2021-11-21 10:55:01
— ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ ᠶᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠬᠤᠷᠠᠯᠳᠤᠬᠤ᠎ᠪᠠᠷ ᠪᠠᠢᠭ᠎ᠠ ᠲᠠᠱᠢᠷᠠᠮ᠎ᠳᠤ
(ᠨᠢᠭᠡ) ᠴᠠᠭ᠎ᠤᠨ ᠬᠦᠷᠳᠤ 5 ᠵᠢᠯ ᠡᠷᠬᠢᠯᠡ᠃ ᠬᠡᠷᠪᠡ 5 ᠵᠢᠯ᠎ᠦᠨ ᠴᠠᠭ ᠮᠥᠴᠡ᠎ᠶᠢ ᠨᠢᠭᠡᠨ ᠱᠢᠭᠤᠳ ᠦᠵᠡᠭ᠌ᠳᠡᠯ᠎ᠲᠤ ᠵᠢᠷᠤᠭ ᠲᠦᠷᠰᠦ ᠪᠡᠷ ᠦᠵᠡᠪᠡᠯ᠂ ᠪᠢᠳᠡᠤ ᠬᠠᠷᠠᠭᠠᠨ᠎ᠳᠤ ᠶᠠᠭᠤ ᠢᠯᠡᠷᠡᠳᠡᠭ ᠪᠤᠯ?
2016 — 2021᠂ ᠰᠦᠷᠳᠠᠯᠠᠢᠴᠠᠲᠠᠢᠠᠶᠠᠨᠵᠠᠮᠪᠤᠯᠤᠨᠠ᠃ ᠶᠡᠷᠦᠩᠬᠡᠢ ᠱᠦᠵᠢ ᠰᠢ᠎ᠶᠢᠨ ᠫᠢᠩ᠎ᠦᠨ ᠳᠣᠲᠣᠨᠣ ᠬᠠᠯᠠᠮᠵᠢᠯᠠᠯ ᠪᠣᠯᠤᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ ᠪᠦᠬᠦ᠌ ᠣᠷᠣᠨᠤᠦᠨᠳᠦᠰᠦᠲᠡᠨᠨᠦᠭᠦᠳᠦᠨᠠᠷᠠᠳᠲᠦᠮᠡᠨᠢᠪᠦᠯᠬᠦᠮᠳᠡᠭᠦᠯᠦᠨ ᠳᠠᠭᠠᠭᠤᠯᠵᠤ ᠰᠢ᠎ᠶᠢᠨ ᠫᠢᠩᠦᠨᠱᠢᠨᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ᠎ᠶᠢᠨ ᠫᠢᠩ ᠪᠣᠯᠤᠨ ᠨᠠᠮᠤᠨᠲᠥᠪᠬᠣᠷᠢᠶᠠᠡᠴᠡ ᠥᠪᠥᠷ ᠮᠣᠩᠭᠣᠯ᠎ᠤᠨ ᠪᠠᠢᠳᠠᠯ᠎ᠳᠤ ᠲᠤᠬᠢᠷᠠᠭᠤᠯᠤᠨ ᠲᠣᠭ᠍ᠲᠠᠭᠠᠵᠤ ᠥᠭ᠌ᠭᠦᠭ᠌ᠰᠡᠨ ᠪᠠᠢᠯᠳᠤᠬᠤ ᠪᠤᠳᠤᠯᠭ᠎ᠠ᠎ᠶᠢᠨ ᠪᠠᠢᠷᠢ ᠲᠣᠭ᠍ᠲᠠᠭᠠᠯᠲᠠ ᠪᠣᠯᠤᠨ ᠠᠵᠢᠯᠯᠠᠭᠠᠨ᠎ᠤ ᠬᠥᠲᠥᠯᠪᠦᠷᠢᠶᠢᠴᠢᠩᠭᠠᠡᠵᠡᠮᠳᠡᠨᠪᠠᠢᠷᠢᠯᠠᠭᠤᠯᠵᠤ᠂ᠱᠢᠷᠭᠠᠭᠤ ᠠᠵᠢᠯᠯᠠᠨ ᠪᠣᠳᠠᠲᠠᠢ ᠠᠵᠢᠯᠯᠠᠵᠤ᠂ ᠪᠦᠬᠦ᠌ ᠣᠷᠣᠨ᠎ᠤ ᠡᠯ᠎ᠡ ᠵᠦᠢᠯ᠎ᠦᠨ ᠠᠵᠢᠯ ᠦᠢᠯᠡᠰ ᠠᠮᠢᠵᠢᠷᠠᠯ᠎ᠤᠨ ᠬᠦᠴᠦᠨ᠎ᠢᠶᠡᠷ ᠪᠢᠯᠬᠠᠵᠤ᠂ ᠡᠳᠦᠷ᠎ᠡᠴᠡ ᠡᠳᠦᠷ ᠥᠭᠡᠳᠡᠯᠡᠨ ᠮᠠᠨᠳᠤᠵᠤ᠂ ᠱᠢᠨ᠎ᠡ ᠴᠠᠭ ᠦᠶ᠎ᠡ᠎ᠶᠢᠨ ᠥᠪᠥᠷ ᠮᠣᠩᠭᠣᠯ᠎ᠤᠨ ᠬᠥᠭ᠌ᠵᠢᠯᠲᠡ᠎ᠶᠢᠨ ᠱᠢᠨ᠎ᠡ ᠬᠠᠭᠤᠳᠠᠰᠤ᠎ᠶᠢ ᠪᠢᠴᠢᠭ᠌ᠯᠡᠪᠡ᠃
2016 — 2021᠂ ᠦᠩᠭᠡ ᠢᠯᠭᠠᠷᠠᠮ᠎ᠠ ᠢᠷᠠᠭᠤ ᠬᠠᠭᠤᠳᠠᠰᠤ ᠪᠤᠯᠤᠨ᠎ᠠ᠃ ᠬᠡᠯᠪᠡᠷᠢ᠎ᠶᠢ ᠬᠤᠪᠢᠷᠠᠭᠤᠯᠤᠨ ᠲᠡᠰ ᠳᠡᠪᠱᠢᠭᠦᠯᠬᠦ᠌ ᠵᠢ ᠬᠦᠨᠵᠡᠭᠡᠢ ᠬᠦᠴᠦᠯᠡᠬᠦ᠌᠎ᠡᠴᠡ ᠠᠵᠤ ᠠᠬᠤᠢ᠎ᠶᠢᠨ ᠬᠥᠭ᠌ᠵᠢᠯᠲᠡ᠎ᠶᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌ ᠬᠦᠷᠲᠡᠯ᠎ᠡ᠂ ᠥᠭᠡᠷᠡᠴᠢᠯᠡᠯᠲᠡ᠎ᠶᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠎ᠶᠢ ᠠᠬᠢᠭᠤᠯᠬᠤ᠎ᠠᠴᠠ ᠭᠤᠷᠪᠠᠨ ᠶᠡᠬᠡ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠬᠦᠴᠦᠯᠡᠨ ᠰᠠᠢᠲᠤᠷ ᠬᠢᠬᠦ᠌ ᠬᠦᠷᠲᠡᠯ᠎ᠡ᠂《ᠠᠷᠠᠳ᠎ᠤᠨ ᠠᠮᠢᠳᠤᠷᠠᠯ᠎ᠤᠨ ᠬᠦᠰᠡᠯ ᠡᠷᠡᠮᠡᠯᠵᠡᠯ》 ᠢ ᠱᠢᠢᠳᠪᠦᠷᠢᠯᠡᠬᠦ᠌᠎ᠡᠴᠡ《ᠠᠷᠠᠳ᠎ᠤᠨ ᠠᠮᠢᠳᠤᠷᠠᠯ᠎ᠤᠨ ᠬᠤᠪᠢᠷᠠᠯᠲᠠ》 ᠵᠢ ᠪᠡᠶᠡᠯᠡᠭᠦᠯᠬᠦ᠌ ᠬᠦᠷᠲᠡᠯ᠎ᠡ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠲᠡᠮᠡᠴᠡᠬᠦ᠌ᠬᠠᠷᠠᠯᠲᠠᠶᠢ ᠲᠣᠭ᠍ᠲᠠᠭ᠍ᠰᠠᠨ ᠬᠤᠭᠤᠴᠠᠭᠠᠨ᠎ᠳᠤ ᠪᠡᠶᠡᠯᠡᠭᠦᠯᠬᠦ᠌᠎ᠡᠴᠡ ᠣᠳᠣᠬᠢᠴᠢᠯᠠᠯᠲᠠ᠎ᠶᠢᠨ ᠪᠦᠳᠦᠭᠡᠨ ᠪᠠᠢᠭᠤᠯᠤᠯᠲᠠ᠎ᠶᠢᠨ ᠱᠢᠨ᠎ᠡ ᠠᠶᠠᠨ᠎ᠢ ᠡᠬᠢᠯᠡᠭᠦᠯᠬᠦ᠌ ᠬᠦᠷᠲᠡᠯ᠎ᠡ᠂ ᠪᠡᠶᠡᠯᠡᠭᠦᠯᠦᠭᠰᠡᠨ ᠶᠡᠬᠡ ᠶᠠᠪᠤᠳᠠᠯᠴᠢᠬᠤᠯᠠᠶᠠᠪᠤᠳᠠᠯᠪᠦᠬᠦᠨ᠂ ᠰᠢᠢᠳᠪᠦᠷᠢᠯᠡᠭᠰᠡᠨ ᠭᠣᠣᠯᠳᠠᠯᠭ᠎ᠠ᠎ᠲᠠᠶ ᠬᠦᠴᠢᠷ ᠠᠰᠠᠭᠤᠳᠠᠯ ᠪᠦᠬᠦᠨ᠂ᠡᠷᠡᠮᠡᠬᠡᠢᠯᠡᠨᠤᠷᠤᠭ᠍ᠰᠢᠯᠠᠭᠰᠠᠨᠴᠠᠭᠮᠥᠴᠡᠪᠦᠬᠦᠨᠨᠢᠬᠢᠯᠪᠠᠷᠪᠤᠰᠤᠪᠠᠷ ᠢᠷᠡᠭ᠌ᠰᠡᠨ᠂ ᠮᠠᠭ᠍ᠲᠠᠨ ᠰᠠᠢᠱᠢᠶᠠᠭᠤᠱᠢᠲᠠᠢ《ᠥᠪᠥᠷ ᠮᠣᠩᠭᠣᠯ᠎ᠤᠨ ᠬᠠᠷᠢᠭᠤᠯᠲᠠ᠎ᠶᠢᠨ ᠬᠠᠭᠤᠳᠠᠰᠤ》 ᠪᠤᠯᠤᠨ ᠬᠤᠷᠠᠮᠳᠤᠵᠠᠢ᠃
ᠴᠠᠭ᠎ᠤᠨ ᠤᠷᠤᠰᠭᠠᠯ ᠲᠠᠳᠠᠷᠠᠰᠢ ᠦᠭᠡᠢ᠃ 5 ᠵᠢᠯ ᠪᠣᠯ ᠴᠠᠭ ᠬᠤᠭᠤᠴᠠᠭᠠᠨ᠎ᠤ ᠬᠡᠮᠵᠢᠭᠦᠷ ᠪᠣᠯᠬᠤ ᠪᠥᠭᠡᠳ ᠬᠥᠭ᠌ᠵᠢᠯᠲᠡ᠎ᠶᠢᠨ ᠬᠡᠮᠵᠢᠭᠦᠷ ᠪᠣᠯᠤᠨ᠎ᠠ᠃ ᠭᠦᠨᠰᠠᠭᠤᠭ᠍ᠳᠠᠯᠲᠠᠶ ᠦᠩᠭᠡᠷᠡᠯᠲᠡᠪᠡᠨᠡᠷᠭᠢᠴᠡᠭᠦᠯᠵᠦ᠂ ᠴᠢᠨᠠᠷᠰᠠᠢᠲᠠᠶᠬᠥᠭ᠌ᠵᠢᠯᠲᠡᠶᠢᠨᠵᠠᠮᠢᠶᠠᠨ ᠡᠷᠬᠢᠴᠡᠭᠦᠯᠦᠨ ᠬᠠᠷᠠᠬᠤ᠎ᠳᠦ᠂ ᠥᠪᠥᠷ ᠮᠣᠩᠭᠣᠯ᠎ᠤᠨ ᠡᠨᠡ ᠬᠦ᠌ ᠦᠷᠨᠢᠭᠦᠨ ᠬᠦᠭᠵᠢᠩᠭᠦᠢ᠂ ᠰᠢᠭᠤᠷᠬᠠᠢ ᠪᠥᠭᠡᠳ ᠯᠠᠪᠳᠠᠭᠤᠨ ᠠᠯᠬᠤᠭ᠎ᠠ᠎ᠲᠠᠶ ᠦᠵᠡᠰᠭᠦᠯᠡᠩᠲᠦ ᠰᠠᠢᠬᠠᠨ ᠵᠢᠷᠤᠭ ᠳᠡᠯᠭᠡᠭ᠌ᠳᠡᠯᠡ᠃
(ᠬᠣᠶᠠᠷ)ᠬᠠᠪᠤᠷ ᠴᠡᠴᠡᠭᠯᠡᠵᠦ ᠨᠠᠮᠤᠷ ᠦᠷᠡᠯᠡᠨ᠎ᠡ᠂ ᠭᠦᠨ ᠬᠦᠰᠡᠯ ᠨᠠᠢᠳᠠᠯᠭ᠎ᠠ ᠠᠭᠤᠯᠠ ᠮᠡᠲᠦ ᠬᠦᠨᠳᠦ᠃ ᠶᠡᠷᠦᠩᠬᠡᠢ ᠱᠦᠵᠢ ᠰᠢ᠎ᠶᠢᠨ ᠫᠢᠩ᠎ᠦᠨ ᠭᠦᠨ ᠵᠤᠵᠠᠭᠠᠨ ᠬᠠᠯᠠᠮᠵᠢᠯᠠᠯ᠂ ᠨᠠᠨᠳᠢᠨ ᠬᠦᠰᠡᠯ ᠨᠠᠢᠳᠠᠯᠭ᠎ᠠ ᠪᠣᠯ ᠥᠪᠥᠷ ᠮᠣᠩᠭᠣᠯ᠎ᠤᠨ ᠬᠥᠭ᠌ᠵᠢᠯᠲᠡ᠎ᠶᠢ ᠬᠦᠳᠦᠯᠥᠨ ᠳᠠᠭᠠᠭᠤᠯᠤᠬᠰᠠᠨ ᠶᠡᠷᠦᠩᠬᠡᠢ ᠵᠢᠷᠤᠮᠯᠠᠯ᠂ ᠶᠡᠷᠦᠩᠬᠡᠢ ᠪᠠᠢᠷᠢ ᠲᠣᠭ᠍ᠲᠠᠭᠠᠯᠲᠠ᠂ ᠶᠡᠷᠦᠩᠬᠡᠢ ᠠᠶᠠᠯᠠᠯ᠎ᠤᠨ ᠲᠡᠮᠳᠡᠭ ᠪᠣᠯᠤᠨ᠎ᠠ᠃
ᠠᠵᠤ ᠠᠬᠤᠢᠯᠠᠯ ᠪᠠ ᠨᠡᠢᠭᠡᠮ ᠲᠣᠭᠣᠷᠢᠭ᠎ᠲᠤ ᠬᠦᠷᠴᠦ᠍᠂ ᠣᠢ ᠱᠢᠭᠤᠶ᠎ᠶᠢᠨ ᠲᠠᠯᠠᠪᠠᠢ ᠪᠤᠯᠤᠨ ᠶᠡᠬᠡ ᠳᠡᠭᠡᠳᠦ ᠰᠤᠷᠭᠠᠭᠤᠯᠢ᠎ᠳᠤ ᠭᠦᠨᠵᠡᠭᠡᠢᠷᠡᠪᠡ; ᠬᠦᠴᠢᠷᠳᠡᠯᠲᠡᠶ ᠣᠯᠠᠨ ᠲᠦᠮᠡᠨ᠎ᠢ ᠲᠣᠬᠣᠨᠢᠭᠤᠯᠵᠤ᠂ ᠦᠨᠳᠦᠰᠦᠨ ᠱᠠᠲᠤᠨ᠎ᠤ ᠨᠠᠮ᠎ᠤᠨ ᠭᠡᠱᠢᠭᠦᠨ ᠺᠠᠳ᠋ᠷ᠎ᠢ ᠡᠷᠭᠢᠨ ᠦᠵᠡᠪᠡ;《ᠵᠢᠵᠢᠭ ᠲᠣᠰᠭᠣᠨ》᠎ᠤ᠋《ᠲᠤᠮᠤ ᠠᠷᠠᠳ᠎ᠤᠨ ᠠᠮᠢᠳᠤᠷᠠᠯ》 ᠢ᠋ ᠨᠠᠷᠢᠨ ᠨᠢᠮᠪᠠᠢ ᠬᠠᠯᠠᠮᠵᠢᠯᠠᠵᠤ᠂ 《ᠤᠬ ᠰᠠᠨᠠᠭ᠎ᠠ᠎ᠪᠠᠨ ᠦᠯᠦ᠍ ᠮᠠᠷᠲᠠᠵᠤ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ᠌》 ᠭᠣᠣᠯ ᠰᠡᠳᠦᠪᠲᠦ ᠬᠥᠮᠦᠵᠢᠯ᠎ᠢ ᠵᠢᠯᠣᠭᠣᠳᠤᠨ ᠥᠷᠨᠢᠭᠦᠯᠪᠡ ᠁ ᠴᠠᠭ ᠮᠥᠴᠡ ᠨᠢᠰᠭᠦ ᠮᠡᠲᠦ ᠥᠩᠭᠡᠷᠡᠨ ᠣᠳᠤᠬᠰᠠᠨᠴᠤ᠌᠂ᠦᠨᠠᠨᠪᠠᠢᠳᠠᠯᠨᠢᠮᠥᠨᠬᠦ᠌ᠨᠢᠳᠦᠨᠡᠮᠦᠨᠡ ᠲᠣᠳᠣᠷᠠᠭ᠍ᠰᠠᠭᠠᠷ; ᠡᠳᠦᠷ ᠰᠠᠷ᠎ᠠ ᠡᠭᠡᠯᠵᠢᠯᠡᠨ ᠤᠳᠤᠬᠰᠠᠨ ᠴᠤ᠌᠂ ᠶᠡᠷᠦᠩᠬᠡᠢ ᠱᠦᠵᠢ᠎ᠶᠢᠨ ᠴᠢᠩ ᠰᠡᠳᠭᠢᠯ᠎ᠦᠨ ᠨᠠᠢᠳᠠᠯᠭ᠎ᠠ ᠴᠢᠬᠢᠨ᠎ᠳᠦ ᠬᠠᠳᠠᠩᠱᠢᠭ᠍ᠰᠠᠭᠠᠷ᠃
ᠤᠮᠠᠷᠠᠲᠤᠬᠢᠯᠢᠶᠢᠨᠠᠷᠠᠳᠲᠦᠮᠡᠨᠡᠭᠦᠷᠢᠳᠡ ᠰᠡᠳᠭᠢᠯ᠎ᠳᠡᠭᠡᠨ ᠪᠠᠲᠤ ᠴᠡᠭᠡᠵᠢᠯᠡᠨ᠎ᠡ᠃ ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠠᠴᠠ ᠨᠠᠭᠠᠰᠢ᠂ ᠶᠡᠷᠦᠩᠬᠡᠶ ᠱᠦᠵᠢ ᠰᠢ᠎ᠶᠢᠨ ᠫᠢᠩ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠢᠮᠠᠭ᠍ᠲᠠ ᠭᠦᠨ ᠰᠠᠨᠠᠭᠠᠯᠵᠠᠵᠤ᠂ 2 ᠤᠳᠠᠭ᠎ᠠ ᠪᠡᠶ᠎ᠡ᠎ᠪᠡᠷ᠎ᠢᠶᠡᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠵᠤ ᠠᠵᠢᠯ ᠵᠢᠯᠣᠭᠣᠳᠤᠨ᠂ 4 ᠵᠢᠯ ᠳᠠᠷᠠᠭᠠᠯᠠᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠭ᠍ᠰᠠᠨ ᠪᠥᠭᠡᠳ ᠴᠢᠬᠤᠯᠠ ᠶᠠᠷᠢᠶ᠎ᠠ ᠲᠠᠯᠪᠢᠵᠤ᠂ ᠥᠪᠥᠷ ᠮᠣᠩᠭᠣᠯ᠎ᠤᠨ ᠪᠥᠬᠥ᠌ ᠲᠠᠯ᠎ᠠ ᠪᠠ ᠠᠯᠤᠰ ᠬᠡᠲᠦ᠍᠎ᠶᠢᠨ ᠬᠥᠭ᠌ᠵᠢᠯᠲᠡ᠎ᠳᠦ ᠬᠣᠯᠪᠣᠭ᠍ᠳᠠᠬᠤ ᠴᠢᠬᠤᠯᠠ ᠠᠵᠢᠯ᠎ᠳᠤ ᠣᠯᠠᠨ ᠤᠳᠠᠭ᠎ᠠ ᠴᠢᠬᠤᠯᠠ ᠵᠢᠭᠠᠪᠤᠷᠢ ᠴᠣᠬᠣᠯᠠᠪᠤᠷᠢ ᠥᠭ᠌ᠴᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠠᠢᠭᠤᠯᠤᠭ᠍ᠳᠠᠭ᠍ᠰᠠᠨ 70 ᠵᠢᠯ᠎ᠦᠨ ᠣᠶ᠎ᠶᠢ ᠪᠡᠯᠭᠡᠯᠡᠬᠦ᠌᠎ᠳᠦ《ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢᠶᠠᠨ ᠪᠥᠲᠥᠭᠡᠨ ᠪᠠᠢᠭᠤᠯᠵᠤ ᠠᠭᠤᠤ ᠶᠡᠬᠡ ᠳᠤᠮᠳᠠᠳᠤ᠎ᠶᠢᠨ ᠵᠡᠭᠦᠳᠦ᠍᠎ᠪᠡᠨ ᠬᠠᠮᠲᠤ᠎ᠪᠠᠷ ᠲᠡᠷᠭᠡᠯᠱᠢᠭᠦᠯᠦᠶ᠎ᠡ》 ᠭᠡᠮᠡᠬᠦ᠌ ᠪᠢᠴᠢᠭᠡᠰᠦ ᠪᠢᠴᠢᠨ ᠦᠭᠴᠦ᠂ ᠥᠪᠥᠷ ᠮᠣᠩᠭᠣᠯ᠎ᠤᠨ ᠡᠯ᠎ᠡ ᠵᠦᠶ᠋ᠯ᠎ᠦᠨ ᠠᠵᠢᠯ ᠦᠶ᠋ᠯᠡᠰ᠎ᠦᠨ ᠲᠡᠦᠬᠡᠲᠦ ᠴᠢᠨᠠᠷᠲᠠᠶ ᠠᠮᠵᠢᠯᠲᠠ ᠪᠦᠲᠦᠮᠵᠢ ᠣᠯᠵᠤ᠂ ᠲᠡᠦᠬᠡᠲᠦ ᠴᠢᠨᠠᠷᠲᠠᠶ ᠬᠤᠪᠢᠰᠤᠯᠲᠠ ᠭᠠᠷᠬᠤ᠎ᠶᠢ ᠵᠢᠯᠣᠭᠣᠳᠤᠨ ᠠᠬᠢᠭᠤᠯᠪᠠ᠃
ᠤᠮᠠᠷᠠᠲᠤ ᠬᠢᠯᠢ᠎ᠶᠢᠨ ᠠᠷᠠᠳ ᠲᠦᠮᠡᠨ ᠥᠨᠢ ᠡᠭᠦᠷᠢᠳᠡ ᠠᠴᠢ ᠭᠠᠪᠢᠶ᠎ᠠ ᠵᠢ ᠰᠠᠨᠠᠭᠠᠯᠵᠠᠨ᠎ᠠ᠃《ᠳᠥᠷᠪᠡᠨ ᠬᠦᠴᠦᠯᠡᠬᠦ᠌》 《ᠭᠤᠷᠪᠠᠨ ᠯᠠᠪᠳᠠᠭᠤᠨ ᠪᠠᠲᠤᠲᠠᠶ》ᠵᠢ ᠨᠠᠢᠳᠠᠪᠤᠷᠢᠵᠢᠭᠤᠯᠤᠨ᠂ ᠠᠮᠢ ᠠᠬᠤᠶ᠎ᠶᠢ ᠤᠷᠢᠳ᠎ᠢᠶᠠᠷ ᠪᠣᠳᠣᠯᠬᠢᠯᠠᠵᠤ᠂ ᠪᠣᠬᠢᠷᠲᠤᠯ ᠥᠬᠡᠶ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶᠢᠨ ᠱᠢᠨ᠎ᠡ ᠵᠠᠮ᠎ᠢᠶᠠᠷ ᠡᠷᠡᠰ ᠭᠤᠢᠪᠢᠰᠢ ᠥᠬᠡᠶ ᠵᠠᠮᠨᠠᠵᠤ᠂ ᠥᠪᠥᠷ ᠮᠣᠩᠭᠣᠯᠵᠢᠡᠨ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠶ᠎ᠶᠢᠨ ᠠᠮᠤᠷ ᠲᠦᠪᠱᠢᠨ᠎ᠦ ᠬᠠᠯᠬᠠᠪᠴᠢ᠂ ᠡᠬᠡ ᠤᠯᠤᠰ᠎ᠤᠨ ᠤᠮᠠᠷᠠᠲᠤ᠎ᠶᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ ᠪᠣᠯᠭᠠᠨ ᠪᠥᠲᠥᠭᠡᠨ ᠪᠠᠢᠭᠤᠯᠵᠤ᠂ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠎ᠤᠨ ᠰᠠᠭᠤᠷᠢᠨ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨᠪᠤᠯᠭᠠᠨ ᠪᠥᠲᠥᠭᠡᠨ ᠪᠠᠢᠭᠤᠯᠵᠤ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶᠢ ᠴᠣᠭ᠍ᠴᠠᠯᠠᠵᠠᠢ᠃ ᠶᠡᠷᠦᠩᠬᠡᠶ ᠱᠦᠵᠢ ᠱᠢᠨ᠎ᠡ ᠴᠠᠭ ᠦᠶ᠎ᠡ᠎ᠶᠢᠨ ᠥᠪᠥᠷ ᠮᠣᠩᠭᠣᠯ᠎ᠤᠨ ᠥᠭᠡᠷᠡᠴᠢᠯᠡᠯᠲᠡ ᠬᠥᠭ᠌ᠵᠢᠯᠲᠡ᠎ᠳᠦ ᠴᠢᠭ᠌ᠯᠡᠯ᠎ᠢ ᠲᠣᠭ᠍ᠲᠠᠭᠠᠵᠤ᠂ ᠵᠢᠷᠤᠭ ᠲᠥᠰᠦᠪ᠎ᠢ ᠵᠢᠷᠤᠭ᠍ᠯᠠᠵᠤ᠂ ᠡᠷᠡᠯᠬᠡᠭ᠌ᠯᠡᠨ ᠤᠷᠤᠭ᠍ᠰᠢᠯᠠᠵᠤ ᠪᠠᠢᠭ᠎ᠠ ᠦᠵᠡᠰᠭᠦᠯᠡᠩᠲᠦ ᠰᠠᠢᠬᠠᠨ ᠤᠮᠠᠷᠠᠲᠤ ᠬᠢᠯᠢ᠎ᠳᠦ ᠤᠷᠤᠭ᠍ᠰᠢᠯᠠᠬᠤ ᠴᠢᠭ᠌ᠯᠡᠯ᠎ᠢ ᠵᠢᠭᠠᠨ ᠥᠭ᠌ᠴᠦ᠂ ᠬᠦᠴᠦᠷᠬᠡᠭ ᠶᠡᠬᠡ ᠬᠥᠳᠡᠯᠭᠡᠬᠦ᠌ ᠬᠦᠴᠦᠨ ᠢ ᠬᠠᠩᠭᠠᠪᠠ᠃
ᠭᠡᠷᠡᠯᠲᠦ ᠴᠠᠮᠬᠠᠭ ᠠᠶᠠᠯᠠᠯ᠎ᠤᠨ ᠴᠢᠭ᠌ᠯᠡᠯ᠎ᠢ ᠵᠢᠭᠠᠵᠤ᠂ ᠷᠠᠱᠢᠶᠠᠨ ᠪᠤᠯᠠᠭ ᠰᠡᠳᠭᠢᠯᠵᠢᠷᠦᠬᠡ ᠵᠢ ᠤᠮᠳᠠᠯᠠᠨ᠎ᠠ᠃
5 ᠵᠢᠯ᠎ᠦᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠥᠬᠥ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠳᠠᠭᠠᠭᠤᠯᠤᠨ ᠶᠡᠷᠦᠩᠬᠡᠶ ᠱᠦᠵᠢ᠎ᠶᠢᠨ ᠬᠦᠰᠡᠯ ᠨᠠᠢᠳᠠᠯᠭ᠎ᠠ᠎ᠶᠢ ᠪᠠᠲᠤ ᠴᠡᠭᠡᠵᠢᠯᠡᠵᠦ᠍᠂ ᠴᠠᠭ ᠦᠶ᠎ᠡ᠎ᠶᠢᠨ ᠡᠭᠦᠷᠭᠡ ᠬᠠᠷᠢᠭᠤᠴᠠᠯᠭ᠎ᠠ᠎ᠶᠢ ᠡᠭᠦᠷᠭᠡᠯᠡᠵᠦ᠍᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠬᠣᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠭᠦᠨᠵᠡᠭᠡᠶ ᠲᠤᠭᠤᠱᠢᠯᠠᠭᠤᠯᠵᠤ᠂ ᠶᠡᠷᠦᠩᠬᠡᠶ ᠱᠦᠵᠢ᠎ᠶᠢᠨ ᠥᠪᠥᠷ ᠮᠣᠩᠭᠣᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶᠢᠨ ᠵᠣᠷᠢᠭ ᠰᠠᠨᠠᠭ᠎ᠠ᠎ᠶᠢ ᠲᠤᠭᠤᠱᠢᠯᠠᠭᠤᠯᠤᠨ ᠨᠠᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ᠎ᠶᠢ ᠦᠷᠭᠦᠯᠵᠢᠯᠡᠨ ᠠᠬᠢᠭᠤᠯᠵᠤ᠂ 2400 ᠭᠠᠷᠤᠶ ᠲᠦᠮᠡᠨ ᠤᠮᠠᠷᠠᠲᠤ᠎ᠬᠢᠯᠢ ᠶᠢᠨ ᠬᠥᠪᠡᠭᠦᠳ ᠥᠬᠢᠳ ᠪᠥᠬᠥ᠌ ᠤᠯᠤᠰ᠎ᠤᠨ ᠠᠷᠠᠳ ᠲᠦᠮᠡᠨ᠎ᠲᠡᠶ ᠬᠠᠮᠲᠤ᠎ᠪᠠᠷ᠂ ᠴᠤᠭ ᠪᠠᠳᠠᠷᠠᠩᠭᠤᠶ᠎ᠪᠠᠷ ᠴᠢᠨᠡᠭᠡᠯᠢᠭ ᠨᠡᠢᠭᠡᠮ᠎ᠢ ᠪᠥᠬᠥ᠌ ᠲᠠᠯ᠎ᠠ᠎ᠪᠠᠷ ᠪᠡᠶᠡᠯᠡᠭᠦᠯᠵᠦ᠍᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ ᠱᠢᠨ᠎ᠡ ᠠᠶᠠᠨ᠎ᠢ ᠢᠳᠡᠷᠬᠡᠭ ᠠᠯᠬᠤᠭ᠎ᠠ ᠪᠡᠷ ᠡᠬᠢᠯᠡᠭᠦᠯᠪᠡ᠃ ᠬᠦᠰᠡᠯ ᠨᠠᠢᠳᠠᠯᠭ᠎ᠠ᠎ᠶᠢ ᠠᠵᠢᠯᠯᠠᠭ᠎ᠠ ᠪᠣᠯᠭᠠᠨ ᠬᠤᠪᠢᠷᠠᠭᠤᠯᠵᠤ᠂ ᠬᠥᠭ᠌ᠵᠢᠯᠲᠡ᠎ᠪᠡᠷ ᠬᠦᠰᠡᠯ ᠡᠷᠡᠮᠡᠯᠵᠡᠯ᠎ᠳᠦ ᠬᠠᠷᠢᠭᠤᠯᠲᠠ ᠥᠭ᠌ᠴᠦ᠂ ᠡᠬᠡ ᠤᠯᠤᠰ᠎ᠤᠨ ᠤᠮᠠᠷᠠᠲᠤ ᠬᠢᠯᠢ᠎ᠶᠢᠨ ᠤᠷᠤᠭ᠍ᠰᠢᠯᠠᠯᠲᠠ᠎ᠶᠢᠨ ᠠᠯᠬᠤᠭ᠎ᠠ ᠤᠯᠠᠮ ᠬᠦᠴᠦᠲᠡᠢ ᠪᠤᠯᠵᠤ᠂ ᠲᠡᠷᠢᠭᠦᠨ᠎ᠦ ᠬᠢ ᠪᠣᠯᠬᠤ᠎ᠪᠠᠷ ᠬᠦᠴᠦᠯᠡᠨ ᠴᠢᠷᠮᠡᠢᠬᠤ ᠳᠠᠪᠠᠯᠭᠠᠨ ᠳᠠᠪᠠᠯᠭᠠᠯᠠᠨ ᠠᠢᠰᠤᠢ᠃
