ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠮᠡᠳᠡᠭᠡᠯᠡᠯ

2021-11-28 00:06:05

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠨᠡᠢᠭᠡᠮ ᠵᠢᠷᠤᠮ ᠎ᠤᠨ ᠣᠳᠣᠬᠢᠴᠢᠯᠠᠭ᠍ᠰᠠᠨ ᠤᠯᠤᠰ ᠎ᠢ ᠪᠦᠬᠦ᠌ ᠲᠠᠯ᠎ᠠ ᠎ᠪᠠᠷ

ᠪᠦᠲᠦᠭᠡᠨ ᠪᠠᠢᠭᠤᠯᠬᠤ ᠱᠢᠨ᠎ᠡ ᠠᠶᠠᠨ ᠳ᠋ᠡᠬᠢ ᠥᠪᠥᠷ ᠮᠣᠩᠭᠣᠯ᠎ᠤᠨ

ᠴᠢᠬᠤᠯᠠ ᠶᠡᠬᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ

ᠤᠳᠤ ᠮᠠᠨ ᠎ᠤ ᠤᠯᠤᠰ ᠨᠢᠭᠡᠨᠲᠡ ᠨᠡᠢᠭᠡᠮ ᠵᠢᠷᠤᠮ᠎ᠤᠨ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠣᠷᠣᠪᠠ᠃ ᠥᠪᠥᠷ ᠮᠣᠩᠭᠣᠯ ᠨᠠᠮ ᠪᠠ ᠤᠯᠤᠰ᠎ᠤᠨ ᠠᠵᠢᠯ᠎ᠤᠨ ᠶᠡᠬᠡ ᠲᠠᠯ᠎ᠠ᠎ᠳᠤ ᠴᠢᠬᠤᠯᠠ ᠪᠠᠢᠯᠳᠤᠬᠤ ᠪᠣᠳᠣᠯᠭ᠎ᠠ᠎ᠶ᠋ᠢᠨ ᠪᠠᠢᠷᠢ ᠰᠠᠭᠤᠷᠢ᠎ᠲᠠᠶ ᠶᠤᠮ᠃ ᠪᠢᠳᠡ ᠬᠢᠯᠢ ᠬᠢᠵᠠᠭᠠᠷ᠎ᠤᠨ ᠦᠨᠳᠦᠰᠦᠲᠡᠨ ᠎ᠦ ᠭᠠᠵᠠᠷ ᠣᠷᠣᠨ ᠪᠣᠯᠤᠭ᠍ᠰᠠᠨ ᠎ᠤ ᠬᠤᠪᠢ᠎ᠳᠤ ᠡᠷᠬᠡᠪᠰᠢ ᠨᠡᠢᠭᠡᠮ ᠵᠢᠷᠤᠮ᠎ᠤᠨ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠶᠠᠪᠤᠴᠠ᠎ᠳᠠᠬᠢ ᠴᠢᠬᠤᠯᠠ ᠶᠡᠬᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ᠎ᠶ᠋ᠢ ᠪᠠᠲᠤ ᠡᠭᠦᠷᠭᠡᠯᠡᠬᠦ᠌ ᠬᠡᠷᠡᠭ᠌ᠲᠡᠢ᠃ ᠡᠨᠡ ᠬᠦ᠌ ᠬᠠᠷᠢᠭᠤᠴᠠᠯᠭ᠎ᠠ ᠪᠣᠯᠤᠨ ᠡᠭᠦᠷᠭᠡ ᠪᠣᠯ ᠳᠠᠷᠤᠢ ᠳᠤᠮᠳᠠᠳᠤ᠎ᠶ᠋ᠢᠨ ᠦᠨᠳᠦᠰᠦᠲᠡᠨ ᠎ᠦ ᠬᠠᠮᠲᠤ ᠎ᠶ᠋ᠢᠨ ᠴᠣᠭ᠍ᠴᠠ ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠰᠠᠢᠲᠤᠷ ᠬᠠᠮᠠᠭᠠᠯᠠᠵᠤ᠂ ᠠᠮᠢ ᠠᠬᠤᠢ ᠎ᠶ᠋ᠢ ᠤᠷᠢᠳ ᠎ᠢᠶᠠᠷ ᠪᠣᠳᠣᠯᠬᠢᠯᠠᠵᠤ ᠪᠣᠬᠢᠷᠲᠤᠯ ᠦᠭᠡᠢ ᠬᠥᠭ᠌ᠵᠢᠯᠲᠡ ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠰᠠᠢᠲᠤᠷ ᠵᠠᠮᠨᠠᠵᠤ᠂ ᠶᠡᠷᠦᠩᠬᠡᠢ ᠱᠦᠵᠢ ᠰᠢ᠎ᠶ᠋ᠢᠨ ᠫᠢᠩ ᠪᠣᠯᠤᠨ ᠨᠠᠮ᠎ᠤᠨ ᠲᠥᠪ ᠬᠣᠷᠢᠶᠠᠨ᠎ᠤ ᠥᠪᠥᠷ ᠮᠣᠩᠭᠣᠯ᠎ᠳᠤ ᠲᠣᠭ᠍ᠲᠠᠭᠠᠭ᠍ᠰᠠᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ ᠶᠣᠰᠣᠭᠠᠷ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢ ᠲᠦᠷᠭᠡᠳᠭᠡᠨ ᠪᠠᠢᠭᠤᠯᠬᠤ ᠶᠠᠪᠤᠳᠠᠯ ᠪᠣᠯᠤᠨ᠎ᠠ᠃ ᠪᠦᠬᠦ ᠤᠷᠤᠨ᠎ᠤ ᠳᠡᠭᠡᠷ᠎ᠡ ᠳᠤᠤᠷ᠎ᠠ ᠱᠠᠲᠤᠨ᠎ᠤ ᠬᠢᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠡᠭᠦᠷᠭᠡ ᠬᠠᠷᠢᠭᠤᠴᠠᠯᠭ᠎ᠠ᠎ᠪᠠᠨ ᠵᠣᠷᠢᠭ᠍ᠲᠠᠢ ᠡᠭᠦᠷᠭᠡᠯᠡᠵᠦ᠍᠂ ᠨᠠᠮ ᠪᠣᠯᠤᠨ ᠤᠯᠤᠰ᠎ᠤᠨ ᠠᠵᠢᠯ᠎ᠤᠨ ᠶᠡᠬᠡ ᠲᠠᠯ᠎ᠠ᠎ᠳᠤ ᠲᠠᠰᠤᠷᠠᠯᠲᠠ ᠦᠭᠡᠢ ᠨᠡᠩ ᠶᠡᠬᠡ ᠱᠢᠨ᠎ᠡ ᠬᠤᠪᠢ ᠨᠡᠮᠡᠷᠢ ᠦᠵᠡᠭᠦᠯᠬᠦ᠌ ᠬᠡᠷᠡᠭ᠌ᠲᠡᠢ᠃

