2021-11-27 06:34:57
11 ᠰᠠᠷ᠎ᠠ᠎ᠶ᠋ᠢᠨ 26 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠰᠣᠨᠢᠨ ᠮᠡᠳᠡᠭᠡ ᠨᠡᠢᠲᠡᠯᠡᠬᠦ᠌ ᠬᠤᠷᠠᠯ ᠬᠢᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠭᠡᠱᠢᠭᠦᠨ᠂ ᠨᠠᠷᠢᠨ ᠪᠢᠴᠢᠭ᠎ᠦᠨ ᠳᠠᠷᠤᠭ᠎ᠠ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠣᠨᠢᠨ ᠮᠡᠳᠡᠭᠡᠨ᠎ᠦ ᠥᠭᠦᠯᠡᠭ᠌ᠴᠢ ᠳ᠋ᠢᠩ ᠱᠢᠤ ᠹᠸᠩ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠠᠮᠢᠶ᠎ᠠ ᠪᠥᠬᠥᠶ ᠪᠠᠢᠳᠠᠯ᠎ᠢ ᠲᠠᠨᠢᠯᠴᠠᠭᠤᠯᠪᠠ᠃
ᠲᠥᠪ᠎ᠦᠨ ᠨᠢᠭᠡᠳᠦᠯᠲᠡᠶ ᠪᠠᠢᠷᠢᠯᠠᠭᠤᠯᠤᠯᠲᠠ᠎ᠶ᠋ᠢ ᠦᠨᠳᠦᠰᠦᠯᠡᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠰᠤᠳᠤᠯᠬᠤ᠎ᠶ᠋ᠢᠨ ᠬᠠᠮᠲᠤ ᠨᠠᠮ᠎ᠤᠨ ᠲᠥᠪ ᠬᠣᠷᠢᠶ᠎ᠠ᠎ᠳᠤ ᠮᠡᠳᠡᠭᠦᠯᠦᠨ ᠵᠥᠪᠱᠢᠶᠡᠷᠡᠭᠦᠯᠬᠦ ᠪᠡᠷ ᠲᠠᠮᠵᠢᠨ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠢ 11 ᠰᠠᠷ᠎ᠠ᠎ᠶ᠋ᠢᠨ 27 ᠤ᠋ ᠡᠳᠦᠷ᠎ᠡᠴᠡ 30 ᠤ᠋ ᠡᠳᠦᠷ ᠪᠣᠯᠲᠠᠯ᠎ᠠ ᠬᠥᠬᠡᠬᠣᠲᠠ᠎ᠳᠤ ᠬᠤᠷᠠᠯᠳᠤᠭᠤᠯᠬᠤ᠎ᠪᠠᠷ ᠲᠣᠭ᠍ᠲᠠᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠬᠤᠭᠤᠴᠠᠭ᠎ᠠ ᠰᠣᠯᠢᠬᠤ ᠠᠵᠢᠯ᠎ᠤᠨ ᠰᠠᠬᠢᠯᠭ᠎ᠠ ᠪᠠᠲᠤ ᠪᠣᠯᠤᠨ ᠰᠣᠩᠭᠣᠭᠤᠯᠢ᠎ᠶ᠋ᠢᠨ ᠠᠵᠢᠯ᠎ᠤᠨ ᠲᠤᠬᠠᠢ ᠲᠥᠪ᠎ᠦᠨ ᠬᠠᠮᠢᠶ᠎ᠠ ᠪᠦᠬᠦᠢ ᠲᠣᠭ᠍ᠲᠠᠭᠠᠯ᠂ ᠲᠡᠰ ᠳᠠᠷᠠᠭᠠᠯᠠᠯ ᠪᠣᠯᠤᠨ ᠱᠠᠭᠠᠷᠳᠠᠯᠭ᠎ᠠ᠎ᠶ᠋ᠢ ᠡᠷᠡᠰ ᠨᠠᠢᠳᠠᠪᠤᠷᠢᠵᠢᠭᠤᠯᠵᠤ᠂ ᠨᠢᠭᠡᠳᠦᠯᠲᠡᠢ ᠲᠤᠬᠢᠷᠠᠭᠤᠯᠤᠨ ᠪᠠᠢᠷᠢᠯᠠᠭᠤᠯᠬᠤ ᠂ ᠱᠠᠳᠤ ᠳᠠᠷᠠᠭᠠᠯᠠᠨ ᠳᠡᠪᠰᠢᠭᠦᠯᠦᠨ ᠨᠡᠷ᠎ᠡ ᠳᠤᠷᠠᠳᠭᠤ᠂ ᠴᠢᠩᠭ᠎ᠠ ᠬᠢᠨᠠᠨ ᠪᠠᠢᠴᠠᠭᠠᠵᠤ ᠬᠠᠷᠢᠭᠤᠴᠠᠬᠤ᠂ ᠨᠠᠷᠢᠨ ᠨᠢᠮᠪᠠᠢ ᠵᠣᠬᠢᠶᠠᠨ ᠪᠠᠢᠭᠤᠯᠵᠤ ᠰᠣᠩᠭᠣᠬᠤ ᠵᠡᠷᠭᠡ ᠲᠡᠰ ᠳᠠᠷᠠᠭᠠᠯᠠᠯ᠎ᠢᠶᠠᠷ ᠳᠠᠮᠵᠢᠨ ᠂ 668 ᠲᠥᠯᠥᠭᠡᠯᠡᠭ᠌ᠴᠢ᠎ᠵᠢ ᠰᠤᠡᠭᠭᠤᠨ ᠭᠠᠷᠭᠠᠪᠠ᠃ ᠡᠨᠡ ᠤᠳᠠᠭ᠎ᠠ᠎ᠵᠢᠨ ᠰᠤᠡᠭᠭᠤᠨ ᠭᠠᠷᠭᠠᠭᠰᠠᠨ ᠲᠦᠯᠦᠭᠡᠯᠡᠭᠴᠢᠳ ᠨᠢ ᠥᠷᠭᠡᠨ ᠳᠡᠯᠭᠡᠷ ᠲᠥᠯᠥᠭᠡᠯᠡᠬᠦ᠌ ᠴᠢᠨᠠᠷ ᠪᠦᠭᠡᠳ ᠲᠡᠷᠢᠭᠦᠨ᠎ᠦ ᠴᠢᠨᠠᠷᠲᠠᠶ᠃ ᠡᠭᠦᠨ᠎ᠳᠦ ᠡᠯ᠎ᠡ ᠱᠠᠲᠤᠨ᠎ᠤ ᠨᠠᠮ᠎ᠤᠨ ᠭᠡᠱᠢᠭᠦᠨ ᠺᠠᠳ᠋ᠷ 421 ᠬᠦᠮᠤᠨ ᠪᠠᠢᠵᠤ ᠂ 63.02% ᠢ᠋ ᠡᠵᠡᠯᠡᠵᠤ ᠪᠤᠢ ; ᠦᠶ᠋ᠯᠡᠳᠪᠦᠷᠢᠯᠡᠯ ᠪᠠ ᠠᠵᠢᠯ᠎ᠤᠨ ᠡᠮᠤᠨ᠎ᠠ ᠹᠷᠣᠨᠲ᠎ᠤᠨ ᠨᠠᠮ᠎ᠤᠨ ᠭᠡᠱᠢᠭᠦᠨ 234 ᠬᠦᠮᠤᠨ ᠪᠠᠢᠵᠤ᠂ 35.03% ᠵᠢ ᠡᠵᠡᠯᠡᠵᠤ ᠪᠤᠢ ; ᠴᠢᠯᠥᠭᠡᠯᠡᠬᠦ᠌ ᠴᠡᠷᠢᠭ ᠪᠠ ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠭᠢ᠎ᠶ᠋ᠢᠨ ᠨᠠᠮ᠎ᠤᠨ ᠭᠡᠱᠢᠭᠦᠨ 13ᠬᠥᠮᠦᠨ ᠪᠠᠢᠵᠤ᠂ 1.95% ᠵᠢ ᠡᠵᠡᠯᠡᠵᠤ ᠪᠤᠢ ᠃
ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ ᠨᠢ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠬᠤ᠂ ᠢᠯᠠᠩᠭᠤᠶ᠎ᠠ ᠶᠡᠷᠦᠩᠬᠡᠢ ᠱᠦᠵᠢ ᠰᠢ᠎ᠶ᠋ᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠨᠠᠢᠳᠠᠪᠤᠷᠢᠵᠢᠭᠤᠯᠬᠤ᠎ᠶ᠋ᠢ ᠢᠯᠡᠳᠭᠡᠯ᠎ᠦᠨ ᠪᠦᠬᠦ᠌ ᠠᠭᠤᠯᠭ᠎ᠠ᠎ᠳᠤ ᠲᠤᠭᠤᠱᠢᠯᠠᠭᠤᠯᠬᠤ ᠭᠣᠣᠯ ᠱᠢᠵᠢᠮ ᠪᠣᠯᠭᠠᠪᠠ᠃ ᠢᠯᠡᠳᠭᠡᠯ᠎ᠢ ᠲᠤᠭᠤᠷᠪᠢᠬᠤ ᠠᠵᠢᠯ ᠡᠬᠢᠨ᠎ᠡᠴᠡ᠎ᠪᠡᠨ ᠳᠠᠭᠤᠰᠲᠠᠯ᠎ᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠬᠣᠷᠢᠶᠠᠨ᠎ᠤ ᠤᠳᠤᠷᠢᠳᠤᠯᠭ᠎ᠠ ᠳᠣᠣᠷ᠎ᠠ ᠶᠠᠪᠤᠭ᠍ᠳᠠᠵᠤ᠂ ᠭᠤᠷᠪᠠᠨ ᠲᠠᠯ᠎ᠠ᠎ᠶ᠋ᠢ ᠴᠢᠬᠤᠯᠠᠴᠢᠯᠠᠨ ᠡᠵᠡᠮᠳᠡᠵᠠᠢ᠄ ᠨᠢᠭᠡ᠎ᠳᠦ ᠵᠥᠪ ᠤᠯᠤᠰ ᠲᠦᠷᠦ᠍᠎ᠶ᠋ᠢᠨ ᠴᠢᠭ᠌ᠯᠡᠯ᠎ᠢ ᠪᠠᠲᠤ ᠡᠵᠡᠮᠳᠡᠪᠡ᠂ ᠬᠣᠶᠠᠷ᠎ᠲᠤ ᠶᠡᠬᠡ ᠲᠠᠯ᠎ᠠ᠎ᠳ᠋ᠤ ᠦᠢᠯᠡᠴᠢᠯᠡᠬᠦ᠎ᠵᠢ ᠡᠷᠡᠰ ᠲᠠᠭᠠᠪᠠ᠂ ᠭᠤᠷᠪᠠ᠎ᠳᠤ ᠠᠵᠢᠯ᠎ᠤᠨ ᠦᠷᠭᠦᠯᠵᠢᠯᠡᠬᠦ᠌ ᠴᠢᠨᠠᠷ ᠪᠠ ᠲᠣᠭ᠍ᠲᠠᠭᠤᠨ ᠴᠢᠨᠠᠷ᠎ᠢ ᠪᠠᠲᠤᠯᠠᠪᠠ᠃ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ᠎ᠦᠨ ᠡᠭᠡ ᠨᠤᠤᠷᠠᠭ ᠨᠢ ᠲᠣᠭ᠍ᠲᠠᠭ᠍ᠰᠠᠨ ᠲᠡᠰ ᠳᠠᠷᠠᠭᠠᠯᠠᠯ ᠶᠣᠰᠣᠭᠠᠷ ᠰᠠᠨᠠᠯ ᠬᠤᠷᠢᠶᠠᠵᠤ᠂ ᠪᠦᠬᠦ᠌ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ᠎ᠤᠨ ᠬᠠᠮᠲᠤ᠎ᠶ᠋ᠢᠨ ᠤᠶᠤᠨ ᠤᠬᠠᠭᠠᠨ᠎ᠢ ᠲᠥᠪᠯᠡᠷᠡᠭᠦᠯᠵᠡᠢ᠃ ᠥᠪᠡᠷᠲᠡᠭᠡᠨ ᠵᠠᠰᠠᠬᠤ ᠣᠷᠣᠨ᠎ᠤ ᠠᠷᠪᠠᠳᠤᠭᠠᠷ ᠬᠤᠭᠤᠴᠠᠭᠠᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠢ᠎ᠠ᠎ᠶ᠋ᠢᠨ ᠠᠵᠢᠯ᠎ᠤᠨ ᠮᠡᠳᠡᠭᠦᠯᠦᠯᠲᠡ᠎ᠶ᠋ᠢᠨ ᠡᠭᠡ ᠨᠤᠤᠷᠠᠭ ᠨᠢ ᠲᠣᠭ᠍ᠲᠠᠭ᠍ᠰᠠᠨ ᠲᠡᠰ ᠳᠠᠷᠠᠭᠠᠯᠠᠯ ᠶᠣᠰᠣᠭᠠᠷ ᠰᠠᠨᠠᠯ ᠬᠤᠷᠢᠶᠠᠭ᠍ᠰᠠᠨ ᠪᠥᠭᠡᠳ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠳᠤ ᠳᠡᠪᠱᠢᠭᠦᠯᠵᠦ᠍ ᠬᠢᠨᠠᠨ ᠵᠥᠪᠯᠡᠭᠦᠯᠬᠦ᠌ ᠪᠣᠯᠤᠨ᠎ᠠ ᠃
