2021-11-27 06:56:48
— ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠲᠥᠯᠥᠭᠡᠯᠡᠭ᠌ᠴᠢᠳ᠎ᠦᠨ ᠶᠡᠬᠡ ᠬᠤᠷᠠᠯ ᠡᠬᠢᠯᠡᠭ᠌ᠰᠡᠨ ᠳᠦ ᠬᠠᠯᠠᠭᠤᠨ ᠪᠠᠶᠠᠷ ᠬᠦᠷᠭᠡᠶ᠎ᠡ
ᠣᠨ ᠵᠢᠯ ᠤᠷᠴᠢᠨ ᠡᠷᠬᠢᠯᠳᠦᠵᠦ᠂ ᠲᠡᠮᠡᠴᠡᠯ᠎ᠦᠨ ᠠᠶᠠᠨ ᠦᠨᠢᠳᠡ ᠵᠤᠬᠰᠤᠰᠢ ᠦᠬᠡᠢ᠃ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠴᠢᠩ ᠰᠡᠳᠭᠢᠯ᠎ᠦᠨ ᠬᠦᠰᠡᠯ ᠡᠷᠡᠮᠡᠯᠵᠡᠯ᠎ᠢ ᠠᠴᠢᠶᠠᠯᠠᠵᠤ᠂ ᠤᠷᠢᠳᠤᠬᠢ᠎ᠶ᠋ᠢ ᠵᠠᠯᠭᠠᠮᠵᠢᠯᠠᠨ ᠬᠣᠢᠱᠢᠬᠢ᠎ᠳᠤ ᠵᠠᠮ ᠨᠡᠭᠡᠭᠡᠬᠦ᠌ ᠲᠡᠦᠬᠡᠲᠦ ᠡᠭᠦᠷᠭᠡ᠎ᠶ᠋ᠢ ᠡᠭᠦᠷᠭᠡᠯᠡᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠲᠥᠯᠥᠭᠡᠯᠡᠭ᠌ᠴᠢᠳ᠎ᠦᠨ ᠶᠡᠬᠡ ᠬᠤᠷᠠᠯ ᠡᠨᠡ ᠡᠳᠦᠷ ᠡᠬᠢᠯᠡᠯ᠎ᠡ᠃ ᠪᠢᠳᠡ ᠶᠡᠬᠡ ᠬᠤᠷᠠᠯ᠎ᠤᠨ ᠠᠮᠵᠢᠯᠳᠠ ᠲᠠᠢ ᠬᠤᠷᠠᠯᠳᠤᠭᠰᠠᠨ᠎ᠳᠤ ᠬᠠᠯᠠᠭᠤᠨ ᠪᠠᠶᠠᠷ ᠬᠦᠷᠭᠡᠵᠦ᠍ ᠪᠠᠢᠨ᠎ᠠ! ᠶᠡᠬᠡ ᠬᠤᠷᠠᠯ᠎ᠳᠤ ᠣᠷᠣᠯᠴᠠᠭ᠍ᠰᠠᠨ ᠲᠥᠯᠥᠭᠡᠯᠡᠭ᠌ᠴᠢᠳ᠎ᠲᠦ ᠡᠷᠬᠢᠮ ᠳᠡᠭᠡᠳᠦ ᠬᠦᠨᠳᠦᠳᠭᠡᠯ ᠳᠡᠪᠱᠢᠭᠦᠯᠵᠦ᠍ ᠪᠠᠢᠨ᠎ᠠ!
ᠡᠨᠡ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠦᠨ ᠤᠢ᠎ᠶ᠋ᠢᠨ ᠲᠠᠱᠢᠷᠠᠮ᠎ᠳᠤ᠂ ᠮᠠᠨ᠎ᠤ ᠤᠯᠤᠰ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠤᠷᠤᠬ᠍ᠰᠠᠨ ᠴᠢᠬᠤᠯᠠ ᠴᠠᠭ ᠮᠥᠴᠡ᠎ᠳᠦ ᠬᠤᠷᠠᠯᠳᠤᠭ᠍ᠰᠠᠨ ᠨᠢᠭᠡ ᠤᠳᠠᠭ᠎ᠠ᠎ᠶ᠋ᠢᠨ ᠲᠤᠢᠯ᠎ᠤᠨ ᠴᠢᠬᠤᠯᠠ ᠶᠡᠬᠡ ᠬᠤᠷᠠᠯ ᠪᠣᠯᠤᠨ᠎ᠠ᠃ ᠡᠨᠡ ᠤᠳᠠᠭ᠎ᠠ᠎ᠶ᠋ᠢᠨ ᠶᠡᠬᠡ ᠬᠤᠷᠠᠯ᠎ᠢ ᠰᠠᠢᠲᠤᠷ ᠬᠤᠷᠠᠯᠳᠤᠭᠤᠯᠬᠤ ᠨᠢ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠶᠡᠷᠦᠩᠬᠡᠢ ᠱᠦᠵᠢ ᠰᠢ᠎ᠶ᠋ᠢᠨ ᠫᠢᠩ᠎ᠦᠨ ᠵᠢᠭᠠᠭ᠍ᠰᠠᠨ ᠴᠢᠭ᠌ᠯᠡᠯ᠎ᠢᠶᠡᠷ ᠡᠷᠡᠰ ᠭᠤᠢᠪᠢᠰᠢ ᠦᠭᠡᠢ ᠲᠤᠮᠤ ᠠᠯᠬᠤᠮ ᠵᠢᠡᠷ ᠤᠷᠤᠭ᠍ᠰᠢᠯᠠᠵᠤ᠂ ᠨᠡᠩ ᠴᠤᠭ ᠪᠠᠳᠠᠷᠠᠩᠭᠤᠢ ᠲᠦᠷᠢ ᠪᠠᠢᠳᠠᠯ᠎ᠢᠶᠠᠷ ᠱᠢᠨ᠎ᠡ ᠠᠶᠠᠨᠳᠠᠭᠠᠨ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠦ ᠲᠤᠢᠯ᠎ᠤᠨ ᠴᠢᠬᠤᠯᠠ ᠠᠴᠢ ᠬᠣᠯᠪᠣᠭ᠍ᠳᠠᠯ᠎ᠲᠠᠶ ᠶᠤᠮ᠃
ᠥᠩᠭᠡᠷᠡᠭ᠌ᠰᠡᠨ 5 ᠵᠢᠯ᠎ᠢ ᠡᠷᠭᠢᠴᠡᠭᠦᠯᠬᠦᠶ᠎ᠡ᠂ ᠤᠶᠠᠨ ᠬᠠᠳᠠᠨ ᠪᠠ ᠡᠷᠡᠰ ᠰᠢᠭᠤᠷᠬᠠᠢ ᠵᠣᠷᠢᠭ ᠵᠢᠡᠷ ᠠᠴᠢ᠎ᠶ᠋ᠢ ᠬᠠᠷᠢᠭᠤᠯᠠᠨ ᠡᠷᠡᠮᠡᠬᠡᠢᠯᠡᠨ ᠲᠡᠮᠡᠴᠡᠭᠰᠡᠨ ᠮᠦᠷᠳᠡᠭᠡᠨ ᠰᠦᠷ ᠳᠠᠯᠠᠢᠴᠠᠲᠠᠢ ᠪᠠᠷ ᠦᠢ ᠤᠯᠠᠨ᠎ᠢᠶᠡᠷ᠎ᠢᠶᠡᠨ ᠦᠷᠢᠰᠦᠯᠳᠤᠨ ᠤᠷᠤᠭᠰᠢᠯᠠᠵᠤ᠂ ᠬᠦᠮᠦᠨ ᠡᠴᠡ ᠲᠦᠷᠦᠭᠦᠯᠡᠬᠦ ᠪᠡᠷ ᠬᠦᠴᠦᠯᠡᠨ ᠴᠢᠷᠮᠠᠢᠵᠠᠢ᠃ ᠰᠢ᠎ᠶ᠋ᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠬᠣᠶᠠᠳᠤᠭᠠᠷ᠂ ᠭᠤᠷᠪᠠᠳᠤᠭᠠᠷ᠂ ᠲᠦᠷᠪᠠᠳᠤᠭᠡᠷ᠂ ᠲᠠᠪᠤᠳᠤᠭᠠᠷ᠂ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠬᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠭᠤᠷᠪᠠᠨ ᠶᠡᠬᠡ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠬᠢᠵᠤ᠂ ᠬᠡᠯᠪᠡᠷᠢ ᠵᠢ ᠬᠤᠪᠢᠷᠠᠭᠤᠯᠤᠨ ᠪᠦᠲᠦᠴᠡ ᠵᠢ ᠲᠣᠬᠢᠷᠠᠭᠤᠯᠬᠤ᠎ᠶ᠋ᠢ ᠲᠦᠷᠭᠡᠳᠭᠡᠵᠤ᠂ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ ᠵᠠᠰᠠᠯᠲᠠ᠎ᠶ᠋ᠢ ᠪᠥᠬᠥ᠌ ᠲᠠᠯ᠎ᠠ᠎ᠪᠠᠷ ᠴᠢᠩᠭᠠᠳᠭᠠᠵᠤ᠂ ᠨᠡᠢᠭᠡᠮ ᠵᠢᠷᠤᠮ᠎ᠤᠨ ᠠᠷᠠᠳᠴᠢᠯᠠᠭ᠍ᠰᠠᠨ ᠤᠯᠤᠰ ᠲᠥᠷᠥ᠎ᠶ᠋ᠢᠨ ᠪᠠᠢᠭᠤᠯᠤᠯᠲᠠ᠎ᠶ᠋ᠢ ᠭᠦᠨᠵᠡᠭᠡᠶ ᠠᠬᠢᠭᠤᠯᠵᠤ᠂ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠵᠤ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠵᠤ᠂ ᠠᠷᠠᠳ᠎ᠤᠨ ᠠᠮᠢᠳᠤᠷᠠᠯ᠎ᠢ ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠪᠠᠲᠤᠯᠠᠨ ᠰᠠᠢᠵᠢᠷᠠᠭᠤᠯᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠭᠦᠨᠵᠡᠭᠡᠢ ᠠᠬᠢᠭᠤᠯᠵᠤ᠂ ᠤᠮᠠᠷᠠᠲᠤ ᠬᠢᠯᠢ᠎ᠶ᠋ᠢᠨ ᠡᠬᠡ ᠭᠠᠵᠠᠷ᠎ᠲᠤ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠬᠠᠷᠠᠯᠲᠠ᠎ᠶ᠋ᠢ ᠲᠣᠭ᠍ᠲᠠᠭ᠍ᠰᠠᠨ ᠬᠤᠭᠤᠴᠠᠭᠠᠨ᠎ᠳᠤ ᠪᠡᠶᠡᠯᠡᠭᠦᠯᠵᠤ᠂ ᠠᠮᠢ ᠠᠬᠤᠶ᠎ᠶ᠋ᠢ ᠤᠷᠢᠳ ᠵᠢᠡᠷ ᠪᠤᠳᠤᠯᠬᠢᠯᠠᠬᠤ᠂ ᠪᠣᠬᠢᠷᠲᠤᠯ ᠦᠭᠡᠢ ᠬᠥᠭ᠌ᠵᠢᠬᠦᠯᠬᠦ ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ ᠵᠢᠡᠷ ᠵᠠᠮᠨᠠᠵᠤ ᠲᠠᠰᠤᠷᠠᠯᠳᠠ ᠦᠭᠡᠢ ᠬᠦᠴᠢᠷ ᠠᠰᠠᠭᠤᠳᠠᠯ᠎ᠢ ᠱᠢᠢᠳᠪᠦᠷᠢᠯᠡᠵᠤ᠂ ᠦᠷ᠎ᠡ ᠪᠦᠲᠦᠮᠵᠢ ᠭᠠᠷᠭᠠᠵᠤ᠂ ᠡᠬᠡ ᠤᠯᠤᠰ᠎ᠤᠨ ᠤᠮᠠᠷᠠᠲᠤ᠎ᠶ᠋ᠢᠨ ᠦᠵᠡᠰᠭᠦᠯᠡᠩᠲᠦ ᠰᠠᠢᠬᠠᠨ ᠦᠵᠡᠮᠵᠢ᠎ᠶ᠋ᠢᠨ ᠣᠷᠣᠨ᠎ᠢ ᠪᠥᠲᠥᠭᠡᠨ ᠪᠠᠢᠭᠤᠯᠬᠤ ᠠᠵᠢᠯ ᠯᠠᠪᠳᠠᠭᠤᠨ ᠪᠠᠲᠤᠲᠠᠶ ᠠᠬᠢᠴᠠ᠎ᠲᠠᠶ ᠪᠣᠯᠪᠠ᠃
ᠦᠪᠦᠷ ᠮᠤᠩᠭᠤᠯ᠎ᠤᠨ ᠡᠯ᠎ᠡ ᠵᠦᠢᠯ᠎ᠦᠨ ᠠᠵᠢᠯ ᠦᠢᠯᠡᠰ ᠪᠦᠬᠦ᠌ ᠲᠠᠯ᠎ᠠ ᠪᠡᠷ ᠬᠦᠭᠵᠢᠵᠦ ᠲᠠᠪᠰᠢᠬᠤ ᠵᠢ ᠪᠡᠶᠡᠯᠡᠭᠦᠯᠵᠦ᠍ ᠴᠢᠳᠠᠭ᠍ᠰᠠᠨ᠎ᠤ ᠬᠠᠮᠤᠭ᠎ᠤᠨ ᠦᠨᠳᠦᠰᠦᠨ ᠵᠦᠢᠯ ᠨᠢ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ᠎ᠳᠤ ᠪᠤᠢ᠂ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ ᠪᠤᠢ᠂ ᠶᠡᠷᠦᠩᠬᠡᠢ ᠱᠦᠵᠢ ᠰᠢ᠎ᠶ᠋ᠢᠨ ᠫᠢᠩ ᠪᠡᠶ᠎ᠡ᠎ᠪᠡᠷ᠎ᠢᠶᠡᠨ ᠥᠪᠥᠷ ᠮᠣᠩᠭᠣᠯ᠎ᠤᠨ ᠰᠤᠳᠠᠯ᠎ᠢ ᠪᠠᠷᠢᠵᠤ ᠴᠢᠭ᠌ᠯᠡᠯ᠎ᠢ ᠲᠣᠭ᠍ᠲᠠᠭᠠᠵᠤ᠂ ᠵᠠᠮ᠎ᠢ ᠵᠢᠭᠠᠵᠤ ᠠᠶᠠᠯᠠᠯ᠎ᠢ ᠵᠢᠯᠣᠭᠣᠳᠤᠭ᠍ᠰᠠᠨ᠎ᠳᠤ ᠪᠤᠢ᠃ ᠡᠳᠡᠭᠡᠷ ᠠᠮᠵᠢᠯᠲᠠ ᠪᠣᠯ ᠬᠤᠭᠤᠴᠠᠭ᠎ᠠ ᠪᠦᠷᠢ᠎ᠶ᠋ᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠦᠷᠭᠦᠯᠵᠢᠯᠡᠨ ᠲᠡᠮᠡᠴᠡᠭ᠌ᠰᠡᠨ᠎ᠦ ᠦᠷ᠎ᠡ ᠳ᠋ᠦᠩ ᠪᠣᠯᠬᠤ ᠪᠥᠭᠡᠳ ᠪᠦᠬᠦ᠌ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ ᠣᠯᠠᠨ ᠲᠦᠮᠡᠨ᠎ᠦ ᠪᠦᠯᠬᠦᠮᠳᠡᠨ ᠲᠡᠮᠡᠴᠡᠵᠦ᠍᠂ ᠱᠢᠷᠭᠠᠭᠤ ᠲᠡᠮᠡᠴᠡᠭ᠌ᠰᠡᠨ᠎ᠦ ᠦᠷ᠎ᠡ ᠳ᠋ᠦᠩ ᠮᠦᠨ᠃ 5 ᠵᠢᠯ᠎ᠦᠨ ᠠᠮᠵᠢᠯᠲᠠ ᠬᠢᠯᠪᠠᠷ ᠪᠤᠰᠤ᠎ᠪᠠᠷ ᠢᠷᠡᠭ᠌ᠰᠡᠨ ᠶᠤᠮ᠂ 5 ᠵᠢᠯ᠎ᠦᠨ ᠰᠡᠩᠬᠡᠷᠡᠭᠦᠯᠦᠯ ᠪᠤᠯ ᠲᠤᠢᠯ᠎ᠤᠨ ᠡᠷᠬᠢᠮ ᠨᠠᠨᠳᠢᠨ ᠶᠤᠮ᠃ ᠦᠨᠡᠨ ᠬᠦ᠌ 《ᠲᠦᠷᠪᠡᠨ ᠤᠬᠠᠮᠰᠠᠷ 》 ᠵᠢᠡᠨ ᠴᠢᠩᠭᠠᠳᠭᠠᠵᠤ᠂ 《ᠲᠦᠷᠪᠡᠨ ᠢᠲᠡᠭᠡᠯ 》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠵᠦ᠍᠂ ᠨᠠᠮ᠎ᠤᠨ ᠲᠥᠪ ᠬᠣᠷᠢᠶᠠᠨ᠎ᠤ ᠡᠯ᠎ᠡ ᠵᠦᠢᠯ᠎ᠦᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠪᠦᠬᠦ᠌ ᠲᠠᠯ᠎ᠠ᠎ᠪᠠᠷ ᠭᠦᠨᠵᠡᠭᠡᠢ ᠲᠤᠭᠤᠱᠢᠯᠠᠭᠤᠯᠪᠠᠯ ᠥᠪᠥᠷ ᠮᠣᠩᠭᠣᠯ᠎ᠤᠨ ᠠᠵᠢᠯ᠎ᠤᠨ ᠴᠢᠭ᠌ᠯᠡᠯ ᠲᠣᠳᠣᠷᠬᠠᠢ᠂ ᠵᠠᠮ ᠵᠥᠪ᠂ ᠦᠷ᠎ᠡ ᠪᠦᠲᠦᠮᠵᠢ ᠰᠠᠢ᠌ᠨ ᠪᠣᠯᠤᠨ᠎ᠠ ᠭᠡᠳᠡᠭ᠎ᠢ 5 ᠵᠢᠯ᠎ᠦᠨ ᠬᠥᠭ᠌ᠵᠢᠯᠲᠡ᠎ᠶ᠋ᠢᠨ ᠦᠢᠯᠡᠳᠦᠯᠭᠡ ᠳᠠᠬᠢᠨᠲᠠ ᠭᠦᠢᠴᠡᠳ ᠭᠡᠷᠡᠴᠢᠯᠡᠪᠡ᠃
