ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠮᠡᠳᠡᠭᠡᠯᠡᠯ

2021-11-28 10:13:31

ᠵᠣᠬᠢᠶᠠᠭ᠍ᠴᠢ᠄ ᠬᠠᠨ ᠱᠢᠤᠸᠠᠢ ᠷᠦ᠋ ᠴᠠᠢ ᠰᠧ ᠶᠤᠸᠠᠨ ᠾᠦᠸᠸ ᠱᠢᠶᠤᠤ ᠴᠢᠩ ᠯᠢ ᠵᠦᠸᠸ ᠣᠩᠱᠢᠭ᠍ᠰᠠᠨ ᠣᠳᠠᠭ᠎ᠠ᠄ 3

11 ᠰᠠᠷ᠎ᠠ᠎ᠶ᠋ᠢᠨ 27 ᠤ᠋ ᠦᠳᠡ ᠶ᠋ᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠦᠪᠡᠳᠡᠭ᠌ᠰᠢ ᠶᠡᠬᠡ᠎ᠪᠡᠷ ᠡᠬᠢᠯᠡᠪᠡ᠃ ᠱ᠌ᠢ᠎ᠲᠡᠶ ᠹᠸᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠎ᠤ ᠠᠷᠪᠠᠳᠤᠭᠠᠷ ᠬᠤᠭᠤᠴᠠᠭᠠᠨ᠎ᠤ ᠬᠣᠷᠢᠶ᠎ᠠ ᠵᠢ ᠲᠦᠯᠦᠭᠡᠯᠡᠨ ᠶᠡᠬᠡ ᠬᠤᠷᠠᠯ ᠳ᠋ᠤ ᠬᠢᠭᠰᠡᠨ ᠢᠯᠡᠳᠭᠡᠯ ᠨᠢ ᠲᠥᠯᠥᠭᠡᠯᠡᠭ᠌ᠴᠢᠳ᠎ᠦᠨ ᠳᠤᠮᠳᠠ ᠬᠠᠯᠠᠭᠤᠨ ᠲᠤᠰᠭᠠᠯ ᠭᠠᠷᠪᠠ᠃ ᠤᠯᠠᠨ᠎ᠢᠶᠠᠷ᠎ᠢᠶᠠᠨ᠂ ᠢᠯᠡᠳᠭᠡᠯ ᠨᠢ ᠥᠨᠳᠥᠷ᠎ᠲᠦ ᠵᠣᠭ᠍ᠰᠣᠨ ᠠᠯᠤᠰ᠎ᠢ ᠪᠠᠷᠠᠯᠠᠵᠦ᠍᠂ ᠠᠯᠤᠰ ᠬᠡᠳᠤ᠎ᠶ᠋ᠢᠨ ᠵᠣᠷᠢᠯᠲᠠ᠎ᠲᠠᠶ ᠪᠠᠢᠵᠤ᠂ ᠮᠠᠰᠢ ᠴᠢᠩᠭ᠎ᠠ ᠦᠵᠡᠯ ᠰᠠᠨᠠᠭᠠᠴᠢ ᠴᠢᠨᠠᠷ᠂ ᠤᠯᠤᠰ ᠲᠦᠷᠦᠴᠢ ᠴᠢᠨᠠᠷ᠂ ᠪᠠᠷᠠᠯᠠᠯᠳᠤ ᠴᠢᠨᠠᠷ ᠪᠠ ᠬᠡᠷᠡᠭ᠌ᠵᠢᠭᠦᠯᠬᠦᠢᠴᠡ ᠴᠢᠨᠠᠷ᠎ᠲᠠᠶ ᠪᠠᠢᠵᠤ᠂ ᠥᠪᠥᠷ ᠮᠣᠩᠭᠣᠯ᠎ᠤᠨ ᠢᠷᠡᠭᠡᠳᠦᠢ᠎ᠶ᠋ᠢᠨ ᠲᠠᠪᠤᠨ ᠵᠢᠯ᠎ᠦᠨ ᠬᠥᠭ᠌ᠵᠢᠯᠲᠡ᠎ᠶ᠋ᠢᠨ ᠵᠦᠭ᠌ᠯᠡᠭᠦᠷ᠂ ᠵᠠᠮ᠎ᠤ᠋ᠨ ᠵᠢᠷᠤᠭ᠂ ᠡᠭᠦᠷᠭᠡ᠎ᠶ᠋ᠢᠨ ᠪᠢᠴᠢᠭ ᠪᠣᠯᠤᠨ᠎ᠠ ᠭᠡᠵᠦ ᠰᠠᠨᠠᠯ ᠨᠢᠭᠡᠳᠡᠢ ᠦᠵᠡᠵᠡᠭᠡᠪᠡ᠃

