᠭᠡᠳᠦᠯ ᠪᠠ ᠬᠢᠯᠢ ᠬᠢᠵᠠᠭᠠᠷ᠎ᠤᠨ ᠪᠡᠬᠢᠵᠢᠯ᠂ ᠦᠨᠳᠦᠰᠦᠲᠡᠨ᠎ᠦ ᠪᠦᠯᠬᠦᠮᠳᠡᠯ ᠪᠠ ᠨᠡᠢᠭᠡᠮ᠎ᠦᠨ ᠲᠣᠭ᠍ᠲᠠᠭᠤᠨ᠂ ᠤᠯᠤᠰ ᠣᠷᠣᠨ᠎ᠤ ᠥᠨᠢ ᠤᠳᠠᠭᠠᠨ ᠠᠮᠤᠷ ᠲᠦᠪᠱᠢᠨ ᠪᠠ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠲᠠᠢ ᠬᠣᠯᠪᠣᠭ᠍ᠳᠠᠵᠤ ᠪᠠᠢᠳᠠᠭ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ᠎ᠳᠦ᠂ ᠥᠪᠥᠷ ᠮᠣᠩᠭᠣᠯ ᠶᠡᠬᠡ ᠲᠠᠯ᠎ᠠ᠎ᠶ᠋ᠢ ᠡᠷᠬᠢᠮᠯᠡᠨ᠂ ᠲᠡᠦᠭᠡᠳᠦ ᠬᠠᠷᠢᠭᠤᠴᠠᠯᠭ᠎ᠠ ᠪᠡᠨ ᠡᠭᠦᠷᠭᠡᠯᠡᠵᠦ᠂ ᠡᠷᠬᠡᠪᠰᠢ ᠤᠯᠤᠰ ᠤᠷᠤᠨ᠎ᠤ ᠨᠢᠭᠡᠳᠦᠯ᠂ ᠦᠨᠳᠦᠰᠦᠲᠡᠨ᠎ᠦ ᠪᠦᠯᠬᠦᠮᠳᠡᠯ᠎ᠢ ᠬᠠᠮᠠᠭᠠᠯᠠᠬᠤ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠰᠠᠢᠲᠤᠷ ᠭᠦᠢᠴᠡᠳᠭᠡᠬᠦ᠌ ᠬᠡᠷᠡᠭ᠌ᠲᠡᠢ ᠭᠡᠵᠦ ᠳᠤᠷᠠᠳᠪᠠ᠃
ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠬᠡᠷᠬᠢᠨ ᠪᠣᠳᠠᠲᠠᠢ᠎ᠳᠤ ᠨᠠᠢᠳᠠᠪᠤᠷᠢᠵᠢᠭᠤᠯᠬᠤ᠂ ᠥᠪᠥᠷ ᠮᠣᠩᠭᠣᠯ ᠬᠡᠷᠬᠢᠨ ᠤᠯᠤᠰ᠎ᠤᠷᠤᠨ᠎ᠤ ᠨᠢᠭᠡᠳᠦᠯ᠂ ᠦᠨᠳᠦᠰᠦᠲᠡᠨ᠎ᠦ ᠪᠦᠯᠬᠦᠮᠳᠡᠯ ᠢ᠋ ᠬᠠᠮᠠᠭᠠᠯᠠᠬᠤ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠰᠠᠢᠲᠤᠷ ᠭᠦᠢᠴᠡᠳᠭᠡᠬᠦ᠌᠎ᠶ᠋ᠢᠨ ᠲᠣᠭᠣᠷᠢᠨ᠎ᠳᠤ᠂ ᠰᠤᠷᠪᠤᠯᠵᠢᠯᠠᠭ᠍ᠴᠢ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ᠎ᠶ᠋ᠢᠨ ᠳᠡᠳ᠋ ᠫᠷᠤᠹᠸᠰᠰᠤᠷ ᠨᠢ ᠫᠢᠩ᠎ᠢ ᠰᠤᠷᠪᠤᠯᠵᠢᠯᠠᠪᠠ᠃
ᠨᠢ ᠫᠢᠩ᠎ᠤ᠋ᠨ ᠦᠵᠡᠬᠦ ᠪᠡᠷ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠵᠠᠩᠭᠢᠯᠠᠭ᠎ᠠ᠎ᠶ᠋ᠢᠨ ᠴᠠᠭ ᠦᠶ᠎ᠡ᠎ᠳᠦ᠂ ᠪᠢᠳᠡ ᠡᠷᠬᠡᠪᠰᠢ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠲᠡᠦᠬᠡᠨ ᠣᠷᠣᠨ ᠪᠠᠢᠷᠢ᠎ᠶ᠋ᠢ ᠪᠠᠲᠤ ᠡᠵᠡᠮᠳᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠢ᠋ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠬᠤ᠎ᠶ᠋ᠢ ᠪᠠᠷᠢᠮᠲᠠᠯᠠᠵᠤ᠂ ᠦᠨᠳᠦᠰᠦᠲᠡᠨ᠎ᠦ ᠠᠵᠢᠯ᠎ᠢ ᠤᠯᠠᠮ ᠴᠢᠨᠠᠭ᠍ᠰᠢᠳᠠ ᠴᠢᠩᠭᠠᠳᠭᠠᠨ ᠰᠠᠢᠵᠢᠷᠠᠭᠤᠯᠬᠤ ᠬᠡᠷᠡᠭ᠌ᠲᠡᠢ᠃ ᠤᠯᠤᠰ᠎ᠤᠷᠤᠨ᠎ᠤ ᠨᠢᠭᠡᠳᠦᠯ ᠂ ᠦᠨᠳᠦᠰᠦᠲᠡᠨ᠎ᠦ ᠪᠦᠯᠬᠦᠮᠳᠡᠯ ᠢ᠋ ᠬᠠᠮᠠᠭᠠᠯᠠᠬᠤ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠰᠠᠢᠲᠤᠷ ᠭᠦᠢᠴᠡᠳᠭᠡᠬᠦ᠌᠎ᠳᠦ᠂ ᠡᠷᠬᠡᠪᠰᠢ ᠶᠡᠷᠦᠩᠬᠡᠢ ᠱᠦᠵᠢ ᠰᠢ᠎ᠶ᠋ᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠣᠨᠣᠪᠴᠢᠲᠠᠢ ᠣᠢᠯᠠᠭᠠᠬᠤ ᠬᠡᠷᠡᠭ᠌ᠲᠡᠢ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ᠂ ᠶᠡᠷᠦᠩᠬᠡᠢ ᠱᠦᠵᠢ ᠰᠢ᠎ᠶ᠋ᠢᠨ ᠫᠢᠩ ᠮᠠᠨ᠎ᠤ ᠤᠯᠤᠰ᠎ᠤᠨ ᠦᠨᠳᠦᠰᠦᠲᠡᠨ᠎ᠦ ᠠᠵᠢᠯ᠎ᠤᠨ ᠲᠤᠬᠠᠢ ᠠᠯᠢ ᠤᠯᠠᠨ ᠡᠭᠦᠳᠦᠯᠲᠡ᠎ᠶ᠋ᠢᠨ ᠴᠢᠨᠠᠷᠲᠠᠢ ᠴᠢᠬᠤᠯᠠ ᠨᠤᠲᠠᠯᠠᠯᠲᠠ᠎ᠶ᠋ᠢ ᠳᠤᠷᠠᠳᠪᠠ᠃ ᠡᠨᠡ ᠵᠢᠯ ᠬᠤᠷᠠᠯᠳᠤᠭᠤᠯᠤᠭ᠍ᠰᠠᠨ ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ ᠳᠡᠭᠡᠷ᠎ᠡ᠂ ᠶᠡᠷᠦᠩᠬᠡᠢ ᠱᠦᠵᠢ ᠰᠢ᠎ᠶ᠋ᠢᠨ ᠫᠢᠩ ᠮᠠᠨ᠎ᠤ ᠨᠠᠮ᠎ᠤᠨ ᠦᠨᠳᠦᠰᠦᠲᠡᠨ᠎ᠦ ᠠᠵᠢᠯ ᠢ᠋ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠱᠢᠰᠲ᠋ᠧᠮ᠎ᠲᠡᠶ ᠲᠣᠳᠣᠷᠬᠠᠢᠯᠠᠨ ᠥᠭᠦᠯᠡᠪᠡ᠂ 《ᠠᠷᠪᠠᠨ ᠬᠣᠶᠠᠷ ᠡᠷᠬᠡᠪᠰᠢ》 ᠶ᠋ᠢᠨ ᠴᠢᠬᠤᠯᠠ ᠱᠠᠭᠠᠷᠳᠠᠯᠭ᠎ᠠ᠎ᠶ᠋ᠢ ᠳᠤᠷᠠᠳᠪᠠ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠲᠡᠦᠬᠡᠨ ᠣᠷᠣᠨ ᠪᠠᠢᠷᠢ᠂ ᠴᠢᠬᠤᠯᠠ ᠡᠭᠦᠷᠭᠡ᠂ ᠠᠵᠢᠯ᠎ᠤᠨ ᠭᠣᠣᠯ ᠱᠤᠭᠤᠮ᠂ ᠪᠠᠢᠭᠤᠯᠤᠮᠵᠢ᠎ᠵᠢᠨ ᠪᠠᠲᠤᠯᠠᠭ᠎ᠠ᠂ ᠪᠡᠶᠡᠯᠡᠭᠦᠯᠬᠦ᠌ ᠠᠷᠭ᠎ᠠ ᠬᠡᠯᠪᠡᠷᠢ ᠬᠢᠭᠡᠳ ᠳᠤᠮᠳᠠᠳᠤ᠎ᠶ᠋ᠢᠨ ᠦᠨᠳᠦᠰᠦᠲᠡᠨ᠎ᠦ ᠲᠡᠦᠬᠡ᠎ᠶ᠋ᠢᠨ ᠦᠵᠡᠯᠲᠡ ᠪᠠ ᠦᠨᠳᠦᠰᠦᠲᠡᠨ᠎ᠦ ᠠᠵᠢᠯ᠎ᠤᠨ ᠠᠷᠭ᠎ᠠ᠎ᠶ᠋ᠢᠨ ᠣᠨᠣᠯ᠎ᠢ ᠱᠢᠰᠲ᠋ᠧᠮ᠎ᠲᠡᠶ ᠲᠣᠳᠣᠷᠬᠠᠢᠯᠠᠨ ᠥᠭᠦᠯᠡᠪᠡ᠂ ᠦᠨᠳᠦᠰᠦᠲᠡᠨ᠎ᠦ ᠠᠵᠢᠯ᠎ᠳᠤ ᠶᠠᠮᠠᠷ ᠲᠣᠭ ᠢ᠋ ᠡᠷᠬᠦᠬᠦ᠂ ᠶᠠᠮᠠᠷ ᠵᠠᠮ᠎ᠢᠶᠠᠷ ᠵᠠᠮᠨᠠᠬᠤ᠎ᠶ᠋ᠢᠨ ᠦᠨᠳᠦᠰᠦᠨ ᠴᠢᠨᠠᠷᠲᠠᠶ ᠠᠰᠠᠭᠤᠯᠳᠠ᠎ᠵᠢ ᠬᠦᠨᠵᠡᠭᠡᠢ ᠬᠠᠷᠢᠭᠤᠯᠪᠠ᠂ ᠡᠨᠡ ᠪᠣᠯ ᠮᠠᠷᠺᠰ᠎ᠤᠨ ᠦᠵᠡᠯ᠎ᠤᠨ ᠦᠨᠳᠦᠰᠦᠲᠡᠨ᠎ᠦ ᠣᠨᠣᠯ ᠢ᠋ ᠳᠤᠮᠳᠠᠳᠤ ᠤᠯᠤᠰᠴᠢᠯᠠᠭ᠍ᠰᠠᠨ ᠬᠠᠮᠤᠭ᠎ᠤᠨ ᠱᠢᠨ᠎ᠡ ᠦᠷ᠎ᠡ ᠪᠦᠲᠦᠭᠡᠯ ᠮᠥᠨ᠂ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠴᠢᠬᠤᠯᠠ ᠪᠦᠷᠢᠯᠳᠦᠬᠦᠨ ᠬᠡᠰᠡᠭ ᠮᠥᠨ᠂ ᠪᠢᠳᠡᠨ᠎ᠦ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌᠎ᠶ᠋ᠢᠨ ᠦᠨᠳᠦᠰᠦᠨ ᠵᠢᠷᠤᠮᠯᠠᠯ ᠮᠥᠨ᠃ ᠪᠢᠳᠡ ᠡᠷᠬᠡᠪᠰᠢ ᠶᠡᠷᠦᠩᠬᠡᠢ ᠱᠦᠵᠢ ᠰᠢ᠎ᠶ᠋ᠢᠨ ᠫᠢᠩ᠎ᠦᠨ ᠦᠨᠳᠦᠰᠦᠲᠡᠨ᠎ᠦ ᠠᠵᠢᠯ ᠢ᠋ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭᠠᠨ᠎ᠤ ᠪᠠᠶᠠᠯᠢᠭ ᠠᠭᠤᠯᠤᠭ᠍ᠳᠠᠬᠤᠨ᠂ ᠭᠣᠣᠯ ᠠᠭᠤᠯᠭ᠎ᠠ ᠪᠠ ᠦᠢᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠭᠦᠨᠵᠡᠭᠡᠢ ᠲᠠᠨᠢᠨ ᠣᠨᠣᠪᠴᠢᠲᠠᠢ ᠡᠵᠡᠮᠱᠢᠵᠦ᠍᠂ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌ ᠤᠯᠤᠰ ᠲᠦᠷᠦ᠍᠎ᠶ᠋ᠢᠨ ᠤᠬᠠᠮᠰᠠᠷᠲᠤ ᠴᠢᠨᠠᠷ᠂ ᠰᠠᠨᠠᠭᠠᠴᠢᠯᠠᠭᠠᠲᠤ ᠴᠢᠨᠠᠷ᠂ ᠡᠷᠡᠰ ᠪᠠᠲᠤ ᠴᠢᠨᠠᠷᠵᠢᠡᠨ ᠴᠢᠩᠭᠠᠳᠭᠠᠬᠤ ᠬᠡᠷᠡᠭ᠌ᠲᠡᠢ ᠭᠡᠪᠡ᠃
ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠣᠯ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ 《ᠬᠥᠲᠥᠯᠪᠦᠷᠢ 》 ᠮᠥᠨ᠃ ᠨᠢ ᠫᠢᠩ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ ᠶ᠋ᠢ ᠪᠡᠶᠡᠯᠡᠭᠦᠯᠬᠦ᠌ ᠪᠠᠢᠯᠳᠤᠬᠤ ᠪᠤᠳᠤᠯᠭ᠎ᠠ᠎ᠶ᠋ᠢᠨ ᠦᠨᠳᠦᠷᠴᠡ᠎ᠡᠴᠡ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠢ᠋ ᠪᠠᠲᠤ ᠴᠣᠭ᠍ᠴᠠᠯᠠᠬᠤ᠎ᠶ᠋ᠢ ᠭᠦᠨᠵᠡᠭᠡᠢ ᠲᠠᠨᠢᠵᠤ᠂ ᠪᠦᠬᠦ᠌ ᠲᠠᠯ᠎ᠠ᠎ᠪᠠᠷ ᠡᠵᠡᠮᠳᠡᠨ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠬᠦᠳᠦᠯᠥᠨ ᠵᠢᠯᠤᠭᠤᠳᠴᠦ ᠬᠠᠮᠲᠤ᠎ᠶ᠋ᠢᠨ ᠴᠣᠭ᠍ᠴᠠ᠎ᠶ᠋ᠢᠨ ᠤᠢ᠍ᠢᠯᠠᠭᠠᠭ᠍ᠳᠠᠬᠤᠨ ᠢ᠋ ᠪᠠᠲᠤ ᠪᠤᠢ ᠪᠣᠯᠭᠠᠵᠤ᠂ ᠦᠨᠳᠦᠰᠦᠲᠡᠨ᠎ᠦ ᠠᠵᠢᠯ᠎ᠢ ᠴᠢᠨᠠᠭ᠍ᠰᠢᠳᠠ ᠴᠢᠩᠭᠠᠳᠭᠠᠨ ᠰᠠᠢᠵᠢᠷᠠᠭᠤᠯᠵᠤ᠂ ᠮᠠᠨ᠎ᠤ ᠣᠷᠣᠨ᠎ᠤ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠳᠤ ᠡᠷᠬᠡᠪᠰᠢ ᠡᠨᠡ ᠬᠦ᠌ ᠭᠣᠣᠯ ᠱᠤᠭᠤᠮ ᠪᠣᠯᠤᠨ 《 ᠬᠥᠲᠥᠯᠪᠦᠷᠢ 》 ᠵᠢ ᠪᠠᠲᠤ ᠡᠵᠡᠮᠳᠡᠬᠦ᠌ ᠬᠡᠷᠡᠭ᠌ᠲᠡᠢ ᠭᠡᠵᠦ᠍ ᠦᠵᠡᠪᠡ᠃
ᠨᠢ ᠫᠢᠩ᠂ ᠥᠪᠥᠷ ᠮᠣᠩᠭᠣᠯ᠎ᠤᠨ ᠦᠨᠳᠦᠰᠦᠲᠡᠨ᠎ᠦ ᠠᠵᠢᠯ ᠢ᠋ ᠴᠢᠨᠠᠭ᠍ᠰᠢᠳᠠ ᠴᠢᠩᠭᠠᠳᠭᠠᠨ ᠰᠠᠢᠵᠢᠷᠠᠭᠤᠯᠬᠤ ᠠᠱᠢᠭ᠍ᠲᠠᠢ ᠨᠥᠬᠥᠴᠡᠯ᠎ᠢ ᠭᠦᠢᠴᠡᠳ ᠠᠱᠢᠭ᠍ᠯᠠᠬᠤ ᠬᠡᠷᠡᠭ᠌ᠲᠡᠢ᠃ ᠲᠡᠦᠬᠡᠨᠡᠴᠡᠦᠵᠡᠪᠡᠯ᠂ᠥᠪᠥᠷᠮᠣᠩᠭᠣᠯᠤᠨᠲᠡᠦᠬᠡᠪᠣᠯ ᠳᠠᠷᠤᠢ ᠦᠨᠳᠦᠰᠦᠲᠡᠨ᠎ᠨᠦᠭᠦᠳ᠎ᠦᠨ ᠤᠯᠠᠨ ᠡᠱᠢᠳᠦ ᠨᠢᠭᠡ ᠴᠤᠬ᠍ᠴᠠᠵᠢᠬ᠍ᠰᠠᠨ ᠪᠠᠢᠷᠢᠰᠢᠯ ᠪᠤᠯᠵᠦ ᠪᠦᠷᠢᠯᠳᠦᠭᠰᠡᠨ ᠲᠡᠦᠬᠡ ᠪᠣᠯᠤᠨ᠎ᠠ᠃ ᠣᠷᠴᠢᠨ ᠦᠶ᠎ᠡ᠎ᠡᠴᠡ ᠨᠠᠭᠠᠰᠢ᠂ ᠥᠪᠥᠷ ᠮᠣᠩᠭᠣᠯ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ ᠬᠦᠴᠦᠷᠬᠡᠭ ᠶᠡᠬᠡ ᠨᠢᠭ᠍ᠲᠠᠷᠠᠯ᠎ᠤᠨ ᠬᠦᠴᠦᠨ ᠪᠠ ᠡᠬᠡ ᠣᠷᠣᠨᠴᠢ ᠦᠵᠡᠯ᠎ᠦᠨ ᠵᠣᠷᠢᠭ ᠰᠠᠨᠠᠭ᠎ᠠ᠎ᠶ᠋ᠢ ᠪᠦᠷᠢᠯᠳᠦᠭᠦᠯᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷ᠎ᠠ᠂ ᠮᠠᠨ᠎ᠤ ᠤᠯᠤᠰ᠎ᠤᠨ ᠠᠩᠬᠠᠳᠠᠭ᠍ᠴᠢ ᠮᠤᠵᠢ᠎ᠶ᠋ᠢᠨ ᠱᠠᠲᠤᠨ᠎ᠤ ᠦᠨᠳᠦᠰᠦᠲᠡᠨ᠎ᠦ ᠣᠷᠣᠨ᠎ᠤ ᠥᠪᠡᠷᠲᠡᠭᠡᠨ ᠵᠠᠰᠠᠬᠤ ᠭᠠᠵᠠᠷ ᠣᠷᠣᠨ ᠢ᠋ ᠪᠠᠢᠭᠤᠯᠪᠠ; ᠨᠡᠢᠭᠡᠮ ᠵᠢᠷᠤᠮᠲᠤ ᠬᠤᠪᠢᠰᠭᠠᠯ ᠪᠠ ᠪᠦᠲᠦᠭᠡᠨ ᠪᠠᠢᠭᠤᠯᠤᠯᠲᠠ᠎ᠶ᠋ᠢᠨ ᠴᠠᠭ ᠦᠶ᠎ᠡ᠎ᠳᠦ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ ᠬᠤᠪᠢ ᠵᠠᠶᠠᠭ᠎ᠠ᠎ᠪᠠᠨ ᠬᠠᠮᠲᠤᠳᠭᠠᠵᠤ᠂ ᠰᠡᠳᠭᠢᠯ ᠵᠢᠷᠦᠬᠡ᠎ᠪᠡᠨ ᠬᠣᠯᠪᠣᠨ᠂ 《ᠬᠢᠲᠠᠳ ᠦᠨᠳᠦᠰᠦᠲᠡᠨ ᠴᠥᠭᠡᠨ ᠲᠣᠭᠠᠲᠤ ᠦᠨᠳᠦᠰᠦᠲᠡᠨ᠎ᠡᠴᠡ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠬᠢᠲᠠᠳ ᠦᠨᠳᠦᠰᠦᠲᠡᠨ᠎ᠡᠴᠡ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠴᠦ᠍ ᠬᠡᠨ ᠠᠯᠢᠨ᠎ᠠᠴᠠ᠎ᠪᠠᠨ ᠰᠠᠯᠵᠤ ᠴᠢᠳᠠᠬᠤ ᠦᠭᠡᠢ》ᠨᠢᠭ᠍ᠲᠠ ᠬᠠᠷᠢᠴᠠᠭ᠎ᠠ᠎ᠶ᠋ᠢ ᠪᠦᠷᠢᠯᠳᠦᠭᠦᠯᠵᠦ᠍᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠬᠡᠮᠡᠨ ᠠᠯᠳᠠᠷᠱᠢᠪᠠ᠃ ᠪᠣᠳᠠᠲᠤ ᠪᠠᠢᠳᠠᠯ᠎ᠠᠴᠠ ᠦᠵᠡᠪᠡᠯ᠂ ᠣᠨᠴᠠᠭᠠᠢᠯᠠᠨ ᠣᠢᠷ᠎ᠠ᠎ᠶ᠋ᠢᠨ ᠵᠢᠯ᠎ᠳᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠦᠨᠳᠦᠰᠦᠲᠡᠨ᠎ᠦ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠦ᠂ ᠨᠠᠮ᠎ᠤᠨ ᠦᠨᠳᠦᠰᠦᠲᠡᠨ᠎ᠦ ᠠᠵᠢᠯ᠎ᠳᠠᠬᠢ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠴᠢᠩᠭᠠᠳᠭᠠᠪᠠ᠂ ᠪᠦᠬᠦ᠌ ᠣᠷᠣᠨ᠎ᠤ ᠦᠨᠳᠦᠰᠦᠲᠡᠨ᠎ᠦ ᠠᠵᠢᠯ᠎ᠤᠨ ᠵᠢᠯᠣᠭᠣᠳᠭᠤ ᠦᠵᠡᠯ ᠰᠠᠨᠠᠭᠠᠨ᠎ᠤ ᠠᠯᠳᠠᠭ᠎ᠠ᠎ᠶ᠋ᠢ ᠡᠷᠡᠰ ᠵᠠᠯᠠᠷᠠᠭᠤᠯᠵᠦ᠂ ᠨᠠᠮ᠎ᠤᠨ ᠲᠥᠪ ᠬᠣᠷᠢᠶᠠᠨ᠎ᠤ ᠵᠣᠷᠢᠭ ᠰᠠᠨᠠᠭ᠎ᠠ᠎ᠲᠠᠶ ᠨᠡᠢᠴᠡᠬᠦ᠌ ᠥᠬᠡᠶ᠂ ᠦᠨᠳᠦᠰᠦᠲᠡᠨ᠎ᠦ ᠵᠥᠷᠢᠶᠡᠲᠦ ᠴᠢᠨᠠᠷ᠎ᠢ ᠴᠢᠩᠭᠠᠷᠠᠭᠤᠯᠬᠤ ᠲᠥᠷᠥ᠎ᠶ᠋ᠢᠨ ᠪᠣᠳᠣᠯᠭ᠎ᠠ ᠬᠠᠤᠯᠢ ᠲᠦᠷᠢᠮ ᠠᠷᠭ᠎ᠠ ᠬᠡᠮᠵᠢᠶ᠎ᠡ᠎ᠳᠦ ᠡᠷᠡᠰ ᠲᠣᠬᠢᠷᠠᠭᠤᠯᠤᠯᠳᠠ ᠬᠢᠪᠡ᠂ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭ᠌ᠵᠢᠭᠦᠯᠬᠦ᠌ ᠳᠤᠮᠳᠠ ᠢᠯᠡᠷᠡᠭ᠌ᠰᠡᠨ ᠠᠰᠠᠭᠤᠳᠠᠯ᠎ᠢ ᠲᠣᠬᠢᠲᠠᠶ ᠱᠢᠶ᠋ᠳᠪᠦᠷᠢᠯᠡᠵᠦ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨᠲᠦᠭᠡᠮᠡᠯᠵᠢᠭᠦᠯᠬᠦ᠌ᠶ᠋ᠢ ᠲᠦᠷᠭᠡᠳᠬᠡᠨ᠂ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠪᠦᠬᠦ᠌ ᠲᠠᠯ᠎ᠠ᠎ᠪᠠᠷ ᠳᠡᠯᠭᠡᠷᠡᠭᠦᠯᠦᠨ ᠬᠡᠷᠡᠭ᠌ᠯᠡᠵᠦ᠂ ᠦᠨᠳᠦᠰᠦᠲᠡᠨ᠎ᠦ ᠬᠦᠷᠢᠶᠡᠨ᠎ᠳᠡᠬᠢ ᠠᠶᠤᠯ ᠲᠦᠭ᠌ᠰᠢᠭᠦᠷᠢ᠎ᠵᠢᠨ ᠬᠡᠮ ᠰᠣᠭᠣᠭ᠎ᠢ ᠪᠦᠲᠦᠮᠵᠢᠲᠡᠶ ᠰᠡᠷᠭᠡᠢᠯᠡᠨ ᠠᠷᠢᠯᠭᠠᠵᠦ᠂ ᠪᠦᠬᠦ᠌ ᠣᠷᠣᠨ᠎ᠤ ᠦᠨᠳᠦᠰᠦᠲᠡᠨ᠎ᠦ ᠠᠵᠢᠯ᠎ᠤᠨ ᠶᠡᠬᠡ ᠣᠷᠴᠢᠨ᠎ᠢ ᠢᠯᠡᠳᠲᠡ ᠰᠠᠢᠵᠢᠷᠠᠭᠤᠯᠤᠨ᠂ ᠨᠡᠢᠭᠡᠮ᠎ᠦᠨ ᠲᠣᠭ᠍ᠲᠠᠭᠤᠨ ᠪᠠ ᠦᠨᠳᠦᠰᠦᠲᠡᠨ᠎ᠦ ᠪᠦᠯᠬᠦᠮᠳᠡᠯ᠎ᠦᠨ ᠪᠠᠢᠳᠠᠯ᠎ᠢ ᠪᠡᠬᠢᠵᠢᠭᠦᠯᠦᠨ ᠬᠥᠭ᠌ᠵᠢᠭᠦᠯᠦᠭᠰᠡᠨ ᠪᠠᠢᠨ᠎ᠠ ᠭᠡᠪᠡ᠃

ᠮᠠᠨᠵᠤᠤᠷ ᠬᠣᠲᠠ ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ ᠬᠠᠤᠯᠢ ᠴᠠᠭᠠᠵᠠ ᠬᠠᠤᠯᠢ ᠲᠣᠭ᠍ᠲᠠᠭᠠᠯᠢᠨᠡᠢᠭᠡᠮᠲᠣᠭᠣᠷᠢᠭᠲᠤᠣᠷᠣᠭᠤᠯᠬᠤᠤᠬᠠᠭᠤᠯᠭᠠᠶ᠋ᠢᠨ ᠠᠵᠢᠯᠯᠠᠭ᠎ᠠ ᠥᠷᠨᠢᠭᠦᠯᠪᠡ

ᠬᠥᠬᠡᠬᠣᠲᠠ᠎ᠶ᠋ᠢᠨ ᠱᠢᠨ᠎ᠡ ᠬᠣᠲᠠ ᠲᠣᠭᠣᠷᠢᠭ᠎ᠤᠨ ᠮᠠᠨᠵᠤ ᠦᠨᠳᠦᠰᠦᠲᠡᠨ᠎ᠦ ᠪᠠᠭ᠎ᠠ ᠰᠤᠷᠭᠠᠭᠤᠯᠢ ᠦᠨᠳᠦᠰᠦᠳᠡᠨ ᠤ᠋ ᠪᠦᠯᠬᠦᠮᠳᠡᠯ ᠤ᠋ᠨ ᠭᠤᠤᠯ ᠰᠡᠳᠦᠪᠲᠦ ᠠᠩᠭᠢ᠎ᠶ᠋ᠢᠨ ᠬᠤᠷᠠᠯ ᠬᠢᠪᠠ
ᠳᠠᠳᠤᠯᠭ᠎ᠠ᠎ᠶ᠋ᠢᠨ ᠰᠤᠷᠪᠤᠯᠵᠢᠯᠠᠭ᠍ᠴᠢ ᠮᠠ ᠹᠠᠩ ᠰᠡᠭᠦᠳᠡᠷᠯᠡᠪᠡ

ᠦᠬᠠᠶ ᠬᠣᠲᠠ᠎ᠶ᠋ᠢᠨ ᠤᠳᠠ ᠲᠣᠭᠣᠷᠢᠭ ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ ᠬᠠᠤᠯᠢ ᠲᠣᠭ᠍ᠲᠠᠭᠠᠯ᠎ᠢ ᠤᠬᠠᠭᠤᠯᠬᠤ ᠠᠵᠢᠯᠯᠠᠭ᠎ᠠ ᠥᠷᠨᠢᠭᠦᠯᠪᠡ

ᠦᠨᠳᠦᠰᠦᠲᠡᠨ ᠤ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢ ᠦᠨᠳᠦᠰᠦᠲᠡᠨ᠎ᠦ ᠪᠦᠯᠬᠦᠮᠳᠡᠯ᠎ᠦᠨ ᠥᠯᠢᠭᠡᠷ᠎ᠢ ᠬᠠᠮᠲᠤ ᠪᠠᠷ ᠶᠠᠷᠢᠯᠴᠠᠨ᠎ᠠ
ᠳᠠᠳᠤᠯᠭ᠎ᠠ᠎ᠶ᠋ᠢᠨ ᠰᠤᠷᠪᠤᠯᠵᠢᠯᠠᠭ᠍ᠴᠢ ᠯᠢ ᠼᠦᠨ ᠱᠢᠶᠠ ᠰᠡᠭᠦᠳᠡᠷᠯᠡᠪᠡ
ᠨᠢ ᠫᠢᠩ᠂ 《ᠲᠠᠪᠤᠨ ᠦᠵᠡᠯᠲᠡ》 ᠵᠢᠨ ᠬᠥᠮᠦᠵᠢᠯ᠎ᠢ ᠴᠢᠩᠭᠠᠳᠭᠠᠵᠤ ᠂ 《 ᠲᠠᠪᠤᠨ ᠬᠠᠮᠲᠤ᠎ᠶ᠋ᠢᠨ ᠲᠠᠨᠢᠯᠲᠠ》 ᠵᠢ ᠴᠢᠩᠭᠠᠳᠭᠠᠨ᠂ 《ᠲᠦᠷᠪᠡᠨ ᠬᠠᠷᠢᠴᠠᠭ᠎ᠠ 》 ᠵᠢ ᠵᠥᠪ ᠡᠵᠡᠮᠳᠡᠬᠦ᠌ ᠪᠣᠯᠦᠨᠳᠦᠰᠦᠲᠡᠨᠦ ᠠᠵᠢᠯ᠎ᠢ ᠴᠢᠩᠭᠠᠳᠭᠠᠨ ᠰᠠᠢᠵᠢᠷᠠᠭᠤᠯᠬᠤ᠎ᠶ᠋ᠢᠨ ᠴᠢᠬᠤᠯᠠ ᠤᠷᠢᠲᠠᠯ ᠪᠠ ᠦᠵᠡᠯ ᠰᠠᠨᠠᠭᠠᠨ᠎ᠤ ᠪᠠᠲᠤᠯᠠᠭ᠎ᠠ ᠮᠥᠨ᠃ ᠨᠠᠮ᠎ᠤᠨ ᠦᠨᠳᠦᠰᠦᠲᠡᠨ᠎ᠦ ᠠᠵᠢᠯ᠎ᠳᠠᠬᠢ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠬᠤ ᠬᠡᠷᠡᠭ᠌ᠲᠡᠢ᠃ ᠨᠢᠭᠡ᠂ ᠨᠠᠮ᠎ᠤᠨ ᠬᠣᠷᠢᠢ᠎ᠠ ᠡᠴᠡ ᠦᠨᠳᠦᠰᠦᠲᠡᠨ᠎ᠦ ᠠᠵᠢᠯ᠎ᠢ ᠤᠳᠤᠷᠢᠳᠭᠤ ᠪᠠᠢᠭᠤᠯᠤᠮᠵᠢ ᠲᠣᠭ᠍ᠲᠠᠴᠠ᠂ ᠨᠠᠮ᠎ᠤᠨ ᠬᠣᠷᠢᠢ᠎ᠠ ᠵᠢᠨ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠭᠤ ᠳᠤᠭᠤᠢᠯᠠᠩ᠎ᠠᠴᠠ ᠦᠨᠳᠦᠰᠦᠲᠡᠨ᠎ᠦ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠢᠭᠤᠯᠤᠮᠵᠢ ᠲᠣᠭ᠍ᠲᠠᠴᠠ᠂ ᠨᠠᠮ᠎ᠤᠨ ᠬᠣᠷᠢᠢ᠎ᠠ᠎ᠵᠢᠨ ᠨᠢᠭᠡᠳᠦᠮᠡᠯ ᠹᠷᠣᠨᠲ᠎ᠤᠨ ᠬᠡᠯᠲᠡᠰ᠎ᠡᠴᠡ ᠦᠨᠳᠦᠰᠦᠲᠡᠨ᠎ᠦ ᠠᠵᠢᠯ᠎ᠤᠨ ᠰᠠᠯᠠᠭ᠎ᠠ ᠮᠥᠴᠢᠷ᠎ᠢ ᠤᠳᠤᠷᠢᠳᠭᠤ ᠪᠠᠢᠭᠤᠯᠤᠮᠵᠢ ᠲᠣᠭ᠍ᠲᠠᠴᠠ᠂ ᠦᠨᠳᠦᠰᠦᠲᠡᠨ᠎ᠦ ᠬᠡᠷᠡᠭᠡᠷᠬᠢᠯᠡᠬᠦ᠌ᠵᠥᠪᠯᠡᠯᠦᠨᠭᠡᠱᠢᠭᠦᠨ ᠨᠢᠭᠡᠴᠢ᠎ᠶ᠋ᠢᠨ ᠦᠢᠯᠡᠳᠦᠯ᠎ᠢ ᠨᠡᠩ ᠰᠠᠢᠲᠤᠷ ᠪᠠᠳᠠᠷᠠᠭᠤᠯᠬᠤ ᠪᠠᠢᠭᠤᠯᠤᠮᠵᠢ ᠲᠣᠭ᠍ᠲᠠᠴᠠ᠎ᠶ᠋ᠢ ᠴᠢᠨᠠᠭ᠍ᠰᠢᠳᠠ ᠲᠡᠭᠦᠯᠳᠡᠷᠵᠢᠭᠦᠯᠦᠨ᠎ᠠ᠃ ᠬᠣᠶᠠᠷ᠂ ᠬᠠᠷᠢᠭᠤᠴᠠᠯᠭ᠎ᠠ᠎ᠶ᠋ᠢ ᠲᠣᠭ᠍ᠲᠠᠭᠠᠵᠤ ᠨᠠᠢᠳᠠᠪᠤᠷᠢᠵᠢᠭᠤᠯᠤᠯᠲᠠ᠎ᠶ᠋ᠢ ᠰᠠᠢᠲᠤᠷ ᠠᠳᠭᠤᠬᠤ ᠬᠡᠷᠡᠭ᠌ᠲᠡᠶ ᠭᠡᠪᠡ᠃
ᠦᠨᠳᠦᠰᠦᠲᠡᠨ᠎ᠦ ᠠᠵᠢᠯ᠎ᠳᠠᠬᠢ ᠨᠠᠮ᠎ᠤᠨ ᠤᠳᠤᠷᠢᠳᠤᠯᠭ᠎ᠠ᠎ᠶ᠋ᠢ ᠴᠢᠩᠭᠠᠳᠭᠠᠨ ᠰᠠᠢᠵᠢᠷᠠᠭᠤᠯᠬᠤ ᠪᠣᠯ 《ᠳᠥᠷᠪᠡᠨ ᠤᠬᠠᠮᠰᠠᠷ》 ᠵᠢᠡᠨ ᠴᠢᠩᠭᠠᠳᠭᠠᠵᠤ᠂ 《ᠳᠥᠷᠪᠡᠨ ᠢᠲᠡᠭᠡᠯ 》 ᠵᠢᠡᠨ ᠪᠠᠲᠤᠳᠭᠠᠨ᠂ 《 ᠬᠣᠶᠠᠷ᠎ᠢ ᠬᠠᠮᠠᠭᠠᠯᠠᠬᠤ 》 ᠶ᠋ᠢ ᠪᠡᠶᠡᠯᠡᠭᠦᠯᠬᠦ᠌᠎ᠶ᠋ᠢᠨ ᠦᠨᠳᠦᠰᠦᠲᠡᠨ᠎ᠦ ᠠᠵᠢᠯ᠎ᠤᠨ ᠬᠦᠷᠢᠶᠡᠨ᠎ᠳᠡᠬᠢ ᠴᠢᠬᠤᠯᠠ ᠦᠶ᠋ᠯᠡᠳᠦᠯᠭᠡ ᠮᠥᠨ᠂ ᠨᠠᠮ᠎ᠤᠨ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌᠎ᠶ᠋ᠢᠨ ᠴᠢᠬᠤᠯᠠ ᠱᠠᠭᠠᠷᠳᠠᠯᠭ᠎ᠠ ᠮᠥᠨ᠂ ᠪᠠᠰᠠ ᠴᠤ᠌ ᠤᠯᠤᠰ ᠣᠷᠣᠨ᠎ᠤ ᠨᠢᠭᠡᠳᠦᠯ᠂ ᠦᠨᠳᠦᠰᠦᠲᠡᠨ᠎ᠦ ᠪᠦᠯᠬᠦᠮᠳᠡᠯ᠎ᠢ ᠬᠠᠮᠠᠭᠠᠯᠠᠬᠤ ᠴᠢᠬᠤᠯᠠ ᠶᠡᠬᠡ ᠤᠯᠤᠰᠲᠥᠷᠥᠶ᠋ᠢᠨᠬᠠᠷᠢᠭᠤᠴᠠᠯᠭᠠᠪᠠᠨ ᠡᠭᠦᠷᠭᠡᠯᠡᠵᠦ᠍ ᠰᠠᠢᠲᠤᠷ ᠭᠦᠶ᠋ᠴᠡᠳᠭᠡᠬᠦ᠌᠎ᠶ᠋ᠢᠨ ᠦᠨᠳᠦᠰᠦᠨ ᠤᠯᠤᠰ ᠲᠥᠷᠥ᠎ᠶ᠋ᠢᠨ ᠪᠠᠲᠤᠯᠠᠭ᠎ᠠ ᠮᠥᠨ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠂ ᠵᠠᠰᠠᠭ᠎ᠤᠨ ᠣᠷᠳᠣᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠶᠡᠷᠦᠩᠬᠡᠢ ᠱᠦᠵᠢ ᠰᠢ ᠶ᠋ᠢᠨᠫᠢᠩᠪᠣᠯᠤᠨᠨᠠᠮᠤᠨᠲᠥᠪᠬᠣᠷᠢᠶᠠᠨᠤᠥᠪᠥᠷᠮᠣᠩᠭᠣᠯᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠳᠦ ᠲᠠᠯᠪᠢᠭ᠍ᠰᠠᠨ ᠳᠣᠲᠣᠨᠣ ᠬᠠᠯᠠᠮᠵᠢᠯᠠᠯ ᠪᠣᠯᠤᠨ ᠴᠢᠩ ᠰᠡᠳᠭᠢᠯ᠎ᠦᠨ ᠬᠦᠰᠡᠯ ᠨᠠᠢᠳᠠᠯᠭᠠᠶ᠋ᠢᠶᠠᠭᠠᠬᠢᠭ᠍ᠰᠠᠨᠴᠤ᠌ᠬᠥᠰᠡᠷᠳᠡᠭᠦᠯᠬᠦ᠌ᠦᠭᠡᠢ᠂ᠱᠢᠨᠡᠴᠠᠭᠦᠶᠡᠶ᠋ᠢᠨᠦᠨᠳᠦᠰᠦᠲᠡᠨᠦ ᠠᠵᠢᠯ᠎ᠢ ᠰᠠᠢᠲᠤᠷ ᠬᠢᠬᠦ᠌ ᠬᠠᠷᠢᠭᠤᠴᠠᠯᠭᠠᠲᠤ ᠰᠡᠳᠭᠢᠯᠭᠡ ᠪᠤᠯᠤᠨ ᠡᠭᠦᠷᠭᠡᠲᠦ ᠪᠤᠳᠤᠯ᠎ᠢᠶᠠᠨ ᠦᠨᠡᠨ ᠬᠦ᠌ ᠴᠢᠩᠭᠠᠳᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠴᠠᠭ ᠦᠶ᠎ᠡ᠎ᠶ᠋ᠢᠨ ᠬᠠᠭᠤᠳᠠᠰᠤ᠎ᠶ᠋ᠢ ᠬᠠᠮᠲᠤ᠎ᠪᠠᠷ ᠪᠢᠴᠢᠭ᠌ᠯᠡᠨ᠎ᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