ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠭᠦᠨᠵᠡᠭᠡᠢ ᠲᠠᠢᠯᠤᠮᠵᠢ

2022-02-18 09:30:47

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

● ᠦᠪᠦᠷ ᠮᠣᠩᠭᠣᠯ᠎ᠦᠨ ᠦᠪᠡᠷᠳᠡᠭᠡᠨ ᠵᠠᠰᠠᠬᠣ ᠣᠷᠣᠨ᠎ᠦ ᠬᠣᠷᠸ᠎ᠠ ᠠᠵᠦ ᠠᠬᠣᠢ ᠰᠣᠳᠣᠯᠬᠣ ᠲᠦᠪ᠎ᠦᠨ ᠰᠣᠳᠣᠯᠭᠠᠨ᠎ᠦ ᠰᠡᠳᠦᠪ᠎ᠦᠨ ᠲᠣᠭᠣᠢᠯᠠᠩ


ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠣᠳᠣᠬᠢᠴᠢᠯᠠᠯᠲᠠ᠎ᠶ᠋ᠢᠨ ᠲᠦᠪᠰᠢᠨ᠎ᠢ ᠳᠡᠭᠡᠭ᠌ᠰᠢᠯᠡᠭᠦᠯᠵᠦ᠂ ᠨᠠᠩ ᠴᠢᠩᠭ᠎ᠠ ᠱᠢᠨ᠎ᠡ᠎ᠶ᠋ᠢ ᠡᠭᠦᠳᠬᠦ᠌ ᠬᠦᠴᠦᠨ᠎ᠲᠡᠶ᠂ ᠨᠡᠩ ᠥᠨᠳᠥᠷ ᠨᠡᠮᠡᠯᠲᠡ ᠦᠷᠳᠡᠭ ᠲᠠᠢ᠂ ᠨᠠᠩ ᠠᠮᠤᠷ ᠲᠦᠪᠱᠢᠨ ᠨᠠᠢᠳᠠᠪᠤᠷᠢᠲᠠᠶ ᠠᠵᠤ ᠦᠶ᠋ᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ ᠵᠢ ᠪᠦᠷᠢᠯᠳᠦᠬᠦᠯᠬᠦ ᠪᠣᠯ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠎ᠳᠦ ᠪᠠᠢᠪᠠᠰᠤ ᠵᠣᠬᠢᠬᠤ ᠡᠬᠦᠷᠭᠡ ᠮᠥᠨ᠃ ᠳᠡᠭᠡᠳᠦ ᠲᠡᠰᠵᠢᠭᠰᠡᠨ ᠤᠶᠤᠨᠴᠢᠯᠠᠭ᠍ᠰᠠᠨ ᠪᠣᠬᠢᠷᠲᠤᠯ ᠥᠬᠡᠶ ᠬᠥᠭ᠌ᠵᠢᠯᠲᠡ᠎ᠪᠡᠷ ᠴᠢᠭ᠌ᠯᠡᠯ ᠪᠣᠯᠭᠠᠵᠤ ᠠᠵᠤ ᠦᠶ᠋ᠯᠡᠰ᠎ᠦᠨ ᠬᠡᠯᠬᠢᠶ᠎ᠡ᠎ᠶ᠋ᠢᠨ ᠪᠠᠢᠭᠤᠯᠤᠯᠲᠠ᠎ᠶ᠋ᠢ ᠴᠢᠩᠭᠠᠳᠭᠠᠬᠤ ᠪᠣᠯ ᠮᠠᠨ᠎ᠤ ᠣᠷᠣᠨ᠎ᠤ ᠠᠵᠤ ᠠᠬᠤᠶ᠎ᠶ᠋ᠢᠨ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌᠎ᠶ᠋ᠢ ᠠᠬᠢᠭᠤᠯᠬᠤ᠂ ᠣᠳᠣᠬᠢᠴᠢᠯᠠᠭ᠍ᠰᠠᠨ ᠠᠵᠤ ᠠᠬᠤᠶ᠎ᠶ᠋ᠢᠨ ᠱᠢᠰᠲ᠋ᠧᠮ᠎ᠢ ᠪᠠᠢᠭᠤᠯᠬᠤ᠎ᠶ᠋ᠢᠨ ᠵᠠᠩᠭᠢᠯᠠᠭ᠎ᠠ᠎ᠶ᠋ᠢᠨ ᠠᠷᠭ᠎ᠠ ᠬᠡᠮᠵᠢᠶ᠎ᠡ ᠮᠥᠨ᠂ ᠠᠵᠤ ᠦᠶ᠋ᠯᠡᠰ᠎ᠦᠨ ᠬᠡᠯᠬᠢᠶ᠎ᠡ᠎ᠶ᠋ᠢᠨ ᠤᠶᠠᠨ ᠬᠠᠲᠠᠨ ᠴᠢᠨᠠᠷ᠎ᠢ ᠴᠢᠩᠭᠠᠳᠭᠠᠵᠤ ᠠᠵᠤ ᠠᠬᠤᠶ᠎ᠶ᠋ᠢᠨ ᠠᠮᠤᠷ ᠲᠦᠪᠱᠢᠨ᠎ᠢ ᠪᠠᠲᠤᠯᠠᠬᠤ ᠴᠢᠬᠤᠯᠠ ᠭᠣᠭ᠍ᠴᠣᠭ᠎ᠠ ᠮᠥᠨ᠂ ᠠᠵᠤ ᠠᠬᠤᠶ᠎ᠶ᠋ᠢᠨ ᠦᠷ᠎ᠡ ᠠᠱᠢᠭ᠎ᠢ ᠳᠡᠭᠡᠭ᠌ᠰᠢᠯᠡᠭᠦᠯᠵᠦ᠍ ᠴᠢᠨᠠᠷ ᠰᠠᠢᠲᠠᠶ ᠬᠥᠭ᠌ᠵᠢᠯᠲᠡ᠎ᠶ᠋ᠢ ᠪᠡᠶᠡᠯᠡᠭᠦᠯᠬᠦ᠌ ᠭᠤᠤᠯ ᠠᠷᠭ᠎ᠠ ᠵᠠᠮ ᠮᠥᠨ᠃


ᠥᠪᠥᠷ ᠮᠣᠩᠭᠣᠯ᠎ᠤᠨ ᠠᠵᠤ ᠦᠶ᠋ᠯᠡᠰ᠎ᠦᠨ ᠬᠡᠯᠬᠢᠶ᠎ᠡ᠎ᠶ᠋ᠢᠨ ᠣᠳᠣᠬᠢ ᠪᠠᠢᠳᠠᠯ ᠵᠢᠴᠢ ᠣᠷᠣᠱᠢᠵᠤ ᠪᠠᠢᠭ᠎ᠠ ᠠᠰᠠᠭᠤᠳᠠᠯ


ᠠᠵᠤ ᠦᠶ᠋ᠯᠡᠰ᠎ᠦᠨ ᠬᠡᠯᠬᠢᠶ᠎ᠡ ᠪᠣᠯ ᠡᠯ᠎ᠡ ᠠᠵᠤ ᠦᠶ᠋ᠯᠡᠰ᠎ᠦᠨ ᠰᠠᠯᠠᠭ᠎ᠠ ᠮᠥᠴᠢᠷ᠎ᠦᠨ ᠬᠣᠭᠣᠷᠣᠨᠳᠣᠬᠢ ᠵᠣᠬᠢᠬᠤ ᠮᠡᠷᠭᠡᠵᠢᠯ᠎ᠦᠨ ᠠᠵᠤ ᠠᠬᠤᠶ᠎ᠶ᠋ᠢᠨ ᠬᠠᠷᠢᠴᠠᠭ᠎ᠠ ᠪᠠ ᠴᠠᠭ ᠬᠤᠭᠤᠴᠠᠭ᠎ᠠ ᠣᠷᠣᠨ ᠵᠠᠶ᠎ᠶ᠋ᠢᠨ ᠪᠠᠢᠷᠢᠱᠢᠭᠤᠯᠤᠯᠲᠠ᠎ᠶ᠋ᠢᠨ ᠬᠠᠷᠢᠴᠠᠭ᠎ᠠ᠎ᠳᠤ ᠰᠠᠭᠤᠷᠢᠯᠠᠨ ᠪᠤᠰᠤᠳᠴᠢ᠎ᠪᠠᠷ ᠪᠦᠷᠢᠯᠳᠦᠭ᠌ᠰᠡᠨ ᠬᠡᠯᠬᠢᠶᠡᠵᠢᠭ᠌ᠰᠡᠨ ᠬᠡᠯᠪᠡᠷᠢ᠎ᠶ᠋ᠢᠨ ᠬᠣᠯᠪᠣᠭ᠍ᠳᠠᠯᠳᠤ ᠪᠠᠢᠳᠠᠯ ᠪᠣᠯᠤᠨ᠎ᠠ᠃ ᠠᠵᠤ ᠦᠶ᠋ᠯᠡᠰ᠎ᠦᠨ ᠬᠡᠯᠬᠢᠶ᠎ᠡ᠎ᠶ᠋ᠢᠨ ᠣᠳᠣᠬᠢᠴᠢᠯᠠᠯᠲᠠ ᠪᠣᠯ ᠠᠵᠤ ᠦᠶ᠋ᠯᠡᠰ᠎ᠢ ᠲᠠᠰᠤᠷᠠᠯᠲᠠ ᠥᠬᠡᠶ ᠳᠤᠤᠷᠠᠳᠤ ᠤᠷᠤᠰᠭᠠᠯ ᠳᠠᠢᠰᠢ ᠤᠷᠲᠤᠳᠭᠠᠬᠤ᠎ᠪᠠᠷ ᠳᠠᠮᠵᠢᠭᠤᠯᠤᠨ ᠥᠷᠲᠡᠭ᠎ᠦᠨ ᠬᠡᠯᠬᠢᠶ᠎ᠡ᠎ᠶ᠋ᠢ ᠳᠤᠮᠳᠠ ᠳᠡᠭᠡᠳᠦ ᠲᠠᠰ ᠳᠠᠢᠰᠢ ᠳᠡᠭᠡᠭ᠌ᠰᠢᠯᠡᠬᠦ᠌᠎ᠶ᠋ᠢ ᠠᠬᠢᠭᠤᠯᠬᠤ ᠶᠠᠪᠤᠳᠠᠯ ᠪᠣᠯᠤᠨ᠎ᠠ᠃ ᠣᠢᠷ᠎ᠠ᠎ᠶ᠋ᠢᠨ ᠵᠢᠯ᠎ᠳᠦ ᠥᠪᠥᠷ ᠮᠣᠩᠭᠣᠯ ᠠᠵᠤ ᠦᠶ᠋ᠯᠡᠰ᠎ᠦᠨ ᠬᠡᠯᠬᠢᠶ᠎ᠡ᠎ᠶ᠋ᠢ ᠤᠷᠲᠤᠳᠭᠠᠬᠤ᠂ ᠠᠵᠤ ᠦᠶ᠋ᠯᠡᠰ᠎ᠦᠨ ᠲᠠᠰ ᠳᠠᠪᠬᠤᠷᠭ᠎ᠠ᠎ᠶ᠋ᠢ ᠳᠡᠭᠡᠭ᠌ᠰᠢᠯᠡᠭᠦᠯᠬᠦ᠌᠎ᠪᠡᠷ ᠭᠠᠷᠳᠠᠴᠠ ᠪᠣᠯᠭᠠᠵᠤ᠂ ᠠᠵᠤ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠬᠦ᠌᠎ᠶ᠋ᠢ ᠠᠬᠢᠭᠤᠯᠵᠤ᠂ ᠨᠡᠭᠦᠷᠡᠰᠦ — ᠴᠠᠬᠢᠯᠭᠠᠨ— ᠬᠢᠮᠢ᠂ ᠨᠡᠭᠦᠷᠡᠰᠦ — ᠴᠠᠬᠢᠯᠭᠠᠨ— ᠲᠡᠮᠦᠷᠯᠢᠭ ᠬᠠᠢᠯᠤᠭᠤᠯᠬᠤ᠂ ᠬᠠᠢᠬᠤ — ᠮᠠᠯᠲᠠᠬᠤ — ᠱᠢᠯᠢᠬᠦ᠌ — ᠬᠠᠢᠯᠤᠭᠤᠯᠬᠤ — ᠪᠣᠯᠪᠠᠰᠤᠷᠠᠭᠤᠯᠬᠤ ᠵᠡᠷᠭᠡ ᠣᠨᠴᠠᠯᠢᠭ᠍ᠲᠤ ᠳᠠᠪᠠᠭᠤᠯᠢᠭ ᠠᠵᠤ ᠦᠶ᠋ᠯᠡᠰ᠎ᠦᠨ ᠬᠡᠯᠬᠢᠶ᠎ᠡ᠎ᠶ᠋ᠢ ᠠᠩᠬ᠎ᠠ ᠠᠯᠬᠤᠮ ᠬᠡᠪᠴᠢᠶᠡᠵᠢᠭᠦᠯᠦᠨ᠂ ᠡᠬᠢ ᠪᠠᠶᠠᠯᠢᠭ᠎ᠢ ᠲᠤᠬᠠᠶ᠎ᠶ᠋ᠢᠨ ᠭᠠᠵᠠᠷ᠎ᠲᠤᠨᠢ ᠬᠤᠪᠢᠷᠠᠭᠤᠯᠬᠤ ᠦᠷ᠎ᠡ ᠠᠱᠢᠭ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠤᠰᠤᠲᠥ᠋ᠷᠥᠭ᠌ᠴᠢ ᠵᠢᠨ ᠡᠨᠧᠷᠭᠢ᠂ ᠲᠣᠮᠣ ᠳ᠋ᠠᠢᠲ᠋ᠠ᠂ ᠱᠢᠨ᠎ᠡ ᠮᠠᠲ᠋ᠧᠷᠢᠶᠠᠯ ᠵᠡᠷᠭᠡ ᠱᠢᠨ᠎ᠡ᠎ᠪᠡᠷ ᠮᠠᠨᠳᠤᠭᠰᠠᠨ ᠠᠵᠤ ᠦᠶ᠋ᠯᠡᠰ᠎ᠦᠨ ᠲᠥᠷᠥᠯ ᠵᠦᠶ᠋ᠯ᠎ᠢ ᠡᠬᠢᠯᠡᠨ ᠪᠠᠢᠷᠢᠱᠢᠭᠤᠯᠵᠤ᠂ ᠱᠢᠨ᠎ᠡ᠎ᠪᠡᠷ ᠮᠠᠨᠳᠤᠭᠰᠠᠨ ᠠᠵᠤ ᠦᠶ᠋ᠯᠡᠰ᠎ᠦᠨ ᠬᠡᠯᠬᠢᠶ᠎ᠡ᠎ᠶ᠋ᠢ ᠪᠦᠷᠢᠯᠳᠤᠭᠦᠯᠦᠭᠰᠡᠨ ᠪᠠᠢᠳᠠᠯ ᠰᠠᠢᠨ ᠪᠠᠢᠵᠤ᠂ ᠠᠵᠤ ᠦᠶ᠋ᠯᠡᠰ᠎ᠦᠨ ᠬᠡᠯᠬᠢᠶ᠎ᠡ᠎ᠶ᠋ᠢᠨ ᠲᠦᠪᠱᠢᠨ᠎ᠢ ᠦᠷᠭᠦᠯᠵᠢᠯᠡᠨ ᠳᠡᠭᠡᠭ᠌ᠰᠢᠯᠡᠭᠦᠯᠪᠡ᠃ ᠭᠡᠲᠡᠯ᠎ᠡ ᠠᠵᠤ ᠦᠶ᠋ᠯᠡᠰ᠎ᠦᠨ ᠬᠡᠯᠬᠢᠶ᠎ᠡ᠎ᠶ᠋ᠢᠨ ᠣᠳᠣᠬᠢᠴᠢᠯᠠᠯᠲᠠ᠎ᠶ᠋ᠢᠨ ᠬᠠᠷᠠᠯᠲᠠ᠎ᠶ᠋ᠢᠨ ᠱᠠᠭᠠᠷᠳᠠᠯᠭ᠎ᠠ᠎ᠪᠠᠷ ᠪᠠᠷᠢᠮᠵᠢᠶᠠᠯᠠᠪᠠᠯ ᠮᠠᠨ᠎ᠤ ᠣᠷᠣᠨ᠎ᠤ ᠠᠵᠤ ᠦᠶ᠋ᠯᠡᠰ᠎ᠦᠨ ᠬᠡᠯᠬᠢᠶ᠎ᠡ᠎ᠶ᠋ᠢᠨ ᠬᠥᠭ᠌ᠵᠢᠯᠲᠡ᠎ᠶ᠋ᠢᠨ ᠲᠦᠪᠱᠢᠨ᠎ᠳᠦ ᠮᠥᠨ ᠬᠦ᠌ ᠨᠡᠯᠢᠶᠡᠳ ᠶᠡᠬᠡ ᠵᠥᠷᠢᠶ᠎ᠡ ᠣᠷᠣᠱᠢᠵᠤ ᠪᠠᠢᠨ᠎ᠠ᠂ ᠡᠨᠡ ᠨᠢ ᠭᠤᠤᠯᠳᠠᠭᠤ ᠳᠤᠤᠷᠠᠬᠢ ᠬᠡᠳᠦᠨ ᠲᠠᠯ᠎ᠠ᠎ᠪᠠᠷ ᠢᠯᠡᠷᠡᠵᠦ᠍ ᠪᠠᠢᠨ᠎ᠠ᠃