ᠲᠥᠯᠥᠭᠡᠯᠡᠭ᠌ᠴᠢᠳ᠂ 《ᠱᠢᠪᠲᠤᠯᠤᠯᠲᠠ ᠬᠢᠬᠦ᠌》 ᠵᠣᠷᠢᠭ ᠰᠠᠨᠠᠭ᠎ᠠ᠂ 《ᠡᠭᠦᠳᠦᠨ ᠪᠦᠲᠦᠭᠡᠬᠦ᠌》 ᠡᠷᠴᠢ ᠵᠣᠷᠢᠭ᠂ 《ᠰᠠᠢᠨ ᠠᠵᠢᠯᠯᠠᠬᠤ》 ᠬᠡᠪ ᠰᠤᠷᠲᠠᠯ᠎ᠢᠶᠠᠨ ᠡᠭᠦᠷᠢᠳᠡ ᠪᠠᠷᠢᠮᠳᠠᠯᠠᠵᠤ᠂ ᠶᠡᠷᠦᠩᠬᠡᠶ ᠱᠦᠵᠢ ᠰᠢ᠎ᠶ᠋ᠢᠨ ᠫᠢᠩ ᠪᠣᠯᠤᠨ ᠨᠠᠮ ᠎ᠤᠨ ᠲᠥᠪ ᠬᠣᠷᠢᠶᠠᠨ᠎ᠤ ᠥᠪᠥᠷ ᠮᠣᠩᠭᠣᠯ ᠎ᠳᠤ ᠲᠣᠭ᠍ᠲᠠᠭᠠᠵᠤ ᠦᠭᠬᠦᠭᠰᠡᠨ ᠪᠠᠢᠯᠳᠤᠬᠤ ᠪᠣᠳᠣᠯᠭ᠎ᠠ ᠎ᠶ᠋ᠢᠨ ᠪᠠᠢᠷᠢ ᠲᠣᠭ᠍ᠲᠠᠭᠠᠯᠲᠠ ᠪᠣᠯᠤᠨ ᠠᠵᠢᠯᠯᠠᠭᠠᠨ᠎ᠤ ᠬᠥᠲᠥᠯᠪᠦᠷᠢ᠎ᠶ᠋ᠢ ᠦᠨᠡᠨ ᠬᠦ᠌ ᠱᠢᠨ᠎ᠡ ᠴᠠᠭ ᠦᠶ᠎ᠡ᠎ᠳᠦ ᠡᠷᠡᠯᠬᠡᠭ᠌ᠯᠡᠨ ᠲᠡᠮᠡᠴᠡᠬᠦ᠌᠂ ᠱᠢᠨ᠎ᠡ ᠠᠶᠠᠨ᠎ᠳᠤ ᠡᠷᠡᠮᠡᠭᠡᠢᠯᠡᠨ ᠤᠷᠤᠭ᠍ᠰᠢᠯᠠᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ 《ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢᠶᠠᠨ ᠪᠥᠲᠥᠭᠡᠨ ᠪᠠᠢᠭᠤᠯᠵᠤ ᠠᠭᠤᠤ ᠶᠡᠬᠡ ᠳᠤᠮᠳᠠᠳᠤ᠎ᠶ᠋ᠢᠨ ᠵᠡᠭᠦᠳᠦ᠍᠎ᠪᠡᠨ ᠬᠠᠮᠲᠤ᠎ᠪᠠᠷ ᠲᠡᠷᠭᠡᠯᠱᠢᠭᠦᠯᠬᠦ᠌》 ᠠᠮᠢᠳᠤᠯᠢᠭ ᠦᠶ᠋ᠯᠡᠳᠦᠯᠭᠡ ᠪᠣᠯᠭᠠᠨ ᠬᠤᠪᠢᠷᠠᠭᠤᠯᠤᠨ᠎ᠠ ᠭᠡᠵᠦ᠍ ᠢᠯᠡᠳᠭᠡᠵᠡᠭᠡᠪᠡ᠃

ᠲᠦᠩᠯᠢᠶᠣᠤ ᠬᠤᠳᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠳ᠋ᠤ ᠲᠥᠯᠥᠭᠡᠯᠡᠭ᠌ᠴᠢᠳ ᠬᠥᠭ᠌ᠵᠢᠶᠡᠨᠲᠡᠢ ᠶᠠᠷᠢᠯᠴᠠᠵᠤ ᠪᠠᠢᠪᠠ᠃ ᠤᠯᠠᠨ᠎ᠢᠶᠠᠷ᠎ᠢᠶᠠᠨ᠂ ᠢᠯᠡᠳᠭᠡᠯ᠎ᠳᠦ ᠠᠮᠵᠢᠯᠲᠠ ᠪᠦᠲᠦᠮᠵᠢ᠎ᠵᠢ ᠳ᠋ᠦᠩᠨᠡᠭ᠌ᠰᠡᠨ ᠨᠢ ᠪᠤᠰᠤᠳᠴᠢ ᠪᠥᠭᠡᠳ ᠦᠨᠡᠨ ᠪᠣᠳᠠᠲᠠᠢ ᠂ ᠵᠢᠷᠤᠭ ᠲᠥᠯᠥᠪᠯᠡᠭᠡ ᠨᠢ ᠬᠥᠮᠦᠰ ᠎ᠢ ᠤᠷᠮᠠᠱᠢᠭᠤᠯᠤᠨ ᠵᠣᠷᠢᠭ᠍ᠵᠢᠭᠤᠯᠵᠤ᠂ ᠪᠠᠢᠷᠢᠯᠠᠭᠤᠯᠤᠯᠲᠠ ᠠᠷᠭ᠎ᠠ ᠬᠡᠮᠵᠢᠢ᠎ᠡ ᠨᠢ ᠣᠨᠣᠪᠴᠢᠲᠠᠢ ᠪᠥᠭᠡᠳ ᠬᠦᠴᠦᠲᠡᠢ ᠪᠠᠢᠵᠤ᠂ ᠲᠤᠭ᠎ᠢ ᠥᠨᠳᠥᠷ ᠮᠠᠨᠳᠤᠭᠤᠯᠤᠭᠰᠠᠨ᠂ ᠪᠦᠬᠦ᠌ ᠲᠠᠯ᠎ᠠ᠎ᠶ᠋ᠢ ᠪᠠᠷᠠᠯᠠᠭᠰᠠᠨ᠂ ᠡᠷᠡᠰ ᠪᠠᠳᠦ ᠤᠪᠤᠷ᠎ᠢ ᠢᠯᠡᠷᠡᠬᠦᠯᠦᠭᠰᠡᠨ ᠤᠯᠤᠰ ᠲᠦᠷᠦ᠍ᠴᠢ ᠴᠢᠨᠠᠷ ᠲᠠᠢ ᠢᠯᠡᠳᠭᠡᠯ ᠪᠤᠯᠵᠠᠢ᠂ ᠣᠷᠣᠨ ᠪᠠᠢᠷᠢ᠎ᠪᠠᠨ ᠣᠨᠣᠪᠴᠢᠲᠠᠢ ᠡᠵᠡᠮᠳᠡᠵᠦ᠍᠂ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠭ᠌ᠰᠡᠨ᠂ ᠢᠯᠡ ᠲᠣᠳᠣ ᠴᠠᠭ ᠦᠶᠡᠴᠢ ᠴᠢᠨᠠᠷᠲᠠᠢ ᠢᠯᠡᠳᠭᠡᠯ ᠪᠤᠯᠤᠨ᠎ᠠ ᠭᠡᠵᠦ᠍ ᠰᠠᠨᠠᠯ ᠨᠢᠭᠡᠳᠡᠢ ᠦᠵᠡᠵᠡᠭᠡᠪᠡ᠃ ᠲᠥᠯᠥᠭᠡᠯᠡᠭ᠌ᠴᠢᠳ᠂ ᠢᠯᠡᠳᠭᠡᠯ ᠨᠢ ᠤᠯᠤᠰ ᠲᠦᠷᠦ᠍᠎ᠶ᠋ᠢᠨ ᠵᠦᠭ᠌ᠯᠡᠭᠦᠷ᠎ᠢᠶᠡᠷ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠪᠠᠢᠷᠢ ᠲᠣᠭ᠍ᠲᠠᠭᠠᠯᠲᠠ ᠴᠢᠭ᠌ᠯᠡᠯ᠎ᠢ ᠲᠣᠭ᠍ᠲᠠᠭᠠᠬᠤ᠎ᠶ᠋ᠢ ᠪᠠᠷᠢᠮᠲᠠᠯᠠᠭᠰᠠᠨ ᠵᠢᠡᠷ ᠢᠷᠡᠭᠡᠳᠦᠢ᠎ᠶ᠋ᠢᠨ ᠲᠠᠪᠤᠨ ᠵᠢᠯ᠎ᠦᠨ ᠠᠵᠢᠯ᠎ᠢ ᠰᠠᠢᠲᠤᠷ ᠬᠢᠬᠦ᠌᠎ᠳᠦ ᠴᠢᠬᠤᠯᠠ ᠵᠢᠯᠣᠭᠣᠳᠭᠤ ᠠᠴᠢ ᠬᠣᠯᠪᠣᠭ᠍ᠳᠠᠯ᠎ᠲᠠᠶ᠂ ᠡᠷᠬᠡᠪᠰᠢ ᠭᠦᠨᠵᠡᠭᠡᠢ ᠤᠢ᠍ᠢᠯᠠᠭᠠᠨ ᠣᠨᠣᠪᠴᠢᠲᠠᠢ ᠡᠵᠡᠮᠳᠡᠵᠦ᠍᠂ ᠪᠣᠳᠠᠲᠤ ᠪᠠᠢᠳᠠᠯ ᠎ᠲᠠᠶ ᠎ᠪᠠᠨ ᠤᠶᠠᠯᠳᠤᠭᠤᠯᠤᠨ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠬᠡᠷᠡᠭ᠌ᠲᠡᠢ ᠭᠡᠵᠦ᠍ ᠦᠵᠡᠵᠡᠭᠡᠪᠡ᠃