ᠥᠨᠳᠥᠷ᠎ᠲᠦ ᠵᠣᠭ᠍ᠰᠣᠨ ᠠᠯᠤᠰ᠎ᠢ ᠪᠠᠷᠠᠯᠠᠨ ᠠᠶᠠᠯᠠᠯ᠎ᠤᠨ ᠴᠢᠭ᠌ᠯᠡᠯ᠎ᠢ ᠵᠢᠭᠠᠵᠤ᠂ ᠴᠢᠩ ᠰᠡᠳᠭᠢᠯ᠎ᠦᠨ ᠬᠦᠰᠡᠯ ᠡᠷᠡᠮᠡᠯᠵᠡᠯ ᠨᠢ ᠬᠥᠮᠦᠰ᠎ᠢ ᠵᠣᠷᠢᠭ᠍ᠵᠢᠭᠤᠯᠤᠨ ᠤᠷᠤᠭ᠍ᠰᠢᠯᠠᠭᠤᠯᠤᠨ᠎ᠠ᠃ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠮᠣᠷᠳᠠᠵᠤ᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠬᠤ ᠪᠣᠯ ᠶᠡᠷᠦᠩᠬᠡᠢ ᠱᠦᠵᠢ ᠰᠢ᠎ᠶ᠋ᠢᠨ ᠫᠢᠩ ᠪᠣᠯᠤᠨ ᠨᠠᠮ᠎ᠤᠨ ᠲᠥᠪ ᠬᠣᠷᠢᠶ᠎ᠠ᠎ᠡᠴᠡ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠬᠥᠭ᠌ᠵᠢᠯᠲᠡ᠎ᠳᠦ ᠲᠠᠯᠪᠢᠭ᠍ᠰᠠᠨ ᠨᠠᠨᠳᠢᠨ ᠬᠦᠰᠡᠯ ᠨᠠᠢᠳᠠᠯᠭ᠎ᠠ ᠮᠥᠨ᠂ ᠥᠪᠥᠷ ᠮᠣᠩᠭᠣᠯ᠎ᠤᠨ ᠴᠢᠬᠤᠯᠠ ᠶᠡᠬᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ ᠮᠥᠨ᠃ ᠡᠨᠡ ᠪᠣᠯ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ ᠱᠢᠨ᠎ᠡ ᠴᠠᠭ ᠦᠶ᠎ᠡ᠎ᠳᠦ ᠣᠷᠣᠵᠤ᠂ ᠮᠠᠨ᠎ᠤ ᠤᠯᠤᠰ᠎ᠤᠨ ᠨᠡᠢᠭᠡᠮ᠎ᠦᠨ ᠭᠤᠤᠯ ᠵᠥᠷᠢᠴᠡᠯ᠎ᠳᠦ ᠭᠦᠨᠵᠡᠭᠡᠶ ᠬᠤᠪᠢᠷᠠᠯᠲᠠ ᠭᠠᠷᠤᠭᠰᠠᠨ᠎ᠤ ᠪᠤᠰᠤᠳᠴᠢ ᠱᠠᠭᠠᠷᠳᠠᠯᠭ᠎ᠠ ᠮᠥᠨ᠂ ᠥᠪᠥᠷ ᠮᠣᠩᠭᠣᠯ᠎ᠤᠨ ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠰᠠᠭᠤᠷᠢᠯᠠᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠦᠶ᠋ᠯᠡᠴᠢᠯᠡᠬᠦ᠌ ᠪᠠ ᠠᠭᠤᠰᠤᠯᠴᠠᠬᠤ᠎ᠶ᠋ᠢᠨ ᠵᠠᠢᠯᠠᠰᠢ ᠥᠬᠡᠶ ᠰᠣᠩᠭᠣᠯᠲᠠ ᠮᠥᠨ᠂ ᠵᠢᠮ᠎ᠡ ᠶᠣᠰᠣᠨ᠎ᠤ ᠬᠠᠨᠳᠤᠰᠢ᠂ ᠶᠡᠬᠡ ᠪᠠᠢᠳᠠᠯ᠎ᠤᠨ ᠬᠠᠨᠳᠤᠰᠢ᠂ ᠠᠷᠠᠳ ᠲᠦᠮᠡᠨ᠎ᠦ ᠬᠦᠰᠡᠯ ᠡᠷᠡᠮᠡᠯᠵᠡᠯ ᠮᠥᠨ᠃ ᠪᠢᠳᠡ ᠶᠡᠷᠦᠩᠬᠡᠢ ᠱᠦᠵᠢ᠎ᠶ᠋ᠢᠨ ᠴᠢᠩ ᠰᠡᠳᠭᠢᠯ᠎ᠦᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠤᠯᠤᠰ ᠲᠦᠷᠦ᠍᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠦ᠍᠂ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠯ ᠬᠦᠴᠦᠨ᠎ᠢᠶᠡᠨ ᠪᠠᠲᠤᠯᠠᠵᠤ᠂ ᠡᠭᠦᠷᠢᠳᠡ ᠬᠣᠢᠷᠭᠣᠱᠢᠬᠤ ᠦᠭᠡᠢ᠂ ᠴᠤᠴᠠᠯᠲᠠ ᠦᠭᠡᠢ ᠤᠷᠤᠭ᠍ᠰᠢᠯᠠᠬᠤ ᠲᠡᠮᠡᠴᠡᠯ᠎ᠦᠨ ᠲᠦᠷᠢ ᠪᠠᠢᠳᠠᠯ᠎ᠢᠶᠠᠷ᠂ ᠱᠢᠨ᠎ᠡ ᠵᠠᠮ᠎ᠢᠶᠠᠷ ᠯᠠᠪᠳᠠᠭᠤᠨ ᠪᠠᠲᠤᠲᠠᠢ ᠰᠠᠢᠲᠤᠷ ᠵᠠᠮᠨᠠᠵᠤ᠂ ᠨᠠᠮ ᠪᠣᠯᠤᠨ ᠤᠯᠤᠰ᠎ᠤᠨ ᠠᠵᠢᠯ᠎ᠤᠨ ᠶᠡᠬᠡ ᠲᠠᠯ᠎ᠠ᠎ᠳᠤ ᠨᠡᠩ ᠶᠡᠬᠡ ᠱᠢᠨ᠎ᠡ ᠬᠤᠪᠢ ᠨᠡᠮᠡᠷᠢ ᠦᠵᠡᠭᠦᠯᠦᠨ᠎ᠡ᠃
ᠠᠯᠢᠪᠠ ᠠᠭᠤᠤ ᠶᠡᠬᠡ ᠠᠮᠵᠢᠯᠲᠠ ᠪᠦᠲᠦᠮᠵᠢ ᠪᠣᠯ ᠴᠥᠮ ᠲᠠᠰᠤᠷᠠᠯᠳᠠ ᠦᠭᠡᠢ ᠦᠷᠭᠦᠯᠵᠢᠯᠡᠨ ᠲᠡᠮᠡᠴᠡᠭ᠌ᠰᠡᠨ᠎ᠦ ᠦᠷ᠎ᠡ ᠳ᠋ᠦᠩ ᠮᠥᠨ᠂ ᠠᠯᠢᠪᠠ ᠠᠭᠤᠤ ᠶᠡᠬᠡ ᠦᠢᠯᠡᠰ᠎ᠢ ᠴᠥᠮ ᠤᠷᠢᠳᠤᠬᠢ᠎ᠶ᠋ᠢ ᠵᠠᠯᠭᠠᠮᠵᠢᠯᠠᠨ ᠬᠣᠢᠱᠢᠬᠢ᠎ᠳᠤ ᠵᠠᠮ ᠨᠡᠭᠡᠭᠡᠬᠦ᠌ ᠳᠤᠮᠳᠠ ᠠᠬᠢᠭᠤᠯᠬᠤ ᠴᠢᠬᠤᠯᠠᠲᠠᠢ ᠶᠤᠮ᠃ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ ᠪᠣᠯᠤᠭ᠍ᠰᠠᠨ᠎ᠤ ᠬᠤᠪᠢ᠎ᠳᠤ᠂ ᠨᠡᠢᠭᠡᠮ ᠵᠢᠷᠤᠮ᠎ᠤᠨ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ ᠠᠬᠢᠴᠠ ᠳᠤᠮᠳᠠ ᠦᠪᠦᠷ ᠮᠤᠩᠭᠤᠯ ᠤ᠋ᠨ ᠬᠠᠷᠢᠭᠤᠴᠠᠯᠭ᠎ᠠ ᠬᠦᠨᠳᠦ ᠶᠡᠬᠡ᠂ ᠡᠭᠦᠷᠭᠡ ᠦᠩᠭᠡ ᠭᠡᠷᠡᠯᠲᠡᠢ ᠶᠤᠮ᠃ ᠡᠨᠡ ᠨᠢ ᠪᠢᠳᠡᠨ ᠢ᠋ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠰᠠᠢᠲᠤᠷ ᠬᠠᠮᠠᠭᠠᠯᠠᠵᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠭᠦᠭᠵᠢᠬᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠰᠠᠢᠲᠤᠷ ᠵᠠᠮᠨᠠᠵᠤ᠂ 《 ᠬᠣᠶᠠᠷ ᠬᠠᠯᠬᠠᠪᠴᠢ 》᠂ 《 ᠬᠣᠶᠠᠷ ᠰᠠᠭᠤᠷᠢᠨ 》᠂ 《 ᠨᠢᠭᠡ ᠪᠡᠬᠢᠯᠡᠯᠲᠡ 》 ᠶ᠋ᠢ ᠲᠦᠷᠭᠡᠳᠭᠡᠨ ᠪᠥᠲᠥᠭᠡᠨ ᠪᠠᠢᠭᠤᠯᠬᠤ᠎ᠶ᠋ᠢ ᠱᠠᠭᠠᠷᠳᠠᠵᠤ ᠪᠠᠢᠨ᠎ᠠ᠃ ᠢᠷᠡᠭᠡᠳᠦᠢ᠎ᠶ᠋ᠢᠨ 5 ᠵᠢᠯ᠎ᠳᠦ᠂ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ ᠨᠡᠩ ᠶᠡᠬᠡ ᠦᠷ᠎ᠡ ᠪᠦᠲᠦᠭᠡᠯ ᠣᠯᠵᠤ᠂ ᠠᠮᠢ ᠠᠬᠤᠢ ᠣᠷᠴᠢᠨ ᠲᠣᠭᠣᠷᠢᠨ᠎ᠤ ᠥᠨᠳᠥᠷ ᠲᠦᠪᠱᠢᠨ ᠪᠦᠬᠦᠢ ᠬᠠᠮᠠᠭᠠᠯᠠᠯᠲᠠ ᠨᠡᠩ ᠶᠡᠬᠡ ᠦᠷ᠎ᠡ ᠪᠦᠲᠦᠮᠵᠢ ᠣᠯᠵᠤ᠂ ᠠᠷᠠᠳ ᠤᠯᠠᠨ᠎ᠤ ᠴᠢᠨᠠᠷ ᠰᠠᠢᠲᠠᠢ ᠠᠮᠢᠳᠤᠷᠠᠯ᠎ᠢ ᠡᠭᠦᠳᠬᠦ ᠳ᠋ᠤ ᠨᠡᠩ ᠶᠡᠬᠡ ᠠᠬᠢᠴᠠ᠎ᠲᠠᠶ ᠪᠣᠯᠭᠠᠵᠤ᠂ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ᠎ᠤ ᠥᠨᠳᠥᠷ ᠪᠦᠲᠦᠮᠵᠢᠲᠡᠢ ᠵᠠᠰᠠᠯᠲᠠ᠎ᠶᠢ ᠨᠡᠩ ᠶᠡᠬᠡ ᠱᠢᠪᠲᠤᠯᠤᠯᠲᠠ᠎ᠲᠠᠶ ᠪᠣᠯᠭᠠᠬᠤ᠎ᠳᠤ᠂ ᠪᠢᠳᠠ ᠶᠡᠷᠦᠩᠬᠡᠢ ᠱᠦᠵᠢ ᠰᠢ ᠵᠢᠨ ᠫᠢᠩ᠎ᠦᠨ ᠴᠢᠩ ᠰᠡᠳᠭᠢᠯ᠎ᠦᠨ ᠬᠦᠰᠡᠯ ᠨᠠᠢᠳᠠᠯᠭ᠎ᠠ᠎ᠶ᠋ᠢ ᠢᠮᠠᠭ᠍ᠲᠠ ᠪᠠᠲᠤ ᠴᠡᠭᠡᠵᠢᠯᠡᠵᠦ᠍᠂ 《ᠬᠣᠶᠠᠷ ᠶᠡᠬᠡ ᠲᠠᠯ᠎ᠠ》 ᠵᠢ ᠰᠡᠳᠭᠢᠯ᠎ᠳᠡᠭᠡᠨ ᠴᠡᠭᠡᠵᠢᠯᠡᠵᠤ᠂ 《ᠤᠯᠤᠰ᠎ᠤᠨ ᠶᠡᠬᠡ ᠶᠠᠪᠤᠳᠠᠯ》 ᠢ᠋ ᠰᠡᠳᠭᠢᠯ᠎ᠳᠡᠭᠡᠨ ᠪᠤᠳᠤᠵᠥ᠍᠂ ᠥᠷᠭᠡᠨ ᠬᠠᠷᠠᠭᠠᠰᠤ ᠡᠴᠡ ᠢᠷᠡᠭᠡᠳᠦᠢ᠎ᠪᠡᠨ ᠲᠥᠯᠥᠪᠵᠢᠭᠦᠯᠵᠦ᠍᠂ ᠡᠷᠡᠰ ᠪᠠᠲᠤ ᠢᠲᠡᠭᠡᠯ ᠵᠣᠷᠢᠭ᠎ᠢᠶᠠᠷ ᠢᠷᠡᠭᠡᠳᠦᠢ᠎ᠪᠡᠨ ᠤᠭ᠍ᠲᠤᠵᠤ᠂ ᠯᠠᠪᠳᠠᠭᠤᠨ ᠪᠠᠲᠤᠲᠠᠢ ᠠᠵᠢᠯ᠎ᠢᠶᠠᠷ ᠢᠷᠡᠭᠡᠳᠦᠢ᠎ᠪᠡᠨ ᠴᠣᠭ᠍ᠴᠠᠯᠠᠬᠤ᠎ᠶ᠋ᠢ ᠲᠤᠯᠭᠠᠮ ᠱᠠᠭᠠᠷᠳᠠᠵᠤ ᠪᠠᠢᠨ᠎ᠠ᠃
