ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠮᠡᠳᠡᠭᠡᠯᠡᠯ

2021-11-28 11:50:02

ᠵᠣᠬᠢᠶᠠᠭ᠍ᠴᠢ᠄ ᠯᠢᠶᠠᠩ ᠯᠢᠶᠠᠩ ᠣᠩᠱᠢᠭ᠍ᠰᠠᠨ ᠣᠳᠠᠭ᠎ᠠ᠄ 3

— ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠎ᠤᠨ ᠡᠬᠢᠯᠡᠯᠳᠠ᠎ᠶᠢᠨ ᠶᠤᠰᠤᠯᠠᠯ ᠤ᠋ᠨ ᠲᠠᠲᠠᠯᠠᠭ᠎ᠠ

5 ᠵᠢᠯ ᠡᠷᠡᠮᠡᠬᠡᠢᠯᠡᠨ ᠤᠷᠤᠭ᠍ᠰᠢᠯᠠᠵᠤ᠂ 5 ᠵᠢᠯ ᠬᠢᠯᠠᠯᠵᠠᠮ᠎ᠠ ᠦᠷ᠎ᠡ ᠪᠦᠲᠦᠮᠵᠢ ᠵᠢ ᠤᠯᠪᠠ᠃ 《ᠬᠣᠣᠰ ᠵᠠᠭᠤᠨ ᠵᠢᠯ》 ᠤ᠋ᠨ ᠲᠡᠮᠡᠴᠡᠬᠦ᠌ ᠬᠠᠷᠠᠯᠲᠠ ᠎ᠶ᠋ᠢᠨ ᠲᠡᠦᠬᠡᠨ ᠠᠭᠤᠯᠵᠠᠷ᠎ᠲᠤ᠂《ᠠᠷᠪᠠᠨ ᠳᠥᠷᠪᠡᠳᠦᠭᠡᠷ ᠲᠠᠪᠤᠨ ᠵᠢᠯ ᠤ᠋ᠨ ᠲᠦᠯᠦᠪᠵᠢᠭᠦᠯᠭᠡ》 ᠢ᠋ᠢᠨ ᠱᠢᠨ᠎ᠡ ᠠᠶᠠᠨ ᠪᠦᠬᠦ᠌ ᠲᠠᠯ᠎ᠠ᠎ᠪᠠᠷ ᠡᠬᠢᠯᠡᠬᠦ᠌ ᠵᠠᠩᠭᠢᠯᠠᠭ᠎ᠠ ᠎ᠶ᠋ᠢᠨ ᠦᠶ᠎ᠡ ᠳ᠋ᠤ᠂ ᠥᠪᠡᠷᠲᠡᠭᠡᠨ ᠵᠠᠰᠠᠬᠤ ᠣᠷᠣᠨ ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠦᠪᠡᠳᠡᠭ᠌ᠰᠢ ᠶᠡᠬᠡ᠎ᠪᠡᠷ ᠡᠬᠢᠯᠡᠪᠡ᠃