ᠡᠯ᠎ᠡ ᠠᠵᠤ ᠦᠢᠯᠡᠰ᠎ᠦᠨ ᠲᠥᠷᠥᠯ ᠠᠩᠭᠢᠯᠠᠯ᠎ᠦᠨ ᠬᠡᠯᠬᠢᠶᠡᠵᠢᠭ᠌ᠰᠡᠨ ᠬᠥᠭ᠌ᠵᠢᠯᠲᠡ᠎ᠶ᠋ᠢᠨ ᠲᠦᠪᠰᠢᠨ ᠲᠡᠩᠴᠡᠭᠦᠷᠢ ᠦᠭᠡᠶ᠂ ᠬᠡᠯᠬᠢᠶ᠎ᠡ ᠣᠬᠣᠷ᠂ ᠬᠡᠯᠬᠢᠶ᠎ᠡ ᠲᠠᠰᠤᠷᠠᠬᠤ᠂ ᠬᠡᠯᠬᠢᠶ᠎ᠡ ᠳᠤᠲᠠᠭ᠍ᠳᠠᠬᠤ ᠦᠵᠡᠭ᠌ᠳᠡᠯ ᠨᠡᠢᠳᠡᠮ ᠣᠷᠣᠱᠢᠵᠤ ᠪᠤᠶ᠃ ᠠᠵᠤ ᠦᠶ᠋ᠯᠡᠰ᠎ᠦᠨ ᠬᠡᠯᠬᠢᠶ᠎ᠡ ᠵᠢ ᠤᠷᠲᠤᠳᠭᠠᠨ ᠲᠠᠰ ᠳᠡᠪᠱᠢᠭᠦᠯᠬᠦ᠌ ᠲᠠᠯ᠎ᠠ᠎ᠪᠠᠷ ᠬᠦᠷᠦᠯᠴᠡᠬᠦ᠌ ᠥᠬᠡᠶ᠂ ᠠᠵᠤ ᠦᠶ᠋ᠯᠡᠰ᠎ᠦᠨ ᠬᠡᠯᠬᠢᠶ᠎ᠡ ᠨᠡᠯᠢᠶᠡᠳ ᠣᠬᠣᠷ ᠪᠠᠢᠬᠤ ᠠᠰᠠᠭᠤᠳᠠᠯ ᠨᠡᠯᠢᠶᠡᠳ ᠲᠣᠪᠣᠢᠮ᠎ᠠ ᠪᠠᠢᠵᠤ᠂ ᠨᠡᠭᠦᠷᠡᠰᠦ᠂ ᠲᠡᠮᠦᠷᠯᠢᠭ ᠬᠠᠢᠯᠤᠭᠤᠯᠬᠤ᠂ ᠬᠣᠪᠣᠷ ᠱᠢᠷᠣᠶ ᠵᠡᠷᠭᠡ ᠡᠬᠢ ᠪᠠᠶᠠᠯᠢᠭ᠎ᠤᠨ ᠬᠡᠯᠪᠡᠷᠢ ᠎ᠶ᠋ᠢᠨ ᠠᠵᠤ ᠦᠶ᠋ᠯᠡᠰ ᠮᠥᠨ ᠯᠡ ᠠᠵᠤ ᠦᠶ᠋ᠯᠡᠰ᠎ᠦᠨ ᠬᠡᠯᠬᠢᠶ᠎ᠡ᠎ᠶ᠋ᠢᠨ ᠠᠨᠭᠬᠠᠨ᠎ᠦ ᠱᠠᠳᠤᠨ ᠳ᠋ᠠᠭᠠᠨ ᠣᠷᠣᠱᠢᠵᠤ᠂ 《ᠨᠡᠭᠦᠷᠡᠰᠦ ᠮᠠᠯᠲᠠᠵᠤ ᠨᠡᠭᠦᠷᠡᠰᠦ ᠬᠤᠳᠠᠯᠳᠤᠬᠤ᠂ ᠱᠢᠷᠣᠶ ᠮᠠᠯᠲᠠᠵᠤ ᠱᠢᠷᠣᠶ ᠬᠤᠳᠠᠯᠳᠤᠬᠤ》 ᠠᠰᠠᠭᠤᠳᠠᠯ᠎ᠢ ᠪᠠᠰᠠ ᠪᠦᠲᠦᠮᠵᠢᠲᠡᠶ ᠱᠢᠶ᠋ᠳᠪᠦᠷᠢᠯᠡᠵᠦ᠍ ᠴᠢᠳᠠᠭᠠᠳᠤᠶ ᠪᠠᠢᠨ᠎ᠠ᠃ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ ᠨᠢ ᠮᠧᠲ᠋ᠢᠯ ᠠᠯᠺᠣᠣᠯ᠂ ᠠᠯᠺᠧᠨ᠂ ᠡᠲ᠋ᠠ ᠬᠣᠶᠠᠷᠴᠢ ᠠᠯᠺᠣᠣᠯ ᠵᠡᠷᠭᠡ ᠳᠡᠭᠡᠳᠦ ᠤᠷᠤᠰᠭᠠᠯ᠎ᠤᠨ ᠶᠡᠬᠡ ᠬᠡᠮᠵᠢᠶᠡᠨ᠎ᠦ ᠰᠠᠭᠤᠷᠢ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠦᠢᠯᠡᠳᠬᠦᠨ᠎ᠢᠶᠡᠷ ᠭᠣᠣᠯᠯᠠᠵᠤ᠂ ᠲᠤᠬᠠᠶ᠎ᠶ᠋ᠢᠨ ᠭᠠᠵᠠᠷ᠎ᠲᠤᠨᠢ ᠬᠤᠪᠢᠷᠠᠭᠤᠯᠬᠤ ᠨᠣᠷᠮ᠎ᠠ ᠨᠡᠯᠢᠶᠡᠳ ᠳᠣᠣᠷ᠎ᠠ ᠪᠠᠢᠳᠠᠭ᠃ ᠬᠣᠪᠣᠷ ᠱᠢᠷᠣᠶ᠎ᠶ᠋ᠢᠨ ᠠᠵᠤ ᠦᠶ᠋ᠯᠡᠰ ᠭᠤᠤᠯᠳᠠᠭᠤ ᠠᠵᠤ ᠦᠶ᠋ᠯᠡᠰ᠎ᠦᠨ ᠬᠡᠯᠬᠢᠶ᠎ᠡ᠎ᠶ᠋ᠢᠨ ᠳᠤᠮᠳᠠ ᠳᠡᠭᠡᠳᠦ ᠤᠷᠤᠰᠭᠠᠯ᠎ᠳᠠᠬᠢ ᠮᠠᠯᠲᠠᠵᠤ ᠰᠣᠩᠭᠣᠬᠤ᠂ ᠬᠠᠢᠯᠤᠭᠤᠯᠬᠤ᠂ ᠰᠠᠯᠭᠠᠬᠤ ᠵᠡᠷᠭᠡ ᠭᠣᠭ᠍ᠴᠣᠭ᠎ᠠ᠎ᠳᠤ ᠲᠥᠪᠯᠡᠷᠡᠵᠦ᠍᠂ ᠡᠬᠢ ᠪᠠᠶᠠᠯᠢᠭ᠎ᠤᠨ ᠳᠠᠪᠠᠭᠤᠯᠢᠭ᠎ᠢ ᠬᠠᠷᠠᠬᠠᠨ ᠠᠵᠤ ᠦᠶ᠋ᠯᠡᠰ᠎ᠦᠨ ᠳᠠᠪᠠᠭᠤᠯᠢᠭ ᠪᠣᠯᠭᠠᠨ ᠬᠤᠪᠢᠷᠠᠭᠤᠯᠵᠤ ᠴᠢᠳᠠᠭᠠᠳᠤᠶ ᠪᠠᠢᠭᠰᠠᠭᠠᠷ᠃ ᠱᠢᠨ᠎ᠡ ᠡᠨᠧᠷᠭᠢ᠂ ᠲᠣᠮᠣ ᠳ᠋ᠠᠢᠲ᠋ᠠ ᠵᠡᠷᠭᠡ ᠱᠢᠨ᠎ᠡ᠎ᠪᠡᠷ ᠮᠠᠨᠳᠤᠭᠰᠠᠨ ᠠᠵᠤ ᠦᠶ᠋ᠯᠡᠰ ᠨᠢᠭᠡᠨᠲᠡ ᠵᠣᠬᠢᠬᠤ ᠠᠵᠤ ᠦᠶ᠋ᠯᠡᠰ᠎ᠦᠨ ᠬᠡᠪᠴᠢᠶ᠎ᠡ᠎ᠶ᠋ᠢ ᠪᠦᠷᠢᠯᠳᠦᠭᠦᠯᠪᠡ᠂ ᠭᠡᠪᠡᠴᠦ᠍ ᠰᠢᠨ᠎ᠡ ᠡᠨ᠋ᠸᠷᠬᠢ ᠵᠢᠨ ᠲᠦᠬᠦᠬᠡᠷᠦᠮᠵᠢ ᠦᠢᠯᠡᠳᠬᠦ ᠦᠢᠯᠡᠰ᠂ ᠡᠷᠬᠢᠯᠳᠡ ᠵᠢ ᠬᠠᠮᠠᠭᠠᠯᠠᠵᠤ ᠪᠠᠢᠴᠠᠭᠠᠨ ᠵᠠᠰᠠᠬᠣ ᠵᠡᠷᠭᠡ ᠪᠦᠷᠢᠨ ᠲᠡᠬᠦᠯᠳᠡᠷ ᠠᠵᠦ ᠦᠢᠯᠡᠰ᠎ᠦᠨ ᠬᠡᠯᠬᠢᠶ᠎ᠡ ᠬᠠᠷᠠᠬᠠᠨ ᠪᠦᠷᠢᠯᠳᠦᠭᠡᠳᠦᠢ᠂ ᠲᠣᠮᠣ ᠳ᠋ᠠᠢᠲ᠋ᠠ᠎ᠶ᠋ᠢᠨ ᠬᠡᠷᠡᠭ᠌ᠯᠡᠯᠲᠡ ᠢᠯᠡᠳᠲᠡ ᠬᠦᠷᠦᠯᠴᠡᠬᠦ᠌ ᠥᠬᠡᠶ ᠪᠠᠢᠵᠤ᠂ ᠳᠤᠤᠷᠠᠳᠤ ᠤᠷᠤᠰᠭᠠᠯ᠎ᠤᠨ ᠠᠵᠤ ᠦᠶ᠋ᠯᠡᠰ᠎ᠯᠦᠭᠡ ᠵᠢᠨ ᠨᠢᠭ᠍ᠲᠠ ᠬᠠᠷᠢᠯᠴᠠᠭ᠎ᠠ ᠳᠤᠲᠠᠭ᠍ᠳᠠᠵᠤ᠂ ᠬᠡᠯᠬᠢᠶ᠎ᠡ ᠲᠠᠰᠤᠷᠠᠬᠤ᠂ ᠬᠡᠯᠬᠢᠶ᠎ᠡ ᠳᠤᠲᠠᠭ᠍ᠳᠠᠬᠤ ᠠᠰᠠᠭᠤᠳᠠᠯ ᠲᠣᠪᠣᠢᠮ᠎ᠠ ᠪᠠᠢᠨ᠎ᠠ᠃

ᠣᠳᠣ ᠵᠢᠨ ᠪᠠᠢᠭ᠎ᠠ ᠠᠵᠤ ᠦᠶ᠋ᠯᠡᠰ᠎ᠦᠨ ᠬᠡᠯᠬᠢᠶ᠎ᠡ᠎ᠨᠢ ᠠᠨᠭᠬᠠᠨ᠎ᠦ ᠱᠠᠳᠤᠨ᠎ᠳᠠᠭᠠᠨ ᠪᠠᠢᠵᠦ᠂ ᠴᠢᠨᠠᠷ ᠮᠠᠭᠤ ᠦᠷ᠎ᠡ ᠪᠦᠲᠦᠮᠵᠢ ᠳᠤᠤᠷ᠎ᠠ ᠠᠰᠠᠭᠤᠳᠠᠯ ᠮᠥᠨ ᠯᠡ ᠢᠯᠡᠷᠬᠡᠶ ᠪᠠᠢᠨ᠎ᠠ᠃ ᠮᠠᠰᠢ ᠣᠯᠠᠨ ᠠᠵᠢᠯ ᠲᠥᠷᠥᠯ᠎ᠨᠢ ᠪᠠᠰᠠ ᠠᠨᠭᠬᠠᠨ᠎ᠦ ᠱᠠᠳᠤᠨ᠎ᠦ ᠦᠷ᠎ᠡ ᠪᠦᠲᠦᠮᠵᠢ ᠳᠤᠤᠷ᠎ᠠ ᠪᠦᠬᠦᠢ ᠦᠶ᠋ᠯᠡᠳᠪᠦᠷᠢᠯᠡᠵᠦ᠍ ᠪᠣᠯᠪᠠᠰᠤᠷᠠᠭᠤᠯᠬᠤ ᠭᠣᠭ᠍ᠴᠣᠭ᠎ᠠ᠎ᠳᠤ ᠵᠣᠭ᠍ᠰᠣᠩᠭᠢᠷᠠᠵᠤ᠂ ᠦᠶ᠋ᠯᠡᠳᠬᠦᠨ᠎ᠨᠢ ᠲᠦᠭᠦᠬᠡᠶ ᠮᠠᠲ᠋ᠧᠷᠢᠶᠠᠯ ᠪᠠ ᠠᠩᠬᠠᠨ᠎ᠤ ᠡᠳ᠋ᠱᠢᠭᠦᠯᠦᠭ᠌ᠰᠡᠨ ᠦᠶ᠋ᠯᠡᠳᠬᠦᠨ᠎ᠢᠶᠡᠷ ᠭᠤᠤᠯᠯᠠᠵᠤ᠂ ᠨᠠᠷᠢᠯᠢᠭ ᠭᠦᠨᠵᠡᠭᠡᠶ ᠡᠳ᠋ᠱᠢᠭᠦᠯᠦᠭ᠌ᠰᠡᠨ᠎ᠢᠶᠡᠷ ᠬᠦᠷᠦᠯᠴᠡᠬᠦ᠌ ᠥᠬᠡᠶ᠂ ᠤᠨᠳᠤᠤᠰᠢᠭᠤᠯᠵᠤ ᠥᠷᠲᠡᠭ ᠨᠡᠮᠡᠭ᠌ᠳᠡᠭᠦᠯᠬᠦ᠌ ᠲᠦᠪᠱᠢᠨ ᠨᠡᠯᠢᠶᠡᠳ ᠳᠤᠤᠷ᠎ᠠ ᠪᠠᠢᠨ᠎ᠠ᠃ ᠠᠮᠢᠳᠤ ᠪᠣᠳᠠᠰ᠎ᠤᠨ ᠡᠮ ᠡᠮᠨᠡᠯᠭᠡ ᠨᠢ ᠲᠦᠭᠦᠬᠡᠶ ᠮᠠᠲ᠋ᠸᠷᠢᠶᠡᠯ ᠵᠢᠡᠷ ᠦᠢᠯᠡᠳᠪᠦᠷᠢᠯᠡᠵᠦ ᠭᠠᠷᠭᠠᠬᠰᠠᠨ ᠡᠮ᠎ᠢᠶᠡᠷ ᠭᠤᠤᠯ ᠪᠣᠯᠭᠠᠵᠤ᠂ ᠪᠠᠭ᠎ᠠ ᠲᠥᠷᠥᠯ ᠵᠦᠶ᠋ᠯ ᠎ᠦᠨ ᠣᠨᠴᠠᠯᠢᠭ᠍ᠲᠤ ᠡᠮ ᠴᠥᠭᠡᠨ᠂ ᠭᠠᠷᠤᠯᠲᠠ ᠳᠤᠤᠷ᠎ᠠ᠂ ᠬᠢᠲᠠᠳ ᠡᠮ᠎ᠦᠨ ᠮᠠᠲ᠋ᠧᠷᠢᠶᠠᠯ᠎ᠢ ᠨᠠᠷᠢᠯᠢᠭ ᠡᠳ᠋ᠱᠢᠭᠦᠯᠬᠦ᠌ ᠪᠠᠷ ᠬᠦᠷᠦᠯᠴᠡᠬᠦ᠌ ᠦᠭᠡᠢ᠃ ᠠᠯᠠᠱᠢᠨ ᠦᠬᠡᠷ᠎ᠦᠨ ᠠᠵᠤ ᠦᠶ᠋ᠯᠡᠰ᠎ᠦᠨ 90% ᠎ᠡᠴᠠ ᠳᠡᠭᠡᠭ᠌ᠰᠢᠬᠢ ᠲᠤᠭᠤᠯ᠎ᠢ ᠠᠷᠠᠯᠵᠢᠶᠠᠨ᠎ᠤ ᠵᠠᠬ᠎ᠠ ᠳᠡᠯᠭᠡᠭᠦᠷ᠎ᠢᠶᠡᠷ ᠳᠠᠮᠵᠢᠭᠤᠯᠤᠨ ᠪᠥᠬᠥ᠌ ᠤᠯᠤᠰ᠎ᠤᠨ ᠡᠯ᠎ᠡ ᠭᠠᠵᠠᠷ᠎ᠲᠤ ᠭᠠᠷᠭᠠᠵᠦ ᠪᠠᠢᠨ᠎ᠠ᠂ ᠡᠳ᠋ᠱᠢᠭᠦᠯᠵᠦ ᠪᠠᠢᠬᠣ ᠬᠡᠮᠵᠢᠶᠡᠨ᠎ᠦ ᠬᠠᠷᠢᠴᠠᠯ᠎ᠨᠢ ᠮᠠᠰᠢ ᠳᠤᠤᠷ᠎ᠠ ᠪᠥᠭᠡᠳ ᠳᠤᠮᠳᠠ ᠳᠤᠤᠷ᠎ᠠ ᠲᠠᠰ᠎ᠤᠨ ᠳᠥᠭᠥᠮᠬᠡᠨ ᠬᠡᠰᠡᠭ᠌ᠯᠡᠭ᠌ᠰᠡᠨ ᠦᠶ᠋ᠯᠡᠳᠬᠦᠨ᠎ᠢᠶᠡᠷ ᠭᠤᠤᠯ ᠪᠣᠯᠭᠠᠵᠤ᠂ ᠨᠠᠷᠢᠯᠢᠭ ᠬᠤᠪᠢᠶᠠᠭ᠍ᠰᠠᠨ᠂ ᠨᠠᠷᠢᠯᠢᠭ ᠪᠣᠭᠣᠳᠠᠯᠯᠠᠭ᠍ᠰᠠᠨ ᠳᠡᠭᠡᠳᠦ ᠲᠠᠰ᠎ᠤᠨ ᠦᠶ᠋ᠯᠡᠳᠬᠦᠨ ᠲᠣᠳᠠᠮᠠᠭ᠂ ᠠᠵᠤ ᠦᠶ᠋ᠯᠡᠰ᠎ᠦᠨ ᠬᠡᠯᠬᠢᠶ᠎ᠡ᠎ᠶ᠋ᠢᠨ ᠥᠷᠲᠡᠭ ᠨᠡᠮᠡᠭ᠌ᠳᠡᠯ᠎ᠦᠨ ᠠᠱᠢᠭ ᠣᠯᠵᠠᠪᠤᠷᠢ᠎ᠨᠢ ᠥᠨᠳᠥᠷ ᠪᠢᠰᠢ ᠪᠠᠢᠨ᠎ᠠ᠃

ᠳᠠᠭᠠᠭᠤᠯᠤᠭ᠍ᠴᠢ ᠠᠵᠤ ᠠᠬᠤᠢᠯᠠᠯ᠎ᠤᠨ ᠳᠠᠢᠴᠢᠯᠠᠬᠤ ᠴᠢᠳᠠᠪᠤᠷᠢ ᠪᠠᠭᠤᠷᠠᠶ᠂ ᠲᠣᠮᠣ ᠳᠤᠮᠳᠠ ᠵᠢᠵᠢᠭ ᠠᠵᠤ ᠠᠬᠤᠢᠯᠠᠯ᠎ᠤᠨ ᠳᠡᠭᠡᠳᠦ ᠬᠡᠮᠵᠢᠶ᠎ᠡ᠎ᠪᠡᠷ ᠲᠥᠬᠥᠷᠵᠢᠭ᠌ᠰᠡᠨ ᠬᠥᠭ᠌ᠵᠢᠯᠲᠡ᠎ᠶ᠋ᠢᠨ ᠪᠠᠢᠷᠢᠱᠢᠯ ᠬᠠᠷᠠᠬᠠᠨ ᠪᠦᠷᠢᠯᠳᠦᠭᠡᠳᠦᠶ᠃ ᠠᠵᠦ ᠦᠢᠯᠡᠰ᠎ᠦᠨ ᠣᠳᠣᠬᠢᠴᠢᠯᠠᠯᠳᠠ ᠨᠢ ᠠᠵᠦ ᠦᠢᠯᠠᠰ᠎ᠦᠨ ᠠᠵᠢᠯ ᠲᠥᠷᠥᠯ᠎ᠦᠨ ᠥᠷᠢᠰᠦᠯᠳᠦᠬᠦ᠌ ᠬᠦᠴᠦᠨ᠎ᠡᠴᠡ ᠲᠣᠭᠳᠠᠭᠠᠭᠳᠠᠨ᠎ᠠ᠃ ᠶᠡᠷᠦᠩᠬᠡᠶ᠎ᠳᠦᠨᠢ ᠠᠪᠴᠤ᠌ ᠦᠵᠡᠪᠡᠯ᠂ ᠮᠠᠨ᠎ᠤ ᠣᠷᠣᠨ᠎ᠤ ᠠᠵᠤ ᠠᠬᠤᠢᠯᠠᠯ᠎ᠤᠨ ᠥᠷᠢᠰᠥᠯᠳᠦᠬᠦ᠌ ᠬᠦᠴᠦᠨ ᠮᠥᠨ ᠬᠦ᠌ ᠨᠡᠯᠢᠶᠡᠳ ᠪᠠᠭᠤᠷᠠᠶ ᠪᠠᠢᠵᠤ᠂ ᠡᠵᠡᠮᠳᠡᠬᠦ᠌ ᠴᠢᠳᠠᠪᠤᠷᠢ᠎ᠪᠠᠷ ᠴᠢᠩᠭ᠎ᠠ ᠲᠠᠭᠠᠭᠣᠯᠣᠬᠴᠢ ᠠᠵᠤ ᠠᠬᠤᠢᠯᠠᠯ ᠳᠤᠲᠠᠭ᠍ᠳᠠᠵᠤ᠂ ᠤᠯᠤᠰ᠎ᠤᠨ ᠳᠣᠲᠣᠭᠠᠳᠤ᠎ᠶ᠋ᠢᠨ ᠠᠳᠠᠯᠢ ᠠᠵᠢᠯ ᠲᠥᠷᠥᠯ᠎ᠦᠨ ᠳᠠᠭᠠᠭᠤᠯᠤᠭ᠍ᠴᠢ ᠠᠵᠤ ᠠᠬᠤᠢᠯᠠᠯ᠎ᠲᠠᠶ ᠬᠠᠷᠢᠴᠠᠭᠤᠯᠪᠠᠯ ᠠᠵᠤ ᠠᠬᠤᠢᠯᠠᠯ᠎ᠤᠨ ᠬᠡᠪᠴᠢᠶ᠎ᠡ ᠢᠯᠠᠩᠭᠤᠶ᠎ᠠ ᠱᠢᠨ᠎ᠡ᠎ᠶ᠋ᠢ ᠡᠭᠦᠳᠬᠦ᠌ ᠴᠢᠳᠠᠪᠤᠷᠢ᠂ ᠬᠠᠮᠵᠢᠯᠴᠠᠨ ᠲᠥᠬᠥᠷᠵᠢᠭᠦᠯᠬᠦ᠌ ᠴᠢᠳᠠᠪᠤᠷᠢ ᠵᠡᠷᠭᠡ ᠲᠠᠯ᠎ᠠ᠎ᠪᠠᠷ ᠴᠥᠮ ᠵᠥᠷᠢᠶ᠎ᠡ᠎ᠲᠡᠶ ᠪᠠᠢᠨ᠎ᠠ᠃

ᠠᠵᠤ ᠦᠢᠯᠡᠰ᠎ᠦᠨ ᠬᠡᠯᠬᠢᠶ᠎ᠡ ᠬᠢᠭᠡᠳ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢᠨ ᠠᠭᠤᠰᠤᠯᠴᠠᠯ᠎ᠤᠨ ᠬᠡᠮᠵᠢᠶ᠎ᠡ ᠥᠨᠳᠥᠷ ᠪᠢᠰᠢ᠂ ᠱᠢᠨᠵᠢᠯᠡᠬᠦ᠌ ᠤᠬᠠᠭᠠᠨ ᠲᠸᠭᠨᠢᠢᠡ᠋ ᠮᠡᠷᠭᠡᠵᠢᠯ᠎ᠦᠨ ᠲᠤᠯᠭᠠᠭᠤᠷᠢᠯᠠᠬᠤ ᠴᠢᠳᠠᠪᠤᠷᠢ ᠮᠥᠨ ᠬᠦ᠌ ᠨᠡᠯᠢᠶᠡᠳ ᠪᠠᠭᠤᠷᠠᠶ ᠪᠠᠢᠭ᠍ᠰᠠᠭᠠᠷ᠃ ᠱᠢᠨᠵᠢᠯᠡᠬᠦ᠌ ᠤᠬᠠᠭᠠᠨ ᠲᠸᠭᠨᠢᠢᠡ᠋ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠴᠢᠳᠠᠪᠤᠷᠢ᠂ ᠦᠢᠯᠡᠳᠪᠦᠷᠢᠯᠡᠯ᠎ᠦᠨ ᠤᠷ᠎ᠠ ᠮᠡᠷᠭᠡᠱᠢᠯ᠎ᠦᠨ ᠲᠦᠪᠱᠢᠨ᠎ᠦ ᠳᠡᠭᠡᠭ᠌ᠰᠢᠯᠡᠯᠲᠡ ᠪᠣᠯ ᠠᠵᠤ ᠦᠢᠯᠡᠰ᠎ᠦᠨ ᠲᠡᠰ ᠳᠠᠪᠬᠤᠷᠭ᠎ᠠ᠎ᠶ᠋ᠢᠨ ᠳᠡᠭᠡᠭ᠌ᠰᠢᠯᠡᠯᠲᠡ᠎ᠶ᠋ᠢᠨ ᠤᠷᠢᠲᠠᠯ ᠮᠥᠨ᠂ ᠠᠵᠤ ᠦᠢᠯᠡᠰ᠎ᠦᠨ ᠬᠡᠯᠬᠢᠶ᠎ᠡ᠎ᠶ᠋ᠢᠨ ᠣᠳᠣᠬᠢᠴᠢᠯᠠᠯᠲᠠ᠎ᠶ᠋ᠢᠨ ᠶᠠᠪᠤᠴᠠ᠎ᠳᠤ ᠲᠣᠯᠣᠭᠠᠢᠯᠠᠬᠤ ᠪᠠ ᠳᠠᠭᠠᠭᠤᠯᠬᠤ ᠦᠢᠯᠡᠳᠦᠯ᠎ᠲᠡᠶ ᠶᠤᠮ᠃ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠬᠥᠳᠡᠯᠭᠡᠬᠦ᠌ ᠬᠦᠴᠦᠨ ᠬᠦᠷᠦᠯᠴᠡᠬᠦ᠌ ᠥᠬᠡᠶ᠂ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ ᠬᠢᠭᠡᠳ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠵᠣᠯᠭᠠᠯᠴᠠᠭ᠎ᠠ ᠨᠢᠭ᠍ᠲᠠ ᠪᠤᠰᠤ ᠪᠠᠢᠬᠤ ᠵᠡᠷᠭᠡ ᠠᠰᠠᠭᠤᠳᠠᠯ ᠮᠥᠨ ᠬᠦ᠌ ᠲᠣᠪᠣᠢᠮ᠎ᠠ ᠪᠠᠢᠨ᠎ᠠ᠃


ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ᠎ᠲᠠᠶ ᠨᠢᠭ᠍ᠲᠠ ᠤᠶᠠᠯᠳᠤᠭᠤᠯᠤᠨ ᠳᠤᠲᠠᠭᠤᠳᠠᠯ᠎ᠢᠶᠠᠨ ᠨᠥᠬᠥᠪᠥᠷᠢᠯᠡᠵᠦ᠍ ᠲᠠᠪᠠᠭᠣᠯᠢᠬ ᠵᠢᠡᠨ ᠪᠠᠳᠠᠷᠠᠭᠣᠯᠬᠣ ᠬᠡᠷᠡᠭᠳᠡᠢ


ᠬᠡᠯᠬᠢᠶ᠎ᠡ᠎ᠶ᠋ᠢ ᠤᠷᠲᠤᠳᠭᠠᠨ ᠬᠡᠯᠬᠢᠶ᠎ᠡ᠎ᠶ᠋ᠢ ᠨᠥᠬᠥᠪᠥᠷᠢᠯᠡᠨ ᠬᠡᠯᠬᠢᠶ᠎ᠡ᠎ᠶ᠋ᠢ ᠴᠢᠩᠭᠠᠳᠭᠠᠵᠤ᠂ ᠳᠠᠪᠠᠭᠤᠯᠢᠭ ᠵᠢᠠᠨ ᠪᠠᠳᠠᠷᠠᠭᠣᠯᠬᠣ ᠬᠡᠷᠡᠭᠳᠡᠢ᠃ ᠠᠵᠤ ᠦᠶ᠋ᠯᠡᠰ᠎ᠦᠨ ᠬᠡᠯᠬᠢᠶ᠎ᠡ᠎ᠶ᠋ᠢᠨ ᠣᠳᠣᠬᠢᠴᠢᠯᠠᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌᠎ᠳᠦ ᠮᠠᠨ᠎ᠤ ᠣᠷᠣᠨ᠎ᠤ ᠤᠯᠤᠰ᠎ᠤᠨ ᠴᠢᠬᠤᠯᠠ ᠡᠨᠧᠷᠭᠢ ᠪᠣᠯᠤᠨ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ᠎ᠤ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠲᠠᠢ ᠨᠢᠬᠳᠠ ᠣᠶᠠᠯᠳᠣᠭᠣᠯᠵᠦ᠂ ᠠᠵᠤ ᠦᠶ᠋ᠯᠡᠰ᠎ᠦᠨ ᠬᠡᠪᠴᠢᠶ᠎ᠡ᠂ ᠣᠲᠣ᠎ᠶ᠋ᠢᠨ ᠳᠠᠪᠠᠭᠤᠯᠢᠭ᠂ ᠬᠥᠭ᠌ᠵᠢᠯᠲᠡ᠎ᠶ᠋ᠢᠨ ᠳᠠᠯᠳᠠ ᠬᠦᠴᠦᠨ ᠵᠡᠷᠭᠡ ᠬᠦᠴᠦᠨ ᠵᠦᠶ᠋ᠯ᠎ᠢ ᠦᠨᠳᠦᠰᠦᠯᠡᠵᠦ᠍᠂ ᠮᠠᠨ᠎ᠤ ᠣᠷᠣᠨ᠎ᠤ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠳᠤ ᠨᠠᠩ ᠨᠡᠢᠴᠡᠬᠰᠡᠨ ᠠᠵᠤ ᠦᠶ᠋ᠯᠡᠰ᠎ᠦᠨ ᠬᠡᠯᠬᠢᠶ᠎ᠡ᠎ᠶ᠋ᠢ ᠲᠥᠯᠥᠪᠵᠢᠭᠦᠯᠦᠨ ᠴᠣᠭ᠍ᠴᠠᠯᠠᠵᠤ᠂ ᠣᠲᠣ᠎ᠶ᠋ᠢᠨ ᠪᠠᠢᠭ᠎ᠠ ᠠᠵᠤ ᠦᠶ᠋ᠯᠡᠰ᠎ᠦᠨ ᠱᠢᠰᠲ᠋ᠧᠮ ᠪᠣᠯᠤᠨ ᠠᠵᠤ ᠦᠶ᠋ᠯᠡᠰ᠎ᠦᠨ ᠠᠮᠢ ᠠᠬᠤᠶ᠎ᠳᠤ ᠱᠢᠰᠲ᠋ᠧᠮ᠎ᠢ ᠦᠬᠡᠷᠡᠴᠢᠯᠡᠨ ᠵᠠᠰᠠᠵᠦ ᠲᠠᠬᠢᠨ ᠴᠣᠭᠴᠠᠯᠠᠵᠦ᠂ ᠬᠡᠯᠬᠢᠶ᠎ᠡ᠎ᠶ᠋ᠢ ᠤᠷᠲᠤᠳᠭᠠᠨ ᠬᠡᠯᠬᠢᠶ᠎ᠡ ᠵᠢ ᠨᠦᠬᠦᠵᠦ ᠬᠡᠯᠬᠢᠶ᠎ᠡ᠎ᠶ᠋ᠢ ᠬᠦᠴᠦᠷᠬᠡᠭ᠌ᠵᠢᠭᠦᠯᠬᠦ᠌ ᠨᠢᠭᠡ ᠪᠦᠯᠦᠭ ᠲᠥᠷᠥᠯ ᠵᠦᠶ᠋ᠯ᠎ᠢ ᠬᠡᠷᠡᠭ᠌ᠵᠢᠭᠦᠯᠵᠦ᠍᠂ ᠠᠵᠤ ᠦᠶ᠋ᠯᠡᠰ᠎ᠦᠨ ᠲᠡᠭᠡᠳᠦ ᠲᠣᠣᠷᠠᠳᠣ ᠣᠷᠣᠰᠬᠠᠯ᠎ᠦᠨ ᠬᠡᠯᠬᠢᠶ᠎ᠡ᠎ᠶ᠋ᠢ ᠤᠷᠲᠤᠳᠭᠠᠬᠤ᠂ ᠲᠥᠪᠯᠡᠷᠡᠩᠭᠦᠶ ᠦᠷ᠎ᠡ ᠨᠥᠯᠥᠭᠡ᠎ᠶ᠋ᠢ ᠪᠦᠷᠢᠯᠳᠦᠭᠦᠯᠵᠦ᠍᠂ ᠳᠠᠪᠠᠭᠤᠯᠢᠭ ᠵᠢᠠᠨ ᠲᠠᠪᠳᠠᠨ ᠪᠣᠯᠪᠠᠰᠣᠷᠠᠭᠣᠯᠬᠣ ᠬᠡᠷᠡᠭᠳᠡᠢ᠃ ᠨᠢᠭᠡ᠎ᠳᠦ᠂ ᠣᠳᠣ ᠦᠶ᠎ᠡ᠎ᠶ᠋ᠢᠨ ᠡᠨᠧᠷᠭᠢ᠎ᠶ᠋ᠢᠨ ᠠᠵᠤ ᠦᠢᠯᠡᠰ᠎ᠦᠨ ᠬᠡᠯᠬᠢᠶ᠎ᠡ ᠵᠢ ᠬᠦᠴᠦᠷᠬᠡᠭ᠌ᠵᠢᠭᠦᠯᠦᠨ ᠱᠢᠯᠢᠳᠡᠭ᠌ᠵᠢᠭᠦᠯᠵᠦ᠍᠂ ᠨᠢᠭᠡ ᠪᠦᠯᠦᠭ ᠴᠠᠬᠢᠯᠭᠠᠨ ᠡᠬᠦᠰᠭᠡᠭᠴᠢ᠂ ᠴᠠᠬᠢᠯᠭᠠᠨ ᠲᠣᠣᠷ᠂ ᠲᠠᠭᠠᠭᠠᠴᠠ᠂ ᠡᠨ᠋ᠸᠷᠬᠢ ᠬᠠᠳᠠᠭᠠᠯᠠᠬᠣ ᠵᠢ ᠨᠢᠭᠡ ᠴᠣᠭᠴᠠᠵᠢᠭᠣᠯᠬᠣ᠂ᠣᠳᠣ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠢ᠎ᠶ᠋ᠢ ᠰᠠᠢᠳᠦᠷ ᠬᠦᠭᠵᠢᠬᠦᠯᠬᠦ ᠪᠡᠷ ᠴᠢᠷᠮᠠᠢᠨ᠎ᠠ᠃ ᠬᠣᠶᠠᠷ᠎ᠲᠤ᠂ ᠬᠥᠩᠭᠡᠨᠴᠠᠭᠠᠨ ᠪᠣᠯᠪᠠᠰᠤᠷᠠᠭᠤᠯᠬᠤ ᠠᠵᠤ ᠦᠶ᠋ᠯᠡᠰ᠎ᠦᠨ ᠬᠡᠯᠬᠢᠶ᠎ᠡ᠎ᠶ᠋ᠢ ᠤᠷᠲᠤᠳᠭᠠᠵᠤ᠂ ᠣᠲᠣ ᠵᠢᠨ ᠪᠠᠢᠭ᠎ᠠ ᠴᠠᠬᠢᠯᠭᠠᠨ ᠵᠢᠡᠷ ᠬᠥᠩᠭᠡᠨᠴᠠᠭᠠᠨ᠎ᠢ ᠵᠠᠳᠠᠯᠬᠣ ᠠᠵᠤ ᠠᠬᠤᠢᠯᠠᠯ᠎ᠤᠨ ᠬᠥᠩᠭᠡᠨᠴᠠᠭᠠᠨ᠎ᠢ ᠪᠣᠯᠪᠠᠰᠤᠷᠠᠭᠤᠯᠬᠤ ᠠᠵᠤ ᠦᠶ᠋ᠯᠡᠰ ᠳᠠᠢᠰᠢ ᠤᠷᠲᠤᠳᠭᠠᠬᠤ᠎ᠶ᠋ᠢ ᠳᠡᠮᠵᠢᠵᠦ᠍᠂ ᠶᠡᠬᠡ ᠬᠡᠪᠴᠢᠶᠡᠨ᠎ᠦ ᠳᠡᠭᠡᠳᠦ ᠳᠠᠭᠠᠭᠠᠴᠠᠲᠤ ᠬᠥᠩᠭᠡᠨᠴᠠᠭᠠᠨ᠎ᠤ ᠬᠠᠢᠯᠤᠰᠢ ᠪᠠ ᠨᠠᠷᠢᠯᠢᠭ ᠴᠢᠳᠭᠤᠨ ᠳᠠᠪᠲᠠᠬᠤ ᠲᠣᠨᠣᠭ ᠵᠡᠷᠭᠡ ᠦᠶ᠋ᠯᠡᠳᠬᠦᠨ᠎ᠢᠶᠡᠷ ᠴᠢᠭ᠌ᠯᠡᠯ ᠪᠣᠯᠭᠠᠵᠤ᠂ ᠪᠣᠬᠢᠷᠲᠤᠯ ᠥᠬᠡᠶ ᠳᠡᠭᠡᠳᠦ ᠲᠠᠰ᠎ᠤᠨ ᠬᠥᠩᠭᠡᠨᠴᠠᠭᠠᠨ᠎ᠤ ᠮᠠᠲ᠋ᠧᠷᠢᠶᠠᠯ᠎ᠤᠨ ᠰᠠᠭᠤᠷᠢᠨ ᠭᠠᠵᠠᠷ᠎ᠢ ᠪᠥᠲᠥᠭᠡᠨ ᠪᠠᠢᠭᠤᠯᠤᠨ᠎ᠠ᠃ ᠭᠤᠷᠪᠠ᠎ᠳᠤ᠂ ᠨᠡᠭᠦᠷᠡᠰᠦ᠎ᠪᠡᠷ ᠠᠯᠺᠸᠨ ᠬᠢᠬᠦ᠌᠂ ᠡᠲ᠋ᠠ ᠬᠣᠶᠠᠷᠴᠢ ᠠᠯᠺᠣᠣᠯ ᠵᠡᠷᠭᠡ ᠪᠦᠲᠦᠭᠡᠭ᠌ᠳᠡᠬᠦᠨ᠎ᠢ ᠨᠠᠷᠢᠯᠢᠭ ᠡᠳ᠋ᠱᠢᠭᠦᠯᠬᠦ᠌ ᠲᠦᠪᠱᠢᠨ᠎ᠢ ᠳᠡᠭᠡᠭ᠌ᠰᠢᠯᠡᠭᠦᠯᠵᠦ᠍᠂ ᠨᠢᠯᠦᠨ — 66᠂ ᠪᠥᠭᠡᠭᠡᠨᠡᠷᠡᠯ ᠡᠰᠲ᠋ᠧᠷ ᠱᠢᠷᠬᠡᠭ᠂ ᠣᠨᠴᠠ ᠲᠦᠷᠦᠯ᠎ᠦᠨ ᠰᠦᠯᠢᠶᠣᠣ ᠵᠡᠷᠭᠡ ᠳᠡᠭᠡᠳᠦ ᠲᠡᠰ᠎ᠤᠨ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠪᠦᠲᠦᠭᠡᠭ᠌ᠳᠡᠬᠦᠨ᠎ᠢᠶᠡᠷ ᠴᠢᠭ᠌ᠯᠡᠯ ᠪᠣᠯᠭᠠᠵᠤ ᠪᠦᠲᠦᠭᠡᠭ᠌ᠳᠡᠬᠦᠨ᠎ᠦ ᠨᠡᠮᠡᠯᠲᠡ ᠦᠷᠳᠡᠭ᠎ᠢ ᠳᠡᠭᠡᠭ᠌ᠰᠢᠯᠡᠭᠦᠯᠦᠨ᠎ᠡ᠃ ᠳᠥᠷᠪᠡ᠎ᠳᠦ᠂ ᠱᠢᠯᠢᠳᠡᠭ ᠡᠭᠦᠯᠳᠡᠷ᠎ᠢ ᠣᠷᠣᠭᠤᠯᠤᠨ ᠠᠪᠴᠢᠷᠠᠬᠤ ᠪᠠ ᠪᠣᠢᠵᠢᠭᠤᠯᠬᠤ ᠡᠷᠴᠢᠮ᠎ᠢ ᠴᠢᠩᠭᠠᠷᠠᠭᠤᠯᠵᠤ᠂ ᠲᠠᠷᠢᠶᠠᠯᠠᠩ᠎ᠦᠨ ᠪᠦᠳᠦᠭᠡᠭᠳᠡᠬᠦᠨ ᠮᠠᠯ᠎ᠤᠨ ᠠᠱᠢᠭ ᠱᠢᠮ᠎ᠡ᠎ᠶ᠋ᠢᠨ ᠦᠷ᠎ᠡ ᠡᠳ᠋᠎ᠦᠨ ᠡᠬᠢ ᠪᠠᠶᠠᠯᠢᠭ᠎ᠤᠨ 《ᠪᠣᠭᠣᠮᠢ 》 ᠎ᠶ᠋ᠢᠨ ᠠᠰᠠᠭᠤᠳᠠᠯ᠎ᠢ ᠱᠢᠶ᠋ᠳᠪᠦᠷᠢᠯᠡᠨ᠎ᠡ ; ᠲᠠᠭᠠᠭᠣᠯᠣᠭᠴᠢ ᠠᠵᠦ ᠠᠬᠣᠢᠯᠠᠯ ᠎ᠢ ᠪᠣᠢᠵᠢᠭᠤᠯᠤᠨ᠂ ᠨᠠᠷᠠᠲᠤ ᠲᠡᠮᠳᠡᠭ᠌ᠲᠦ᠍᠎ᠶ᠋ᠢ ᠡᠭᠦᠳᠬᠦ᠌᠎ᠪᠡᠷ ᠭᠤᠤᠯ ᠪᠣᠯᠭᠠᠵᠤ᠂ ᠠᠯᠠᠱᠢᠨ ᠦᠬᠡᠷ᠂ ᠠᠯᠠᠱᠢᠨ ᠬᠣᠨᠢᠨ᠎ᠤ ᠠᠵᠤ ᠦᠶ᠋ᠯᠡᠰ᠎ᠦᠨ ᠬᠡᠯᠬᠢᠶ᠎ᠡ᠎ᠶ᠋ᠢᠨ ᠳᠤᠲᠠᠭᠤᠳᠠᠯ᠎ᠢ ᠨᠥᠬᠥᠪᠥᠷᠢᠯᠡᠨ᠎ᠡ; ᠨᠢᠯᠬ᠎ᠠ ᠬᠡᠦᠬᠡᠳ᠎ᠦᠨ ᠰᠦᠨ ᠲᠠᠯᠬ᠎ᠠ ᠦᠢᠯᠡᠳᠪᠦᠷᠢᠯᠡᠬᠦ ᠵᠢ ᠬᠥᠭ᠌ᠵᠢᠭᠦᠯᠬᠦ᠌᠎ᠪᠡᠷ ᠭᠣᠣᠯᠳᠠᠯᠭ᠎ᠠ ᠪᠣᠯᠭᠠᠨ ᠰᠦ᠎ᠶ᠋ᠢᠨ ᠦᠢᠯᠡᠰ᠎ᠦᠨ ᠠᠵᠤ ᠦᠢᠯᠡᠰ᠎ᠦᠨ ᠬᠡᠯᠬᠢᠶ᠎ᠡ᠎ᠶ᠋ᠢ ᠪᠤᠵᠠᠭᠠᠢᠷᠠᠭᠤᠯᠵᠤ᠂ ᠤᠯᠤᠰ᠎ᠤᠨ ᠴᠢᠬᠤᠯᠠ ᠲᠠᠷᠢᠶᠠᠯᠠᠩ᠎ᠤᠨ ᠪᠦᠲᠦᠭᠡᠭ᠌ᠳᠡᠬᠦᠨ ᠮᠠᠯ᠎ᠤᠨ ᠠᠱᠢᠭ ᠱᠢᠮ᠎ᠡ᠎ᠶ᠋ᠢᠨ ᠦᠢᠯᠡᠳᠪᠦᠷᠢᠯᠡᠯ᠎ᠦᠨ ᠰᠠᠭᠤᠷᠢᠨ᠎ᠦ ᠪᠦᠲᠦᠭᠡᠨ ᠪᠠᠢᠭᠤᠯᠤᠯᠲᠠ᠎ᠶ᠋ᠢ ᠠᠬᠢᠭᠤᠯᠤᠨ᠎ᠠ᠃

