2021-12-17 10:30:53
ᠭᠣᠣᠯ ᠰᠠᠨᠠᠭᠤᠯᠤᠮᠵᠢ
ᠥᠪᠥᠷ ᠮᠣᠩᠭᠣᠯ ᠶᠡᠬᠡ ᠲᠠᠯ᠎ᠠ᠎ᠶ᠋ᠢ ᠡᠷᠬᠢᠮᠯᠡᠵᠦ᠍᠂ ᠲᠡᠤᠭᠡᠳᠤ ᠡᠭᠦᠷᠭᠡ ᠵᠢ ᠡᠭᠦᠷᠭᠡᠯᠡᠨ᠂ ᠡᠬᠡ ᠤᠯᠤᠰ᠎ᠤᠨ ᠤᠮᠠᠷᠠᠲᠤ ᠬᠢᠯᠢ᠎ᠶ᠋ᠢ ᠰᠠᠬᠢᠨ ᠬᠠᠮᠠᠭᠠᠯᠠᠬᠤ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠡᠷᠬᠡᠪᠰᠢ ᠡᠭᠦᠷᠭᠡᠯᠡᠵᠦ᠍ ᠰᠠᠢᠲᠤᠷ ᠭᠦᠶ᠋ᠴᠡᠳᠭᠡᠬᠦ᠌ ᠬᠡᠷᠡᠭ᠌ᠲᠡᠶ᠃ ᠪᠢᠳᠡ ᠰᠠᠨᠠᠭᠠᠱᠢᠷᠠᠬᠤ ᠤᠬᠠᠮᠰᠠᠷ ᠪᠠ ᠲᠡᠮᠡᠴᠡᠯ᠎ᠦᠨ ᠵᠣᠷᠢᠭ ᠰᠠᠨᠠᠭ᠎ᠠ᠎ᠶ᠋ᠢ ᠴᠠᠭ ᠢᠮᠠᠭ᠍ᠲᠠ ᠪᠠᠷᠢᠮᠲᠠᠯᠠᠵᠤ᠂ ᠤᠯᠤᠰ᠎ᠤᠨ ᠶᠡᠷᠦᠩᠬᠡᠢ ᠠᠮᠤᠷ ᠲᠦᠪᠱᠢᠨ᠎ᠦ ᠦᠵᠡᠯᠲᠡ᠎ᠶ᠋ᠢ ᠭᠦᠨᠵᠡᠭᠡᠢ ᠲᠤᠭᠤᠱᠢᠯᠠᠭᠤᠯᠵᠤ᠂ ᠤᠯᠤᠰ᠎ᠤᠨ ᠤᠯᠤᠰ ᠲᠦᠷᠦ᠍᠎ᠶ᠋ᠢᠨ ᠠᠮᠤᠷ ᠲᠦᠪᠱᠢᠨ᠎ᠢ ᠬᠠᠮᠠᠭᠠᠯᠠᠬᠤ᠎ᠶ᠋ᠢ ᠲᠡᠷᠢᠭᠦᠨ ᠪᠠᠢᠷᠢᠨ᠎ᠳᠤ ᠲᠠᠯᠪᠢᠨ᠂ ᠡᠯ᠎ᠡ ᠬᠦᠷᠢᠶᠡᠨ᠎ᠦ ᠤᠯᠤᠰ᠎ᠤᠨ ᠠᠮᠤᠷ ᠲᠦᠪᠱᠢᠨ᠎ᠦ ᠠᠵᠢᠯ᠎ᠢ ᠯᠠᠪᠳᠠᠭᠤᠨ ᠪᠠᠲᠤᠲᠠᠢ ᠠᠬᠢᠭᠤᠯᠵᠤ᠂ ᠠᠮᠤᠷ ᠲᠦᠪᠱᠢᠨ ᠬᠥᠭ᠌ᠵᠢᠯᠲᠡ᠎ᠶ᠋ᠢᠨ ᠬᠣᠷᠢᠭ᠎ᠠ ᠱᠤᠭᠤᠮ᠎ᠢ ᠪᠠᠲᠤ ᠰᠠᠬᠢᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠨᠡᠩ ᠠᠮᠤᠷ ᠲᠠᠢᠪᠤᠩ ᠠᠵᠤ ᠲᠦᠷᠦᠭᠦᠯᠵᠦ᠂ ᠨᠡᠢᠭᠡᠮ᠎ᠦᠨ ᠶᠡᠬᠡ ᠲᠠᠯ᠎ᠠ᠎ᠶ᠋ᠢ ᠨᠡᠩ ᠠᠮᠤᠷ ᠲᠣᠭ᠍ᠲᠠᠭᠤᠨ ᠡᠮᠬᠢ ᠵᠢᠷᠤᠮ᠎ᠲᠠᠶ ᠪᠣᠯᠭᠠᠵᠤ᠂ ᠡᠬᠡ ᠤᠯᠤᠰ᠎ᠤᠨ 《ᠤᠮᠠᠷᠠᠲᠤ ᠬᠠᠭᠠᠯᠭ᠎ᠠ》᠂ ᠨᠡᠢᠰᠯᠡᠯᠢ 《ᠬᠠᠮᠠᠭᠠᠯᠠᠯᠳᠠ ᠵᠢᠨ ᠭᠣᠣᠯ》 ᠢ᠋ ᠡᠪᠳᠡᠷᠡᠰᠢ ᠦᠭᠡᠢ ᠪᠠᠲᠤ ᠪᠡᠬᠢ ᠴᠤᠭᠴᠠᠯᠠᠬᠤ ᠬᠡᠷᠡᠭ᠌ᠲᠡᠢ᠃
ᠬᠦᠭ᠌ᠵᠢᠯᠲᠡ᠎ᠶ᠋ᠢᠨ ᠲᠣᠭ᠎ᠠ ᠪᠠᠷᠢᠮᠲᠠ
●ᠮᠠᠨ᠎ᠤ ᠣᠷᠣᠨ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ ᠲᠤᠰᠭᠠᠶ ᠲᠡᠮᠡᠴᠡᠯ᠎ᠢ ᠭᠦᠨᠵᠡᠭᠡᠶ ᠥᠷᠨᠢᠭᠦᠯᠵᠦ᠍᠂ ᠬᠠᠷ᠎ᠠ ᠪᠦᠯᠦᠭᠲᠡᠨ᠎ᠤ ᠴᠢᠨᠠᠷᠲᠠᠶ ᠵᠣᠬᠢᠶᠠᠨ ᠪᠠᠢᠭᠤᠯᠤᠯᠲᠠ᠎ᠶ᠋ᠢ 63 ᠤᠰᠠᠳᠭᠠᠵᠤ᠂ ᠬᠠᠷᠭᠢᠰ ᠬᠦᠴᠦᠨ ᠲᠠᠢ ᠬᠣᠯᠪᠣᠭ᠍ᠳᠠᠭ᠍ᠰᠠᠨ ᠵᠤᠬᠢᠶᠠᠨ ᠪᠠᠢᠭᠤᠯᠤᠯᠳᠠ᠎ᠵᠢ 1149 ᠤᠰᠠᠳᠭᠠᠪᠠ᠃