11 ᠰᠠᠷ᠎ᠠ᠎ᠶ᠋ᠢᠨ 27 ᠤ᠋ ᠡᠳᠦᠷ᠂ ᠬᠥᠬᠡᠬᠣᠲᠠᠨ᠎ᠠ᠃ ᠪᠦᠬᠦ᠌ ᠣᠷᠣᠨ᠎ᠤ 166 ᠲᠦᠮᠡ ᠭᠠᠷᠤᠢ ᠨᠠᠮ᠎ᠤᠨ ᠭᠡᠱᠢᠭᠦᠨ᠎ᠦ ᠬᠦᠨᠳᠦ ᠨᠠᠢᠳᠠᠯᠭ᠎ᠠ ᠎ᠶ᠋ᠢ ᠡᠭᠦᠷᠭᠡᠯᠡᠵᠦ᠍᠂ 2400 ᠭᠠᠷᠤᠢ ᠲᠦᠮᠡᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠯᠠᠭᠤᠨ ᠬᠦᠰᠡᠯ ᠨᠠᠢᠳᠠᠯᠭ᠎ᠠ ᠵᠢ ᠠᠴᠢᠶᠠᠯᠠᠵᠤ᠂ ᠥᠪᠡᠷᠲᠡᠭᠡᠨ ᠵᠠᠰᠠᠬᠤ ᠣᠷᠣᠨ ᠎ᠤ ᠠᠷᠪᠠᠨ ᠨᠢᠭᠡᠳᠦᠭᠡᠷ ᠤᠳᠠᠭ᠎ᠠ ᠎ᠶ᠋ᠢᠨ ᠨᠠᠮ ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠥᠪᠥᠷ ᠮᠣᠩᠭᠣᠯ᠎ᠤᠨ ᠠᠷᠠᠳ᠎ᠤᠨ ᠬᠤᠷᠠᠯ᠎ᠤᠨ ᠲᠠᠩᠬᠢᠮ᠎ᠳᠤ ᠦᠪᠡᠳᠡᠭ᠌ᠰᠢ ᠶᠡᠬᠡ᠎ᠪᠡᠷ ᠡᠬᠢᠯᠡᠪᠡ᠃ ᠡᠯ᠎ᠡ ᠹᠷᠣᠨᠲ ᠡᠴᠡ ᠢᠷᠡᠭ᠌ᠰᠡᠨ 661 ᠨᠠᠮ᠎ᠤᠨ ᠲᠥᠯᠥᠭᠡᠯᠡᠭ᠌ᠴᠢ ᠥᠪᠥᠷ ᠮᠣᠩᠭᠣᠯ᠎ᠤᠨ ᠢᠷᠡᠭᠡᠳᠦᠢ ᠎ᠶ᠋ᠢᠨ ᠲᠠᠪᠤᠨ ᠵᠢᠯ ᠎ᠦᠨ ᠬᠥᠭ᠌ᠵᠢᠯᠲᠡ ᠎ᠶ᠋ᠢᠨ ᠦᠵᠡᠰᠭᠦᠯᠡᠩᠲᠦ ᠰᠠᠢᠬᠠᠨ ᠵᠢᠷᠤᠭ ᠎ᠢ ᠬᠠᠮᠲᠤ᠎ᠪᠠᠷ ᠵᠢᠷᠤᠭ᠍ᠯᠠᠬᠤ ᠪᠣᠯᠤᠨ᠎ᠠ᠃