( ᠭᠤᠷᠪᠠ )ᠲᠡᠦᠬᠡ᠎ᠶᠢᠨ ᠠᠬᠢᠴᠠ ᠬᠡᠴᠢᠨᠡᠨ ᠰᠦᠷ ᠳᠠᠯᠠᠢᠴᠠᠲᠠᠢ ᠪᠤᠯ ᠲᠡᠭᠦᠨ᠎ᠤ ᠨᠦᠯᠦᠭᠡᠯᠡᠯ ᠨᠢ ᠲᠠᠷᠤᠢ ᠲᠡᠳᠦᠢ ᠦᠷᠭᠡᠡ ᠲᠡᠯᠭᠡᠷ ᠬᠦᠨ ᠬᠦᠨᠵᠡᠭᠡᠢ ᠪᠠᠢᠲᠠᠭ᠃ 5 ᠵᠢᠯ᠂ 60 ᠰᠠᠷ᠎ᠠ᠎ᠶᠢᠨ ᠲᠤᠷᠱᠢᠬᠢ ᠠᠯᠢ ᠣᠯᠠᠨ ᠭᠢᠯᠠᠯᠵᠠᠭ᠍ᠰᠠᠨ ᠠᠮᠵᠢᠯᠲᠠ ᠪᠦᠲᠦᠮᠵᠢ ᠨᠢ ᠶᠡᠷᠦ᠍ ᠪᠤᠰᠤ᠎ᠶᠢᠨ ᠬᠥᠭ᠌ᠵᠢᠯᠲᠡ᠎ᠶᠢ ᠭᠡᠷᠡᠴᠢᠯᠡᠵᠦ᠍ ᠪᠠᠢᠨ᠎ᠠ᠃
ᠬᠠᠩᠭᠠᠯᠭ᠎ᠠ᠎ᠶᠢᠨ ᠲᠠᠯ᠎ᠠ᠎ᠶᠢᠨ ᠪᠦᠲᠦᠴᠡ᠎ᠶᠢᠨ ᠴᠢᠨᠠᠷᠲᠠᠶ ᠥᠭᠡᠷᠡᠴᠢᠯᠡᠯᠲᠡ ᠭᠦᠨᠵᠡᠭᠡᠶ ᠠᠬᠢᠵᠤ᠂ ᠤᠯᠠᠮᠵᠢᠯᠠᠯᠲᠤ ᠠᠵᠤ ᠦᠶ᠋ᠯᠡᠰ᠎ᠢ ᠪᠣᠬᠢᠷᠲᠤᠯ ᠥᠬᠡᠶ ᠪᠣᠯᠭᠠᠨ ᠥᠭᠡᠷᠡᠴᠢᠯᠡᠵᠦ᠂ ᠲᠣᠭᠠᠴᠢᠯᠠᠭ᠍ᠰᠠᠨ ᠡᠨᠧᠷᠭᠢ ᠣᠯᠭᠣᠨ᠂ ᠪᠠᠢᠯᠳᠤᠬᠤ ᠪᠣᠳᠣᠯᠭ᠎ᠠ᠎ᠶᠢᠨ ᠴᠢᠨᠠᠷᠲᠠᠶ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ᠎ᠢ ᠲᠦᠷᠭᠡᠨ ᠪᠣᠢᠵᠢᠭᠤᠯᠵᠤ ᠂ 《 ᠬᠣᠶᠠᠷ ᠡᠬᠢ ᠪᠠᠶᠠᠯᠢᠭ》 ᠤ᠋ᠨ ᠰᠠᠭᠤᠷᠢᠨ ᠭᠠᠵᠠᠷ᠎ᠢ ᠲᠠᠰ ᠳᠡᠪᠱᠢᠭᠦᠯᠵᠦ᠍᠂ ᠣᠲᠣ ᠦᠶ᠎ᠡ᠎ᠶᠢᠨ ᠲᠠᠷᠢᠶᠠᠯᠠᠩ ᠮᠠᠯ ᠠᠵᠤ ᠠᠬᠤᠶ᠎ᠶᠢᠨ ᠬᠥᠭ᠌ᠵᠢᠯᠲᠡ᠎ᠶᠢᠨ ᠪᠠᠢᠳᠠᠯ ᠡᠷᠴᠢᠮᠲᠡᠶ ᠪᠣᠯᠵᠣ᠂ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶᠢᠨ ᠦᠢᠯᠡᠳᠦᠯ ᠡᠳᠦᠷ ᠢᠷᠡᠬᠦᠶ᠎ᠡ ᠢᠯᠡᠷᠬᠡᠢ ᠪᠤᠯᠵᠤ ᠪᠠᠢᠨ᠎ᠠ ᠁ ᠬᠦᠭᠵᠢᠠ ᠪᠤᠵᠠᠭᠠᠢᠷᠠᠭᠰᠠᠠ ᠬᠦᠭᠵᠢᠯᠲᠠ ᠵᠢᠨ ᠬᠦᠴᠦᠨ ᠡᠨ᠋ᠸᠷᠬᠢ ᠨᠢ ᠦᠪᠦᠷ ᠮᠤᠩᠭᠤᠯ᠎ᠤᠨ ᠴᠢᠨᠠᠷ ᠰᠠᠢᠲᠠᠢ ᠬᠦᠭᠵᠢᠯᠲᠠ ᠳ᠋ᠤ ᠬᠦᠷᠦᠯᠴᠡᠭᠦᠢᠴᠡ ᠢᠲᠡ ᠬᠦᠴᠤ ᠨᠡᠮᠡᠷᠢᠯᠡᠪᠠ᠃
ᠡᠳ᠋᠎ᠦᠨ ᠵᠠᠰᠠᠭ᠎ᠤᠨ ᠵᠠᠷᠤᠯᠭ᠎ᠠ᠎ᠶᠢᠨ 70% ᠣᠷᠴᠢᠮ᠎ᠢ ᠠᠷᠠᠳ᠎ᠤᠨ ᠠᠮᠢᠳᠤᠷᠠᠯ᠎ᠳᠤ ᠬᠡᠷᠡᠭ᠌ᠯᠡᠵᠦ᠍᠂ ᠣᠲᠣ᠎ᠶᠢᠨ ᠬᠡᠷᠡᠭ᠌ᠵᠢᠭᠦᠯᠵᠦ᠍ ᠪᠠᠢᠭ᠎ᠠ ᠪᠠᠷᠢᠮᠵᠢᠶ᠎ᠠ᠎ᠠᠴᠠ ᠳᠤᠤᠷ᠎ᠠ ᠪᠠᠢᠭ᠎ᠠ 157 ᠲᠦᠮᠡᠨ ᠲᠠᠩᠰᠠᠯᠠᠵᠤ ᠺᠠᠷᠲᠯᠠᠭᠰᠠᠠ ᠶᠠᠳᠠᠭᠤ ᠬᠦᠴᠢᠷᠳᠡᠯᠲᠡᠶ ᠬᠥᠮᠦᠨ ᠠᠮᠠ᠎ᠶᠢ ᠪᠦᠬᠦᠨ᠎ᠢ ᠶᠠᠳᠠᠭᠤ᠎ᠠᠴᠠ ᠠᠩᠭᠢᠵᠢᠷᠠᠭᠤᠯᠵᠤ᠂ 57 ᠶᠠᠳᠠᠭᠤ ᠬᠦᠴᠢᠷᠳᠡᠯᠲᠡᠶ ᠬᠣᠱᠢᠭᠤ ᠱᠢᠶᠠᠨ᠎ᠢ ᠪᠦᠬᠦᠨ᠎ᠢ ᠶᠠᠳᠠᠭᠤ᠎ᠠᠴᠠ ᠠᠩᠭᠢᠵᠢᠷᠠᠭᠤᠯᠵᠤ ᠂ 3681 ᠶᠠᠳᠠᠭᠤ ᠬᠦᠴᠢᠷᠳᠡᠯᠲᠡᠶ ᠭᠠᠴᠠᠭ᠎ᠠ ᠲᠣᠰᠭᠣᠨ᠎ᠢ ᠪᠦᠬᠦᠨ᠎ᠢ ᠶᠠᠳᠠᠭᠤ᠎ᠠᠴᠠ ᠠᠩᠭᠢᠵᠢᠷᠠᠭᠤᠯᠵᠤ᠂ ᠨᠡᠢᠭᠡᠮ᠎ᠦᠨ ᠪᠠᠲᠤᠯᠠᠭ᠎ᠠ᠎ᠶᠢᠨ ᠲᠤᠤᠷ᠎ᠢ ᠤᠯᠠᠮ᠎ᠠᠴᠠ ᠤᠯᠠᠮ ᠨᠢᠭ᠍ᠲᠠ ᠰᠦᠯᠵᠢᠵᠠᠢ ᠁ ᠬᠥᠮᠦᠰ᠎ᠦᠨ ᠰᠡᠳᠭᠢᠯ᠎ᠢ ᠳᠤᠯᠠᠭᠠᠴᠠᠭᠤᠯᠤᠭ᠍ᠰᠠᠨ ᠠᠷᠠᠳ᠎ᠤᠨ ᠠᠮᠢᠳᠤᠷᠠᠯ᠎ᠤᠨ ᠬᠠᠷᠢᠭᠤᠯᠲᠠ᠎ᠶᠢᠨ ᠬᠠᠭᠤᠳᠠᠰᠤᠨᠢᠠᠷᠠᠳᠣᠯᠠᠨᠤ ᠬᠦᠷᠲᠡᠮᠵᠢ᠎ᠶᠢᠨ ᠲᠥᠷᠥᠭ᠌ᠳᠡᠯ ᠵᠢᠷᠭᠠᠯᠲᠤ ᠲᠥᠷᠥᠭ᠌ᠳᠡᠯ ᠠᠮᠤᠷ ᠲᠦᠪᠱᠢᠨ᠎ᠦ ᠲᠥᠷᠥᠭ᠌ᠳᠡᠯ᠎ᠳᠦ ᠠᠮᠢᠳᠤᠯᠢᠭ ᠲᠠᠢᠯᠪᠤᠷᠢ ᠬᠢᠭᠰᠡᠡ ᠪᠠᠢᠨ᠎ᠠ᠃
ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ ᠭᠡᠬᠦ᠌ ᠤᠢ᠍ᠢᠯᠠᠭᠠᠭ᠍ᠳᠠᠬᠤᠨ᠎ᠢ ᠪᠠᠲᠤ ᠪᠤᠢ ᠪᠣᠯᠭᠠᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶᠢ ᠱᠢᠰᠲ᠋ᠧᠮ᠎ᠲᠡᠶ ᠵᠠᠰᠠᠬᠤ᠎ᠶᠢ ᠨᠢᠭᠡᠳᠦᠯᠲᠡᠢ ᠲᠥᠯᠥᠪᠵᠢᠭᠦᠯᠵᠦ᠍᠂ ᠴᠢᠬᠤᠯᠠ ᠶᠡᠬᠡ ᠠᠮᠢ ᠠᠬᠤᠢ᠎ᠶᠢ ᠬᠠᠮᠠᠭᠠᠯᠠᠨ ᠰᠡᠷᠭᠦᠭᠡᠬᠦ᠌ ᠢᠨᠵᠧᠨᠧᠷᠢᠩ᠎ᠢ ᠭᠦᠨᠵᠡᠭᠡᠢ ᠬᠡᠷᠡᠭ᠌ᠵᠢᠭᠦᠯᠵᠦ᠍᠂ 《 ᠬᠦᠯᠦᠨ ᠨᠠᠭᠤᠷ ᠤᠯᠠᠭᠠᠨᠰᠤᠬᠠᠢ ᠲᠠᠭ᠎ᠠ ᠵᠢᠨ ᠨᠠᠭᠤᠷ》᠎ᠢ᠋ ᠶᠡᠷᠦᠩᠬᠡᠢᠯᠡᠨ ᠵᠠᠰᠠᠬᠤ᠎ᠶᠢ ᠦᠷᠭᠦᠯᠵᠢᠯᠡᠨ ᠠᠬᠢᠭᠤᠯᠵᠤ ᠂ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠱᠠᠳᠤᠴᠢ ᠴᠢᠨᠠᠷᠲᠠᠢ ᠬᠠᠷᠠᠯᠲᠠ ᠡᠭᠦᠷᠭᠡ᠎ᠶᠢ ᠤᠷᠤᠭ᠍ᠰᠢᠲᠠᠢ ᠪᠡᠶᠡᠯᠡᠭᠦᠯᠵᠠᠢ ᠁ ᠯᠠᠪᠳᠠᠭᠤᠨ᠎ᠢᠶᠠᠷ ᠠᠯᠤᠰ ᠲᠠᠢᠰᠢ ᠠᠶᠠᠯᠠᠬᠤ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ᠎ᠶᠢ ᠪᠡᠶᠡᠯᠡᠭᠦᠯᠵᠦ᠍᠂ ᠨᠣᠮᠢᠨ ᠨᠣᠭᠣᠭ᠎ᠠ᠎ᠨᠢ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠤᠨ ᠬᠠᠮᠤᠭ᠎ᠤᠨ ᠭᠤᠶᠤ ᠳᠡᠪᠢᠰᠭᠡᠷ ᠦᠩᠭᠡ ᠪᠣᠯᠭᠠᠪᠠ᠃
ᠨᠠᠮ᠎ᠤᠨ ᠦᠨᠳᠦᠰᠦᠲᠡᠨ᠎ᠦ ᠤᠨᠤᠯ ᠪᠣᠯᠤᠨ ᠦᠨᠳᠦᠰᠦᠲᠡᠨ᠎ᠦ ᠲᠦᠷᠦ᠍᠎ᠶᠢᠨ ᠪᠤᠳᠤᠯᠭ᠎ᠠ᠎ᠶᠢ ᠪᠦᠬᠦ᠌ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠦᠨᠳᠦᠰᠦᠲᠡᠨ᠎ᠦ ᠣᠷᠣᠨ᠎ᠤ ᠥᠪᠡᠷᠲᠡᠭᠡᠨᠵᠠᠰᠠᠬᠤᠪᠠᠢᠭᠤᠯᠤᠯᠤᠨ ᠳᠠᠪᠠᠭᠤᠯᠢᠭ᠎ᠢ ᠭᠦᠢᠴᠡᠳ ᠪᠠᠳᠠᠷᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭ᠍ᠴᠠ᠎ᠶᠢᠨ ᠤᠬᠠᠮᠰᠠᠷ᠎ᠢ ᠡᠷᠡᠰ ᠭᠤᠢᠪᠢᠰᠢ ᠦᠭᠡᠢ ᠪᠠᠲᠤ ᠴᠣᠭ᠍ᠴᠠᠯᠠᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶᠢ ᠡᠭᠦᠳᠦᠨ ᠪᠠᠢᠭᠤᠯᠬᠤ ᠠᠵᠢᠯᠯᠠᠭ᠎ᠠ᠎ᠶᠢ ᠭᠦᠨᠵᠡᠭᠡᠢ ᠥᠷᠨᠢᠭᠦᠯᠵᠦ᠍᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠶᠡᠬᠡᠪᠡᠷ ᠠᠬᠢᠭᠤᠯᠵᠠᠢ ᠁ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠠᠤᠭ᠎ᠠ ᠬᠦᠴᠦᠨ᠎ᠢ ᠪᠠᠳᠠᠷᠠᠭᠤᠯᠵᠤ᠂ ᠡᠬᠡ ᠤᠯᠤᠰ᠎ᠤᠨ ᠬᠢᠯᠢ ᠬᠢᠵᠠᠭᠠᠷ᠎ᠢ ᠬᠠᠮᠲᠤ᠎ᠪᠠᠷ ᠰᠠᠬᠢᠨ ᠬᠠᠮᠠᠭᠠᠯᠠᠬᠤ ᠂ ᠰᠠᠢᠨ ᠰᠠᠢᠬᠠᠨ ᠠᠮᠢᠳᠤᠷᠠᠯ᠎ᠢ ᠬᠠᠮᠲᠤ᠎ᠪᠠᠷ ᠴᠣᠭ᠍ᠴᠠᠯᠠᠬᠤ ᠠᠤᠭ᠎ᠠ ᠬᠦᠴᠦᠨ᠎ᠢ ᠨᠢᠭ᠍ᠲᠠᠷᠠᠭᠤᠯᠪᠠ᠃