●ᠣᠢᠷ᠎ᠠ᠎ᠶ᠋ᠢᠨ 5 ᠵᠢᠯ᠎ᠳᠦ᠂ ᠪᠦᠬᠦ᠌ ᠣᠷᠣᠨ᠎ᠤ ᠡᠯ᠎ᠡ ᠱᠠᠲᠤᠨ᠎ᠤ ᠠᠷᠠᠳ᠎ᠤᠨ ᠡᠶᠡᠳᠡᠭᠦᠯᠬᠦ᠌ ᠵᠣᠬᠢᠶᠠᠨ ᠪᠠᠢᠭᠤᠯᠤᠯᠲᠠ 604912 ᠬᠡᠷᠡᠭ᠎ᠢ ᠡᠶᠡᠳᠡᠭᠦᠯᠵᠡᠢ᠂ ᠡᠭᠦᠨ᠎ᠳᠦ ᠠᠮᠵᠢᠯᠲᠠ ᠲᠠᠢ ᠡᠶᠡᠳᠡᠭᠦᠯᠦᠭᠰᠡᠨ ᠬᠡᠷᠡᠭ 575521 ᠪᠠᠢᠵᠤ᠂ ᠠᠮᠵᠢᠯᠲᠠ ᠣᠯᠤᠭ᠍ᠰᠠᠨ ᠨᠣᠷᠮ᠎ᠠ ᠨᠢ 95.14%᠎ᠳᠤ ᠬᠦᠷᠪᠡ᠃
●ᠵᠢᠯ᠎ᠤᠨ ᠡᠬᠢᠨ ᠡᠴᠡ ᠡᠳᠦᠭᠡ ᠪᠣᠯᠲᠠᠯ᠎ᠠ᠂ ᠥᠪᠥᠷ ᠮᠣᠩᠭᠣᠯ᠎ᠤᠨ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠶ᠋ᠢᠨ 《ᠰᠦᠯᠵᠢᠶ᠎ᠡ᠎ᠶ᠋ᠢ ᠴᠡᠪᠡᠷᠱᠢᠭᠦᠯᠬᠦ᠌ 2021》ᠲᠤᠰᠭᠠᠶ ᠠᠵᠢᠯᠯᠠᠭ᠎ᠠ ᠡᠯ᠎ᠡ ᠲᠦᠷᠦᠯ᠎ᠦᠨ ᠰᠦᠯᠵᠢᠶᠡᠨ᠎ᠦ ᠪᠦᠯᠦᠭᠵᠢᠯ᠎ᠤᠨ ᠳᠠᠢᠯᠠᠯᠳᠤᠭᠠᠨ᠎ᠢ 9 ᠥᠷᠨᠢᠭᠦᠯᠵᠦ᠂ ᠬᠢᠯᠢ ᠠᠯᠤᠰᠯᠠᠨ ᠰᠦᠯᠵᠢᠶᠡᠨ᠎ᠦ ᠵᠣᠭᠣᠰ ᠮᠦᠷᠦᠢᠴᠡᠭᠰᠡᠨ ᠵᠡᠷᠭᠡ 1048 ᠬᠡᠷᠡᠭ᠎ᠢ ᠱᠢᠶ᠋ᠳᠪᠦᠷᠢᠯᠡᠨ᠂ 4733 ᠴᠠᠬᠢᠯᠭᠠᠨ ᠬᠣᠯᠪᠣᠭ᠎ᠠ ᠰᠦᠯᠵᠢᠶᠡᠨ᠎ᠦ ᠮᠡᠬᠡᠯᠡᠯ᠎ᠦᠨ ᠬᠡᠷᠡᠭ᠎ᠢ ᠬᠠᠮᠵᠢᠨ ᠳᠡᠩᠨᠡᠨ ᠱᠢᠶ᠋ᠳᠪᠦᠷᠢᠯᠡᠵᠦ᠍᠂ 6998 ᠬᠠᠤᠯᠢ᠎ᠶ᠋ᠢ ᠵᠥᠷᠢᠴᠡᠭ᠌ᠰᠡᠨ ᠶᠠᠯ᠎ᠠ ᠬᠢᠭ᠌ᠰᠡᠨ ᠰᠡᠵᠢᠭ᠌ᠲᠡᠨᠢ ᠪᠠᠷᠢᠪᠴᠢᠯᠠᠵᠤ᠂ ᠴᠠᠬᠢᠯᠭᠠᠨ ᠬᠣᠯᠪᠣᠭ᠎ᠠ ᠰᠦᠯᠵᠢᠶᠡᠨ᠎ᠦ ᠮᠡᠬᠡᠯᠡᠯ᠎ᠦᠨ ᠬᠡᠷᠡᠭᠲᠠᠢ ᠬᠣᠯᠪᠣᠭ᠍ᠳᠠᠭ᠍ᠰᠠᠨ ᠪᠠᠯᠠ ᠮᠥᠩᠭᠥ᠌ ᠵᠢ ᠪᠠᠷᠤᠭ 31.6 ᠳ᠋ᠦᠩᠱᠢᠭᠤᠷ ᠲᠥᠭᠥᠷᠢᠭ ᠪᠠᠢᠴᠠᠭᠠᠨ ᠢᠯᠡᠷᠡᠭᠦᠯᠪᠡ᠃
●ᠵᠢᠯ᠎ᠤᠨ ᠡᠬᠢᠨ ᠡᠴᠡ ᠡᠳᠦᠭᠡ ᠪᠣᠯᠲᠠᠯ᠎ᠠ᠂ 《ᠺᠦᠨᠯᠥ᠋ᠨ 2021》 ᠲᠤᠰᠭᠠᠶ ᠠᠵᠢᠯᠯᠠᠭ᠎ᠠ᠎ᠳᠤ 《ᠣᠷᠴᠢᠨ ᠲᠣᠭᠣᠷᠢᠨ ᠢᠳᠡᠭᠡᠨ ᠤᠮᠳᠠᠭᠠᠨ ᠡᠮ᠎ᠦᠨ ᠵᠦᠶ᠋ᠯ》 ᠂ ᠮᠡᠳᠡᠯᠭᠡ᠎ᠶ᠋ᠢᠨ ᠥᠮᠴᠢᠯᠡᠯ᠎ᠤᠨ ᠡᠷᠬᠡ ᠬᠡᠭᠡᠷ᠎ᠡ᠎ᠶ᠋ᠢᠨ ᠠᠮᠢᠲᠠᠨ ᠤᠷᠭᠤᠮᠠᠯ᠎ᠲᠠᠢ ᠬᠣᠯᠪᠣᠭ᠍ᠳᠠᠭ᠍ᠰᠠᠨ ᠬᠡᠷᠡᠭ᠎ᠢ ᠨᠡᠢᠲᠡ 2122 ᠢᠯᠡᠷᠡᠭᠦᠯᠵᠦ᠍ ᠂ 2195 ᠶᠠᠯ᠎ᠠ ᠬᠢᠭ᠌ᠰᠡᠨ ᠰᠡᠵᠢᠭ᠌ᠳᠡᠨ᠎ᠢ ᠪᠠᠷᠢᠪᠴᠢᠯᠠᠵᠤ᠂ 12 ᠶᠠᠯ᠎ᠠ ᠬᠢᠭᠰᠡᠨ ᠡᠪᠰᠡᠯ ᠪᠦᠯᠦᠭ᠎ᠢ ᠰᠦᠶ᠋ᠷᠡᠭᠦᠯᠵᠦ᠂ 17 ᠡᠭᠦᠷ᠎ᠢ ᠡᠪᠳᠡᠨ᠂ ᠬᠡᠷᠡᠭᠲᠠᠢ ᠬᠣᠯᠪᠣᠭ᠍ᠳᠠᠭ᠍ᠰᠠᠨ ᠶᠡᠷᠦᠩᠬᠡᠶ ᠥᠷᠲᠡᠭ᠎ᠨᠢ 58.6 ᠳ᠋ᠦᠩᠱᠢᠭᠤᠷ ᠲᠥᠭᠥᠷᠢᠭ ᠲᠦ᠍ ᠬᠦᠷᠴᠤ᠂ ᠠᠷᠠᠳ ᠣᠯᠠᠨ᠎ᠤ ᠠᠮᠢ ᠨᠠᠰᠤ ᠡᠷᠡᠭᠦᠯ ᠮᠡᠨᠳᠦ᠍᠎ᠶ᠋ᠢᠨ ᠠᠮᠤᠷ ᠲᠦᠪᠱᠢᠨ ᠪᠠ ᠬᠠᠤᠯᠢ ᠶᠣᠰᠣᠨ᠎ᠤ ᠡᠷᠬᠡ ᠠᠱᠢᠭ᠎ᠢ ᠬᠦᠴᠦᠲᠡᠶ ᠪᠠᠲᠤᠯᠠᠪᠠ᠃
ᠲᠦᠷᠦ᠍ ᠲᠦᠪᠱᠢᠨ ᠲᠦᠮᠡᠨ ᠠᠮᠤᠭᠤᠯᠠᠩ ᠪᠣᠯ ᠠᠷᠠᠳ᠎ᠤᠨ ᠰᠡᠳᠬᠢᠯ᠎ᠢ ᠨᠢᠭᠡᠳᠭᠡᠨ ᠬᠦᠷᠢᠶᠡᠯᠡᠯ᠎ᠢ ᠤᠯᠳᠠᠭ᠃ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠠᠮᠤᠷ ᠲᠦᠪᠰᠢᠨ ᠲᠣᠭ᠍ᠲᠠᠭᠤᠨ᠎ᠤ ᠬᠠᠯᠬᠠᠪᠴᠢ᠎ᠶ᠋ᠢ ᠪᠥᠲᠥᠭᠡᠨ ᠪᠠᠢᠭᠤᠯᠬᠤ ᠪᠣᠯ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠲᠠᠯᠪᠢᠭ᠍ᠰᠠᠨ ᠴᠢᠩ ᠰᠡᠳᠭᠢᠯ᠎ᠦᠨ ᠬᠦᠰᠡᠯ ᠨᠠᠢᠳᠠᠯᠭ᠎ᠠ ᠮᠥᠨ᠂ ᠨᠠᠮ᠎ᠤᠨ ᠲᠥᠪ ᠬᠣᠷᠢᠶ᠎ᠠ ᠵᠢᠨ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠲᠤᠬᠠᠶ ᠪᠠᠢᠷᠢ ᠲᠣᠭ᠍ᠲᠠᠭᠠᠯᠲᠠ ᠪᠠᠢᠵᠤ᠂ ᠥᠪᠥᠷ ᠮᠣᠩᠭᠣᠯ᠎ᠤᠨ ᠤᠯᠤᠰ᠎ᠤᠨ ᠤᠯᠤᠰ ᠲᠥᠷᠥ᠎ᠶ᠋ᠢᠨ ᠠᠮᠤᠷ ᠲᠦᠪᠱᠢᠨ᠂ ᠬᠢᠯᠢ ᠬᠢᠵᠠᠭᠠᠷ᠎ᠤᠨ ᠠᠮᠤᠷ ᠲᠣᠭ᠍ᠲᠠᠭᠤᠨ᠎ᠢ ᠬᠠᠷᠢᠭᠤᠴᠠᠬᠤ ᠴᠢᠬᠤᠯᠠ ᠶᠡᠬᠡ ᠬᠠᠷᠢᠭᠤᠴᠠᠯᠭ᠎ᠠ ᠪᠤᠯᠬᠤ ᠶᠤᠮ᠃ ᠥᠪᠥᠷ ᠮᠣᠩᠭᠣᠯ ᠶᠡᠬᠡ ᠲᠠᠯ᠎ᠠ᠎ᠶ᠋ᠢ ᠡᠷᠬᠢᠮᠯᠡᠵᠦ᠍᠂ ᠡᠭᠦᠷᠭᠡ ᠬᠠᠷᠢᠭᠤᠴᠠᠯᠭ᠎ᠠ ᠡᠭᠦᠷᠭᠡᠯᠡᠨ᠂ ᠡᠭᠡ ᠤᠯᠤᠰ᠎ᠤᠨ ᠤᠮᠠᠷᠠᠲᠤ ᠬᠢᠯᠢ ᠵᠢ ᠰᠠᠬᠢᠨ ᠬᠠᠮᠠᠭᠠᠯᠠᠬᠤ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠡᠷᠬᠡᠪᠰᠢ ᠡᠭᠦᠷᠭᠡᠯᠡᠵᠦ᠍ ᠰᠠᠢᠲᠤᠷ ᠭᠦᠢᠴᠡᠳᠭᠡᠬᠦ᠌ ᠬᠡᠷᠡᠭ᠌ᠲᠡᠢ ᠭᠡᠵᠦ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯᠳᠤᠳᠦᠷᠠᠳᠤᠭᠰᠠᠨ ᠪᠠᠢᠨ᠎ᠠ᠃ ᠱᠢᠨ᠎ᠡ ᠠᠶᠠᠨ ᠳᠤ᠂ ᠥᠪᠥᠷ ᠮᠣᠩᠭᠣᠯ ᠬᠡᠷᠬᠢᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠲᠡᠤᠬᠡᠳᠤ ᠡᠭᠦᠷᠭᠡ ᠵᠢ ᠵᠣᠷᠢᠭ᠍ᠲᠠᠢ ᠡᠭᠦᠷᠭᠡᠯᠡᠵᠦ᠍᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠰᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠪᠣᠳᠠᠲᠠᠢ᠎ᠳᠤ ᠰᠠᠢᠳᠤᠷ ᠨᠠᠢᠳᠠᠪᠤᠷᠢᠵᠢᠭᠤᠯᠬᠤ ᠪᠤᠢ? ᠰᠤᠷᠪᠤᠯᠵᠢᠯᠠᠭ᠍ᠴᠢ ᠲᠤᠰ ᠰᠡᠳᠦᠪ᠎ᠦᠨ ᠲᠣᠭᠣᠷᠢᠨ᠎ᠳᠤ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ ( ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ ) ᠵᠢᠨ ᠨᠠᠮ᠎ᠤᠨ ᠲᠡᠦᠬᠡ ᠨᠠᠮ᠎ᠤᠨ ᠪᠠᠢᠭᠤᠯᠤᠯᠲᠠ᠎ᠶ᠋ᠢᠨ ᠵᠢᠭᠠᠨ ᠰᠤᠳᠤᠯᠬᠤ ᠬᠡᠯᠲᠡᠰ᠎ᠦᠨ ᠳᠡᠳ᠋ ᠫᠷᠤᠹᠸᠰᠰᠤᠷ ᠢᠦᠢ ᠮᠧᠢ ᠯᠢ᠎ᠶ᠋ᠢ ᠰᠤᠷᠪᠤᠯᠵᠢᠯᠠᠪᠠ᠃
ᠢᠦᠢ ᠮᠧᠢ ᠯᠢ᠂ ᠥᠪᠥᠷ ᠮᠣᠩᠭᠣᠯ ᠪᠣᠯ ᠡᠬᠡ ᠤᠯᠤᠰ᠎ᠤᠨ 《ᠤᠮᠠᠷᠠᠲᠤ ᠬᠠᠭᠠᠯᠭ᠎ᠠ》᠂ ᠨᠡᠢᠰᠯᠡᠯ᠎ᠤᠨ 《ᠬᠠᠮᠠᠭᠠᠯᠠᠯᠳᠠ ᠵᠢᠨ ᠭᠣᠣᠯ》 ᠮᠥᠨ᠂ ᠪᠠᠢᠯᠳᠤᠬᠤ ᠪᠤᠳᠤᠯᠭ᠎ᠠ᠎ᠶ᠋ᠢᠨ ᠪᠠᠢᠷᠢ ᠰᠠᠭᠤᠷᠢ ᠮᠠᠰᠢ ᠴᠢᠬᠤᠯᠠ ᠶᠤᠮ᠃ ᠥᠪᠥᠷ ᠮᠣᠩᠭᠣᠯ ᠶᠡᠬᠡ ᠲᠠᠯ᠎ᠠ᠎ᠶ᠋ᠢ ᠡᠷᠬᠢᠮᠯᠡᠨ᠂ ᠲᠡᠤᠬᠡᠳᠤ ᠡᠭᠦᠷᠭᠡ ᠵᠢ ᠡᠭᠦᠷᠭᠡᠯᠡᠵᠤ᠂ ᠡᠬᠡ ᠤᠯᠤᠰ᠎ᠤᠨ ᠤᠮᠠᠷᠠᠲᠤ ᠬᠢᠯᠢ᠎ᠶ᠋ᠢ ᠰᠠᠬᠢᠨ ᠬᠠᠮᠠᠭᠠᠯᠠᠬᠤ ᠴᠢᠬᠤᠯᠠ ᠶᠡᠬᠡ ᠤᠯᠤᠰᠲᠥᠷᠥᠶ᠋ᠢᠨᠬᠠᠷᠢᠭᠤᠴᠠᠯᠭᠠᠪᠠᠨᠡᠭᠦᠷᠭᠡᠯᠡᠨᠰᠠᠢᠲᠤᠷ ᠭᠦᠶ᠋ᠴᠡᠳᠭᠡᠬᠦ᠌᠎ᠳᠦ ᠲᠠᠷᠤᠢ ᠪᠥᠬᠥ᠌ ᠣᠷᠣᠨ᠎ᠤ ᠦᠨᠳᠦᠰᠦᠲᠡᠨ᠎ᠨᠦᠭᠦᠳ᠎ᠦᠨ ᠺᠠᠳ᠋ᠷᠣᠯᠠᠨᠲᠦᠮᠡᠨᠤᠤᠯᠤᠰ ᠲᠥᠷᠥ᠎ᠶ᠋ᠢᠨ ᠵᠣᠭ᠍ᠰᠣᠴᠠ᠎ᠪᠠᠨ ᠦᠨᠡᠨ ᠬᠦ᠌ ᠳᠡᠭᠡᠭ᠌ᠰᠢᠯᠡᠭᠦᠯᠵᠤ᠂ ᠨᠡᠢᠭᠡᠮ ᠵᠢᠷᠤᠮᠳᠦ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ ᠠᠬᠢᠴᠠ᠎ᠳᠡᠬᠢ ᠥᠪᠥᠷ ᠮᠣᠩᠭᠣᠯ᠎ᠤᠨ ᠴᠢᠬᠤᠯᠠ ᠶᠡᠬᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ᠎ᠶ᠋ᠢ ᠲᠣᠳᠣᠷᠬᠠᠶ ᠲᠠᠨᠢᠵᠤ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠲᠠᠷᠢᠬᠢ ᠲᠣᠯᠣᠭᠠᠶ᠎ᠪᠠᠨ ᠵᠡᠪᠰᠡᠭ᠌ᠯᠡᠬᠦ᠌᠎ᠶ᠋ᠢ ᠪᠠᠷᠢᠮᠳᠠᠯᠠᠬᠤ ᠵᠢ ᠱᠠᠭᠠᠷᠳᠠᠵᠤ᠂ ᠤᠯᠤᠰ᠎ᠤᠨ ᠶᠡᠷᠦᠩᠬᠡᠢ ᠠᠮᠤᠷ ᠲᠦᠪᠱᠢᠨ᠎ᠦ ᠦᠵᠡᠯᠲᠡ᠎ᠶ᠋ᠢ ᠭᠦᠨᠵᠡᠭᠡᠢ ᠲᠤᠭᠤᠱᠢᠯᠠᠭᠤᠯᠵᠤ᠂ ᠰᠠᠨᠠᠭᠠᠱᠢᠷᠠᠬᠤ ᠤᠬᠠᠮᠰᠠᠷ ᠪᠠ ᠲᠡᠮᠡᠴᠡᠯ᠎ᠦᠨ ᠵᠣᠷᠢᠭ ᠰᠠᠨᠠᠭ᠎ᠠ ᠪᠠᠨᠴᠠᠭ ᠢᠮᠠᠭ᠍ᠲᠠ ᠪᠠᠳᠤᠯᠠᠵᠤ᠂ ᠤᠯᠤᠰ ᠲᠥᠷᠥ᠎ᠶ᠋ᠢᠨ ᠴᠢᠭ᠌ᠯᠡᠯ᠎ᠢ ᠢᠮᠠᠭ᠍ᠲᠠ ᠪᠠᠲᠤ ᠡᠵᠡᠮᠳᠡᠨ᠂ ᠤᠯᠤᠰ ᠲᠥᠷᠥ᠎ᠶ᠋ᠢᠨ ᠬᠠᠷᠢᠭᠤᠴᠠᠯᠭ᠎ᠠ ᠵᠢ ᠡᠭᠦᠷᠭᠡᠯᠡᠵᠤ᠂ ᠦᠨᠡᠨ ᠪᠣᠳᠠᠲᠠᠶ ᠠᠵᠢᠯ᠎ᠤᠨ ᠦᠷ᠎ᠡ ᠪᠦᠲᠦᠮᠵᠢ᠎ᠪᠡᠷ 《ᠬᠣᠶᠠᠷ᠎ᠢ ᠬᠠᠮᠠᠭᠠᠯᠠᠬᠤ》 ᠶ᠋ᠢ ᠡᠷᠡᠰ ᠦᠶ᠋ᠯᠡᠳᠦᠯᠭᠡᠵᠢᠭᠦᠯᠦᠨ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠰᠢᠨ ᠲᠣᠭ᠍ᠲᠠᠭᠤᠨ᠎ᠤ ᠬᠠᠯᠬᠠᠪᠴᠢ᠎ᠶ᠋ᠢ ᠯᠠᠪᠳᠠᠭᠤᠨ ᠴᠣᠭ᠍ᠴᠠᠯᠠᠬᠤ ᠬᠡᠷᠡᠭᠳᠡᠢ ᠭᠡᠵᠤ ᠢᠯᠡᠷᠬᠡᠢᠯᠡᠪᠡ᠃

ᠪᠤᠭᠤᠲᠤ᠎ᠶ᠋ᠢᠨ ᠬᠢᠯᠢ᠎ᠶ᠋ᠢᠨ ᠬᠠᠮᠢᠶᠠᠷᠤᠯᠲᠠ᠎ᠶ᠋ᠢᠨ ᠰᠠᠯᠪᠤᠷᠢ ᠠᠩᠭᠢ᠎ᠶ᠋ᠢᠨ ᠴᠠᠭ᠍ᠳᠠᠭ᠎ᠠ ᠴᠠᠭ᠍ᠳᠠᠨ ᠪᠠᠢᠴᠠᠭᠠᠵᠤ ᠬᠢᠯᠢ᠎ᠶ᠋ᠢᠨ ᠠᠮᠤᠷ ᠲᠦᠪᠱᠢᠨ᠎ᠢ ᠰᠠᠬᠢᠨ ᠬᠠᠮᠠᠭᠠᠯᠠᠵᠤ ᠪᠠᠢᠨ᠎ᠠ
ᠵᠠᠩ ᠢᠦᠶ ᠰᠡᠭᠦᠳᠡᠷᠯᠡᠪᠡ

ᠱᠢᠯᠢ᠎ᠶ᠋ᠢᠨ ᠭᠤᠤᠯ ᠠᠢᠮᠠᠭ᠎ᠤᠨ ᠵᠡᠭᠦᠨ ᠦᠵᠦᠮᠦᠴᠢᠨ ᠬᠣᠱᠢᠭᠤᠨ᠎ᠤ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ ᠵᠢᠨ ᠬᠢᠨ ᠮᠠᠯᠵᠢᠬᠤ ᠣᠷᠣᠨ᠎ᠳᠤ ᠰᠦᠯᠵᠢᠶ᠎ᠠ ᠪᠡᠷ ᠵᠣᠭᠣᠰ ᠮᠦᠷᠦᠢᠴᠡᠬᠦ ᠠᠵᠢᠯᠯᠠᠭ᠎ᠠ᠎ᠳᠤ ᠴᠣᠬᠢᠯᠲᠠ ᠥᠭ᠌ᠬᠦ ᠤᠬᠠᠭᠤᠯᠭ᠎ᠠ᠎ᠶ᠋ᠢᠨ ᠠᠵᠢᠯᠯᠠᠭ᠎ᠠ ᠥᠷᠨᠢᠭᠦᠯᠪᠡ