ᠡᠪᠦᠯ ᠎ᠦᠨ ᠡᠬᠢᠨ᠎ᠦ ᠥᠪᠥᠷ ᠮᠣᠩᠭᠣᠯ ᠨᠡᠷᠡᠨ᠎ᠲᠤᠩᠭᠠᠯᠠᠭᠰᠢᠵᠤ᠂ ᠣᠭ᠍ᠲᠠᠷᠭᠤᠢ ᠴᠡᠯᠮᠡᠭᠰᠢᠨ᠎ᠡ᠃ ᠦᠳᠡ ᠎ᠶ᠋ᠢᠨ ᠡᠮᠦᠨᠡᠬᠢ 8 ᠴᠠᠭ 30 ᠮᠢᠨᠦ᠋ᠲ᠎ᠲᠦ᠂ ᠬᠤᠷᠠᠯ ᠎ᠳᠤ ᠣᠷᠣᠯᠴᠠᠬᠤ ᠨᠠᠮ ᠎ᠤᠨ ᠲᠥᠯᠥᠭᠡᠯᠡᠭ᠌ᠴᠢᠳ ᠵᠢᠪᠬᠤᠭ᠎ᠠ ᠲᠡᠭᠦᠯᠳᠡᠷ ᠢᠲᠡᠷᠬᠡᠭ ᠠᠯᠬᠤᠭ᠎ᠠ ᠪᠡᠷ ᠡᠮᠬᠢ ᠵᠢᠷᠤᠮ᠎ᠲᠠᠶ᠎ᠪᠠᠷ ᠬᠤᠷᠠᠯ᠎ᠤᠨ ᠲᠠᠯᠠᠪᠠᠢ ᠎ᠳᠤ ᠠᠯᠬᠤᠨ ᠣᠷᠣᠵᠠᠭᠠᠪᠠ᠃ ᠬᠤᠷᠠᠯ ᠎ᠤᠨ ᠲᠠᠯᠠᠪᠠᠢ ᠎ᠳᠤ᠂ ᠲᠡᠷᠢᠭᠦᠯᠡᠭ᠌ᠴᠢᠳ᠎ᠦᠨ ᠲᠠᠢᠰᠠᠨ᠎ᠤ ᠭᠣᠣᠯ ᠳᠤᠮᠳᠠ ᠡᠯᠬᠦᠭᠰᠡᠨ ᠨᠠᠮ ᠎ᠤᠨ ᠰᠦᠯᠳᠡ ᠰᠢᠵᠢᠷᠳᠦᠨ ᠬᠢᠯᠠᠯᠵᠠᠵᠤ᠂ ᠠᠷᠪᠠᠨ ᠤᠯᠠᠭᠠᠨ ᠲᠤᠭ ᠤᠯᠠᠯᠵᠠᠨ᠎ᠠ᠃ ᠬᠤᠷᠠᠯ ᠎ᠤᠨ ᠲᠠᠯᠠᠪᠠᠢ ᠢ᠋ᠢᠨ ᠲᠡᠭᠡᠲᠦ ᠬᠡᠰᠡᠭ ᠲᠡᠬᠢ 《ᠳᠤᠮᠳᠠᠳᠤ ᠤᠯᠤᠰ ᠎ᠤᠨ ᠡᠪ ᠬᠠᠮᠲᠤ ᠨᠠᠮ ᠎ᠤᠨ ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ ᠎ᠤ ᠠᠷᠪᠠᠨ ᠨᠢᠭᠡᠳᠦᠭᠡᠷ ᠤᠳᠠᠭ᠎ᠠ ᠎ᠶ᠋ᠢᠨ ᠲᠥᠯᠥᠭᠡᠯᠡᠭ᠌ᠴᠢᠳ᠎ᠦᠨ ᠶᠡᠬᠡ ᠬᠤᠷᠠᠯ》 ᠭᠡᠬᠦ ᠬᠤᠷᠠᠯ᠎ᠤᠨ ᠲᠡᠮᠳᠡᠭ ᠨᠢ ᠤᠨᠴᠠ ᠢᠯᠠᠲᠠᠢ ᠪᠠᠢᠯ᠎ᠠ᠃

ᠦᠳᠡ᠎ᠶ᠋ᠢᠨ ᠡᠮᠦᠨᠡᠬᠢ 9 ᠴᠠᠭ᠎ᠲᠤ᠂ ᠶᠡᠬᠡ ᠬᠤᠷᠠᠯ ᠡᠬᠢᠯᠡᠪᠡ᠃ ᠲᠠᠯᠠᠪᠠᠢ ᠳᠠᠶᠠᠭᠠᠷ ᠎ᠢᠶᠠᠨ ᠪᠣᠰᠴᠤ᠌ ᠵᠣᠭ᠍ᠰᠣᠨ᠂ ᠰᠦᠷ ᠵᠢᠪᠬᠤᠯᠠᠩᠲᠤ ᠤᠯᠤᠰ ᠎ᠤᠨ ᠰᠦᠯᠳᠡ ᠳᠠᠭᠤᠤ ᠬᠤᠷᠠᠯ ᠎ᠤᠨ ᠲᠠᠯᠠᠪᠠᠢ ᠎ᠳᠤ ᠴᠤᠤᠷᠢᠶᠠᠲᠤᠨ᠎ᠠ᠃

