ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠭᠦᠨᠵᠡᠭᠡᠢ ᠲᠠᠢᠯᠤᠮᠵᠢ

2021-12-13 11:45:49

ᠵᠣᠬᠢᠶᠠᠭ᠍ᠴᠢ᠄ ᠯᠢ ᠶᠦᠩ ᠲᠤᠤ ᠭᠤᠤ ᠬᠤᠢ ᠣᠩᠱᠢᠭ᠍ᠰᠠᠨ ᠣᠳᠠᠭ᠎ᠠ᠄ 3

ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠨᠢ ᠥᠪᠥᠷ ᠮᠣᠩᠭᠣᠯ᠎ᠤᠨ ᠭᠠᠳᠠᠭᠠᠳᠤ ᠨᠡᠭᠡᠭᠡᠯᠲᠡ᠎ᠶ᠋ᠢ ᠪᠦᠬᠦ᠌ ᠲᠠᠯ᠎ᠠ᠎ᠪᠠᠷ ᠥᠷᠭᠡᠳᠭᠡᠬᠦ᠌ ᠱᠢᠨ᠎ᠡ ᠵᠢᠷᠤᠭ ᠲᠥᠰᠦᠪ᠎ᠢ ᠵᠢᠷᠤᠭ᠍ᠯᠠᠪᠠ᠃ ᠣᠷᠣᠨ ᠪᠦᠰᠡ᠎ᠶ᠋ᠢᠨ ᠠᠵᠤ ᠠᠬᠤᠢ᠎ᠶ᠋ᠢᠨ ᠬᠠᠮᠲᠤᠷᠠᠯᠴᠠᠭ᠎ᠠ᠎ᠶ᠋ᠢ ᠬᠡᠷᠬᠢᠨ ᠦᠷᠭᠦᠯᠵᠢᠯᠡᠨ ᠭᠦᠨᠵᠡᠭᠡᠢᠷᠡᠭᠦᠯᠵᠦ᠍᠂ ᠳᠣᠲᠣᠭᠠᠳᠤ ᠭᠠᠳᠠᠭᠠᠳᠤ᠎ᠶ᠋ᠢ ᠬᠣᠯᠪᠣᠭ᠍ᠰᠠᠨ᠂ ᠡᠷᠬᠢᠨ ᠲᠣᠭᠣᠷᠢᠨ᠎ᠢ ᠨᠥᠯᠥᠭᠡᠯᠡᠭ᠌ᠰᠡᠨ᠂ ᠡᠬᠢ ᠪᠠᠶᠠᠯᠢᠭ᠎ᠢ ᠲᠥᠪᠯᠡᠷᠡᠭᠦᠯᠵᠦ᠍ ᠲᠠᠷᠬᠠᠭᠠᠭ᠍ᠰᠠᠨ᠂ ᠴᠢᠬᠤᠯᠠ ᠡᠯᠧᠮᠧᠨ᠋ᠲ᠎ᠢ ᠠᠭᠤᠰᠤᠯᠴᠠᠭᠤᠯᠤᠨ ᠨᠡᠪᠲᠡᠷᠡᠭᠦᠯᠦᠭ᠌ᠰᠡᠨ ᠪᠦᠬᠦ᠌ ᠣᠷᠣᠨ ᠪᠦᠰᠡ᠎ᠶ᠋ᠢᠨ ᠨᠡᠭᠡᠭᠡᠯᠲᠡᠲᠦ ᠲᠠᠪᠴᠠᠩ᠎ᠢ ᠲᠦᠷᠭᠡᠳᠭᠡᠨ ᠪᠠᠢᠭᠤᠯᠬᠤ ᠪᠤᠢ?ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠦᠨ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ᠎ᠤ ᠳᠠᠨᠢᠯᠴᠠᠭᠤᠯᠤᠭᠰᠠᠨ ᠵᠢᠡᠷ᠂ ᠢᠷᠡᠬᠦ᠌ 5 ᠵᠢᠯ᠎ᠳᠦ ᠨᠠᠩ ᠶᠡᠬᠡ ᠬᠡᠪᠴᠢᠶ᠎ᠡ᠂ ᠨᠠᠩ ᠥᠷᠭᠡᠨ ᠬᠦᠷᠢᠶ᠎ᠡ ᠴᠠᠷᠠᠭ᠎ᠠ᠂ ᠨᠠᠩ ᠭᠦᠨ ᠳᠠᠪᠬᠤᠷᠭ᠎ᠠ᠎ᠠᠴᠠ ᠥᠪᠥᠷ ᠮᠣᠩᠭᠣᠯ᠎ᠢ ᠮᠠᠨ᠎ᠤ ᠤᠯᠤᠰ᠎ᠤᠨ ᠳᠣᠲᠣᠭᠠᠳᠤ ᠬᠠᠭᠤᠷᠠᠶ᠎ᠶ᠋ᠢᠨ ᠨᠡᠭᠡᠭᠡᠯᠲᠡ᠎ᠶ᠋ᠢᠨ ᠥᠨᠳᠥᠷᠯᠢᠭ ᠪᠠ ᠬᠢᠯᠢ ᠳᠠᠭᠠᠤ᠎ᠶ᠋ᠢᠨ ᠨᠡᠭᠡᠭᠡᠯᠲᠡ᠎ᠶ᠋ᠢᠨ ᠴᠢᠬᠤᠯᠠ ᠲᠤᠯᠬᠤ ᠴᠡᠭ ᠪᠣᠯᠭᠠᠨ ᠪᠥᠲᠥᠭᠡᠨ ᠪᠠᠢᠭᠤᠯᠬᠤ ᠪᠤᠯᠤᠨ᠎ᠠ᠃

— ᠭᠠᠳᠠᠭᠠᠳᠤ ᠠᠷᠠᠯᠵᠢᠶᠠᠨ᠎ᠤ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢ ᠦᠷᠭᠦᠯᠵᠢᠯᠡᠨ ᠠᠬᠢᠭᠤᠯᠤᠨ᠎ᠠ᠃

ᠭᠠᠳᠠᠭᠠᠳᠤ ᠠᠷᠠᠯᠵᠢᠶᠠᠨ᠎ᠤ ᠬᠡᠯᠪᠡᠷᠢ᠎ᠪᠡᠨ ᠬᠤᠪᠢᠷᠠᠭᠤᠯᠤᠨ ᠳᠡᠰ ᠳᠡᠪᠱᠢᠬᠦ᠌ ᠰᠠᠭᠤᠷᠢᠨ᠎ᠤ ᠠᠵᠤ ᠦᠢᠯᠡᠰ᠎ᠦᠨ ᠲᠥᠪᠯᠡᠷᠡᠯ᠎ᠦᠨ ᠦᠢᠯᠡᠳᠦᠯ᠎ᠢ ᠪᠠᠳᠠᠷᠠᠭᠤᠯᠤᠨ᠎ᠠ᠃ ᠣᠳᠣ ᠪᠠᠢᠭ᠎ᠠ ᠭᠠᠳᠠᠭᠠᠳᠤ ᠠᠷᠠᠯᠵᠢᠶᠠᠨ᠎ᠤ ᠬᠡᠯᠪᠡᠷᠢ᠎ᠪᠡᠨ ᠬᠤᠪᠢᠷᠠᠭᠤᠯᠤᠨ ᠳᠡᠰ ᠳᠡᠪᠱᠢᠭᠦᠯᠬᠦ᠌ ᠰᠠᠭᠤᠷᠢᠨ᠎ᠢᠶᠠᠷ ᠲᠦᠱᠢᠭ ᠪᠣᠯᠭᠠᠵᠤ᠂ ᠠᠵᠤ ᠦᠢᠯᠡᠰ᠎ᠦᠨ ᠳᠡᠰ ᠳᠠᠪᠬᠤᠷᠭ᠎ᠠ ᠥᠨᠳᠥᠷ᠂ ᠬᠥᠭ᠌ᠵᠢᠯᠲᠡ᠎ᠶ᠋ᠢᠨ ᠳᠠᠯᠳᠠ ᠬᠦᠴᠦᠨ ᠶᠡᠬᠡ᠂ ᠳᠠᠢᠴᠢᠯᠠᠬᠤ ᠦᠢᠯᠡᠳᠦᠯ᠎ᠢᠶᠡᠷ ᠴᠢᠩᠭ᠎ᠠ ᠨᠢᠭᠡ ᠪᠦᠯᠦᠭ ᠭᠠᠳᠠᠭᠠᠳᠤ ᠳ᠋ᠤ ᠬᠠᠨᠳᠤᠭᠰᠠᠨ ᠠᠵᠤ ᠠᠬᠤᠢᠯᠠᠯ᠎ᠢ ᠣᠷᠣᠭᠤᠯᠵᠤ ᠠᠪᠴᠢᠷᠠᠨ᠂ ᠣᠨᠴᠠᠯᠢᠭ ᠵᠢᠡᠷ ᠢᠯᠡ ᠲᠣᠳᠣ᠂ ᠳᠠᠪᠠᠭᠤᠯᠢᠭ᠎ᠢᠶᠠᠷ ᠲᠣᠪᠣᠢᠮ᠎ᠠ᠂ ᠵᠦᠷᠢᠶᠡᠵᠢᠭᠦᠯᠦᠨ ᠬᠥᠭ᠌ᠵᠢᠭᠦᠯᠦᠭ᠌ᠰᠡᠨ ᠭᠠᠳᠠᠭᠠᠳᠤ ᠠᠷᠠᠯᠵᠢᠶᠠᠨ᠎ᠤ ᠠᠵᠤ ᠦᠢᠯᠡᠰ᠎ᠦᠨ ᠲᠥᠪᠯᠡᠷᠡᠯ᠎ᠢ ᠪᠣᠶ ᠪᠣᠯᠭᠠᠬᠤ ᠬᠡᠷᠡᠭ᠌ᠲᠡᠶ᠃