ᠥᠪᠥᠷ ᠮᠣᠩᠭᠣᠯ ᠶᠡᠬᠡ ᠲᠠᠯ᠎ᠠ ᠎ᠶ᠋ᠢ ᠡᠷᠬᠢᠮᠯᠡᠵᠦ᠍᠂ ᠡᠭᠦᠷᠭᠡ ᠬᠠᠷᠢᠭᠤᠴᠠᠯᠭ᠎ᠠ ᠪᠡᠨ ᠡᠭᠦᠷᠭᠡᠯᠡᠬᠦ᠌᠎ᠳᠦ ᠡᠷᠬᠡᠪᠰᠢ ᠤᠯᠤᠰ᠎ᠤᠨ ᠠᠮᠢ ᠠᠬᠤᠢ᠎ᠶ᠋ᠢᠨ ᠠᠮᠤᠷ ᠲᠦᠪᠱᠢᠨ ᠎ᠢ ᠬᠠᠮᠠᠭᠠᠯᠠᠬᠤ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍ ᠂ ᠰᠠᠢᠲᠤᠷ ᠭᠦᠢᠴᠡᠳᠭᠡᠬᠦ᠌ ᠬᠡᠷᠡᠭ᠌ᠲᠡᠢ᠃

ᠥᠪᠥᠷ ᠮᠣᠩᠭᠣᠯ ᠶᠡᠬᠡ ᠲᠠᠯ᠎ᠠ ᠎ᠶ᠋ᠢ ᠡᠷᠬᠢᠮᠯᠡᠵᠦ᠍᠂ ᠡᠭᠦᠷᠭᠡ ᠬᠠᠷᠢᠭᠤᠴᠠᠯᠭ᠎ᠠ ᠪᠡᠨ ᠡᠭᠦᠷᠭᠡᠯᠡᠬᠦ᠌᠎ᠳᠦ ᠡᠷᠬᠡᠪᠰᠢ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠂ ᠠᠮᠤ ᠪᠤᠳᠠᠭᠠᠨ᠎ᠤ ᠠᠮᠤᠷ ᠲᠦᠪᠱᠢᠨ᠂ ᠠᠵᠤ ᠦᠢᠯᠡᠰ᠎ᠦᠨ ᠠᠮᠤᠷ ᠲᠦᠪᠱᠢᠨ ᠎ᠢ ᠪᠠᠲᠤᠯᠠᠬᠤ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍ ᠂ ᠰᠠᠢᠲᠤᠷ ᠭᠦᠢᠴᠡᠳᠭᠡᠬᠦ᠌ ᠬᠡᠷᠡᠭ᠌ᠲᠡᠢ᠃