ᠬᠠᠯᠠᠭᠤᠨ ᠠᠯᠠᠭ᠎ᠠ ᠲᠠᠱᠢᠯᠳᠠ ᠎ᠶ᠋ᠢᠨ ᠳᠤᠮᠳᠠ᠂ ᠱ᠌ᠢ᠎ᠲᠡᠶ ᠹᠸᠩ ᠨᠥᠬᠥᠷ ᠢᠯᠡᠳᠬᠡᠯ ᠬᠢᠬᠦ ᠲᠠᠢᠰᠠᠨ᠎ᠠ ᠠᠯᠬᠤᠨ ᠭᠠᠷᠴᠤ᠌᠂ ᠳᠤᠮᠳᠠᠳᠤ ᠤᠯᠤᠰ ᠎ᠤᠨ ᠡᠪ ᠬᠠᠮᠲᠤ ᠨᠠᠮ ᠎ᠤᠨ ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ ᠎ᠤ ᠠᠷᠪᠠᠳᠤᠭᠠᠷ ᠬᠤᠭᠤᠴᠠᠭᠠᠨ ᠎ᠤ ᠬᠤᠷᠢᠶ᠎ᠠ ᠵᠢ ᠲᠦᠯᠦᠭᠡᠯᠡᠨ ᠶᠡᠬᠡ ᠬᠤᠷᠠᠯ ᠎ᠳᠤ 《ᠠᠮᠢ ᠠᠬᠤᠢ ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ ᠎ᠶ᠋ᠢᠨ ᠱᠢᠨ᠎ᠡ ᠵᠠᠮ ᠎ᠢᠶᠠᠷ ᠡᠷᠡᠰ ᠭᠤᠢᠪᠢᠰᠢ ᠦᠭᠡᠢ ᠵᠠᠮᠨᠠᠵᠤ ᠨᠡᠢᠭᠡᠮ ᠵᠢᠷᠤᠮᠲᠦ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠥᠪᠥᠷ ᠮᠣᠩᠭᠣᠯ᠎ᠤᠨ ᠬᠥᠭ᠌ᠵᠢᠯᠲᠡ ᠎ᠶ᠋ᠢᠨ ᠱᠢᠨ᠎ᠡ ᠬᠠᠭᠤᠳᠠᠰᠤ ᠎ᠶ᠋ᠢ ᠪᠢᠴᠢᠭ᠌ᠯᠡᠶ᠎ᠡ》 ᠭᠡᠬᠦ᠌ ᠰᠡᠳᠦᠪ ᠎ᠢᠶᠡᠷ ᠢᠯᠡᠳᠭᠡᠯ ᠬᠢᠪᠡ᠃

《ᠥᠪᠥᠷ ᠮᠣᠩᠭᠣᠯ ᠶᠡᠬᠡ ᠲᠠᠯ᠎ᠠ᠎ᠶ᠋ᠢ ᠡᠷᠬᠢᠮᠯᠡᠵᠦ᠍᠂ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠬᠦ᠌᠎ᠳᠦ᠂ ᠡᠷᠬᠡᠪᠰᠢ ᠤᠯᠤᠰ ᠎ᠤᠨ ᠠᠮᠢ ᠠᠬᠤᠢ ᠎ᠶ᠋ᠢᠨ ᠠᠮᠤᠷ ᠲᠦᠪᠱᠢᠨ ᠎ᠢ ᠬᠠᠮᠠᠭᠠᠯᠠᠬᠤ ᠴᠢᠬᠤᠯᠠ ᠶᠡᠬᠡ ᠤᠯᠤᠰ ᠲᠦᠷᠦ᠍ ᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠰᠠᠢᠲᠤᠷ ᠭᠦᠢᠴᠡᠳᠭᠡᠬᠦ᠌ ᠬᠡᠷᠡᠭ᠌ᠲᠡᠢ》᠃

《ᠥᠪᠥᠷ ᠮᠣᠩᠭᠣᠯ ᠶᠡᠬᠡ ᠲᠠᠯ᠎ᠠ᠎ᠶ᠋ᠢ ᠡᠷᠬᠢᠮᠯᠡᠵᠦ᠍᠂ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠬᠦ᠌᠎ᠳᠦ᠂ ᠡᠷᠬᠡᠪᠰᠢ ᠤᠯᠤᠰ᠎ᠤᠨ ᠡᠨᠧᠷᠭᠢ ᠎ᠶ᠋ᠢᠨ ᠠᠮᠤᠷ ᠲᠦᠪᠱᠢᠨ᠂ ᠠᠮᠤ ᠪᠤᠳᠠᠭᠠᠨ᠎ᠤ ᠠᠮᠤᠷ ᠲᠦᠪᠱᠢᠨ᠂ ᠠᠵᠤ ᠦᠢᠯᠡᠰ ᠎ᠦᠨ ᠠᠮᠤᠷ ᠲᠦᠪᠱᠢᠨ ᠎ᠢ ᠪᠠᠲᠤᠯᠠᠬᠤ ᠴᠢᠬᠤᠯᠠ ᠶᠡᠬᠡ ᠤᠯᠤᠰ ᠲᠦᠷᠦ᠍ ᠎ᠶ᠋ᠢᠨ ᠬᠠᠷᠢᠭᠤᠴᠠᠯᠭ᠎ᠠ ᠎ᠶ᠋ᠢ ᠡᠭᠦᠷᠭᠡᠯᠡᠵᠦ᠍᠂ ᠰᠠᠢᠲᠤᠷ ᠭᠦᠢᠴᠡᠳᠭᠡᠬᠦ᠌ ᠬᠡᠷᠡᠭ᠌ᠲᠡᠢ》᠃