ᠤᠯᠠᠨ ᠡᠱᠢᠵᠢᠭ᠌ᠰᠡᠨ ᠤᠯᠠᠨ ᠤᠯᠤᠰ᠎ᠤᠨ ᠵᠠᠬ᠎ᠠ ᠳᠡᠯᠭᠡᠭᠦᠷ᠎ᠢ ᠢᠳᠡᠪᠬᠢᠲᠡᠢ ᠨᠡᠭᠡᠭᠡᠨ᠎ᠡ᠃ ᠮᠣᠩᠭᠣᠯ᠎ᠡᠴᠡ ᠣᠷᠣᠭᠤᠯᠬᠤ ᠬᠡᠪᠴᠢᠶ᠎ᠡ᠎ᠶ᠋ᠢ ᠪᠠᠲᠤᠯᠠᠵᠤ᠂ ᠮᠣᠩᠭᠣᠯ᠎ᠳᠤ ᠭᠠᠷᠭᠠᠬᠤ ᠬᠤᠪᠢ᠎ᠶ᠋ᠢᠨ ᠲᠣᠭ᠎ᠠ᠎ᠶ᠋ᠢ ᠨᠡᠮᠡᠭ᠌ᠳᠡᠭᠦᠯᠵᠦ᠍᠂ ᠮᠣᠩᠭᠣᠯ᠎ᠳᠤ ᠭᠠᠷᠭᠠᠬᠤ ᠪᠦᠲᠦᠴᠡ᠎ᠶ᠋ᠢ ᠱᠢᠯᠢᠳᠡᠭ᠌ᠵᠢᠭᠦᠯᠦᠨ᠎ᠡ;ᠤᠷᠦᠰ᠎ᠯᠤᠭ᠎ᠠ᠎ᠶ᠋ᠢᠨ᠎ᠠᠷᠠᠯᠵᠢᠶ᠎ᠠ᠎ᠵᠢᠨ᠎ᠪᠦᠬᠦ᠌᠎ᠤᠯᠤᠰ᠎ᠲᠠᠬᠢ᠎ᠡᠵᠡᠯᠡᠬᠦ᠌᠎ᠬᠠᠷᠢᠴᠠᠯ᠎ᠢ ᠳᠡᠭᠡᠭ᠌ᠰᠢᠯᠡᠭᠦᠯᠵᠦ᠍᠂ RCEP ᠵᠥᠪᠯᠡᠯᠴᠡᠭᠡᠷ᠎ᠲᠦ ᠭᠠᠷ᠎ᠤᠨ ᠦᠰᠦᠭ ᠵᠢᠷᠤᠵᠤ ᠬᠦᠴᠦᠨ᠎ᠲᠡᠶ ᠪᠣᠯᠬᠤ ᠠᠵᠠ ᠲᠣᠬᠢᠶᠠᠯ ᠎ᠢ ᠠᠮᠵᠢᠵᠤ᠂ ᠎ᠣᠷᠣᠨ ᠎ᠪᠦᠰᠡ ᠎ᠶ᠋ᠢᠨ ᠎ᠪᠦᠬᠦ᠌ ᠲᠠᠯ᠎ᠠ᠎ᠶ᠋ᠢᠨ᠎ᠠᠵᠤ ᠎ᠠᠬᠤᠢ ᠎ᠶ᠋ᠢᠨ᠎ᠬᠠᠨᠢᠲᠠᠨ ᠎ᠤ ᠬᠠᠷᠢᠯᠴᠠᠭ᠎ᠠ ᠎ᠶ᠋ᠢᠨ ᠎ᠵᠥᠪᠯᠡᠯᠴᠡᠭᠡᠷ ᠎ᠤᠨ ᠎ᠪᠦᠷᠢᠯᠳᠦᠬᠦᠨ᠎ᠤᠯᠤᠰ ᠎ᠯᠤᠭ᠎ᠠ᠎ᠶ᠋ᠢᠨ᠎ᠠᠷᠠᠯᠵᠢᠶᠠᠨ᠎ᠤ ᠬᠦᠷᠢᠢ᠎ᠡ᠎ᠵᠢ ᠰᠠᠨᠠᠭᠠᠴᠢᠯᠠᠭ᠎ᠠ᠎ᠠᠴᠠ᠎ᠪᠠᠨ ᠥᠷᠭᠡᠳᠭᠡᠵᠦ᠍᠂ ᠠᠵᠤ ᠠᠬᠤᠢᠯᠠᠯ᠎ᠢ ᠬᠦᠳᠦᠯᠤᠠ ᠵᠢᠯᠣᠭᠣᠳᠴᠤ᠌ ᠪᠠᠢᠭᠠᠳ《ᠨᠢᠭᠡ ᠪᠦᠰᠡ ᠨᠢᠭᠡ ᠵᠠᠮ》 ᠳᠠᠭᠠᠤ᠎ᠶ᠋ᠢᠨ ᠤᠯᠤᠰ᠂ ᠱᠢᠨ᠎ᠡ᠎ᠪᠡᠷ ᠮᠠᠨᠳᠤᠭ᠍ᠰᠠᠨ ᠠᠵᠤ ᠠᠬᠤᠢ᠎ᠶ᠋ᠢᠨ ᠴᠣᠭ᠍ᠴᠠ᠎ᠶ᠋ᠢᠨ ᠵᠠᠬ᠎ᠠ ᠳᠡᠯᠭᠡᠭᠦᠷ ᠵᠢᠴᠢ ᠧᠦ᠋ᠷᠣᠫᠠ ᠲᠢᠪ᠎ᠦᠨ ᠵᠠᠬ᠎ᠠ ᠳᠡᠯᠭᠡᠭᠦᠷ᠎ᠦᠨ ᠠᠷᠠᠯᠵᠢᠶᠠᠨ᠎ᠤ ᠬᠦᠷᠢᠢ᠎ᠡ ᠬᠡᠪᠴᠢᠢ᠎ᠡ᠎ᠶ᠋ᠢ ᠥᠷᠭᠡᠳᠭᠡᠨ᠎ᠡ᠃

ᠭᠠᠳᠠᠭᠠᠳᠤ ᠎ᠠᠷᠠᠯᠵᠢᠶᠠᠨ ᠎ᠤ ᠱᠢᠨ᠎ᠡ ᠎ᠡᠵᠡᠩᠨᠡᠯᠲᠡ᠎ᠶ᠋ᠢᠨ ᠎ᠬᠡᠯᠪᠡᠷᠢ ᠎ᠪᠠᠢᠳᠠᠯ᠎ᠢ ᠪᠣᠢᠵᠢᠭᠤᠯᠤᠨ ᠬᠦᠭᠵᠢᠭᠦᠯᠦᠨ᠎ᠠ᠃ ᠬᠥᠬᠡᠬᠣᠲᠠ᠂ ᠤᠯᠠᠭᠠᠨᠬᠠᠳᠠ᠂᠎ᠮᠠᠨᠵᠤᠤᠷ᠎ᠤᠨ᠎ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭᠠᠨ᠎ᠤ ᠶᠠᠪᠤᠳᠠᠯ᠎ᠤᠨ ᠶᠡᠷᠦᠩᠬᠡᠢᠯᠡᠭ᠌ᠰᠡᠨ ᠲᠤᠷᠱᠢᠯᠲᠠ᠎ᠶ᠋ᠢᠨ ᠲᠣᠭᠣᠷᠢᠭ᠎ᠤᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ ᠪᠣᠯᠪᠠᠰᠤᠷᠠᠩᠭᠤᠶ ᠲᠤᠷᠱᠢᠯᠭ᠎ᠠ ᠪᠠ ᠠᠷᠭ᠎ᠠ ᠪᠠᠷᠢᠯ᠎ᠢ ᠲᠡᠷᠡ ᠬᠡᠪ᠎ᠢᠶᠡᠷ᠎ᠨᠢ᠎ᠳᠡᠯᠭᠡᠷᠡᠭᠦᠯᠦᠨ᠎ᠡ᠃ ᠣᠷᠳᠣᠰ᠂ ᠪᠤᠭᠤᠲᠤ᠂ ᠤᠯᠠᠭᠠᠨᠴᠠᠪ ᠵᠡᠷᠭᠡ ᠬᠣᠲᠠ᠎ᠶ᠋ᠢᠨ ᠶᠡᠷᠦᠩᠬᠡᠢᠯᠡᠭ᠌ᠰᠡᠨ ᠲᠤᠷᠱᠢᠯᠲᠠ᠎ᠶ᠋ᠢᠨ ᠤᠷᠤᠨ᠎ᠢᠶᠠᠷ ᠮᠡᠳᠡᠭᠦᠯᠬᠦ᠌᠎ᠶ᠋ᠢ ᠳᠡᠮᠵᠢᠨ᠎ᠡ᠃

ᠡᠳ᠋ᠱᠢᠭᠦᠯᠵᠦ᠍ ᠪᠣᠯᠪᠠᠰᠤᠷᠠᠭᠤᠯᠬᠤ ᠠᠷᠠᠯᠵᠢᠶ᠎ᠠ᠎ᠶ᠋ᠢᠨ ᠭᠣᠣᠯᠳᠠᠯᠭ᠎ᠠ᠎ᠲᠠᠶ ᠵᠣᠯᠭᠠᠭᠤᠯᠬᠤ ᠭᠠᠵᠠᠷ᠎ᠢ᠎ᠪᠣᠢᠵᠢᠭᠤᠯᠬᠤ ᠬᠡᠷᠡᠭ᠌ᠲᠡᠶ᠃ 《ᠭᠠᠳᠠᠭᠠᠳᠤ᠎ᠠᠷᠠᠯᠵᠢᠶ᠎ᠠ᠎ᠶ᠋ᠢᠨ᠎ᠬᠡᠯᠪᠡᠷᠢ᠎ᠪᠡᠨ ᠬᠤᠪᠢᠷᠠᠭᠤᠯᠤᠨ ᠳᠡᠰ ᠳᠡᠪᠱᠢᠭᠦᠯᠬᠦ᠌ ᠰᠠᠭᠤᠷᠢᠨ + ᠡᠳ᠋ᠱᠢᠭᠦᠯᠵᠦ᠍ ᠪᠣᠯᠪᠠᠰᠤᠷᠠᠭᠤᠯᠬᠤ ᠠᠷᠠᠯᠵᠢᠶ᠎ᠠ᠎ᠶ᠋ᠢᠨ ᠠᠵᠤ ᠦᠢᠯᠡᠰ᠎ᠦᠨ ᠵᠣᠯᠭᠠᠭᠤᠯᠬᠤ ᠭᠠᠵᠠᠷ》 ᠤ᠋ᠨ ᠬᠤᠳᠠᠯᠳᠤᠭᠠᠴᠢᠨ ᠤᠷᠢᠬᠤ᠎ᠶ᠋ᠢ ᠥᠷᠨᠢᠭᠦᠯᠵᠦ᠍᠂ ᠨᠡᠬᠡᠮᠡᠯ ᠬᠤᠪᠴᠠᠰᠤ ᠬᠤᠨᠠᠷ᠂ ᠮᠠᠱᠢᠨ ᠮᠸᠬᠠᠨᠢᠭ ᠦᠢᠯᠡᠳᠬᠦ᠌᠂ ᠮᠣᠳᠣᠨ ᠮᠠᠲ᠋ᠧᠷᠢᠶᠠᠯ ᠡᠳ᠋ᠱᠢᠭᠦᠯᠬᠦ᠌ ᠵᠡᠷᠭᠡ ᠎ᠬᠥᠳᠡᠯᠮᠦᠷᠢ ᠎ᠬᠦᠴᠦᠨ ᠎ᠨᠢᠭ᠍ᠲᠠᠷᠬᠠᠰᠠᠨ ᠎ᠬᠡᠯᠪᠡᠷᠢ᠎ᠶ᠋ᠢᠨ ᠎ᠡᠳ᠋ᠱᠢᠭᠦᠯᠵᠦ᠍ ᠎ᠪᠣᠯᠪᠠᠰᠤᠷᠠᠭᠤᠯᠬᠤ ᠠᠷᠠᠯᠵᠢᠶ᠎ᠠ᠎ᠶ᠋ᠢᠨ ᠠᠵᠦ ᠦᠢᠯᠡᠰ᠎ᠢ ᠦᠷᠭᠦᠯᠵᠢᠯᠡᠨ ᠬᠥᠭ᠌ᠵᠢᠭᠦᠯᠦᠨ᠎ᠡ᠃

