2022-02-25 11:52:25
ᠦᠪᠡᠷᠳᠡᠭᠡᠨ ᠵᠠᠰᠠᠬᠣ ᠣᠷᠣᠨ᠎ᠦ ᠠᠷᠪᠠᠨ ᠨᠢᠭᠡᠳᠦᠭᠡᠷ ᠣᠳᠠᠭ᠎ᠠ ᠵᠢᠨ ᠨᠠᠮ᠎ᠦᠨ ᠲᠦᠯᠦᠭᠡᠯᠡᠭᠴᠢᠳ᠎ᠦᠨ ᠶᠡᠬᠡ ᠬᠣᠷᠠᠯ᠎ᠡᠴᠡ ᠦᠪᠣᠷ ᠮᠣᠩᠭᠣᠯ ᠡᠨ᠋ᠸᠷᠬᠢ ᠵᠢᠨ ᠬᠣᠪᠢᠰᠬᠠᠯᠢ ᠬᠦᠨᠵᠡᠭᠡᠢ ᠠᠬᠢᠭᠣᠯᠵᠦ᠂ ᠣᠯᠣᠰ᠎ᠦᠨ ᠣᠳᠣ ᠦᠶ᠎ᠡ ᠵᠢᠨ ᠡᠨ᠋ᠸᠷᠬᠢ ᠵᠢᠨ ᠠᠵᠦ ᠠᠬᠣᠢ ᠵᠢᠨ ᠵᠢᠱ᠌ᠢᠶ᠎ᠡ ᠦᠵᠡᠬᠦᠯᠬᠦ ᠣᠷᠣᠨ᠎ᠢ ᠪᠠᠢᠭᠣᠯᠵᠦ᠂ ᠦᠪᠣᠷ ᠮᠣᠩᠭᠣᠯ ᠢ ᠴᠢᠯᠠᠭᠣᠵᠢᠮᠠᠯ ᠡᠨ᠋ᠸᠷᠬᠢ ᠵᠢᠨ ᠲᠣᠮᠣ ᠣᠷᠣᠨ ᠡᠴᠡ ᠴᠡᠪᠡᠷ ᠡᠨ᠋ᠸᠷᠬᠢ ᠵᠢᠨ ᠲᠣᠮᠣ ᠣᠷᠣᠨ ᠪᠣᠯᠭᠠᠨ ᠬᠣᠪᠢᠷᠠᠭᠣᠯᠬᠣ ᠵᠢ ᠠᠬᠢᠭᠣᠯᠣᠨ᠎ᠠ ᠬᠡᠵᠦ ᠲᠣᠷᠠᠳᠪᠠ᠃ ᠡᠨᠡ ᠪᠣᠯ ᠮᠠᠨ᠎ᠦ ᠣᠷᠣᠨ ᠪᠣᠳᠠᠳᠣ ᠪᠠᠢᠳᠠᠯ ᠳᠠᠭᠠᠨ ᠰᠠᠭᠣᠷᠢᠯᠠᠨ ᠨᠡᠭᠦᠷᠡᠰᠦᠲᠥ᠋ᠷᠥᠭ᠌ᠴᠢ᠎ᠵᠢᠨ ᠭᠠᠲᠠᠬᠰᠢᠯᠠᠭᠤᠯᠤᠯᠲᠠᠶ᠋ᠢ ᠤᠷᠬᠢᠯ ᠬᠡᠮᠵᠢᠭᠳᠡᠯ᠎ᠳᠦ ᠬᠦᠷᠭᠡᠬᠦᠨᠡᠭᠦᠷᠡᠰᠦᠲᠥ᠋ᠷᠥᠭ᠌ᠴᠢᠶ᠋ᠢ ᠰᠠᠭᠠᠷᠮᠠᠭ᠍ᠵᠢᠭᠤᠯᠬᠤ ᠬᠠᠷᠠᠯᠳᠠ ᠵᠢ ᠡᠷᠡᠰ ᠨᠠᠢᠳᠠᠪᠣᠷᠢᠵᠢᠭᠣᠯᠬᠣ ᠴᠢᠬᠣᠯᠠ ᠰᠢᠢᠳᠪᠦᠷᠢᠳᠣ ᠪᠣᠳᠣᠯᠭ᠎ᠠ ᠪᠡ ᠠᠵᠢᠯᠯᠠᠭᠠᠨ᠎ᠦ ᠬᠦᠳᠦᠯᠪᠦᠷᠢ ᠪᠣᠯᠣᠨ᠎ᠠ᠃ ᠨᠡᠭᠦᠷᠡᠰᠦᠲᠥ᠋ᠷᠥᠭ᠌ᠴᠢ ᠵᠢᠨ ᠭᠠᠲᠠᠬᠰᠢᠯᠠᠭᠤᠯᠤᠯᠲᠠᠶ᠋ᠢ ᠤᠷᠬᠢᠯ ᠬᠡᠮᠵᠢᠭᠳᠡᠯ᠎ᠳᠦ ᠬᠦᠷᠭᠡᠬᠦᠨᠡᠭᠦᠷᠡᠰᠦᠲᠥ᠋ᠷᠥᠭ᠌ᠴᠢᠶ᠋ᠢ ᠰᠠᠭᠠᠷᠮᠠᠭ᠍ᠵᠢᠭᠤᠯᠬᠤ ᠬᠠᠷᠠᠯᠳᠠ ᠵᠢ ᠪᠡᠶᠡᠯᠡᠬᠦᠯᠬᠦ ᠪᠣᠯ ᠮᠦᠨ ᠴᠢᠨᠠᠷ ᠲᠡᠭᠡᠷ᠎ᠡ ᠪᠡᠨ ᠰᠢᠨ᠎ᠡ ᠬᠡᠯᠪᠡᠷᠢ ᠵᠢᠨ ᠴᠡᠪᠡᠷ ᠡᠨ᠋ᠸᠷᠬᠢ ᠵᠢᠨ ᠬᠣᠪᠢᠰᠬᠠᠯ ᠵᠢᠡᠷ ᠭᠣᠣᠯᠳᠠᠯᠭ᠎ᠠ ᠪᠣᠯᠭᠠᠬᠰᠠᠨ ᠦᠢᠯᠡᠳᠪᠦᠷᠢᠯᠡᠯ᠎ᠦᠨ ᠠᠷᠭ᠎ᠠ ᠬᠡᠯᠪᠡᠷᠢ ᠵᠢᠨ ᠰᠢᠰᠲ᠋ᠸᠮ᠎ᠳᠦ ᠴᠢᠨᠠᠷᠳᠠᠢ ᠬᠣᠪᠢᠰᠦᠯᠳᠠ ᠪᠣᠯᠣᠨ᠎ᠠ᠃ ᠥᠪᠥᠷ ᠮᠣᠩᠭᠣᠯ ᠲᠣᠬᠠᠢ ᠵᠢᠨ ᠭᠠᠵᠠᠷ᠎ᠤᠨ ᠡᠬᠢ ᠪᠠᠶᠠᠯᠢᠭ᠎ᠤᠨ ᠳᠠᠪᠠᠭᠤᠯᠢᠭ ᠪᠠ ᠬᠠᠷᠢᠴᠠᠭᠤᠯᠤᠭ᠍ᠰᠠᠨ ᠳᠠᠪᠠᠭᠤᠯᠢᠭ᠎ᠲᠠᠭᠠᠨ ᠰᠠᠭᠤᠷᠢᠯᠠᠨ᠂ ᠠᠵᠠ ᠲᠣᠬᠢᠶᠠᠯ᠎ᠢ ᠠᠮᠵᠢᠵᠤ᠂ ᠤᠷᠤᠰᠭᠠᠯ᠎ᠤᠨ ᠡᠮᠦᠨ᠎ᠡ ᠵᠣᠷᠢᠭ᠍ᠲᠠᠶ᠎ᠪᠠᠷ ᠵᠣᠭ᠍ᠰᠣᠵᠤ᠂ ᠡᠨᠧᠷᠭᠢ᠎ᠶ᠋ᠢᠨ ᠬᠤᠪᠢᠰᠭᠠᠯ᠎ᠢᠶᠠᠷ ᠵᠢᠯᠣᠭᠤᠳᠤᠮᠵᠢ ᠪᠣᠯᠭᠠᠭ᠍ᠰᠠᠨ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠰᠠᠢᠲᠤᠷ ᠵᠠᠮᠨᠠᠬᠤ ᠬᠡᠷᠡᠭ᠌ᠲᠡᠶ᠃
ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠳᠤ ᠡᠷᠬᠡᠪᠰᠢ ᠡᠨᠧᠷᠭᠢ᠎ᠶ᠋ᠢᠨ ᠬᠤᠪᠢᠰᠭᠠᠯ᠎ᠤᠨ 《ᠵᠠᠩᠭᠢᠯᠠᠭ᠎ᠠ》 ᠵᠢ ᠴᠢᠩᠭ᠎ᠠ ᠠᠳᠭᠤᠬᠤ ᠬᠡᠷᠡᠭ᠌ᠲᠡᠢ
ᠡᠨᠧᠷᠭᠢ ᠪᠣᠯ ᠪᠣᠯᠪᠠᠰᠤᠨ᠎ᠤ ᠰᠠᠭᠤᠷᠢ᠂ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ ᠮᠥᠨ᠃ ᠬᠥᠮᠦᠨ ᠲᠥᠷᠥᠯᠬᠢᠲᠡᠨ᠎ᠦ ᠲᠡᠦᠬᠡᠨ ᠳᠡᠭᠡᠷ᠎ᠡ᠂ ᠤᠷᠢᠳ ᠬᠣᠵᠢᠳ ᠮᠣᠳᠣ ᠥᠷᠥᠮᠳᠡᠨ ᠭᠠᠯ ᠭᠠᠷᠭᠠᠬᠤ᠂ ᠠᠭᠤᠷ᠎ᠤᠨ ᠮᠠᠱᠢᠨ᠎ᠢ ᠨᠡᠭᠡᠭᠡᠬᠦ᠌᠂ ᠴᠥᠮ᠎ᠡ᠎ᠶ᠋ᠢᠨ ᠤᠷᠪᠠᠯ᠎ᠤᠨ ᠵᠤᠤᠬ᠎ᠠ᠎ᠶ᠋ᠢ ᠨᠡᠭᠡᠭᠡᠬᠦ᠌᠎ᠪᠡᠷ ᠲᠥᠯᠥᠭᠡᠯᠡᠭᠦᠯᠦᠭ᠌ᠰᠡᠨ ᠭᠤᠷᠪᠠᠨ ᠤᠳᠠᠭᠠᠨ᠎ᠤ ᠡᠨᠧᠷᠭᠢ᠎ᠶ᠋ᠢᠨ ᠬᠤᠪᠢᠰᠭᠠᠯ᠎ᠢ ᠥᠩᠭᠡᠷᠡᠭᠡᠵᠦ᠍᠂ ᠤᠳᠠᠭ᠎ᠠ ᠪᠦᠷᠢ᠎ᠶ᠋ᠢᠨ ᠡᠨᠧᠷᠭᠢ᠎ᠶ᠋ᠢᠨ ᠬᠤᠪᠢᠰᠭᠠᠯ ᠨᠢ ᠴᠥᠮ ᠬᠥᠮᠦᠨ ᠲᠥᠷᠥᠯᠬᠢᠲᠡᠨ᠎ᠦ ᠨᠡᠢᠭᠡᠮ᠎ᠦᠨ ᠬᠥᠭ᠌ᠵᠢᠯᠲᠡ᠎ᠳᠦ ᠯᠤᠲᠤ ᠶᠡᠬᠡ ᠲᠦᠯᠬᠢᠴᠡ ᠦᠢᠯᠡᠳᠦᠯ ᠦᠵᠡᠭᠦᠯᠦᠭ᠌ᠰᠡᠨ ᠪᠠᠢᠨ᠎ᠠ᠃ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ᠎ᠶ᠋ᠢ ᠪᠡᠶᠡᠯᠡᠭᠦᠯᠬᠦ᠌᠎ᠪᠡᠷ ᠱᠠᠳᠤᠴᠢ ᠴᠢᠨᠠᠷᠲᠠᠢ ᠬᠠᠷᠠᠯᠲᠠ ᠪᠣᠯᠭᠠᠭ᠍ᠰᠠᠨ ᠱᠢᠨ᠎ᠡ ᠬᠡᠯᠪᠡᠷᠢ᠎ᠶ᠋ᠢᠨ ᠴᠡᠪᠡᠷ ᠡᠨᠧᠷᠭᠢ᠎ᠶ᠋ᠢᠨ ᠬᠤᠪᠢᠰᠭᠠᠯ ᠪᠣᠯ ᠨᠡᠩ ᠱᠢᠰᠲᠸᠮ ᠲᠠᠢ ᠭᠦᠨ ᠭᠦᠨᠵᠡᠭᠡᠢ ᠡᠨᠧᠷᠭᠢ᠎ᠶ᠋ᠢᠨ ᠬᠤᠪᠢᠰᠭᠠᠯ ᠪᠠᠢᠵᠤ᠂ ᠠᠷᠠᠳ ᠲᠦᠮᠡᠨ᠎ᠦ ᠪᠤᠶᠠᠨ ᠵᠢᠷᠭᠠᠯ᠂ ᠤᠯᠤᠰ᠎ᠤᠨ ᠠᠮᠤᠷ ᠲᠦᠪᠱᠢᠨ᠂ ᠬᠥᠮᠦᠨ ᠲᠥᠷᠥᠯᠬᠢᠲᠡᠨ᠎ᠦ ᠬᠤᠪᠢ ᠵᠠᠶᠠᠭ᠎ᠠ᠎ᠳᠤ ᠬᠣᠯᠪᠣᠭ᠍ᠳᠠᠵᠤ᠂ ᠮᠠᠨ᠎ᠤ ᠤᠯᠤᠰ᠎ᠤᠨ ᠣᠳᠣᠬᠢᠴᠢᠯᠠᠯᠲᠠ᠎ᠶ᠋ᠢᠨ ᠵᠠᠮ᠎ᠳᠤ ᠬᠣᠯᠪᠣᠭ᠍ᠳᠠᠬᠤ ᠴᠢᠭ᠌ᠯᠡᠯ ᠪᠣᠯᠤᠨ ᠠᠬᠢᠴᠠ ᠪᠣᠯᠤᠨ᠎ᠠ᠃ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ᠎ᠠᠴᠠ ᠨᠠᠭᠠᠰᠢ᠂ ᠢᠯᠠᠩᠭᠤᠶᠠᠥᠭᠡᠷᠡᠴᠢᠯᠡᠯᠲᠡ ᠨᠡᠭᠡᠭᠡᠯᠲᠡ ᠬᠢᠭ᠌ᠰᠡᠨ᠎ᠡᠴᠡ ᠨᠠᠭᠠᠰᠢ᠂ ᠮᠠᠨ᠎ᠤ ᠤᠯᠤᠰ ᠨᠡᠯᠢᠶᠡᠳ ᠪᠦᠷᠢᠨ ᠲᠡᠭᠦᠯᠳᠡᠷ ᠡᠨᠧᠷᠭᠢ᠎ᠶ᠋ᠢᠨ ᠠᠵᠤ ᠦᠢᠯᠡᠳᠪᠦᠷᠢ᠎ᠶ᠋ᠢᠨ ᠱᠢᠰᠲ᠋ᠧᠮ᠎ᠢ ᠠᠯᠬᠤᠮ ᠠᠯᠬᠤᠮ᠎ᠢᠶᠠᠷ ᠪᠠᠢᠭᠤᠯᠵᠤ᠂ ᠳᠡᠯᠡᠬᠡᠶ ᠳᠡᠭᠡᠷᠡᠬᠢ ᠬᠠᠮᠤᠭ᠎ᠤᠨ ᠶᠡᠬᠡ ᠡᠨᠧᠷᠭᠢ᠎ᠶ᠋ᠢᠨ ᠦᠢᠯᠡᠳᠪᠦᠷᠢᠯᠡᠯ ᠬᠡᠷᠡᠭ᠌ᠯᠡᠭᠡᠨ᠎ᠦ ᠤᠯᠤᠰ ᠪᠠ ᠡᠨᠧᠷᠭᠢ᠎ᠶ᠋ᠢᠨ ᠠᠱᠢᠭ᠍ᠯᠠᠮᠵᠢ᠎ᠶ᠋ᠢᠨ ᠳᠡᠭᠡᠭ᠌ᠰᠢᠯᠡᠯᠲᠡ ᠬᠠᠮᠤᠭ᠎ᠤᠨ ᠲᠦᠷᠭᠡᠨ ᠤᠯᠤᠰ ᠪᠣᠯᠤᠭ᠍ᠰᠠᠨ ᠪᠠᠢᠨ᠎ᠠ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ᠂ ᠮᠠᠨ᠎ᠤ ᠤᠯᠤᠰ᠎ᠤᠨ ᠡᠨᠧᠷᠭᠢ᠎ᠶ᠋ᠢᠨ ᠬᠥᠭ᠌ᠵᠢᠯᠲᠡ ᠱᠢᠨ᠎ᠡ ᠴᠠᠭ ᠦᠶ᠎ᠡ᠎ᠳᠦ ᠣᠷᠣᠵᠤ᠂ ᠡᠨᠧᠷᠭᠢ᠎ᠶ᠋ᠢᠨ ᠬᠡᠷᠡᠭ᠌ᠯᠡᠭᠡᠨ᠎ᠦ ᠬᠤᠪᠢᠰᠭᠠᠯ᠂ ᠡᠨᠧᠷᠭᠢ᠎ᠶ᠋ᠢᠨ ᠬᠠᠩᠭᠠᠯᠭ᠎ᠠ᠎ᠶ᠋ᠢᠨ ᠬᠤᠪᠢᠰᠭᠠᠯ᠂ ᠡᠨᠧᠷᠭᠢ᠎ᠶ᠋ᠢᠨ ᠮᠡᠷᠭᠡᠵᠢᠯ᠎ᠦᠨ ᠬᠤᠪᠢᠰᠭᠠᠯ᠂ ᠡᠨᠧᠷᠭᠢ᠎ᠶ᠋ᠢᠨ ᠪᠠᠢᠭᠤᠯᠤᠮᠵᠢ᠎ᠶ᠋ᠢᠨ ᠬᠤᠪᠢᠰᠭᠠᠯ ᠪᠣᠯᠤᠨ ᠤᠯᠠᠨ ᠤᠯᠤᠰ᠎ᠤᠨ ᠬᠠᠮᠲᠤᠷᠠᠯᠴᠠᠭ᠎ᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠬᠤ ᠡᠨᠧᠷᠭᠢ᠎ᠶ᠋ᠢᠨ ᠠᠮᠤᠷ ᠲᠦᠪᠱᠢᠨ᠎ᠦ ᠱᠢᠨ᠎ᠡ ᠪᠠᠢᠯᠳᠤᠬᠤ ᠪᠤᠳᠤᠯᠭ᠎ᠠ᠎ᠶ᠋ᠢ ᠬᠡᠷᠡᠭ᠌ᠵᠢᠭᠦᠯᠪᠡ᠃《ᠬᠣᠣᠰ ᠨᠡᠭᠦᠷᠡᠰᠦᠲᠥ᠋ᠷᠥᠭ᠌ᠴᠢ》᠎ᠶ᠋ᠢᠨ ᠬᠠᠷᠠᠯᠲᠠ᠎ᠶ᠋ᠢ ᠳᠤᠷᠠᠳᠤᠭ᠍ᠰᠠᠨ ᠨᠢ ᠤᠯᠠᠮᠵᠢᠯᠠᠯᠲᠤ ᠤᠷᠢᠳ᠎ᠢᠶᠠᠷ ᠪᠣᠬᠢᠷᠲᠤᠭᠤᠯᠵᠤ ᠳᠠᠷᠠᠭ᠎ᠠ ᠨᠢ ᠵᠠᠰᠠᠬᠤ ᠣᠳᠣᠬᠢᠴᠢᠯᠠᠯᠲᠠ᠎ᠶ᠋ᠢᠨ ᠵᠠᠭ᠍ᠪᠤᠷ ᠡᠴᠦᠰᠯᠡᠵᠦ᠂ ᠥᠷᠥᠨᠡᠳᠠᠬᠢᠨ᠎ᠤ ᠤᠯᠤᠰ᠎ᠤᠳ᠎ᠲᠠᠶ ᠠᠳᠠᠯᠢ ᠪᠤᠰᠤ ᠣᠳᠣᠬᠢᠴᠢᠯᠠᠯᠲᠠ᠎ᠶ᠋ᠢᠨ ᠵᠠᠮ᠎ᠢ ᠨᠡᠭᠡᠭᠡᠭ᠌ᠰᠡᠨᠢ ᠬᠠᠷᠠᠭᠤᠯᠵᠤ ᠪᠠᠢᠨ᠎ᠠ᠃ᠪᠠᠰᠠᠴᠤ᠌ᠮᠠᠨᠤᠤᠯᠤᠰᠤᠨ ᠥᠭᠡᠷᠡᠴᠢᠯᠡᠯᠲᠡ ᠨᠡᠭᠡᠭᠡᠯᠲᠡ᠎ᠶ᠋ᠢᠨ ᠡᠮᠦᠨᠡᠬᠢ ᠬᠤᠭᠤᠴᠠᠭᠠᠨ᠎ᠤ ᠬᠥᠭ᠌ᠵᠢᠯᠲᠡ᠎ᠶ᠋ᠢᠨ ᠵᠠᠭ᠍ᠪᠤᠷ᠎ᠲᠠᠶ ᠠᠳᠠᠯᠢ ᠦᠭᠡᠢ 《 ᠬᠥᠮᠦᠨ ᠪᠠ ᠪᠠᠢᠭᠠᠯᠢ᠎ᠶ᠋ᠢᠨ ᠡᠬᠢ ᠪᠠᠶᠠᠯᠢᠭ ᠡᠶ᠎ᠡ ᠵᠣᠬᠢᠴᠠᠯ᠎ᠲᠠᠶ᠎ᠪᠠᠷ ᠬᠠᠮᠲᠤ ᠣᠷᠣᠱᠢᠬᠤ》 ᠪᠠᠷ ᠦᠷᠲᠡᠭ᠎ᠦᠨ ᠬᠠᠨᠳᠤᠰᠢ ᠪᠣᠯᠭᠠᠭ᠍ᠰᠠᠨ ᠱᠢᠨ᠎ᠡ ᠣᠳᠣᠬᠢᠴᠢᠯᠠᠯᠲᠠ᠎ᠶ᠋ᠢᠨ ᠵᠠᠮ ᠮᠥᠨ᠃ ᠡᠨᠡ ᠬᠦ᠌ ᠣᠳᠣᠬᠢᠴᠢᠯᠠᠯᠲᠠ᠎ᠶ᠋ᠢᠨ ᠵᠠᠮ᠎ᠤᠨ ᠨᠢᠭᠡᠨ ᠲᠤᠪᠤᠢ᠌ᠮ᠎ᠠ ᠣᠨᠴᠠᠯᠢᠭ ᠪᠣᠯ ᠳᠠᠷᠤᠢ ᠨᠡᠭᠦᠷᠡᠰᠦᠲᠥ᠋ᠷᠥᠭ᠌ᠴᠢ ᠵᠢᠨ ᠭᠠᠲᠠᠬᠰᠢᠯᠠᠭᠤᠯᠤᠯᠲᠠᠶ᠋ᠢ ᠤᠷᠬᠢᠯ ᠬᠡᠮᠵᠢᠭᠳᠡᠯ᠎ᠳᠤ ᠬᠦᠷᠭᠡᠬᠦ᠌ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ᠎ᠶ᠋ᠢ ᠱᠠᠳᠤᠴᠢ ᠴᠢᠨᠠᠷᠲᠠᠢ ᠬᠠᠷᠠᠯᠲᠠ ᠪᠣᠯᠭᠠᠵᠤ᠂ ᠡᠨᠧᠷᠭᠢ᠎ᠶ᠋ᠢᠨ ᠬᠤᠪᠢᠰᠭᠠᠯ᠎ᠢᠶᠠᠷ ᠬᠥᠳᠡᠯᠭᠡᠬᠦ᠌ ᠬᠦᠴᠦᠨ ᠪᠣᠯᠭᠠᠵᠤ᠂ ᠴᠢᠯᠠᠭᠤᠵᠢᠮᠠᠯ᠎ᠤᠨ ᠪᠤᠰᠤ ᠡᠨᠧᠷᠭᠢ᠎ᠪᠡᠷ ᠴᠢᠯᠠᠭᠤᠵᠢᠮᠠᠯ᠎ᠤᠨ ᠡᠨᠧᠷᠭᠢ᠎ᠶ᠋ᠢ ᠣᠷᠣᠯᠠᠭᠤᠯᠬᠤ ᠠᠯᠬᠤᠭ᠎ᠠ᠎ᠶ᠋ᠢ ᠲᠦᠷᠭᠡᠳᠭᠡᠨ ᠠᠬᠢᠭᠤᠯᠵᠤ᠂ ᠬᠥᠮᠦᠨ ᠲᠥᠷᠥᠯᠬᠢᠲᠡᠨ᠎ᠦ ᠦᠢᠯᠡᠳᠪᠦᠷᠢᠯᠡᠯ ᠠᠮᠢᠳᠤᠷᠠᠯ᠎ᠤᠨ ᠠᠷᠭ᠎ᠠ ᠬᠡᠯᠪᠡᠷᠢ᠎ᠶ᠋ᠢ ᠠᠬᠢᠭᠤᠯᠤᠨ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠳᠦ ᠬᠥᠭ᠌ᠵᠢᠯᠲᠡ᠎ᠶ᠋ᠢᠨ ᠣᠳᠣᠬᠢᠴᠢᠯᠠᠯᠲᠠ᠎ᠶ᠋ᠢᠨ ᠵᠠᠮ᠎ᠢᠶᠠᠷ ᠵᠠᠮᠨᠠᠭᠤᠯᠬᠤ ᠶᠠᠪᠤᠳᠠᠯ ᠪᠣᠯᠤᠨ᠎ᠠ᠃
ᠥᠪᠥᠷ ᠮᠣᠩᠭᠣᠯ᠎ᠤᠨ ᠣᠨᠴᠠᠭᠠᠶ ᠪᠠᠢᠷᠢ ᠰᠠᠭᠤᠷᠢ ᠪᠠ ᠡᠬᠢ ᠪᠠᠶᠠᠯᠢᠭ᠎ᠤᠨ ᠳᠠᠪᠠᠭᠤᠯᠢᠭ᠎ᠲᠤ ᠰᠠᠭᠤᠷᠢᠯᠠᠨ᠂ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ᠎ᠠᠴᠠ ᠥᠪᠥᠷ ᠮᠣᠩᠭᠣᠯ᠎ᠳᠤ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠶ᠋ᠢ ᠪᠠᠢᠭᠤᠯᠤᠨ ᠥᠭ᠌ᠴᠦ ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠣ ᠪᠣᠬᠢᠷᠲᠤᠯ ᠥᠬᠡᠶ ᠬᠥᠭ᠌ᠵᠢᠯᠲᠡ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠤᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠠᠵᠢᠯᠯᠠᠭᠠᠨ᠎ᠤ ᠬᠥᠲᠥᠯᠪᠦᠷᠢ᠎ᠶ᠋ᠢ ᠬᠠᠢᠨ ᠰᠦᠪᠡᠭ᠌ᠴᠢᠯᠡᠪᠡ᠃ ᠡᠨᠧᠷᠭᠢ᠎ᠶ᠋ᠢᠨ ᠬᠤᠪᠢᠰᠭᠠᠯ᠎ᠢ ᠠᠬᠢᠭᠤᠯᠵᠤ᠂ 《 ᠬᠤᠤᠰ ᠨᠡᠭᠦᠷᠡᠰᠦᠲᠥ᠋ᠷᠥᠭ᠌ᠴᠢ》᠎ᠶ᠋ᠢᠨ ᠬᠠᠷᠠᠯᠲᠠ᠎ᠶ᠋ᠢ ᠪᠡᠶᠡᠯᠡᠭᠦᠯᠬᠦ᠌᠎ᠨᠢ ᠡᠨᠡ ᠬᠦ᠌ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠲᠠᠶ ᠪᠦᠷᠢᠮᠦᠰᠦᠨ ᠨᠡᠢᠴᠡᠵᠦ᠍᠂ ᠥᠪᠥᠷ ᠮᠣᠩᠭᠣᠯ᠎ᠤᠨ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠭᠦᠯᠬᠦ᠌᠂ ᠪᠣᠬᠢᠷᠲᠤᠯ ᠥᠬᠡᠶ ᠬᠥᠭ᠌ᠵᠢᠭᠦᠯᠬᠦ᠌᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠦᠴᠦᠲᠡᠶ ᠭᠠᠷᠳᠠᠴᠠ ᠪᠣᠯᠤᠨ᠎ᠠ᠃ ᠡᠨᠡ ᠬᠦ᠌ ᠡᠨᠧᠷᠭᠢ᠎ᠶ᠋ᠢᠨ ᠬᠤᠪᠢᠰᠭᠠᠯ᠎ᠤᠨ ᠵᠠᠩᠭᠢᠯᠠᠭᠠᠶ᠋ᠢᠨᠳᠠᠢᠯᠠᠯᠳᠤᠭᠠᠨᠤ ᠢᠯᠠᠯᠲᠠ᠎ᠶ᠋ᠢ ᠣᠯᠵᠤ ᠳᠡᠢᠯᠬᠦ᠌ ᠡᠰᠡᠬᠦ᠌ ᠨᠢ ᠥᠪᠥᠷ ᠮᠣᠩᠭᠣᠯ᠎ᠤᠨ ᠢᠷᠡᠭᠡᠳᠦᠢ᠎ᠶ᠋ᠢᠨ ᠬᠥᠭ᠌ᠵᠢᠯᠲᠡ᠎ᠳᠦ ᠱᠢᠢᠳᠪᠦᠷᠢᠯᠡᠭ᠌ᠴᠢ ᠴᠢᠨᠠᠷᠲᠠᠢ ᠠᠴᠢ ᠬᠣᠯᠪᠣᠭ᠍ᠳᠠᠯ᠎ᠲᠠᠶ ᠶᠤᠮ᠃
ᠡᠨᠧᠷᠭᠢ᠎ᠶ᠋ᠢᠨ ᠬᠤᠪᠢᠰᠭᠠᠯ ᠪᠣᠯ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌᠎ᠶ᠋ᠢ ᠲᠦᠷᠭᠡᠳᠭᠡᠬᠦ᠌᠎ᠳᠦ ᠵᠠᠪᠠᠯ ᠶᠠᠪᠤᠬᠤ ᠵᠠᠮ ᠪᠠ ᠣᠯᠳᠠᠬᠤᠶ᠎ᠠ ᠪᠡᠷᠬᠡ ᠠᠵᠠ ᠲᠣᠬᠢᠶᠠᠯ ᠮᠥᠨ
《ᠬᠤᠤᠰ ᠨᠡᠭᠦᠷᠡᠰᠦᠲᠥ᠋ᠷᠥᠭ᠌ᠴᠢ》᠎ᠶ᠋ᠢᠨ ᠠᠬᠤᠶ ᠪᠠᠢᠳᠠᠯ ᠳᠤᠤᠷ᠎ᠠ᠂ ᠥᠪᠥᠷ ᠮᠣᠩᠭᠣᠯ ᠤᠯᠠᠮᠵᠢᠯᠠᠯᠲᠤ ᠦᠶ᠋ᠯᠡᠳᠪᠦᠷᠢᠯᠡᠯ᠎ᠦᠨ ᠵᠠᠭ᠍ᠪᠤᠷ᠎ᠲᠤ ᠲᠦᠱᠢᠭ᠌ᠯᠡᠨ ᠬᠥᠭ᠌ᠵᠢᠯᠲᠡ᠎ᠶ᠋ᠢ ᠠᠬᠢᠭᠤᠯᠬᠤ ᠨᠢ ᠨᠢᠭᠡᠨᠲᠡ ᠦᠷᠭᠦᠯᠵᠢᠯᠡᠬᠦᠶ᠎ᠡ ᠪᠡᠷᠬᠡ ᠪᠣᠯᠵᠣ᠂ ᠡᠨᠧᠷᠭᠢ᠎ᠶ᠋ᠢᠨ ᠬᠤᠪᠢᠰᠭᠠᠯ ᠬᠢᠬᠦ᠌ ᠥᠬᠡᠶ ᠪᠣᠯ ᠭᠠᠷᠬᠤ ᠵᠠᠮ ᠥᠬᠡᠶ ᠪᠣᠯᠵᠠᠶ᠃ ᠲᠡᠦᠬᠡ᠎ᠶ᠋ᠢ ᠡᠷᠭᠢᠴᠡᠭᠦᠯᠪᠡᠯ᠂ ᠥᠪᠥᠷ ᠮᠣᠩᠭᠣᠯ ᠥᠭᠡᠷᠡᠴᠢᠯᠡᠯᠲᠡ ᠨᠡᠭᠡᠭᠡᠯᠲᠡ ᠵᠢᠨ ᠡᠮᠦᠨ᠎ᠡ 40 ᠵᠢᠯ᠎ᠳᠦ ᠨᠠᠶ᠋ᠮᠠᠨ ᠵᠢᠯ ᠳᠠᠷᠠᠭᠠᠯᠠᠨ ᠪᠥᠬᠥ᠌ ᠤᠯᠤᠰ᠎ᠲᠦ ᠨᠡᠮᠡᠭ᠌ᠳᠡᠯ᠎ᠦᠨ ᠬᠤᠷᠳᠤᠴᠠ ᠨᠢᠭᠡᠳᠦᠭᠡᠷᠢ ᠪᠠᠲᠤᠯᠠᠭ᠍ᠰᠠᠨ ᠬᠡᠷᠡᠯ ᠰᠠᠴᠤᠷᠠᠩᠭᠤᠶ ᠠᠮᠵᠢᠯᠲᠠ᠎ᠶ᠋ᠢ ᠡᠭᠦᠳᠴᠦ ᠦᠩᠭᠡᠷᠡᠭᠰᠡᠨ ᠶᠣᠮ᠂ ᠲᠡᠭᠦᠨ᠎ᠦ ᠭᠤᠤᠯ ᠲᠤᠯᠭᠠᠭᠤᠷᠢ ᠪᠣᠯ ᠨᠡᠭᠦᠷᠡᠰᠦ᠎ᠶ᠋ᠢ ᠨᠡᠭᠡᠭᠡᠨ ᠠᠱᠢᠭ᠍ᠯᠠᠬᠤ ᠪᠤᠶᠤ ᠨᠡᠭᠦᠷᠡᠰᠦ᠎ᠪᠡᠷ ᠰᠠᠭᠤᠷᠢ ᠪᠣᠯᠭᠠᠭ᠍ᠰᠠᠨ ᠴᠢᠯᠠᠭᠤᠵᠢᠮᠠᠯ᠎ᠤᠨ ᠠᠵᠤ ᠦᠶ᠋ᠯᠡᠳᠪᠦᠷᠢ ᠪᠣᠯᠤᠨ᠎ᠠ᠃ ᠤᠢ᠍ᠢᠷ᠎ᠠ᠎ᠶ᠋ᠢᠨ ᠵᠢᠯ᠎ᠦᠳ᠎ᠲᠦ᠂ ᠡᠢᠮᠦᠷᠬᠦᠦ ᠪᠠᠢᠳᠠᠯ᠎ᠳᠤ ᠬᠤᠪᠢᠷᠠᠯᠲᠠ ᠭᠠᠷᠴᠤ᠌᠂ ᠴᠢᠯᠠᠭᠤᠵᠢᠮᠠᠯ᠎ᠤᠨ ᠪᠤᠰᠤ ᠡᠨᠧᠷᠭᠢ᠎ᠶ᠋ᠢᠨ ᠰᠤᠷᠪᠤᠯᠵᠢ᠎ᠶ᠋ᠢᠨ ᠬᠤᠪᠢ᠎ᠶ᠋ᠢᠨ ᠵᠢᠩ ᠲᠠᠰᠤᠷᠠᠯᠲᠠ ᠦᠭᠡᠢ ᠨᠡᠮᠡᠭ᠌ᠳᠡᠭ᠌ᠰᠡᠨ ᠪᠣᠯᠪᠠᠴᠤ᠌ 《ᠨᠡᠭᠦᠷᠡᠰᠦ᠎ᠪᠡᠷ ᠭᠣᠣᠯ ᠪᠣᠯᠭᠠᠭ᠍ᠰᠠᠨ》 ᠠᠵᠤ ᠦᠢᠯᠡᠰ᠎ᠦᠨ ᠪᠦᠲᠦᠴᠡ᠎ᠳᠦ ᠮᠥᠨ ᠯᠡ ᠦᠨᠳᠦᠰᠦᠨ ᠬᠤᠪᠢᠷᠠᠯᠲᠠ ᠭᠠᠷᠤᠭᠠᠳᠤᠢ ᠪᠠᠢᠨ᠎ᠠ᠃ ᠣᠢᠷ᠎ᠠ᠎ᠶ᠋ᠢᠨ ᠬᠣᠶᠠᠷ ᠵᠢᠯ᠎ᠳᠦ᠂ ᠨᠡᠭᠦᠷᠡᠰᠦ ᠮᠠᠯᠲᠠᠬᠤ ᠬᠡᠮᠵᠢᠶ᠎ᠡ ᠳᠡᠮᠡᠶ ᠬᠠᠰᠤᠭ᠍ᠳᠠᠭ᠍ᠰᠠᠨ ᠥᠬᠡᠶ᠂ ᠦᠨ᠎ᠡ ᠬᠠᠩᠰᠢ᠎ᠨᠢ ᠳᠠᠬᠢᠨ᠎ᠢᠶᠠᠷ ᠨᠡᠮᠡᠭ᠌ᠳᠡᠭ᠌ᠰᠡᠨ ᠪᠠᠢᠳᠠᠯ ᠳᠤᠤᠷ᠎ᠠ᠂ ᠥᠪᠥᠷ ᠮᠣᠩᠭᠣᠯ᠎ᠤᠨ ᠪᠥᠬᠥ᠌ ᠤᠯᠤᠰ᠎ᠤᠨ ᠠᠵᠤ ᠠᠬᠤᠶ᠎ᠶ᠋ᠢᠨ ᠶᠡᠷᠦᠩᠬᠡᠶ ᠬᠡᠮᠵᠢᠶ᠎ᠡ᠎ᠶ᠋ᠢᠨ ᠬᠠᠷᠢᠴᠠᠭᠤᠯᠣᠯ ᠳᠡᠬᠢ ᠵᠢᠭ᠍ᠰᠠᠭᠠᠯᠲᠠ᠎ᠨᠢ ᠲᠠᠰᠤᠷᠠᠯᠲᠠ ᠥᠬᠡᠶ ᠪᠠᠭᠤᠷᠠᠪᠠ᠃ ᠡᠨᠡ ᠨᠢ ᠥᠪᠥᠷ ᠮᠣᠩᠭᠣᠯ 《ᠨᠡᠭᠦᠷᠡᠰᠦ᠎ᠪᠡᠷ ᠭᠣᠣᠯ ᠪᠣᠯᠭᠠᠭ᠍ᠰᠠᠨ》ᠠᠵᠤ ᠦᠢᠯᠡᠰ᠎ᠦᠨ ᠪᠦᠲᠦᠴᠡ᠎ᠶ᠋ᠢ ᠲᠤᠢᠯᠪᠤᠷᠢᠲᠠᠢ ᠬᠤᠪᠢᠷᠠᠭᠤᠯᠬᠤ ᠴᠢᠬᠤᠯᠠᠲᠠᠢ ᠪᠣᠯᠤᠭ᠍ᠰᠠᠨ᠎ᠢ ᠭᠦᠢᠴᠡᠳ ᠬᠠᠷᠠᠭᠤᠯᠵᠤ ᠪᠠᠢᠨ᠎ᠠ᠃ ᠢᠷᠡᠭᠡᠳᠦᠢ᠎ᠳᠦ ᠬᠠᠨᠳᠤᠭᠤᠯᠤᠨ᠂ ᠤᠯᠤᠰ᠎ᠠᠴᠠ ᠳᠤᠷᠠᠳᠤᠭ᠍ᠰᠠᠨ 《ᠬᠣᠣᠰ ᠨᠡᠭᠦᠷᠡᠰᠦᠲᠥ᠋ᠷᠥᠭ᠌ᠴᠢ》᠎ᠶ᠋ᠢᠨ ᠬᠠᠷᠠᠯᠲᠠ ᠶᠣᠰᠣᠭᠠᠷ᠂ 2030 ᠤᠨ ᠪᠣᠯᠬᠤ᠎ᠳᠤ ᠠᠩᠬᠠᠳᠠᠭ᠍ᠴᠢ ᠡᠨᠧᠷᠭᠢ᠎ᠶ᠋ᠢᠨ ᠰᠤᠷᠪᠤᠯᠵᠢ᠎ᠶ᠋ᠢᠨ ᠬᠡᠷᠡᠭ᠌ᠯᠡᠭᠡᠨ᠎ᠳᠡᠬᠢ ᠴᠢᠯᠠᠭᠤᠵᠢᠮᠠᠯ᠎ᠤᠨ ᠪᠤᠰᠤ ᠡᠨᠧᠷᠭᠢ᠎ᠶ᠋ᠢᠨ ᠰᠤᠷᠪᠤᠯᠵᠢ᠎ᠶ᠋ᠢᠨ ᠡᠵᠡᠯᠡᠬᠦ᠌ ᠬᠤᠪᠢ᠎ᠶ᠋ᠢᠨ ᠵᠢᠩ᠎ᠢ 25% ᠣᠷᠴᠢᠮ᠎ᠳᠤ ᠬᠦᠷᠭᠡᠵᠦ᠍᠂ ᠠᠩᠬᠠᠳᠠᠭ᠍ᠴᠢ ᠡᠨᠧᠷᠭᠢ᠎ᠶ᠋ᠢᠨ ᠰᠤᠷᠪᠤᠯᠵᠢ᠎ᠶ᠋ᠢᠨ ᠪᠦᠲᠦᠴᠡ᠎ᠳᠡᠬᠢ ᠨᠡᠭᠦᠷᠡᠰᠦᠨ᠎ᠦ ᠬᠤᠪᠢ᠎ᠶ᠋ᠢᠨ ᠵᠢᠩ᠎ᠢ ᠡᠷᠬᠡᠪᠰᠢ 51% ᠣᠷᠴᠢᠮ ᠪᠣᠯᠲᠠᠯ᠎ᠠ ᠪᠠᠭᠤᠷᠠᠭᠤᠯᠵᠤ᠂ ᠰᠠᠯᠬᠢᠨ ᠬᠦᠴᠦ ᠪᠡᠷ ᠴᠠᠬᠢᠯᠭᠠᠨ ᠭᠠᠷᠭᠠᠬᠣ᠂ ᠨᠡᠷᠡᠨ᠎ᠦ ᠡᠨᠧᠷᠭᠢ᠎ᠪᠡᠷ ᠴᠠᠬᠢᠯᠭᠠᠨ ᠭᠠᠷᠭᠠᠬᠤ ᠶᠡᠷᠦᠩᠬᠡᠢ ᠮᠠᠱᠢᠨ ᠴᠣᠭ᠍ᠴᠠᠯᠠᠪᠤᠷᠢ᠎ᠶ᠋ᠢᠨ ᠪᠠᠭ᠍ᠲᠠᠭᠠᠮᠵᠢ᠎ᠶ᠋ᠢ 12 ᠳ᠋ᠦᠩᠱᠢᠭᠤᠷ ᠬᠢᠯᠦᠸᠠᠲ᠎ᠠᠴᠠ ᠳᠡᠭᠡᠭ᠌ᠰᠢ᠎ᠳᠦ ᠬᠦᠷᠭᠡᠨ᠎ᠡ᠃ ᠡᠨᠡᠨᠢᠤᠯᠤᠰᠤᠨᠡᠨᠧᠷᠭᠢᠶ᠋ᠢᠨᠰᠠᠭᠤᠷᠢᠨᠪᠣᠯᠤᠭ᠍ᠰᠠᠨᠤᠬᠤᠪᠢᠳᠤ᠂ᠥᠪᠥᠷᠮᠣᠩᠭᠣᠯᠤᠯᠤᠰᠤᠨ《ᠬᠣᠣᠰ ᠨᠡᠭᠦᠷᠡᠰᠦᠲᠥ᠋ᠷᠥᠭ᠌ᠴᠢ》 ᠶ᠋ᠢᠨ ᠬᠠᠷᠠᠯᠲᠠ᠎ᠶ᠋ᠢ ᠪᠡᠶᠡᠯᠡᠭᠦᠯᠬᠦ᠌ ᠠᠬᠢᠴᠠ ᠳᠤᠮᠳᠠ᠂ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠎ᠢ ᠪᠠᠲᠤᠯᠠᠬᠤ ᠣᠨᠴᠠᠭᠠᠢ ᠡᠭᠦᠷᠭᠡ᠎ᠶ᠋ᠢ ᠡᠭᠦᠷᠭᠡᠯᠡᠵᠦ᠍ ᠪᠠᠢᠬᠤ ᠮᠥᠷᠲᠡᠭᠡᠨ ᠪᠠᠰᠠ ᠡᠷᠬᠡᠪᠰᠢ 《ᠨᠡᠭᠦᠷᠡᠰᠦ᠎ᠪᠡᠷ ᠭᠣᠣᠯ ᠪᠣᠯᠭᠠᠭ᠍ᠰᠠᠨ》 ᠤᠯᠠᠮᠵᠢᠯᠠᠯᠲᠤ ᠠᠵᠤ ᠦᠢᠯᠡᠰ᠎ᠦᠨ ᠠᠷᠭ᠎ᠠ ᠵᠠᠮ᠎ᠳᠤ ᠲᠦᠱᠢᠭ᠌ᠯᠡᠬᠦ᠌᠎ᠪᠡᠨ ᠲᠦᠷᠭᠡᠨ ᠬᠤᠪᠢᠷᠠᠭᠤᠯᠵᠤ᠂ 《ᠬᠣᠣᠰ ᠨᠡᠭᠦᠷᠡᠰᠦᠲᠥ᠋ᠷᠥᠭ᠌ᠴᠢ》᠎ᠶ᠋ᠢᠨ ᠬᠠᠷᠠᠯᠲᠠ᠎ᠶ᠋ᠢ ᠪᠡᠶᠡᠯᠡᠭᠦᠯᠬᠦ᠌ᠯᠦᠭᠡ ᠵᠣᠬᠢᠴᠠᠭ᠍ᠰᠠᠨ ᠤᠯᠤᠰ᠎ᠤᠨ ᠤᠳᠤ ᠦᠶ᠎ᠡ᠎ᠶ᠋ᠢᠨ ᠡᠨᠧᠷᠭᠢ᠎ᠶ᠋ᠢᠨ ᠰᠠᠭᠤᠷᠢᠨ᠎ᠤ ᠪᠦᠳᠦᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠡᠨᠧᠷᠭᠢ᠎ᠶ᠋ᠢᠨ ᠬᠤᠪᠢᠰᠭᠠᠯ᠎ᠢ ᠡᠩ ᠲᠡᠷᠢᠭᠦᠨ᠎ᠳᠦ ᠠᠬᠢᠭᠤᠯᠬᠤ ᠬᠡᠷᠡᠭ᠌ᠲᠡᠢ᠃
《ᠬᠤᠤᠰ ᠨᠡᠭᠦᠷᠡᠰᠦᠲᠥ᠋ᠷᠥᠭ᠌ᠴᠢ》᠎ᠶ᠋ᠢᠨ ᠬᠠᠷᠠᠯᠲᠠ ᠡᠨᠧᠷᠭᠢ᠎ᠶ᠋ᠢᠨ ᠬᠤᠪᠢᠰᠭᠠᠯ᠎ᠢ ᠬᠥᠲᠥᠯᠥᠨ ᠳᠠᠭᠠᠭᠤᠯᠵᠤ᠂ ᠥᠪᠥᠷ ᠮᠣᠩᠭᠣᠯ᠎ᠤᠨ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌᠎ᠳᠦ ᠤᠷᠢᠳ ᠡᠮᠦᠨ᠎ᠡ ᠪᠠᠢᠭ᠎ᠠ ᠥᠬᠡᠶ ᠠᠵᠠ ᠲᠣᠬᠢᠶᠠᠯ ᠬᠠᠩᠭᠠᠪᠠ᠃ 《ᠬᠤᠤᠰ ᠨᠡᠭᠦᠷᠡᠰᠦᠲᠥ᠋ᠷᠥᠭ᠌ᠴᠢ》 ᠶ᠋ᠢᠨ ᠬᠠᠷᠠᠯᠲᠠ᠎ᠶ᠋ᠢ ᠪᠡᠶᠡᠯᠡᠭᠦᠯᠬᠦ᠌ᠱᠢᠨᠡ ᠡᠨᠧᠷᠭᠢ᠎ᠶ᠋ᠢᠨ ᠬᠥᠭ᠌ᠵᠢᠯᠲᠡ᠎ᠶ᠋ᠢᠨ ᠲᠥᠷᠥ᠎ᠶ᠋ᠢᠨ ᠪᠣᠳᠣᠯᠭ᠎ᠠ᠎ᠨᠢ ᠮᠠᠨ᠎ᠤ ᠣᠷᠣᠨ᠎ᠤ ᠪᠦᠬᠦ᠌ ᠠᠵᠤ ᠦᠢᠯᠡᠰ᠎ᠦᠨ ᠬᠡᠯᠬᠢᠶ᠎ᠡ᠎ᠶ᠋ᠢᠨ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠎ᠳᠤ ᠠᠱᠢᠭ᠍ᠲᠠᠶ᠂ ᠡᠨᠧᠷᠭᠢ᠎ᠶ᠋ᠢᠨ ᠦᠶ᠋ᠯᠡᠳᠪᠦᠷᠢᠯᠡᠯ᠎ᠦᠨ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠳᠦ ᠬᠡᠯᠪᠡᠷᠢ᠎ᠶ᠋ᠢᠨ ᠬᠤᠪᠢᠷᠠᠯᠲᠠ᠎ᠶ᠋ᠢ ᠠᠬᠢᠭᠤᠯᠬᠤ᠎ᠳᠤ ᠠᠱᠢᠭ᠍ᠲᠠᠶ᠂ ᠡᠨᠧᠷᠭᠢ᠎ᠶ᠋ᠢᠨ ᠬᠡᠷᠡᠭ᠌ᠯᠡᠭᠡ᠎ᠶ᠋ᠢ ᠪᠣᠬᠢᠷᠲᠤᠯ ᠦᠭᠡᠢ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠬᠡᠯᠪᠡᠷᠢ᠎ᠶ᠋ᠢᠨ ᠬᠤᠪᠢᠷᠠᠯᠲᠠ᠎ᠶ᠋ᠢ ᠠᠬᠢᠭᠤᠯᠬᠤ᠎ᠳᠤ ᠠᠱᠢᠭ᠍ᠲᠠᠶ᠂ ᠡᠨᠧᠷᠭᠢ᠎ᠶ᠋ᠢᠨ ᠬᠣᠷᠣᠭ᠍ᠳᠠᠯ ᠶᠡᠬᠡᠲᠡᠶ ᠠᠵᠢᠯ ᠲᠥᠷᠥᠯ᠎ᠦᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠳᠦ ᠠᠱᠢᠭ᠍ᠲᠠᠶ᠂ ᠪᠡᠯᠡ ᠣᠷᠣᠭᠤᠯᠤᠯᠲᠠ᠎ᠶ᠋ᠢᠨ ᠪᠦᠲᠦᠴᠡ᠎ᠶ᠋ᠢ ᠰᠠᠢᠵᠢᠷᠠᠭᠤᠯᠬᠤ᠎ᠳᠤ ᠠᠱᠢᠭ᠍ᠲᠠᠶ᠂ ᠱᠢᠨ᠎ᠡ ᠬᠤᠳᠠᠯᠳᠤᠭᠠᠨ᠎ᠤ ᠵᠠᠭ᠍ᠪᠤᠷ᠎ᠤᠨ ᠱᠢᠨ᠎ᠡ᠎ᠶ᠋ᠢ ᠡᠭᠦᠳᠬᠦ᠌᠎ᠳᠦ ᠠᠱᠢᠭ᠍ᠲᠠᠶ᠂ ᠴᠢᠨᠠᠷ ᠰᠠᠢᠲᠠᠶ ᠠᠵᠢᠯ ᠣᠯᠭᠣᠯᠲᠠ᠎ᠶ᠋ᠢᠨ ᠱᠢᠨ᠎ᠡ ᠠᠷᠭ᠎ᠠ ᠵᠠᠮ᠎ᠢ ᠨᠡᠭᠡᠭᠡᠬᠦ᠌᠎ᠳᠦ ᠠᠱᠢᠭ᠍ᠲᠠᠶ᠂ ᠨᠡᠭᠦᠷᠡᠰᠦᠲᠥ᠋ᠷᠥᠭ᠌ᠴᠢ᠎ᠶ᠋ᠢᠨ ᠪᠡᠬᠢᠯᠡᠯᠲᠡ ᠪᠠ ᠪᠦᠲᠦᠭᠡᠭ᠌ᠳᠡᠬᠦᠨ᠎ᠦ ᠭᠠᠷᠭᠠᠯᠲᠠ᠎ᠶ᠋ᠢ ᠡᠪᠳᠡᠬᠦ᠌᠎ᠳᠦ ᠠᠱᠢᠭ᠍ᠲᠠᠢ᠂ ᠮᠠᠨ᠎ᠤ ᠣᠷᠣᠨ ᠠᠮᠢ ᠠᠬᠤᠶ᠎ᠶ᠋ᠢ ᠲᠡᠷᠢᠭᠦᠨ᠎ᠳᠦ ᠲᠠᠯᠪᠢᠬᠤ᠎ᠶ᠋ᠢ ᠰᠦᠪᠡᠭ᠌ᠴᠢᠯᠡᠬᠦ᠌᠎ᠶ᠋ᠢᠨ ᠲᠥᠯᠥᠭᠡ᠂ ᠪᠣᠬᠢᠷᠲᠤᠯ ᠦᠭᠡᠢ ᠬᠥᠭ᠌ᠵᠢᠯᠲᠡ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ ᠨᠢ ᠨᠡᠩ ᠥᠷᠭᠡᠨ ᠠᠭᠤᠳᠠᠮ ᠬᠥᠭ᠌ᠵᠢᠯᠲᠡ᠎ᠶ᠋ᠢᠨ ᠣᠷᠣᠨ ᠵᠠᠢ᠎ᠶ᠋ᠢ ᠨᠡᠭᠡᠭᠡᠪᠡ᠃ ᠢᠷᠡᠭᠡᠳᠦᠶ᠎ᠶ᠋ᠢᠨ ᠬᠥᠭ᠌ᠵᠢᠯᠲᠡ ᠳᠤᠮᠳᠠ᠂ ᠪᠢᠳᠡ ᠤᠯᠤᠰ᠎ᠤᠨ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ᠂ ᠵᠠᠬ᠎ᠠ ᠳᠡᠯᠭᠡᠭᠦᠷ᠎ᠦᠨ ᠵᠢᠱ᠌ᠢᠯᠲᠡ᠎ᠶ᠋ᠢᠨ ᠵᠢᠯᠤᠭᠤᠳᠤᠯᠭ᠎ᠠ ᠪᠠ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠥᠳᠡᠯᠭᠡᠭ᠌ᠴᠢ ᠬᠦᠴᠦᠨ᠎ᠢ ᠬᠦᠢᠴᠡᠳ ᠠᠰᠢᠬᠯᠠᠳᠠᠭ ᠯᠡ ᠶᠣᠮ ᠪᠣᠯ᠂ ᠰᠠᠯᠬᠢᠨ ᠬᠦᠴᠦ ᠪᠡᠷ ᠴᠠᠬᠢᠯᠭᠠᠨ ᠭᠠᠷᠭᠠᠬᠣ᠂ ᠨᠡᠷᠡᠨ᠎ᠦ ᠡᠨᠧᠷᠭᠢ ᠵᠡᠷᠭᠡ ᠱᠢᠨ᠎ᠡ ᠡᠨᠧᠷᠭᠢ᠎ᠶ᠋ᠢᠨ ᠬᠦᠷᠢᠶᠡᠨ᠎ᠳᠡᠬᠢ ᠪᠠᠢᠭᠠᠯᠢ᠎ᠶ᠋ᠢᠨ ᠡᠬᠢ ᠪᠠᠶᠠᠯᠢᠭ᠎ᠦᠨ ᠳᠠᠪᠠᠭᠤᠯᠢᠭ ᠪᠠ ᠬᠠᠷᠢᠴᠠᠭᠤᠯᠤᠭ᠍ᠰᠠᠨ ᠳᠠᠪᠠᠭᠤᠯᠢᠭ᠎ᠢ ᠬᠦᠢᠴᠡᠳ ᠠᠭᠣᠳᠠᠯᠪᠠᠯ᠂ ᠱᠢᠨ᠎ᠡ ᠡᠨᠧᠷᠭᠢ᠎ᠶ᠋ᠢᠨ ᠬᠤᠪᠢᠰᠭᠠᠯ᠎ᠦᠨ 《ᠴᠣᠩᠬᠣᠪᠴᠢ ᠵᠢᠨ ᠬᠣᠭᠣᠴᠠᠭ᠎ᠠ》 ᠵᠢ ᠡᠵᠡᠮᠳᠡᠬᠦ ᠪᠦᠷᠢᠨ ᠪᠣᠯᠣᠯᠴᠠᠭ᠎ᠠ ᠲᠠᠢ ᠪᠠᠢᠵᠦ᠂ ᠠᠵᠤ ᠠᠬᠤᠢ᠎ᠶ᠋ᠢᠨ ᠬᠥᠭ᠌ᠵᠢᠯᠲᠡ᠎ᠶ᠋ᠢ ᠡᠬᠢ ᠪᠠᠶᠠᠯᠢᠭ᠎ᠲᠤ ᠲᠦᠱᠢᠭ᠌ᠯᠡᠬᠦ᠌ ᠬᠡᠯᠪᠡᠷᠢ᠎ᠡᠴᠡ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠡᠯᠪᠡᠷᠢ ᠲᠡᠢᠰᠢ ᠱᠢᠯᠵᠢᠭᠦᠯᠬᠦ᠌᠎ᠶ᠋ᠢ ᠪᠡᠶᠡᠯᠡᠭᠦᠯᠦᠨ᠎ᠡ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠳᠦ ᠬᠡᠯᠪᠡᠷᠢᠲᠠᠢᠰᠢ ᠬᠣᠪᠢᠷᠠᠵᠦ᠂ ᠥᠪᠡᠷ᠎ᠦᠨ ᠲᠠᠪᠠᠭᠣᠯᠢᠬ ᠲᠠᠢ ᠵᠣᠬᠢᠴᠠᠭ᠍ᠰᠠᠨ ᠣᠳᠣ ᠦᠶ᠎ᠡ᠎ᠶ᠋ᠢᠨ ᠠᠵᠤ ᠦᠶ᠋ᠯᠡᠰ᠎ᠦᠨ ᠪᠦᠲᠦᠴᠡ᠂ ᠠᠵᠤ ᠠᠬᠤᠶ᠎ᠶ᠋ᠢᠨ ᠪᠦᠲᠦᠴᠡ ᠵᠢ ᠪᠦᠷᠢᠯᠳᠦᠬᠦᠯᠵᠦ᠂ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠎ᠢ ᠪᠠᠲᠤᠯᠠᠬᠤ᠎ᠶ᠋ᠢᠨ ᠲᠥᠯᠥᠭᠡ᠂ 《ᠬᠤᠤᠰ ᠨᠡᠭᠦᠷᠡᠰᠦᠲᠥ᠋ᠷᠥᠭ᠌ᠴᠢ》᠎ᠶ᠋ᠢᠨ ᠬᠠᠷᠠᠯᠲᠠ᠎ᠶ᠋ᠢ ᠪᠡᠶᠡᠯᠡᠭᠦᠯᠬᠦ᠌᠎ᠳᠦ ᠨᠠᠩ ᠶᠡᠬᠡ ᠱᠢᠨ᠎ᠡ ᠬᠤᠪᠢ ᠨᠡᠮᠡᠷᠢ ᠦᠵᠡᠭᠦᠯᠬᠦ᠌ ᠬᠡᠷᠡᠭ᠌ᠲᠡᠶ᠃
ᠡᠨᠧᠷᠭᠢ᠎ᠶ᠋ᠢᠨ ᠬᠤᠪᠢᠰᠭᠠᠯ᠎ᠤᠨ ᠭᠦᠨᠵᠡᠭᠡᠢᠷᠡᠨ ᠬᠥᠭ᠌ᠵᠢᠬᠦ᠌᠎ᠶ᠋ᠢ ᠭᠤᠢᠪᠢᠰᠢ ᠦᠭᠡᠢ ᠠᠬᠢᠭᠤᠯᠬᠤ ᠭᠡᠷᠡᠭᠳᠡᠢ
ᠪᠢᠳᠡ ᠪᠠᠰᠠ《ᠬᠣᠣᠰ ᠨᠡᠭᠦᠷᠡᠰᠦᠲᠥ᠋ᠷᠥᠭ᠌ᠴᠢ》 ᠵᠢᠨ ᠬᠠᠷᠠᠯᠲᠠ᠎ᠶ᠋ᠢ ᠪᠡᠶᠡᠯᠡᠭᠦᠯᠬᠦ᠌᠎ᠳᠦ ᠲᠤᠯᠭᠠᠷᠠᠵᠤ ᠪᠠᠢᠭ᠎ᠠ ᠠᠶᠤᠯ ᠲᠦᠭ᠌ᠰᠢᠭᠦᠷᠢ ᠪᠣᠯᠤᠨ ᠥᠷᠢᠰᠥᠯᠳᠦᠭᠡᠨ᠎ᠢ ᠰᠡᠷᠭᠡᠭ᠎ᠢᠶᠡᠷ ᠲᠠᠨᠢᠬᠤ ᠬᠡᠷᠡᠭ᠌ᠲᠡᠢ᠃ ᠣᠳᠣᠬᠠᠨ᠎ᠳᠤ ᠂ ᠮᠠᠨ᠎ᠤ ᠣᠷᠣᠨ᠎ᠤ ᠠᠵᠤ ᠦᠶ᠋ᠯᠡᠰ᠎ᠦᠨ ᠬᠥᠭ᠌ᠵᠢᠯᠲᠡ ᠮᠥᠨ ᠬᠦ᠌ ᠠᠵᠤ ᠦᠶ᠋ᠯᠡᠳᠪᠦᠷᠢᠵᠢᠯᠲᠡ᠎ᠶ᠋ᠢᠨ ᠳᠤᠮᠳᠠ ᠬᠤᠭᠤᠴᠠᠭᠠᠨ᠎ᠳᠦ ᠣᠷᠣᠱᠢᠵᠤ ᠪᠠᠢᠬᠤ᠎ᠶ᠋ᠢᠨ ᠬᠠᠮᠲᠤ ᠂ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠎ᠢ ᠪᠠᠲᠤᠯᠠᠬᠤ ᠴᠢᠬᠤᠯᠠ ᠬᠠᠷᠢᠭᠤᠴᠠᠯᠭ᠎ᠠ᠎ᠶ᠋ᠢ ᠡᠭᠦᠷᠭᠡᠯᠡᠵᠦ᠍ ᠪᠠᠢᠨ᠎ᠠ᠂ ᠠᠵᠤ ᠦᠶ᠋ᠯᠡᠳᠪᠦᠷᠢᠵᠢᠯᠲᠡ ᠪᠣᠯᠤᠨᠬᠣᠲᠠᠴᠢᠯᠠᠯᠲᠠᠦᠷᠭᠦᠯᠵᠢᠯᠡᠨᠠᠬᠢᠵᠤ᠂ᠡᠨᠧᠷᠭᠢᠶ᠋ᠢᠨᠬᠡᠷᠡᠭ᠌ᠯᠡᠭᠡᠨᠦᠬᠡᠮᠵᠢᠶᠡ ᠮᠥᠨ ᠬᠦ᠌ ᠨᠡᠮᠡᠭ᠌ᠳᠡᠵᠦ᠍᠂ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠦᠨ ᠭᠠᠳᠠᠭ᠍ᠰᠢᠯᠠᠭᠤᠯᠬᠤ ᠬᠡᠮᠵᠢᠶ᠎ᠡ ᠴᠦ᠍ ᠳᠠᠭᠠᠯᠳᠤᠨ ᠨᠡᠮᠡᠭ᠌ᠳᠡᠵᠦ᠍᠂ ᠠᠵᠤ ᠦᠶ᠋ᠯᠡᠰ᠎ᠦᠨ ᠪᠦᠲᠦᠴᠡ᠎ᠶ᠋ᠢᠨ ᠲᠣᠬᠢᠷᠠᠭᠤᠯᠤᠯᠲᠠ ᠂ ᠠᠵᠢᠯ ᠲᠥᠷᠥᠯ᠎ᠦᠨ ᠡᠨᠧᠷᠭᠢ ᠠᠷᠪᠢᠯᠠᠬᠤ ᠪᠠ ᠴᠢᠯᠠᠭᠤᠵᠢᠮᠠᠯ᠎ᠤᠨ ᠪᠤᠰᠤ ᠡᠨᠧᠷᠭᠢ᠎ᠶ᠋ᠢ ᠬᠥᠭ᠌ᠵᠢᠭᠦᠯᠬᠦ᠌᠎ᠪᠡᠷ ᠪᠣᠬᠢᠷᠲᠤᠯ ᠭᠠᠳᠠᠭ᠍ᠰᠢᠯᠠᠭᠤᠯᠬᠤ ᠬᠡᠮᠵᠢᠶ᠎ᠡ᠎ᠶ᠋ᠢ ᠪᠠᠭᠠᠰᠭᠠᠬᠤ ᠭᠣᠣᠯ ᠠᠷᠭ᠎ᠠ ᠪᠠᠷᠢᠯ ᠪᠣᠯᠭᠠᠭ᠍ᠰᠠᠨ ᠤᠷᠢᠲᠠᠯ ᠳᠤᠤᠷ᠎ᠠ᠂ ᠣᠬᠣᠷ ᠬᠤᠭᠤᠴᠠᠭᠠᠨ᠎ᠤ ᠳᠣᠲᠣᠷ᠎ᠠ ᠨᠡᠯᠢᠶᠡᠳ ᠥᠨᠳᠥᠷ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠬᠡᠮᠵᠢᠶ᠎ᠡ᠎ᠶ᠋ᠢ ᠪᠠᠭᠠᠰᠭᠠᠬᠤ ᠬᠠᠷᠠᠯᠲᠠ ᠵᠢ ᠪᠡᠶᠡᠯᠡᠬᠦᠯᠬᠦ ᠨᠢ ᠠᠵᠤ ᠠᠬᠤᠶ᠎ᠳᠤ ᠯᠠᠪᠲᠠᠶ ᠠᠯᠢ ᠣᠯᠠᠨ ᠲᠦᠭ᠌ᠰᠢᠭᠦᠷᠢ ᠪᠣᠯᠤᠨ ᠥᠷᠢᠰᠥᠯᠳᠦᠭᠡᠨ᠎ᠢ ᠠᠪᠴᠢᠷᠠᠬᠤ ᠪᠣᠯᠤᠨ᠎ᠠ᠃ ᠵᠢᠱ᠌ᠢᠶᠡᠯᠡᠪᠡᠯ᠂ ᠠᠵᠤ ᠠᠬᠤᠢᠯᠠᠯ᠎ᠤᠨ ᠦᠢᠯᠡᠳᠪᠦᠷᠢᠯᠡᠯ᠎ᠦᠨ ᠥᠪᠡᠷ᠎ᠦᠨ ᠦᠷᠳᠡᠭ ᠨᠡᠮᠡᠭ᠌ᠳᠡᠬᠦ᠌ ᠠᠶᠤᠯ ᠲᠦᠭ᠌ᠰᠢᠭᠦᠷᠢ᠂ ᠨᠡᠭᠦᠷᠡᠰᠦᠲᠥ᠋ᠷᠥᠭ᠌ᠴᠢ ᠶᠡᠬᠡᠲᠡᠢ ᠠᠵᠤ ᠠᠬᠤᠢᠯᠠᠯ᠎ᠤᠨ ᠡᠳ᠋ ᠬᠦᠷᠦᠨᠭ᠌ᠭᠡ ᠵᠣᠭ᠍ᠰᠣᠩᠭᠢᠷᠠᠬᠤ ᠠᠶᠤᠯ ᠲᠦᠭ᠌ᠰᠢᠭᠦᠷᠢ᠂ ᠡᠨᠧᠷᠭᠢ᠎ᠶ᠋ᠢᠨ ᠰᠤᠷᠪᠤᠯᠵᠢ᠎ᠶ᠋ᠢᠨ ᠬᠠᠩᠭᠠᠯᠭ᠎ᠠ᠎ᠶ᠋ᠢᠨ ᠠᠮᠤᠷ ᠲᠦᠪᠱᠢᠨ᠎ᠦ ᠠᠶᠤᠯ ᠲᠦᠭ᠌ᠰᠢᠭᠦᠷᠢ᠂ ᠣᠷᠣᠨ ᠪᠦᠰᠡ᠎ᠶ᠋ᠢᠨ ᠬᠥᠭ᠌ᠵᠢᠯᠲᠡ ᠲᠡᠩᠴᠡᠭᠦᠷᠢ ᠦᠭᠡᠢ ᠪᠠᠢᠬᠤ ᠠᠶᠤᠯ ᠲᠦᠭ᠌ᠰᠢᠭᠦᠷᠢ᠂ ᠠᠵᠤ ᠦᠢᠯᠡᠰ᠎ᠦᠨ ᠪᠦᠲᠦᠴᠡ᠎ᠶ᠋ᠢᠨ ᠲᠤᠬᠢᠷᠠᠭᠤᠯᠤᠯᠳᠠ᠎ᠶ᠋ᠢᠨ ᠠᠶᠤᠯ ᠲᠦᠭ᠌ᠰᠢᠭᠦᠷᠢ᠂ ᠮᠡᠷᠭᠡᠵᠢᠯ᠎ᠦᠨ ᠱᠢᠨᠡᠴᠢᠯᠡᠯᠲᠡ ᠳᠠᠪᠬᠤᠴᠠᠬᠤ ᠠᠶᠤᠯ ᠲᠦᠭ᠌ᠰᠢᠭᠦᠷᠢ᠂ ᠡᠳ᠋᠎ᠦᠨ ᠵᠠᠰᠠᠭ᠎ᠤᠨ ᠦᠷᠭᠦᠯᠵᠢᠯᠡᠬᠦ᠌ ᠬᠥᠭ᠌ᠵᠢᠯᠲᠡ᠎ᠶ᠋ᠢᠨ ᠠᠶᠤᠯ ᠲᠦᠭ᠌ᠰᠢᠭᠦᠷᠢ᠂ ᠮᠥᠩᠭᠥᠨ ᠭᠦᠢᠯᠭᠡᠭᠡᠨ᠎ᠦ ᠱᠢᠰᠲ᠋ᠧᠮ᠎ᠳᠦ ᠠᠪᠴᠢᠷᠠᠬᠤ ᠠᠶᠤᠯ ᠲᠦᠭ᠌ᠰᠢᠭᠦᠷᠢ ᠵᠡᠷᠭᠡ ᠪᠣᠯᠤᠨ᠎ᠠ᠃ ᠡᠯ᠎ᠡ ᠵᠦᠢᠯ᠎ᠦᠨ ᠤᠷᠢᠳᠴᠢᠯᠠᠨ ᠮᠡᠳᠡᠵᠦ᠍ ᠪᠣᠯᠬᠤ ᠪᠠ ᠤᠷᠢᠳᠴᠢᠯᠠᠨ ᠮᠡᠳᠡᠬᠦᠶ᠎ᠡ ᠪᠡᠷᠬᠡ ᠠᠶᠤᠯ ᠲᠦᠭ᠌ᠰᠢᠭᠦᠷᠢ᠎ᠶ᠋ᠢᠨ ᠡᠯᠧᠮᠧᠨ᠋ᠲ ᠳᠠᠪᠬᠤᠴᠠᠵᠤ ᠪᠠᠢᠬᠤ ᠨᠢ ᠴᠥᠮ ᠡᠨᠡ ᠤᠳᠠᠭ᠎ᠠ᠎ᠶ᠋ᠢᠨ ᠡᠨᠧᠷᠭᠢ᠎ᠶ᠋ᠢᠨ ᠬᠤᠪᠢᠰᠭᠠᠯ᠎ᠤᠨ ᠪᠤᠳᠤᠯᠢᠶᠠᠨᠲᠤ ᠴᠢᠨᠠᠷ ᠪᠣᠯᠤᠨ ᠪᠡᠷᠬᠡ ᠬᠠᠲᠠᠭᠤᠵᠢᠯᠲᠤ ᠴᠢᠨᠠᠷ᠎ᠢ ᠲᠣᠭ᠍ᠲᠠᠭᠠᠵᠤ ᠪᠠᠢᠨ᠎ᠠ᠃ ᠡᠨᠡ ᠨᠢ ᠪᠢᠳᠡ ᠴᠢᠨᠠᠷ ᠰᠠᠢᠲᠠᠢ ᠬᠥᠭ᠌ᠵᠢᠯᠲᠡ ᠪᠣᠯᠤᠨ ᠣᠳᠣᠬᠢᠴᠢᠯᠠᠯᠲᠠ᠎ᠶ᠋ᠢᠨ ᠪᠦᠬᠦ᠌ ᠲᠠᠯ᠎ᠠ᠎ᠳᠤ ᠰᠠᠭᠤᠷᠢᠯᠠᠨ ᠬᠥᠭ᠌ᠵᠢᠯᠲᠡ ᠪᠣᠯᠤᠨ ᠠᠮᠤᠷ ᠲᠦᠪᠱᠢᠨ᠎ᠦ ᠵᠥᠷᠢᠴᠡᠯ᠎ᠢ ᠨᠢᠭᠡᠳᠦᠯᠲᠡᠢ ᠲᠥᠯᠥᠪᠵᠢᠭᠦᠯᠵᠦ᠍᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠡᠷᠡᠰ ᠭᠤᠢᠪᠢᠰᠢ ᠦᠭᠡᠢ ᠪᠦᠷᠢᠨ ᠪᠦᠲᠦᠨ ᠣᠨᠣᠪᠴᠢᠲᠠᠢ᠎ᠪᠠᠷ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠱᠢᠰᠲ᠋ᠧᠮ᠎ᠲᠡᠶ ᠵᠠᠰᠠᠬᠤ ᠂ ᠡᠬᠢ ᠡᠭᠦᠰᠦᠯ᠎ᠡᠴᠡ ᠨᠢ ᠰᠡᠷᠭᠡᠢᠯᠡᠨ ᠵᠠᠰᠠᠬᠤ᠎ᠶ᠋ᠢ ᠠᠬᠢᠭᠤᠯᠬᠤ᠂ ᠠᠵᠤ ᠦᠢᠯᠡᠰ᠎ᠦᠨ ᠪᠦᠲᠦᠴᠡ᠎ᠳᠦ ᠲᠤᠬᠢᠷᠠᠭᠤᠯᠤᠯᠳᠠ ᠬᠢᠬᠦ᠌᠂ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠴᠢᠩᠭᠠᠳᠭᠠᠬᠤ᠂ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠢ ᠪᠣᠢᠵᠢᠭᠤᠯᠬᠤ᠂ ᠪᠣᠬᠢᠷᠲᠤᠯ ᠦᠭᠡᠢ ᠠᠮᠢᠳᠤᠷᠠᠯ᠎ᠤᠨ ᠠᠷᠭ᠎ᠠ ᠵᠠᠮ᠎ᠢ ᠰᠠᠨᠠᠭᠠᠴᠢᠯᠠᠬᠤ᠂ ᠡᠨᠧᠷᠭᠢ᠎ᠶ᠋ᠢᠨ ᠬᠤᠪᠢᠰᠭᠠᠯᠢᠲᠦᠷᠭᠡᠳᠭᠡᠨᠠᠬᠢᠭᠤᠯᠬᠤ᠂ᠦᠢᠯᠡᠳᠪᠦᠷᠢᠯᠡᠯᠠᠮᠢᠳᠤᠷᠠᠯᠤᠨ ᠠᠷᠭ᠎ᠠ ᠬᠡᠯᠪᠡᠷᠢ᠎ᠶ᠋ᠢᠨ ᠪᠣᠬᠢᠷᠲᠤᠯ ᠦᠭᠡᠢ ᠬᠤᠪᠢᠰᠤᠯᠲᠠ᠎ᠶ᠋ᠢ ᠪᠡᠶᠡᠯᠡᠭᠦᠯᠬᠦ᠌᠎ᠶ᠋ᠢ ᠱᠠᠭᠠᠷᠳᠠᠵᠤ ᠪᠠᠢᠨ᠎ᠠ᠃
ᠡᠨᠧᠷᠭᠢ᠎ᠶ᠋ᠢᠨ ᠰᠤᠷᠪᠤᠯᠵᠢ᠎ᠶ᠋ᠢᠨ ᠬᠤᠪᠢᠰᠭᠠᠯ᠎ᠢ ᠠᠬᠢᠭᠤᠯᠬᠤ᠎ᠳᠤ ᠡᠷᠬᠡᠪᠰᠢ ᠦᠵᠡᠯ ᠰᠠᠨᠠᠭ᠎ᠠ᠎ᠪᠠᠨ ᠤᠯᠠᠮ ᠨᠢᠭᠡ ᠠᠯᠬᠤᠮ ᠴᠢᠯᠥᠭᠡᠯᠡᠵᠦ᠍᠂ ᠴᠠᠭ ᠲᠣᠬᠢᠶᠠᠯ᠎ᠢ ᠠᠮᠵᠢᠨ ᠠᠳᠭᠤᠬᠤ ᠤᠬᠠᠮᠰᠠᠷ᠎ᠢ ᠪᠤᠢ ᠪᠣᠯᠭᠠᠬᠤ ᠬᠡᠷᠡᠭ᠌ᠲᠡᠢ᠃ ᠠᠯᠢᠪᠠ ᠬᠤᠪᠢᠰᠤᠯᠲᠠ ᠨᠢ ᠴᠥᠮ ᠲᠠᠯ᠎ᠠ ᠲᠠᠯ᠎ᠠ᠎ᠶ᠋ᠢᠨ ᠠᠱᠢᠭ ᠲᠤᠰᠠ᠎ᠶ᠋ᠢᠨ ᠲᠤᠬᠢᠷᠠᠭᠤᠯᠤᠯᠳᠠ ᠪᠠ ᠣᠢᠯᠠᠭᠠᠭ᠍ᠳᠠᠬᠤᠨ᠎ᠲᠠᠶ ᠬᠣᠯᠪᠣᠭ᠍ᠳᠠᠵᠤ ᠂ ᠴᠥᠮ ᠴᠠᠭ ᠦᠶ᠎ᠡ᠎ᠲᠡᠶ ᠵᠡᠷᠭᠡ᠎ᠪᠡᠷ ᠤᠷᠤᠭ᠍ᠰᠢᠯᠠᠬᠤ ᠦᠵᠡᠯ ᠰᠠᠨᠠᠭᠠᠨ᠎ᠤ ᠬᠤᠪᠢᠰᠤᠯᠲᠠ ᠬᠢᠬᠦ᠌ ᠴᠢᠬᠤᠯᠠᠲᠠᠢ ᠪᠠᠢᠳᠠᠭ᠂ ᠬᠤᠪᠢᠰᠤᠯᠲᠠ᠎ᠶ᠋ᠢᠨ ᠠᠪᠴᠢᠷᠠᠭ᠍ᠰᠠᠨ ᠲᠡᠦᠬᠡᠲᠦ ᠴᠢᠨᠠᠷᠲᠠᠢ ᠠᠵᠠ ᠲᠣᠬᠢᠶᠠᠯ ᠨᠢ ᠶᠡᠷᠦ᠍᠎ᠡᠴᠡ ᠣᠯᠳᠠᠬᠤᠶ᠎ᠠ ᠪᠡᠷᠬᠡ ᠪᠠᠢᠳᠠᠭ᠃ ᠨᠢᠭᠡ ᠭᠠᠵᠠᠷ ᠣᠷᠣᠨ ᠂ ᠨᠢᠭᠡ ᠤᠯᠤᠰ᠎ᠤᠨ ᠬᠥᠭ᠌ᠵᠢᠯᠲᠡ᠎ᠶ᠋ᠢᠨ ᠬᠤᠷᠳᠤᠨ ᠤᠳᠠᠭᠠᠨ ᠨᠢ ᠴᠥᠮ ᠲᠡᠦᠬᠡ᠎ᠶ᠋ᠢᠨ ᠠᠵᠠ ᠲᠣᠬᠢᠶᠠᠯ᠎ᠢ ᠠᠳᠭᠤᠵᠤ ᠴᠢᠳᠠᠬᠤ ᠡᠰᠡᠬᠦ᠌ ᠪᠠ ᠰᠠᠢᠲᠤᠷ ᠠᠱᠢᠭ᠍ᠯᠠᠵᠤ ᠴᠢᠳᠠᠬᠤ ᠡᠰᠡᠬᠦ᠌᠎ᠲᠡᠶ ᠨᠢᠭ᠍ᠲᠠ ᠬᠣᠯᠪᠣᠭ᠎ᠠ᠎ᠲᠠᠶ ᠶᠤᠮ᠃ ᠭᠡᠬᠦ᠌᠎ᠳᠡᠭᠡᠨ ᠠᠵᠠ ᠲᠣᠬᠢᠶᠠᠯ᠎ᠢ ᠠᠳᠭᠤᠬᠤ᠎ᠶ᠋ᠢᠨ ᠵᠠᠩᠭᠢᠯᠠᠭ᠎ᠠ ᠨᠢ ᠦᠵᠡᠯᠲᠡ᠎ᠪᠡᠨ ᠱᠢᠨᠡᠳᠭᠡᠵᠦ᠍᠂ ᠠᠵᠠ ᠲᠣᠬᠢᠶᠠᠯ᠎ᠢ ᠵᠠᠪᠳᠤᠨ ᠠᠳᠭᠤᠬᠤ ᠤᠬᠠᠮᠰᠠᠷ ᠪᠠ ᠴᠢᠳᠠᠪᠤᠷᠢ᠎ᠲᠠᠶ ᠪᠠᠢᠬᠤ᠎ᠳᠤ ᠣᠷᠣᠱᠢᠨ᠎ᠠ᠃ ᠲᠡᠦᠬᠡ ᠶᠡᠷᠦ᠍᠎ᠡᠴᠡ ᠬᠠᠭᠤᠴᠢᠨ᠎ᠢᠶᠠᠨ ᠪᠠᠷᠢᠮᠲᠠᠯᠠᠵᠤ ᠂ ᠣᠳᠣᠬᠢ ᠪᠠᠢᠳᠠᠯ᠎ᠳᠠᠭᠠᠨ ᠰᠡᠳᠭᠢᠯ ᠬᠠᠨᠤᠭ᠍ᠰᠠᠳᠢ ᠬᠠᠷᠠᠭᠠᠯᠵᠠᠳᠠᠭ ᠦᠭᠡᠢ᠂ ᠠᠵᠠ ᠲᠣᠬᠢᠶᠠᠯ ᠬᠡᠵᠢᠶᠡᠳᠡ ᠦᠵᠡᠯ ᠰᠠᠨᠠᠭ᠎ᠠ᠎ᠪᠠᠨ ᠴᠢᠯᠥᠭᠡᠯᠡᠵᠦ᠍᠂ ᠵᠣᠷᠢᠭ᠍ᠲᠠᠢ᠎ᠪᠠᠷ ᠱᠢᠨ᠎ᠡ᠎ᠶ᠋ᠢ ᠡᠭᠦᠳᠦᠭ᠌ᠴᠢ᠎ᠳᠦ ᠬᠠᠷᠢᠶᠠᠯᠠᠭ᠍ᠳᠠᠨ᠎ᠠ᠃ 《ᠬᠤᠤᠰ ᠨᠡᠭᠦᠷᠡᠰᠦᠲᠥ᠋ᠷᠥᠭ᠌ᠴᠢ》᠎ᠶ᠋ᠢᠨ ᠠᠬᠤᠶ ᠪᠠᠢᠳᠠᠯ ᠳᠤᠤᠷ᠎ᠠ᠂ ᠥᠪᠥᠷ ᠮᠣᠩᠭᠣᠯ ᠭᠠᠭ᠍ᠴᠠ ᠬᠦ᠌ ᠰᠡᠳᠭᠢᠬᠦᠶ᠎ᠶ᠋ᠢᠨ ᠬᠤᠪᠢᠰᠤᠯᠲᠠ᠎ᠪᠠᠷ ᠤᠳᠤᠷᠢᠳᠤᠮᠵᠢ ᠪᠣᠯᠭᠠᠵᠤ᠂ ᠨᠠᠩ ᠨᠡᠭᠡᠭᠡᠯᠲᠡᠲᠡᠶ ᠪᠠᠭ᠍ᠲᠠᠭᠠᠮᠵᠢᠲᠠᠶ ᠳᠦᠷᠢ ᠪᠠᠢᠳᠠᠯ᠎ᠢᠶᠠᠷ ᠣᠶᠤᠨ ᠤᠬᠠᠭᠠᠨ ᠬᠦᠴᠦᠨ ᠴᠢᠳᠠᠯ᠎ᠢᠶᠠᠨ ᠨᠢᠭ᠍ᠲᠠᠷᠠᠭᠤᠯᠵᠤ ᠂ ᠦᠵᠡᠯ ᠰᠠᠨᠠᠭ᠎ᠠ᠎ᠪᠠᠨ ᠴᠢᠯᠥᠭᠡᠯᠡᠬᠦ᠌ ᠪᠠ ᠱᠢᠨ᠎ᠡ ᠨᠢᠭᠡ ᠡᠭᠡᠯᠵᠢ᠎ᠶ᠋ᠢᠨ ᠠᠵᠢᠯ᠎ᠢ ᠠᠳᠭᠤᠬᠤ ᠬᠡᠷᠡᠭ᠌ᠲᠡᠶ᠃ ᠡᠨᠧᠷᠭᠢ᠎ᠶ᠋ᠢᠨ ᠬᠤᠪᠢᠰᠭᠠᠯ᠎ᠤᠨ ᠲᠡᠦᠬᠡᠨ ᠠᠵᠠ ᠲᠣᠬᠢᠶᠠᠯ᠎ᠲᠠᠢ ᠤᠶᠠᠯᠳᠤᠭᠤᠯᠵᠤ᠂ ᠦᠵᠡᠯ ᠰᠠᠨᠠᠭ᠎ᠠ᠎ᠪᠠᠨ ᠴᠢᠯᠥᠭᠡᠯᠡᠬᠦ᠌᠎ᠶ᠋ᠢ ᠬᠦᠴᠢᠷ ᠠᠰᠠᠭᠤᠳᠠᠯ᠎ᠢ ᠱᠢᠢᠳᠪᠦᠷᠢᠯᠡᠬᠦ᠌ ᠴᠢᠳᠠᠪᠤᠷᠢ᠎ᠪᠠᠨ ᠨᠡᠮᠡᠭ᠌ᠳᠡᠭᠦᠯᠬᠦ᠌᠎ᠲᠡᠶ ᠤᠶᠠᠯᠳᠤᠭᠤᠯᠪᠠᠯ ᠰᠠᠶᠢ ᠤᠷᠢᠳᠤᠬᠢ᠎ᠶ᠋ᠢ ᠵᠠᠯᠭᠠᠮᠵᠢᠯᠠᠨ ᠬᠣᠢᠱᠢᠬᠢ᠎ᠳᠤ ᠵᠠᠮ ᠨᠡᠭᠡᠭᠡᠬᠦ᠌ ᠠᠭᠤᠤ ᠶᠡᠬᠡ ᠦᠢᠯᠡᠰ᠎ᠢ ᠲᠠᠰᠤᠷᠠᠯᠲᠠ ᠦᠭᠡᠢ ᠠᠬᠢᠭᠤᠯᠵᠤ ᠂ ᠡᠨᠧᠷᠭᠢ᠎ᠶ᠋ᠢᠨ ᠬᠤᠪᠢᠰᠭᠠᠯ ᠂ ᠬᠡᠯᠪᠡᠷᠢ᠎ᠪᠡᠨ ᠬᠤᠪᠢᠷᠠᠭᠤᠯᠬᠤ ᠬᠥᠭ᠌ᠵᠢᠯᠲᠡ᠎ᠶ᠋ᠢᠨ ᠳᠤᠮᠳᠠ ᠡᠮᠦᠨ᠎ᠡ ᠡᠩᠨᠡᠭᠡᠨ᠎ᠳᠦ ᠶᠠᠪᠤᠵᠤ ᠴᠢᠳᠠᠨ᠎ᠠ᠃