ᠠᠵᠤ ᠦᠢᠯᠡᠰ᠎ᠦᠨ ᠠᠭᠤᠰᠤᠯᠴᠠᠨ ᠬᠠᠷᠢᠯᠴᠠᠨ ᠠᠬᠢᠭᠤᠯᠬᠤ᠎ᠶ᠋ᠢ ᠠᠬᠢᠭᠤᠯᠵᠤ᠂ ᠪᠠᠭᠤᠷᠠᠢ ᠲᠠᠯ᠎ᠠ᠎ᠪᠠᠨ ᠨᠥᠬᠥᠪᠥᠷᠢᠯᠡᠬᠦ ᠬᠡᠷᠡᠭᠳᠡᠢ᠃ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢᠨ ᠲᠣᠭᠣᠷᠢᠨ᠎ᠳᠤ᠂ ᠲᠠᠷᠢᠶᠠᠯᠠᠩ ᠮᠠᠯ ᠠᠵᠤ ᠠᠬᠤᠶ᠎ᠶ᠋ᠢᠨ ᠡᠬᠢ ᠪᠠᠶᠠᠯᠢᠭ᠎ᠤᠨ ᠳᠠᠪᠠᠭᠤᠯᠢᠭ᠎ᠲᠤ ᠰᠠᠭᠤᠷᠢᠯᠠᠨ᠂ ᠠᠵᠤ ᠦᠶ᠋ᠯᠡᠰ᠎ᠦᠨ ᠬᠠᠷᠢᠴᠠᠭ᠎ᠠ᠂ ᠬᠡᠯᠬᠢᠶ᠎ᠡ᠎ᠶ᠋ᠢᠨ ᠤᠷᠲᠤᠳᠭᠠᠯ᠎ᠢ ᠭᠦᠨᠵᠡᠭᠡᠢᠷᠡᠭᠦᠯᠵᠦ᠍᠂ ᠲᠠᠷᠢᠶᠠᠯᠠᠩ ᠮᠠᠯ ᠠᠵᠤ ᠠᠬᠤᠶ᠎ᠶ᠋ᠢᠨ ᠦᠶ᠋ᠯᠡᠳᠪᠦᠷᠢᠯᠡᠯ᠂ ᠡᠳ᠋ᠱᠢᠭᠦᠯᠦᠯᠲᠡ᠂ ᠪᠣᠷᠣᠯᠠᠭᠤᠯᠭ᠎ᠠ᠎ᠶ᠋ᠢᠨ ᠡᠯ᠎ᠡ ᠭᠣᠭ᠍ᠴᠣᠭ᠎ᠠ᠎ᠶ᠋ᠢ ᠲᠤᠢᠯ᠎ᠤᠨ ᠣᠨᠣᠪᠴᠢᠲᠠᠶ᠎ᠪᠠᠷ ᠵᠣᠯᠭᠠᠭᠤᠯᠬᠤ᠎ᠶ᠋ᠢ ᠠᠬᠢᠭᠤᠯᠤᠨ᠂ ᠰᠤᠳᠤᠯᠤᠨ ᠨᠡᠭᠡᠭᠡᠵᠦ᠍ ᠵᠢᠷᠤᠭ᠍ᠯᠠᠨ ᠲᠥᠯᠥᠪᠯᠡᠬᠦ᠌᠂ ᠡᠨᠧᠷᠭᠢ ᠠᠷᠪᠢᠯᠠᠨ ᠣᠷᠴᠢᠨ ᠲᠣᠭᠣᠷᠢᠨ᠎ᠢ ᠬᠠᠮᠠᠭᠠᠯᠠᠬᠤ᠂ ᠠᠷᠠᠯᠵᠢᠶ᠎ᠠ ᠬᠤᠳᠠᠯᠳᠤᠭ᠎ᠠ ᠪᠠᠷᠠᠭᠠᠨ᠎ᠤ ᠭᠦᠶ᠋ᠯᠭᠡᠭᠡ᠂ ᠡᠵᠡᠩᠨᠡᠨ ᠪᠣᠷᠣᠯᠠᠭᠤᠯᠵᠤ ᠤᠬᠠᠭᠠᠯᠠᠨ ᠰᠡᠳᠦᠬᠦ᠌ ᠵᠡᠷᠭᠡ ᠨᠢ ᠲᠡᠷᠢᠭᠦᠨ᠎ᠦ ᠦᠶ᠋ᠯᠡᠳᠬᠦ᠌ ᠦᠶ᠋ᠯᠡᠰ᠎ᠯᠦᠭᠡ ᠬᠠᠷᠢᠯᠴᠠᠨ ᠵᠣᠬᠢᠴᠠᠯᠳᠤᠭ᠍ᠰᠠᠨ ᠣᠲᠣ ᠦᠶ᠎ᠡ᠎ᠶ᠋ᠢᠨ ᠦᠶ᠋ᠯᠡᠴᠢᠯᠡᠭᠡᠨ᠎ᠦ ᠦᠶ᠋ᠯᠡᠰ᠎ᠢ ᠶᠡᠬᠡᠪᠡᠷ ᠬᠥᠭ᠌ᠵᠢᠭᠦᠯᠵᠦ᠍᠂ ᠣᠲᠣ ᠦᠶ᠎ᠡ᠎ᠶ᠋ᠢᠨ ᠦᠶ᠋ᠯᠡᠴᠢᠯᠡᠭᠡᠨ᠎ᠦ ᠦᠶ᠋ᠯᠡᠰ ᠪᠠ ᠣᠲᠣ ᠦᠶ᠎ᠡ᠎ᠶ᠋ᠢᠨ ᠲᠠᠷᠢᠶᠠᠯᠠᠩ ᠮᠠᠯ ᠠᠵᠤ ᠠᠬᠤᠶ᠂ ᠳᠠᠪᠠᠭᠤᠯᠢᠭ ᠣᠨᠴᠠᠯᠢᠭ᠍ᠲᠤ ᠦᠶ᠋ᠯᠡᠳᠬᠦ᠌ ᠦᠶ᠋ᠯᠡᠰ᠎ᠦᠨ ᠭᠦᠨᠵᠡᠭᠡᠶ ᠠᠭᠤᠰᠤᠯᠴᠠᠬᠤ᠎ᠶ᠋ᠢ ᠠᠬᠢᠭᠤᠯᠤᠨ᠂ ᠰᠤᠳᠤᠯᠤᠨ ᠨᠡᠭᠡᠭᠡᠵᠦ᠍ ᠵᠢᠷᠤᠭ᠍ᠯᠠᠨ ᠲᠥᠯᠥᠪᠯᠡᠬᠦ᠌᠂ ᠵᠠᠬ᠎ᠠ ᠳᠡᠯᠭᠡᠭᠦᠷ᠎ᠦᠨ ᠡᠵᠡᠩᠨᠡᠨ ᠪᠣᠷᠣᠯᠠᠭᠤᠯᠬᠤ ᠵᠡᠷᠭᠡ ᠲᠠᠯ᠎ᠠ᠎ᠶ᠋ᠢᠨ ᠳᠤᠲᠠᠭᠤᠳᠠᠯ᠎ᠢ ᠨᠥᠬᠥᠪᠥᠷᠢᠯᠡᠵᠦ᠍᠂ ᠦᠶ᠋ᠯᠡᠳᠬᠦᠨ᠎ᠦ ᠵᠢᠷᠤᠭ᠍ᠯᠠᠨ ᠲᠥᠯᠥᠪᠯᠡᠬᠦ᠌᠂ ᠬᠤᠳᠠᠯᠳᠤᠨ ᠠᠪᠬᠤ᠂ ᠦᠶ᠋ᠯᠡᠳᠪᠦᠷᠢᠯᠡᠬᠦ᠌᠂ ᠪᠣᠷᠣᠯᠠᠭᠤᠯᠬᠤ᠂ ᠦᠶ᠋ᠯᠡᠴᠢᠯᠡᠬᠦ᠌ ᠵᠡᠷᠭᠡ ᠪᠦᠬᠦ ᠶᠠᠪᠣᠴᠠ ᠵᠢᠨ ᠦᠨᠳᠣᠷ ᠦᠷ᠎ᠡ ᠪᠦᠳᠦᠮᠵᠢᠳᠡᠢ ᠵᠤᠬᠢᠴᠠᠯᠳᠤᠵᠦ ᠵᠣᠬᠢᠶᠠᠨ ᠪᠠᠢᠭᠣᠯᠬᠣ ᠬᠡᠯᠪᠡᠷᠢ ᠵᠢ ᠪᠦᠷᠢᠯᠳᠦᠬᠦᠯᠦᠨ᠎ᠠ᠃

ᠠᠵᠦ ᠦᠢᠯᠡᠰ᠎ᠦᠨ ᠬᠡᠯᠬᠢᠶ᠎ᠡ ᠵᠢᠨ ᠭᠣᠣᠯᠯᠠᠬᠣ ᠠᠵᠤ ᠠᠬᠤᠢᠯᠠᠯ᠎ᠢ ᠬᠦᠴᠦᠷᠬᠡᠭ᠌ᠵᠢᠭᠦᠯᠦᠨ ᠱᠢᠯᠢᠳᠡᠭ᠌ᠵᠢᠭᠦᠯᠵᠦ᠍᠂ ᠲᠤᠰᠭᠠᠢᠵᠢᠭᠰᠠᠨ ᠣᠨᠴᠠᠯᠢᠭᠵᠢᠭᠰᠠᠨ ᠨᠠᠷᠢᠯᠢᠭ ᠱᠢᠨ᠎ᠡ 《ᠵᠢᠵᠢᠭ ᠠᠪᠤᠷᠭᠤ》ᠠᠵᠦ ᠠᠬᠣᠢᠯᠠᠯ᠎ᠢ ᠪᠣᠢᠵᠢᠭᠤᠯᠤᠨ ᠪᠤᠵᠠᠭᠠᠢᠷᠠᠭᠤᠯᠵᠤ᠂ ᠳᠡᠭᠡᠳᠦ ᠳᠣᠣᠷᠠᠳᠤ ᠣᠷᠣᠰᠬᠠᠯ᠎ᠦᠨ ᠠᠵᠤ ᠠᠬᠤᠢᠯᠠᠯ᠎ᠤᠨ ᠬᠠᠮᠵᠢᠯᠴᠠᠨ ᠬᠥᠭ᠌ᠵᠢᠬᠦ᠌᠎ᠶ᠋ᠢ ᠠᠬᠢᠭᠤᠯᠤᠨ᠎ᠠ᠃ ᠠᠵᠤ ᠠᠬᠤᠢᠯᠠᠯ ᠪᠣᠯ ᠠᠵᠤ ᠦᠢᠯᠡᠰ᠎ᠦᠨ ᠬᠡᠯᠬᠢᠶ᠎ᠡ᠎ᠶ᠋ᠢ ᠪᠦᠷᠢᠯᠳᠦᠭᠦᠯᠬᠦ᠌ ᠴᠢᠬᠤᠯᠠ ᠭᠣᠭ᠍ᠴᠣᠭ᠎ᠠ ᠮᠥᠨ᠃ ᠠᠵᠤ ᠦᠶ᠋ᠯᠡᠰ᠎ᠦᠨ ᠬᠡᠯᠬᠢᠶ᠎ᠡ᠎ᠶ᠋ᠢᠨ ᠣᠳᠣᠬᠢᠴᠢᠯᠠᠯᠲᠠ᠎ᠶ᠋ᠢᠨ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠰᠠᠢᠲᠤᠷ ᠬᠢᠬᠦ᠌᠎ᠶ᠋ᠢᠨ ᠵᠠᠩᠭᠢᠯᠠᠭ᠎ᠠ᠎ᠨᠢ ᠨᠢᠭᠡ ᠪᠦᠯᠦᠭ ᠠᠵᠤ ᠦᠶ᠋ᠯᠡᠰ᠎ᠦᠨ ᠬᠡᠯᠬᠢᠶ᠎ᠡ᠎ᠶ᠋ᠢᠨ ᠡᠵᠡᠮᠳᠡᠬᠦ᠌ ᠬᠦᠴᠦᠨ᠎ᠲᠡᠶ ᠳᠠᠭᠠᠭᠤᠯᠤᠭ᠍ᠴᠢ ᠠᠵᠤ ᠠᠬᠤᠢᠯᠠᠯ᠎ᠢ ᠪᠤᠵᠠᠭᠠᠢᠷᠠᠭᠤᠯᠵᠤ᠂ ᠳᠠᠭᠠᠭᠤᠯᠤᠭ᠍ᠴᠢ ᠠᠵᠤ ᠠᠬᠤᠢᠯᠠᠯ᠎ᠢᠶᠠᠷ ᠭᠤᠤᠯ ᠪᠣᠯᠭᠠᠵᠤ᠂ ᠠᠵᠤ ᠦᠶ᠋ᠯᠡᠰ᠎ᠦᠨ ᠬᠡᠯᠬᠢᠶ᠎ᠡ᠎ᠶ᠋ᠢᠨ ᠳᠡᠭᠡᠳᠦ ᠳᠤᠤᠷᠠᠳᠤ ᠤᠷᠤᠰᠭᠠᠯ᠎ᠤᠨ ᠱᠢᠰᠲ᠋ᠧᠮᠲᠦ ᠴᠢᠨᠠᠷ᠂ ᠬᠠᠮᠵᠢᠯᠴᠠᠬᠤ ᠴᠢᠨᠠᠷ᠎ᠢ ᠴᠢᠩᠭᠠᠳᠭᠠᠪᠠᠯ ᠰᠠᠶᠢ 《ᠰᠢᠯᠢᠳᠡᠭ》 ᠠᠵᠦ ᠦᠢᠯᠡᠰ᠎ᠦᠨ ᠬᠡᠯᠬᠢᠶ᠎ᠡ ᠵᠢᠨ ᠠᠮᠢ ᠠᠬᠣᠢ ᠪᠦᠷᠢᠯᠳᠦᠵᠦ ᠴᠢᠳᠠᠨ᠎ᠠ᠃ ᠨᠢᠭᠡ ᠲᠠᠯ᠎ᠠ᠎ᠪᠠᠷ᠂ ᠲᠣᠮᠣ ᠬᠡᠯᠪᠡᠷᠢ᠎ᠶ᠋ᠢᠨ ᠳᠠᠭᠠᠭᠤᠯᠤᠭ᠍ᠴᠢ ᠠᠵᠤ ᠠᠬᠤᠢᠯᠠᠯ᠎ᠢ ᠴᠢᠷᠮᠠᠢᠨ ᠪᠣᠢᠵᠢᠭᠤᠯᠵᠤ᠂ ᠨᠡᠭᠦᠷᠡᠰᠦ᠂ ᠨᠡᠭᠦᠷᠡᠰᠦ ᠬᠡᠦᠷᠱᠢᠭᠦᠯᠬᠦ᠌᠂ ᠥᠩᠭᠡᠲᠦ ᠲᠡᠮᠦᠷᠯᠢᠭ ᠬᠠᠢᠯᠤᠭᠤᠯᠬᠤ᠂ ᠾᠯᠣᠷ ᠬᠤᠵᠢᠷ᠎ᠤᠨ ᠬᠢᠮᠢ᠎ᠶ᠋ᠢᠨ ᠠᠵᠤ ᠦᠢᠯᠡᠳᠪᠦᠷᠢ ᠵᠡᠷᠭᠡ ᠠᠵᠢᠯ ᠲᠥᠷᠥᠯ᠎ᠦᠨ ᠠᠵᠤ ᠠᠬᠤᠢᠯᠠᠯ᠎ᠤᠨ ᠬᠣᠭᠣᠷᠣᠨᠳᠣᠬᠢ ᠪᠠᠢᠯᠳᠤᠬᠤ ᠪᠣᠳᠣᠯᠭ᠎ᠠ᠎ᠶ᠋ᠢᠨ ᠳᠠᠬᠢᠨ ᠵᠣᠬᠢᠶᠠᠨ ᠪᠠᠢᠭᠤᠯᠬᠤ᠎ᠶ᠋ᠢ ᠵᠣᠷᠢᠭ᠍ᠵᠢᠭᠤᠯᠵᠤ᠂ ᠠᠵᠤ ᠦᠢᠯᠡᠰ᠎ᠦᠨ ᠲᠥᠪᠯᠡᠷᠡᠯ᠎ᠦᠨ ᠬᠡᠮᠵᠢᠶ᠎ᠡ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠶ; ᠳᠡᠭᠡᠳᠦ ᠳᠣᠣᠷᠠᠳᠤ ᠣᠷᠣᠰᠬᠠᠯ᠎ᠦᠨ ᠠᠵᠤ ᠠᠬᠤᠢᠯᠠᠯ᠎ᠤᠨ ᠬᠣᠭᠣᠷᠣᠨᠳᠣᠬᠢ ᠨᠡᠭᠦᠷᠡᠰᠦ ᠪᠡᠷ ᠴᠠᠬᠢᠯᠭᠠᠨ ᠭᠠᠷᠭᠠᠬᠣ᠂ ᠬᠥᠩᠭᠡᠨᠴᠠᠭᠠᠨ ᠪᠣᠯᠪᠠᠰᠣᠷᠠᠭᠣᠯᠬᠣ᠂ ᠨᠡᠭᠦᠷᠡᠰᠦ ᠴᠠᠬᠢᠯᠭᠠᠨ ᠬᠢᠮᠢ ᠵᠡᠷᠭᠡ ᠠᠵᠤ ᠠᠬᠤᠢᠯᠠᠯ᠎ᠤᠨ ᠳᠠᠬᠢᠨ ᠪᠠᠢᠭᠤᠯᠬᠤ᠎ᠶ᠋ᠢ ᠳᠠᠮᠵᠢᠵᠤ᠂ ᠨᠢᠭᠡ ᠴᠣᠭ᠍ᠴᠠᠵᠢᠭᠤᠯᠤᠭ᠍ᠰᠠᠨ ᠠᠵᠤ ᠦᠢᠯᠡᠰ᠎ᠦᠨ ᠬᠡᠯᠬᠢᠶ᠎ᠠ ᠎ᠶ᠋ᠢᠨ ᠥᠷᠲᠡᠭ ᠳᠣᠣᠷ᠎ᠠ ᠪᠠᠢᠬᠤ ᠳᠠᠪᠠᠭᠤᠯᠢᠭ᠎ᠢ ᠪᠠᠳᠠᠷᠠᠭᠤᠯᠵᠤ᠂ ᠪᠣᠳᠠᠲᠤ ᠬᠦᠴᠦᠨ᠎ᠢᠶᠡᠷ ᠴᠢᠩᠭ᠎ᠠ᠂ ᠡᠵᠡᠩᠨᠡᠯᠲᠡ᠎ᠶ᠋ᠢᠨ ᠪᠠᠢᠳᠠᠯ ᠲᠥᠯᠥᠪ᠎ᠢᠶᠡᠷ ᠳᠡᠭᠡᠳᠦ ᠲᠡᠰ᠎ᠤᠨ᠂ ᠪᠠᠢᠭᠤᠯᠤᠯ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠦᠭ᠌ᠰᠡᠨ ᠣᠷᠣᠨ ᠨᠤᠲᠤᠭ᠎ᠤᠨ ᠠᠵᠤ ᠠᠬᠤᠢᠯᠠᠯ᠎ᠢ ᠪᠠᠢᠭᠤᠯᠤᠨ᠎ᠠ᠃ ᠨᠥᠭᠥᠭᠡ ᠲᠠᠯ᠎ᠠ᠎ᠪᠠᠷ᠂ ᠲᠤᠰᠭᠠᠢᠵᠢᠭᠰᠠᠨ ᠣᠨᠴᠠᠯᠢᠬᠵᠢᠭᠰᠠᠨ ᠨᠠᠷᠢᠯᠢᠭ ᠱᠢᠨ᠎ᠡ ᠳᠤᠮᠳᠠ ᠵᠢᠵᠢᠭ ᠠᠵᠤ ᠠᠬᠤᠢᠯᠠᠯ᠎ᠢ ᠲᠦᠷᠭᠡᠳᠭᠡᠨ ᠪᠣᠢᠵᠢᠭᠤᠯᠤᠨ ᠪᠤᠵᠠᠭᠠᠢᠷᠠᠭᠤᠯᠵᠤ᠂ ᠲᠣᠮᠣ ᠬᠡᠯᠪᠡᠷᠢ᠎ᠶ᠋ᠢᠨ ᠠᠵᠤ ᠠᠬᠤᠢᠯᠠᠯ᠎ᠤᠨ ᠭᠠᠳᠠᠭ᠍ᠰᠢ ᠳᠠᠭᠠᠭᠠᠴᠢᠯᠠᠭᠤᠯᠬᠤ᠎ᠲᠤᠬᠠᠢᠯᠠᠭ᠍ᠰᠠᠨ᠎ᠠᠵᠢᠯ᠎ᠥᠷᠨᠢᠭᠦᠯᠬᠦ᠌᠎ᠶ᠋ᠢ᠎ᠢᠳᠡᠪᠬᠢᠲᠡᠶ᠎ᠠᠬᠢᠭᠤᠯᠵᠤ᠂᠎ᠳᠤᠮᠳᠠ᠎ᠵᠢᠵᠢᠭ ᠠᠵᠤ ᠠᠬᠤᠢᠯᠠᠯ᠎ᠯᠤᠭ᠎ᠠ᠎ᠶ᠋ᠢᠨ ᠬᠠᠮᠲᠤᠷᠠᠯᠴᠠᠭ᠎ᠠ᠎ᠶ᠋ᠢ ᠴᠢᠩᠭᠠᠳᠭᠠᠵᠤ᠂ ᠥᠪᠡᠷᠮᠢᠴᠡ ᠣᠨᠴᠠᠯᠢᠭ ᠪᠥᠬᠥᠶ ᠳᠠᠪᠠᠭᠤᠯᠢᠭ᠎ᠲᠠᠶ ᠡᠨᠧᠷᠭᠢ᠂ ᠡᠮ ᠡᠮᠨᠡᠯᠭᠡ ᠡᠷᠡᠭᠦᠯ ᠮᠡᠨᠳᠦ᠂ ᠪᠣᠬᠢᠷᠲᠤᠯ ᠥᠬᠡᠶ ᠲᠠᠷᠢᠶᠠᠯᠠᠩ᠎ᠤᠨ ᠪᠦᠲᠦᠭᠡᠭ᠌ᠳᠡᠬᠦᠨ ᠮᠠᠯ᠎ᠤᠨ ᠠᠱᠢᠭ ᠱᠢᠮ᠎ᠡ᠂ ᠱᠢᠨ᠎ᠡ ᠮᠠᠲ᠋ᠧᠷᠢᠶᠠᠯ᠂ ᠡᠯᠧᠺᠲ᠋ᠷᠣᠨ ᠮᠡᠳᠡᠭᠡ ᠵᠠᠩᠭᠢ ᠵᠡᠷᠭᠡ ᠠᠵᠤ ᠦᠶ᠋ᠯᠡᠰ᠎ᠦᠨ ᠬᠦᠷᠢᠶᠡᠨ᠎ᠳᠦ ᠨᠢᠭᠡ ᠪᠦᠯᠦᠭ ᠠᠵᠢᠯ ᠲᠥᠷᠥᠯ ᠵᠢᠡᠷ ᠨᠢ ᠨᠠᠷᠢᠯᠢᠬ ᠬᠤᠪᠢᠶᠠᠭ᠍ᠰᠠᠨ ᠭᠤᠤᠯᠯᠠᠭ᠍ᠴᠢ ᠳᠤᠮᠳᠠ ᠵᠢᠵᠢᠭ ᠠᠵᠤ ᠠᠬᠤᠢᠯᠠᠯ ᠪᠠ ᠪᠣᠢᠵᠢᠯᠲᠠ᠎ᠶ᠋ᠢᠨ ᠱᠠᠲᠤᠯᠢᠭ ᠡᠩᠨᠡᠭᠡ᠎ᠶ᠋ᠢ ᠬᠦᠴᠦᠯᠡᠨ ᠪᠣᠢᠵᠢᠭᠤᠯᠣᠨ᠎ᠠ᠃

ᠠᠵᠤ᠎ᠦᠢᠯᠡᠰ᠎ᠦᠨ ᠬᠦᠷᠢᠶᠡᠯᠡᠩ ᠲᠣᠭᠣᠷᠢᠭ᠎ᠤᠨ ᠠᠵᠤ ᠦᠢᠯᠡᠰ᠎ᠦᠨ ᠠᠵᠢᠯ᠎ᠤᠨ ᠬᠤᠪᠢᠶᠠᠷᠢᠯᠠᠯᠲᠠ ᠪᠠᠢᠷᠢᠱᠢᠭᠤᠯᠤᠯᠲᠠ᠎ᠪᠠᠨ ᠱᠢᠯᠢᠳᠡᠭ᠌ᠵᠢᠭᠦᠯᠬᠦ᠌᠎ᠶ᠋ᠢ ᠬᠥᠲᠥᠯᠥᠨ ᠵᠢᠯᠣᠭᠣᠳᠴᠤ᠌᠂ ᠠᠴᠢᠶᠠᠯᠠᠪᠤᠷᠢ᠎ᠶ᠋ᠢᠨ ᠲᠤᠯᠭᠠᠭᠤᠷᠢᠯᠠᠯ᠎ᠢ ᠴᠢᠨᠭᠭᠠᠳᠬᠠᠨ᠎ᠠ᠃ ᠡᠯ᠎ᠡ ᠲᠥᠷᠥᠯ᠎ᠦᠨ ᠬᠦᠷᠢᠶᠡᠯᠡᠩ ᠲᠣᠭᠣᠷᠢᠭ ᠪᠣᠯ ᠠᠵᠤ ᠦᠢᠯᠡᠰ᠎ᠦᠨ ᠬᠡᠯᠬᠢᠶ᠎ᠡ᠎ᠶ᠋ᠢᠨ ᠭᠣᠣᠯ ᠠᠴᠢᠶᠠᠯᠠᠪᠤᠷᠢ ᠪᠣᠯᠤᠨ᠎ᠠ᠃ ᠨᠢᠭᠡ᠎ᠳᠦ᠂ ᠲᠥᠯᠥᠪᠵᠢᠭᠦᠯᠭᠡ᠎ᠪᠡᠷ ᠬᠥᠲᠥᠯᠥᠨ ᠳᠠᠭᠠᠭᠤᠯᠬᠤ᠂ ᠲᠥᠷᠥ᠎ᠶ᠋ᠢᠨ ᠪᠣᠳᠣᠯᠭ᠎ᠠ ᠵᠢᠨ ᠲᠦᠯᠦᠪᠵᠢᠬᠦᠯᠬᠡ ᠪᠠᠷ ᠳᠠᠮᠵᠢᠭᠤᠯᠤᠨ ᠬᠦᠷᠢᠶᠡᠯᠡᠩ ᠲᠣᠭᠣᠷᠢᠭ᠎ᠤᠨ ᠣᠷᠣᠨ ᠪᠠᠢᠷᠢ ᠰᠣᠯᠪᠢᠴᠠᠨ ᠬᠥᠭ᠌ᠵᠢᠬᠦ᠌᠎ᠶ᠋ᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠡᠭᠡᠭᠡᠯᠲᠡ᠎ᠶ᠋ᠢᠨ ᠲᠣᠭᠣᠷᠢᠭ᠎ᠲᠤ ᠱᠢᠯᠢᠳᠡᠭ᠌ᠵᠢᠭᠦᠯᠦᠨ ᠲᠣᠬᠢᠷᠠᠭᠤᠯᠤᠯᠲᠠ ᠬᠢᠭ᠌ᠰᠡᠨ ᠰᠠᠭᠤᠷᠢᠨ ᠳᠡᠭᠡᠷ᠎ᠡ᠂ ᠦᠵᠦ᠍ ᠵᠢᠷᠤᠭ ᠲᠥᠯᠥᠪᠯᠡᠭᠡ᠎ᠶ᠋ᠢ ᠴᠢᠩᠭᠠᠳᠭᠠᠨ᠂ ᠡᠯ᠎ᠡ ᠬᠦᠷᠢᠶᠡᠯᠡᠩ ᠲᠣᠭᠣᠷᠢᠭ᠎ᠤᠨ ᠭᠣᠣᠯᠯᠠᠬᠤ ᠠᠵᠤ ᠦᠢᠯᠡᠰ᠎ᠦᠨ ᠪᠠᠢᠷᠢ ᠲᠣᠭ᠍ᠲᠠᠭᠠᠯᠲᠠ᠎ᠶ᠋ᠢ ᠲᠣᠳᠣᠷᠬᠠᠢᠯᠠᠵᠤ᠂ ᠳᠡᠮᠵᠢᠬᠦ᠌ ᠲᠥᠷᠥ᠎ᠶ᠋ᠢᠨ ᠪᠣᠳᠣᠯᠭ᠎ᠠ᠎ᠶ᠋ᠢ ᠨᠠᠷᠢᠯᠢᠭ᠍ᠵᠢᠭᠤᠯᠤᠨ᠂ ᠠᠵᠤ ᠠᠬᠤᠢᠯᠠᠯ᠎ᠢ ᠬᠥᠲᠥᠯᠥᠨ ᠵᠢᠯᠣᠭᠣᠳᠴᠤ᠌ ᠪᠠᠢᠭᠠᠳ ᠡᠬᠢ ᠪᠠᠶᠠᠯᠢᠭ᠎ᠢ ᠪᠦᠲᠦᠮᠵᠢᠲᠡᠶ ᠲᠥᠪᠯᠡᠷᠡᠭᠦᠯᠬᠦ᠌᠂ ᠠᠵᠤ ᠦᠢᠯᠡᠰ ᠬᠠᠮᠵᠢᠯᠴᠠᠨ ᠬᠠᠮᠲᠤᠪᠠᠷ ᠤᠷᠤᠭ᠍ᠰᠢᠯᠠᠭᠤᠯᠬᠤ᠎ᠪᠠᠷ ᠳᠠᠮᠵᠢᠭᠤᠯᠤᠨ᠂ ᠲᠤᠰᠭᠠᠢᠵᠢᠭ᠍ᠰᠠᠨ᠂ ᠵᠠᠬ᠎ᠠ ᠳᠡᠯᠭᠡᠭᠦᠷᠴᠢᠯᠡᠭ᠌ᠰᠡᠨ᠂ ᠪᠦᠯᠦᠭ᠌ᠵᠢᠭ᠌ᠰᠡᠨ ᠠᠵᠤ ᠠᠬᠤᠶ᠎ᠶ᠋ᠢᠨ ᠬᠠᠮᠲᠤ᠎ᠶ᠋ᠢᠨ ᠴᠣᠭ᠍ᠴᠠ᠎ᠶ᠋ᠢ ᠪᠣᠶ ᠪᠣᠯᠭᠠᠵᠤ᠂ ᠠᠵᠤ ᠦᠢᠯᠡᠰ᠎ᠦᠨ ᠬᠡᠯᠬᠢᠶ᠎ᠡ᠎ᠶ᠋ᠢᠨ ᠪᠦᠯᠦᠭᠵᠢᠬᠦ᠂ ᠠᠵᠤ ᠦᠢᠯᠡᠰ᠎ᠦᠨ ᠪᠦᠯᠦᠭ᠌ᠯᠡᠯ᠎ᠦᠨ ᠬᠡᠯᠬᠢᠶᠡᠵᠢᠭ᠌ᠰᠡᠨ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠶ᠃ ᠬᠣᠶᠠᠷ᠎ᠲᠤ᠂ ᠡᠯ᠎ᠡ ᠠᠢᠮᠠᠭ ᠬᠣᠲᠠ᠎ᠳᠤ ᠨᠥᠬᠥᠴᠡᠯ᠎ᠢᠶᠡᠷ ᠨᠡᠯᠢᠶᠡᠳ ᠪᠣᠯᠪᠠᠰᠤᠷᠠᠩᠭᠤᠶ᠂ ᠨᠡᠭᠡᠭᠡᠨ ᠬᠥᠭ᠌ᠵᠢᠭᠦᠯᠬᠦ᠌ ᠨᠦᠭᠡᠴᠡ ᠬᠦᠴᠦᠨ᠎ᠢᠶᠡᠷ ᠨᠡᠯᠢᠶᠡᠳ ᠶᠡᠬᠡ ᠬᠦᠷᠢᠶᠡᠯᠡᠩ ᠲᠣᠭᠣᠷᠢᠭ᠎ᠢ ᠨᠢᠭᠡ ᠬᠣᠶᠠᠷ ᠰᠣᠩᠭᠣᠵᠤ ᠲᠤᠷᠱᠢᠯᠲᠠ ᠬᠢᠵᠦ᠍ ᠵᠢᠱ᠌ᠢᠶ᠎ᠡ ᠦᠵᠡᠭᠦᠯᠦᠨ᠂ ᠠᠵᠤ ᠦᠶ᠋ᠯᠡᠰ ᠪᠠ ᠬᠣᠲᠠ᠎ᠶ᠋ᠢ ᠠᠭᠤᠰᠤᠯᠴᠠᠭᠤᠯᠬᠤ ᠰᠡᠳᠭᠢᠮᠵᠢ ᠶᠣᠰᠣᠭᠠᠷ᠂ ᠠᠵᠤ ᠦᠶ᠋ᠯᠡᠳᠪᠦᠷᠢ᠎ᠶ᠋ᠢᠨ ᠢᠨᠲ᠋ᠧᠷ ᠰᠦᠯᠵᠢᠶ᠎ᠡ᠎ᠶ᠋ᠢᠨ ᠪᠥᠬᠥ᠌ ᠦᠶ᠋ᠯᠡᠳᠪᠦᠷᠢᠯᠡᠯ᠎ᠦᠨ ᠡᠯᠸᠮᠸᠨ᠋ᠲ᠂ ᠪᠥᠬᠥ᠌ ᠠᠵᠤ ᠦᠶ᠋ᠯᠡᠰ᠎ᠦᠨ ᠬᠡᠯᠬᠢᠶ᠎ᠡ ᠪᠠ ᠪᠥᠬᠥ᠌ ᠥᠷᠲᠡᠭ᠎ᠦᠨ ᠬᠡᠯᠬᠢᠶ᠎ᠡ᠎ᠶ᠋ᠢ ᠬᠣᠯᠪᠣᠬᠤ ᠴᠢᠳᠠᠮᠵᠢ᠎ᠶ᠋ᠢ ᠪᠠᠳᠠᠷᠠᠭᠤᠯᠵᠤ᠂ ᠠᠵᠤ ᠦᠶ᠋ᠯᠡᠰ᠎ᠦᠨ ᠲᠥᠪᠯᠡᠷᠡᠭ᠌ᠰᠡᠨ ᠲᠣᠭᠣᠷᠢᠭ᠎ᠢ ᠬᠥᠭ᠌ᠵᠢᠭᠦᠯᠦᠨ᠂ ᠲᠥᠬᠥᠷᠵᠢᠭᠰᠡᠨ ᠦᠶ᠋ᠯᠡᠴᠢᠯᠡᠭᠡᠨ᠎ᠦ ᠴᠢᠳᠠᠮᠵᠢ᠎ᠶ᠋ᠢ ᠲᠡᠭᠦᠯᠳᠡᠷᠵᠢᠭᠦᠯᠵᠦ᠍᠂ ᠬᠦᠷᠢᠶᠡᠯᠡᠩ ᠲᠣᠭᠣᠷᠢᠭ᠎ᠤᠨ ᠲᠤᠯᠭᠠᠭᠤᠷᠢᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠶ᠃


ᠲᠦᠷᠦ᠍᠎ᠶ᠋ᠢᠨ ᠪᠤᠳᠤᠯᠭ᠎ᠠ᠎ᠶ᠋ᠢᠨ ᠳᠡᠮᠵᠢᠯᠭᠡ ᠪᠣᠯᠤᠨ ᠲᠦᠷᠢᠮ᠎ᠦᠨ ᠱᠢᠨ᠎ᠡ᠎ᠶ᠋ᠢ ᠡᠭᠦᠳᠬᠦ᠌ ᠡᠷᠴᠢᠮ᠎ᠢᠶᠡᠨ ᠴᠢᠩᠭᠠᠷᠠᠭᠤᠯᠬᠣ ᠬᠡᠷᠡᠭᠳᠡᠢ


ᠣᠷᠣᠨ ᠪᠦᠰᠡ᠎ᠶ᠋ᠢᠨ ᠨᠡᠭᠡᠭᠡᠯᠲᠡᠲᠦ ᠬᠠᠮᠲᠤᠷᠠᠯᠴᠠᠭᠠᠨ᠎ᠤ ᠵᠠᠭ᠍ᠪᠤᠷ᠎ᠤᠨ ᠱᠢᠨ᠎ᠡ᠎ᠶ᠋ᠢ ᠡᠭᠦᠳᠴᠦ᠍᠂ ᠠᠵᠤ ᠦᠢᠯᠡᠰ᠎ᠦᠨ ᠬᠡᠯᠬᠢᠶ᠎ᠡ᠎ᠶ᠋ᠢ ᠬᠠᠮᠵᠢᠯᠴᠠᠨ ᠪᠠᠢᠭᠤᠯᠬᠤ᠎ᠶ᠋ᠢ ᠠᠬᠢᠭᠤᠯᠬᠤ ᠬᠡᠷᠡᠭ᠌ᠲᠡᠢ᠃ ᠠᠵᠤ ᠦᠢᠯᠡᠰ᠎ᠦᠨ ᠬᠡᠯᠬᠢᠶ᠎ᠡ᠎ᠶ᠋ᠢᠨ ᠣᠳᠣᠬᠢᠴᠢᠯᠠᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠎ᠳᠤ ᠣᠷᠣᠨ ᠪᠦᠰᠡ ᠰᠤᠨᠳᠠᠯᠠᠭᠰᠠᠨ ᠠᠱᠢᠭ ᠲᠤᠰᠠ᠎ᠶ᠋ᠢ ᠬᠠᠮᠳᠣ ᠪᠡᠷ ᠡᠳ᠋ᠯᠡᠬᠦ᠌ ᠲᠣᠭ᠍ᠲᠠᠴᠠ᠎ᠶ᠋ᠢ ᠲᠦᠷᠭᠡᠪᠴᠢᠯᠡᠨ ᠪᠠᠢᠭᠤᠯᠵᠦ᠂ ᠠᠢᠮᠠᠭ ᠬᠣᠲᠠ᠎ᠶ᠋ᠢᠨ ᠬᠣᠭᠣᠷᠣᠨᠳᠣ᠎ᠪᠠᠨ᠂ ᠨᠢᠭᠡ ᠠᠢᠮᠠᠭ ᠬᠣᠲᠠ ᠵᠢᠨ ᠡᠯ᠎ᠡ ᠬᠣᠱᠢᠭᠤ ᠱᠢᠶᠠᠨ᠎ᠤ ᠬᠣᠭᠣᠷᠣᠨᠳᠣᠬᠢ ᠵᠠᠰᠠᠭ ᠵᠠᠬᠢᠷᠭᠠᠨ᠎ᠤ ᠬᠤᠪᠢᠶᠠᠷᠢᠯᠠᠯ᠎ᠢ ᠡᠪᠳᠡᠵᠦ᠂ ᠰᠲ᠋ᠣᠺ᠎ᠤᠨ ᠡᠷᠬᠡ᠎ᠶ᠋ᠢᠨ ᠬᠤᠪᠢᠶᠠᠷᠢᠯᠠᠯᠲᠠ᠂ ᠭᠠᠢᠯᠢ ᠲᠠᠲᠠᠪᠤᠷᠢ᠎ᠶ᠋ᠢᠨ ᠬᠤᠪᠢᠶᠠᠷᠢᠯᠠᠯᠲᠠ ᠵᠡᠷᠭᠡ ᠠᠷᠭ᠎ᠠ ᠮᠠᠶᠢᠭ᠎ᠢᠶᠠᠷ ᠲᠠᠮᠵᠢᠵᠦ ᠴᠢᠬᠤᠯᠠ ᠶᠡᠬᠡ ᠲᠥᠷᠥᠯ ᠵᠦᠶ᠋ᠯ᠎ᠢ ᠬᠠᠮᠲᠤ᠎ᠪᠠᠷ ᠪᠦᠲᠦᠭᠡᠨ ᠪᠠᠢᠭᠤᠯᠤᠨ᠎ᠠ᠃ ᠮᠠᠨ᠎ᠤ ᠣᠷᠣᠨ᠎ᠤ ᠡᠨᠧᠷᠭᠢ᠂ ᠰᠦ ᠵᠢᠨ ᠦᠶ᠋ᠯᠡᠰ᠂ ᠬᠣᠪᠣᠷ ᠱᠢᠷᠣᠶ ᠵᠡᠷᠭᠡ ᠠᠵᠢᠯ ᠲᠥᠷᠥᠯ᠎ᠦᠨ ᠲᠠᠭᠠᠭᠣᠯᠣᠭᠴᠢ ᠠᠵᠤ ᠠᠬᠤᠢᠯᠠᠯ᠎ᠤᠨ ᠳᠤᠮᠳᠠ ᠵᠢᠵᠢᠭ ᠪᠢᠴᠢᠯ ᠠᠵᠤ ᠠᠬᠤᠢᠯᠠᠯ᠎ᠢ ᠳᠠᠢᠴᠢᠯᠠᠨ ᠤᠯᠤᠰ᠎ᠤᠨ ᠳᠣᠲᠣᠭᠠᠳᠤ᠎ᠶ᠋ᠢᠨ ᠬᠠᠮᠢᠶ᠎ᠠ ᠪᠥᠬᠥᠶ ᠠᠵᠤ ᠦᠶ᠋ᠯᠡᠰ᠎ᠦᠨ ᠬᠡᠯᠬᠢᠶ᠎ᠡ ᠪᠤᠶᠤ ᠲᠥᠬᠥᠷᠵᠢᠭᠰᠡᠨ ᠱᠢᠰᠲ᠋ᠧᠮ᠎ᠳᠦ ᠪᠥᠬᠥ᠌ ᠲᠠᠯ᠎ᠠ᠎ᠪᠠᠷ ᠠᠭᠤᠰᠤᠯᠴᠠᠬᠤ᠎ᠶ᠋ᠢ ᠵᠣᠷᠢᠭ᠍ᠵᠢᠭᠤᠯᠵᠤ᠂ ᠣᠷᠣᠨ ᠪᠦᠰᠡ᠎ᠶ᠋ᠢᠨ ᠬᠠᠷᠢᠯᠴᠠᠭ᠎ᠠ ᠨᠢᠭ᠍ᠲᠠ᠂ ᠠᠵᠤ ᠦᠶ᠋ᠯᠡᠰ᠎ᠦᠨ ᠲᠥᠬᠥᠷᠵᠢᠯ ᠪᠦᠷᠢᠨ᠂ ᠱᠠᠲᠤᠯᠢᠬ ᠬᠡᠯᠪᠡᠷᠢ ᠵᠢᠨ ᠱᠢᠯᠵᠢᠯᠲᠡ ᠡᠮᠬᠢ ᠵᠢᠷᠤᠮ᠎ᠲᠠᠶ ᠠᠵᠤ ᠦᠶ᠋ᠯᠡᠰ᠎ᠦᠨ ᠵᠣᠬᠢᠶᠠᠨ ᠪᠠᠢᠭᠤᠯᠤᠯᠲᠠ᠎ᠶ᠋ᠢᠨ ᠱᠢᠰᠲ᠋ᠧᠮ᠎ᠢ ᠪᠠᠢᠭᠤᠯᠤᠨ᠎ᠠ᠃