ᠲᠡᠭᠡᠲᠦ ᠱᠠᠲᠤ ᠨᠢ ᠲᠤᠤᠷᠠᠲᠦ ᠱᠠᠲᠤ ᠪᠠᠠ ᠲᠠᠭᠠᠭᠤᠯᠵᠦ᠂ ᠴᠢᠩᠭ᠎ᠠ ᠪᠦᠭᠡᠳ ᠪᠤᠲᠠᠲᠠᠢ ᠬᠢᠵᠦ᠂《ᠬᠣᠶᠠᠷ᠎ᠢ ᠰᠤᠷᠤᠯᠴᠠᠵᠤ ᠬᠢᠷᠢ ᠲᠡᠩᠴᠡᠭ᠌ᠰᠡᠨ ᠨᠠᠮ᠎ᠤᠨ ᠭᠡᠱᠢᠭᠦᠨ ᠪᠣᠯᠬᠤ》 ᠰᠤᠷᠤᠯᠴᠠᠯᠭ᠎ᠠ ᠬᠥᠮᠦᠵᠢᠯ ᠂ 《ᠣᠭ ᠰᠠᠨᠠᠭ᠎ᠠ᠎ᠪᠠᠨ ᠥᠯᠥ᠍ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ᠌ 》 ᠭᠤᠤᠯ ᠰᠡᠳᠦᠪᠲᠦ ᠬᠥᠮᠦᠵᠢᠯ ᠢᠯᠡᠳᠲᠡ ᠦᠷ᠎ᠡ ᠪᠦᠲᠦᠮᠵᠢ ᠤᠯᠪᠠ᠃ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠢ ᠠᠬᠢᠭᠤᠯᠵᠤ ᠂ 《 ᠪᠢ ᠤᠯᠠᠨ ᠲᠦᠮᠡᠨ᠎ᠳᠦ ᠪᠣᠳᠠᠲᠠᠢ ᠶᠠᠪᠤᠳᠠᠯ ᠬᠢᠵᠦ᠍ ᠥᠭ᠌ᠬᠦ》ᠦᠢᠯᠡᠳᠦᠯᠭᠡ᠎ᠶᠢᠨ ᠠᠵᠢᠯᠯᠠᠭ᠎ᠠ᠎ᠶᠢ ᠦᠷᠭᠦᠯᠵᠢᠯᠡᠨ ᠭᠦᠨᠵᠡᠭᠡᠢᠷᠡᠭᠦᠯᠪᠡ᠃ ᠶᠠᠰᠤ᠎ᠶᠢ ᠨᠢ ᠬᠤᠰᠤᠵᠤ ᠬᠣᠣᠷ᠎ᠢ ᠨᠢ ᠠᠷᠢᠯᠭᠠᠬᠤ᠂ ᠪᠠᠭᠠᠲᠤᠷ ᠡᠷ᠎ᠡ ᠪᠠᠭᠤᠤ᠎ᠪᠠᠨ ᠴᠠᠪᠴᠢᠬᠤ ᠰᠢᠬ ᠵᠢᠡᠷ᠂ ᠨᠡᠭᠦᠷᠡᠰᠦ᠎ᠲᠡᠶ ᠬᠣᠯᠪᠣᠭ᠍ᠳᠠᠭ᠍ᠰᠠᠨ ᠢᠯᠵᠠᠷᠠᠯ᠎ᠤᠨ ᠬᠣᠣᠷᠲᠤ ᠬᠠᠪᠤᠳᠠᠷ᠎ᠢ ᠡᠷᠡᠰ ᠠᠷᠢᠯᠭᠠᠵᠤ ᠂ ᠤᠯᠤᠰ ᠲᠦᠷᠦ᠍ ᠬᠠᠤᠯᠢ ᠴᠠᠭᠠᠵᠠ᠎ᠶᠢᠨ ᠡᠩᠨᠡᠭᠡᠨ᠎ᠦ ᠬᠥᠮᠦᠵᠢᠯ ᠴᠡᠭ᠌ᠴᠡᠯᠡᠯᠲᠡ᠎ᠶᠢ ᠯᠠᠪᠳᠠᠭᠤᠨ ᠪᠠᠲᠤᠲᠠᠢ ᠠᠬᠢᠭᠤᠯᠵᠤ᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠂ ᠤᠯᠤᠰ ᠲᠦᠷᠦ᠍᠎ᠶᠢᠨ ᠠᠮᠢ ᠠᠬᠤᠢ᠎ᠶᠢᠨ ᠪᠦᠬᠦᠯᠢ ᠴᠣᠭ᠍ᠴᠠ᠎ᠶᠢᠨ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠡᠷᠡᠰ ᠰᠠᠢᠲᠤᠷ ᠬᠢᠵᠠᠢ ᠁ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍᠎ᠶᠢᠨ ᠠᠮᠢ ᠠᠬᠤᠢ ᠨᠢ ᠥᠪᠥᠷ ᠮᠣᠩᠭᠣᠯ᠎ᠤᠨ ᠡᠯ᠎ᠡ ᠵᠦᠢᠯ᠎ᠦᠨ ᠠᠵᠢᠯ ᠦᠢᠯᠡᠰ᠎ᠦᠨ ᠬᠥᠭ᠌ᠵᠢᠯᠲᠡ᠎ᠳᠦ ᠪᠠᠲᠤ ᠴᠢᠩᠭ᠎ᠠ ᠤᠯᠤᠰ ᠲᠦᠷᠦ᠍᠎ᠶᠢᠨ ᠪᠠᠲᠤᠯᠠᠭ᠎ᠠ ᠬᠠᠩᠭᠠᠪᠠ᠃
ᠠᠭᠤᠯᠠ ᠵᠢᠨ ᠥᠨᠳᠥᠷ ᠵᠠᠮ ᠤᠨ ᠬᠣᠯᠠ᠎ᠠᠴᠠ ᠡᠮᠢᠶᠡᠬᠦ ᠦᠭᠡᠢ ᠭᠡᠳᠦᠯᠦᠨ ᠲᠤᠭᠤᠯᠤᠬᠴᠢᠳ ᠰᠠᠶᠢ ᠠᠭᠤᠯᠠ ᠤᠰᠤ ᠵᠢᠨ ᠬᠠᠮᠤᠭ᠎ᠤᠨ ᠭᠠᠢᠬᠠᠯᠲᠠᠢ ᠥᠩᠭᠡ ᠦᠵᠡᠮᠵᠢ᠎ᠵᠢ ᠤᠯᠵᠦ ᠦᠵᠡᠲᠡᠭ; ᠰᠠᠯᠬᠢ ᠳᠠᠪᠠᠯᠭᠠᠨ᠎ᠡᠴᠡ ᠠᠶᠤᠠ ᠡᠮᠢᠶᠡᠬᠦ ᠦᠭᠡᠢ ᠲᠠᠪᠠᠯᠭᠠᠠᠢ ᠰᠦᠷᠦᠭᠴᠢᠳ ᠰᠠᠶᠢ ᠳᠠᠯᠠᠢ ᠲᠠᠩᠭᠢᠰ ᠡᠴᠡ ᠰᠤᠶᠤᠷᠬᠠᠬᠤ ᠬᠠᠮᠤᠭ᠎ᠤᠨ ᠦᠵᠡᠰᠭᠦᠯᠡᠩᠲᠦ ᠰᠠᠢᠬᠠᠠ ᠨᠠᠷᠠ ᠮᠠᠨᠳᠤᠬᠤ ᠵᠢ ᠤᠯᠵᠦ ᠬᠠᠷᠠᠨ᠎ᠠ᠃ ᠤᠷᠤᠭ᠍ᠰᠢᠯᠠᠯᠲᠠ᠎ᠶᠢᠨ ᠵᠠᠮ ᠲᠡᠢᠮᠦ᠍ ᠱᠢᠭᠤᠳ ᠱᠢᠯᠤᠭᠤᠬᠠᠨ ᠪᠢᠰᠢ ᠶᠤᠮ᠂ ᠪᠢᠳᠡ ᠡᠯ᠎ᠡ ᠵᠦᠢᠯ᠎ᠦᠨ ᠠᠶᠤᠯ ᠲᠦᠭ᠌ᠰᠢᠭᠦᠷᠢ ᠥᠷᠢᠰᠥᠯᠳᠦᠭᠡᠨ᠎ᠢ ᠳᠠᠭᠠᠭᠠᠵᠤ᠂ ᠢᠯᠠᠩᠭᠤᠶ᠎ᠠ ᠬᠢᠵᠢᠭ᠎ᠲᠡᠶ ᠲᠡᠮᠡᠴᠡᠬᠦ᠌ ᠬᠠᠲᠠᠭᠤ ᠪᠡᠷᠬᠡ ᠱᠢᠯᠭᠠᠯᠲᠠ᠎ᠶᠢ ᠳᠠᠭᠠᠭᠠᠵᠤ᠂ᠬᠢᠮᠤᠷᠠᠯᠤᠨᠳᠤᠮᠳᠠᠡᠷᠡᠮᠡᠬᠡᠢᠯᠡᠨᠤᠷᠤᠭ᠍ᠰᠢᠯᠠᠵᠤ᠂ ᠬᠦᠴᠢᠷᠳᠡᠯ᠎ᠦᠨ ᠳᠤᠮᠳᠠ ᠪᠦᠰᠡᠯᠡᠯᠲᠡ᠎ᠶᠢ ᠱᠢᠪᠲᠤᠯᠵᠤ ᠂ ᠠᠯᠢ ᠤᠯᠠᠨ ᠬᠦᠴᠢᠷ ᠪᠡᠷᠬᠡᠱᠢᠶᠡᠯ᠎ᠢ ᠢᠯᠠᠨ ᠳᠠᠪᠠᠵᠤ ᠂ ᠠᠯᠢ ᠤᠯᠠᠨ ᠥᠷᠢᠰᠥᠯᠳᠦᠭᠡᠨ᠎ᠢ ᠢᠯᠠᠨ ᠳᠠᠪᠠᠵᠤ ᠂ ᠤᠳᠠᠭ᠎ᠠ ᠳᠠᠷᠠᠭᠠᠯᠠᠨ ᠢᠯᠠᠯᠲᠠ ᠤᠯᠪᠠ᠃
ᠬᠦᠴᠢᠷ ᠪᠡᠷᠭᠡᠰᠢᠶᠠᠯ᠎ᠢ ᠤᠯᠠᠠᠲᠠ ᠦᠩᠭᠡᠷᠡᠭᠰᠡᠡ ᠴᠤ᠌ ᠡᠷᠴᠢ ᠵᠤᠷᠢᠭ ᠲᠡᠭᠦᠯᠲᠡᠷ ᠪᠠᠢᠬᠤ ᠬᠡᠷᠡᠭᠲᠡᠢ᠂ ᠠᠮᠵᠢᠯᠲᠠ ᠪᠦᠲᠦᠮᠵᠢ ᠤᠯᠤᠭᠰᠠᠠ ᠴᠣ᠌ ᠲᠠᠷᠤᠤ ᠬᠢᠴᠢᠶᠡᠩᠭᠦᠢ ᠪᠠᠢᠵᠦ᠂ ᠬᠤᠢᠰᠢᠲᠠ ᠪᠠᠰᠠ ᠬᠤᠯᠠ ᠵᠠᠮ ᠵᠠᠮᠨᠠᠵᠦ᠂ ᠬᠦᠴᠢᠷ ᠪᠡᠷᠭᠡᠰᠢᠶᠡᠯ ᠬᠠᠷᠰᠢ ᠰᠠᠭᠠᠳ ᠲᠤᠯᠭᠠᠷᠠᠨ᠎ᠠ ᠭᠡᠲᠡᠭ᠎ᠢ ᠪᠠᠲᠤ ᠴᠡᠭᠡᠵᠢᠯᠡᠬᠦ ᠭᠡᠷᠡᠭᠲᠡᠢ᠃ 5 ᠵᠢᠯ ᠬᠠᠷᠰᠢ ᠰᠠᠭᠠᠳ᠎ᠢ ᠢᠯᠠᠨ ᠳᠠᠪᠠᠵᠤ᠂ ᠴᠤᠴᠠᠯᠲᠠ ᠦᠭᠡᠢ ᠤᠷᠤᠭ᠍ᠰᠢᠯᠠᠵᠤ᠂ ᠠᠵᠤ ᠠᠬᠤᠢ᠎ᠶᠢ ᠲᠣᠭ᠍ᠲᠠᠪᠤᠷᠢᠵᠢᠭᠤᠯᠵᠤ᠂ ᠬᠥᠭ᠌ᠵᠢᠯᠲᠡ᠎ᠶᠢ ᠠᠬᠢᠭᠤᠯᠵᠤ᠂ ᠬᠢᠵᠢᠭ᠎ᠦᠨ ᠪᠠᠢᠳᠠᠯ᠎ᠲᠠᠶ ᠲᠡᠮᠡᠴᠡᠵᠦ᠍᠂ ᠭᠠᠮᠱᠢᠭ᠎ᠲᠠᠶ ᠲᠡᠮᠡᠴᠡᠵᠦ᠍᠂ ᠬᠢᠮᠤᠷᠠᠯ ᠢ ᠨᠠᠮᠲᠠᠭᠤᠯᠵᠦ᠂ ᠬᠤᠪᠢᠷᠠᠯᠲᠠ᠎ᠶᠢ ᠠᠷᠭᠠᠴᠠᠭᠠᠵᠤ᠂ ᠢᠮᠠᠭ᠍ᠲᠠ ᠡᠷᠡᠯᠬᠡᠭ᠌ᠯᠡᠨ ᠲᠡᠮᠡᠴᠡᠵᠦ᠍ ᠂ ᠬᠠᠢᠨ ᠰᠦᠪᠡᠭ᠌ᠴᠢᠯᠡᠯᠲᠠ ᠬᠢᠵᠦ ᠪᠠᠢᠭ᠎ᠠ ᠥᠪᠥᠷ ᠮᠣᠩᠭᠣᠯ ᠂ ᠱᠢᠨ᠎ᠡ ᠴᠠᠭ ᠦᠶ᠎ᠡ᠎ᠶᠢᠨ ᠠᠭᠤᠷ ᠠᠮᠢᠰᠭᠤᠯ᠎ᠢ ᠤᠭ᠍ᠲᠤᠨ ᠠᠪᠴᠢᠷᠠᠵᠤ ᠂ ᠴᠢᠨᠠᠷ ᠰᠠᠢᠲᠠᠢ ᠬᠥᠭ᠌ᠵᠢᠯᠲᠡ᠎ᠶᠢᠨ ᠴᠣ ᠱᠢᠨ᠎ᠡ ᠣᠷᠣᠨ ᠵᠠᠢ᠎ᠶᠢ ᠴᠣᠭ᠍ᠴᠠᠯᠠᠪᠠ᠃
( ᠲᠦᠷᠪᠡ ) ᠲᠩᠷᠢ ᠪᠠᠭᠠᠨᠠᠲᠠᠬᠤ ᠮᠣᠳᠣ ᠪᠤᠯᠪᠠᠴᠤ ᠯᠠᠪᠲᠠᠢ ᠦᠨᠳᠦᠰᠦ᠎ᠲᠡᠶ ; ᠠᠭᠤᠯᠠ ᠵᠢ ᠲᠤᠭᠤᠷᠢᠬᠰᠠᠨ ᠤᠰᠤ ᠪᠤᠯᠪᠠᠴᠤ ᠯᠠᠪᠲᠠᠢ ᠡᠬᠢ᠎ᠲᠡᠶ ᠪᠠᠢᠳᠠᠭ᠃ ᠴᠠᠭ ᠮᠥᠴᠡ ᠬᠦᠰᠡᠯ ᠵᠡᠭᠦᠳᠦ᠍᠎ᠶᠢᠨ ᠤᠯᠠ ᠮᠥᠷ᠎ᠢ ᠪᠠᠲᠤ ᠴᠡᠭᠡᠵᠢᠯᠡᠵᠦ᠍᠂ ᠲᠡᠦᠬᠡ ᠲᠡᠮᠡᠴᠡᠯ᠎ᠦᠨ ᠭᠠᠪᠢᠶ᠎ᠠ ᠵᠢᠳᠬᠦᠯ᠎ᠢ ᠲᠡᠮᠲᠡᠭᠯᠡᠨᠠ᠃
5 ᠵᠢᠯ᠎ᠤᠨ ᠬᠢᠯᠠᠯᠵᠠᠮ᠎ᠠ ᠠᠮᠵᠢᠯᠲᠠ ᠤᠯᠤᠭᠰᠠᠠ ᠨᠢᠭᠤᠴᠠ ᠵᠢ ᠲᠠᠢᠯᠬᠤᠶᠠ᠂ ᠥᠪᠥᠷ ᠮᠣᠩᠭᠣᠯ ᠲᠠᠰᠤᠷᠠᠯᠲᠠ ᠦᠭᠡᠢ ᠬᠦᠴᠢᠷ᠎ᠢ ᠲᠤᠭᠤᠯᠤᠨ ᠪᠡᠷᠬᠡ᠎ᠶᠢ ᠳᠠᠪᠠᠵᠤ ᠂ ᠵᠠᠮ ᠨᠡᠭᠡᠭᠡᠨ ᠤᠷᠤᠭ᠍ᠰᠢᠯᠠᠵᠤ ᠴᠢᠳᠠᠭ᠍ᠰᠠᠨ ᠨᠢ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ᠎ᠳᠤ ᠪᠤᠢ ᠭᠡᠳᠡᠭ᠎ᠢ ᠪᠢᠳᠡ ᠭᠦᠨᠵᠡᠭᠡᠢ ᠣᠢᠯᠠᠭᠠᠵᠤ ᠪᠠᠢᠨ᠎ᠠ᠃ ᠰᠡᠳᠬᠢᠯ ᠵᠢᠷᠦᠬᠡᠨ᠎ᠳᠡᠬᠢ ᠭᠣᠣᠯᠯᠠᠭ᠍ᠴᠢ ᠂ ᠣᠩᠭᠣᠴᠠ ᠵᠢᠨ ᠳᠠᠷᠤᠭᠤᠯ ᠴᠢᠯᠠᠭᠤ᠂ ᠲᠤᠭ᠍ᠳᠠᠮᠠᠯ ᠵᠤᠷᠢᠯᠲᠠ᠎ᠶᠢ ᠮᠠᠭᠠᠳᠯᠠᠨ ᠲᠣᠭ᠍ᠲᠠᠭᠠᠵᠤ᠂ ᠦᠵᠡᠯ ᠰᠠᠨᠠᠭ᠎ᠠ᠎ᠪᠠᠨ ᠨᠢᠭᠡᠳᠭᠡᠬᠦ᠌᠂ ᠵᠣᠷᠢᠭ ᠰᠠᠨᠠᠭ᠎ᠠ᠎ᠪᠠᠨ ᠨᠢᠭᠡᠳᠭᠡᠬᠦ᠌᠂ ᠠᠯᠬᠤᠮ᠎ᠢᠶᠠᠨ ᠨᠢᠭᠡᠳᠭᠡᠬᠦ᠌᠎ᠶᠢ ᠪᠠᠷᠢᠮᠲᠠᠯᠠᠪᠠᠯ᠂ ᠬᠡᠳᠦᠢ ᠶᠡᠬᠡ ᠲᠤᠬ᠍ᠰᠢᠨ ᠳᠠᠪᠠᠯᠭᠠᠨ ᠱᠢᠷᠦᠭᠦᠨ ᠤᠷᠤᠰᠬᠠᠯ ᠳᠤ ᠴᠤ᠌ ᠭᠡᠰᠡᠨ ᠪᠢᠳᠡ ᠴᠥᠮ ᠠᠭᠤᠵᠢᠭᠤ ᠲᠠᠯᠪᠢᠭᠤ ᠂ ᠢᠲᠡᠭᠡᠯ ᠪᠠᠲᠤ ᠡᠷᠡᠰ ᠴᠢᠩᠭ᠎ᠠ ᠪᠠᠢᠵᠤ ᠴᠢᠳᠠᠨ᠎ᠠ᠃
5 ᠵᠢᠯ᠎ᠦᠨ ᠰᠦᠷ ᠳᠠᠯᠠᠢᠴᠠᠲᠠᠢ ᠠᠶᠠᠨ᠎ᠢᠶᠠᠨ ᠡᠷᠭᠢᠴᠡᠭᠦᠯᠬᠦᠶ᠎ᠡ᠂ ᠥᠪᠥᠷ ᠮᠣᠩᠭᠣᠯ᠎ᠤᠨ ᠬᠥᠭ᠌ᠵᠢᠯᠲᠡ᠎ᠵᠢᠨ ᠪᠠᠢᠳᠠᠯ ᠴᠢᠩᠭ᠎ᠠ ᠬᠦᠴᠦᠲᠡᠢ ᠪᠠᠢᠭ᠎ᠠ ᠨᠢ ᠰᠢ᠎ᠵᠢᠨ ᠫᠢᠩ᠎ᠦᠨ ᠱᠢᠨ᠎ᠡ ᠴᠠᠭ ᠦᠶ᠎ᠡ᠎ᠵᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ ᠪᠠᠢᠨ᠎ᠠ ᠭᠡᠳᠡᠭ᠎ᠢ ᠪᠢᠳᠡ ᠭᠦᠨᠵᠡᠭᠡᠢ ᠣᠢᠯᠠᠭᠠᠵᠤ ᠪᠠᠢᠨ᠎ᠠ᠃ ᠢᠲᠡᠭᠡᠯ ᠪᠢᠱᠢᠷᠡᠯ᠎ᠦᠨ ᠰᠠᠭᠤᠷᠢ᠎ᠶᠢ ᠪᠡᠬᠢᠵᠢᠭᠦᠯᠵᠦ᠍᠂ ᠤᠶᠤᠨ ᠰᠠᠨᠠᠭᠠᠨ᠎ᠤ ᠰᠢᠮ᠎ᠠ ᠲᠡᠵᠢᠭᠡᠯ ᠢ᠋ ᠭᠦᠢᠴᠡᠳ ᠨᠥᠬᠥᠪᠥᠷᠢᠯᠡᠵᠦ᠍᠂ ᠦᠵᠡᠯ ᠰᠠᠨᠠᠭᠠᠨ᠎ᠤ ᠵᠠᠯᠠᠭᠤᠷ᠎ᠢ ᠯᠠᠪᠳᠠᠭᠤᠨ ᠡᠵᠡᠮᠳᠡᠵᠦ᠍᠂ ᠤᠬᠠᠮᠰᠠᠷ᠎ᠡᠴᠡ᠎ᠪᠠᠨ ᠱᠢᠨ᠎ᠡ ᠦᠵᠡᠯ ᠰᠠᠨᠠᠭ᠎ᠠ᠎ᠪᠠᠷ ᠲᠠᠷᠢᠬᠢ ᠲᠣᠯᠣᠭᠠᠢ᠎ᠪᠠᠨ ᠵᠡᠪᠰᠡᠭ᠌ᠯᠡᠵᠦ᠍᠂ ᠦᠢᠯᠡᠳᠦᠯᠭᠡ᠎ᠪᠡᠨ ᠵᠢᠯᠤᠭᠤᠳᠤᠭᠤᠯᠵᠤ᠂ ᠠᠵᠢᠯ᠎ᠢᠶᠠᠨ ᠠᠬᠢᠭᠤᠯᠪᠠᠯ ᠰᠠᠶ᠍ᠢ ᠲᠠᠰᠤᠷᠠᠯᠳᠡ ᠦᠭᠡᠢ ᠳᠠᠪᠠᠭᠤᠯᠢᠭ ᠪᠠᠢᠷᠢ᠎ᠶᠢ ᠣᠯᠵᠤ᠂ ᠰᠠᠨᠠᠭᠠᠴᠢᠯᠠᠭᠠᠲᠤ ᠡᠷᠬᠡ᠎ᠶᠢ ᠣᠯᠵᠤ᠂ ᠢᠷᠡᠭᠡᠳᠦᠢ ᠳ᠋ᠤ ᠢᠯᠠᠵᠤ ᠴᠢᠳᠠᠨ᠎ᠠ᠃
5 ᠵᠢᠯ᠎ᠦᠨ ᠶᠡᠷᠦ᠍ ᠪᠤᠰᠤ᠎ᠵᠢᠨ ᠠᠮᠵᠢᠯᠲᠠ ᠪᠦᠲᠦᠮᠵᠢ᠎ᠶᠢ ᠡᠷᠭᠢᠴᠡᠭᠦᠯᠬᠦᠶ᠎ᠠ᠂ ᠥᠪᠥᠷ ᠮᠣᠩᠭᠣᠯ ᠡᠯᠪᠡᠭ ᠳᠡᠯᠪᠡᠭ ᠦᠷ᠎ᠠ ᠪᠦᠲᠦᠭᠡᠯ ᠤᠯᠤᠭᠰᠠᠨ ᠨᠢ ᠠᠷᠠᠳ ᠲᠦᠮᠡᠨ᠎ᠢ ᠳᠡᠭᠡᠳᠦᠯᠡᠬᠦ᠌ ᠣᠢᠯᠠᠭᠠᠭ᠍ᠳᠠᠬᠤᠨ᠎ᠢ ᠢᠮᠠᠭ᠍ᠲᠠ ᠪᠠᠷᠢᠮᠲᠠᠯᠠᠭ᠍ᠰᠠᠨ᠎ᠳᠤ ᠪᠠᠢᠨ᠎ᠠ ᠭᠡᠳᠡᠭ᠎ᠢ ᠪᠢᠳᠡ ᠭᠦᠨᠵᠡᠭᠡᠢ ᠣᠢᠯᠠᠭᠠᠵᠤ ᠪᠠᠢᠨ᠎ᠠ᠃ ᠠᠷᠠᠳ ᠲᠦᠮᠡᠨ᠎ᠳᠦ ᠦᠨᠡᠨᠴᠢ ᠱᠢᠳᠤᠷᠭᠤ ᠪᠠᠢᠬᠤ ᠰᠡᠳᠭᠢᠯ᠎ᠢᠶᠡᠨ ᠡᠭᠦᠷᠢᠳᠡ ᠪᠠᠲᠤᠯᠠᠵᠤ᠂ ᠢᠮᠠᠭ᠍ᠲᠠ ᠠᠷᠠᠳ ᠲᠦᠮᠡᠨ᠎ᠢ ᠰᠡᠳᠭᠢᠯ ᠵᠢᠷᠦᠬᠡᠨ᠎ᠦ᠎ᠪᠡᠨ ᠬᠠᠮᠤᠭ᠎ᠤᠨ ᠳᠡᠭᠡᠳᠦ ᠪᠠᠢᠷᠢᠨ᠎ᠳᠤ ᠲᠠᠯᠪᠢᠵᠤ᠂ ᠢᠮᠠᠭ᠍ᠲᠠ ᠠᠷᠠᠳ ᠲᠦᠮᠡᠨ᠎ᠲᠡᠶ ᠪᠤᠳᠤᠯ᠎ᠢᠶᠠᠨ ᠨᠢᠭᠡᠳᠭᠡᠨ ᠬᠦᠴᠦ᠍᠎ᠪᠡᠨ ᠬᠠᠮᠲᠤᠳᠭᠠᠵᠤ᠂ ᠠᠷᠠᠳ ᠲᠦᠮᠡᠨ᠎ᠦ ᠵᠣᠪᠠᠨᠢᠯ ᠪᠠᠶᠠᠰᠤᠯ᠎ᠢᠶᠠᠷ ᠵᠣᠪᠠᠨᠢᠯ ᠪᠠᠶᠠᠰᠤᠯ᠎ᠢᠶᠠᠨ ᠪᠣᠯᠭᠠᠵᠤ᠂ ᠠᠷᠠᠳ ᠲᠦᠮᠡᠨ᠎ᠦ ᠵᠢᠷᠭᠠᠯ ᠵᠣᠪᠠᠯᠠᠩ᠎ᠢᠶᠠᠷ ᠵᠢᠷᠭᠠᠯ ᠵᠣᠪᠠᠯᠠᠩ᠎ᠢᠶᠠᠨ ᠪᠣᠯᠭᠠᠪᠠᠯ᠂ ᠪᠢᠳᠠ ᠰᠢᠷᠭᠢᠰᠢ ᠦᠭᠡᠢ ᠬᠦᠴᠦᠨ ᠴᠢᠳᠠᠯ᠎ᠤᠨ ᠡᠬᠢ ᠪᠤᠯᠠᠭ᠎ᠲᠠᠶ ᠪᠤᠯᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠱᠢᠨ᠎ᠡ ᠲᠡᠦᠬᠡ᠎ᠵᠢᠨ ᠭᠡᠷᠡᠯ ᠰᠠᠴᠤᠷᠠᠩᠭᠤᠢ ᠠᠮᠵᠢᠯᠲᠠ᠎ᠶᠢ ᠲᠠᠰᠤᠷᠠᠯᠳᠠ ᠦᠭᠡᠢ ᠡᠭᠦᠳᠴᠦ ᠴᠢᠳᠠᠨ᠎ᠠ᠃
5 ᠵᠢᠯ ᠤ᠋ᠨ ᠢᠳᠡᠷᠡᠭᠦᠨ ᠠᠯᠬᠤᠭ᠎ᠠ ᠵᠢ ᠨᠠᠷᠢᠯᠢᠭ ᠡᠷᠭᠢᠴᠡᠭᠦᠯᠬᠦᠶ᠎ᠠ᠂ ᠥᠪᠥᠷ ᠮᠣᠩᠭᠣᠯ ᠡᠳᠦᠷ ᠪᠦᠷᠢ ᠱᠢᠨᠡᠳᠦᠨ ᠬᠤᠪᠢᠷᠠᠵᠤ ᠪᠠᠢᠭ᠎ᠠ ᠨᠢ ᠣᠷᠣᠨ ᠳᠠᠶᠠᠭᠠᠷ ᠨᠢᠭᠡ ᠰᠡᠳᠭᠢᠯ ᠨᠢᠭᠡ ᠵᠣᠷᠢᠭ᠂ ᠨᠢᠭᠡ ᠰᠡᠳᠭᠢᠯ ᠨᠢᠭᠡ ᠴᠢᠭ᠌ᠯᠡᠯ᠎ᠲᠡᠶ ᠴᠢᠷᠮᠠᠢᠵᠤ ᠢᠷᠡᠭᠰᠡᠨ ᠳ᠋ᠤ ᠪᠠᠢᠨ᠎ᠠ ᠭᠡᠳᠡᠭ᠎ᠢ ᠪᠢᠳᠡ ᠭᠦᠨᠵᠡᠭᠡᠢ ᠣᠢᠯᠠᠭᠠᠵᠤ ᠪᠠᠢᠨ᠎ᠠ᠃ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠬᠦᠨᠳᠦ ᠡᠭᠦᠷᠭᠡ᠎ᠶᠢ ᠵᠣᠷᠢᠭ᠍ᠲᠠᠢ ᠡᠭᠦᠷᠭᠡᠯᠡᠵᠦ᠍᠂ ᠡᠷᠡᠮᠡᠬᠡᠢᠯᠡᠨ ᠤᠷᠤᠭ᠍ᠰᠢᠯᠠᠵᠤ᠂ ᠡᠭᠦᠷᠭᠡ ᠬᠠᠷᠢᠭᠤᠴᠠᠯᠭ᠎ᠠ ᠪᠠᠨᠰᠡᠳᠭᠢᠯᠳᠡᠭᠡᠨᠪᠤᠳᠤᠵᠤ᠂ ᠬᠠᠷᠢᠭᠤᠴᠠᠯᠭ᠎ᠠ ᠪᠠᠨ ᠮᠥᠷᠥᠨ᠎ᠳᠡᠭᠡᠨ ᠡᠭᠦᠷᠭᠡᠯᠡᠵᠠᠢ; ᠦᠨᠳᠦᠰᠦᠲᠡᠨ᠎ᠨᠦᠭᠦᠳ᠎ᠦᠨ ᠠᠷᠠᠳ ᠲᠦᠮᠡᠨ ᠠᠬ᠎ᠠ ᠳᠡᠭᠦᠦ ᠮᠡᠲᠦ ᠳᠣᠲᠣᠨᠣ ᠶᠠᠪᠤᠯᠴᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠵᠤ᠂ ᠶᠡᠬᠡ ᠪᠦᠯᠬᠦᠮᠳᠡᠯ ᠨᠢ ᠶᠡᠬᠡ ᠬᠦᠴᠦᠨ᠎ᠢ ᠨᠢᠭ᠍ᠲᠠᠷᠠᠭᠤᠯᠵᠤ᠂ ᠶᠡᠬᠡ ᠬᠥᠭ᠌ᠵᠢᠯᠲᠡ᠎ᠶᠢ ᠠᠬᠢᠭᠤᠯᠵᠤ ᠴᠢᠳᠠᠪᠠ᠃
ᠰᠦᠷ ᠳᠠᠯᠠᠢᠴᠠᠲᠠᠶ ᠠᠶᠠᠨ ᠵᠢᠡᠨ ᠪᠠᠶᠠᠷᠳᠠᠢ ᠪᠡᠷ ᠡᠷᠭᠢᠴᠡᠭᠦᠯᠦᠨ ᠬᠠᠷᠠᠵᠤ᠂ ᠵᠣᠷᠢᠭ᠍ᠲᠠᠶ᠎ᠪᠠᠷ ᠪᠤᠰᠤᠳ᠎ᠡᠴᠡ ᠲᠦᠷᠦᠭᠦᠯᠡᠨ ᠳᠠᠬᠢᠨ ᠠᠶᠠᠯᠠᠮᠤᠢ᠃ 5 ᠵᠢᠯ᠎ᠦᠨ ᠣᠬᠣᠷᠬᠠᠨ ᠬᠤᠭᠤᠴᠠᠭᠠᠨ᠎ᠳᠤ᠂ ᠪᠢᠳᠡ ᠪᠣᠯᠤᠨ ᠪᠢᠳᠡᠨ᠎ᠦ ᠬᠦᠯ ᠳᠣᠣᠷᠠᠬᠢ ᠡᠨᠡ ᠬᠦ᠌ ᠭᠠᠵᠠᠷ ᠨᠤᠲᠤᠭ᠎ᠦᠨ ᠥᠩᠭᠡᠷᠡᠯᠲᠡ ᠪᠣᠯᠤᠨ ᠣᠯᠤᠯᠲᠠ ᠨᠢ ᠴᠥᠮ ᠶᠡᠷᠦ᠍ ᠪᠤᠰᠤ᠎ᠵᠢᠨ ᠲᠡᠦᠬᠡ᠎ᠵᠢᠨ ᠳᠠᠪᠠᠯᠲᠠ ᠪᠤᠯᠵᠤ᠂ ᠨᠢᠭᠡ ᠬᠡᠰᠡᠭ ᠠᠶᠠᠨ᠎ᠤ ᠭᠡᠷᠡᠯ ᠰᠠᠴᠤᠷᠠᠩᠭᠤᠢ ᠠᠮᠵᠢᠯᠲᠠ᠎ᠶᠢ ᠲᠣᠳᠣᠷᠬᠠᠢᠯᠠᠵᠤ᠂ ᠳᠠᠷᠠᠭᠠᠴᠢ᠎ᠵᠢᠨ ᠠᠶᠠᠨ᠎ᠤ ᠦᠩᠭᠡ ᠭᠡᠷᠡᠯ᠎ᠢ ᠪᠡᠯᠭᠡᠳᠡᠵᠡᠢ᠃
( ᠲᠠᠪᠤ)ᠲᠦᠮᠡᠨ ᠤᠯᠠᠨ ᠤ ᠬᠦᠰᠡᠯ ᠪᠠᠷᠠᠯᠠᠯ᠂ ᠠᠩᠬᠠᠷᠤᠯ ᠬᠠᠷᠠᠴᠠ ᠳᠤᠮᠳᠠ ᠦᠪᠡᠷᠳᠡᠭᠡᠨᠵᠠᠰᠠᠬᠤᠤᠷᠤᠨᠤ᠋ᠠᠷᠪᠠᠨ ᠨᠢᠭᠡᠳᠦᠭᠡᠷ ᠤᠳᠠᠭ᠎ᠠ ᠵᠢᠨ ᠨᠠᠮ᠎ᠤᠨ ᠲᠦᠯᠦᠭᠡᠯᠡᠭᠴᠢᠳ ᠤ᠋ᠨ ᠶᠡᠬᠡ ᠬᠤᠷᠠᠯ ᠤᠳᠠᠯ ᠦᠭᠡᠢ ᠡᠬᠢᠯᠡᠨ᠎ᠠ᠃
《 ᠣᠮᠣᠭ ᠲᠡᠭᠦᠯᠳᠡᠷ᠂ ᠢᠲᠡᠭᠡᠯ ᠪᠢᠯᠬᠠᠮ᠎ᠠ᠂ ᠬᠦᠰᠡᠯ ᠡᠷᠡᠮᠡᠯᠵᠡᠯ ᠲᠦᠭᠦᠷᠡᠩ 》᠂ 《ᠲᠡᠦᠬᠡ᠎ᠪᠡᠷ ᠲᠤᠯᠢ ᠪᠣᠯᠭᠠᠵᠤ᠂ ᠢᠷᠡᠭᠡᠳᠦᠢ᠎ᠪᠡᠨ ᠴᠣᠭ᠍ᠴᠠᠯᠠᠪᠠᠯ᠂ ᠪᠢᠳᠡ ᠯᠠᠪᠲᠠᠢ ᠢᠯᠠᠨ᠎ᠠ》᠂ 《ᠵᠠᠮ ᠬᠤᠯᠠ ᠪᠠᠢᠭ᠍ᠰᠠᠭᠠᠷ᠂ ᠬᠠᠮᠲᠤ᠎ᠪᠠᠷ ᠲᠡᠮᠡᠴᠡᠶ᠎ᠡ 》᠁ ᠤᠢ᠍ᠢᠷ᠎ᠠ᠎ᠵᠢᠨ ᠡᠳᠦᠷ᠎ᠦᠳ᠎ᠲᠦ᠂ ᠥᠷᠭᠡᠨ ᠤᠯᠠᠨ ᠺᠠᠳ᠋ᠷ ᠤᠯᠠᠨ ᠲᠦᠮᠡᠨ ᠡᠨᠡ ᠤᠳᠠᠭ᠎ᠠ᠎ᠵᠢᠨ ᠦᠪᠡᠳᠡᠭ᠌ᠰᠢ ᠬᠤᠷᠠᠯ᠎ᠢ ᠳᠡᠭᠡᠳᠦ ᠬᠡᠮᠵᠢᠶ᠎ᠠ᠎ᠪᠡᠷ ᠠᠩᠬᠠᠷᠴᠤ᠌᠂ ᠬᠦᠨᠳᠦ ᠬᠦᠰᠡᠯ ᠨᠠᠢᠳᠠᠯᠭ᠎ᠠ ᠲᠠᠯᠪᠢᠵᠤ ᠪᠠᠢᠨ᠎ᠠ᠃