—᠎ᠭᠠᠳᠠᠭᠠᠳᠤ᠎ᠪᠡᠯᠡ᠎ᠶ᠋ᠢ᠎ᠠᠱᠢᠭ᠍ᠯᠠᠬᠤ᠎ᠬᠦᠷᠢᠶ᠎ᠡ᠎ᠶ᠋ᠢ᠎ᠠᠭᠠᠵᠢᠮ᠎ᠢᠶᠠᠷ ᠱᠢᠯᠢᠳᠡᠭ᠌ᠵᠢᠭᠦᠯᠦᠨ᠎ᠡ᠃

ᠤᠷᠤᠭᠤᠯᠬᠤ᠎ᠶ᠋ᠢ ᠵᠥᠪᠱᠢᠶᠡᠷᠡᠬᠦ᠌᠎ᠡᠴᠡ ᠡᠮᠦᠨᠡᠬᠢ ᠤᠯᠤᠰ ᠠᠷᠠᠳ᠎ᠤᠨ ᠬᠠᠷᠠᠭᠠᠯᠵᠠᠯ ᠳᠡᠭᠡᠷ᠎ᠡ ᠨᠠᠵᠠᠭᠠᠶ ᠲᠠᠯ᠎ᠠ᠎ᠶ᠋ᠢᠨ ᠲᠣᠳᠣᠷᠬᠠᠶ ᠳᠠᠩᠰᠠ᠎ᠶ᠋ᠢ ᠨᠡᠮᠡᠬᠦ᠌ ᠬᠠᠮᠢᠶᠠᠷᠤᠯᠲᠠ᠎ᠶ᠋ᠢᠨ ᠲᠦᠷᠢᠮ᠎ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠤᠨ᠎ᠠ᠃ ᠵᠠᠰᠠᠭ᠎ᠤᠨ ᠣᠷᠳᠣᠨ᠎ᠤ ᠬᠤᠳᠠᠯᠳᠤᠨ ᠠᠪᠬᠤ᠂ ᠪᠠᠷᠢᠮᠵᠢᠶ᠎ᠠ ᠲᠣᠭ᠍ᠲᠠᠭᠠᠬᠤ᠂ ᠪᠡᠯᠡ ᠮᠥᠩᠭᠥ᠎ᠶ᠋ᠢᠨ ᠨᠥᠬᠥᠪᠥᠷᠢ ᠥᠭ᠌ᠬᠦ᠂ ᠠᠵᠤ ᠦᠢᠯᠡᠰ᠎ᠦᠨ ᠲᠥᠷᠥ᠎ᠶ᠋ᠢᠨ ᠪᠣᠳᠣᠯᠭ᠎ᠠ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠥᠷᠥ᠎ᠶ᠋ᠢᠨ ᠪᠣᠳᠣᠯᠭ᠎ᠠ᠂ ᠬᠢᠷᠢ ᠬᠡᠮ᠎ᠤᠨ ᠵᠥᠪᠱᠢᠶᠡᠷᠡᠯ᠂ ᠳᠠᠩᠰᠠᠯᠠᠨ ᠲᠡᠮᠳᠡᠭ᠌ᠯᠡᠬᠦ᠌ ᠂ ᠵᠠᠬ᠎ᠠ ᠳᠡᠯᠭᠡᠭᠦᠷ᠎ᠲᠦ ᠭᠠᠷᠭᠠᠨ ᠪᠡᠯᠡ ᠬᠤᠷᠠᠮᠳᠤᠭᠤᠯᠬᠤ ᠵᠡᠷᠭᠡ ᠲᠠᠯ᠎ᠠ᠎ᠪᠠᠷ ᠬᠢ ᠳᠣᠲᠣᠭᠠᠳᠤ ᠭᠠᠳᠠᠭᠠᠳᠤ ᠪᠡᠯᠡ᠎ᠶ᠋ᠢᠨ ᠨᠢᠭᠡᠳᠦᠯ ᠦᠭᠡᠶ ᠲᠥᠷᠥ᠎ᠶ᠋ᠢᠨ ᠪᠣᠳᠣᠯᠭ᠎ᠠ᠂ ᠠᠷᠭ᠎ᠠ ᠬᠡᠮᠵᠢᠶ᠎ᠡ᠎ᠶ᠋ᠢ ᠪᠦᠬᠦ᠌ ᠲᠠᠯ᠎ᠠ᠎ᠪᠠᠷ ᠢᠯᠭᠠᠷᠠᠭᠤᠯᠤᠨ ᠬᠦᠴᠦᠨ ᠦᠭᠡᠶ ᠪᠣᠯᠭᠠᠵᠤ᠂ ᠠᠵᠤ ᠠᠬᠤᠢᠯᠠᠯ᠎ᠤᠨ ᠬᠥᠭ᠌ᠵᠢᠯᠲᠡ᠎ᠶ᠋ᠢ ᠳᠡᠮᠵᠢᠬᠦ᠌ ᠡᠯ᠎ᠡ ᠵᠦᠢᠯ᠎ᠦᠨ ᠲᠥᠷᠥ᠎ᠶ᠋ᠢᠨ ᠪᠣᠳᠣᠯᠭ᠎ᠠ᠎ᠶ᠋ᠢ ᠠᠳᠠᠯᠢ ᠲᠡᠭ᠌ᠰᠢ᠎ᠪᠡᠷ ᠭᠠᠳᠠᠭᠠᠳᠤ ᠪᠡᠯᠡ᠎ᠶ᠋ᠢᠨ ᠠᠵᠤ ᠠᠬᠤᠢᠯᠠᠯ᠎ᠳᠤ ᠬᠡᠷᠡᠭ᠌ᠯᠡᠬᠦ᠌᠎ᠶ᠋ᠢ ᠦᠨᠡᠨ᠎ᠬᠦ᠌ ᠪᠠᠲᠤᠯᠠᠨ᠎ᠠ᠃

ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠷᠭ᠎ᠠ ᠮᠠᠶᠢᠭ ᠤ᠋ᠨ ᠱᠢᠨ᠎ᠡ᠎ᠶ᠋ᠢ ᠡᠭᠦᠳᠦᠨ᠎ᠡ᠃ ᠥᠪᠡᠷᠲᠡᠭᠡᠨ ᠵᠠᠰᠠᠬᠤ ᠣᠷᠣᠨ᠎ᠤ ᠭᠤᠤᠯᠳᠠᠯᠭ᠎ᠠ᠎ᠲᠠᠶ ᠠᠵᠤ ᠦᠶ᠋ᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠮᠡᠳᠡᠭᠡ ᠵᠠᠩᠭᠢᠵᠢᠯᠲᠠ᠎ᠶ᠋ᠢᠨ ᠠᠷᠭ᠎ᠠ ᠪᠠᠷᠢᠯ᠎ᠢ ᠭᠦᠶ᠋ᠴᠡᠳ ᠬᠡᠷᠡᠭ᠌ᠯᠡᠵᠦ᠍᠂ ᠠᠯᠤᠰ᠎ᠠᠴᠠ ᠲᠠᠨᠢᠯᠴᠠᠭᠤᠯᠬᠤ᠂ ᠸᠢᠳᠢᠣ᠋ ᠬᠤᠷᠠᠯ ᠬᠢᠬᠦ᠌᠂ ᠰᠦᠯᠵᠢᠶᠡᠨ ᠳᠡᠭᠡᠷ᠎ᠡ ᠵᠥᠪᠳᠡᠯᠴᠡᠬᠦ᠌᠂ 《ᠡᠭᠦᠯᠡᠨ ᠭᠡᠷ᠎ᠡ》 ᠲᠣᠭ᠍ᠲᠠᠬᠤ ᠵᠡᠷᠭᠡ ᠰᠦᠯᠵᠢᠶᠡᠨ ᠳᠡᠭᠡᠷᠡᠬᠢ ᠠᠷᠭ᠎ᠠ ᠬᠡᠯᠪᠡᠷᠢ᠎ᠪᠡᠷ ᠳᠠᠮᠵᠢᠭᠤᠯᠤᠨ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠡᠷᠴᠢᠮ᠎ᠢᠶᠡᠨ ᠦᠷᠭᠦᠯᠵᠢᠯᠡᠨ ᠴᠢᠩᠭᠠᠳᠬᠠᠨ᠎ᠠ᠃