《ᠥᠪᠥᠷ ᠮᠣᠩᠭᠣᠯ ᠶᠡᠬᠡ ᠲᠠᠯ᠎ᠠ ᠎ᠶ᠋ᠢ ᠡᠷᠬᠢᠮᠯᠡᠵᠦ᠍᠂ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠬᠦ ᠳ᠋ᠤ᠂ ᠡᠷᠬᠡᠪᠰᠢ ᠤᠯᠤᠰ ᠎ᠤᠨ ᠡᠷᠬᠢᠨ ᠲᠣᠭᠣᠷᠢᠨ ᠎ᠤ ᠤᠯᠤᠰ ᠪᠣᠯᠤᠨ ᠭᠠᠳᠠᠭᠠᠳᠤ ᠨᠡᠬᠡᠬᠡᠯᠳᠡ ᠎ᠶ᠋ᠢᠨ ᠪᠠᠢᠯᠳᠤᠬᠤ ᠪᠤᠳᠤᠯᠭ᠎ᠠ ᠎ᠳᠤ ᠦᠢᠯᠡᠴᠢᠯᠡᠬᠦ᠌ ᠴᠢᠬᠤᠯᠠ ᠶᠡᠬᠡ ᠤᠯᠤᠰ ᠲᠦᠷᠦ᠍ ᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠰᠠᠢᠲᠤᠷ ᠭᠦᠢᠴᠡᠳᠭᠡᠬᠦ᠌ ᠬᠡᠷᠡᠭ᠌ᠲᠡᠢ》᠃

《ᠥᠪᠥᠷ ᠮᠣᠩᠭᠣᠯ ᠶᠡᠬᠡ ᠲᠠᠯ᠎ᠠ᠎ᠶ᠋ᠢ ᠡᠷᠬᠢᠮᠯᠡᠵᠦ᠍᠂ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠬᠦ᠌᠎ᠳᠦ᠂ ᠡᠷᠬᠡᠪᠰᠢ ᠤᠯᠤᠰ ᠣᠷᠣᠨ ᠎ᠤ ᠨᠢᠭᠡᠳᠦᠯ᠂ ᠦᠨᠳᠦᠰᠦᠲᠡᠨ᠎ᠦ ᠪᠦᠯᠬᠦᠮᠳᠡᠯ᠎ᠢ ᠬᠠᠮᠠᠭᠠᠯᠠᠬᠤ ᠴᠢᠬᠤᠯᠠ ᠶᠡᠬᠡ ᠤᠯᠤᠰ ᠲᠥᠷᠥ ᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠰᠠᠢᠲᠤᠷ ᠭᠦᠶ᠋ᠴᠡᠳᠭᠡᠬᠦ᠌ ᠬᠡᠷᠡᠭ᠌ᠲᠡᠶ》᠃