ᠡᠨᠡ ᠪᠣᠯ ᠱᠢᠨ᠎ᠡ ᠲᠡᠦᠬᠡ᠎ᠵᠢᠨ ᠵᠠᠩᠬᠢᠯᠠᠭ᠎ᠠ ᠪᠣᠯᠤᠨ᠎ᠠ᠄ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠦᠨ ᠤᠢ᠎ᠵᠢᠨ ᠲᠠᠱᠢᠷᠠᠮ᠎ᠳᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ ᠠᠮᠵᠢᠯᠲᠠ᠎ᠲᠠᠶ ᠬᠤᠷᠠᠯᠳᠤᠵᠤ᠂ 《 ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠣᠯᠤᠨ ᠲᠡᠦᠬᠡ᠎ᠵᠢᠨ ᠲᠤᠷᠱᠢᠯᠭ᠎ᠠ᠎ᠵᠢᠨ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠱᠢᠢᠳᠪᠦᠷᠢ 》 ᠵᠢ ᠬᠢᠨᠠᠨ ᠵᠥᠪᠯᠡᠵᠦ᠍ ᠪᠠᠲᠤᠯᠠᠭᠠᠳ᠂ ᠪᠢᠳᠠᠨ᠎ᠢ ᠲᠡᠦᠬᠡ᠎ᠪᠡᠷ ᠲᠤᠯᠢ ᠪᠣᠯᠭᠠᠵᠤ᠂ ᠡᠷᠡᠮᠡᠬᠡᠢᠯᠡᠨ ᠤᠷᠤᠭ᠍ᠰᠢᠯᠠᠬᠤ᠎ᠶᠢ ᠶᠡᠬᠡᠪᠡᠷ ᠤᠷᠮᠠᠱᠢᠭᠤᠯᠤᠨ ᠵᠣᠷᠢᠭ᠍ᠵᠢᠭᠤᠯᠪᠠ᠃
ᠡᠨᠡ ᠪᠣᠯ ᠱᠢᠨ᠎ᠡ ᠠᠭᠤᠤ ᠶᠡᠬᠡ ᠠᠶᠠᠨ ᠮᠥᠨ᠄ 《ᠬᠣᠣᠰ ᠵᠠᠭᠤᠨ ᠵᠢᠯ》᠎ᠤ᠋ᠨ ᠲᠡᠮᠡᠴᠡᠬᠦ᠌ ᠬᠠᠷᠠᠯᠲᠠ ᠵᠢᠨ ᠲᠡᠦᠬᠡᠨ ᠠᠭᠤᠯᠵᠠᠷ ᠲᠤ ᠵᠣᠭ᠍ᠰᠣᠵᠤ ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠢ ᠡᠬᠢᠯᠡᠭᠦᠯᠵᠦ᠍᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ ᠲᠡᠢᠰᠢ ᠤᠷᠤᠭ᠍ᠰᠢᠯᠠᠵᠤ᠂ ᠴᠢᠨᠠᠷ ᠰᠠᠢᠲᠠᠢ ᠬᠥᠭ᠌ᠵᠢᠯᠲᠡ᠎ᠵᠢᠨ ᠳᠤᠮᠳᠠ ᠬᠠᠮᠲᠤ᠎ᠪᠠᠷ ᠪᠠᠶᠠᠵᠢᠬᠤ ᠶᠢ ᠠᠬᠢᠭᠤᠯᠬᠤ᠎ᠳᠤ ᠥᠪᠥᠷ ᠮᠣᠩᠭᠣᠯ᠎ᠤᠨ ᠡᠭᠦᠷᠭᠡ ᠢᠷᠠᠭᠤ ᠠᠯᠳᠠᠷᠲᠠᠢ᠂ ᠬᠠᠷᠢᠭᠤᠴᠠᠯᠭ᠎ᠠ ᠠᠷᠢᠭᠤᠨ ᠲᠠᠷᠬᠠᠨ ᠶᠤᠮ᠃
ᠡᠨᠡ ᠪᠣᠯ ᠴᠠᠭ ᠦᠶ᠎ᠡ᠎ᠵᠢᠨ ᠰᠢᠨ᠎ᠠ ᠰᠡᠳᠦᠪ ᠮᠥᠨ᠄ ᠱᠢᠨ᠎ᠡ ᠬᠥᠭ᠌ᠵᠢᠯᠲᠡ᠎ᠵᠢᠨ ᠱᠠᠲᠤ᠎ᠶᠢ ᠣᠨᠣᠪᠴᠢᠲᠠᠶ ᠡᠵᠡᠮᠳᠡᠵᠦ᠍᠂ ᠱᠢᠨ᠎ᠡ ᠬᠥᠭ᠌ᠵᠢᠯᠲᠡ᠎ᠵᠢᠨ ᠣᠢᠯᠠᠭᠠᠭ᠍ᠳᠠᠬᠤᠨ᠎ᠢ ᠭᠦᠨᠵᠡᠭᠡᠶ ᠲᠤᠭᠤᠱᠢᠯᠠᠭᠤᠯᠤᠨ᠂ ᠱᠢᠨ᠎ᠡ ᠬᠥᠭ᠌ᠵᠢᠯᠲᠡ᠎ᠵᠢᠨ ᠪᠠᠢᠷᠢᠱᠢᠯ᠎ᠳᠤ ᠦᠶ᠋ᠯᠡᠴᠢᠯᠡᠨ ᠠᠭᠤᠰᠤᠯᠴᠠᠵᠤ᠂ ᠨᠢᠭᠡᠨ ᠵᠤᠷᠪᠤᠰ ᠪᠠᠢᠯᠳᠤᠬᠤ ᠪᠣᠳᠣᠯᠭ᠎ᠠ᠎ᠵᠢᠨ ᠪᠠᠢᠷᠢ ᠲᠣᠭ᠍ᠲᠠᠭᠠᠯᠲᠠ᠎ᠳᠤ ᠨᠡᠢᠴᠡᠭ᠌ᠰᠡᠨ᠂ ᠥᠪᠥᠷ ᠮᠣᠩᠭᠣᠯ᠎ᠤᠨ ᠣᠨᠴᠠᠯᠢᠭ᠎ᠢ ᠢᠯᠡᠷᠡᠭᠦᠯᠦᠭ᠌ᠰᠡᠨ᠂ ᠠᠮᠢ ᠠᠬᠤᠶ᠎ᠶᠢ ᠤᠷᠢᠳ᠎ᠢᠶᠠᠷ ᠪᠣᠳᠣᠯᠬᠢᠯᠠᠵᠤ ᠪᠣᠬᠢᠷᠲᠤᠯᠥᠬᠡᠶᠬᠥᠭ᠌ᠵᠢᠯᠲᠡᠪᠡᠷᠤᠳᠤᠷᠢᠳᠤᠮᠵᠢᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠵᠢᠨ ᠱᠢᠨ᠎ᠡ ᠵᠠᠮ᠎ᠢ ᠬᠠᠢᠨ ᠰᠦᠪᠡᠭ᠌ᠴᠢᠯᠡᠬᠦ ᠳ᠋ᠤ ᠪᠢᠳᠡᠨ ᠢ᠋ ᠣᠷᠭᠢᠯᠤᠮ᠎ᠠ ᠬᠠᠯᠠᠭᠤᠨ ᠰᠡᠳᠭᠢᠯᠭᠡ᠎ᠪᠡᠷ ᠴᠢᠷᠮᠠᠢᠨ ᠲᠡᠮᠡᠴᠡᠬᠦ ᠶᠢ ᠤᠷᠢᠶᠠᠯᠠᠵᠤ ᠪᠠᠢᠨ᠎ᠠ᠃
ᠶᠡᠬᠡ ᠵᠠᠮ᠎ᠢᠶᠠᠷ ᠲᠦᠮᠡᠨ ᠭᠠᠵᠠᠷ ᠠᠶᠠᠯᠠᠰᠤᠭᠠᠢ᠃
ᠠᠭᠤᠤ ᠶᠡᠬᠡ ᠬᠠᠷᠠᠯᠲᠠ ᠲᠡᠢᠰᠢ ᠭᠤᠢᠪᠢᠰᠢ ᠥᠬᠡᠶ ᠤᠷᠤᠭ᠍ᠰᠢᠯᠠᠬᠤ᠎ᠳᠤ᠂ ᠪᠢᠳᠡ ᠲᠣᠭ ᠲᠡᠮᠳᠡᠭ ᠲᠣᠳᠣᠷᠬᠠᠶ᠎ᠪᠠᠷ ᠤᠯᠤᠰ ᠲᠥᠷᠥ᠎ᠶᠢ ᠡᠷᠬᠢᠮᠯᠡᠵᠦ᠍᠂ ᠬᠡᠬᠦᠳᠡᠭ ᠴᠡᠭᠡᠵᠢᠨ᠎ᠳᠡᠭᠡᠨ 《ᠬᠣᠶᠠᠷ ᠶᠡᠬᠡ ᠲᠠᠯ᠎ᠠ》 ᠵᠢ ᠪᠠᠭ᠍ᠲᠠᠭᠠᠵᠤ᠂ ᠰᠡᠳᠭᠢᠯ᠎ᠳᠡᠭᠡᠨ 《 ᠤᠯᠤᠰ᠎ᠤᠨ ᠶᠡᠬᠡ ᠶᠠᠪᠤᠳᠠᠯ》 ᠢ᠋ ᠪᠤᠳᠤᠵᠤ᠂ ᠤᠯᠤᠰ ᠲᠥᠷᠥ᠎ᠵᠢᠨ ᠮᠠᠭᠠᠳᠯᠠᠬᠤ ᠴᠢᠳᠠᠪᠤᠷᠢ᠂ ᠤᠯᠤᠰ ᠲᠥᠷᠥ᠎ᠵᠢᠨ ᠣᠢᠯᠠᠭᠠᠬᠤ ᠴᠢᠳᠠᠪᠤᠷᠢ᠂ ᠤᠯᠤᠰ ᠲᠥᠷᠥ᠎ᠵᠢᠨ ᠭᠦᠢᠴᠡᠳᠭᠡᠬᠦ ᠴᠢᠳᠠᠪᠤᠷᠢ᠎ᠪᠠᠨ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠰᠢ᠎ᠵᠢᠨ ᠫᠢᠩ᠎ᠦᠨ ᠱᠢᠨ᠎ᠡ ᠴᠠᠭ ᠦᠶ᠎ᠡ᠎ᠵᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠰᠠᠢᠳᠤᠷ ᠣᠢᠯᠠᠭᠠᠵᠤ ᠲᠤᠭᠤᠷᠠᠳᠠᠯ᠎ᠠ ᠮᠡᠳᠡᠵᠤ ᠪᠣᠳᠠᠲᠠᠢᠵᠢᠭᠤᠯᠬᠤ ᠳᠡᠭᠡᠷ᠎ᠡ ᠦᠷᠭᠦᠯᠵᠢᠯᠡᠨ ᠬᠦᠴᠦ᠍ ᠲᠠᠯᠪᠢᠵᠤ᠂ ᠶᠡᠷᠦᠩᠬᠡᠶ ᠱᠦᠵᠢ ᠰᠢ᠎ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠵᠢᠨ ᠵᠣᠷᠢᠭ ᠰᠠᠨᠠᠭ᠎ᠠ᠎ᠶᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠬᠤ ᠲᠠᠯ᠎ᠠ᠎ᠪᠠᠷ ᠦᠷᠭᠦᠯᠵᠢᠯᠡᠨ ᠪᠣᠳᠠᠲᠤ ᠦᠷ᠎ᠡ ᠪᠦᠲᠦᠮᠵᠢ ᠣᠯᠵᠤ᠂ ᠨᠠᠮ᠎ᠤᠨ ᠲᠥᠪ ᠬᠣᠷᠢᠶᠠᠨ᠎ᠤ ᠡᠯ᠎ᠡ ᠵᠦᠶ᠋ᠯ᠎ᠦᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠥᠪᠥᠷ ᠮᠣᠩᠭᠣᠯ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ᠎ᠶᠢ ᠪᠠᠲᠤᠯᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ 《ᠬᠣᠶᠠᠷ᠎ᠢ ᠬᠠᠮᠠᠭᠠᠯᠬᠤ》ᠵᠢ ᠦᠢᠯᠡᠳᠦᠯᠭᠡᠵᠢᠭᠦᠯᠬᠦ ᠵᠢ ᠱᠠᠭᠠᠷᠳᠠᠵᠤ ᠪᠠᠢᠨ᠎ᠠ᠃
ᠢᠯᠠᠯᠲᠠ᠎ᠵᠢᠨ ᠡᠷᠴᠢᠨ ᠳᠡᠭᠡᠷ᠎ᠡ ᠱᠢᠨ᠎ᠡ ᠠᠭᠤᠤ ᠶᠡᠬᠡ ᠠᠶᠠᠨ᠎ᠢᠶᠠᠨ ᠡᠬᠢᠯᠡᠭᠦᠯᠬᠦ᠌᠎ᠳᠦ᠂ ᠪᠢᠳᠠ ᠬᠠᠮᠲᠤ᠎ᠪᠠᠷ ᠪᠠᠶᠠᠵᠢᠬᠤ ᠬᠠᠷᠠᠯᠲᠠ᠎ᠪᠠᠨ ᠴᠢᠭᠯᠡᠨ ᠤᠷᠤᠭᠰᠢᠯᠠᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠰᠠᠢ᠌ᠨ ᠰᠠᠢᠬᠠᠨ ᠠᠮᠢᠳᠤᠷᠠᠯ᠎ᠤᠨ ᠱᠢᠨ᠎ᠡ ᠬᠦᠰᠡᠯ ᠡᠷᠡᠮᠡᠯᠵᠡᠯ᠎ᠳᠦ ᠨᠡᠢᠴᠡᠭᠦᠯᠵᠦ᠍᠂ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠵᠢᠨ ᠱᠢᠨ᠎ᠡ ᠵᠠᠮ᠎ᠢᠶᠠᠷ ᠰᠠᠢᠲᠤᠷ ᠵᠠᠮᠨᠠᠬᠤ᠎ᠵᠢᠨ ᠲᠣᠭᠣᠷᠢᠨ᠎ᠳᠤ᠂ 《 ᠬᠣᠶᠠᠷ ᠬᠠᠯᠬᠠᠪᠴᠢ 》᠂ 《 ᠬᠣᠶᠠᠷ ᠰᠠᠭᠤᠷᠢᠨ 》 ᠪᠠ 《 ᠨᠢᠭᠡ ᠪᠡᠬᠢᠯᠡᠯᠲᠡ 》 ᠵᠢ ᠲᠦᠷᠭᠡᠳᠭᠡᠨ ᠪᠦᠳᠦᠭᠡᠨ ᠪᠠᠢᠭᠤᠯᠵᠤ᠂ ᠠᠵᠤ ᠠᠬᠤᠢ᠎ᠵᠢᠨ ᠴᠢᠨᠠᠷ ᠰᠠᠢᠲᠠᠢ ᠬᠥᠭ᠌ᠵᠢᠯᠲᠡ᠂ ᠠᠮᠢ ᠠᠬᠤᠢ ᠣᠷᠴᠢᠨ ᠲᠣᠭᠣᠷᠢᠨ᠎ᠤ ᠥᠨᠳᠥᠷ ᠲᠦᠪᠱᠢᠨ ᠪᠦᠬᠦᠢ ᠬᠠᠮᠠᠭᠠᠯᠠᠯᠲᠠ᠂ ᠠᠷᠠᠳ ᠤᠯᠠᠨ᠎ᠤ ᠴᠢᠨᠠᠷ ᠰᠠᠢᠲᠠᠢ ᠠᠮᠢᠳᠤᠷᠠᠯ᠂ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ᠎ᠤ ᠥᠨᠳᠥᠷ ᠪᠦᠲᠦᠮᠵᠢᠲᠡᠢ ᠵᠠᠰᠠᠯᠲᠠ᠎ᠵᠢᠨ ᠱᠢᠨ᠎ᠡ ᠪᠠᠢᠳᠠᠯ᠎ᠢ ᠲᠠᠰᠤᠷᠠᠯᠳᠠ ᠦᠭᠡᠢ ᠡᠭᠦᠳᠬᠦ᠌᠎ᠵᠢ ᠪᠠᠴᠢᠮ ᠱᠠᠭᠠᠷᠳᠠᠵᠤ ᠪᠠᠢᠨ᠎ᠠ᠃