ᠤᠯᠤᠰ ᠠᠯᠤᠰᠯᠠᠭ᠍ᠰᠠᠨ ᠺᠣᠮᠫᠠᠨᠢ᠎ᠶ᠋ᠢᠨ ᠪᠡᠯᠡ ᠣᠷᠣᠭᠤᠯᠤᠯᠲᠠ᠎ᠶ᠋ᠢ ᠣᠷᠣᠭᠤᠯᠤᠨ ᠠᠪᠴᠢᠷᠠᠨ᠎ᠡ᠃ ᠲᠡᠷᠢᠭᠦᠨ᠎ᠦ ᠬᠡᠷᠡᠭ᠌ᠯᠡᠭᠡᠨ᠎ᠦ ᠮᠡᠷᠭᠡᠵᠢᠯ᠂ ᠪᠡᠯᠡ ᠮᠥᠩᠭᠥ᠌᠂ ᠬᠠᠮᠢᠶᠠᠷᠤᠯᠲᠠ᠎ᠶ᠋ᠢᠨ ᠲᠤᠷᠱᠢᠯᠭ᠎ᠠ ᠪᠠ ᠡᠵᠡᠩᠨᠡᠨ ᠪᠣᠷᠣᠯᠠᠭᠤᠯᠬᠤ ᠠᠷᠭ᠎ᠠ ᠮᠠᠶᠢᠭ᠎ᠢ ᠣᠷᠣᠭᠤᠯᠤᠨ ᠠᠪᠴᠢᠷᠠᠵᠤ᠂ ᠤᠯᠤᠰ ᠠᠯᠤᠰᠯᠠᠭ᠍ᠰᠠᠨ ᠺᠣᠮᠫᠠᠨᠢ᠎ᠶ᠋ᠢᠨ ᠤᠯᠠᠨ ᠤᠯᠤᠰ᠎ᠤᠨ ᠦᠢᠯᠡᠳᠪᠦᠷᠢᠯᠡᠯ ᠂ ᠪᠣᠷᠣᠯᠠᠭᠤᠯᠭ᠎ᠠ ᠪᠠ ᠦᠢᠯᠡᠴᠢᠯᠡᠭᠡᠨ᠎ᠦ ᠲᠣᠣᠷ ᠰᠦᠯᠵᠢᠢ᠎ᠡ᠎ᠶ᠋ᠢ ᠭᠦᠢᠴᠡᠳ ᠠᠱᠢᠭ᠍ᠯᠠᠨ᠂ ᠲᠤᠮᠤ ᠬᠡᠯᠪᠡᠷᠢ᠎ᠶ᠋ᠢᠨ ᠠᠵᠤ ᠠᠬᠤᠢᠯᠠᠯ᠎ᠤᠨ ᠤᠯᠤᠰ ᠠᠯᠤᠰᠯᠠᠭ᠍ᠰᠠᠨ ᠺᠣᠮᠫᠠᠨᠢ᠎ᠲᠠᠶ ᠬᠠᠮᠲᠤᠷᠠᠨ ᠠᠵᠢᠯᠯᠠᠬᠤ᠎ᠶ᠋ᠢ ᠲᠦᠯᠬᠢᠨ ᠠᠬᠢᠭᠤᠯᠵᠤ᠂ ᠰᠤᠳᠤᠯᠤᠨ ᠨᠡᠭᠡᠭᠡᠬᠦ᠌ ᠲᠥᠪ ᠪᠠᠢᠭᠤᠯᠤᠨ᠂ ᠮᠡᠷᠭᠡᠵᠢᠯ᠎ᠢ ᠱᠢᠩᠭᠡᠭᠡᠨ ᠠᠪᠬᠤ ᠪᠠ ᠱᠢᠨ᠎ᠡ᠎ᠶ᠋ᠢ ᠡᠭᠦᠳᠬᠦ᠌ ᠴᠢᠳᠠᠪᠤᠷᠢ᠎ᠪᠠᠨ ᠴᠢᠩᠭᠠᠷᠠᠭᠤᠯᠵᠤ᠂ ᠠᠵᠤ ᠦᠢᠯᠡᠰ᠎ᠦᠨ ᠳᠡᠯᠡᠬᠡᠢᠴᠢᠯᠡᠭ᠌ᠰᠡᠨ ᠬᠥᠭ᠌ᠵᠢᠯᠲᠡ᠎ᠶ᠋ᠢ ᠠᠬᠢᠭᠤᠯᠤᠨ᠎ᠠ᠃

ᠤᠯᠠᠨ ᠤᠯᠤᠰ᠎ᠤᠨ ᠦᠨᠡᠲᠦ ᠲᠡᠮᠳᠡᠭ᠌ᠲᠦ᠍᠎ᠶ᠋ᠢᠨ ᠵᠠᠬ᠎ᠠ ᠳᠡᠯᠭᠡᠭᠦᠷ᠎ᠢ ᠯᠠᠪᠳᠠᠭᠤᠨ᠎ᠢᠶᠠᠷ ᠠᠱᠢᠭ᠍ᠯᠠᠵᠤ ᠭᠠᠳᠠᠭᠠᠳᠤ ᠪᠡᠯᠡ᠎ᠶ᠋ᠢ ᠣᠷᠣᠭᠤᠯᠤᠨ ᠠᠪᠴᠢᠷᠠᠨ᠎ᠠ᠃ ᠶᠠᠰᠤ ᠴᠢᠨᠠᠷ ᠰᠠᠢᠲᠠᠢ ᠲᠤᠮᠤ ᠳᠤᠮᠳᠠ ᠬᠡᠯᠪᠡᠷᠢ᠎ᠶ᠋ᠢᠨ ᠠᠵᠤ ᠠᠬᠤᠢᠯᠠᠯ᠎ᠤᠨ ᠤᠯᠠᠨ ᠤᠯᠤᠰ᠎ᠤᠨ ᠦᠨᠡᠲᠦ ᠲᠡᠮᠳᠡᠭ᠌ᠲᠦ᠍᠎ᠶ᠋ᠢᠨ ᠵᠠᠬ᠎ᠠ ᠳᠡᠯᠭᠡᠭᠦᠷ ᠲᠤ᠌ ᠤᠴᠢᠵᠤ ᠵᠠᠬ᠎ᠠ ᠳᠡᠯᠬᠡᠬᠦᠷ ᠲᠤ᠌ ᠭᠠᠷᠬᠤ᠎ᠶ᠋ᠢ ᠠᠬᠢᠭᠤᠯᠤᠨ᠎ᠠ᠃ ᠣᠷᠣᠨ᠎ᠤ ᠳᠣᠲᠣᠷᠠᠬᠢ ᠱᠢᠯᠢᠳᠡᠭ ᠠᠵᠤ ᠠᠬᠤᠢᠯᠠᠯ᠎ᠤᠨ ᠭᠠᠳᠠᠭᠠᠳᠤ᠎ᠳᠤ ᠭᠠᠷᠴᠤ᠌ ᠵᠠᠬ᠎ᠠ ᠳᠡᠯᠭᠡᠭᠦᠷ᠎ᠲᠦ ᠭᠠᠷᠬᠤ᠂ ᠬᠥᠭ᠌ᠵᠢᠨ ᠪᠤᠵᠠᠭᠠᠢᠷᠬᠠᠤ ᠶ᠋ᠢ ᠪᠥᠬᠥ᠌ ᠬᠦᠴᠦᠨ᠎ᠢᠶᠡᠷ ᠳᠡᠮᠵᠢᠨ᠎ᠡ᠃

