2022-02-25 12:01:57
— ᠱᠢᠨ᠎ᠡ ᠵᠠᠮ᠎ᠢᠶᠠᠷ ᠭᠤᠢᠪᠢᠰᠢ ᠦᠭᠡᠢ ᠰᠠᠢᠲᠤᠷ ᠵᠠᠮᠨᠠᠬᠤ ᠲᠣᠬᠠᠢ ᠦᠬᠦᠯᠡᠬᠦ ᠨᠢ ④
ᠣᠯᠠᠮᠵᠢᠯᠠᠯᠳᠣ ᠡᠯᠧᠮᠧᠨ᠋ᠲ᠎ᠢᠶᠡᠷ ᠬᠥᠳᠡᠯᠭᠡᠭᠦᠷ ᠪᠣᠯᠭᠠᠵᠤ ᠪᠠᠢᠭ᠍ᠰᠠᠨ᠎ᠠᠴᠠ᠎ᠪᠠᠨ ᠦᠷ᠎ᠡ ᠠᠱᠢᠭ᠎ᠢᠶᠠᠷ ᠬᠥᠳᠡᠯᠭᠡᠭᠦᠷ ᠪᠣᠯᠭᠠᠬᠰᠠᠨ᠂ ᠲᠠᠬᠢᠨ ᠰᠢᠨ᠎ᠡ ᠵᠢ ᠡᠬᠦᠳᠬᠦ ᠪᠡᠷ ᠬᠦᠳᠡᠯᠬᠡᠬᠦᠷ ᠪᠣᠯᠭᠠᠬᠰᠠᠨ ᠬᠦᠷᠳᠡᠯ᠎ᠡ᠂ ᠴᠢᠨᠠᠷᠯᠢᠬ ᠰᠢᠨ᠎ᠡ ᠵᠢ ᠡᠬᠦᠳᠬᠦ ᠪᠡᠷ ᠴᠢᠨᠠᠷ ᠰᠠᠢᠳᠠᠢ ᠬᠦᠭᠵᠢᠯᠳᠡ ᠵᠢ ᠬᠦᠳᠦᠯᠦᠨ ᠲᠠᠭᠠᠭᠣᠯᠬᠣ ᠨᠢ ᠣᠳᠣᠬᠠᠨ᠎ᠦ ᠠᠵᠦ ᠠᠬᠣᠢ ᠵᠢᠨ ᠬᠦᠭᠵᠢᠯᠳᠡ ᠵᠢᠨ ᠬᠦᠨ ᠲᠠᠪᠬᠣᠷᠭ᠎ᠠ ᠵᠢᠨ ᠵᠣᠶ᠋ᠷᠢᠴᠠᠯ ᠪᠤᠯᠤᠨ ᠠᠰᠠᠭᠣᠳᠠᠯ ᠢ ᠰᠢᠢᠳᠪᠦᠷᠢᠯᠡᠬᠦ ᠵᠢᠨ 《ᠵᠠᠪᠠᠯ ᠰᠣᠩᠭᠣᠬᠤ ᠵᠦᠢᠯ》 ᠪᠣᠯᠬᠤ ᠪᠥᠭᠡᠳ ᠪᠠᠰᠠ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠠᠷᠭ᠎ᠠ ᠬᠡᠯᠪᠡᠷᠢ᠎ᠶ᠋ᠢ ᠲᠦᠷᠭᠡᠳᠭᠡᠨ ᠬᠤᠪᠢᠷᠠᠭᠤᠯᠬᠤ᠂ ᠬᠥᠭ᠌ᠵᠢᠯᠲᠡ᠎ᠶ᠋ᠢᠨ ᠶᠠᠰᠤ ᠴᠢᠨᠠᠷ ᠪᠣᠯᠤᠨ ᠦᠷ᠎ᠡ ᠠᠱᠢᠭ᠎ᠢ ᠳᠡᠭᠡᠭ᠌ᠰᠢᠯᠡᠭᠦᠯᠬᠦ᠌ 《ᠵᠠᠪᠠᠯ ᠬᠠᠷᠢᠭᠤᠯᠬᠤ ᠰᠡᠳᠦᠪ》 ᠪᠣᠯᠤᠨ᠎ᠠ᠃ ᠱᠢᠨ᠎ᠡ ᠵᠠᠮ᠎ᠢᠶᠠᠷ ᠭᠤᠢᠪᠢᠰᠢ ᠦᠭᠡᠢ ᠰᠠᠢᠲᠤᠷ ᠵᠠᠮᠨᠠᠬᠤ᠎ᠳᠤ᠂ ᠡᠷᠬᠡᠪᠰᠢ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠵᠤ ᠬᠦᠭᠵᠢᠯᠳᠡ ᠵᠢ ᠲᠦᠷᠭᠡᠳᠬᠡᠬᠦ ᠬᠡᠷᠡᠭᠳᠡᠢ᠃
《ᠥᠪᠥᠷ ᠮᠣᠩᠭᠣᠯ ᠨᠢᠭᠡᠳᠦᠭᠡᠷ》 ᠠᠯᠤᠰ ᠰᠡᠷᠡᠯ᠎ᠦᠨ ᠳᠠᠭᠠᠭᠤᠯᠢ ᠤᠳᠤ ᠣᠭ᠍ᠲᠠᠷᠭᠤᠢ᠎ᠳᠤ ᠳᠡᠭᠦᠯᠢᠵᠦ᠍᠂ ᠮᠠᠨ᠎ᠤ ᠣᠷᠣᠨ᠎ᠤ ᠪᠦᠬᠦ᠌ ᠲᠠᠯ᠎ᠠ᠎ᠶ᠋ᠢᠨ᠂ ᠪᠣᠰᠣᠭ᠎ᠠ ᠴᠣᠭ᠍ᠴᠠᠲᠤ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠴᠣᠭ᠍ᠴᠠᠯᠠᠬᠤ᠎ᠳᠤ ᠬᠦᠴᠦᠲᠡᠢ ᠲᠤᠯᠭᠠᠭᠤᠷᠢᠯᠠᠯ ᠬᠠᠩᠭᠠᠪᠡ᠃ ᠤᠢ ᠱᠢᠭᠤᠢ᠎ᠶ᠋ᠢᠨ ᠨᠡᠭᠦᠷᠡᠰᠦᠲᠥ᠋ᠷᠥᠭ᠌ᠴᠢ᠎ᠶ᠋ᠢ ᠱᠢᠩᠭᠡᠭᠡᠨ ᠠᠪᠬᠤ ᠲᠦᠷᠦᠯ ᠵᠦᠢᠯ᠎ᠦᠨ ᠣᠷᠣᠨ ᠵᠠᠢ᠎ᠶ᠋ᠢᠨ ᠬᠠᠮᠢᠶᠠᠷᠤᠯᠲᠠ᠎ᠶ᠋ᠢᠨ ᠳ᠋ᠠᠢᠲ᠋ᠠ ᠬᠥᠮᠥᠷᠭᠡ᠎ᠶ᠋ᠢ ᠡᠭᠦᠳᠦᠨ ᠪᠠᠢᠭᠤᠯᠵᠤ᠂ ᠤᠯᠤᠰ᠎ᠤᠨ ᠳᠣᠲᠣᠭᠠᠳᠤ᠎ᠶ᠋ᠢᠨ ᠤᠢ ᠱᠢᠭᠤᠢ᠎ᠶ᠋ᠢᠨ ᠨᠡᠭᠦᠷᠡᠰᠦᠲᠥ᠋ᠷᠥᠭ᠌ᠴᠢ᠎ᠶ᠋ᠢ ᠱᠢᠩᠭᠡᠭᠡᠨ ᠠᠪᠬᠤ ᠡᠬᠢ ᠪᠠᠶᠠᠯᠢᠭ᠎ᠢ ᠣᠨᠣᠴᠠᠲᠠᠢ ᠬᠠᠮᠢᠶᠠᠷᠬᠤ ᠠᠩᠬᠠᠨ᠎ᠤ ᠵᠠᠮ᠎ᠢ ᠨᠡᠭᠡᠭᠡᠪᠡ ᠃ ᠠᠽᠢᠶ᠎ᠠ ᠲᠢᠪ᠎ᠦᠨ ᠬᠠᠮᠤᠭ᠎ᠤᠨ ᠶᠡᠬᠡ ᠰᠦᠨ ᠬᠦᠴᠢᠯ᠎ᠦᠨ ᠪᠠᠺᠲ᠋ᠧᠷᠢ᠎ᠶ᠋ᠢᠨ ᠦᠷ᠎ᠡ᠎ᠶ᠋ᠢᠨ ᠡᠬᠢ ᠪᠠᠶᠠᠯᠢᠭ᠎ᠤᠨ ᠬᠥᠮᠥᠷᠭᠡ᠎ᠶ᠋ᠢ ᠪᠠᠢᠭᠤᠯᠵᠤ᠂ ᠰᠦ᠎ᠶ᠋ᠢᠨ ᠦᠶ᠋ᠯᠡᠰ᠎ᠦᠨ ᠦᠷᠭᠦᠯᠵᠢᠯᠡᠬᠦ᠌ ᠬᠥᠭ᠌ᠵᠢᠯᠲᠡ᠎ᠶ᠋ᠢ ᠬᠦᠴᠦᠲᠡᠶ ᠠᠬᠢᠭᠤᠯᠪᠡ ᠁ ᠱᠢᠨ᠎ᠡ᠎ᠶ᠋ᠢ ᠡᠭᠦᠳᠬᠦ᠌᠎ᠪᠡᠷ ᠬᠥᠭ᠌ᠵᠢᠯᠲᠡ᠎ᠶ᠋ᠢ ᠬᠥᠲᠥᠯᠥᠨ ᠳᠠᠭᠠᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠳᠦ ᠲᠦᠰᠢᠭᠯᠡᠵᠦ᠂ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠨ ᠬᠦᠭᠵᠢᠯᠳᠡ ᠵᠢ ᠲᠦᠷᠭᠡᠳᠬᠡᠨ᠂ ᠥᠪᠥᠷ ᠮᠣᠩᠭᠣᠯ ᠱᠢᠨ᠎ᠡ ᠵᠠᠮ᠎ᠢᠶᠠᠷ ᠭᠤᠢᠪᠢᠰᠢ ᠥᠬᠡᠶ ᠵᠠᠮᠨᠠᠯ᠎ᠠ᠃
ᠣᠯᠠᠮᠵᠢᠯᠠᠯᠳᠣ ᠡᠯᠧᠮᠧᠨ᠋ᠲ᠎ᠢᠶᠡᠷ ᠬᠥᠳᠡᠯᠭᠡᠭᠦᠷ ᠪᠣᠯᠭᠠᠵᠤ ᠪᠠᠢᠭ᠍ᠰᠠᠨ᠎ᠠᠴᠠ᠎ᠪᠠᠨ ᠦᠷ᠎ᠡ ᠠᠱᠢᠭ᠎ᠢᠶᠠᠷ ᠬᠥᠳᠡᠯᠭᠡᠭᠦᠷ ᠪᠣᠯᠭᠠᠬᠰᠠᠨ᠂ ᠲᠠᠬᠢᠨ ᠰᠢᠨ᠎ᠡ ᠵᠢ ᠡᠬᠦᠳᠬᠦ ᠪᠡᠷ ᠬᠦᠳᠡᠯᠬᠡᠬᠦᠷ ᠪᠣᠯᠭᠠᠬᠰᠠᠨ ᠬᠦᠷᠳᠡᠯ᠎ᠡ᠂ ᠴᠢᠨᠠᠷᠯᠢᠬ ᠰᠢᠨ᠎ᠡ ᠵᠢ ᠡᠬᠦᠳᠬᠦ ᠪᠡᠷ ᠴᠢᠨᠠᠷ ᠰᠠᠢᠳᠠᠢ ᠬᠦᠭᠵᠢᠯᠳᠡ ᠵᠢ ᠬᠦᠳᠦᠯᠦᠨ ᠲᠠᠭᠠᠭᠣᠯᠬᠣ ᠨᠢ ᠣᠳᠣᠬᠠᠨ᠎ᠤ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠭᠦᠨ ᠳᠠᠪᠬᠤᠷᠭ᠎ᠠ᠎ᠶ᠋ᠢᠨ ᠵᠥᠷᠢᠴᠡᠯ ᠪᠣᠯᠤᠨ ᠠᠰᠠᠭᠤᠳᠠᠯ᠎ᠢ ᠱᠢᠢᠳᠪᠦᠷᠢᠯᠡᠬᠦ᠌ 《ᠵᠠᠪᠠᠯ ᠰᠣᠩᠭᠣᠬᠤ ᠵᠦᠢᠯ》 ᠪᠣᠯᠬᠤ ᠪᠥᠭᠡᠳ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠠᠷᠭ᠎ᠠ ᠬᠡᠯᠪᠡᠷᠢ᠎ᠶ᠋ᠢ ᠲᠦᠷᠭᠡᠳᠭᠡᠨ ᠬᠤᠪᠢᠷᠠᠭᠤᠯᠬᠤ᠂ ᠬᠥᠭ᠌ᠵᠢᠯᠲᠡ᠎ᠶ᠋ᠢᠨ ᠶᠠᠰᠤ ᠴᠢᠨᠠᠷ ᠪᠣᠯᠤᠨ ᠦᠷ᠎ᠡ ᠠᠱᠢᠭ᠎ᠢ ᠳᠡᠭᠡᠭ᠌ᠰᠢᠯᠡᠭᠦᠯᠬᠦ᠌ 《ᠵᠠᠪᠠᠯ ᠬᠠᠷᠢᠭᠤᠯᠬᠤ ᠰᠡᠳᠦᠪ》 ᠪᠣᠯᠤᠨ᠎ᠠ᠃ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠣ ᠪᠣᠬᠢᠷᠲᠤᠯ ᠦᠭᠡᠢ ᠬᠥᠭ᠌ᠵᠢᠯᠳᠡ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠭᠤᠢᠪᠢᠰᠢ ᠦᠭᠡᠢ ᠰᠠᠢᠲᠤᠷ ᠵᠠᠮᠨᠠᠬᠤ᠎ᠳᠤ᠂ ᠡᠷᠬᠡᠪᠰᠢ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠵᠤ ᠬᠦᠭᠵᠢᠯᠳᠡ ᠵᠢ ᠲᠦᠷᠭᠡᠳᠬᠡᠬᠦ ᠬᠡᠷᠡᠭᠳᠡᠢ᠃ ᠣᠷᠴᠢᠮ᠎ᠤᠨ ᠵᠢᠯ᠂ ᠮᠠᠨ᠎ᠤ ᠣᠷᠣᠨ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠪᠠᠷ ᠦᠨᠳᠦᠰᠦᠨ ᠵᠢᠷᠤᠮᠯᠠᠯ ᠪᠣᠯᠭᠠᠪᠠ᠂ ᠨᠠᠮ᠎ᠤᠨ ᠲᠥᠪ ᠬᠣᠷᠢᠶ᠎ᠠ᠂ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠴᠢᠬᠤᠯᠠ ᠶᠡᠬᠡ ᠱᠢᠶ᠋ᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠱᠢᠨ᠎ᠡ᠎ᠶ᠋ᠢ ᠡᠭᠦᠳᠬᠦ᠌᠎ᠪᠡᠷ ᠬᠥᠭ᠌ᠵᠢᠯᠲᠡ᠎ᠶ᠋ᠢᠨ ᠬᠥᠳᠡᠯᠭᠡᠭᠦᠷ ᠪᠣᠯᠭᠠᠬᠤ ᠪᠠᠢᠯᠳᠤᠬᠤ ᠪᠤᠳᠤᠯᠭ᠎ᠠ᠎ᠶ᠋ᠢ ᠭᠦᠨᠵᠡᠭᠡᠢ ᠬᠡᠷᠡᠭ᠌ᠵᠢᠭᠦᠯᠪᠡ᠃《ᠱᠢᠨᠵᠢᠯᠡᠬᠦ᠌ ᠤᠬᠠᠭᠠᠨ ᠲᠸᠭᠨᠢᠢᠡ ᠮᠡᠷᠭᠡᠵᠢᠯ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ》᠎ᠶ᠋ᠢ ᠲᠦᠷᠭᠡᠳᠭᠡᠨ ᠠᠬᠢᠭᠤᠯᠵᠦ᠂ᠠᠵᠤᠦᠢᠯᠡᠰᠦᠨᠬᠡᠯᠬᠢᠶᠡᠬᠠᠩᠭᠠᠯᠭᠠᠶ᠋ᠢᠨᠬᠡᠯᠬᠢᠶᠡᠱᠢᠨᠡᠶ᠋ᠢᠡᠭᠦᠳᠬᠦ᠌ᠬᠡᠯᠬᠢᠶᠡᠵᠢ ᠲᠦᠷᠭᠡᠨ ᠠᠭᠤᠰᠤᠯᠴᠠᠭᠣᠯᠪᠠ᠃《ᠨᠡᠭᠡᠭᠡᠯᠲᠡ ᠬᠢᠵᠦ᠍ ᠬᠠᠮᠲᠤᠷᠠᠯᠴᠠᠨ ᠱᠢᠨ᠎ᠡ᠎ᠶ᠋ᠢ ᠡᠭᠦᠳᠬᠦ᠌》 ᠨᠢ ᠶᠠᠭ ᠬᠦᠴᠦᠲᠦ ᠰᠣᠷᠢᠨᠵᠢᠨ ᠮᠡᠲᠦ᠍ ᠪᠠᠢᠵᠦ᠂ ᠪᠦᠬᠦ᠌ ᠤᠯᠤᠰ᠎ᠤᠨ ᠴᠢᠨᠠᠷ ᠰᠠᠢᠲᠠᠢ ᠱᠢᠨ᠎ᠡ᠎ᠶ᠋ᠢ ᠡᠭᠦᠳᠬᠦ᠌ ᠡᠬᠢ ᠪᠠᠶᠠᠯᠢᠭ᠎ᠢ ᠥᠪᠥᠷ ᠮᠣᠩᠭᠣᠯ᠎ᠳᠤ ᠲᠥᠪᠯᠡᠷᠡᠭᠦᠯᠵᠦ ᠭᠤᠤᠯᠳᠠᠯᠭ᠎ᠠ᠎ᠲᠠᠶ ᠠᠵᠤ ᠦᠶ᠋ᠯᠡᠰ᠂ ᠭᠣᠣᠯᠳᠠᠯᠭ᠎ᠠ ᠲᠠᠢ ᠬᠦᠷᠢᠶ᠎ᠡ ᠵᠢᠨ ᠰᠢᠨᠵᠢᠯᠡᠬᠦ ᠣᠬᠠᠭᠠᠨ ᠲᠸᠭᠨᠢᠢᠡ᠋ ᠮᠡᠷᠭᠡᠵᠢᠯ᠎ᠦᠨ ᠰᠢᠨ᠎ᠠ ᠵᠢ ᠡᠬᠦᠳᠬᠦ ᠵᠢᠨ ᠪᠦᠳᠦᠮᠵᠢᠳᠡᠢ ᠬᠠᠩᠭᠠᠯᠭ᠎ᠠ ᠵᠢ ᠪᠡᠶᠡᠯᠡᠭᠦᠯᠵᠦ᠂ ᠥᠪᠥᠷ ᠮᠣᠩᠭᠣᠯ᠎ᠤᠨ ᠠᠮᠢ ᠠᠬᠤᠶ᠎ᠶ᠋ᠢ ᠣᠷᠢᠳ ᠵᠢᠡᠷ ᠪᠣᠳᠣᠯᠬᠢᠯᠠᠬᠣ ᠪᠣᠬᠢᠷᠲᠤᠯ ᠦᠭᠡᠢ ᠬᠥᠭ᠌ᠵᠢᠯᠲᠡ ᠪᠡᠷ ᠤᠳᠤᠷᠢᠳᠤᠮᠵᠢ ᠪᠣᠯᠭᠠᠬᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠵᠢᠡᠷ ᠰᠠᠢᠳᠣᠷ ᠵᠠᠮᠨᠠᠬᠣ᠎ᠳᠦ ᠬᠦᠴᠦᠲᠡᠢ ᠲᠤᠯᠭᠠᠭᠤᠷᠢᠯᠠᠯ ᠬᠠᠩᠭᠠᠪᠠ᠃
ᠣᠳᠣᠬᠠᠨ᠎ᠤ ᠳᠡᠯᠡᠬᠡᠢ ᠶᠢᠷᠲᠢᠨᠴᠦ᠍ ᠶᠠᠭ ᠵᠠᠭᠤᠨ ᠵᠢᠯ᠎ᠳᠦ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ᠎ᠶ᠋ᠢ ᠥᠩᠭᠡᠷᠡᠭᠡᠵᠦ᠍ ᠪᠠᠢᠨ᠎ᠠ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠣᠯ ᠲᠡᠭᠦᠨ᠎ᠦ ᠳᠣᠲᠣᠷᠠᠬᠢ ᠨᠢᠭᠡᠨ 《ᠵᠠᠩᠭᠢᠯᠠᠭ᠎ᠠ᠎ᠶ᠋ᠢᠨ ᠬᠤᠪᠢᠰᠤᠭ᠍ᠴᠢ ᠬᠡᠮᠵᠢᠭ᠌ᠳᠡᠬᠦᠨ》 ᠪᠣᠯᠤᠨ᠎ᠠ᠂ ᠬᠡᠨ ᠲᠡᠭᠦᠨ᠎ᠢ ᠪᠠᠲᠤ ᠠᠳᠭᠤᠵᠤ᠂ ᠰᠠᠢᠲᠤᠷ ᠬᠡᠷᠡᠭ᠌ᠯᠡᠪᠡᠯ᠂ ᠲᠡᠷᠡ ᠳᠠᠷᠤᠢ ᠠᠵᠠ ᠲᠣᠬᠢᠶᠠᠯ᠎ᠢ ᠠᠮᠵᠢᠵᠤ᠂ ᠰᠠᠨᠠᠭᠠᠴᠢᠯᠠᠭᠠᠲᠤ ᠡᠷᠬᠡ᠎ᠶ᠋ᠢ ᠣᠯᠵᠤ ᠴᠢᠳᠠᠨ᠎ᠠ᠃ ᠥᠪᠥᠷ ᠮᠣᠩᠭᠣᠯ᠎ᠳᠤ ᠠᠪᠴᠤ᠌ ᠬᠡᠯᠡᠪᠡᠯ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠴᠢᠩᠭᠠᠳᠭᠠᠬᠤ᠎ᠶ᠋ᠢ 《ᠱᠢᠪᠲᠤᠯᠤᠯᠲᠠ》᠎ᠶ᠋ᠢᠨ ᠤᠳᠤᠷᠢᠳᠤᠮᠵᠢ ᠪᠠ ᠭᠠᠷᠳᠠᠴᠠ ᠪᠣᠯᠭᠠᠵᠤ᠂ ᠱᠢᠨ᠎ᠡ᠎ᠶ᠋ᠢ ᠡᠭᠦᠳᠬᠦ᠌ ᠮᠠᠶᠢᠭ᠎ᠤᠨ ᠥᠪᠥᠷ ᠮᠣᠩᠭᠣᠯ᠎ᠤᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠵᠦ᠍᠂ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ》 ᠠᠵᠢᠯᠯᠠᠭ᠎ᠠ᠎ᠪᠠᠷ ᠶᠡᠷᠦᠩᠬᠡᠢᠯᠡᠨ ᠵᠢᠯᠣᠭᠣᠳᠣᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠰᠠᠢᠲᠤᠷ ᠬᠢᠵᠦ᠍᠂ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠭ᠍ᠰᠠᠨ ᠬᠥᠭ᠌ᠵᠢᠯᠲᠡ᠎ᠶ᠋ᠢᠨ ᠱᠢᠨ᠎ᠡ ᠳᠠᠪᠠᠭᠤᠯᠢᠭ᠎ᠢ ᠪᠣᠶ ᠪᠣᠯᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠡᠨᠡ ᠬᠦ᠌ 《ᠵᠠᠩᠭᠢᠯᠠᠭ᠎ᠠ᠎ᠶ᠋ᠢᠨ ᠬᠤᠪᠢᠰᠤᠭ᠍ᠴᠢ ᠬᠡᠮᠵᠢᠭ᠌ᠳᠡᠬᠦᠨ》 ᠢ ᠴᠢᠨᠠᠷ ᠰᠠᠢᠲᠠᠶ ᠬᠥᠭ᠌ᠵᠢᠯᠲᠡ᠎ᠶ᠋ᠢᠨ 《 ᠬᠠᠮᠤᠭ᠎ᠤᠨ ᠶᠡᠬᠡ ᠨᠡᠮᠡᠭ᠌ᠳᠡᠯ ᠬᠡᠮᠵᠢᠶ᠎ᠡ》 ᠪᠣᠯᠭᠠᠪᠠᠯ᠂ ᠠᠵᠤ ᠠᠬᠤᠶ᠎ᠶ᠋ᠢᠨ ᠬᠥᠭ᠌ᠵᠢᠯᠲᠡ ᠳᠤᠮᠳᠠᠬᠢ ᠯᠤᠲᠤ ᠶᠡᠬᠡ ᠳᠠᠯᠳᠠ ᠬᠦᠴᠦᠨ ᠪᠠ ᠬᠦᠴᠦᠷᠬᠡᠭ ᠶᠡᠬᠡ ᠬᠥᠳᠡᠯᠭᠡᠬᠦ᠌ ᠡᠨᠧᠷᠭᠢ᠎ᠶ᠋ᠢ ᠭᠦᠶ᠋ᠴᠡᠳ ᠪᠠᠳᠠᠷᠠᠭᠤᠯᠵᠤ᠂ ᠨᠠᠩ ᠴᠢᠨᠠᠷ ᠰᠠᠢᠲᠠᠶ᠂ ᠨᠠᠩ ᠦᠷ᠎ᠡ ᠪᠦᠲᠦᠮᠵᠢᠲᠡᠶ᠂ ᠨᠠᠩ ᠦᠷᠭᠦᠯᠵᠢᠯᠡᠬᠦ᠌᠂ ᠨᠠᠩ ᠠᠮᠤᠷ ᠲᠦᠪᠰᠢᠨ ᠬᠦᠭᠵᠢᠯᠳᠡ ᠵᠢ ᠪᠡᠶᠡᠯᠡᠬᠦᠯᠵᠦ ᠴᠢᠳᠠᠨ᠎ᠠ᠃
ᠴᠢᠨᠠᠷᠯᠢᠬ ᠱᠢᠨ᠎ᠡ ᠡᠭᠦᠳᠬᠦ᠎ᠪᠡᠷ ᠴᠢᠨᠠᠷ ᠰᠠᠢᠲᠠᠶ ᠬᠥᠭ᠌ᠵᠢᠯᠲᠡ᠎ᠶ᠋ᠢ ᠬᠥᠲᠥᠯᠥᠨ ᠳᠠᠭᠠᠭᠤᠯᠬᠤ᠎ᠳᠤ᠂ ᠣᠢᠯᠠᠭᠠᠭ᠍ᠳᠠᠬᠤᠨ᠎ᠤ ᠬᠦᠯᠢᠶᠡᠰᠦᠯᠡᠯ᠎ᠢ ᠡᠪᠳᠡᠵᠦ᠍᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠡᠷᠡᠰ ᠭᠤᠢᠪᠢᠰᠢ ᠥᠬᠡᠶ ᠲᠤᠭᠤᠱᠢᠯᠠᠭᠤᠯᠬᠤ ᠳᠤᠮᠳᠠ ᠬᠥᠭ᠌ᠵᠢᠯᠲᠡ᠎ᠶ᠋ᠢᠨ ᠠᠷᠭ᠎ᠠ ᠵᠠᠮ᠂ ᠬᠥᠭ᠌ᠵᠢᠯᠲᠡ᠎ᠶ᠋ᠢᠨ ᠠᠷᠭ᠎ᠠ ᠬᠡᠯᠪᠡᠷᠢ᠂ ᠬᠥᠭ᠌ᠵᠢᠯᠲᠡ᠎ᠶ᠋ᠢᠨ ᠬᠠᠷᠠᠯᠲᠠ᠎ᠶ᠋ᠢᠨ ᠪᠥᠬᠥ᠌ ᠲᠠᠯ᠎ᠠ᠎ᠶ᠋ᠢᠨ ᠬᠤᠪᠢᠷᠠᠯᠲᠠ᠎ᠶ᠋ᠢ ᠬᠠᠮᠲᠤᠳᠤᠨᠢ ᠬᠠᠷᠠᠭᠠᠯᠵᠠᠵᠤ᠂ ᠠᠵᠤ ᠦᠶ᠋ᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢ ᠴᠢᠩᠭ᠎ᠠ ᠡᠵᠡᠮᠳᠡᠨ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢ ᠪᠠᠢᠷᠢᠯᠠᠭᠤᠯᠵᠤ᠂ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠎ᠦᠨ ᠪᠣᠭᠣᠮᠲᠠ ᠱᠢᠪᠲᠤᠯᠬᠤ ᠡᠷᠴᠢᠮ᠎ᠢ ᠴᠢᠩᠭᠠᠷᠠᠭᠤᠯᠤᠨ᠂ ᠦᠶ᠋ᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ᠎ᠤ ᠭᠦᠨᠵᠡᠭᠡᠶ ᠠᠭᠤᠰᠤᠯᠴᠠᠯ᠎ᠢ ᠲᠦᠷᠭᠡᠳᠭᠡᠨ ᠠᠬᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠨᠳᠤᠤᠱᠢᠭᠤᠯᠤᠨ ᠬᠡᠷᠡᠭ᠌ᠯᠡᠬᠦ᠌᠎ᠶ᠋ᠢ ᠲᠦᠷᠭᠡᠳᠭᠡᠬᠦ᠌ ᠬᠡᠷᠡᠭ᠌ᠲᠡᠶ; ᠱᠢᠨ᠎ᠡ᠎ᠶ᠋ᠢ ᠡᠭᠦᠳᠬᠦ᠌ ᠲᠠᠪᠴᠠᠩ᠎ᠤᠨ ᠱᠢᠰᠲ᠋ᠧᠮ᠎ᠢ ᠲᠡᠭᠦᠯᠳᠡᠷᠵᠢᠭᠦᠯᠵᠦ᠍᠂ ᠨᠢᠭᠡ ᠪᠦᠯᠦᠭ ᠭᠣᠣᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ ᠪᠠ ᠱᠢᠨ᠎ᠡ ᠬᠡᠯᠪᠡᠷᠢ᠎ᠶ᠋ᠢᠨ ᠰᠤᠳᠤᠯᠤᠨ ᠨᠡᠭᠡᠭᠡᠬᠦ᠌ ᠪᠠᠢᠭᠤᠯᠤᠮᠵᠢ᠎ᠶ᠋ᠢ ᠪᠠᠢᠷᠢᠱᠢᠭᠤᠯᠤᠨ᠎ᠠ; ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠭᠣᠣᠯ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠴᠢᠩᠭᠠᠳᠭᠠᠵᠤ᠂ ᠬᠡᠪᠴᠢᠶᠡᠵᠢᠯᠡᠴᠡᠳᠡᠭᠡᠭ᠌ᠰᠢᠬᠢᠠᠵᠤᠦᠢᠯᠡᠳᠪᠦᠷᠢᠶ᠋ᠢᠨᠠᠵᠤᠠᠬᠤᠢᠯᠠᠯᠤᠨᠰᠤᠳᠤᠯᠤᠨ ᠨᠡᠭᠡᠭᠡᠬᠦ᠌ ᠠᠵᠢᠯᠯᠠᠭ᠎ᠠ᠎ᠶ᠋ᠢᠨ ᠪᠦᠬᠦᠨ᠎ᠢ ᠬᠠᠮᠤᠷᠬᠤ᠎ᠶ᠋ᠢ ᠠᠬᠢᠭᠤᠯᠵᠤ᠂ ᠬᠤᠪᠢᠷᠠᠯᠲᠠ᠎ᠶ᠋ᠢᠨ ᠳᠤᠮᠳᠠ ᠱᠢᠨ᠎ᠡ ᠠᠵᠠ ᠲᠣᠬᠢᠶᠠᠯ᠎ᠢ ᠡᠭᠦᠳᠴᠦ᠍᠂ ᠱᠢᠨ᠎ᠡ ᠪᠠᠢᠳᠠᠯ᠎ᠢ ᠡᠭᠦᠳᠦᠨ᠎ᠡ᠃
ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠠᠢᠭᠤᠯᠤᠯ᠎ᠤᠨ ᠥᠭᠡᠷᠡᠴᠢᠯᠡᠯᠲᠡ᠎ᠶ᠋ᠢ ᠭᠦᠨᠵᠡᠭᠡᠢ ᠠᠬᠢᠭᠤᠯᠵᠤ᠂ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠶ᠋ᠢᠨ ᠨᠡᠮᠡᠭ᠌ᠳᠡᠯ᠎ᠦᠨ ᠲᠣᠭ᠍ᠲᠠᠴᠠ ᠪᠠ ᠨᠡᠢᠭᠡᠮ᠎ᠦᠨ ᠤᠯᠠᠨ ᠠᠷᠭ᠎ᠠ ᠵᠠᠮ᠎ᠢᠶᠠᠷ ᠪᠡᠯᠡ ᠣᠷᠣᠭᠤᠯᠤᠯᠲᠠ ᠬᠢᠬᠦ᠌᠎ᠶ᠋ᠢ ᠤᠷᠮᠠᠱᠢᠭᠤᠯᠤᠨ ᠵᠣᠷᠢᠭ᠍ᠵᠢᠭᠤᠯᠬᠤ ᠲᠣᠭ᠍ᠲᠠᠴᠠ᠎ᠶ᠋ᠢ ᠪᠠᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠨᠡᠯᠡᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠦᠨ᠂ ᠲᠡᠷᠢᠭᠦᠨ᠎ᠦ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠴᠢᠳᠠᠪᠤᠷᠢᠲᠠᠨ ᠪᠠ ᠱᠢᠨ᠎ᠡ᠎ᠶ᠋ᠢ ᠡᠭᠦᠳᠬᠦ᠌ ᠪᠦᠯᠬᠦᠮ ᠨᠡᠢᠲᠡ᠎ᠶ᠋ᠢ ᠲᠠᠳᠠᠨ ᠠᠪᠴᠢᠷᠠᠬᠤ ᠢᠨᠵᠧᠨᠧᠷᠢᠩ᠎ᠢ ᠬᠡᠷᠡᠭ᠌ᠵᠢᠭᠦᠯᠵᠦ᠍᠂ ᠡᠯ᠎ᠡ ᠲᠦᠷᠦᠯ᠎ᠦᠨ ᠱᠢᠨ᠎ᠡ᠎ᠶ᠋ᠢ ᠡᠭᠦᠳᠬᠦ᠌ ᠡᠬᠢ ᠪᠠᠶᠠᠯᠢᠭ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠲᠥᠪᠯᠡᠷᠡᠭᠦᠯᠦᠨ ᠰᠠᠢᠲᠤᠷ ᠬᠡᠷᠡᠭ᠌ᠯᠡᠬᠦ᠌ ᠬᠡᠷᠡᠭ᠌ᠲᠡᠢ᠃ ᠱᠢᠨᠵᠢᠯᠡᠬᠦ᠌ ᠤᠬᠠᠭᠠᠨ᠎ᠤ ᠵᠣᠷᠢᠭ ᠰᠠᠨᠠᠭ᠎ᠠ᠂ ᠱᠢᠨᠵᠢᠯᠡᠬᠦ᠌ ᠤᠬᠠᠭᠠᠨᠲᠠᠨ᠎ᠤ ᠵᠣᠷᠢᠭ ᠰᠠᠨᠠᠭ᠎ᠠ᠎ᠶ᠋ᠢ ᠶᠡᠬᠡᠪᠡᠷ ᠪᠠᠳᠠᠷᠠᠭᠤᠯᠵᠤ᠂ ᠱᠢᠨ᠎ᠡ᠎ᠶ᠋ᠢ ᠡᠭᠦᠳᠬᠦ᠌᠎ᠶ᠋ᠢ ᠡᠷᠬᠢᠮᠯᠡᠬᠦ᠌᠂ ᠱᠢᠨ᠎ᠡ᠎ᠶ᠋ᠢ ᠡᠭᠦᠳᠬᠦ᠌᠎ᠶ᠋ᠢ ᠵᠣᠷᠢᠭ᠍ᠵᠢᠭᠤᠯᠬᠤ᠂ ᠱᠢᠨ᠎ᠡ᠎ᠶ᠋ᠢ ᠡᠭᠦᠳᠬᠦ᠌᠎ᠶ᠋ᠢ ᠪᠠᠭ᠍ᠲᠠᠭᠠᠬᠤ ᠨᠡᠢᠭᠡᠮ᠎ᠦᠨ ᠠᠭᠤᠷ ᠠᠮᠢᠰᠭᠤᠯ᠎ᠢ ᠪᠤᠢ ᠪᠣᠯᠭᠠᠵᠤ᠂ ᠱᠢᠨ᠎ᠡ᠎ᠶ᠋ᠢ ᠡᠭᠦᠳᠬᠦ᠌ ᠴᠢᠳᠠᠪᠤᠷᠢᠲᠠᠨ ᠴᠤᠭ᠍ᠯᠠᠷᠠᠭ᠍ᠰᠠᠨ ᠴᠢᠩᠭ᠎ᠠ ᠰᠣᠷᠢᠨᠵᠢᠨ ᠲᠠᠯᠠᠪᠠᠢ᠎ᠶ᠋ᠢ ᠬᠦᠴᠦᠯᠡᠨ ᠪᠠᠢᠭᠤᠯᠵᠤ᠂ ᠨᠡᠩ ᠤᠯᠠᠨ ᠴᠢᠳᠠᠪᠣᠷᠢᠳᠠᠨ᠎ᠢ ᠥᠪᠥᠷ ᠮᠣᠩᠭᠣᠯ᠎ᠤᠨ ᠡᠨᠡ ᠬᠦ᠌ ᠦᠩ ᠱᠢᠮᠡᠯᠢᠭ ᠬᠥᠷᠥᠰᠥᠨ ᠳᠡᠭᠡᠷ᠎ᠡ ᠥᠷᠢᠰᠥᠯᠳᠦᠭᠦᠯᠦᠨ ᠳᠠᠪᠬᠢᠭᠤᠯᠤᠨ᠎ᠠ᠃
ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠵᠤ ᠭᠦᠭᠵᠢᠯᠳᠡ ᠵᠢ ᠲᠦᠷᠭᠡᠳᠬᠡᠪᠡᠯ᠂ ᠥᠪᠥᠷ ᠮᠣᠩᠭᠣᠯ ᠯᠠᠪᠲᠠᠢ ᠨᠡᠩ ᠲᠠᠲᠠᠬᠤ ᠬᠦᠴᠦᠨ᠎ᠲᠡᠶ ᠂ ᠨᠡᠩ ᠬᠥᠳᠡᠯᠭᠡᠬᠦ᠌ ᠬᠦᠴᠦᠨ᠎ᠲᠡᠶ᠂ ᠨᠡᠩ ᠠᠮᠢᠵᠢᠷᠠᠯ᠎ᠤᠨ ᠬᠦᠴᠦᠨ᠎ᠲᠡᠶ ᠪᠣᠯᠬᠤ᠎ᠶ᠋ᠢ ᠪᠢᠳᠡ ᠪᠠᠲᠤ ᠢᠲᠡᠭᠡᠵᠦ᠍ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