ᠬᠤᠭᠤᠴᠠᠭ᠎ᠠ ᠰᠣᠯᠢᠬᠤ ᠠᠵᠢᠯ᠎ᠤᠨ ᠰᠤᠷᠲᠠᠯ ᠴᠢᠬᠡᠴᠢ ᠣᠪᠣᠷ ᠲᠥᠪ ᠪᠠᠢᠬᠤ᠎ᠶ᠋ᠢ ᠪᠠᠲᠤᠯᠠᠬᠤ᠎ᠶ᠋ᠢᠨ ᠲᠥᠯᠥᠭᠡ᠂ ᠶᠡᠬᠡ ᠬᠤᠷᠠᠯ᠎ᠤᠨ ᠬᠤᠭᠤᠴᠠᠭᠠᠨ᠎ᠳᠤ ᠬᠤᠭᠤᠴᠠᠭ᠎ᠠ ᠰᠣᠯᠢᠬᠤ ᠠᠵᠢᠯ᠎ᠤᠨ ᠰᠠᠬᠢᠯᠭ᠎ᠠ ᠪᠠᠲᠤ᠎ᠶ᠋ᠢ ᠵᠢᠷᠤᠮᠯᠠᠭ᠍ᠰᠠᠨ ᠪᠠᠢᠳᠠᠯ ᠪᠠ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠤᠷᠠᠯ᠎ᠤᠨ ᠰᠤᠷᠲᠠᠯ ᠬᠤᠷᠠᠯ᠎ᠤᠨ ᠰᠠᠬᠢᠯᠭ᠎ᠠ ᠪᠠᠲᠤ᠎ᠶ᠋ᠢ ᠪᠥᠬᠥ᠌ ᠭᠣᠭ᠍ᠴᠣᠭ᠎ᠠ ᠂ ᠪᠥᠬᠥ᠌ ᠶᠠᠪᠤᠴᠠ᠎ᠳᠤ ᠲᠤᠬᠠᠶ᠎ᠶ᠋ᠢᠨ ᠲᠠᠯᠠᠪᠠᠢ᠎ᠳᠤ ᠬᠢᠨᠠᠯᠳᠠ ᠲᠠᠯᠪᠢᠨ ᠪᠠᠢᠴᠠᠭᠠᠵᠤ᠂ ᠶᠡᠬᠡ ᠬᠤᠷᠠᠯ᠎ᠤᠨ ᠡᠯ᠎ᠡ ᠭᠤᠤᠯ ᠲᠠᠯᠠᠪᠤᠷ᠎ᠲᠤ ᠬᠤᠭᠤᠴᠠᠭ᠎ᠠ ᠰᠣᠯᠢᠬᠤ ᠠᠵᠢᠯ᠎ᠤᠨ ᠰᠠᠬᠢᠯᠭ᠎ᠠ ᠪᠠᠲᠤ᠎ᠶ᠋ᠢ ᠵᠥᠷᠢᠴᠡᠭ᠌ᠰᠡᠨᠢ ᠢᠯᠡᠴᠢᠯᠡᠨ ᠮᠡᠳᠡᠭᠦᠯᠬᠦ᠌ ᠵᠠᠬᠢᠳᠠᠯ᠎ᠤᠨ ᠬᠠᠢᠷᠴᠠᠭ ᠲᠣᠬᠢᠷᠠᠭᠤᠯᠵᠤ᠂ 24 ᠴᠠᠭ᠎ᠤᠨ ᠳᠣᠲᠣᠷ᠎ᠠ ᠬᠤᠭᠤᠴᠠᠭ᠎ᠠ ᠰᠣᠯᠢᠬᠤ ᠠᠵᠢᠯ᠎ᠤᠨ ᠰᠠᠬᠢᠯᠭ᠎ᠠ ᠪᠠᠲᠤ᠎ᠶ᠋ᠢ ᠵᠥᠷᠢᠴᠡᠭ᠌ᠰᠡᠨ ᠠᠰᠠᠭᠤᠳᠠᠯ᠎ᠤᠨ ᠰᠦᠪᠡᠭ᠌ᠴᠢ᠎ᠶ᠋ᠢ ᠭᠥᠯᠢᠶᠡᠨ ᠠᠪᠴᠤ᠌ ᠱᠢᠶ᠋ᠳᠪᠦᠷᠢᠯᠡᠬᠦ᠌ ᠲᠤᠬᠠᠶ ᠢᠯᠡᠴᠢᠯᠡᠨ ᠮᠡᠳᠡᠭᠦᠯᠬᠦ᠌ ᠠᠯᠪᠠᠨ ᠵᠠᠷᠯᠡᠯᠢ ᠨᠡᠢᠭᠡᠮ ᠨᠡᠢᠲᠡ᠎ᠳᠦ ᠢᠯᠡ᠎ᠪᠡᠷ ᠨᠡᠢᠲᠡᠯᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