— ᠭᠠᠳᠠᠭᠠᠳᠤ᠎ᠯᠤᠭ᠎ᠠ ᠵᠢᠨ ᠠᠵᠤ ᠠᠬᠤᠢ᠎ᠶ᠋ᠢᠨ ᠬᠠᠮᠳᠤᠷᠠᠯᠴᠠᠭ᠎ᠠ ᠵᠢ ᠠᠬᠢᠭᠤᠯᠤᠨ᠎ᠠ᠃

ᠣᠷᠣᠰ᠎ᠮᠣᠩᠭᠣᠯ᠎ᠯᠤᠭ᠎ᠠ᠎ᠶ᠋ᠢᠨ᠎ᠬᠠᠮᠲᠤᠷᠠᠯᠴᠠᠭ᠎ᠠ᠎ᠪᠠᠨ᠎ᠭᠦᠨᠵᠡᠭᠡᠢᠷᠡᠭᠦᠯᠦᠨ᠎ᠡ᠃᠎ᠣᠷᠣᠨ᠎ᠪᠦᠰᠡ᠎ᠶ᠋ᠢᠨ ᠳᠠᠪᠠᠭᠤᠯᠢᠭ ᠪᠠᠢᠷᠢᠯᠠᠯ᠎ᠳᠤ ᠲᠦᠱᠢᠭ᠌ᠯᠡᠨ᠂ ᠣᠷᠣᠰ ᠮᠣᠩᠭᠣᠯ᠎ᠯᠤᠭ᠎ᠠ᠎ᠶ᠋ᠢᠨ ᠡᠨᠧᠷᠭᠢ᠂ ᠠᠭᠤᠷᠬᠠᠶ᠎ᠶ᠋ᠢᠨ ᠭᠠᠷᠤᠯᠲᠠ᠂ ᠰᠠᠭᠤᠷᠢ ᠲᠤᠨᠤᠭ ᠲᠦᠬᠦᠬᠡᠷᠦᠮᠵᠢ᠂ ᠲᠠᠷᠢᠶᠠᠯᠠᠩ ᠵᠡᠷᠭᠡ ᠲᠠᠯ᠎ᠠ᠎ᠶ᠋ᠢᠨ ᠬᠠᠮᠲᠤᠷᠠᠯᠴᠠᠭ᠎ᠠ᠎ᠶ᠋ᠢ ᠴᠢᠩᠭᠠᠳᠭᠠᠨ᠎ᠠ᠃ ᠥᠪᠥᠷ ᠮᠣᠩᠭᠣᠯ᠎ᠤᠨ ᠳᠠᠪᠠᠭᠤᠯᠢᠭ ᠠᠵᠤ ᠦᠶ᠋ᠯᠡᠰ᠂ ᠦᠶ᠋ᠯᠡᠳᠬᠦᠨ᠎ᠦ ᠬᠦᠴᠦᠨ᠎ᠢ ᠭᠦᠶ᠋ᠴᠡᠳ ᠪᠠᠳᠠᠷᠠᠭᠤᠯᠵᠤ᠂ 《ᠨᠢᠭᠡ ᠪᠦᠰᠡ ᠨᠢᠭᠡ ᠵᠠᠮ》 ᠳᠠᠭᠠᠤ ᠠᠽᠢᠶ᠎ᠠ ᠠᠹᠷᠢᠺᠠ᠎ᠶ᠋ᠢᠨ ᠤᠯᠤᠰ᠎ᠤᠳ᠎ᠯᠤᠭ᠎ᠠ᠎ᠶ᠋ᠢᠨ ᠠᠵᠤ ᠠᠬᠤᠶ ᠠᠷᠠᠯᠵᠢᠶᠠᠨ᠎ᠤ ᠶᠠᠪᠤᠯᠴᠠᠭ᠎ᠠ᠎ᠶ᠋ᠢ ᠥᠷᠭᠡᠳᠭᠡᠵᠦ᠍᠂ ᠧᠦ᠋ᠷᠣᠫᠠ ᠲᠢᠪ᠎ᠦᠨ ᠤᠯᠤᠰ᠎ᠤᠳ᠎ᠤᠨ ᠵᠠᠬ᠎ᠠ ᠳᠡᠯᠭᠡᠭᠦᠷ᠎ᠢ ᠨᠡᠭᠡᠭᠡᠵᠦ᠍᠂ ᠠᠮᠧᠷᠢᠺᠠ᠎ᠯᠤᠭ᠎ᠠ᠎ᠶ᠋ᠢᠨ ᠣᠲᠣ᠎ᠶ᠋ᠢᠨ ᠪᠠᠢᠭ᠎ᠠ ᠬᠠᠮᠲᠤᠷᠠᠯᠴᠠᠭᠠᠨ᠎ᠤ ᠰᠠᠭᠤᠷᠢ᠎ᠶ᠋ᠢ ᠪᠡᠬᠢᠵᠢᠭᠦᠯᠦᠨ᠎ᠡ᠃

ᠣᠯᠠᠨ ᠡᠱᠢᠵᠢᠭ᠌ᠰᠡᠨ ᠪᠡᠯᠡ ᠣᠷᠣᠭᠤᠯᠤᠯᠲᠠ᠎ᠶ᠋ᠢ ᠵᠣᠷᠢᠭ᠍ᠵᠢᠭᠤᠯᠤᠨ᠎ᠠ᠃ ᠠᠵᠤ ᠠᠬᠤᠢᠯᠠᠯ᠎ᠤᠨ ᠪᠣᠳᠠᠲᠤ ᠶᠠᠭᠤᠮ᠎ᠠ᠎ᠶ᠋ᠢᠨ ᠪᠠᠯᠠ ᠣᠷᠣᠭᠤᠯᠤᠯᠲᠠ᠂ ᠦᠶ᠋ᠯᠡᠴᠢᠯᠡᠭᠡᠨ᠎ᠦ ᠪᠠᠯᠠ ᠣᠷᠣᠭᠤᠯᠤᠯᠲᠠ᠂᠎ᠮᠡᠷᠭᠡᠵᠢᠯ᠎ᠦᠨ᠎ᠪᠠᠯᠠ ᠣᠷᠣᠭᠤᠯᠤᠯᠲᠠ᠂ ᠣᠨᠴᠠ ᠵᠥᠪᠱᠢᠶᠡᠷᠡᠭ᠌ᠰᠡᠨ ᠡᠵᠡᠩᠨᠡᠯᠲᠡ᠂ ᠰᠤᠳᠤᠯᠤᠨ ᠨᠡᠭᠡᠭᠡᠵᠦ᠍ ᠬᠠᠮᠲᠤᠷᠠᠯᠴᠠᠬᠤ ᠵᠡᠷᠭᠡ ᠠᠷᠭ᠎ᠠ ᠮᠠᠶᠢᠭ᠎ᠢᠶᠠᠷ ᠣᠯᠠᠨ ᠤᠯᠤᠰ᠎ᠤᠨ ᠬᠠᠮᠲᠤᠷᠠᠯᠴᠠᠭ᠎ᠠ᠎ᠳᠤ ᠣᠷᠣᠯᠴᠠᠬᠤ᠎ᠶ᠋ᠢ ᠵᠤᠷᠢᠭᠵᠢᠭᠤᠯᠤᠨ᠎ᠠ᠃

ᠬᠢᠯᠢ᠎ᠶ᠋ᠢᠨ᠎ᠭᠠᠳᠠᠨᠠᠬᠢ᠎ᠠᠵᠤ᠎ᠠᠬᠤᠢ᠎ᠠᠷᠠᠯᠵᠢᠶᠠᠨ᠎ᠤ᠎ᠬᠠᠮᠲᠤᠷᠠᠯᠴᠠᠭᠠᠨ᠎ᠤ ᠣᠷᠣᠨ᠎ᠢ ᠴᠢᠨᠠᠷ ᠰᠠᠢᠲᠠᠢ ᠪᠦᠳᠦᠭᠡᠨ ᠪᠠᠢᠭᠤᠯᠤᠨ᠎ᠠ᠃ ᠮᠠᠨ᠎ᠤ ᠣᠷᠣᠨ᠎ᠤ ᠪᠣᠳᠠᠲᠤ ᠬᠦᠴᠦᠨ᠎ᠲᠡᠶ ᠠᠵᠤ ᠠᠬᠤᠢᠯᠠᠯ᠎ᠤᠨ ᠮᠣᠩᠭᠣᠯ᠂ ᠣᠷᠣᠰ᠎ᠲᠤ ᠬᠢᠯᠢ᠎ᠶ᠋ᠢᠨ ᠭᠠᠳᠠᠨᠠᠬᠢ ᠠᠵᠤ ᠠᠬᠤᠶ ᠠᠷᠠᠯᠵᠢᠶᠠᠨ᠎ᠤ ᠬᠤᠷᠱᠢᠯᠴᠠᠬᠤ ᠣᠷᠣᠨ ᠪᠠᠢᠭᠤᠯᠬᠤ᠂ ᠲᠤᠬᠠᠶ᠎ᠶ᠋ᠢᠨ ᠭᠠᠵᠠᠷ ᠪᠠ ᠬᠠᠮᠢᠶ᠎ᠠ ᠪᠦᠬᠦᠢ ᠤᠯᠤᠰ᠎ᠤᠨ ᠠᠵᠤ ᠠᠬᠤᠢᠯᠠᠯ᠎ᠤᠨ ᠬᠤᠷᠱᠢᠯᠴᠠᠬᠤ ᠣᠷᠣᠨ᠎ᠢ ᠬᠠᠮᠲᠤ ᠪᠠᠷ ᠪᠠᠢᠭᠤᠯᠬᠤ ᠪᠤᠶᠤ ᠤᠷᠤᠵᠤ ᠰᠠᠭᠤᠬᠤ ᠵᠢ ᠳᠡᠮᠵᠢᠨ᠎ᠡ᠃