ᠲᠡᠦᠬᠡ ᠳ᠋ᠤ ᠳᠡᠪᠰᠢᠭᠦᠯᠬᠦ ᠬᠠᠮᠤᠭ ᠤ᠋ᠨ ᠰᠠᠢᠨ ᠬᠦᠨᠳᠦᠳᠭᠡᠯ ᠪᠤᠯ ᠰᠢᠨ᠎ᠠ ᠲᠡᠤᠬᠡ ᠵᠢ ᠪᠢᠴᠢᠭᠯᠡᠬᠦ ᠶᠠᠪᠤᠳᠠᠯ ᠪᠤᠯᠤᠨ᠎ᠠ; ᠢᠷᠡᠭᠡᠳᠦᠢ ᠵᠢ ᠰᠠᠢᠳᠤᠷ ᠡᠵᠡᠮᠳᠡᠶ᠎ᠠ ᠭᠡᠪᠡᠯ ᠨᠡᠩ ᠰᠠᠢ᠌ᠨ ᠰᠠᠢᠬᠠᠨ ᠢᠷᠡᠭᠡᠳᠦᠢ᠎ᠶ᠋ᠢ ᠨᠡᠭᠡᠭᠡᠬᠦ᠌ ᠬᠡᠷᠡᠭᠳᠠᠢ᠃ ᠶᠡᠬᠡ ᠬᠤᠷᠠᠯ᠎ᠳᠤ ᠣᠷᠣᠯᠴᠠᠬᠤ ᠲᠥᠯᠥᠭᠡᠯᠡᠭ᠌ᠴᠢᠳ ᠯᠠᠪᠲᠠᠢ ᠳᠡᠭᠡᠳᠦ ᠬᠡᠮᠵᠢᠶᠡᠨ᠎ᠦ ᠬᠠᠷᠢᠭᠤᠴᠠᠯᠭᠠᠲᠤ ᠰᠡᠳᠭᠢᠯᠭᠡ᠂ ᠡᠭᠦᠷᠭᠡᠲᠦ ᠰᠡᠳᠭᠢᠯᠭᠡ ᠪᠠ ᠣᠷᠭᠢᠯᠤᠮ᠎ᠠ ᠬᠠᠯᠠᠭᠤᠨ ᠤᠯᠤᠰ ᠲᠦᠷᠦ᠍᠎ᠶ᠋ᠢᠨ ᠰᠡᠳᠭᠢᠯᠭᠡ᠎ᠪᠡᠷ ᠶᠡᠬᠡ ᠬᠤᠷᠠᠯ᠎ᠢ ᠲᠤᠭ ᠢ᠋ ᠥᠨᠳᠥᠷ ᠮᠠᠨᠳᠤᠭᠤᠯᠤᠭ᠍ᠰᠠᠨ᠂ ᠪᠦᠯᠬᠦᠮᠳᠡᠨ ᠨᠢᠭ᠍ᠲᠠᠷᠠᠵᠤ ᠡᠷᠴᠢ ᠵᠣᠷᠢᠭ ᠢ᠋ ᠬᠥᠪᠴᠢᠯᠡᠭ᠌ᠰᠡᠨ᠂ ᠰᠤᠷᠲᠠᠯ ᠴᠢᠬᠡᠴᠢ ᠣᠪᠣᠷ ᠲᠥᠪ᠂ ᠡᠷᠡᠮᠡᠬᠡᠢᠯᠡᠨ ᠤᠷᠤᠭ᠍ᠰᠢᠯᠠᠭ᠍ᠰᠠᠨ ᠶᠡᠬᠡ ᠬᠤᠷᠠᠯ ᠪᠣᠯᠭᠠᠨ ᠬᠤᠷᠠᠯᠳᠤᠭᠤᠯᠬᠤ᠎ᠶ᠋ᠢ ᠪᠢᠳᠡ ᠪᠠᠲᠤ ᠢᠲᠡᠭᠡᠵᠦ᠍ ᠪᠠᠢᠨ᠎ᠠ᠃ ᠪᠢᠳᠡ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠡᠭᠦᠷᠭᠡ ᠬᠠᠷᠢᠭᠤᠴᠠᠯᠭ᠎ᠠ ᠵᠢ ᠵᠣᠷᠢᠭ᠍ᠲᠠᠢ ᠡᠭᠦᠷᠭᠡᠯᠡᠵᠦ᠍᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠵᠠᠮ ᠨᠡᠭᠡᠭᠡᠨ ᠤᠷᠤᠭ᠍ᠰᠢᠯᠠᠵᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠥᠪᠥᠷ ᠮᠣᠩᠭᠣᠯ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠢᠷᠠᠭᠤ ᠭᠠᠢᠬᠠᠮᠱᠢᠭ᠍ᠲᠤ ᠠᠶᠠᠨ᠎ᠳᠤ ᠲᠡᠦᠬᠡᠳᠦ ᠣᠰᠣᠯᠳᠠᠬᠤ ᠦᠭᠡᠢ᠂ ᠴᠠᠭ ᠦᠶ᠎ᠡ᠎ᠳᠦ ᠣᠰᠣᠯᠳᠠᠬᠤ ᠦᠭᠡᠢ᠂ ᠠᠷᠠᠳ ᠲᠦᠮᠡᠨ᠎ᠳᠦ ᠣᠰᠣᠯᠳᠠᠬᠤ ᠦᠭᠡᠢ ᠱᠢᠨ᠎ᠡ ᠢᠷᠠᠭᠤ ᠠᠯᠳᠠᠷ᠎ᠢ ᠪᠢᠴᠢᠭ᠌ᠯᠡᠰᠦᠭᠡᠢ᠃
ᠶᠡᠬᠡ ᠬᠤᠷᠠᠯ᠎ᠤᠨ ᠲᠡᠭᠦᠰ ᠠᠮᠵᠢᠯᠲᠠ ᠤᠯᠬᠤ᠎ᠶ᠋ᠢ ᠬᠦᠰᠡᠨ ᠵᠥᠩᠨᠡᠶ᠎ᠡ!
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