ᠦᠷᠭᠦᠯᠵᠢᠯᠡᠨ ᠲᠡᠮᠡᠴᠡᠵᠦ᠍ ᠱᠢᠨ᠎ᠡ ᠠᠭᠤᠤ ᠶᠡᠬᠡ ᠠᠮᠵᠢᠯᠲᠠ ᠪᠦᠲᠦᠮᠵᠢ᠎ᠶᠢ ᠡᠭᠦᠳᠬᠦ᠌᠎ᠳᠦ᠂ ᠪᠢᠳᠡᠨ᠎ᠦ ᠨᠠᠮ᠎ᠤᠨ ᠵᠠᠭᠤᠨ ᠵᠢᠯ᠎ᠦᠨ ᠲᠡᠦᠬᠡ᠎ᠡᠴᠡ ᠣᠶᠤᠨ ᠤᠬᠠᠭᠠᠨ ᠪᠠ ᠬᠦᠴᠦᠨ ᠴᠢᠳᠠᠯ ᠣᠯᠵᠤ᠂ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠤᠯᠤᠰ ᠲᠥᠷᠥ᠎ᠶᠢᠨ ᠤᠤᠷ ᠴᠢᠨᠠᠷ᠎ᠢᠶᠠᠨ ᠡᠭᠦᠷᠢᠳᠡ ᠪᠠᠲᠤᠯᠠᠵᠤ᠂ ᠠᠭᠤᠤ ᠶᠡᠬᠡ ᠨᠠᠮ ᠪᠠᠢᠭᠤᠯᠬᠤ ᠵᠣᠷᠢᠭ ᠰᠠᠨᠠᠭ᠎ᠠ᠎ᠶᠢ ᠶᠡᠬᠡᠪᠡᠷ ᠪᠠᠳᠠᠷᠠᠭᠤᠯᠵᠤ᠂ ᠬᠠᠷᠢᠭᠤᠴᠠᠯᠭ᠎ᠠ ᠡᠭᠦᠷᠭᠡᠯᠡᠨ ᠪᠣᠳᠠᠲᠠᠶ ᠠᠵᠢᠯᠯᠠᠬᠤ ᠰᠤᠷᠲᠠᠯ᠎ᠢ ᠶᠡᠬᠡᠪᠡᠷ ᠰᠠᠨᠠᠭᠠᠴᠢᠯᠠᠵᠤ᠂ ᠴᠣᠭ ᠪᠠᠳᠠᠷᠠᠩᠭᠤᠶ ᠥᠭᠡᠳᠡᠯᠡᠨ ᠳᠠᠪᠱᠢᠬᠤ ᠣᠶᠤᠨ ᠰᠠᠨᠠᠭᠠᠨ᠎ᠤ ᠳᠦᠷᠰᠦ ᠪᠠᠢᠳᠠᠯ᠎ᠢᠶᠠᠨ ᠢᠮᠠᠭ᠍ᠲᠠ ᠪᠠᠲᠤᠯᠠᠵᠤ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠠᠷᠠᠯᠲᠠ ᠡᠭᠦᠷᠭᠡ᠎ᠶᠢ ᠪᠠᠲᠤ ᠡᠵᠡᠮᠳᠡᠵᠦ᠂ ᠬᠠᠳᠠᠭᠠᠰᠤ ᠬᠠᠳᠠᠬᠤ ᠵᠣᠷᠢᠭ ᠰᠠᠨᠠᠭ᠎ᠠ᠎ᠪᠠᠷ ᠡᠯ᠎ᠡ ᠵᠦᠶ᠋ᠯ᠎ᠦᠨ ᠠᠵᠢᠯ᠎ᠢᠶᠠᠨ ᠨᠠᠷᠢᠯᠢᠭ ᠪᠣᠳᠠᠲᠠᠶ ᠬᠢᠵᠦ᠍᠂ ᠴᠠᠭ ᠦᠶ᠎ᠡ᠎ᠳᠦ ᠣᠰᠣᠯᠳᠠᠬᠤ ᠥᠬᠡᠶ᠂ ᠠᠷᠠᠳ ᠲᠦᠮᠡᠨ᠎ᠳᠦ ᠣᠰᠣᠯᠳᠠᠬᠤ ᠥᠬᠡᠶ᠂ ᠲᠡᠦᠬᠡᠳᠦ ᠣᠰᠣᠯᠳᠠᠬᠤ ᠥᠬᠡᠶ ᠠᠮᠵᠢᠯᠲᠠ ᠪᠦᠲᠦᠮᠵᠢ ᠭᠠᠷᠭᠠᠬᠤ᠎ᠪᠠᠷ ᠴᠢᠷᠮᠠᠢᠬᠤ᠎ᠶᠢ ᠪᠠᠴᠢᠮ ᠱᠠᠭᠠᠷᠳᠠᠵᠤ ᠪᠠᠢᠨ᠎ᠠ᠃
ᠡᠷᠴᠢ ᠵᠣᠷᠢᠭ᠎ᠢᠶᠠᠨ ᠬᠥᠪᠴᠢᠯᠡᠵᠦ᠍᠂ ᠬᠦᠨᠳᠦ ᠡᠭᠦᠷᠭᠡ᠎ᠶᠢ ᠳᠠᠬᠢᠨᠲᠠ ᠡᠭᠦᠷᠭᠡᠯᠡᠵᠦ ᠲᠦᠮᠡᠨ ᠭᠠᠵᠠᠷ᠎ᠤᠨ ᠠᠶᠠᠨ ᠳ᠋ᠦ ᠮᠤᠷᠳᠠᠨ᠎ᠠ᠃ ᠱᠢᠨ᠎ᠡ ᠴᠠᠭ ᠦᠶ᠎ᠡ᠎ᠶᠢᠨ ᠤᠷᠤᠭ᠍ᠰᠢᠯᠠᠯᠲᠠ᠎ᠶᠢᠨ ᠪᠦᠷᠢᠶ᠎ᠡ ᠨᠢ ᠬᠡᠨᠭᠭᠡᠷᠭᠡ ᠳᠡᠯᠡᠳᠦᠨ ᠠᠶᠠᠨ ᠳ᠋ᠦ ᠮᠤᠷᠳᠠᠬᠤ ᠵᠢ ᠱᠠᠯᠠᠪᠳᠠᠭᠤᠯᠵᠤ ᠪᠠᠢᠭ᠎ᠠ ᠮᠡᠲᠦ ︔ ᠬᠦᠰᠡᠯ ᠵᠡᠭᠦᠳᠦ᠍᠎ᠪᠡᠨ ᠲᠡᠷᠭᠡᠯᠰᠢᠭᠦᠯᠬᠦ ᠱᠢᠨ᠎ᠡ ᠠᠶᠠᠨ᠎ᠳᠦ ᠶᠠᠭ ᠰᠠᠢᠬᠠᠨ ᠣᠮᠣᠭ ᠲᠡᠭᠦᠯᠳᠡᠷᠵᠢᠡᠷ ᠤᠷᠤᠭ᠍ᠰᠢᠯᠠᠵᠤ ᠪᠠᠢᠨᠠᠮ᠃
(ᠵᠢᠷᠭᠤᠭ᠎ᠠ)ᠲᠠᠪᠤᠨ ᠵᠢᠯ᠎ᠦᠨ ᠳᠠᠷᠠᠭᠠᠬᠢ ᠥᠪᠥᠷ ᠮᠣᠩᠭᠣᠯ ᠴᠤᠬᠤᠮ ᠶᠠᠮᠠᠷ ᠪᠠᠢᠳᠠᠯ᠎ᠲᠠᠶ ᠪᠣᠯᠬᠤ ᠪᠤᠢ? ᠲᠡᠷᠡ ᠦᠶ᠎ᠡ᠎ᠶᠢᠨ ᠪᠢᠳᠡ ᠶᠠᠮᠠᠷ ᠪᠣᠯᠬᠤ ᠪᠤᠢ? ᠡᠢᠮᠦ᠍ ᠠᠰᠠᠭᠤᠳᠠᠯ ᠨᠢ ᠬᠡᠵᠢᠶᠡᠳᠡ ᠬᠠᠯᠠᠭᠤᠨ ᠶᠠᠷᠢᠯᠴᠠᠭ᠎ᠠ᠎ᠶᠢ ᠡᠭᠦᠰᠭᠡᠨ᠎ᠡ᠃ 《ᠴᠢ ᠶᠠᠮᠠᠷ ᠪᠠᠶ᠋ᠪᠠᠯ᠂ ᠢᠷᠡᠭᠡᠳᠦᠢ ᠶᠠᠮᠠᠷ ᠪᠣᠯᠤᠨ᠎ᠠ! 》 ᠭᠡᠬᠦ ᠨᠢᠭᠡᠨ ᠰᠦᠯᠵᠢᠶᠡᠨ ᠠᠨᠳᠠ᠎ᠶᠢᠨ ᠪᠢᠴᠢᠭᠡᠰᠦ ᠨᠢ ᠬᠥᠮᠦᠰ᠎ᠢ ᠭᠦᠨ ᠪᠤᠳᠤᠯᠭᠠᠰᠢᠷᠠᠭᠤᠯᠤᠨᠠ᠃
ᠠᠰᠠᠭᠤᠳᠠᠯ ᠨᠢᠳᠦᠨ ᠡᠮᠦᠨ᠎ᠡ ᠪᠤᠢ᠂ ᠬᠠᠷᠢᠭᠤᠯᠲᠠ ᠨᠢ ᠢᠷᠡᠭᠡᠳᠦᠢ᠎ᠳᠦ ᠪᠤᠢ᠃
ᠲᠦᠮᠡᠨ ᠵᠢᠯ ᠳᠠᠨᠭᠴᠤ ᠤᠳᠠᠭᠠᠨ᠂ ᠥᠷᠯᠥᠭᠡ ᠦᠳᠡᠰᠢ᠎ᠲᠠᠢ ᠦᠷᠢᠰᠦᠯᠳᠦᠨ ᠲᠡᠮᠡᠴᠡᠨ᠎ᠡ᠃ ᠪᠠᠰᠠ ᠨᠢᠭᠡᠨ 5 ᠵᠢᠯ᠎ᠦᠨ ᠱᠢᠨ᠎ᠡ ᠡᠬᠢᠯᠡᠯᠲᠡ᠎ᠶᠢᠨ ᠴᠡᠭ ᠳᠡᠭᠡᠷ᠎ᠡ ᠵᠣᠭ᠍ᠰᠣᠵᠤ᠂ ᠠᠵᠢᠭ᠍ᠯᠠᠨᠬᠦᠯᠢᠶᠡᠵᠦ᠍᠂ᠡᠭᠦᠨᠡᠴᠡᠠᠶᠤᠲᠠᠯᠠ ᠲᠡᠭᠦᠨ᠎ᠡᠴᠡ ᠵᠢᠷᠦᠬᠡᠱᠢᠶᠡᠵᠦ᠍᠂ ᠠᠯᠪᠠᠳᠠᠯᠭ᠎ᠠ᠎ᠪᠡᠷ ᠠᠷᠭᠠᠴᠠᠭᠠᠵᠤ᠂ ᠤᠳᠠᠭᠠᠨ ᠬᠦᠳᠡᠯᠬᠦ᠎ᠳ᠋ᠤ ᠬᠦᠷᠪᠡᠯ ᠠᠵᠠ ᠲᠣᠬᠢᠶᠠᠯ᠎ᠢ ᠠᠳᠭᠤᠵᠤ ᠴᠢᠳᠠᠬᠤ ᠦᠭᠡᠢ ᠶᠤᠮ᠃ ᠱᠢᠨ᠎ᠡ ᠠᠶᠠᠨ᠎ᠳᠤ᠂ ᠡᠷᠡᠭᠡᠯᠵᠡᠨ ᠭᠤᠢᠪᠠᠯᠵᠠᠬᠤ᠂ ᠲᠦᠳᠡᠭᠡᠯᠵᠡᠨ ᠲᠠᠲᠠᠭᠠᠯᠵᠠᠬᠤ ᠪᠠᠠᠯᠮᠠᠢᠷᠠᠨᠬᠣᠢᠷᠭᠣᠱᠢᠵᠤᠪᠣᠯᠬᠤᠦᠭᠡᠢ᠂ ᠴᠤᠭ ᠪᠠᠳᠠᠷᠠᠩᠭᠤᠢ ᠡᠷᠡᠯᠬᠡᠭ᠌ᠯᠡᠨ ᠤᠷᠤᠭ᠍ᠰᠢᠯᠠᠬᠤ ᠳᠦᠷᠰᠦ ᠪᠠᠢᠳᠠᠯ᠎ᠢᠶᠠᠷ ᠬᠠᠷᠰᠢ ᠰᠠᠭᠠᠳ᠎ᠢ ᠢᠯᠠᠨ ᠳᠠᠪᠠᠵᠤ᠂ ᠱᠢᠨ᠎ᠡ ᠪᠠᠢᠳᠠᠯ᠎ᠢ ᠲᠠᠰᠤᠷᠠᠯᠳᠠ ᠦᠭᠡᠢ ᠨᠡᠭᠡᠭᠡᠬᠦ᠌ ᠬᠡᠷᠡᠭ᠌ᠲᠡᠢ᠃
ᠬᠤᠭᠤᠰᠤᠨ ᠶᠠᠷᠢᠶ᠎ᠠ ᠲᠦᠷᠦ ᠵᠢ ᠰᠠᠭᠠᠳᠠᠭᠠᠵᠤ᠂ ᠪᠤᠳᠠᠳᠠᠢ ᠠᠵᠢᠯᠯᠠᠭ᠎ᠠ ᠤᠯᠤᠰ᠎ᠢ ᠮᠠᠨᠳᠤᠭᠤᠯᠤᠨ᠎ᠠ᠃ ᠪᠠᠰᠠ ᠨᠢᠭᠡᠨ 5 ᠵᠢᠯ᠎ᠦᠨ ᠱᠢᠨ᠎ᠡ ᠡᠬᠢᠯᠡᠯᠲᠡ᠎ᠶᠢᠨ ᠴᠡᠭ ᠳᠡᠭᠡᠷ᠎ᠡ ᠵᠣᠭ᠍ᠰᠣᠬᠤ ᠳ᠋ᠦ ᠬᠥᠭ᠌ᠵᠢᠯᠲᠡ᠎ᠶᠢᠨ ᠡᠭᠦᠷᠭᠡ ᠤᠯᠠᠮ᠎ᠠᠴᠠ ᠤᠯᠠᠮ ᠬᠦᠨᠳᠦ ᠪᠤᠯᠵᠤ ᠪᠠᠢᠨ᠎ᠠ᠂ ᠡᠢᠮᠦ᠍᠎ᠡᠴᠡ ᠡᠷᠬᠡᠪᠰᠢ ᠨᠡᠩ ᠱᠢᠷᠭᠠᠭᠤ ᠬᠠᠲᠠᠭᠤᠵᠢᠯᠲᠠᠢ ᠴᠢᠷᠮᠠᠢᠯᠭ᠎ᠠ ᠭᠠᠷᠭᠠᠬᠤ᠎ᠪᠠᠷ ᠪᠡᠯᠡᠳᠭᠡᠬᠦ᠌ ᠬᠡᠷᠡᠭ᠌ᠲᠡᠢ᠃ ᠡᠯ᠎ᠡ ᠲᠥᠷᠥᠯ᠎ᠦᠨ ᠱᠢᠨ᠎ᠡ ᠵᠥᠷᠢᠴᠡᠯ᠂ ᠱᠢᠨ᠎ᠡ ᠠᠰᠠᠭᠤᠳᠠᠯ᠂ ᠱᠢᠨ᠎ᠡ ᠥᠷᠢᠰᠥᠯᠳᠦᠭᠡᠨ᠎ᠦ ᠡᠮᠦᠨ᠎ᠡ᠂ ᠲᠡᠮᠡᠴᠡᠯ᠎ᠦᠨ ᠵᠣᠷᠢᠭ ᠰᠠᠨᠠᠭ᠎ᠠ᠎ᠶᠢ ᠪᠠᠳᠠᠷᠠᠭᠤᠯᠵᠤ᠂ ᠲᠡᠮᠡᠴᠡᠯ᠎ᠦᠨ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠠᠯᠤᠰ ᠬᠡᠲᠦ᠍᠎ᠶᠢ ᠲᠥᠯᠥᠪᠵᠢᠭᠦᠯᠬᠦ᠌ ᠮᠥᠷᠲᠡᠭᠡᠨ ᠪᠠᠰᠠ ᠣᠳᠣᠬᠠᠨ᠎ᠤ ᠠᠵᠢᠯ᠎ᠢᠶᠠᠨ ᠰᠠᠢᠲᠤᠷ ᠬᠢᠪᠠᠯ ᠰᠠᠶᠢ ᠰᠠᠯᠬᠢ ᠪᠣᠷᠣᠭᠠᠨ᠎ᠠᠴᠠ ᠠᠶᠤᠬᠤ ᠥᠬᠡᠶ᠂ ᠳᠤᠭᠰᠢᠨ ᠳᠠᠪᠠᠯᠭᠠᠨ᠎ᠠᠴᠠ ᠰᠦᠷᠳᠡᠬᠦ᠌ ᠥᠬᠡᠶ ᠪᠠᠢᠵᠤ᠂ ᠨᠠᠩ ᠢᠯᠡᠭᠦᠦ ᠴᠢᠷᠮᠠᠢᠨ ᠲᠡᠮᠡᠴᠡᠵᠦ᠍ ᠠᠮᠵᠢᠯᠲᠠ ᠪᠦᠲᠦᠮᠵᠢ ᠭᠠᠷᠭᠠᠨ ᠱᠢᠯᠭᠠᠯᠲᠠ᠎ᠳᠤ ᠣᠷᠣᠯᠴᠠᠬᠤ ᠱᠢᠨ᠎ᠡ ᠵᠠᠮ᠎ᠢᠶᠠᠷ ᠰᠠᠢᠲᠤᠷ ᠵᠠᠮᠨᠠᠵᠤ ᠴᠢᠳᠠᠨ᠎ᠠ᠃