ᠥᠪᠥᠷ ᠮᠣᠩᠭᠣᠯ ᠶᠡᠬᠡ ᠲᠠᠯ᠎ᠠ ᠎ᠶ᠋ᠢ ᠡᠷᠬᠢᠮᠯᠡᠵᠦ᠍᠂ ᠡᠭᠦᠷᠭᠡ ᠬᠠᠷᠢᠭᠤᠴᠠᠯᠭ᠎ᠠ ᠪᠡᠨ ᠡᠭᠦᠷᠭᠡᠯᠡᠬᠦ᠌ ᠎ᠳᠦ ᠡᠷᠬᠡᠪᠰᠢ ᠤᠯᠤᠰ᠎ᠤᠨ ᠡᠷᠬᠢᠨ ᠲᠣᠭᠣᠷᠢᠨ᠎ᠤ ᠤᠯᠤᠰ ᠪᠣᠯᠤᠨ ᠭᠠᠳᠠᠭᠠᠳᠤ ᠨᠡᠬᠡᠬᠡᠯᠳᠡ᠎ᠶ᠋ᠢᠨ ᠪᠠᠢᠯᠳᠤᠬᠤ ᠪᠤᠳᠤᠯᠭ᠎ᠠ᠎ᠳᠤ ᠦᠢᠯᠡᠴᠢᠯᠡᠬᠦ᠌ ᠴᠢᠬᠤᠯᠠ ᠶᠡᠬᠡ ᠤᠯᠤᠰ ᠲᠦᠷᠦ᠍ ᠎ᠶ᠋ᠢᠨ ᠬᠠᠷᠢᠭᠤᠴᠠᠯᠭ᠎ᠠ ᠎ᠶ᠋ᠢ ᠡᠭᠦᠷᠭᠡᠯᠡᠵᠦ᠍᠂ ᠰᠠᠢᠲᠤᠷ ᠭᠦᠢᠴᠡᠳᠭᠡᠬᠦ᠌ ᠬᠡᠷᠡᠭ᠌ᠲᠡᠢ᠃

ᠥᠪᠥᠷ ᠮᠣᠩᠭᠣᠯ ᠶᠡᠬᠡ ᠲᠠᠯ᠎ᠠ ᠎ᠶ᠋ᠢ ᠡᠷᠬᠢᠮᠯᠡᠵᠦ᠍᠂ ᠡᠭᠦᠷᠭᠡ ᠬᠠᠷᠢᠭᠤᠴᠠᠯᠭ᠎ᠠ ᠪᠡᠨ ᠡᠭᠦᠷᠭᠡᠯᠡᠬᠦ᠌ ᠎ᠳᠦ ᠡᠷᠬᠡᠪᠰᠢ ᠤᠯᠤᠰ ᠣᠷᠣᠨ᠎ᠤ ᠨᠢᠭᠡᠳᠦᠯ᠂ ᠦᠨᠳᠦᠰᠦᠲᠡᠨ᠎ᠦ ᠪᠦᠯᠬᠦᠮᠳᠡᠯ᠎ᠢ ᠬᠠᠮᠠᠭᠠᠯᠠᠬᠤ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠰᠠᠢᠲᠤᠷ ᠭᠦᠶ᠋ᠴᠡᠳᠭᠡᠬᠦ᠌ ᠬᠡᠷᠡᠭ᠌ᠲᠡᠶ᠃

ᠥᠪᠥᠷ ᠮᠣᠩᠭᠣᠯ ᠶᠡᠬᠡ ᠲᠠᠯ᠎ᠠ ᠎ᠶ᠋ᠢ ᠡᠷᠬᠢᠮᠯᠡᠵᠦ᠍᠂ ᠡᠭᠦᠷᠭᠡ ᠬᠠᠷᠢᠭᠤᠴᠠᠯᠭ᠎ᠠ ᠪᠡᠨ ᠡᠭᠦᠷᠭᠡᠯᠡᠬᠦ᠌᠎ᠳᠦ ᠡᠷᠬᠡᠪᠰᠢ ᠡᠬᠡ ᠤᠯᠤᠰ᠎ᠤᠨ ᠤᠮᠠᠷᠠᠲᠤ ᠬᠢᠯᠢ᠎ᠶ᠋ᠢ ᠰᠠᠬᠢᠨ ᠬᠠᠮᠠᠭᠠᠯᠠᠬᠤ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠰᠠᠢᠲᠤᠷ ᠭᠦᠶ᠋ᠴᠡᠳᠭᠡᠬᠦ᠌ ᠬᠡᠷᠡᠭ᠌ᠲᠡᠶ᠃