ᠭᠦᠸᠧ ᠶᠠᠨ ᠪᠢᠨ ᠰᠡᠭᠦᠳᠡᠷᠯᠡᠪᠡ

ᠣᠷᠳᠣᠰ ᠬᠣᠲᠠ᠎ᠶ᠋ᠢᠨ ᠣᠲᠣᠭ᠎ᠤᠨ ᠡᠮᠦᠨᠡᠲᠦ ᠬᠣᠱᠢᠭᠤᠨ᠎ᠤ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ ᠪᠥᠬᠥ᠌ ᠴᠠᠭ᠍ᠳᠠᠭᠠᠨ᠎ᠤ ᠪᠣᠳᠠᠲᠤ ᠪᠠᠢᠯᠳᠤᠭᠠᠨ᠎ᠤ ᠰᠤᠷᠢᠯᠲᠠ ᠬᠢᠪᠡ
ᠮᠠ ᠲᠢᠶᠠᠨ ᠽᠦᠩ ᠰᠡᠭᠦᠳᠡᠷᠯᠡᠪᠡ
ᠢᠦᠶ ᠮᠧᠶ ᠯᠢ᠂ ᠥᠪᠥᠷ ᠮᠣᠩᠭᠣᠯ ᠭᠠᠳᠠᠭᠰᠢ ᠪᠠᠨ ᠣᠷᠣᠰ᠂ ᠮᠣᠩᠭᠣᠯ ᠤᠯᠤᠰ ᠲᠠᠢ ᠬᠦᠷᠰᠢᠯᠡᠨ᠂ ᠳᠣᠲᠣᠭᠠᠳᠤ᠎ᠳᠠᠭᠠᠨ ᠨᠠᠶ᠋ᠮᠠᠨ ᠮᠤᠵᠢ᠎ᠲᠠᠶ ᠵᠠᠯᠭᠠᠯᠳᠤᠵᠤ ᠪᠠᠢᠭ᠎ᠠ ᠪᠣᠯᠬᠣᠷ ᠤᠯᠤᠰ᠎ᠤᠨ ᠠᠮᠤᠷ ᠲᠦᠪᠰᠢᠨ ᠲᠣᠭ᠍ᠲᠠᠭᠤᠨ᠎ᠤ ᠶᠡᠬᠡ ᠲᠠᠯ᠎ᠠ᠎ᠪᠡᠷ ᠴᠢᠬᠤᠯᠠ ᠪᠠᠢᠷᠢ ᠰᠠᠭᠤᠷᠢ᠎ᠲᠠᠶ᠂ ᠴᠢᠬᠤᠯᠠ ᠶᠡᠬᠡ ᠬᠠᠷᠢᠭᠤᠴᠠᠯᠭ᠎ᠠ᠎ᠲᠠᠶ᠃ ᠣᠳᠣᠬᠠᠨ᠎ᠤ ᠤᠮᠠᠷᠠᠲᠤ ᠬᠢᠯᠢ᠎ᠳᠤ ᠲᠤᠯᠭᠠᠷᠠᠵᠤ ᠪᠠᠢᠭ᠎ᠠ ᠱᠢᠨ᠎ᠡ ᠪᠠᠢᠳᠠᠯ ᠱᠢᠨ᠎ᠡ ᠥᠷᠢᠰᠥᠯᠳᠦᠭᠡᠨ᠎ᠢ ᠭᠦᠶ᠋ᠴᠡᠳ ᠲᠠᠨᠢᠵᠤ᠂ ᠢᠮᠠᠭ᠍ᠲᠠ 《ᠬᠣᠶᠠᠷ ᠶᠡᠬᠡ ᠲᠠᠯ᠎ᠠ》 ᠵᠢ ᠴᠡᠭᠡᠵᠢᠨ᠎ᠳᠡᠭᠡᠨ ᠪᠤᠳᠤᠵᠤ᠂ 《ᠤᠯᠤᠰ᠎ᠤᠨ ᠶᠡᠬᠡ ᠶᠠᠪᠤᠳᠠᠯ》᠎ᠢ᠋ ᠰᠡᠳᠭᠢᠯ᠎ᠳᠡᠭᠡᠨ ᠪᠤᠳᠤᠬᠤ ᠬᠡᠷᠡᠭ᠌ᠲᠡᠶ᠃ ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶᠠᠨ᠎ᠤ ᠥᠪᠥᠷ ᠮᠣᠩᠭᠣᠯ᠎ᠳᠤ ᠲᠣᠭ᠍ᠲᠠᠭᠠᠵᠤ ᠥᠭ᠌ᠭᠦᠭ᠌ᠰᠡᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ ᠪᠣᠯᠤᠨ ᠠᠵᠢᠯᠯᠠᠭᠠᠨ᠎ᠤ ᠬᠥᠲᠥᠯᠪᠦᠷᠢ ᠶᠣᠰᠣᠭᠠᠷ᠂ ᠤᠷᠢᠳᠴᠢᠯᠠᠨ ᠪᠡᠯᠡᠳᠭᠡᠯ ᠬᠢᠵᠦ᠍᠂ ᠰᠠᠨᠠᠭᠠᠴᠢᠯᠠᠭ᠎ᠠ᠎ᠠᠴᠠ᠎ᠪᠠᠨ ᠠᠵᠢᠯᠯᠠᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠂ ᠠᠵᠤ ᠠᠬᠤᠢ ᠨᠡᠢᠭᠡᠮ᠎ᠦᠨ ᠬᠥᠭ᠌ᠵᠢᠯᠲᠡ ᠪᠣᠯᠤᠨ ᠠᠮᠤᠷ ᠲᠣᠭ᠍ᠲᠠᠭᠤᠨ᠎ᠤ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠬᠢᠬᠦ᠌ ᠬᠡᠷᠡᠭ᠌ᠲᠡᠢ᠃ ᠥᠪᠥᠷ ᠮᠣᠩᠭᠣᠯ ᠡᠷᠬᠡᠪᠰᠢ ᠠᠮᠤᠷ ᠲᠦᠪᠱᠢᠨ ᠬᠥᠭ᠌ᠵᠢᠯᠲᠡ᠎ᠶ᠋ᠢᠨ ᠬᠣᠷᠢᠭ᠎ᠠ ᠱᠤᠭᠤᠮ᠎ᠢ ᠪᠠᠲᠤ ᠰᠠᠬᠢᠨ᠂ ᠤᠯᠤᠰ᠎ᠤᠨ ᠠᠮᠤᠷ ᠲᠦᠪᠱᠢᠨ᠎ᠦ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠵᠤ᠂ ᠤᠯᠤᠰ ᠲᠦᠷᠦ᠍᠎ᠶ᠋ᠢᠨ ᠠᠮᠤᠷ ᠲᠦᠪᠱᠢᠨ᠎ᠢ ᠲᠡᠷᠢᠭᠦᠨ ᠪᠠᠢᠷᠢᠨ᠎ᠳᠤ ᠲᠠᠯᠪᠢᠵᠤ᠂ ᠦᠨᠳᠦᠰᠦᠲᠡᠨ᠎ᠦ ᠪᠦᠯᠬᠦᠮᠳᠡᠯ᠎ᠦᠨ ᠢᠷᠠᠭᠤ ᠠᠯᠳᠠᠷᠲᠤ ᠤᠯᠠᠮᠵᠢᠯᠠᠯ᠎ᠢ ᠪᠠᠳᠠᠷᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ ᠡᠷᠬᠢᠮ ᠳᠡᠭᠡᠳᠦ ᠢᠷᠠᠭᠤ ᠠᠯᠳᠠᠷ᠎ᠵᠢᠡᠨ ᠰᠠᠢᠲᠤᠷ ᠬᠠᠮᠠᠭᠠᠯᠠᠬᠤ ᠬᠡᠷᠡᠭᠲᠡᠢ᠃ ᠤᠯᠤᠰ᠎ᠤᠨ ᠠᠮᠤᠷ ᠲᠦᠪᠱᠢᠨ᠎ᠦ ᠤᠬᠠᠭᠤᠯᠭ᠎ᠠ ᠬᠥᠮᠦᠵᠢᠯ᠎ᠢ ᠴᠢᠩᠭᠠᠳᠭᠠᠨ᠂ ᠪᠦᠬᠦ᠌ ᠠᠷᠠᠳ᠎ᠤᠨ ᠤᠯᠤᠰ᠎ᠤᠨ ᠠᠮᠤᠷ ᠲᠦᠪᠱᠢᠨ᠎ᠦ ᠤᠬᠠᠮᠰᠠᠷ᠎ᠢ ᠴᠢᠩᠭᠠᠳᠬᠠᠵᠤ᠂ ᠤᠮᠠᠷᠠᠲᠤ ᠬᠢᠯᠢ᠎ᠶ᠋ᠢᠨ ᠠᠮᠤᠷ ᠲᠣᠭ᠍ᠲᠠᠭᠤᠨ᠎ᠤ ᠠᠷᠠᠳ᠎ᠤᠨ ᠰᠡᠷᠭᠡᠢᠯᠡᠯᠲᠡ᠎ᠶ᠋ᠢᠨ ᠱᠤᠭᠤᠮ᠎ᠢ ᠪᠡᠬᠢᠵᠢᠭᠦᠯᠬᠦ ᠬᠡᠷᠡᠭᠲᠡᠢ᠃ ᠪᠦᠬᠦ᠌ ᠣᠷᠣᠨ᠎ᠤ ᠡᠯ᠎ᠡ ᠱᠠᠲᠤᠨ᠎ᠤ ᠨᠠᠮ ᠵᠠᠰᠠᠭ ᠴᠡᠷᠢᠭ ᠴᠠᠭ᠍ᠳᠠᠭ᠎ᠠ ᠠᠷᠠᠳ ᠬᠦᠴᠦᠨ᠎ᠢᠶᠡᠨ ᠬᠠᠮᠲᠤᠳᠭᠠᠨ ᠬᠢᠯᠢ᠎ᠶ᠋ᠢ ᠬᠦᠴᠦᠷᠬᠡᠭ᠌ᠵᠢᠭᠦᠯᠵᠦ᠍ ᠰᠡᠷᠭᠡᠢᠯᠡᠯᠲᠡ᠎ᠶ᠋ᠢ ᠪᠡᠬᠢᠵᠢᠭᠦᠯᠬᠦ᠌᠎ᠶ᠋ᠢ ᠴᠢᠩᠭᠠᠳᠭᠠᠵᠤ᠂ ᠬᠢᠯᠢ ᠬᠢᠵᠠᠭᠠᠷ ᠣᠷᠣᠨ᠎ᠤ ᠪᠣᠰᠣᠭ᠎ᠠ ᠴᠣᠭ᠍ᠴᠠᠲᠤ ᠣᠶᠤᠨᠴᠢ ᠰᠡᠷᠭᠡᠢᠯᠡᠨ ᠡᠵᠡᠮᠳᠡᠬᠦ᠌ ᠱᠢᠰᠲ᠋ᠧᠮ᠎ᠦᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭ᠌ᠲᠡᠢ᠃ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠲᠠᠶ ᠤᠶᠠᠯᠳᠤᠭᠤᠯᠤᠨ᠂ ᠬᠢᠯᠢ ᠵᠢ ᠪᠡᠬᠢᠵᠢᠭᠦᠯᠬᠦ ᠬᠢᠯᠢ ᠵᠢ ᠬᠦᠴᠦᠷᠭᠡᠭᠵᠢᠭᠦᠯᠬᠦ ᠠᠷᠠᠳ᠎ᠢ ᠪᠠᠶᠠᠵᠢᠭᠤᠯᠬᠤ ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠬᠢᠯᠢ ᠬᠢᠵᠠᠭᠠᠷ ᠣᠷᠣᠨ᠎ᠤ ᠠᠮᠤᠷ ᠲᠣᠭ᠍ᠲᠠᠭᠤᠨ ᠪᠠᠢᠬᠤ᠎ᠶ᠋ᠢ ᠦᠨᠡᠨ ᠬᠦ᠌ ᠪᠠᠲᠤᠯᠠᠬᠤ ᠬᠡᠷᠡᠭᠲᠡᠢ᠃ ᠪᠥᠬᠥ᠌ ᠠᠷᠠᠳ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠬᠥᠮᠦᠵᠢᠯ᠎ᠢ ᠴᠢᠩᠭᠠᠳᠭᠠᠵᠤ᠂ ᠬᠣᠶᠠᠷ᠎ᠢ ᠬᠦᠷᠢᠶᠡᠯᠡᠵᠦ᠍ ᠬᠠᠮᠲᠤ᠎ᠪᠠᠷ ᠪᠠᠢᠭᠤᠯᠬᠤ ᠠᠵᠢᠯ᠎ᠢ ᠭᠦᠨᠵᠡᠭᠡᠢᠷᠡᠭᠦᠯᠵᠦ᠍᠂ ᠱᠢᠨ᠎ᠡ ᠴᠠᠭ ᠦᠶ᠎ᠡ᠎ᠶ᠋ᠢᠨ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠳᠠᠢᠴᠢᠯᠠᠯᠲᠠ᠎ᠶ᠋ᠢᠨ ᠱᠢᠰᠲ᠋ᠧᠮ᠎ᠦᠨ ᠪᠠᠢᠭᠤᠯᠤᠯᠲᠠ᠎ᠶ᠋ᠢ ᠲᠡᠭᠦᠯᠳᠡᠷᠵᠢᠭᠦᠯᠵᠦ᠍᠂ ᠴᠡᠷᠢᠭ ᠠᠷᠠᠳ᠎ᠤᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠵᠤ᠂ ᠡᠪᠳᠡᠷᠡᠰᠢ ᠥᠬᠡᠶ ᠪᠠᠲᠤ ᠪᠠᠬᠢ ᠰᠡᠷᠭᠡᠢᠯᠡᠯᠲᠡ᠎ᠶ᠋ᠢᠨ ᠱᠤᠭᠤᠮ᠎ᠢ ᠪᠠᠢᠭᠤᠯᠬᠤ ᠬᠡᠷᠡᠭᠲᠡᠢ ᠭᠡᠪᠡ᠃
118ᠲᠦᠮᠡᠨᠲᠡᠭ᠌ᠰᠢᠳᠥᠷᠪᠡᠯᠵᠢᠨᠺᠢᠯᠣᠮᠧᠲ᠋ᠷᠨᠤᠲᠤᠭᠳᠡᠪᠢᠰᠭᠡᠷᠳᠡᠭᠡᠷᠡ᠂ᠪᠦᠬᠦ᠌ᠣᠷᠣᠨᠤ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠍᠂ ᠡᠯ᠎ᠡ ᠬᠦᠷᠢᠶᠡᠨ᠎ᠦ ᠤᠯᠤᠰ᠎ᠤᠨ ᠠᠮᠤᠷ ᠲᠦᠪᠱᠢᠨ᠎ᠦ ᠠᠵᠢᠯ᠎ᠢ ᠯᠠᠪᠳᠠᠭᠤᠨ ᠪᠠᠲᠤᠲᠠᠢ ᠠᠬᠢᠭᠤᠯᠵᠤ᠂ ᠠᠮᠤᠷ ᠲᠦᠪᠱᠢᠨ ᠬᠥᠭ᠌ᠵᠢᠯᠲᠡ᠎ᠶ᠋ᠢᠨ ᠬᠣᠷᠢᠭ᠎ᠠ ᠱᠤᠭᠤᠮ᠎ᠢ ᠪᠠᠲᠤ ᠰᠠᠬᠢᠵᠤ᠂ ᠬᠦᠷᠲᠡᠮᠵᠢ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠦ ᠲᠦᠷᠦᠭ᠌ᠳᠡᠯᠵᠢᠡᠷ ᠪᠢᠯᠬᠠᠮ᠎ᠠ ᠪᠠᠢᠵᠤ᠂ ᠡᠬᠡ ᠤᠯᠤᠰ᠎ᠤᠨ《ᠤᠮᠠᠷᠠᠲᠤ ᠬᠠᠭᠠᠯᠭ᠎ᠠ》᠂ ᠨᠡᠢᠰᠯᠡᠯ᠎ᠤᠨ 《ᠬᠠᠮᠠᠭᠠᠯᠠᠯᠳᠠ ᠵᠢᠨ ᠭᠣᠣᠯ》 ᠢ᠋ ᠡᠪᠳᠡᠷᠡᠰᠢ ᠦᠭᠡᠢ ᠪᠠᠲᠤ ᠪᠡᠬᠢ ᠴᠤᠭᠴᠠᠯᠠᠵᠤ᠂ ᠨᠡᠩ ᠵᠣᠯ ᠵᠢᠷᠭᠠᠯᠲᠤ ᠰᠠᠢ᠌ᠨ ᠰᠠᠢᠬᠠᠨ ᠢᠷᠡᠭᠡᠳᠦᠢ᠎ᠶ᠋ᠢ ᠬᠠᠮᠲᠤ᠎ᠪᠠᠷ ᠴᠣᠭ᠍ᠴᠠᠯᠠᠵᠤ ᠪᠠᠢᠨᠠᠮ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