ᠡᠨᠧᠷᠭᠢ᠎ᠶ᠋ᠢᠨ ᠬᠤᠪᠢᠰᠭᠠᠯ᠎ᠢ ᠠᠬᠢᠭᠤᠯᠬᠤ᠎ᠳᠤ ᠡᠷᠬᠡᠪᠰᠢ ᠲᠡᠭᠦᠨ᠎ᠦ ᠪᠦᠬᠦ᠌ ᠲᠠᠯ᠎ᠠ᠎ᠶ᠋ᠢᠨ ᠴᠢᠨᠠᠷᠲᠠᠢ ᠪᠠᠢᠯᠳᠤᠬᠤ ᠪᠤᠳᠤᠯᠭ᠎ᠠ᠎ᠶ᠋ᠢᠨ ᠪᠠᠢᠷᠢ ᠰᠠᠭᠤᠷᠢ᠎ᠶ᠋ᠢ ᠲᠤᠪᠤᠢ᠌ᠯᠭᠠᠵᠤ᠂ ᠬᠦᠴᠦ᠍᠎ᠪᠡᠨ ᠲᠥᠪᠯᠡᠷᠡᠭᠦᠯᠦᠨ ᠠᠬᠢᠭᠤᠯᠬᠤ ᠬᠡᠷᠡᠭ᠌ᠲᠡᠢ᠃ 《ᠬᠤᠤᠰ ᠨᠡᠭᠦᠷᠡᠰᠦᠲᠥ᠋ᠷᠥᠭ᠌ᠴᠢ》᠎ᠶ᠋ᠢᠨ ᠬᠠᠷᠠᠯᠲᠠ᠎ᠶ᠋ᠢ ᠪᠡᠶᠡᠯᠡᠭᠦᠯᠬᠦ᠌ ᠪᠣᠯ ᠨᠢᠭᠡ ᠤᠳᠠᠭ᠎ᠠ᠎ᠶ᠋ᠢᠨ ᠥᠷᠭᠡᠨ ᠳᠡᠯᠭᠡᠷ ᠪᠥᠭᠡᠳ ᠭᠦᠨ ᠭᠦᠨᠵᠡᠭᠡᠶ ᠠᠵᠤ ᠠᠬᠤᠶ ᠨᠡᠢᠭᠡᠮ᠎ᠦᠨ ᠱᠢᠰᠲ᠋ᠧᠮᠲᠦ ᠴᠢᠨᠠᠷᠲᠠᠶ ᠬᠤᠪᠢᠰᠤᠯᠲᠠ ᠪᠠᠢᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠂ ᠠᠵᠤ ᠦᠶ᠋ᠯᠡᠳᠪᠦᠷᠢ ᠂ ᠬᠥᠳᠡᠭᠡ ᠠᠵᠤ ᠠᠬᠤᠶ ᠂ ᠵᠠᠮ ᠬᠠᠷᠢᠯᠴᠠᠭ᠎ᠠ᠂ ᠪᠠᠷᠢᠯᠭ᠎ᠠ᠂ ᠰᠣᠶᠣᠯ ᠵᠢᠭᠤᠯᠴᠢᠯᠠᠯ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ ᠵᠢᠴᠢ ᠪᠠᠢᠭᠤᠯᠤᠮᠵᠢ ᠲᠥᠷᠥ᠎ᠶ᠋ᠢᠨ ᠪᠣᠳᠣᠯᠭ᠎ᠠ ᠵᠡᠷᠭᠡ ᠡᠯ᠎ᠡ ᠬᠦᠷᠢᠶ᠎ᠡ ᠡᠯ᠎ᠡ ᠲᠠᠯ᠎ᠠ᠎ᠳᠤ ᠬᠣᠯᠪᠣᠭ᠍ᠳᠠᠵᠤ᠂ 《ᠬᠤᠤᠰ ᠨᠡᠭᠦᠷᠡᠰᠦᠲᠥ᠋ᠷᠥᠭ᠌ᠴᠢ》᠎ᠶ᠋ᠢᠨ ᠬᠠᠷᠠᠯᠲᠠ᠎ᠶ᠋ᠢ ᠪᠡᠶᠡᠯᠡᠭᠦᠯᠬᠦ᠌᠎ᠶ᠋ᠢ 《ᠲᠠᠪᠤ᠎ᠶ᠋ᠢ ᠨᠢᠭᠡ ᠴᠤᠭ᠍ᠴᠠᠵᠢᠭᠤᠯᠬᠤ》 ᠬᠦᠭᠵᠢᠯᠳᠡ ᠵᠢᠨ ᠶᠡᠷᠦᠩᠬᠡᠶ ᠪᠠᠢᠷᠢᠱᠢᠭᠤᠯᠤᠯᠲᠠ᠎ᠳᠤ ᠣᠷᠣᠭᠤᠯᠬᠤ᠎ᠪᠠᠷ ᠪᠠᠷᠠᠬᠤ ᠥᠬᠡᠶ᠂ ᠡᠨᠧᠷᠭᠢ᠎ᠶ᠋ᠢᠨ ᠬᠤᠪᠢᠰᠭᠠᠯ᠎ᠢ ᠠᠬᠢᠭᠤᠯᠬᠤ᠎ᠶ᠋ᠢ ᠥᠪᠥᠷ ᠮᠣᠩᠭᠣᠯ᠎ᠤᠨ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌᠂ ᠪᠣᠬᠢᠷᠲᠤᠯ ᠥᠬᠡᠶ ᠬᠥᠭ᠌ᠵᠢᠯᠲᠡ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠭᠤᠤᠯᠳᠠᠯᠭ᠎ᠠ᠎ᠶ᠋ᠢᠨ ᠳᠣᠲᠣᠷᠠᠬᠢ ᠭᠤᠤᠯᠳᠠᠯᠭ᠎ᠠ ᠪᠣᠯᠭᠠᠨ ᠠᠳᠭᠤᠵᠤ᠂ ᠪᠥᠬᠥ᠌ ᠲᠠᠯ᠎ᠠ᠎ᠶ᠋ᠢᠨ ᠠᠵᠢᠯ᠎ᠤᠨ ᠳᠤᠮᠳᠠ ᠨᠠᠩ ᠲᠣᠪᠣᠢᠮ᠎ᠠ ᠪᠠᠢᠷᠢᠨ᠎ᠳᠤ ᠲᠠᠯᠪᠢᠬᠤ ᠬᠡᠷᠡᠭ᠌ᠲᠡᠶ᠃ ᠨᠢᠭᠡᠳᠦᠯᠲᠡᠶ ᠲᠥᠯᠥᠪᠯᠡᠵᠦ᠍᠂ ᠦᠵᠦ᠍ ᠲᠥᠯᠥᠪᠯᠡᠭᠡ᠎ᠶ᠋ᠢ ᠰᠠᠢᠲᠤᠷ ᠬᠢᠬᠦ᠌ ᠬᠡᠷᠡᠭ᠌ᠲᠡᠶ᠃ ᠪᠠᠰᠠ ᠭᠣᠣᠯᠳᠠᠯᠭ᠎ᠠ᠎ᠶ᠋ᠢ ᠲᠤᠪᠤᠢ᠌ᠯᠭᠠᠵᠤ᠂ ᠬᠠᠷᠢᠯᠴᠠᠨ ᠬᠣᠯᠪᠣᠯᠳᠣᠬᠣ ᠦᠢᠯᠡᠴᠢᠯᠠᠯᠢ ᠪᠦᠷᠢᠯᠳᠦᠭᠦᠯᠬᠦ᠌ ᠬᠡᠷᠡᠭ᠌ᠲᠡᠢ᠃ ᠤᠯᠤᠰ᠎ᠠᠴᠠ ᠨᠡᠭᠦᠷᠡᠰᠦᠲᠥ᠋ᠷᠥᠭ᠌ᠴᠢ ᠵᠢᠨ ᠭᠠᠲᠠᠬᠰᠢᠯᠠᠭᠤᠯᠤᠯᠲᠠ ᠵᠢ ᠤᠷᠬᠢᠯ ᠬᠡᠮᠵᠢᠭᠳᠡᠯ᠎ᠳᠦ ᠬᠦᠷᠭᠡᠬᠦ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ᠎ᠶ᠋ᠢ ᠪᠡᠶᠡᠯᠡᠭᠦᠯᠬᠦ᠌᠎ᠶ᠋ᠢ ᠠᠬᠢᠭᠤᠯᠵᠤ ᠪᠠᠢᠭ᠎ᠠ ᠴᠢᠬᠤᠯᠠ ᠶᠡᠬᠡ ᠪᠠᠢᠯᠳᠤᠬᠤ ᠪᠤᠳᠤᠯᠭ᠎ᠠ᠎ᠶ᠋ᠢᠨ ᠠᠵᠠ ᠲᠣᠬᠢᠶᠠᠯ᠎ᠢ ᠴᠢᠩᠭ᠎ᠠ ᠠᠳᠭᠤᠵᠤ᠂ ᠡᠨᠧᠷᠭᠢ᠎ᠶ᠋ᠢᠨ ᠬᠤᠪᠢᠰᠭᠠᠯ᠎ᠢᠶᠠᠷ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠬᠦᠳᠦᠯᠦᠨ ᠳᠠᠭᠠᠭᠤᠯᠵᠤ᠂ ᠨᠡᠩ ᠶᠡᠬᠡ ᠡᠷᠴᠢ ᠵᠣᠷᠢᠭ ᠪᠣᠯᠤᠨ ᠨᠡᠩ ᠶᠡᠬᠡ ᠡᠷᠴᠢᠮ᠎ᠢᠶᠡᠷ ᠪᠣᠬᠢᠷᠲᠤᠯ᠎ᠢ ᠪᠠᠭᠠᠰᠭᠠᠵᠤ ᠨᠡᠭᠦᠷᠡᠰᠦᠲᠥ᠋ᠷᠥᠭ᠌ᠴᠢ᠎ᠶ᠋ᠢ ᠪᠠᠭᠠᠰᠭᠠᠬᠤ᠎ᠶ᠋ᠢ ᠬᠠᠮᠵᠢᠯᠴᠠᠭᠤᠯᠤᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠰᠠᠢᠲᠤᠷ ᠠᠳᠭᠤᠵᠤ᠂ ᠠᠵᠤ ᠦᠢᠯᠡᠰ᠎ᠦᠨ ᠪᠦᠲᠦᠴᠡ ᠂ ᠡᠨᠧᠷᠭᠢ᠎ᠶ᠋ᠢᠨ ᠪᠦᠲᠦᠴᠡ ᠂ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠪᠦᠲᠦᠴᠡ᠂ ᠭᠠᠵᠠᠷ ᠱᠢᠷᠣᠢ᠎ᠶ᠋ᠢᠨ ᠪᠦᠲᠦᠴᠡ᠎ᠶ᠋ᠢᠨ ᠲᠤᠬᠢᠷᠠᠭᠤᠯᠤᠯᠳᠠ᠎ᠶ᠋ᠢ ᠲᠦᠷᠭᠡᠳᠭᠡᠨ ᠠᠬᠢᠭᠤᠯᠵᠤ᠂ ᠡᠬᠢ ᠪᠠᠶᠠᠯᠢᠭ᠎ᠢ ᠠᠷᠪᠢᠯᠠᠬᠤ ᠪᠠ ᠣᠷᠴᠢᠨ ᠲᠣᠭᠣᠷᠢᠨ᠎ᠢ ᠬᠠᠮᠠᠭᠠᠯᠠᠬᠤ ᠠᠵᠤ ᠦᠢᠯᠡᠰ᠎ᠦᠨ ᠪᠦᠲᠦᠴᠡ᠂ ᠦᠢᠯᠡᠳᠪᠦᠷᠢᠯᠡᠯ᠎ᠦᠨ ᠠᠷᠭ᠎ᠠ ᠬᠡᠯᠪᠡᠷᠢ᠂ ᠠᠮᠢᠳᠤᠷᠠᠯ᠎ᠤᠨ ᠠᠷᠭ᠎ᠠ ᠬᠡᠯᠪᠡᠷᠢ᠂ ᠣᠷᠣᠨ ᠵᠠᠢ᠎ᠶ᠋ᠢᠨ ᠪᠠᠢᠷᠢᠱᠢᠭᠤᠯᠤᠯᠲᠠ᠎ᠶ᠋ᠢ ᠲᠦᠷᠭᠡᠳᠭᠡᠨ ᠪᠦᠷᠢᠯᠳᠦᠭᠦᠯᠬᠦ᠌ ᠬᠡᠷᠡᠭ᠌ᠲᠡᠢ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠠᠴᠠ ᠳᠤᠷᠠᠳᠤᠭ᠍ᠰᠠᠨ ᠤᠯᠤᠰ᠎ᠤᠨ ᠣᠲᠣ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠶ᠎ᠶ᠋ᠢᠨ ᠵᠢᠱ᠌ᠢᠶ᠎ᠡ ᠦᠵᠡᠭᠦᠯᠬᠦ᠌ ᠣᠷᠣᠨ᠎ᠢ ᠪᠥᠲᠥᠭᠡᠨ ᠪᠠᠢᠭᠤᠯᠬᠤ ᠬᠠᠷᠠᠯᠲᠠ᠎ᠶ᠋ᠢ ᠯᠠᠪᠳᠠᠭᠤᠨ ᠪᠠᠲᠤᠲᠠᠶ ᠨᠠᠢᠳᠠᠪᠤᠷᠢᠵᠢᠭᠤᠯᠵᠤ᠂ ᠥᠪᠥᠷ ᠮᠣᠩᠭᠣᠯ᠎ᠢ ᠴᠢᠯᠠᠭᠤᠵᠢᠮᠠᠯ ᠡᠨᠧᠷᠭᠢ᠎ᠶ᠋ᠢᠨ ᠲᠣᠮᠣ ᠣᠷᠣᠨ᠎ᠠᠴᠠ ᠴᠡᠪᠡᠷ ᠡᠨᠧᠷᠭᠢ᠎ᠶ᠋ᠢᠨ ᠲᠣᠮᠣ ᠣᠷᠣᠨ ᠪᠣᠯᠭᠠᠨ ᠬᠤᠪᠢᠷᠠᠭᠤᠯᠬᠤ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠵᠤ᠂ ᠰᠠᠯᠬᠢᠨ ᠬᠦᠴᠦ ᠪᠡᠷ ᠴᠠᠬᠢᠯᠭᠠᠨ ᠭᠠᠷᠭᠠᠬᠣ᠂ ᠭᠡᠷᠡᠯᠴᠢ ᠴᠡᠨᠡᠭ ᠵᠡᠷᠭᠡ ᠱᠢᠨ᠎ᠡ ᠡᠨᠧᠷᠭᠢ᠎ᠶ᠋ᠢ ᠶᠡᠬᠡ ᠬᠡᠪᠴᠢᠶ᠎ᠡ᠎ᠪᠡᠷ ᠥᠨᠳᠥᠷ ᠬᠠᠷᠢᠴᠠᠯ᠎ᠢᠶᠠᠷ ᠨᠡᠭᠡᠭᠡᠨ ᠠᠱᠢᠭ᠍ᠯᠠᠬᠤ᠎ᠶ᠋ᠢ ᠬᠦᠴᠦ᠍᠎ᠪᠡᠨ ᠲᠥᠪᠯᠡᠷᠡᠭᠦᠯᠦᠨ ᠠᠬᠢᠭᠤᠯᠵᠤ ᠂ ᠱᠢᠨ᠎ᠡ ᠡᠨᠧᠷᠭᠢ᠎ᠶ᠋ᠢᠨ ᠠᠵᠤ ᠦᠶ᠋ᠯᠡᠰ᠎ᠦᠨ ᠲᠠᠩ ᠴᠤᠯᠭᠤᠶ ᠴᠠᠬᠢᠯᠭᠠᠨ ᠭᠠᠷᠭᠠᠵᠤ ᠬᠤᠳᠠᠯᠳᠤᠬᠤ ᠡᠴᠡ ᠪᠥᠬᠥ᠌ ᠠᠵᠤ ᠦᠶ᠋ᠯᠡᠰ᠎ᠦᠨ ᠬᠡᠯᠬᠢᠶ᠎ᠡ ᠲᠡᠢᠰᠢ ᠬᠥᠭ᠌ᠵᠢᠬᠦ᠌᠎ᠶ᠋ᠢ ᠠᠬᠢᠭᠤᠯᠵᠤ᠂ ᠥᠪᠥᠷ ᠮᠣᠩᠭᠣᠯ᠎ᠢ ᠪᠥᠬᠥ᠌ ᠤᠯᠤᠰ ᠴᠢᠨᠠᠭ᠍ᠰᠢᠯᠠᠪᠠᠯ ᠣᠯᠠᠨ ᠤᠯᠤᠰ᠎ᠤᠨ ᠱᠢᠨ᠎ᠡ ᠡᠨᠧᠷᠭᠢ᠎ᠶ᠋ᠢᠨ 《ᠠᠵᠤ ᠦᠶ᠋ᠯᠡᠰ᠎ᠦᠨ ᠥᠨᠳᠥᠷᠯᠢᠭ》 ᠪᠣᠯᠭᠠᠨ ᠪᠥᠲᠥᠭᠡᠨ ᠪᠠᠢᠭᠤᠯᠬᠤ ᠬᠡᠷᠡᠭ᠌ᠲᠡᠶ᠃