—᠎ᠪᠣᠭᠣᠮᠲᠠ᠎ᠶ᠋ᠢᠨ᠎ᠶᠡᠷᠦᠩᠬᠡᠢᠯᠡᠭ᠌ᠰᠡᠨ᠎ᠦᠶ᠋ᠯᠡᠴᠢᠯᠡᠭᠡᠨ᠎ᠦ᠎ᠴᠢᠳᠠᠪᠤᠷᠢ᠎ᠪᠠ᠎ᠲᠦᠪᠰᠢᠨ᠎ᠢ ᠪᠥᠬᠥ᠌᠎ᠲᠠᠯ᠎ᠠ ᠪᠠᠷ ᠳᠡᠭᠡᠭ᠌ᠰᠢᠯᠡᠭᠦᠯᠦᠨ᠎ᠡ᠃


ᠪᠣᠭᠣᠮᠲᠠ᠎ᠶ᠋ᠢᠨ ᠪᠠᠢᠷᠢᠱᠢᠭᠤᠯᠤᠯᠲᠠ ᠪᠠ ᠴᠢᠳᠠᠮᠵᠢ᠎ᠶ᠋ᠢ ᠱᠢᠯᠢᠳᠡᠭ᠌ᠵᠢᠭᠦᠯᠵᠦ᠍᠂ ᠪᠣᠭᠣᠮᠲᠠ᠎ᠶ᠋ᠢᠨ ᠬᠥᠭ᠌ᠵᠢᠯᠲᠡ᠎ᠶ᠋ᠢᠨ ᠶᠠᠰᠤ ᠴᠢᠨᠠᠷ ᠪᠠ ᠴᠢᠳᠠᠮᠵᠢ᠎ᠶ᠋ᠢ ᠳᠡᠭᠡᠭ᠌ᠰᠢᠯᠡᠭᠦᠯᠦᠨ᠎ᠡ᠃ ᠪᠣᠭᠣᠮᠲᠠ᠎ᠶ᠋ᠢᠨ ᠬᠥᠭ᠌ᠵᠢᠯᠲᠡ᠎ᠶ᠋ᠢᠨ ᠪᠠᠢᠷᠢ ᠲᠣᠭ᠍ᠲᠠᠭᠠᠯᠲᠠ ᠪᠠ ᠳᠡᠰ ᠳᠠᠪᠬᠤᠷᠭ᠎ᠠ᠎ᠶ᠋ᠢ ᠤᠯᠠᠮ ᠨᠢᠭᠡ ᠠᠯᠬᠤᠮ ᠱᠢᠯᠢᠳᠡᠭ᠌ᠵᠢᠭᠦᠯᠵᠦ᠍᠂ ᠶᠡᠷᠦᠩᠬᠡᠢᠯᠡᠭ᠌ᠰᠡᠨ ᠵᠠᠩᠭᠢᠯᠠᠭ᠎ᠠ᠂ ᠭᠣᠣᠯᠳᠠᠯᠭ᠎ᠠ᠎ᠲᠠᠶ ᠲᠥᠷᠥᠯ᠂ ᠣᠨᠴᠠᠯᠢᠭ᠍ᠲᠤ ᠲᠥᠷᠥᠯ᠎ᠦᠨ ᠪᠣᠭᠣᠮᠲᠠ᠎ᠶ᠋ᠢᠨ ᠬᠠᠮᠵᠢᠯᠴᠠᠨ ᠬᠥᠭ᠌ᠵᠢᠬᠦ᠌ ᠪᠠᠢᠷᠢᠱᠢᠯ᠎ᠢ ᠪᠤᠶ ᠪᠣᠯᠭᠠᠨ᠎ᠠ᠃ ᠬᠥᠬᠡᠬᠣᠲᠠ᠎ᠶ᠋ᠢᠨ ᠱᠢᠨ᠎ᠡ ᠨᠢᠰᠭᠡᠯ᠎ᠦᠨ ᠪᠠᠭᠤᠳᠠᠯ᠎ᠤᠨ ᠪᠦᠲᠦᠭᠡᠨ ᠪᠠᠢᠭᠤᠯᠤᠯᠲᠠ᠎ᠲᠠᠶ ᠎ᠤᠶᠠᠯᠳᠤᠭᠤᠯᠤᠨ᠂ ᠪᠦᠬᠦ᠌ ᠎ᠣᠷᠣᠨ᠎ᠤ ᠠᠭᠠᠷ᠎ᠤᠨ ᠎ᠲᠡᠭᠡᠭᠡᠪᠦᠷᠢ ᠎ᠶ᠋ᠢᠨ ᠎ᠪᠣᠭᠣᠮᠲᠠ ᠎ᠶ᠋ᠢᠨ ᠎ᠪᠠᠢᠷᠢᠱᠢᠭᠤᠯᠤᠯ ᠎ᠢ ᠱᠢᠯᠢᠳᠡᠭ᠌ᠵᠢᠭᠦᠯᠵᠦ᠍᠂ ᠠᠶᠠᠯᠠᠯ ᠎ᠤᠨ ᠎ᠱᠤᠭᠤᠮ ᠎ᠤᠨ ᠎ᠲᠣᠣᠷ ᠎ᠰᠦᠯᠵᠢᠶ᠎ᠡ ᠎ᠶ᠋ᠢ ᠲᠡᠭᠦᠯᠳᠡᠷᠵᠢᠭᠦᠯᠦᠨ᠎ᠡ᠃

ᠪᠣᠭᠣᠮᠲᠠ᠎ᠶ᠋ᠢᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠠᠷᠠᠯᠵᠢᠶᠠᠨ᠎ᠤ ᠳᠥᠭᠥᠮᠴᠢᠯᠡᠯᠲᠡ᠎ᠶ᠋ᠢᠨ ᠲᠦᠪᠱᠢᠨ᠎ᠢ ᠳᠡᠭᠡᠭ᠌ᠰᠢᠯᠡᠭᠦᠯᠦᠨ᠎ᠡ᠃ ᠣᠯᠠᠨ ᠤᠯᠤᠰ᠎ᠤᠨ ᠠᠷᠠᠯᠵᠢᠶᠠᠨ᠎ᠤ 《ᠨᠢᠭᠡ ᠯᠡ ᠴᠣᠩᠬᠤᠪᠴᠢ᠎ᠪᠠᠷ ᠭᠦᠶ᠋ᠴᠡᠳᠭᠡᠬᠦ᠌ 》 ᠎ᠶ᠋ᠢᠨ ᠬᠡᠷᠡᠭ᠌ᠯᠡᠭᠡᠨ᠎ᠤ ᠬᠡᠪᠴᠢᠶ᠎ᠡ᠎ᠶ᠋ᠢ ᠥᠷᠭᠡᠳᠭᠡᠵᠦ᠍᠂ ᠪᠣᠭᠣᠮᠲᠠ ᠪᠠ ᠣᠯᠠᠨ ᠤᠯᠤᠰ᠎ᠤᠨ ᠠᠷᠠᠯᠵᠢᠶᠠᠨ᠎ᠤ ᠬᠦᠷᠢᠶᠡᠨ᠎ᠳᠡᠬᠢ ᠬᠠᠮᠢᠶ᠎ᠠ ᠪᠥᠬᠥᠶ ᠲᠤᠬᠠᠢᠯᠠᠭ᠍ᠰᠠᠨ ᠠᠵᠢᠯ᠎ᠢ ᠴᠥᠮ ᠣᠯᠠᠨ ᠤᠯᠤᠰ᠎ᠤᠨ ᠠᠷᠠᠯᠵᠢᠶᠠᠨ᠎ᠤ 《ᠨᠢᠭᠡ᠎ᠯᠡ ᠴᠣᠩᠬᠤᠪᠴᠢ᠎ᠪᠠᠷ ᠭᠦᠶ᠋ᠴᠡᠳᠭᠡᠬᠦ᠌》 ᠶ᠋ᠢ ᠠᠬᠢᠭᠤᠯᠵᠤ᠂ ᠠᠵᠤ ᠠᠬᠤᠢᠯᠠᠯ᠎ᠤᠨ ᠬᠦᠷᠲᠡᠮᠵᠢ᠎ᠶ᠋ᠢᠨ ᠲᠥᠷᠥᠭ᠌ᠳᠡᠯ ᠪᠠ ᠬᠠᠨᠤᠮᠵᠢ᠎ᠶ᠋ᠢᠨ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠎ᠡ᠃

ᠦᠪᠡᠷ ᠦᠪᠡᠷ᠎ᠤᠨ ᠡᠬᠢ ᠪᠠᠶᠠᠯᠢᠭ᠎ᠤᠨ ᠳᠠᠪᠠᠭᠤᠯᠢᠭ᠎ᠢ ᠪᠠᠳᠠᠷᠠᠭᠤᠯᠵᠤ᠂ ᠪᠤᠭᠤᠮᠳᠠ ᠪᠠ ᠳᠤᠳᠤᠷ ᠭᠠᠵᠠᠷ᠎ᠤᠨ ᠬᠤᠯᠪᠤᠭᠠᠯᠠᠨ ᠬᠦᠳᠡᠯᠦᠯᠴᠡᠨ ᠬᠦᠭᠵᠢᠬᠦ ᠵᠢ ᠠᠬᠢᠭᠤᠯᠤᠨ᠎ᠠ᠃ ᠮᠠᠨᠵᠤᠤᠷ᠂ ᠡᠷᠢᠶᠡᠨ᠎ᠤ ᠶᠡᠷᠦᠩᠬᠡᠢᠯᠡᠭᠰᠡᠨ ᠬᠦᠢᠰᠤ ᠪᠤᠭᠤᠮᠳᠠ ᠵᠢᠨ ᠦᠢᠯᠡᠳᠦᠯ᠎ᠢ ᠪᠠᠳᠠᠷᠠᠭᠤᠯᠵᠤ᠂ ᠤᠷᠤᠰ ᠮᠤᠩᠭᠤᠯ ᠡᠧᠦ᠋ᠷᠤᠫᠠ ᠳ᠋ᠤ ᠬᠠᠨᠳᠤᠭᠰᠠᠨ᠂ ᠤᠯᠠᠨ ᠤᠯᠤᠰ᠎ᠤᠨ ᠠᠷᠠᠯᠵᠢᠶ᠎ᠠ᠂ ᠪᠠᠷᠠᠭᠠᠨ᠎ᠤ ᠬᠦᠢᠯᠬᠡᠬᠡᠨ᠎ᠤ ᠬᠦᠮᠦᠷᠬᠡ᠂ ᠡᠳ᠋ᠰᠢᠬᠦᠯᠵᠦ ᠪᠤᠯᠪᠠᠰᠤᠷᠠᠭᠤᠯᠬᠤ ᠵᠢ ᠨᠢᠬᠡ ᠴᠤᠭᠴᠠᠵᠢᠭᠤᠯᠤᠭᠰᠠᠨ ᠤᠯᠠᠨ ᠤᠯᠤᠰ᠎ᠤᠨ ᠪᠠᠷᠠᠭᠠᠨ᠎ᠤ ᠬᠦᠢᠯᠬᠡᠬᠡᠨ᠎ᠤ ᠲᠦᠪᠯᠡᠷᠡᠬᠦᠯᠦᠨ ᠳᠠᠷᠬᠠᠭᠠᠬᠤ ᠲᠦᠪ᠎ᠢ ᠪᠠᠢᠭᠤᠯᠤᠨ᠎ᠠ᠃


1.png


① ᠬᠢᠯᠢ᠎ᠶ᠋ᠢᠨ ᠴᠠᠭ᠍ᠳᠠᠨ ᠪᠠᠢᠴᠠᠭᠠᠯᠲᠠ


2.png

② ᠪᠠᠢᠭᠠᠯ ᠨᠠᠭᠤᠷ᠎ᠤᠨ ᠬᠥᠪᠡᠭᠡᠨ᠎ᠳᠡᠬᠢ ᠵᠢᠭᠠᠰᠤᠨ ᠵᠠᠬ᠎ᠠ ᠳᠡᠯᠭᠡᠭᠦᠷ


3.png

③ ᠣᠷᠣᠰ᠎ᠤᠨ ᠵᠢᠯᠣᠭᠣᠴᠢᠳ ᠠᠮᠤᠷ ᠲᠦᠪᠱᠢᠨ᠎ᠦ ᠪᠠᠢᠴᠠᠭᠠᠯᠲᠠ᠎ᠶ᠋ᠢ ᠥᠩᠭᠡᠷᠡᠨ᠎ᠡ


4.png

④ ᠪᠠᠢᠴᠠᠭᠠᠬᠤ᠎ᠵᠢ ᠬᠦᠯᠢᠶᠡᠵᠦ ᠪᠠᠢᠭ᠎ᠠ ᠬᠢᠯᠢ᠎ᠡᠴᠡ ᠭᠠᠷᠬᠤ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ


QQ图片20211213100318.png


⑤ ᠬᠥᠯᠥᠨ ᠪᠣᠢᠷ ᠬᠣᠲᠠ᠎ᠶ᠋ᠢᠨ ᠵᠢᠭᠤᠯᠴᠢᠯᠠᠯ᠎ᠤᠨ ᠠᠵᠤ ᠠᠬᠤᠢᠯᠠᠯ ᠢᠨᠲ᠋ᠧᠷ ᠰᠦᠯᠵᠢᠶ᠎ᠡ᠎ᠪᠡᠷ ᠳᠠᠮᠵᠢᠭᠤᠯᠤᠨ ᠣᠷᠣᠰ᠎ᠤᠨ ᠴᠢᠲ᠋ᠠ ᠵᠧᠦ᠎ᠶ᠋ᠢᠨ ᠵᠢᠭᠤᠯᠴᠢᠯᠠᠯ᠎ᠤᠨ ᠠᠵᠤ ᠠᠬᠤᠢᠯᠠᠯ᠎ᠲᠠᠶ ᠲᠤᠬᠠᠢᠯᠠᠭ᠍ᠰᠠᠨ ᠠᠵᠢᠯ᠎ᠢᠶᠠᠨ ᠵᠣᠯᠭᠠᠭᠤᠯᠤᠨ᠎ᠠ


6.png


⑥ᠮᠠᠨᠵᠤᠤᠷ᠎ᠤᠨ ᠣᠯᠠᠨ ᠤᠯᠤᠰ᠎ᠤᠨ ᠵᠢᠱᠢᠶᠡᠨ᠎ᠤ ᠭᠠᠯᠲᠤ ᠲᠡᠷᠭᠡ ᠵᠢᠨ ᠰᠤᠯᠢᠵᠤ ᠲᠡᠭᠡᠭᠡᠪᠦᠷᠢᠯᠡᠭᠦ ᠲᠠᠯᠠᠪᠠᠢ

ᠯᠢ ᠱᠢᠨ ᠵᠢᠶᠦ᠋ᠨ ᠯᠦ᠍ ᠪᠢᠩ ᠪᠢᠩ ᠰᠡᠭᠦᠳᠡᠷᠯᠡᠪᠡ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠤᠶᠠᠨ᠍ᠦ᠌ᠨᠳᠦᠰᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面