ᠤᠷᠲᠤ ᠤᠳᠠᠭᠠᠨ ᠠᠶᠠᠨ ᠳ᠋ᠦ ᠭᠠᠭ᠍ᠴᠠ ᠬᠦ᠌ ᠲᠡᠮᠡᠴᠡᠯ ᠱᠠᠭᠠᠷᠳᠠᠭᠳᠠᠨ᠎ᠠ᠃ ᠪᠠᠰᠠ ᠨᠢᠭᠡᠨ 5 ᠵᠢᠯ᠎ᠦᠨ ᠱᠢᠨ᠎ᠡ ᠭᠠᠷᠤᠭ᠎ᠠ ᠳᠡᠭᠡᠷ᠎ᠡ ᠵᠣᠭ᠍ᠰᠣᠵᠤ᠂ ᠴᠠᠭ ᠦᠶ᠎ᠡ᠎ᠶᠢᠨ ᠠᠯᠢ ᠤᠯᠠᠨ ᠴᠢᠬᠤᠯᠠ ᠱᠢᠯᠭᠠᠯᠲᠠ᠎ᠶᠢᠨ ᠰᠡᠳᠦᠪ᠎ᠢ ᠰᠠᠢᠲᠤᠷ ᠬᠠᠷᠢᠭᠤᠯᠬᠤ᠎ᠳᠤ᠂ ᠲᠣᠭ᠎ᠠ ᠲᠣᠮᠰᠢ ᠦᠭᠡᠢ ᠤᠯᠠᠨ ᠬᠦᠴᠦ᠍ ᠬᠥᠯᠥᠰᠥ᠍ ᠪᠠᠨ ᠤᠷᠤᠰᠬᠠᠬᠤ ᠴᠢᠷᠮᠠᠢᠯᠭ᠎ᠠ ᠵᠢ ᠬᠤᠷᠠᠮᠳᠤᠭᠤᠯᠵᠤ᠂ ᠤᠯᠠᠨ᠎ᠤ ᠤᠶᠤᠨ ᠤᠬᠠᠭᠠᠨ ᠲᠦᠮᠡᠨ᠎ᠦ ᠬᠦᠴᠦᠨ ᠴᠢᠳᠠᠯ᠎ᠢ ᠨᠢᠭ᠍ᠲᠠᠷᠠᠭᠤᠯᠬᠤ ᠴᠢᠬᠤᠯᠠᠲᠠᠢ ᠶᠤᠮ᠃ ᠱᠢᠨ᠎ᠡ ᠠᠶᠠᠨ ᠪᠣᠯ ᠥᠪᠥᠷ ᠮᠣᠩᠭᠣᠯ᠎ᠤᠨ ᠬᠥᠭ᠌ᠵᠢᠯᠲᠡ᠎ᠶᠢᠨ ᠱᠢᠨ᠎ᠡ ᠠᠶᠠᠨ ᠮᠥᠨ᠂ ᠮᠦᠨ ᠴᠤ᠌ ᠮᠠᠨ᠎ᠤ ᠬᠥᠮᠦᠨ ᠨᠢᠭᠡᠪᠦᠷᠢ᠎ᠶᠢᠨ ᠱᠢᠨ᠎ᠡ ᠠᠶᠠᠨ ᠮᠥᠨ᠃ ᠥᠪᠡᠷ᠎ᠦᠨ ᠣᠷᠣᠨ ᠪᠠᠢᠷᠢ᠎ᠪᠠᠨ ᠣᠨᠣᠪᠴᠢᠲᠠᠢ ᠣᠯᠵᠤ᠂ ᠥᠪᠡᠷ᠎ᠦᠨ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠬᠤᠪᠢ ᠬᠥᠮᠦᠨ᠎ᠦ ᠲᠡᠮᠡᠴᠡᠯ ᠪᠣᠯᠤᠨ ᠴᠠᠭ ᠦᠶ᠎ᠡ᠎ᠶᠢᠨ ᠠᠤᠭ᠎ᠠ ᠲᠥᠰᠦᠪ᠎ᠢ ᠬᠠᠷᠢᠯᠴᠠᠨ ᠠᠭᠤᠰᠤᠯᠴᠠᠭᠤᠯᠪᠠᠯ᠂ ᠯᠠᠪᠲᠠᠢ ᠨᠡᠩ ᠪᠠᠶᠠᠨ ᠴᠢᠨᠡᠭᠡᠯᠢᠭ ᠭᠡᠷ ᠣᠷᠣᠨ᠎ᠢ ᠪᠦᠲᠦᠭᠡᠨ ᠪᠠᠢᠭᠤᠯᠵᠤ᠂ ᠨᠡᠩ ᠰᠠᠢ᠌ᠨ ᠰᠠᠢᠬᠠᠨ ᠥᠪᠡᠷ᠎ᠢ᠎ᠪᠡᠨ ᠴᠣᠭ᠍ᠴᠠᠯᠠᠵᠤ ᠴᠢᠳᠠᠨ᠎ᠠ᠃
ᠬᠥᠬᠡᠨᠠᠭᠤᠷ ᠲᠥᠪᠡᠳ᠎ᠦᠨ ᠥᠨᠳᠥᠷᠯᠢᠭ᠎ᠡᠴᠡ ᠡᠬᠢ ᠠᠪᠤᠭ᠍ᠰᠠᠨ ᠬᠠᠳᠤᠨ ᠭᠣᠣᠯ ᠪᠣᠭᠣᠮᠲᠠ ᠬᠠᠪᠴᠢᠯ᠎ᠢ ᠳᠠᠪᠠᠵᠤ᠂ ᠲᠦᠮᠡᠨ ᠭᠠᠵᠠᠷ ᠣᠢᠯᠤᠨ ᠳᠠᠪᠠᠯᠭᠠᠯᠠᠵᠤ᠂ ᠡᠴᠦᠰ᠎ᠲᠡᠬᠡᠨ ᠨᠡᠯᠦᠭᠡᠷ ᠶᠡᠬᠡ ᠲᠠᠯᠠᠢ᠎ᠳᠦ ᠴᠢᠳᠭᠤᠯᠠᠳᠠᠭ᠃ 《ᠪᠤᠯᠠᠩᠭᠢᠷ ᠳᠠᠪᠠᠯᠭᠠᠨ ᠳᠣᠷᠣᠨ᠎ᠠ ᠵᠦᠭ ᠤᠷᠤᠰᠤᠨ᠎ᠠ᠂ ᠡᠷᠲᠡᠨ᠎ᠡᠴᠡ ᠡᠳᠦᠭᠡ ᠪᠣᠯᠲᠠᠯ᠎ᠠ ᠡᠴᠦᠰ ᠲᠡᠭᠦᠰᠭᠡᠯ ᠦᠭᠡᠢ》᠃ ᠶᠡᠬᠡ ᠭᠣᠣᠯ ᠳᠠᠪᠠᠯᠭᠠᠯᠠᠨ ᠤᠷᠤᠰᠴᠤ᠌᠂ ᠰᠦᠷ ᠬᠦᠴᠦᠨ ᠨᠢ ᠬᠤᠷᠢᠬ᠍ᠯᠠᠭ᠍ᠳᠠᠰᠢ ᠦᠭᠡᠢ ᠪᠠᠢᠵᠤ ᠶᠠᠭ ᠡᠭᠡᠭᠦᠯᠵᠦ᠍ ᠪᠣᠯᠤᠰᠢ ᠦᠭᠡᠢ ᠠᠭᠤᠤ ᠶᠡᠬᠡ ᠦᠢᠯᠡᠰ ᠮᠡᠲᠦ᠂ ᠮᠥᠨ ᠴᠦ᠍ ᠥᠨᠥᠳᠦᠷ᠎ᠦᠨ ᠡᠷᠡᠯᠬᠡᠭ᠌ᠯᠡᠨ ᠤᠷᠤᠭ᠍ᠰᠢᠯᠠᠵᠤ ᠪᠠᠢᠭ᠎ᠠ ᠥᠪᠥᠷ ᠮᠣᠩᠭᠣᠯ ᠮᠡᠲᠦ᠍ ᠪᠠᠢᠳᠠᠭ᠃ ᠢᠯᠠᠯᠲᠠ᠎ᠶᠢᠨ ᠡᠷᠴᠢᠨ ᠳᠡᠭᠡᠷ᠎ᠡ᠎ᠪᠡᠨ ᠤᠷᠤᠭ᠍ᠰᠢᠯᠠᠵᠤ᠂ ᠴᠢᠷᠮᠠᠢᠭ᠍ᠰᠠᠨ ᠳᠡᠭᠡᠷ᠎ᠡ᠎ᠪᠡᠨ ᠴᠢᠷᠮᠠᠢᠪᠠᠯ ᠰᠠᠶᠢ ᠳᠠᠪᠠᠯᠭᠠᠨ᠎ᠤ ᠲᠤᠮᠳᠠ ᠡᠭᠦᠷᠢᠳᠡ ᠰᠦᠨᠳᠡᠷᠯᠡᠵᠤ ᠴᠢᠳᠠᠨ᠎ᠠ ︔ ᠲᠦᠷᠭᠡᠨ ᠪᠥᠭᠡᠳ ᠯᠠᠪᠳᠠᠭᠤᠨ᠎ᠢᠶᠠᠷ ᠦᠷᠭᠦᠯᠵᠢᠯᠡᠨ ᠲᠡᠮᠡᠴᠡᠪᠡᠯ ᠰᠠᠶᠢ ᠨᠡᠩ ᠰᠦᠷ ᠳᠠᠯᠠᠢᠴᠠᠲᠠᠢ ᠠᠶᠠᠨ᠎ᠳᠤ ᠮᠣᠷᠳᠠᠵᠤ ᠴᠢᠳᠠᠨ᠎ᠠ᠃
(ᠲᠤᠯᠤᠭ᠎ᠠ) 《ᠮᠠᠨ᠎ᠤ ᠵᠠᠮ ᠬᠡᠴᠢᠨᠡᠨ ᠰᠠᠷᠠᠭᠤᠯ ᠳᠠᠷᠳᠠᠩ ᠪᠤᠢ᠂ ᠮᠠᠨ᠎ᠤ ᠢᠷᠡᠭᠡᠳᠦᠢ ᠬᠢᠵᠠᠭᠠᠯᠠᠰᠢ ᠦᠭᠡᠢ ᠭᠡᠷᠡᠯ ᠰᠠᠷᠠᠭᠤᠯ ᠶᠤᠮ ︔ ᠪᠢᠳᠡ ᠡᠨᠡ ᠬᠦ᠌ ᠢᠷᠠᠭᠤ ᠭᠠᠢᠬᠠᠮᠱᠢᠭ᠍ᠲᠤ ᠦᠢᠯᠡᠰ᠎ᠲᠦ ᠠᠮᠢ ᠪᠡᠶ᠎ᠡ᠎ᠪᠡᠨ ᠵᠣᠷᠢᠭᠤᠯᠬᠤ ᠳ᠋ᠦ ᠬᠢᠵᠠᠭᠠᠯᠠᠰᠢ ᠦᠭᠡᠢ ᠵᠣᠯ ᠵᠢᠷᠭᠠᠯ ᠲᠠᠢ᠂ ᠬᠢᠵᠠᠭᠠᠯᠠᠰᠢ ᠦᠭᠡᠢ ᠦᠩᠭᠡ ᠭᠡᠷᠡᠯ ᠲᠠᠢ᠁ 》 《 ᠪᠢᠳᠡ ᠳᠠᠷᠳᠠᠩ ᠵᠠᠮ᠎ᠢᠶᠠᠷ ᠵᠠᠮᠨᠠᠨ᠎ᠠ 》 ᠭᠡᠬᠦ᠌ ᠥᠷᠭᠡᠨᠵᠢᠡᠷ ᠤᠯᠠᠮᠵᠢᠯᠠᠭ᠍ᠳᠠᠨ ᠳᠠᠭᠤᠯᠠᠭᠳᠠᠭᠰᠠᠨ ᠳᠠᠭᠤᠤ ᠨᠢ ᠴᠠᠭ ᠢᠮᠠᠭ᠍ᠲᠠ ᠬᠥᠮᠦᠰ᠎ᠦᠨ ᠬᠠᠯᠠᠭᠤᠨ ᠴᠢᠰᠤ᠎ᠶᠢ ᠣᠷᠭᠢᠯᠤᠭᠤᠯᠵᠤ᠂ ᠰᠡᠳᠭᠢᠯ ᠵᠢᠷᠦᠬᠡ᠎ᠶᠢ ᠳᠣᠭ᠍ᠳᠣᠯᠤᠭᠤᠯᠤᠨ᠎ᠠ᠃
《ᠥᠨᠥᠳᠦᠷ᠂ ᠪᠢᠳᠡ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ᠌ ᠬᠠᠷᠠᠯᠲᠠ᠎ᠳᠤ ᠲᠡᠦᠬᠡ᠎ᠶᠢᠨ ᠠᠯᠢ ᠴᠤ᠌ ᠦᠶ᠎ᠡ᠎ᠡᠴᠡ ᠢᠯᠡᠭᠦᠦ ᠣᠢᠷᠠᠳᠴᠤ᠌᠂ ᠡᠨᠡ ᠬᠦ᠌ ᠬᠠᠷᠠᠯᠲᠠ᠎ᠶᠢ ᠪᠡᠶᠡᠯᠡᠭᠦᠯᠬᠦ᠌ ᠢᠲᠡᠭᠡᠯ ᠪᠠ ᠴᠢᠳᠠᠪᠤᠷᠢ ᠲᠡᠦᠬᠡ᠎ᠶᠢᠨ ᠠᠯᠢ ᠴᠤ᠌ ᠦᠶ᠎ᠡ᠎ᠡᠴᠡ ᠢᠯᠡᠭᠦᠦ ᠴᠢᠩᠭᠠᠷᠠᠵᠠᠢ᠃ ᠱᠢᠨ᠎ᠡ ᠭᠠᠷᠤᠭ᠎ᠠ ᠳᠡᠭᠡᠷ᠎ᠡ᠂ ᠪᠦᠬᠦ᠌ ᠨᠠᠮ᠎ᠢᠶᠠᠷ᠎ᠢᠶᠠᠨ ᠡᠷᠬᠡᠪᠰᠢ ᠪᠠᠢᠯᠳᠤᠬᠤ ᠪᠤᠳᠤᠯᠭ᠎ᠠ᠎ᠶᠢᠨ ᠲᠣᠭ᠍ᠲᠠᠯ ᠬᠦᠴᠦᠨ᠎ᠢᠶᠡᠨ ᠪᠠᠲᠤᠯᠠᠵᠤ᠂ ᠪᠠᠢᠯᠳᠤᠬᠤ ᠪᠤᠳᠤᠯᠭ᠎ᠠ᠎ᠶᠢᠨ ᠬᠠᠷᠠᠯᠲᠠ᠎ᠪᠠᠨ ᠲᠣᠭ᠍ᠲᠠᠭᠠᠵᠤ᠂ 〈ᠤᠯᠤᠰ᠎ᠤᠨ ᠶᠡᠬᠡ ᠶᠠᠪᠤᠳᠠᠯ〉᠎ᠢ᠋ ᠪᠠᠲᠤ ᠴᠡᠭᠡᠵᠢᠯᠡᠵᠦ᠍᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ᠌ ᠠᠬᠢᠴᠠ ᠳᠤᠮᠳᠠ ᠮᠠᠨ᠎ᠤ ᠡᠨᠡ ᠦᠶ᠎ᠡ᠎ᠶᠢᠨ ᠬᠥᠮᠦᠰ᠎ᠲᠦ ᠬᠠᠷᠢᠶᠠᠯᠠᠭ᠍ᠳᠠᠬᠤ ᠡᠨᠡ ᠬᠦ᠌ ᠪᠤᠤᠬᠢᠶ᠎ᠠ ᠪᠠᠨ ᠰᠠᠢᠲᠤᠷ ᠳᠠᠮᠵᠢᠭᠤᠯᠬᠤ ᠬᠡᠷᠡᠭ᠌ᠲᠡᠢ》ᠭᠡᠬᠦ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ ᠳᠡᠭᠡᠷᠡᠬᠢ ᠶᠡᠷᠦᠩᠬᠡᠢ ᠱᠦᠵᠢ ᠰᠢ᠎ᠶᠢᠨ ᠫᠢᠩ᠎ᠦᠨ ᠦᠭᠡ ᠨᠢ ᠢᠳᠡ ᠬᠦᠴᠦᠲᠡᠢ ᠪᠠᠢᠯ᠎ᠠ᠃
ᠦᠶ᠎ᠡ ᠦᠶ᠎ᠡ᠎ᠶᠢᠨ ᠬᠦᠮᠦᠰ ᠪᠦᠷ ᠦᠪᠡᠷ᠎ᠤᠨ ᠡᠭᠦᠷᠭᠡ ᠬᠠᠷᠢᠭᠤᠴᠠᠯᠭ᠎ᠠ ᠪᠤᠢ᠂ ᠦᠶ᠎ᠡ ᠦᠶ᠎ᠡ᠎ᠶᠢᠨ ᠬᠥᠮᠦᠰ ᠪᠦᠷ ᠦᠪᠡᠷ᠎ᠤᠨ ᠤᠷᠳᠤ ᠵᠠᠮ᠎ᠤᠨ ᠠᠶᠠᠨ ᠪᠤᠢ᠃
ᠨᠡᠩ ᠥᠨᠳᠥᠷ ᠱᠢᠨ᠎ᠡ ᠲᠡᠦᠬᠡ᠎ᠶᠢᠨ ᠭᠠᠷᠤᠭ᠎ᠠ᠎ᠳᠤ ᠵᠣᠭ᠍ᠰᠣᠵᠤ᠂ ᠴᠠᠭ ᠪᠢᠳᠡᠨ᠎ᠢ ᠬᠦᠯᠢᠶᠡᠬᠦ᠌ ᠦᠭᠡᠢ ᠪᠠᠢᠳᠠᠭ ᠲᠡᠦᠬᠡ᠎ᠶᠢᠨ ᠠᠵᠠ ᠲᠣᠬᠢᠶᠠᠯᠳᠤ ᠬᠠᠨᠳᠤᠵᠤ᠂ ᠪᠢᠳᠠ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠰᠢ᠎ᠶᠢᠨ ᠫᠢᠩ᠎ᠦᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠢᠶᠠᠷ ᠭᠠᠷᠤᠭ᠎ᠠ ᠪᠣᠯᠭᠠᠵᠤ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠣᠮᠣᠭ ᠲᠡᠭᠦᠯᠳᠡᠷ᠎ᠢᠶᠡᠷ ᠡᠷᠡᠮᠡᠬᠡᠢᠯᠡᠨ ᠲᠡᠮᠡᠴᠡᠵᠦ᠂ ᠢᠯᠠᠯᠲᠠ ᠵᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠪᠠᠢᠳᠠᠯ᠎ᠢ ᠳᠠᠭᠠᠨ ᠠᠵᠢᠯᠯᠠᠵᠤ᠂ ᠨᠡᠩ ᠠᠭᠤᠤ ᠶᠡᠬᠡ ᠢᠯᠠᠯᠲᠠ ᠪᠣᠯᠤᠨ ᠦᠩᠬᠡ ᠬᠡᠷᠡᠯᠵᠦᠭ ᠡᠷᠡᠮᠡᠬᠡᠢᠯᠡᠨ ᠤᠷᠤᠭ᠍ᠰᠢᠯᠠᠵᠠᠭᠠᠶᠠ᠃
ᠪᠢᠳᠡ ᠳᠠᠷᠳᠠᠩ ᠵᠠᠮ ᠵᠢᠡᠷ ᠶᠠᠪᠤᠬᠤ ᠳ᠋ᠸ᠋᠂ ᠣᠮᠣᠭ ᠵᠣᠷᠢᠭ ᠲᠡᠭᠦᠯᠳᠡᠷ!
ᠪᠢᠳᠡ ᠳᠠᠷᠳᠠᠩ ᠵᠠᠮ ᠵᠢᠡᠷ ᠶᠠᠪᠤᠬᠤ ᠳ᠋ᠸ᠋᠂ ᠴᠤᠭ ᠵᠢᠪᠬᠤᠭ᠎ᠠ ᠪᠠᠳᠠᠷᠠᠩᠭᠤᠶ!
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠤᠶᠠᠨ᠍ᠦ᠌ᠨᠳᠦᠰᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