ᠴᠢᠭ᠌ᠯᠡᠯ ᠎ᠢ ᠲᠣᠳᠣᠷᠬᠠᠢᠯᠠᠵᠤ᠂ ᠬᠥᠮᠦᠰ᠎ᠦᠨ ᠰᠡᠳᠭᠢᠯ᠎ᠢ ᠨᠢᠭ᠍ᠲᠠᠷᠠᠭᠤᠯᠵᠤ᠂ ᠡᠷᠴᠢ ᠵᠣᠷᠢᠭ᠎ᠢ ᠬᠥᠪᠴᠢᠯᠡᠨ᠎ᠡ᠃ ᠢᠯᠡᠳᠬᠡᠯ ᠨᠢ ᠤᠷᠳᠤᠰ ᠬᠤᠳᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠯᠢ ᠱᠢᠶᠠ ᠲᠥᠯᠥᠭᠡᠯᠡᠭ᠌ᠴᠢ᠎ᠳᠤ ᠡᠭᠦᠷᠭᠡ ᠬᠠᠷᠢᠭᠤᠴᠠᠯᠭ᠎ᠠ ᠬᠦᠨᠳᠦ ᠪᠠᠢᠬᠤ᠎ᠶ᠋ᠢ ᠮᠡᠳᠡᠷᠡᠭᠦᠯᠪᠡ᠃ ᠯᠢ ᠱᠢᠶᠠ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠬᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠥᠬᠡᠶ ᠵᠠᠮᠨᠠᠬᠤ᠎ᠨᠢ ᠢᠯᠡᠳᠭᠡᠯ᠎ᠤᠨ ᠪᠥᠬᠥ᠌ ᠠᠭᠤᠯᠭ᠎ᠠ᠎ᠳᠤ ᠲᠤᠭᠤᠱᠢᠯᠠᠭ᠍ᠳᠠᠵᠤ ᠪᠠᠢᠨ᠎ᠠ᠂ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠬᠦᠷᠢᠶᠡᠨ᠎ᠳᠡᠬᠢ ᠨᠢᠭᠡᠨ ᠦᠨᠳᠦᠰᠦᠨ ᠱᠠᠲᠤᠨ᠎ᠤ ᠨᠠᠮ᠎ᠤᠨ ᠲᠥᠯᠥᠭᠡᠯᠡᠭ᠌ᠴᠢ ᠪᠣᠯᠤᠭ᠍ᠰᠠᠨ᠎ᠤ ᠬᠤᠪᠢ᠎ᠳᠤ᠂ ᠪᠢ ᠡᠭᠦᠷᠭᠡ ᠬᠠᠷᠢᠭᠤᠴᠠᠯᠭ᠎ᠠ ᠢᠷᠠᠭᠤ ᠠᠯᠳᠠᠷ᠎ᠲᠠᠶ ᠭᠡᠳᠡᠭ᠎ᠢᠶᠡᠨ ᠭᠦᠨ ᠮᠡᠳᠡᠷᠡᠵᠦ᠍ ᠪᠠᠢᠨ᠎ᠠ᠃ ᠲᠠᠷᠠᠭᠠᠴᠢ᠎ᠶ᠋ᠢᠨ ᠠᠯᠬᠤᠮ᠎ᠳᠤ᠂ ᠣᠷᠳᠣᠰ ᠬᠣᠲᠠ᠎ᠶ᠋ᠢᠨ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠱᠢᠰᠲ᠋ᠧᠮ᠎ᠳᠦ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠦᠳᠲᠡᠷ ᠲᠦᠷᠭᠡᠨ ᠥᠷᠭᠡᠨ᠎ᠢᠶᠡᠷ᠎ᠤᠯᠠᠮᠵᠢᠯᠠᠵᠤ᠂᠎ᠪᠣᠬᠢᠷᠲᠤᠯ᠎ᠥᠬᠡᠶ᠂ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠪᠠ ᠦᠷᠭᠦᠯᠵᠢᠯᠡᠬᠦᠢᠴᠡ ᠬᠦᠭᠵᠢᠯᠳᠡ᠎ᠪᠡᠷ ᠭᠤᠤᠯ ᠪᠣᠯᠭᠠᠵᠤ᠂ ᠪᠠᠷᠢᠯᠭ᠎ᠠ᠎ᠶ᠋ᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠬᠥᠭ᠌ᠵᠢᠭᠦᠯᠬᠦ᠌ ᠬᠠᠷᠠᠯᠲᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠠᠷᠠᠳ᠎ᠤᠨ ᠬᠡᠷᠡᠭ᠌ᠯᠡᠭᠡᠨ᠎ᠦ ᠪᠠᠷᠢᠯᠭ᠎ᠠ᠎ᠶ᠋ᠢᠨ ᠡᠨᠧᠷᠭᠢ ᠠᠷᠪᠢᠯᠠᠬᠤ ᠬᠠᠮᠢᠶᠠᠷᠤᠯᠲᠠ᠎ᠶ᠋ᠢ ᠴᠢᠩᠭᠠᠳᠭᠠᠵᠤ᠂ ᠪᠣᠬᠢᠷᠲᠤᠯ ᠥᠬᠡᠶ ᠪᠠᠷᠢᠯᠭ᠎ᠠ᠎ᠶ᠋ᠢᠨ ᠬᠥᠭ᠌ᠵᠢᠯᠲᠡ᠎ᠶ᠋ᠢ ᠠᠬᠢᠭᠤᠯᠤᠨ᠎ᠠ ᠭᠡᠵᠦ ᠢᠯᠡᠷᠭᠡᠢᠯᠡᠵᠦ ᠪᠠᠢᠯ᠎ᠠ᠃

ᠪᠠᠶᠠᠨᠨᠠᠭᠤᠷ ᠬᠤᠳᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠵᠠᠩ ᠰᠠᠨ ᠮᠢᠩ ᠲᠥᠯᠥᠭᠡᠯᠡᠭ᠌ᠴᠢ ᠢᠯᠡᠳᠬᠡᠯ᠎ᠢ ᠰᠣᠨᠣᠰᠤᠭᠠᠳ ᠰᠡᠳᠬᠢᠭᠳᠡᠯ ᠮᠠᠰᠢ ᠬᠦᠨ ᠪᠠᠢᠯ᠎ᠠ᠃ ᠲᠡᠷᠡ᠄ 《ᠡᠳᠡᠭᠡᠷ ᠵᠢᠯ᠎ᠦᠳ᠎ᠲᠦ ᠮᠠᠨ᠎ᠤ ᠲᠠᠷᠢᠶᠠᠴᠢᠳ ᠤᠯᠤᠯᠳᠠ ᠶᠡᠬᠡ᠂ ᠬᠥᠳᠡᠭᠡ ᠲᠣᠰᠭᠣᠨ᠎ᠳᠤ ᠵᠠᠮ ᠨᠡᠪᠲᠡᠷᠡᠵᠦ᠍᠂ ᠲᠡᠷᠭᠡ ᠨᠡᠪᠲᠡᠷᠡᠵᠦ᠍᠂ ᠮᠡᠳᠡᠭᠡ ᠵᠠᠩᠭᠢ ᠨᠡᠪᠲᠡᠷᠡᠵᠦ᠍᠂ ᠤᠰᠤ᠂ ᠴᠠᠬᠢᠯᠭᠠᠨ᠂ ᠵᠣᠷᠯᠣᠩ᠂ ᠨᠡᠢᠭᠡᠮ᠎ᠦᠨ ᠪᠠᠲᠤᠯᠠᠭ᠎ᠠ᠂ ᠬᠣᠷᠱᠢᠭ᠍ᠰᠠᠨ ᠡᠮ ᠡᠮᠨᠡᠯᠭᠡ ᠪᠦᠬᠦᠨ᠎ᠢ ᠪᠦᠷᠬᠦᠬᠦᠯᠪᠡ᠃ ᠭᠠᠵᠠᠷ ᠳᠠᠷᠢᠶ᠎ᠠ ᠵᠠᠯᠭᠠᠯᠳᠤᠨ᠂ ᠤᠢ ᠮᠣᠳᠣ ᠰᠦᠯᠵᠢᠯᠳᠦᠵᠦ᠂ ᠠᠢᠯ ᠲᠣᠰᠭᠣᠨ ᠦᠵᠡᠰᠭᠦᠯᠡᠩᠲᠦ ᠰᠠᠢᠬᠠᠨ ᠪᠤᠯᠵᠤ᠂ ᠤᠯᠠᠨ ᠲᠦᠮᠡᠨ᠎ᠤ ᠰᠠᠢ᠌ᠨ ᠰᠠᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ ᠤᠯᠠᠮ ᠴᠢᠩᠭᠠᠷᠠᠪᠠ᠃ ᠢᠯᠡᠳᠭᠡᠯ᠎ᠨᠢ ᠮᠢᠨᠦ᠍ ᠠᠵᠢᠯ ᠬᠢᠵᠦ᠍ ᠦᠶ᠋ᠯᠡᠰ ᠪᠤᠰᠭᠠᠬᠤ ᠬᠠᠷᠢᠭᠤᠴᠠᠯᠭᠠᠲᠤ ᠰᠡᠳᠭᠢᠯᠭᠡ ᠪᠠ ᠡᠬᠦᠷᠭᠡᠳᠦ ᠰᠡᠳᠬᠢᠯᠭᠡ᠎ᠶ᠋ᠢ ᠨᠠᠩ ᠬᠥᠭ᠌ᠵᠢᠭᠡᠪᠡ᠂ ᠪᠢ ᠲᠦᠷᠦᠭᠦᠯᠡᠨ ᠰᠠᠢᠲᠤᠷ ᠰᠤᠷᠤᠯᠴᠠᠵᠤ᠂ ᠢᠯᠡᠳᠬᠡᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠤᠬᠠᠭᠤᠯᠵᠤ᠂ ᠰᠠᠢᠲᠤᠷ ᠨᠠᠢᠳᠠᠪᠤᠷᠢᠵᠢᠭᠤᠯᠵᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠥᠪᠡᠷ᠎ᠦᠨ ᠬᠦᠴᠦᠨ ᠴᠢᠳᠠᠯ᠎ᠢᠶᠠᠨ ᠡᠷᠭᠦᠨ᠎ᠡ》 ᠬᠡᠪᠡ᠃

《ᠢᠯᠡᠳᠭᠡᠯ ᠳ᠋ᠤ ᠥᠪᠥᠷ ᠮᠣᠩᠭᠣᠯ᠎ᠤᠨ ᠥᠩᠭᠡᠷᠡᠭ᠌ᠰᠡᠨ ᠲᠠᠪᠤᠨ ᠵᠢᠯ᠎ᠦᠨ ᠬᠥᠭ᠌ᠵᠢᠯᠲᠡ ᠶ᠋ᠢᠨ ᠠᠮᠵᠢᠯᠲᠠ ᠪᠦᠲᠦᠮᠵᠢ ᠪᠣᠯᠤᠨ ᠠᠮᠵᠢᠯᠲᠠ᠎ᠲᠠᠶ ᠲᠤᠷᠱᠢᠯᠭ᠎ᠠ᠎ᠶ᠋ᠢ ᠪᠦᠬᠦ᠌ ᠲᠠᠯ᠎ᠠ᠎ᠪᠠᠷ ᠣᠨᠣᠪᠴᠢᠲᠠᠢ ᠳ᠋ᠦᠩᠨᠡᠵᠦ᠍᠂ ᠢᠷᠡᠭᠡᠳᠦᠢ᠎ᠶ᠋ᠢᠨ ᠲᠠᠪᠤᠨ ᠵᠢᠯ᠎ᠦᠨ ᠬᠥᠭ᠌ᠵᠢᠯᠲᠡ᠎ᠶ᠋ᠢᠨ ᠰᠡᠳᠭᠢᠴᠡ ᠪᠣᠯᠤᠨ ᠪᠡᠶᠡᠯᠡᠭᠦᠯᠬᠦ᠌ ᠠᠷᠭ᠎ᠠ ᠵᠠᠮ᠎ᠢ ᠲᠣᠳᠣᠷᠬᠠᠢ ᠳᠤᠷᠠᠳᠴᠤ᠌᠂ ᠨᠠᠮ᠎ᠳ᠋ᠠᠭᠠᠨ ᠬᠠᠷᠢᠴᠠᠯᠠᠱᠢᠭᠦᠢ ᠤᠯᠤᠰ ᠲᠦᠷᠦ᠍᠎ᠶ᠋ᠢᠨ ᠦᠨᠡᠨᠴᠢ ᠱᠢᠳᠤᠷᠭᠤ ᠪᠠᠢᠬᠤ᠂ ᠠᠵᠢᠯ ᠦᠢᠯᠡᠰ᠎ᠲᠡᠬᠡᠨ ᠪᠠᠲᠤ ᠴᠢᠩᠭ᠎ᠠ ᠬᠠᠷᠢᠭᠤᠴᠠᠯᠭ᠎ᠠ ᠡᠭᠦᠷᠭᠡᠯᠡᠯ᠎ᠲᠡᠶ ᠪᠠᠢᠬᠤ᠂ ᠤᠯᠠᠨ ᠲᠦᠮᠡᠨ᠎ᠳᠦ ᠭᠦᠨ ᠵᠤᠵᠠᠭᠠᠨ ᠬᠠᠢᠷ᠎ᠠ ᠰᠡᠳᠭᠢᠯᠭᠡ᠎ᠲᠠᠢ ᠪᠠᠢᠬᠤ ᠵᠢ ᠢᠯᠡᠷᠡᠬᠦᠯᠪᠡ》 ᠭᠡᠵᠦ ᠦᠬᠠᠢ ᠬᠤᠲᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠭᠦᠸᠧ ᠵᠧᠨ ᠯᠢᠶᠠᠨ ᠲᠥᠯᠥᠭᠡᠯᠡᠭ᠌ᠴᠢ ᠶᠠᠷᠢᠵᠤ ᠪᠠᠢᠯ᠎ᠠ᠃ ᠲᠡᠷᠡ᠄ 《ᠠᠷᠠᠳ᠎ᠤᠨ ᠶᠠᠪᠤᠳᠠᠯ᠎ᠤᠨ ᠱᠢᠰᠲ᠋ᠧᠮ᠎ᠦᠨ ᠨᠠᠮ᠎ᠤᠨ ᠭᠡᠱᠢᠭᠦᠨ ᠺᠠᠳ᠋ᠷ ᠪᠣᠯᠤᠭ᠍ᠰᠠᠨ᠎ᠤ ᠬᠤᠪᠢ ᠎ᠳᠤ᠂ ᠪᠢ ᠨᠡᠩ ᠥᠨᠳᠥᠷ ᠤᠯᠤᠰ ᠲᠦᠷᠦ᠍᠎ᠶ᠋ᠢᠨ ᠵᠣᠭ᠍ᠰᠣᠴᠠ᠂ ᠨᠡᠩ ᠴᠢᠩᠭ᠎ᠠ ᠬᠠᠷᠢᠭᠤᠴᠠᠯᠭᠠᠲᠤ ᠤᠬᠠᠮᠰᠠᠷ᠎ᠢᠶᠠᠷ᠂ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠎ᠠᠴᠠ ᠲᠣᠳᠣᠷᠬᠠᠢᠯᠠᠭ᠍ᠰᠠᠨ ᠬᠥᠭ᠌ᠵᠢᠯᠲᠡ ᠶ᠋ᠢᠨ ᠰᠡᠳᠭᠢᠴᠡ ᠪᠣᠯᠤᠨ ᠲᠣᠭ᠍ᠲᠠᠭᠠᠭ᠍ᠰᠠᠨ ᠬᠠᠷᠠᠯᠲᠠ ᠡᠭᠦᠷᠭᠡ ᠶᠣᠰᠣᠭᠠᠷ᠂ ᠪᠦᠬᠦ᠌ ᠬᠦᠴᠦᠨ ᠎ᠢᠶᠡᠷ᠎ᠢᠶᠡᠨ ᠠᠷᠠᠳ ᠤᠯᠠᠨ᠎ᠳᠤ ᠴᠢᠨᠠᠷ ᠰᠠᠢᠲᠠᠢ ᠠᠮᠢᠳᠤᠷᠠᠯ᠎ᠢ ᠡᠭᠦᠳᠦᠨ ᠥᠭ᠌ᠴᠦ ᠂ ᠨᠠᠮ ᠪᠣᠯᠤᠨ ᠵᠠᠰᠠᠭ᠎ᠤᠨ ᠣᠷᠳᠣᠨ᠎ᠤ ᠬᠠᠢᠷ᠎ᠠ ᠬᠠᠯᠠᠮᠵᠢ᠎ᠶ᠋ᠢ ᠲᠦᠭ ᠲᠦᠮᠡᠨ ᠠᠢᠯ ᠡᠷᠦᠬᠡ᠎ᠳᠦ ᠬᠦᠷᠭᠡᠨ᠎ᠡ 》 ᠭᠡᠪᠡ᠃

ᠢᠯᠡᠳᠭᠡᠯ᠎ᠳᠡᠬᠢ ᠰᠤᠷᠭᠠᠨ ᠬᠥᠮᠦᠵᠢᠯ᠎ᠦᠨ ᠦᠶ᠋ᠯᠡᠰ᠎ᠦᠨ ᠲᠤᠬᠠᠶ ᠠᠭᠤᠯᠭ᠎ᠠ᠎ᠨᠢ ᠶᠣᠰᠣ ᠰᠤᠷᠲᠠᠬᠤᠨ ᠎ᠢᠶᠠᠷ ᠬᠥᠮᠦᠨ ᠬᠥᠮᠦᠵᠢᠭᠦᠯᠬᠦ᠌ ᠦᠨᠳᠦᠰᠦᠨ ᠡᠭᠦᠷᠭᠡ᠎ᠶ᠋ᠢ ᠨᠠᠢᠳᠠᠪᠤᠷᠢᠵᠢᠭᠤᠯᠬᠤ᠂ ᠠᠷᠠᠳ ᠲᠦᠮᠡᠨ᠎ᠳᠦ ᠬᠠᠨᠤᠮᠵᠢᠳᠠᠢ ᠰᠤᠷᠭᠠᠨ ᠬᠥᠮᠦᠵᠢᠯ᠎ᠢ ᠰᠠᠢᠲᠤᠷ ᠡᠷᠭᠢᠯᠡᠬᠦ᠌᠎ᠳᠦ ᠱᠢᠨ᠎ᠡ ᠱᠠᠭᠠᠷᠳᠠᠯᠭ᠎ᠠ ᠳᠤᠷᠠᠳᠴᠠᠶ ᠭᠡᠵᠦ ᠪᠤᠭᠤᠲᠤ ᠬᠣᠲᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠱᠢᠩ ᠱᠤ᠌ ᠹᠧᠩ ᠲᠥᠯᠥᠭᠡᠯᠡᠭ᠌ᠴᠢ ᠦᠵᠡᠵᠦ ᠪᠤᠢ᠃ 《ᠢᠯᠡᠳᠭᠡᠯ ᠨᠢ ᠮᠠᠨ᠎ᠤ ᠡᠮᠦᠨ᠎ᠡ ᠹᠷᠣᠨᠲ᠎ᠤᠨ ᠪᠠᠭ᠍ᠰᠢ᠎ᠶ᠋ᠢᠨ ᠢᠲᠡᠭᠡᠯ ᠵᠣᠷᠢᠭ᠎ᠢ ᠬᠦᠪᠴᠢᠯᠡᠪᠡ᠂ ᠪᠢ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠰᠤᠷᠤᠯᠴᠠᠨ ᠰᠠᠢᠲᠤᠷ ᠤᠯᠠᠮᠵᠢᠯᠠᠵᠤ ᠰᠠᠢᠲᠤᠷ ᠨᠠᠢᠳᠠᠪᠤᠷᠢᠵᠢᠭᠤᠯᠵᠤ᠂ ᠨᠠᠮ᠎ᠤᠨ ᠲᠥᠯᠥᠭᠡ ᠬᠥᠮᠦᠨ ᠬᠥᠮᠦᠵᠢᠭᠦᠯᠬᠦ᠌ ᠂ ᠤᠯᠤᠰ ᠎ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ᠌ ᠵᠢ ᠪᠠᠷᠢᠮᠳᠠᠯᠠᠵᠦ᠂ ᠰᠤᠷᠭᠠᠨ ᠬᠥᠮᠦᠵᠢᠯ᠎ᠦᠨ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠳᠦ ᠥᠪᠡᠷ᠎ᠦᠨ ᠬᠦᠴᠦᠨ ᠴᠢᠳᠠᠯ᠎ᠢᠶᠠᠨ ᠡᠷᠭᠦᠨ᠎ᠠ》 ᠭᠡᠵᠦ᠍ ᠲᠡᠷᠡ ᠬᠡᠯᠡᠨ᠎ᠠ᠃

ᠢᠯᠡᠳᠬᠡᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠤᠬᠠᠭᠤᠯᠤᠨ ᠲᠤᠭᠤᠱᠢᠯᠠᠭᠤᠯᠵᠦ ᠨᠠᠢᠳᠠᠪᠤᠷᠢᠵᠢᠭᠤᠯᠤᠨ᠂ ᠢᠲᠡᠭᠡᠯ ᠵᠣᠷᠢᠭ᠎ᠢᠶᠠᠨ ᠪᠠᠲᠤᠳᠭᠠᠨ᠂ ᠡᠷᠴᠢ ᠵᠣᠷᠢᠭ᠎ᠢᠶᠠᠨ ᠬᠥᠪᠴᠢᠯᠡᠵᠦ᠍᠂ ᠡᠷᠡᠮᠡᠬᠡᠢᠯᠡᠨ ᠤᠷᠤᠭ᠍ᠰᠢᠯᠠᠵᠤ᠂ ᠱᠢᠨ᠎ᠡ ᠡᠭᠦᠷᠭᠡᠯᠡᠯ ᠱᠢᠨ᠎ᠡ ᠵᠢᠳᠬᠦᠯ ᠴᠢᠷᠮᠠᠢᠯᠭ᠎ᠠ ᠎ᠪᠠᠷ ᠡᠯ᠎ᠡ ᠵᠦᠶ᠋ᠯ᠎ᠦᠨ᠎ᠠᠵᠢᠯ᠎ᠤᠨ ᠱᠢᠨ᠎ᠡ ᠪᠠᠢᠳᠠᠯ᠎ᠢ ᠡᠭᠦᠳᠦᠨ᠎ᠡ ᠭᠡᠵᠦ᠍ ᠲᠥᠯᠥᠭᠡᠯᠡᠭ᠌ᠴᠢᠳ ᠢᠯᠡᠳᠭᠡᠵᠡᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面