ᠠᠵᠤ ᠦᠶ᠋ᠯᠡᠰ᠎ᠦᠨ ᠬᠡᠯᠬᠢᠶ᠎ᠡ᠎ᠶ᠋ᠢᠨ ᠲᠣᠭᠣᠷᠢᠨ᠎ᠳᠤ ᠠᠷᠠᠯᠵᠢᠶᠠᠴᠢᠨ ᠤᠷᠢᠬᠤ ᠬᠡᠯᠬᠢᠶ᠎ᠡ᠎ᠶ᠋ᠢ ᠨᠢᠭᠡᠳᠦᠯᠲᠡᠶ ᠲᠥᠯᠥᠪᠯᠡᠵᠦ᠍᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠠᠷᠠᠯᠵᠢᠶᠠᠴᠢᠨ ᠤᠷᠢᠬᠤ ᠠᠯᠤᠰ᠎ᠤᠨ ᠲᠥᠯᠥᠪᠵᠢᠭᠦᠯᠭᠡ᠎ᠶ᠋ᠢ ᠦᠨᠳᠦᠰᠦᠯᠡᠨ᠂ ᠭᠤᠤᠯᠳᠠᠯᠭ᠎ᠠ᠎ᠲᠠᠶ ᠠᠵᠤ ᠦᠶ᠋ᠯᠡᠰ᠎ᠦᠨ ᠬᠡᠯᠬᠢᠶ᠎ᠡ᠎ᠶ᠋ᠢᠨ ᠠᠷᠠᠯᠵᠢᠶᠠᠴᠢᠨ ᠤᠷᠢᠬᠤ ᠠᠵᠤ ᠠᠬᠤᠢᠯᠠᠯ᠎ᠤᠨ ᠪᠠᠢᠳᠠᠯ ᠵᠢᠴᠢ ᠠᠵᠤ ᠦᠶ᠋ᠯᠡᠰ᠎ᠦᠨ ᠬᠡᠯᠬᠢᠶ᠎ᠡ᠎ᠶ᠋ᠢᠨ ᠵᠠᠩᠭᠢᠯᠠᠭ᠎ᠠ᠎ᠶ᠋ᠢᠨ ᠭᠣᠭ᠍ᠴᠣᠭᠠᠨ᠎ᠤ ᠲᠥᠷᠥᠯ ᠵᠦᠶ᠋ᠯ᠎ᠦᠨ ᠪᠠᠢᠳᠠᠯ᠎ᠢ ᠡᠮᠬᠢᠯᠡᠨ ᠳᠢᠭ᠌ᠯᠡᠵᠦ᠍᠂ ᠠᠵᠤ ᠦᠶ᠋ᠯᠡᠰ᠎ᠦᠨ ᠬᠡᠯᠬᠢᠶ᠎ᠡ᠎ᠶ᠋ᠢᠨ ᠠᠵᠢᠯ᠎ᠤᠨ ᠲᠤᠰᠭᠠᠶ ᠠᠩᠭᠢ᠂ ᠡᠯ᠎ᠡ ᠠᠢᠮᠠᠭ ᠬᠣᠲᠠ᠂ ᠡᠯ᠎ᠡ ᠬᠦᠷᠢᠶᠡᠯᠡᠩ ᠲᠣᠭᠣᠷᠢᠭ᠎ᠤᠨ ᠠᠵᠤ ᠦᠶ᠋ᠯᠡᠰ᠎ᠦᠨ ᠬᠡᠯᠬᠢᠶ᠎ᠡ᠎ᠶ᠋ᠢᠨ ᠬᠠᠷᠠᠯᠲᠠᠲᠤ ᠠᠵᠤ ᠠᠬᠤᠢᠯᠠᠯ ᠪᠠ ᠲᠥᠷᠥᠯ ᠵᠦᠶ᠋ᠯ᠎ᠯᠦᠭᠡ ᠢᠳᠡᠪᠬᠢᠲᠡᠶ ᠵᠣᠯᠭᠠᠯᠴᠠᠭᠣᠯᠬᠣ ᠵᠢ ᠳᠡᠮᠵᠢᠵᠦ᠍᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠣᠨᠣᠪᠴᠢᠲᠠᠶ᠎ᠪᠠᠷ ᠠᠷᠠᠯᠵᠢᠶᠠᠴᠢᠨ ᠤᠷᠢᠨ᠎ᠠ᠃ ᠨᠢᠭᠡ᠎ᠳᠦ᠂ ᠠᠷᠠᠯᠵᠢᠶᠠᠴᠢᠨ ᠤᠷᠢᠬᠤ ᠬᠡᠯᠬᠢᠶ᠎ᠡ᠎ᠶ᠋ᠢ ᠨᠢᠭᠡᠳᠦᠯᠲᠡᠶ ᠲᠥᠯᠥᠪᠯᠡᠨ ᠱᠢᠯᠢᠳᠡᠭ᠌ᠵᠢᠭᠦᠯᠦᠨ᠎ᠡ᠃ ᠠᠵᠤ ᠦᠢᠯᠡᠰ᠎ᠦᠨ ᠬᠡᠯᠬᠢᠶ᠎ᠡ᠎ᠶ᠋ᠢᠨ ᠳᠡᠭᠡᠳᠦ ᠳᠣᠣᠷᠠᠳᠤ ᠬᠡᠯᠬᠢᠶ᠎ᠡ᠎ᠶ᠋ᠢ ᠲᠥᠬᠥᠷᠵᠢᠭᠦᠯᠬᠦ᠌ ᠲᠣᠭᠣᠷᠢᠨ᠎ᠳᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ᠎ᠶ᠋ᠢ ᠠᠳᠭᠤᠵᠤ᠂ ᠠᠵᠤ ᠦᠢᠯᠡᠰ᠎ᠦᠨ ᠱᠢᠯᠵᠢᠯᠲᠡ᠎ᠶ᠋ᠢ ᠢᠳᠡᠪᠬᠢᠲᠡᠢ᠎ᠪᠡᠷ ᠳᠠᠭᠠᠭᠠᠨ ᠠᠪᠴᠤ᠌᠂ 《ᠶᠠᠭᠤ ᠳᠤᠲᠠᠪᠠᠯ ᠶᠠᠭᠤ᠎ᠶ᠋ᠢ ᠨᠥᠬᠥᠪᠥᠷᠢᠯᠡᠬᠦ᠌》 ᠵᠠᠷᠴᠢᠮ ᠶᠣᠰᠣᠭᠠᠷ ᠭᠣᠣᠯ ᠱᠢᠪᠲᠤᠯᠬᠤ ᠴᠢᠭ᠌ᠯᠡᠯ᠎ᠢᠶᠡᠨ ᠲᠣᠳᠣᠷᠬᠠᠢᠯᠠᠨ᠂ ᠬᠠᠷᠠᠯᠲᠠᠳᠣ ᠠᠵᠤ ᠠᠬᠤᠢᠯᠠᠯ᠎ᠢ ᠣᠨᠣᠪᠴᠢᠲᠠᠢ ᠡᠷᠢᠵᠦ᠍᠂ ᠠᠵᠤ ᠦᠢᠯᠡᠰ᠎ᠦᠨ ᠬᠡᠯᠬᠢᠶ᠎ᠡ᠎ᠶ᠋ᠢᠨ ᠳᠤᠲᠠᠭ᠍ᠳᠠᠵᠤ ᠪᠠᠢᠭ᠎ᠠ ᠲᠥᠷᠥᠯ ᠵᠦᠢᠯ᠂ ᠳᠡᠰ ᠳᠡᠪᠱᠢᠭᠦᠯᠦᠭ᠌ᠰᠡᠨ ᠲᠥᠷᠥᠯ ᠵᠦᠢᠯ᠎ᠢ ᠣᠷᠣᠭᠤᠯᠤᠨ ᠠᠪᠴᠢᠷᠠᠨ᠎ᠠ᠃ ᠲᠠᠭᠠᠭᠣᠯᠣᠭᠴᠢ ᠠᠵᠤ ᠠᠬᠤᠢᠯᠠᠯ᠎ᠤᠨ 《ᠬᠡᠯᠬᠢᠶ᠎ᠡ ᠵᠢᠨ ᠡᠵᠡᠨ》᠎ᠤ᠋ ᠦᠶ᠋ᠯᠡᠳᠦᠯ᠎ᠢ ᠪᠠᠳᠠᠷᠠᠭᠤᠯᠵᠤ᠂ ᠠᠷᠠᠯᠵᠢᠶᠠᠴᠢᠨ᠎ᠢᠶᠠᠷ ᠠᠷᠠᠯᠵᠢᠶᠠᠴᠢᠨ ᠤᠷᠢᠬᠤ᠂ ᠠᠵᠤ ᠠᠬᠤᠢᠯᠠᠯ᠎ᠢᠶᠠᠷ ᠠᠵᠤ ᠠᠬᠤᠢᠯᠠᠯ᠎ᠢ ᠲᠠᠲᠠᠬᠤ᠂ ᠳᠡᠭᠡᠳᠦ ᠳᠣᠣᠷᠠᠳᠤ ᠤᠷᠤᠰᠭᠠᠯ᠎ᠤᠨ ᠠᠵᠤ ᠠᠬᠤᠢᠯᠠᠯ᠎ᠢ ᠲᠠᠲᠠᠬᠤ ᠪᠠ ᠴᠤᠭ᠍ᠯᠠᠷᠠᠭᠤᠯᠬᠤ ᠮᠠᠶᠢᠭ᠎ᠤᠨ ᠪᠠᠯᠠ ᠣᠷᠣᠭᠤᠯᠤᠯᠲᠠ᠂ ᠪᠦᠯᠦᠭ᠌ᠯᠡᠯ ᠮᠠᠶᠢᠭ᠎ᠤᠨ ᠬᠥᠭ᠌ᠵᠢᠯᠲᠡ᠎ᠶ᠋ᠢ ᠢᠳᠡᠪᠬᠢᠲᠡᠢ ᠥᠷᠨᠢᠭᠦᠯᠦᠨ᠎ᠡ᠃ ᠬᠣᠶᠠᠷ᠎ᠲᠤ᠂ ᠢᠵᠢ ᠪᠦᠷᠢᠳᠦᠭᠰᠡᠨ ᠦᠶ᠋ᠯᠡᠴᠢᠯᠡᠭᠡ᠎ᠶ᠋ᠢ ᠲᠡᠭᠦᠯᠳᠡᠷᠵᠢᠭᠦᠯᠦᠨ᠎ᠡ᠃ 《ᠢᠳᠡᠵᠦ ᠣᠣᠭᠣᠬᠣ᠂ ᠶᠠᠪᠣᠵᠦ ᠰᠠᠭᠤᠬᠤ᠂ ᠬᠤᠳᠠᠯᠳᠤᠨ ᠠᠪᠬᠤ᠂ ᠵᠤᠭ᠎ᠠ ᠴᠡᠩᠭᠡᠯ᠂ ᠪᠠᠩᠬᠢ᠂ ᠡᠮᠨᠡᠯᠭᠡ᠂ ᠰᠤᠷᠭᠠᠨ ᠬᠥᠮᠦᠵᠢᠯ᠂ ᠪᠠᠲᠤᠯᠠᠭ᠎ᠠ》 ᠵᠡᠷᠭᠡ᠎ᠶ᠋ᠢᠨ ᠲᠣᠭᠣᠷᠢᠨ᠎ᠳᠤ ᠠᠮᠢᠳᠤᠷᠠᠯ᠎ᠤᠨ ᠲᠥᠬᠥᠷᠵᠢᠭᠦᠯᠬᠦ᠌ ᠪᠡᠯᠡᠳᠭᠡᠮᠵᠢ᠎ᠶ᠋ᠢ ᠵᠦᠶ ᠵᠣᠬᠢᠰᠲᠠᠶ ᠲᠥᠯᠥᠪᠵᠢᠭᠦᠯᠦᠨ ᠲᠡᠭᠦᠯᠳᠡᠷᠵᠢᠭᠦᠯᠵᠦ᠍᠂ 《ᠨᠢᠭᠡ ᠥᠷᠲᠡᠭᠡ ᠮᠠᠶᠢᠭ》 ᠎ᠤ᠋ᠨ ᠳᠥᠭᠥᠮ ᠳᠥᠲᠡ ᠦᠶ᠋ᠯᠡᠴᠢᠯᠡᠭᠡ ᠬᠠᠩᠭᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌᠎ᠪᠡᠷ ᠠᠵᠤ ᠦᠶ᠋ᠯᠡᠰ᠎ᠦᠨ ᠬᠡᠯᠬᠢᠶ᠎ᠡ᠎ᠶ᠋ᠢᠨ ᠬᠥᠭ᠌ᠵᠢᠯᠲᠡ᠎ᠶ᠋ᠢᠨ ᠠᠮᠢᠵᠢᠷᠠᠯ᠎ᠤᠨ ᠬᠦᠴᠦᠨ᠎ᠢ ᠦᠨᠡᠨ ᠬᠦ᠌ ᠬᠥᠭ᠌ᠵᠢᠭᠡᠨ᠎ᠡ᠃

ᠡᠯᠧᠮᠧᠨ᠋ᠲ᠎ᠦᠨ ᠪᠠᠲᠤᠯᠠᠭ᠎ᠠ᠎ᠶ᠋ᠢ ᠴᠢᠩᠭᠠᠳᠭᠠᠵᠤ᠂ ᠰᠠᠢ᠌ᠨ ᠰᠠᠢᠬᠠᠨ ᠠᠵᠤ ᠦᠢᠯᠡᠰ᠎ᠦᠨ ᠠᠮᠢ ᠠᠬᠤᠢ᠎ᠶ᠋ᠢ ᠪᠤᠢ ᠪᠣᠯᠭᠠᠬᠣ ᠬᠡᠷᠡᠭᠳᠡᠢ᠃ ᠨᠢᠭᠡ᠎ᠳᠦ᠂ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠴᠢᠳᠠᠪᠤᠷᠢᠲᠠᠨ᠎ᠢ ᠬᠥᠮᠦᠵᠢᠭᠦᠯᠬᠦ᠌ ᠴᠢᠳᠠᠪᠤᠷᠢᠲᠠᠨ᠎ᠢ ᠬᠡᠷᠡᠭ᠌ᠯᠡᠬᠦ᠌᠎ᠶ᠋ᠢ ᠵᠡᠷᠭᠡ᠎ᠪᠡᠷ ᠴᠢᠬᠤᠯᠠᠴᠢᠯᠠᠬᠤ᠎ᠶ᠋ᠢ ᠪᠠᠷᠢᠮᠲᠠᠯᠠᠵᠤ᠂ ᠴᠢᠳᠠᠪᠤᠷᠢᠲᠠᠨ᠎ᠤ ᠪᠠᠲᠤᠯᠠᠭ᠎ᠠ᠎ᠶ᠋ᠢ ᠴᠢᠩᠭᠠᠳᠭᠠᠬᠣ ᠭᠡᠷᠡᠭᠳᠡᠢ᠃ ᠠᠵᠤ ᠦᠶ᠋ᠯᠡᠰ᠎ᠦᠨ ᠬᠡᠯᠬᠢᠶ᠎ᠡ᠎ᠶ᠋ᠢᠨ ᠣᠳᠣᠬᠢᠴᠢᠯᠠᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌ ᠬᠡᠷᠡᠭ᠌ᠴᠡᠭᠡ᠎ᠶ᠋ᠢᠨ ᠲᠣᠭᠣᠷᠢᠨ᠎ᠳᠤ ᠨᠡᠭᠡᠭᠡᠯᠲᠡ ᠬᠢᠵᠦ᠍ ᠠᠮᠢᠳᠤᠯᠢᠭ᠎ᠢᠶᠠᠷ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠡᠷᠴᠢᠮ᠎ᠢᠶᠡᠨ ᠴᠢᠩᠭᠠᠷᠠᠭᠤᠯᠵᠤ᠂ ᠵᠥᠪᠯᠡᠭ᠌ᠴᠢ᠎ᠶ᠋ᠢᠨ ᠵᠢᠯᠣᠭᠣᠳᠣᠯᠭ᠎ᠠ᠂ ᠲᠤᠱᠢᠶᠠᠯ ᠬᠠᠪᠰᠤᠷᠭᠠᠵᠤ ᠦᠶ᠋ᠯᠡᠴᠢᠯᠡᠬᠦ᠌᠂ 《ᠨᠡᠬᠦᠳᠡᠯ᠎ᠦᠨ ᠰᠢᠪᠠᠭᠣ ᠬᠡᠯᠪᠡᠷᠢ》ᠵᠢᠨ ᠣᠷᠢᠨ ᠲᠣᠮᠢᠯᠠᠬᠣ ᠬᠡᠯᠪᠡᠷᠢ᠎ᠶ᠋ᠢ ᠳᠡᠯᠭᠡᠷᠡᠭᠦᠯᠦᠨ᠎ᠡ᠃ ᠬᠣᠶᠠᠷ᠎ᠲᠤ᠂ ᠡᠳ᠋᠎ᠦᠨ ᠵᠠᠰᠠᠭ ᠮᠥᠩᠭᠥᠨ ᠭᠦᠢᠯᠭᠡᠭᠡᠨ᠎ᠦ ᠳᠡᠮᠵᠢᠯᠭᠡ᠎ᠶ᠋ᠢᠨ ᠡᠷᠴᠢᠮ᠎ᠢ ᠴᠢᠩᠭᠠᠷᠠᠭᠤᠯᠵᠤ᠂ ᠪᠡᠯᠡ ᠮᠥᠩᠭᠥ᠎ᠶ᠋ᠢᠨ ᠪᠠᠲᠤᠯᠠᠭ᠎ᠠ᠎ᠶ᠋ᠢ ᠴᠢᠩᠭᠠᠳᠭᠠᠨ᠎ᠠ᠃ ᠡᠨᠧᠷᠭᠢ᠂ ᠲᠡᠮᠦᠷᠯᠢᠭ ᠪᠣᠯᠪᠠᠰᠤᠷᠠᠭᠤᠯᠬᠤ᠂ ᠬᠢᠮᠢ᠎ᠶ᠋ᠢᠨ ᠠᠵᠤ ᠦᠶ᠋ᠯᠡᠳᠪᠦᠷᠢ᠂ ᠲᠠᠷᠢᠶᠠᠯᠠᠩ ᠮᠠᠯ᠎ᠤᠨ ᠠᠱᠢᠭ ᠱᠢᠮ᠎ᠡ᠎ᠶ᠋ᠢᠨ ᠪᠦᠲᠦᠭᠡᠭ᠌ᠳᠡᠬᠦᠨ᠎ᠢ ᠡᠳ᠋ᠱᠢᠭᠦᠯᠬᠦ᠌ ᠵᠡᠷᠭᠡ ᠭᠤᠤᠯᠳᠠᠯᠭ᠎ᠠ᠎ᠲᠠᠶ ᠠᠵᠤ ᠦᠶ᠋ᠯᠡᠰ᠎ᠦᠨ ᠬᠡᠯᠬᠢᠶ᠎ᠡ᠎ᠶ᠋ᠢ ᠪᠠᠯᠠ ᠮᠥᠩᠭᠥ᠎ᠶ᠋ᠢᠨ ᠬᠡᠯᠬᠢᠶ᠎ᠡ᠎ᠯᠦᠭᠡ ᠭᠦᠨ ᠠᠭᠤᠰᠤᠯᠴᠠᠭᠤᠯᠬᠤ᠎ᠶ᠋ᠢ ᠠᠬᠢᠭᠤᠯᠵᠤ᠂ ᠠᠵᠤ ᠦᠶ᠋ᠯᠡᠰ᠎ᠦᠨ ᠬᠡᠯᠬᠢᠶ᠎ᠡ᠎ᠶ᠋ᠢᠨ ᠭᠤᠤᠯᠯᠠᠬᠤ ᠠᠵᠤ ᠠᠬᠤᠢᠯᠠᠯ᠎ᠤᠨ 《ᠬᠠᠨᠢᠲᠠᠨ ᠪᠠᠩᠬᠢ》᠎ᠶ᠋ᠢᠨ ᠪᠠᠢᠭᠤᠯᠤᠯᠲᠠ᠎ᠶ᠋ᠢ ᠬᠡᠷᠡᠭ᠌ᠵᠢᠭᠦᠯᠦᠨ᠂ ᠮᠥᠩᠭᠥᠨ ᠭᠦᠶ᠋ᠯᠭᠡᠭᠡᠨ᠎ᠦ ᠪᠠᠢᠭᠤᠯᠤᠮᠵᠢ᠎ᠶ᠋ᠢᠨ 《ᠨᠢᠭᠡ ᠠᠵᠤ ᠠᠬᠤᠢᠯᠠᠯ᠎ᠳᠤ ᠨᠢᠭᠡ ᠲᠥᠷᠥ᠎ᠶ᠋ᠢᠨ ᠪᠣᠳᠣᠯᠭ᠎ᠠ᠎ᠲᠠᠶ ᠪᠠᠢᠯᠭᠠᠬᠤ》᠂ 《ᠨᠢᠭᠡ ᠬᠡᠯᠬᠢᠶ᠎ᠡ᠎ᠳᠦ ᠨᠢᠭᠡ ᠲᠥᠰᠦᠯ᠎ᠲᠡᠶ ᠪᠠᠢᠯᠭᠠᠬᠤ》 ᠵᠡᠷᠭᠡ ᠱᠢᠨ᠎ᠡ ᠲᠣᠭ᠍ᠲᠠᠴᠠ᠎ᠶ᠋ᠢ ᠬᠡᠷᠡᠭ᠌ᠵᠢᠭᠦᠯᠬᠦ᠌᠎ᠶ᠋ᠢ ᠵᠣᠷᠢᠭ᠍ᠵᠢᠭᠤᠯᠤᠨ ᠳᠡᠮᠵᠢᠵᠦ᠍᠂ ᠠᠵᠤ ᠦᠶ᠋ᠯᠡᠰ᠎ᠦᠨ ᠬᠡᠯᠬᠢᠶ᠎ᠠ᠎ᠶ᠋ᠢᠨ ᠬᠥᠭ᠌ᠵᠢᠯᠲᠡ᠎ᠶ᠋ᠢ ᠳᠡᠮᠵᠢᠨ᠎ᠡ᠃ ᠭᠤᠷᠪᠠ᠎ᠳᠤ᠂ ᠲᠥᠷᠥ᠎ᠶ᠋ᠢᠨ ᠪᠣᠳᠣᠯᠭ᠎ᠠ᠎ᠶ᠋ᠢᠨ ᠬᠠᠩᠭᠠᠯᠭ᠎ᠠ᠎ᠶ᠋ᠢᠨ ᠲᠠᠯ᠎ᠠ᠎ᠪᠠᠷ ᠱᠢᠨ᠎ᠡ᠎ᠶ᠋ᠢ ᠡᠭᠦᠳᠴᠦ᠍᠂ ᠭᠠᠵᠠᠷ ᠱᠢᠷᠣᠶ᠎ᠶ᠋ᠢᠨ ᠡᠯᠧᠮᠧᠨ᠋ᠲ᠎ᠦᠨ ᠪᠠᠲᠤᠯᠠᠭ᠎ᠠ᠎ᠶ᠋ᠢ ᠴᠢᠩᠭᠠᠳᠭᠠᠨ᠎ᠠ᠃ ᠤᠷᠢᠳᠴᠢᠯᠠᠨ ᠮᠡᠳᠡᠭᠦᠯᠬᠦ᠌᠂ ᠤᠷᠢᠳᠴᠢᠯᠠᠨ ᠬᠢᠨᠠᠬᠤ᠎ᠳᠦ ᠴᠢᠩᠭ᠎ᠠ ᠪᠠᠢᠵᠦ᠂ ᠠᠷᠪᠢᠲᠠᠶ ᠡᠷᠴᠢᠮᠯᠢᠭ ᠪᠠᠢᠯᠭᠠᠬᠤ᠂ ᠮᠥᠷᠳᠡᠨ ᠦᠨᠡᠯᠡᠨ ᠵᠢᠱ᠌ᠢᠬᠦ᠌ ᠵᠠᠷᠴᠢᠮ ᠶᠣᠰᠣᠭᠠᠷ ᠠᠵᠤ ᠦᠶ᠋ᠯᠡᠰ᠎ᠦᠨ ᠬᠡᠯᠬᠢᠶ᠎ᠡ᠎ᠶ᠋ᠢᠨ ᠴᠢᠬᠤᠯᠠ ᠶᠡᠬᠡ ᠲᠥᠷᠥᠯ ᠵᠦᠶ᠋ᠯ᠎ᠳᠦ ᠬᠡᠷᠡᠭ᠌ᠰᠡᠬᠦ᠌ ᠱᠢᠨ᠎ᠡ᠎ᠪᠡᠷ ᠨᠡᠮᠡᠭ᠌ᠳᠡᠭ᠌ᠰᠡᠨ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠢ ᠭᠤᠤᠯᠳᠠᠯᠭ᠎ᠠ᠎ᠲᠠᠶ ᠪᠠᠲᠤᠯᠠᠨ᠎ᠠ᠃