ᠡᠨᠧᠷᠭᠢ᠎ᠶ᠋ᠢᠨ ᠬᠤᠪᠢᠰᠭᠠᠯ᠎ᠢ ᠠᠬᠢᠭᠤᠯᠬᠤ᠎ᠳᠤ ᠡᠷᠬᠡᠪᠰᠢ ᠠᠵᠤ ᠠᠬᠤᠢ᠎ᠶ᠋ᠢᠨ ᠵᠢᠮ᠎ᠡ ᠶᠣᠰᠣ᠎ᠶ᠋ᠢ ᠵᠢᠷᠤᠮᠯᠠᠵᠤ᠂ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠪᠠᠢᠯᠳᠤᠬᠤ ᠪᠤᠳᠤᠯᠭ᠎ᠠ᠎ᠶ᠋ᠢ ᠬᠡᠷᠡᠭ᠌ᠵᠢᠭᠦᠯᠬᠦ᠌ ᠬᠡᠷᠡᠭ᠌ᠲᠡᠢ᠃ ᠡᠨᠧᠷᠭᠢ᠎ᠶ᠋ᠢᠨ ᠬᠤᠪᠢᠰᠭᠠᠯ᠎ᠢ ᠠᠬᠢᠭᠤᠯᠬᠤ ᠨᠢ ᠤᠤᠯ᠎ᠤᠨ ᠪᠦᠳᠦᠭᠦᠯᠢᠭ ᠨᠡᠭᠦᠷᠡᠰᠦ ᠴᠠᠬᠢᠯᠭᠠᠨ᠎ᠤ ᠬᠥᠭ᠌ᠵᠢᠯᠲᠡ᠎ᠶ᠋ᠢᠨ ᠠᠷᠭ᠎ᠠ ᠬᠡᠯᠪᠡᠷᠢ᠎ᠶ᠋ᠢ ᠲᠠᠶᠠᠭ᠍ᠳᠠᠬᠤ᠎ᠶ᠋ᠢ ᠬᠠᠷᠠᠭᠤᠯᠵᠤ ᠪᠠᠢᠨ᠎ᠠ᠃ 《ᠬᠣᠣᠰ ᠨᠡᠭᠦᠷᠡᠰᠦᠲᠥ᠋ᠷᠥᠭ᠌ᠴᠢ》 ᠵᠢᠨ ᠬᠠᠷᠠᠯᠲᠠ᠎ᠶ᠋ᠢ ᠪᠡᠶᠡᠯᠡᠭᠦᠯᠬᠦ᠌᠎ᠳᠦ ᠵᠣᠬᠢᠴᠠᠭ᠍ᠰᠠᠨ ᠱᠢᠨ᠎ᠡ ᠬᠥᠳᠡᠯᠭᠡᠬᠦ᠌ ᠬᠦᠴᠦᠨ᠎ᠦ ᠲᠤᠯᠭᠠᠭᠤᠷᠢᠯᠠᠯ᠎ᠢ ᠡᠷᠢᠵᠦ᠍ ᠤᠯᠬᠤ ᠴᠢᠬᠤᠯᠠᠲᠠᠢ᠂ ᠡᠨᠡ ᠪᠣᠯ ᠬᠦᠴᠢᠷ ᠪᠡᠷᠬᠡᠱᠢᠶᠡᠯ᠎ᠳᠦ ᠤᠴᠠᠷᠠᠬᠤ᠎ᠠᠴᠠ ᠵᠠᠢᠯᠠᠬᠣᠶᠡ ᠪᠡᠷᠬᠡ ᠬᠤᠪᠢᠰᠤᠯᠲᠠ᠎ᠶ᠋ᠢᠨ ᠬᠡᠯᠪᠡᠷᠢ᠎ᠪᠡᠨ ᠬᠤᠪᠢᠷᠠᠭᠤᠯᠬᠤ ᠶᠠᠪᠤᠴᠠ ᠪᠣᠯᠤᠨ᠎ᠠ᠃ ᠲᠦᠷᠦᠭᠦᠬᠡᠨ᠂ ᠵᠠᠷᠢᠮ ᠭᠠᠵᠠᠷ ᠣᠷᠣᠨ᠎ᠳᠤ ᠢᠯᠡᠷᠡᠭ᠌ᠰᠡᠨ《ᠬᠥᠳᠡᠯᠭᠡᠭᠡᠨ᠎ᠦ ᠮᠠᠶᠢᠭ᠎ᠤᠨ ᠨᠡᠭᠦᠷᠡᠰᠦᠲᠥ᠋ᠷᠥᠭ᠌ᠴᠢ ᠪᠠᠭᠠᠰᠭᠠᠬᠤ》 ᠬᠡᠯᠪᠡᠷᠢᠯ ᠪᠣᠯᠤᠨ ᠡᠨᠧᠷᠭᠢ᠎ᠶ᠋ᠢᠨ ᠬᠠᠩᠭᠠᠯᠭ᠎ᠠ ᠪᠠᠴᠢᠮ ᠪᠠᠢᠬᠤ ᠠᠰᠠᠭᠤᠳᠠᠯ ᠪᠣᠯ ᠳᠠᠷᠤᠢ ᠬᠡᠯᠪᠡᠷᠢ᠎ᠪᠡᠨ ᠬᠤᠪᠢᠷᠠᠭᠤᠯᠬᠤ ᠬᠤᠭᠤᠴᠠᠭᠠᠨ᠎ᠤ ᠠᠰᠠᠭᠤᠳᠠᠯ᠎ᠤᠨ ᠨᠡᠢᠲᠡᠯᠢᠭ ᠢᠯᠡᠷᠡᠯ ᠪᠣᠯᠤᠨ᠎ᠠ᠃ ᠡᠳᠡᠭᠡᠷ ᠠᠰᠠᠭᠤᠳᠠᠯ ᠨᠢ ᠪᠢᠳᠡᠨ᠎ᠳᠦ ᠬᠣᠶᠠᠷ ᠰᠡᠩᠬᠡᠷᠡᠭᠦᠯᠦᠯ ᠦᠭᠪᠡ᠄ ᠨᠢᠭᠡ᠎ᠳᠦ᠂ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠠᠷᠭ᠎ᠠ ᠮᠠᠶᠢᠭ᠎ᠤᠨ ᠬᠤᠪᠢᠰᠤᠯᠲᠠ᠎ᠶ᠋ᠢ ᠠᠬᠢᠭᠤᠯᠬᠤ᠎ᠳᠤ ᠡᠷᠬᠡᠪᠰᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶ᠋ᠢᠨ ᠵᠢᠮ᠎ᠡ ᠶᠣᠰᠣ᠎ᠶ᠋ᠢ ᠵᠢᠷᠤᠮᠯᠠᠵᠤ᠂ 《ᠪᠦᠲᠦᠮᠵᠢᠲᠡᠢ ᠵᠠᠬ᠎ᠠ ᠳᠡᠯᠭᠡᠭᠦᠷ》 ᠪᠠ 《ᠪᠦᠲᠦᠮᠵᠢᠲᠡᠢ ᠵᠠᠰᠠᠭ᠎ᠤᠨ ᠣᠷᠳᠣᠨ》᠎ᠤ ᠬᠠᠮᠵᠢᠯᠴᠠᠬᠤ ᠨᠡᠢᠯᠡᠯ ᠬᠦᠴᠦᠨ᠎ᠢ ᠪᠠᠷᠢᠮᠲᠠᠯᠠᠵᠤ᠂ ᠡᠬᠢ ᠪᠠᠶᠠᠯᠢᠭ᠎ᠢ ᠲᠤᠬᠢᠷᠠᠭᠤᠯᠬᠤ ᠶᠠᠪᠤᠴᠠ᠎ᠳᠠᠬᠢ ᠵᠠᠬ᠎ᠠ ᠳᠡᠯᠭᠡᠭᠦᠷ᠎ᠦᠨ ᠱᠢᠢᠳᠪᠦᠷᠢᠯᠡᠭ᠌ᠴᠢ ᠴᠢᠨᠠᠷᠲᠠᠢ ᠦᠢᠯᠡᠳᠦᠯ᠎ᠢ ᠦᠨᠡᠨ ᠬᠦ᠌ ᠪᠠᠳᠠᠷᠠᠭᠤᠯᠵᠤ᠂ ᠵᠠᠬ᠎ᠠ ᠳᠡᠯᠭᠡᠭᠦᠷ᠎ᠦᠨ ᠡᠯᠧᠮᠧᠨ᠋ᠲ᠎ᠢ ᠬᠦᠴᠦᠯᠡᠨ ᠪᠣᠢᠵᠢᠭᠤᠯᠵᠤ᠂ ᠨᠡᠩ ᠲᠥᠪ ᠭᠣᠣᠯᠴᠢ ᠵᠠᠬ᠎ᠠ ᠳᠡᠯᠭᠡᠭᠦᠷ᠎ᠦᠨ ᠲᠦᠷᠢᠮ᠎ᠢ ᠪᠠᠢᠭᠤᠯᠵᠤ᠂ ᠵᠠᠬ᠎ᠠ ᠳᠡᠯᠭᠡᠭᠦᠷ᠎ᠦᠨ ᠠᠮᠢᠳᠤᠯᠢᠭ ᠬᠦᠴᠦᠨ᠎ᠢ ᠤᠯᠠᠮ ᠨᠢᠭᠡ ᠠᠯᠬᠤᠮ ᠭᠦᠢᠴᠡᠳ ᠬᠥᠭ᠌ᠵᠢᠭᠡᠬᠦ᠌᠎ᠶ᠋ᠢᠨ ᠬᠠᠮᠲᠤ ᠬᠦᠷᠦᠨᠭ᠌ᠭᠡ᠎ᠶ᠋ᠢᠨ ᠨᠠᠵᠠᠭᠠᠢ ᠲᠠᠯ᠎ᠠ᠎ᠶ᠋ᠢᠨ ᠶᠡᠬᠡᠰᠭᠦᠶ᠋ᠢ ᠰᠡᠷᠭᠡᠢᠯᠡᠨ ᠬᠣᠷᠢᠭ᠍ᠯᠠᠬᠤ ᠬᠡᠷᠡᠭ᠌ᠲᠡᠢ; ᠪᠠᠰᠠ ᠵᠠᠰᠠᠭ᠎ᠤᠨ ᠣᠷᠳᠣᠨ᠎ᠤ ᠡᠭᠦᠷᠭᠡ ᠴᠢᠳᠠᠪᠤᠷᠢ᠎ᠶ᠋ᠢᠨ ᠬᠤᠪᠢᠷᠠᠭᠤᠯᠤᠯᠲᠠ᠎ᠶ᠋ᠢ ᠲᠦᠷᠭᠡᠳᠭᠡᠵᠦ᠍᠂ ᠵᠠᠰᠠᠭ᠎ᠤᠨ ᠣᠷᠳᠣᠨ᠎ᠤ ᠵᠠᠬ᠎ᠠ ᠳᠡᠯᠭᠡᠭᠦᠷ᠎ᠲᠦ ᠦᠵᠡᠭᠦᠯᠬᠦ᠌ ᠲᠥᠯᠥᠪᠯᠡᠭᠡ᠎ᠶ᠋ᠢᠨ ᠵᠢᠯᠤᠭᠤᠳᠤᠯᠭ᠎ᠠ ᠪᠠ ᠬᠣᠷᠸ᠎ᠠ ᠲᠤᠬᠢᠷᠠᠭᠤᠯᠤᠯ ᠡᠵᠡᠮᠳᠡᠯ᠎ᠦᠨ ᠦᠢᠯᠡᠳᠦᠯ᠎ᠢ ᠨᠡᠩ ᠰᠠᠢ᠌ᠨ ᠪᠠᠳᠠᠷᠠᠭᠤᠯᠵᠤ᠂ ᠨᠡᠩ ᠰᠠᠢ᠌ᠨ ᠵᠠᠬ᠎ᠠ ᠳᠡᠯᠭᠡᠭᠦᠷ᠎ᠦᠨ ᠣᠷᠴᠢᠨ ᠨᠥᠬᠥᠴᠡᠯ᠎ᠢ ᠪᠤᠢ ᠪᠣᠯᠭᠠᠨ᠎ᠠ᠃ ᠬᠣᠶᠠᠷ᠎ᠲᠤ᠂ ᠡᠷᠬᠡᠪᠰᠢ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠪᠠᠢᠯᠳᠤᠬᠤ ᠪᠤᠳᠤᠯᠭ᠎ᠠ᠎ᠶ᠋ᠢ ᠡᠷᠡᠰ ᠬᠡᠷᠡᠭ᠌ᠵᠢᠭᠦᠯᠵᠦ᠍᠂ 《ᠱᠢᠨ᠎ᠡ᠎ᠶ᠋ᠢ ᠡᠭᠦᠳᠬᠦ᠌ 》 ᠪᠠ 《 ᠬᠠᠭᠤᠴᠢᠨ᠎ᠢ ᠡᠪᠳᠡᠬᠦ᠌ 》 ᠶ᠋ᠢᠨ ᠬᠠᠷᠢᠴᠠᠭ᠎ᠠ᠎ᠶ᠋ᠢ ᠰᠠᠢᠲᠤᠷ ᠱᠢᠢᠳᠪᠦᠷᠢᠯᠡᠬᠦ᠌ ᠬᠡᠷᠡᠭ᠌ᠲᠡᠢ᠃ ᠡᠨᠧᠷᠭᠢ᠎ᠶ᠋ᠢᠨ ᠬᠤᠪᠢᠰᠭᠠᠯ᠎ᠢ ᠠᠬᠢᠭᠤᠯᠬᠤ ᠪᠣᠯ ᠮᠥᠨ ᠴᠢᠨᠠᠷ ᠳᠡᠭᠡᠷ᠎ᠡ᠎ᠪᠡᠨ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ᠂ ᠬᠠᠭᠤᠴᠢᠨ᠎ᠢ ᠡᠪᠳᠡᠵᠦ᠍ ᠱᠢᠨ᠎ᠡ᠎ᠶ᠋ᠢ ᠪᠠᠢᠭᠤᠯᠬᠤ ᠶᠠᠪᠤᠴᠠ ᠮᠥᠨ᠃ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠭᠦᠯᠬᠦ᠌᠎ᠶ᠋ᠢ ᠠᠬᠢᠭᠤᠯᠬᠤ᠎ᠶ᠋ᠢᠨ ᠵᠠᠩᠭᠢᠯᠠᠭ᠎ᠠ ᠨᠢ 《ᠱᠢᠨ᠎ᠡ᠎ᠶ᠋ᠢ ᠡᠭᠦᠳᠬᠦ᠌》 ᠪᠠ 《ᠬᠠᠭᠤᠴᠢᠨ᠎ᠢ ᠡᠪᠳᠡᠬᠦ᠌》 ᠶ᠋ᠢᠨ ᠬᠠᠷᠢᠴᠠᠭ᠎ᠠ᠎ᠶ᠋ᠢ ᠰᠠᠢᠲᠤᠷ ᠡᠵᠡᠮᠳᠡᠬᠦ᠌᠎ᠳᠦ ᠪᠠᠢᠨ᠎ᠠ᠂ ᠬᠠᠭᠤᠴᠢᠨ᠎ᠢ ᠡᠪᠳᠡᠬᠦ᠌ ᠭᠡᠪᠡᠯ ᠡᠷᠬᠡᠪᠰᠢ ᠤᠷᠢᠳ᠎ᠢᠶᠠᠷ 《ᠱᠢᠨ᠎ᠡ᠎ᠶ᠋ᠢ ᠡᠭᠦᠳᠬᠦ᠌》 ᠬᠡᠷᠡᠭ᠌ᠲᠡᠶ᠃ ᠬᠡᠷᠪᠡ 《ᠱᠢᠨ᠎ᠡ᠎ᠶ᠋ᠢ ᠡᠭᠦᠳᠬᠦ᠌》 ᠨᠢ ᠬᠡᠲᠦᠷᠬᠡᠶ ᠤᠳᠠᠭᠠᠨ ᠪᠣᠯᠪᠠᠯ ᠂ ᠠᠵᠤ ᠦᠶ᠋ᠯᠡᠰ᠎ᠦᠨ ᠰᠠᠯᠠᠭ᠎ᠠ ᠮᠥᠴᠢᠷ᠎ᠦᠨ ᠥᠷᠢᠰᠥᠯᠳᠦᠭᠡᠨ᠎ᠦ ᠳᠠᠪᠠᠭᠤᠯᠢᠭ ᠨᠢ ᠪᠠᠭᠤᠷᠠᠵᠤ ᠂ ᠱᠢᠨ᠎ᠡ ᠳᠠᠪᠠᠭᠤᠯᠢᠭ ᠠᠵᠤ ᠦᠶ᠋ᠯᠡᠰ ᠨᠢ ᠪᠠᠰᠠ ᠬᠦᠭᠵᠢᠬᠦ᠎ᠶ᠋ᠢᠨ ᠠᠷᠭ᠎ᠠ ᠥᠬᠡᠶ ᠪᠣᠯᠵᠣ ᠂ ᠱᠢᠨ᠎ᠡ ᠬᠠᠭᠤᠴᠢᠨ ᠬᠥᠳᠡᠯᠭᠡᠭ᠌ᠴᠢ ᠡᠨᠧᠷᠭᠢ᠎ᠶ᠋ᠢᠨ ᠲᠠᠰᠤᠯᠳᠠᠯ ᠭᠠᠷᠴᠤ᠌᠂ ᠠᠵᠤ ᠠᠬᠤᠶ᠎ᠶ᠋ᠢᠨ ᠪᠠᠭᠤᠷᠠᠯᠲᠠ᠎ᠶ᠋ᠢ ᠪᠣᠶ ᠪᠣᠯᠭᠠᠨ᠎ᠠ ᠭᠡᠳᠡᠭ᠎ᠢ ᠦᠶ᠋ᠯᠡᠳᠦᠯᠭᠡ ᠭᠡᠷᠡᠴᠢᠯᠡᠭ᠌ᠰᠡᠨ ᠪᠠᠢᠨ᠎ᠠ᠃ ᠬᠡᠯᠡᠯᠭᠡᠨ ᠦᠭᠡᠢ ᠂ 《ᠡᠪᠳᠡᠬᠦ᠌》 《ᠪᠠᠢᠭᠤᠯᠬᠤ》 ᠶ᠋ᠢᠨ ᠬᠣᠭᠣᠷᠣᠨᠳᠣ ᠳᠡᠭᠡᠳᠦ ᠬᠡᠮᠵᠢᠶᠡᠨ᠎ᠦ ᠬᠤᠪᠢᠰᠤᠩᠭᠤᠢ ᠨᠢᠭᠡᠳᠦᠮᠡᠯ ᠴᠢᠨᠠᠷᠲᠠᠶ ᠪᠠᠢᠳᠠᠭ᠂ 《ᠡᠪᠳᠡᠬᠦ᠌》 ᠨᠢ ᠳᠥᠭᠥᠮᠬᠡᠨ᠎ᠢᠶᠡᠷ ᠱᠢᠨ᠎ᠡ ᠠᠵᠤ ᠦᠢᠯᠡᠰ᠎ᠢᠶᠡᠷ ᠬᠠᠭᠤᠴᠢᠨ ᠠᠵᠤ ᠦᠢᠯᠡᠰ᠎ᠢ ᠣᠷᠣᠯᠠᠭᠤᠯᠬᠤ ᠶᠠᠪᠤᠳᠠᠯ ᠪᠢᠰᠢ᠂ ᠬᠠᠷᠢᠨ ᠱᠢᠨ᠎ᠡ ᠮᠡᠷᠭᠡᠵᠢᠯ ᠱᠢᠨ᠎ᠡ ᠵᠠᠭ᠍ᠪᠤᠷ᠎ᠢᠶᠠᠷ ᠬᠠᠭᠤᠴᠢᠨ ᠠᠵᠤ ᠦᠢᠯᠡᠰ᠎ᠢ ᠥᠭᠡᠷᠡᠴᠢᠯᠡᠵᠦ᠍ ᠂ ᠱᠢᠨ᠎ᠡ ᠠᠵᠤ ᠦᠢᠯᠡᠰ᠎ᠢ ᠪᠣᠢᠵᠢᠭᠤᠯᠤᠨ᠂ ᠬᠥᠭ᠌ᠵᠢᠯᠲᠡ᠎ᠶ᠋ᠢᠨ ᠲᠣᠭ᠍ᠲᠠᠪᠤᠷᠢᠲᠤ ᠴᠢᠨᠠᠷ᠎ᠢ ᠪᠠᠲᠤᠯᠠᠬᠤ ᠶᠠᠪᠤᠳᠠᠯ ᠪᠣᠯᠤᠨ᠎ᠠ᠃ ᠡᠢᠮᠦᠷᠬᠦᠦ ᠬᠤᠪᠢᠰᠤᠩᠭᠤᠶ ᠬᠠᠷᠢᠴᠠᠭ᠎ᠠ᠎ᠶ᠋ᠢ ᠵᠢᠷᠤᠮᠯᠠᠨ《ᠬᠣᠣᠰ ᠨᠡᠭᠦᠷᠡᠰᠦᠲᠥ᠋ᠷᠥᠭ᠌ᠴᠢ》᠎ᠶ᠋ᠢᠨ ᠬᠠᠷᠠᠯᠲᠠ᠎ᠶ᠋ᠢ ᠪᠡᠶᠡᠯᠡᠭᠦᠯᠬᠦ᠌᠎ᠶ᠋ᠢ ᠠᠬᠢᠭᠤᠯᠬᠣ᠎ᠳᠦ᠂ ᠮᠠᠨ᠎ᠤ ᠤᠯᠤᠰ᠎ᠤᠨ ᠡᠨᠧᠷᠭᠢ᠎ᠶ᠋ᠢᠨ ᠰᠤᠷᠪᠤᠯᠵᠢ᠎ᠶ᠋ᠢᠨ ᠬᠡᠷᠡᠭ᠌ᠯᠡᠭᠡᠨ᠎ᠦ ᠶᠡᠷᠦᠩᠬᠡᠶ ᠬᠡᠮᠵᠢᠶ᠎ᠡ ᠶᠡᠬᠡ ᠪᠥᠭᠡᠳ ᠨᠡᠭᠦᠷᠡᠰᠦ᠎ᠪᠡᠷ ᠭᠤᠤᠯ ᠪᠣᠯᠭᠠᠭ᠍ᠰᠠᠨ ᠤᠯᠤᠰ᠎ᠤᠨ ᠦᠨᠳᠦᠰᠦᠨ ᠪᠠᠢᠳᠠᠯ᠎ᠳᠤ ᠰᠠᠭᠤᠷᠢᠯᠠᠬᠤ ᠬᠡᠷᠡᠭ᠌ᠲᠡᠶ᠃ ᠪᠦᠬᠦ᠌ ᠤᠯᠤᠰ᠎ᠠᠴᠠ ᠨᠢᠭᠡᠳᠦᠯᠲᠡᠶ ᠲᠥᠯᠥᠪᠯᠡᠬᠦ᠂ ᠠᠷᠪᠢᠯᠠᠬᠤ᠎ᠶ᠋ᠢ ᠲᠡᠷᠢᠭᠦᠨ᠎ᠳᠦ ᠲᠠᠯᠪᠢᠬᠤ᠂ ᠳᠣᠲᠣᠷ᠎ᠠ ᠭᠠᠳᠠᠨ᠎ᠠ ᠰᠠᠭᠠᠳ ᠦᠭᠡᠢ ᠨᠡᠪᠲᠡᠷᠡᠬᠦ᠂ ᠠᠯᠬᠤᠮ ᠬᠤᠪᠢᠶᠠᠨ ᠵᠣᠬᠢᠴᠠᠭᠤᠯᠬᠤ᠂ ᠲᠦᠭ᠌ᠰᠢᠭᠦᠷᠢ᠎ᠶ᠋ᠢ ᠰᠡᠷᠭᠡᠢᠯᠡᠬᠦ᠌ ᠵᠠᠷᠴᠢᠮ᠂ ᠤᠷᠲᠤ ᠬᠤᠭᠤᠴᠠᠭᠠᠨ᠎ᠤ ᠬᠠᠷᠠᠯᠲᠠ᠎ᠶ᠋ᠢ ᠣᠬᠣᠷ ᠬᠤᠭᠤᠴᠠᠭ᠎ᠠ ᠪᠣᠯᠭᠠᠬᠤ᠎ᠶ᠋ᠢ ᠰᠡᠷᠭᠡᠢᠯᠡᠨ᠎ᠡ᠃ ᠨᠡᠭᠦᠷᠡᠰᠦ ᠪᠠ ᠱᠢᠨ᠎ᠡ ᠡᠨᠧᠷᠭᠢ᠎ᠶ᠋ᠢᠨ ᠱᠢᠯᠢᠳᠡᠭ᠌ᠵᠢᠭᠦᠯᠦᠨ ᠵᠣᠬᠢᠶᠠᠨ ᠪᠠᠢᠭᠤᠯᠬᠤ᠎ᠶ᠋ᠢ ᠠᠬᠢᠭᠤᠯᠤᠨ᠎ᠠ᠃ ᠪᠣᠬᠢᠷᠲᠤᠯ᠎ᠢ ᠪᠠᠭᠠᠰᠭᠠᠵᠤ ᠨᠡᠭᠦᠷᠡᠰᠦᠲᠥ᠋ᠷᠥᠭ᠌ᠴᠢ᠎ᠶ᠋ᠢ ᠪᠠᠭᠠᠰᠭᠠᠬᠤ᠎ᠶ᠋ᠢ ᠤᠷᠮᠠᠱᠢᠭᠤᠯᠤᠨ ᠬᠢᠵᠠᠭᠠᠷᠯᠠᠬᠤ ᠲᠣᠭ᠍ᠲᠠᠴᠠ᠎ᠶ᠋ᠢ ᠲᠦᠷᠭᠡᠪᠴᠢᠯᠡᠨ ᠪᠤᠢ ᠪᠣᠯᠭᠠᠨ᠎ᠠ᠃ ᠡᠨᠧᠷᠭᠢ᠎ᠶ᠋ᠢᠨ ᠠᠮᠤᠷ ᠲᠦᠪᠱᠢᠨ ᠲᠣᠭ᠍ᠲᠠᠭᠤᠨ ᠬᠠᠩᠭᠠᠯᠭ᠎ᠠ ᠪᠣᠯᠤᠨ ᠡᠨᠧᠷᠭᠢ᠎ᠶ᠋ᠢᠨ ᠪᠦᠲᠦᠴᠡ᠎ᠶ᠋ᠢᠨ ᠲᠣᠬᠢᠷᠠᠭᠤᠯᠤᠯᠲᠠ ᠲᠣᠭ᠍ᠲᠠᠭᠤᠨ᠎ᠢᠶᠠᠷ ᠱᠢᠯᠵᠢᠬᠦ᠌᠎ᠶ᠋ᠢ ᠦᠨᠡᠨᠬᠦ᠌ ᠪᠠᠲᠤᠯᠠᠭ᠍ᠰᠠᠨ ᠤᠷᠢᠲᠠᠯ ᠳᠤᠤᠷ᠎ᠠ᠂ ᠳᠠᠬᠢᠨ ᠡᠭᠦᠰᠴᠦ᠍ ᠪᠣᠯᠬᠤ ᠡᠨᠧᠷᠭᠢ᠎ᠶ᠋ᠢᠨ ᠰᠤᠷᠪᠤᠯᠵᠢ᠎ᠶ᠋ᠢᠨ ᠣᠷᠣᠯᠠᠯᠲᠠ᠎ᠶ᠋ᠢ ᠯᠠᠪᠳᠠᠭᠤᠨ᠎ᠢᠶᠠᠷ ᠠᠬᠢᠭᠤᠯᠤᠨ᠎ᠠ᠂ ᠨᠠᠩ ᠣᠨᠣᠪᠴᠢᠲᠠᠶ ᠲᠥᠷᠥ᠎ᠶ᠋ᠢᠨ ᠪᠣᠳᠣᠯᠭ᠎ᠠ᠎ᠪᠠᠷ ᠡᠨᠧᠷᠭᠢ᠎ᠶ᠋ᠢᠨ ᠬᠣᠷᠣᠭ᠍ᠳᠠᠯ᠎ᠤᠨ 《ᠬᠣᠶᠠᠷ᠎ᠢ ᠬᠢᠵᠠᠭᠠᠷᠯᠠᠬᠤ》 ᠶ᠋ᠢ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠶᠡᠷᠦᠩᠬᠡᠶ ᠬᠡᠮᠵᠢᠶ᠎ᠡ ᠪᠠ ᠬᠦᠴᠦᠯᠡᠴᠡ᠎ᠶ᠋ᠢᠨ 《 ᠬᠣᠶᠠᠷ᠎ᠢ ᠬᠢᠵᠠᠭᠠᠷᠯᠠᠬᠤ》 ᠳᠠᠢᠰᠢ ᠬᠤᠪᠢᠷᠠᠭᠤᠯᠬᠤ᠎ᠶ᠋ᠢ ᠠᠬᠢᠭᠤᠯᠤᠨ᠎ᠠ᠃ ᠡᠨᠧᠷᠭᠢ᠎ᠶ᠋ᠢᠨ ᠬᠤᠪᠢᠰᠭᠠᠯ᠎ᠤᠨ ᠱᠢᠨ᠎ᠡ ᠬᠥᠳᠡᠯᠭᠡᠬᠦ᠌ ᠬᠦᠴᠦᠨ᠎ᠢᠶᠡᠷ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠳᠡᠯᠭᠡᠷᠡᠭᠦᠯᠦᠨ ᠬᠡᠷᠡᠭ᠌ᠯᠡᠬᠦ᠌᠎ᠶ᠋ᠢ ᠠᠬᠢᠭᠤᠯᠵᠤ᠂ ᠱᠢᠨ᠎ᠡ ᠡᠨᠧᠷᠭᠢ᠎ᠶ᠋ᠢ ᠶᠡᠬᠡ ᠬᠡᠪᠴᠢᠶ᠎ᠡ᠎ᠪᠡᠷ ᠥᠨᠳᠥᠷ ᠬᠠᠷᠢᠴᠠᠯ᠎ᠢᠶᠠᠷ ᠨᠡᠭᠡᠭᠡᠨ ᠠᠱᠢᠭ᠍ᠯᠠᠬᠤ᠎ᠶ᠋ᠢ ᠲᠦᠷᠭᠡᠳᠭᠡᠨ ᠠᠬᠢᠭᠤᠯᠵᠤ᠂ ᠠᠵᠤ ᠦᠶ᠋ᠯᠡᠰ᠎ᠦᠨ ᠪᠦᠲᠦᠴᠡ᠎ᠳᠦ ᠭᠦᠨᠵᠡᠭᠡᠶ ᠲᠣᠬᠢᠷᠠᠭᠤᠯᠤᠯᠲᠠ ᠬᠢᠵᠦ᠍ ᠂ ᠭᠤᠤᠯᠳᠠᠯᠭ᠎ᠠ᠎ᠲᠠᠶ ᠠᠵᠢᠯ ᠲᠥᠷᠥᠯ᠎ᠦᠨ ᠬᠦᠷᠢᠶᠡᠨ᠎ᠦ ᠪᠣᠬᠢᠷᠲᠤᠯ᠎ᠢ ᠪᠠᠭᠠᠰᠭᠠᠵᠤ ᠨᠡᠭᠦᠷᠡᠰᠦᠲᠥ᠋ᠷᠥᠭ᠌ᠴᠢ᠎ᠶ᠋ᠢ ᠪᠠᠭᠠᠰᠭᠠᠬᠤ᠎ᠶ᠋ᠢ ᠠᠬᠢᠭᠤᠯᠵᠤ᠂ ᠠᠮᠢ ᠠᠬᠤᠶ᠎ᠶ᠋ᠢᠨ ᠨᠡᠭᠦᠷᠡᠰᠦᠲᠥ᠋ᠷᠥᠭ᠌ᠴᠢ᠎ᠶ᠋ᠢ ᠱᠢᠩᠭᠡᠭᠡᠬᠦ᠌ ᠴᠢᠳᠠᠪᠤᠷᠢ᠎ᠶ᠋ᠢ ᠪᠡᠬᠢᠵᠢᠭᠦᠯᠦᠨ ᠳᠡᠭᠡᠭ᠌ᠰᠢᠯᠡᠭᠦᠯᠵᠦ᠍᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠲᠥᠷᠥ᠎ᠶ᠋ᠢᠨ ᠪᠣᠳᠣᠯᠭ᠎ᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠵᠦ᠍᠂ ᠪᠣᠬᠢᠷᠲᠤᠯ ᠥᠬᠡᠶ ᠦᠶ᠋ᠯᠡᠳᠪᠦᠷᠢᠯᠡᠯ ᠠᠮᠢᠳᠤᠷᠠᠯ᠎ᠤᠨ ᠬᠡᠷᠡᠭ᠌ᠯᠡᠭᠡᠨ᠎ᠦ ᠠᠷᠭ᠎ᠠ ᠬᠡᠯᠪᠡᠷᠢ᠎ᠶ᠋ᠢ ᠶᠡᠬᠡᠪᠡᠷ ᠪᠣᠢᠵᠢᠭᠤᠯᠵᠤ᠂ ᠡᠬᠢ ᠪᠠᠶᠠᠯᠢᠭ᠎ᠤᠨ ᠳᠠᠪᠠᠭᠤᠯᠢᠭ᠎ᠢ ᠪᠠᠳᠠᠷᠠᠭᠤᠯᠵᠤ ᠳᠡᠢᠯᠬᠦ᠌ ᠮᠥᠷᠲᠡᠭᠡᠨ ᠪᠠᠰᠠ ᠡᠬᠢ ᠪᠠᠶᠠᠯᠢᠭ᠎ᠲᠤ ᠲᠦᠱᠢᠭ᠌ᠯᠡᠬᠦ᠌ ᠥᠬᠡᠶ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠱᠢᠨ᠎ᠡ ᠵᠠᠮ᠎ᠢ ᠬᠦᠴᠦᠯᠡᠨ ᠰᠦᠪᠡᠭ᠌ᠴᠢᠯᠡᠵᠦ᠍᠂ ᠥᠪᠥᠷ ᠮᠣᠩᠭᠣᠯ᠎ᠤᠨ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌᠂ ᠪᠣᠬᠢᠷᠲᠤᠯ ᠥᠬᠡᠶ ᠬᠥᠭ᠌ᠵᠢᠬᠦ᠌᠂ ᠴᠢᠨᠠᠷ ᠰᠠᠢᠲᠠᠶ ᠬᠥᠭ᠌ᠵᠢᠬᠦ᠌ ᠱᠢᠨ᠎ᠡ ᠬᠡᠪ ᠳᠠᠭᠤᠷᠢᠶᠠᠯ᠂ ᠱᠢᠨ᠎ᠡ ᠳᠦᠷᠢ ᠲᠥᠷᠬᠦ᠌᠎ᠶ᠋ᠢ ᠪᠣᠶ ᠪᠣᠯᠭᠠᠬᠤ ᠬᠡᠷᠡᠭ᠌ᠲᠡᠶ᠃
( ᠵᠣᠬᠢᠶᠠᠭ᠍ᠴᠢ ᠄ ᠥᠪᠥᠷ ᠮᠣᠩᠭᠣᠯ᠎ᠤᠨ ᠪᠸᠢ ᠴᠧᠨ ᠤᠶᠤᠨ᠎ᠤ ᠬᠥᠮᠥᠷᠭᠡ᠎ᠶ᠋ᠢᠨ ᠰᠤᠳᠤᠯᠤᠭ᠍ᠴᠢ )
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