ᠬᠠᠷᠢᠭᠤᠴᠠᠯᠭ᠎ᠠ ᠪᠣᠯ ᠳᠠᠷᠤᠢ ᠶᠡᠬᠡ ᠲᠠᠯ᠎ᠠ ᠮᠥᠨ᠂ ᠡᠭᠦᠷᠭᠡ ᠪᠣᠯ ᠳᠠᠷᠤᠢ ᠬᠥᠳᠡᠯᠭᠡᠬᠦ᠌ ᠬᠦᠴᠦᠨ ᠮᠥᠨ᠃ ᠪᠢᠳᠡ《ᠳᠥᠷᠪᠡᠨ ᠤᠬᠠᠮᠰᠠᠷ》 ᠵᠢᠠᠨ ᠴᠢᠩᠭᠠᠳᠭᠠᠵᠤ᠂ 《ᠳᠥᠷᠪᠡᠨ ᠢᠲᠡᠭᠡᠯ》 ᠵᠢᠨᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠵᠦ᠍᠂ ᠶᠡᠷᠦᠩᠬᠡᠶ ᠱᠦᠵᠢ ᠰᠢ᠎ᠶ᠋ᠢᠨ ᠫᠢᠩ᠎ᠦᠨ ᠵᠢᠭᠠᠭ᠍ᠰᠠᠨ ᠴᠢᠭ᠌ᠯᠡᠯ᠎ᠢᠶᠡᠷ ᠡᠷᠡᠰ ᠭᠤᠢᠪᠢᠰᠢ ᠥᠬᠡᠶ ᠴᠤᠴᠠᠯᠲᠠ ᠥᠬᠡᠶ ᠤᠷᠤᠭ᠍ᠰᠢᠯᠠᠵᠤ᠂ ᠡᠴᠦᠰ᠎ᠲᠦᠨᠢ ᠲᠤᠯᠲᠠᠯ᠎ᠠ ᠬᠢᠵᠦ᠍᠂ ᠭᠤᠢᠪᠢᠰᠢ ᠥᠬᠡᠶ᠂ ᠴᠠᠯᠠᠭᠠᠢᠷᠠᠬᠤ ᠥᠬᠡᠶ᠂ ᠳᠡᠩᠰᠡᠯᠭᠡᠬᠦ ᠥᠬᠡᠶ᠂ ᠦᠷᠭᠦᠯᠵᠢᠯᠡᠨ ᠲᠡᠮᠡᠴᠡᠬᠦ᠌ ᠳᠤᠮᠳᠠ ᠥᠪᠥᠷ ᠮᠣᠩᠭᠣᠯ᠎ᠤᠨ ᠡᠭᠦᠷᠭᠡᠯᠡᠯ᠎ᠢ ᠢᠯᠡᠷᠡᠭᠦᠯᠵᠦ᠍᠂ ᠥᠪᠥᠷ ᠮᠣᠩᠭᠣᠯ᠎ᠤᠨ ᠬᠦᠴᠦᠨ ᠴᠢᠳᠠᠯ᠎ᠢᠶᠠᠨ ᠡᠷᠭᠦᠵᠦ᠍᠂ ᠥᠪᠥᠷ ᠮᠣᠩᠭᠣᠯ᠎ᠤᠨ ᠴᠣᠭ ᠵᠢᠪᠬᠤᠭ᠎ᠠ᠎ᠶ᠋ᠢ ᠪᠠᠳᠠᠷᠠᠭᠠᠬᠤ ᠬᠡᠷᠡᠭ᠌ᠲᠡᠶ᠃

(ᠦᠪᠡᠷᠳᠡᠬᠡᠨ ᠵᠠᠰᠠᠬᠤ ᠤᠷᠤᠨ᠎ᠤ ᠠᠷᠪᠠᠨ ᠨᠢᠬᠡᠳᠦᠬᠡᠷ ᠤᠳᠠᠭ᠎ᠠ ᠵᠢᠨ ᠨᠠᠮ ᠎ᠤᠨ ᠲᠦᠯᠦᠬᠡᠯᠡᠭᠴᠢᠳ᠎ᠤᠨ ᠶᠡᠬᠡ ᠬᠤᠷᠠᠯ᠎ᠤᠨ ᠢᠯᠡᠳᠬᠡᠯ ᠡᠴᠡ ᠰᠡᠢᠷᠡᠬᠦᠯᠪᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面