ᠠᠵᠤ ᠦᠢᠯᠡᠰ᠎ᠦᠨ ᠬᠡᠯᠬᠢᠶ᠎ᠡ ᠬᠢᠭᠡᠳ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠤᠯᠭᠠᠭᠤᠷᠢᠯᠠᠬᠤ ᠴᠢᠳᠠᠪᠤᠷᠢ᠎ᠶ᠋ᠢ ᠴᠢᠩᠭᠠᠳᠬᠠᠬᠣ ᠬᠡᠷᠡᠭᠳᠡᠢ᠃ ᠬᠡᠷᠡᠭ᠌ᠴᠡᠭᠡ ᠱᠠᠭᠠᠷᠳᠠᠯᠭ᠎ᠠ᠎ᠪᠠᠷ ᠤᠳᠤᠷᠢᠳᠤᠮᠵᠢ ᠪᠣᠯᠭᠠᠨ ᠱᠢᠨ᠎ᠡ᠎ᠶ᠋ᠢ ᠡᠭᠦᠳᠬᠦ᠌ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠭᠤᠤᠯᠳᠠᠯᠭ᠎ᠠ᠎ᠲᠠᠶ ᠪᠣᠢᠵᠢᠭᠤᠯᠬᠤ ᠠᠵᠤ ᠦᠶ᠋ᠯᠡᠰ᠎ᠦᠨ ᠬᠡᠯᠬᠢᠶ᠎ᠡ᠎ᠶ᠋ᠢᠨ ᠬᠥᠭ᠌ᠵᠢᠯᠲᠡ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠲᠠᠶ ᠨᠢᠭ᠍ᠲᠠ ᠤᠶᠠᠯᠳᠤᠭᠤᠯᠤᠨ᠂ ᠳᠠᠪᠠᠭᠤᠯᠢᠭ ᠣᠨᠴᠠᠯᠢᠠᠠᠳᠣ ᠠᠵᠤ ᠦᠶ᠋ᠯᠡᠰ᠎ᠦᠨ ᠬᠡᠯᠬᠢᠶ᠎ᠡ᠎ᠶ᠋ᠢ ᠤᠷᠲᠤᠳᠭᠠᠨ ᠬᠡᠯᠬᠢᠶ᠎ᠡ᠎ᠶ᠋ᠢ ᠨᠥᠬᠥᠪᠥᠷᠢᠯᠡᠵᠦ᠍ ᠬᠡᠯᠬᠢᠶ᠎ᠡ᠎ᠶ᠋ᠢ ᠬᠦᠴᠦᠷᠬᠡᠭ᠌ᠵᠢᠭᠦᠯᠬᠦ᠌᠎ᠪᠡᠷ ᠭᠤᠤᠯ ᠱᠢᠪᠲᠤᠯᠤᠯᠲᠠ᠎ᠶ᠋ᠢᠨ ᠴᠢᠭ᠌ᠯᠡᠯ ᠪᠣᠯᠭᠠᠵᠤ᠂ ᠮᠡᠷᠭᠡᠵᠢᠯ᠎ᠦᠨ ᠬᠦᠴᠢᠷ ᠠᠰᠠᠭᠤᠳᠠᠯ᠎ᠢ ᠱᠢᠶ᠋ᠳᠪᠦᠷᠢᠯᠡᠬᠦ᠌ ᠳᠤᠮᠳᠠ ᠲᠠᠰᠤᠷᠠᠯᠲᠠ ᠥᠬᠡᠶ ᠬᠤᠷᠠᠮᠳᠤᠭᠤᠯᠬᠤ ᠪᠠ ᠲᠠᠰ ᠳᠡᠪᠱᠢᠭᠦᠯᠵᠦ᠍᠂ ᠱᠢᠨ᠎ᠡ᠎ᠶ᠋ᠢ ᠡᠭᠦᠳᠬᠦ᠌᠎ᠪᠡᠷ ᠠᠵᠤ ᠦᠶ᠋ᠯᠡᠰ᠎ᠦᠨ ᠬᠥᠭ᠌ᠵᠢᠯᠲᠡ᠎ᠶ᠋ᠢ ᠠᠬᠢᠭᠤᠯᠤᠨ᠎ᠠ᠃ ᠨᠢᠭᠡ᠎ᠳᠦ᠂ ᠠᠵᠤ ᠦᠢᠯᠡᠰ᠎ᠦᠨ ᠬᠡᠯᠬᠢᠶ᠎ᠡ᠎ᠶ᠋ᠢᠨ ᠱᠢᠨ᠎ᠡ᠎ᠶ᠋ᠢ ᠡᠭᠦᠳᠬᠦ᠌ ᠱᠢᠰᠲ᠋ᠧᠮ᠎ᠢ ᠲᠡᠭᠦᠯᠳᠡᠷᠵᠢᠭᠦᠯᠦᠨ᠎ᠡ᠃ ᠤᠯᠤᠰ᠎ᠠᠴᠠ ᠮᠠᠨ᠎ᠤ ᠣᠷᠣᠨ᠎ᠳᠤ ᠤᠯᠤᠰ᠎ᠤᠨ ᠴᠢᠬᠤᠯᠠ ᠶᠡᠬᠡ ᠱᠢᠨᠵᠢᠯᠡᠬᠦ᠌ ᠤᠬᠠᠭᠠᠨ ᠲᠸᠭᠨᠢᠢᠡ᠋ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠠᠪᠴᠠᠩ ᠪᠠᠢᠭᠤᠯᠬᠤ ᠲᠦᠷᠦᠯ ᠵᠦᠢᠯ᠎ᠢ ᠢᠳᠡᠪᠬᠢᠯᠡᠨ ᠣᠯᠵᠤ᠂ ᠴᠢᠬᠤᠯᠠ ᠶᠡᠬᠡ ᠱᠢᠨᠵᠢᠯᠡᠬᠦ᠌ ᠤᠬᠠᠭᠠᠨ᠎ᠤ ᠰᠤᠳᠤᠯᠤᠯ᠎ᠤᠨ ᠪᠡᠯᠡᠳᠭᠡᠮᠵᠢ᠎ᠶ᠋ᠢ ᠪᠠᠢᠷᠢᠯᠠᠭᠤᠯᠤᠨ᠂ ᠤᠯᠤᠰ᠎ᠤᠨ ᠬᠦᠴᠦᠨ᠎ᠢ ᠠᠱᠢᠭ᠍ᠯᠠᠨ ᠮᠠᠨ᠎ᠤ ᠣᠷᠣᠨ᠎ᠤ ᠱᠢᠨ᠎ᠡ᠎ᠶ᠋ᠢ ᠡᠭᠦᠳᠬᠦ᠌ ᠡᠬᠢ ᠪᠠᠶᠠᠯᠢᠭ᠎ᠤᠨ ᠰᠠᠭᠤᠷᠢ᠎ᠶ᠋ᠢ ᠪᠡᠬᠢᠵᠢᠭᠦᠯᠬᠦ᠌ ᠬᠡᠷᠡᠭ᠌ᠲᠡᠶ᠃ ᠱᠢᠨᠵᠢᠯᠡᠬᠦ᠌ ᠤᠬᠠᠭᠠᠨ᠎ᠤ ᠰᠤᠳᠤᠯᠤᠯ᠎ᠤᠨ ᠬᠦᠷᠢᠶᠡᠯᠡᠩ ᠎ᠢ ᠥᠭᠡᠷᠡᠴᠢᠯᠡᠬᠦ᠌ ᠪᠠ ᠲᠡᠳᠬᠦᠬᠦ᠌ ᠡᠷᠴᠢᠮ᠎ᠢᠶᠡᠨ ᠨᠡᠮᠡᠭ᠌ᠳᠡᠭᠦᠯᠵᠦ᠍᠂ ᠳᠠᠪᠠᠭᠤᠯᠢᠭ ᠪᠦᠬᠦᠢ ᠣᠨᠴᠠᠯᠢᠭ᠍ᠲᠤ ᠠᠵᠤ ᠦᠢᠯᠡᠰ᠎ᠦᠨ ᠬᠦᠷᠢᠶᠡᠨ᠎ᠳᠦ ᠨᠢᠭᠡ ᠪᠦᠯᠦᠭ ᠲᠤᠰᠭᠠᠢᠵᠢᠭ᠍ᠰᠠᠨ ᠱᠢᠨᠵᠢᠯᠡᠬᠦ᠌ ᠤᠬᠠᠭᠠᠨ᠎ᠤ ᠰᠤᠳᠤᠯᠤᠯ᠎ᠤᠨ ᠬᠦᠷᠢᠶᠡᠯᠡᠩ ᠭᠠᠵᠠᠷ ᠪᠠᠢᠭᠤᠯᠤᠨ᠎ᠠ᠃ ᠬᠣᠶᠠᠷ᠎ᠲᠤ᠂ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠦᠨ ᠬᠠᠩᠭᠠᠯᠭ᠎ᠠ᠎ᠶ᠋ᠢ ᠳᠡᠭᠡᠭ᠌ᠰᠢᠯᠡᠭᠦᠯᠵᠦ᠍᠂ ᠠᠵᠤ ᠦᠶ᠋ᠯᠡᠰ᠎ᠦᠨ ᠬᠡᠯᠬᠢᠶ᠎ᠡ᠎ᠶ᠋ᠢᠨ ᠬᠥᠭ᠌ᠵᠢᠯᠲᠡ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠶ᠋ᠢᠨ ᠲᠣᠭᠣᠷᠢᠨ᠎ᠳᠤ ᠠᠵᠤ ᠦᠶ᠋ᠯᠡᠰ᠎ᠦᠨ ᠬᠡᠯᠬᠢᠶ᠎ᠡ᠎ᠶ᠋ᠢᠨ ᠭᠤᠤᠯᠯᠠᠬᠤ ᠮᠡᠷᠭᠡᠵᠢᠯ᠎ᠦᠨ ᠪᠣᠭᠣᠮᠲᠠ ᠱᠢᠪᠲᠤᠯᠬᠤ᠎ᠶ᠋ᠢ ᠠᠬᠢᠭᠤᠯᠵᠤ᠂ ᠱᠢᠨ᠎ᠡ ᠡᠨᠧᠷᠭᠢ᠂ ᠬᠣᠪᠣᠷ ᠱᠢᠷᠣᠶ᠂ ᠣᠲᠣ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ᠂ ᠠᠮᠢᠳᠤ ᠪᠣᠳᠠᠰ᠎ᠤᠨ ᠡᠮ ᠡᠮᠨᠡᠯᠭᠡ ᠵᠡᠷᠭᠡ ᠭᠤᠤᠯᠳᠠᠯᠭ᠎ᠠ᠎ᠲᠠᠶ ᠠᠵᠤ ᠦᠶ᠋ᠯᠡᠰ᠎ᠦᠨ ᠬᠡᠯᠬᠢᠶ᠎ᠡ᠎ᠶ᠋ᠢᠨ ᠭᠤᠤᠯᠯᠠᠬᠤ ᠵᠠᠩᠭᠢᠯᠠᠭ᠎ᠠ᠎ᠶ᠋ᠢᠨ ᠮᠡᠷᠭᠡᠵᠢᠯ᠎ᠦᠨ ᠲᠣᠭᠣᠷᠢᠨ᠎ᠳᠤ ᠠᠵᠤ ᠠᠬᠤᠢᠯᠠᠯ᠂ ᠶᠡᠬᠡ ᠳᠡᠭᠡᠳᠦ ᠰᠤᠷᠭᠠᠭᠤᠯᠢ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠤᠨ ᠬᠠᠮᠲᠤᠷᠠᠨ ᠪᠣᠭᠣᠮᠲᠠ ᠱᠢᠪᠲᠤᠯᠬᠤ᠂ ᠬᠠᠮᠵᠢᠯᠴᠠᠨ ᠠᠭᠤᠰᠤᠯᠴᠠᠨ ᠱᠢᠨ᠎ᠡ᠎ᠶ᠋ᠢ ᠡᠭᠦᠳᠬᠦ᠌᠎ᠶ᠋ᠢ ᠵᠣᠷᠢᠭ᠍ᠵᠢᠭᠤᠯᠤᠨ᠎ᠠ ; ᠨᠢᠭᠡ ᠪᠦᠯᠦᠭ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠎ᠢ ᠳᠡᠯᠭᠡᠷᠡᠭᠦᠯᠬᠦ᠌ ᠲᠥᠷᠥᠯ ᠵᠦᠶ᠋ᠯ᠎ᠢ ᠬᠡᠷᠡᠭ᠌ᠵᠢᠭᠦᠯᠵᠦ᠍᠂ ᠭᠤᠤᠯᠳᠠᠯᠭ᠎ᠠ᠎ᠲᠠᠶ ᠠᠵᠤ ᠦᠶ᠋ᠯᠡᠰ᠎ᠦᠨ ᠬᠡᠯᠬᠢᠶ᠎ᠡ᠎ᠶ᠋ᠢᠨ ᠲᠣᠭᠣᠷᠢᠨ᠎ᠳᠤ ᠵᠢᠯ ᠪᠦᠷᠢ ᠨᠢᠭᠡ ᠪᠦᠯᠦᠭ ᠳᠤᠲᠠᠭᠤᠳᠠᠯ᠎ᠢ ᠨᠥᠬᠥᠪᠥᠷᠢᠯᠡᠬᠦ᠌᠂ ᠤᠯᠤᠰ᠎ᠲᠠᠭᠠᠨ ᠦᠶ᠋ᠯᠡᠳᠪᠦᠷᠢᠯᠡᠭ᠌ᠰᠡᠨ᠎ᠢ ᠣᠷᠣᠯᠠᠭᠤᠯᠬᠤ᠂ 《ᠪᠣᠭᠣᠮᠢ》᠎ᠶ᠋ᠢᠨ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠎ᠢ ᠠᠵᠤ ᠦᠢᠯᠡᠰᠵᠢᠭᠦᠯᠬᠦ᠌ ᠲᠥᠷᠥᠯ ᠵᠦᠶ᠋ᠯ᠎ᠢ ᠱᠢᠯᠢᠨ ᠰᠣᠩᠭᠣᠵᠤ᠂ ᠵᠠᠷᠯᠠᠨ ᠨᠡᠢᠲᠡᠯᠡᠵᠦ᠍ ᠮᠠᠩᠯᠠᠢᠯᠠᠭᠴᠢ ᠤᠷᠢᠬᠤ ᠎ᠶ᠋ᠢ ᠬᠡᠷᠡᠭ᠌ᠵᠢᠭᠦᠯᠵᠦ᠍᠂ ᠨᠢᠭᠡ ᠪᠦᠯᠦᠭ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠎ᠦᠨ ᠱᠢᠪᠲᠤᠯᠤᠯᠲᠠ᠎ᠶ᠋ᠢ ᠴᠢᠷᠮᠠᠢᠨ ᠬᠢᠵᠦ᠍᠂ ᠨᠢᠭᠡ ᠪᠦᠯᠦᠭ ᠴᠢᠬᠤᠯᠠ ᠶᠡᠬᠡ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ᠎ᠢ ᠤᠯᠠᠷᠢᠭᠤᠯᠬᠤ ᠬᠡᠷᠡᠭ᠌ᠲᠡᠶ᠃ ᠭᠤᠷᠪᠠ᠎ᠳᠤ᠂ ᠬᠤᠤᠰ ᠬᠡᠯᠬᠢᠶᠡᠲᠦ ᠠᠭᠤᠰᠤᠯᠴᠠᠯ᠎ᠤᠨ ᠲᠦᠷᠢᠮ᠎ᠦᠨ ᠣᠷᠴᠢᠨ ᠨᠥᠬᠥᠴᠡᠯ᠎ᠢ ᠱᠢᠯᠢᠳᠡᠭ᠌ᠵᠢᠭᠦᠯᠦᠨ᠎ᠡ᠃ ᠲᠠᠭᠠᠭᠣᠯᠣᠭᠴᠢ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠲᠠᠪᠴᠠᠩ ᠪᠠᠢᠭᠤᠯᠬᠤ᠎ᠶ᠋ᠢ ᠵᠣᠷᠢᠭ᠍ᠵᠢᠭᠤᠯᠵᠤ᠂ ᠱᠢᠨᠵᠢᠯᠡᠬᠦ᠌ ᠤᠬᠠᠭᠠᠨ ᠲᠸᠭᠨᠢᠢᠡ᠋ ᠮᠡᠷᠭᠡᠵᠢᠯ᠎ᠦᠨ ᠬᠡᠯᠪᠡᠷᠢ᠎ᠶ᠋ᠢᠨ ᠠᠵᠤ ᠠᠬᠤᠢᠯᠠᠯ᠎ᠢ ᠪᠣᠢᠵᠢᠭᠤᠯᠤᠨ᠂ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢᠨ ᠡᠬᠢ ᠢᠷᠡᠯᠲᠡ᠎ᠶ᠋ᠢ ᠬᠥᠭ᠌ᠵᠢᠭᠡᠨ᠂ ᠱᠢᠨᠵᠢᠯᠡᠬᠦ᠌ ᠤᠬᠠᠭᠠᠨ ᠲᠸᠭᠨᠢᠢᠡ᠋ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠠᠩᠭᠠᠯᠭ᠎ᠠ᠎ᠶ᠋ᠢᠨ ᠴᠢᠳᠠᠪᠤᠷᠢ᠎ᠶ᠋ᠢ ᠴᠢᠩᠭᠠᠳᠬᠠᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面