ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠮᠡᠳᠡᠭᠡᠯᠡᠯ

2021-11-27 06:59:20

ᠵᠣᠬᠢᠶᠠᠭ᠍ᠴᠢ᠄ ᠴᠧᠨ ᠴᠦᠨ ᠶᠠᠨ ᠣᠩᠱᠢᠭ᠍ᠰᠠᠨ ᠣᠳᠠᠭ᠎ᠠ᠄ 3

ᠾᠧᠩ ᠱᠢᠶᠤᠤ ᠹᠠᠨ ᠬᠤᠷᠠᠯ ᠎ᠢ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠪᠠ


11 ᠰᠠᠷ᠎ᠠ ᠎ᠶ᠋ᠢᠨ 23 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ ᠨᠠᠮ᠎ᠤᠨ ᠬᠣᠷᠢᠶ᠎ᠠ (ᠥᠷᠭᠡᠳᠭᠡᠭ᠌ᠰᠡᠨ) ᠶ᠋ᠢᠨ ᠬᠤᠷᠠᠯ ᠬᠤᠷᠠᠯᠳᠤᠭᠤᠯᠵᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ ᠲᠤᠭᠤᠱᠢᠯᠠᠭᠤᠯᠪᠠ᠃

ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭ᠌ᠴᠢ᠂ ᠳᠣᠲᠣᠭᠠᠳᠤ ᠎ᠶ᠋ᠢ ᠬᠠᠮᠠᠭᠠᠯᠠᠬᠤ ᠲᠢᠩᠬᠢᠮ᠎ᠦᠨ ᠳᠠᠷᠤᠭ᠎ᠠ ᠾᠧᠩ ᠱᠢᠶᠤᠤ ᠹᠠᠨ ᠬᠤᠷᠠᠯ᠎ᠢ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠪᠠ᠃

ᠬᠤᠷᠠᠯ᠎ᠠᠴᠠ᠂ ᠪᠥᠬᠥ᠌ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠣᠯᠤᠨ ᠳᠣᠲᠣᠭᠠᠳᠤ ᠎ᠶ᠋ᠢ ᠬᠠᠮᠠᠭᠠᠯᠠᠬᠤ ᠶᠠᠮᠤᠨ ᠎ᠤ ᠪᠠᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ ᠎ᠤ ᠲᠥᠪ ᠬᠣᠷᠢᠶᠠᠨ ᠎ᠤ ᠵᠢᠷᠭᠤᠳᠤᠭᠠᠷ ᠪᠥᠬᠥᠳᠡ ᠬᠤᠷᠠᠯ ᠎ᠤᠨ ᠵᠣᠷᠢᠭ ᠰᠠᠨᠠᠭ᠎ᠠ ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠬᠤ ᠎ᠶ᠋ᠢ ᠣᠳᠣᠬᠠᠨ ᠎ᠤ ᠲᠡᠷᠢᠭᠦᠨ ᠴᠢᠬᠤᠯᠠ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠣᠨᠣᠯ ᠰᠤᠷᠤᠯᠴᠠᠬᠤ ᠭᠤᠤᠯ ᠳᠤᠭᠤᠢᠯᠠᠩ᠎ᠤᠨ ᠰᠤᠷᠤᠯᠴᠠᠯᠭ᠎ᠠ ᠎ᠶ᠋ᠢᠨ ᠭᠤᠤᠯᠳᠠᠯᠭ᠎ᠠ᠎ᠪᠣᠯᠭᠠᠵᠤ᠂ ᠤᠳᠤᠷᠢᠳᠭᠤ ᠺᠠᠳ᠋ᠷᠴᠤᠳ ᠵᠢᠱ᠌ᠢᠶ᠎ᠡ ᠦᠵᠡᠭᠦᠯᠵᠦ᠍ ᠬᠥᠲᠥᠯᠥᠨ ᠳᠠᠭᠠᠭᠤᠯᠬᠤ ᠦᠶ᠋ᠯᠡᠳᠦᠯ ᠎ᠢᠶᠡᠨ ᠭᠦᠶ᠋ᠴᠡᠳ ᠪᠠᠳᠠᠷᠠᠭᠤᠯᠵᠤ᠂ ᠥᠷᠭᠡᠨ ᠳᠡᠯᠭᠡᠷ ᠭᠦᠨᠵᠡᠭᠡᠶ ᠤᠬᠠᠭᠤᠯᠤᠨ ᠲᠠᠢᠯᠪᠤᠷᠢᠯᠠᠵᠤ᠂ ᠲᠦᠷᠦᠭᠦᠯᠡᠨ ᠰᠤᠷᠤᠯᠴᠠᠵᠤ᠂ ᠲᠦᠷᠦᠭᠦᠯᠡᠨ ᠪᠣᠳᠣᠯᠬᠢᠯᠠᠵᠤ᠂᠎ᠲᠦᠷᠦᠭᠦᠯᠡᠨ᠎ᠨᠠᠢᠳᠠᠪᠤᠷᠢᠵᠢᠭᠤᠯᠵᠤ᠂᠎ᠥᠷᠭᠡᠨ᠎ᠣᠯᠠᠨ᠎ᠠᠷᠠᠳ᠎ᠤᠨ ᠴᠠᠭ᠍ᠳᠠᠭ᠎ᠠ᠎ᠳᠤ ᠰᠠᠢᠨ ᠥᠯᠢᠭᠡᠷ ᠵᠢᠱ᠌ᠢᠶ᠎ᠡ ᠪᠣᠯᠵᠣ᠂ ᠰᠠᠢᠨ ᠬᠡᠪ ᠲᠠᠭᠤᠷᠢᠶᠠᠯ ᠦᠵᠡᠬᠦᠯᠬᠦ ᠬᠡᠷᠡᠭ᠌ᠲᠡᠶ᠃ ᠪᠥᠬᠥᠳᠡ ᠬᠤᠷᠠᠯ ᠎ᠤᠨ ᠵᠣᠷᠢᠭ ᠰᠠᠨᠠᠭ᠎ᠠ ᠎ᠶ᠋ᠢ ᠪᠥᠬᠥ᠌ ᠴᠠᠭ᠍ᠳᠠᠭ᠎ᠠ ᠎ᠶ᠋ᠢᠨ ᠤᠯᠤᠰ ᠲᠥᠷᠥ ᠎ᠶ᠋ᠢᠨ ᠡᠭᠡᠯᠵᠢᠯᠡᠨ ᠪᠣᠯᠪᠠᠰᠤᠷᠠᠭᠤᠯᠬᠤ ᠴᠢᠬᠤᠯᠠ ᠠᠭᠤᠯᠭ᠎ᠠ ᠪᠣᠯᠭᠠᠵᠤ᠂ ᠰᠠᠯᠠᠭ᠎ᠠ ᠮᠥᠴᠢᠷ᠎ᠦᠨ ᠴᠠᠭ᠍ᠳᠠᠭᠠᠨ᠎ᠤ ᠲᠥᠷᠥᠯ᠎ᠦᠨ ᠪᠣᠳᠠᠲᠤ ᠪᠠᠢᠳᠠᠯ᠎ᠲᠠᠶ ᠨᠢᠭ᠍ᠲᠠ ᠤᠶᠠᠯᠳᠤᠭᠤᠯᠤᠨ᠂ ᠣᠯᠠᠨ ᠲᠠᠰ ᠳᠠᠪᠬᠤᠷᠭ᠎ᠠ᠎ᠶ᠋ᠢᠨ ᠰᠤᠷᠤᠯᠴᠠᠨ ᠲᠤᠭᠤᠱᠢᠯᠠᠭᠤᠯᠬᠤ ᠠᠵᠢᠯᠯᠠᠭ᠎ᠠ᠎ᠶ᠋ᠢ ᠥᠷᠨᠢᠭᠦᠯᠵᠦ᠍᠂ 《ᠳᠥᠷᠪᠡᠨ ᠲᠡᠮᠦᠷ ᠮᠡᠲᠦ ᠪᠠᠲᠤ ᠴᠢᠩᠭ᠎ᠠ》 ᠡᠩᠨᠡᠭᠡ ᠎ᠶ᠋ᠢ ᠳᠠᠪᠲᠠᠨ ᠪᠣᠯᠪᠠᠰᠤᠷᠠᠭᠤᠯᠵᠤ᠂ 《ᠬᠣᠶᠠᠷ ᠬᠠᠯᠬᠠᠪᠴᠢ》᠎ᠶ᠋ᠢᠨ ᠱᠢᠳᠤᠷᠭᠤ ᠬᠠᠮᠠᠭᠠᠯᠠᠭ᠍ᠴᠢ ᠪᠣᠯᠬᠤ ᠬᠡᠷᠡᠭ᠌ᠲᠡᠶ᠃ ᠳᠣᠲᠣᠭᠠᠳᠤ ᠎ᠶ᠋ᠢ ᠬᠠᠮᠠᠭᠠᠯᠠᠬᠤ ᠪᠠᠢᠭᠤᠯᠭ᠎ᠠ ᠎ᠶ᠋ᠢᠨ ᠡᠬᠦᠷᠭᠡ ᠲᠤᠱᠢᠶᠠᠯ ᠎ᠢ ᠪᠠᠲᠤ ᠡᠵᠡᠮᠳᠡᠵᠦ᠍᠂ ᠲᠡᠮᠡᠴᠡᠯ᠎ᠦᠨ ᠵᠣᠷᠢᠭ ᠰᠠᠨᠠᠭ᠎ᠠ ᠎ᠶ᠋ᠢ ᠪᠠᠳᠠᠷᠠᠭᠤᠯᠵᠤ᠂ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠯ ᠬᠦᠴᠦᠨ᠎ᠢ ᠪᠠᠲᠤᠯᠠᠵᠤ᠂ ᠬᠣᠷᠢᠭ᠎ᠠ ᠱᠤᠭᠤᠮ᠎ᠤᠨ ᠰᠡᠳᠭᠢᠬᠦᠢ᠎ᠶ᠋ᠢ ᠴᠢᠩᠭᠠᠳᠭᠠᠵᠤ᠂ ᠡᠯ᠎ᠡ ᠲᠦᠷᠦᠯ᠎ᠦᠨ ᠬᠦᠨᠳᠦ ᠶᠡᠬᠡ ᠠᠶᠤᠯ ᠲᠦᠭ᠌ᠰᠢᠭᠦᠷᠢ ᠎ᠶ᠋ᠢ ᠪᠦᠲᠦᠮᠵᠢᠲᠡᠢ ᠰᠡᠷᠭᠡᠢᠯᠡᠨ ᠠᠷᠢᠯᠭᠠᠵᠤ᠂ ᠨᠡᠢᠭᠡᠮ ᠎ᠦᠨ ᠠᠮᠤᠷ ᠢ᠋ ᠬᠠᠮᠠᠭᠠᠯᠠᠬᠤ ᠴᠢᠩᠭ᠎ᠠ ᠴᠣᠬᠢᠯᠲᠠ ᠥᠭ᠌ᠬᠦ ᠰᠦᠷ ᠬᠦᠴᠦᠲᠦ ᠪᠠᠢᠳᠠᠯ᠎ᠢ ᠢᠮᠠᠭ᠍ᠲᠠ ᠪᠠᠲᠤᠯᠠᠵᠤ᠂ ᠨᠡᠢᠭᠡᠮ᠎ᠦᠨ ᠶᠡᠬᠡ ᠲᠠᠯ᠎ᠠ᠎ᠶ᠋ᠢᠨ ᠦᠷᠭᠦᠯᠵᠢᠯᠡᠨ ᠠᠮᠤᠷ ᠲᠦᠪᠱᠢᠨ ᠲᠣᠭ᠍ᠲᠠᠭᠤᠨ ᠪᠠᠢᠬᠤ ᠎ᠶ᠋ᠢ ᠪᠠᠲᠤᠯᠠᠬᠤ ᠬᠡᠷᠡᠭ᠌ᠲᠡᠢ ᠭᠡᠵᠦ ᠱᠠᠭᠠᠷᠳᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面