《ᠥᠪᠥᠷ ᠮᠣᠩᠭᠣᠯ ᠶᠡᠬᠡ ᠲᠠᠯ᠎ᠠ ᠎ᠶ᠋ᠢ ᠡᠷᠬᠢᠮᠯᠡᠵᠦ᠍᠂ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠬᠦ᠌ ᠎ᠳᠦ᠂ ᠡᠷᠬᠡᠪᠰᠢ ᠡᠬᠡ ᠤᠯᠤᠰ᠎ᠤᠨ ᠤᠮᠠᠷᠠᠲᠤ ᠬᠢᠯᠢ᠎ᠶ᠋ᠢ ᠰᠠᠬᠢᠨ ᠬᠠᠮᠠᠭᠠᠯᠠᠬᠤ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠰᠠᠢᠲᠤᠷ ᠭᠦᠶ᠋ᠴᠡᠳᠭᠡᠬᠦ᠌ ᠬᠡᠷᠡᠭ᠌ᠲᠡᠶ》᠃

ᠢᠲᠡᠯᠢᠭ ᠬᠦᠴᠦᠲᠡᠶ ᠦᠭᠡ ᠶᠠᠷᠢᠶ᠎ᠠ ᠨᠢ ᠬᠦᠮᠦᠰ ᠤ᠋ᠨ ᠵᠤᠷᠢᠬ ᠎ᠢ ᠬᠥᠪᠴᠢᠯᠡᠵᠥ᠂ ᠤᠷᠢᠳ ᠬᠣᠵᠢᠳ 10 ᠭᠠᠷᠤᠶ ᠤᠳᠠᠭ᠎ᠠ ᠵᠢᠨ ᠨᠢᠵᠢᠭᠢᠨᠡᠲᠡᠯ᠎ᠡ ᠠᠯᠠᠭ᠎ᠠ ᠲᠠᠱᠢᠯᠳᠠ ᠵᠢ ᠤᠯᠵᠤ ᠪᠠᠢᠪᠠ᠃ ᠡᠨᠡ᠎ᠬᠦ᠌ ᠠᠯᠠᠭ᠎ᠠ ᠲᠠᠱᠢᠯᠳᠠ ᠨᠢ ᠨᠠᠮ᠎ᠤᠨ ᠰᠡᠳᠭᠢᠯ᠂ ᠠᠷᠠᠳ᠎ᠤᠨ ᠰᠡᠳᠭᠢᠯ᠎ᠢ ᠲᠥᠯᠥᠭᠡᠯᠡᠵᠦ᠍᠂ ᠬᠠᠮᠲᠤ ᠎ᠶ᠋ᠢᠨ ᠲᠠᠨᠢᠯᠲᠠ᠂ ᠬᠦᠴᠦᠨ ᠴᠢᠳᠠᠯ ᠎ᠢ ᠨᠢᠭ᠍ᠲᠠᠷᠠᠭᠤᠯᠤᠨ᠎ᠠ; ᠡᠨᠡ ᠬᠦ᠌ ᠠᠯᠠᠭ᠎ᠠ ᠲᠠᠱᠢᠯᠳᠠ ᠪᠣᠯ ᠲᠥᠯᠥᠭᠡᠯᠡᠭ᠌ᠴᠢᠳ᠎ᠦᠨ ᠮᠠᠭ᠍ᠲᠠᠭᠠᠯ ᠰᠠᠢᠱᠢᠶᠠᠯ ᠪᠠ ᠨᠤᠲᠠᠯᠠᠯᠲᠠ ᠮᠦᠨ᠂ ᠨᠡᠩ ᠴᠤ᠌ ᠥᠪᠥᠷ ᠮᠣᠩᠭᠣᠯ᠎ᠤᠨ ᠢᠷᠡᠭᠡᠳᠦᠢ᠎ᠶ᠋ᠢᠨ ᠲᠤᠬᠠᠢ ᠬᠦᠰᠡᠯ ᠡᠷᠡᠮᠡᠯᠵᠡᠯ ᠪᠣᠯᠤᠨ᠎ᠠ!

ᠶᠠᠪᠤᠵᠤ ᠢᠷᠡᠭ᠌ᠰᠡᠨ ᠵᠠᠮ ᠎ᠢᠶᠠᠨ ᠡᠷᠭᠢᠴᠡᠭᠦᠯᠬᠦᠶ᠎ᠡ᠂ ᠥᠪᠡᠷᠲᠡᠭᠡᠨ ᠵᠠᠰᠠᠬᠤ ᠣᠷᠣᠨ ᠎ᠤ ᠠᠷᠪᠠᠳᠤᠭᠠᠷ ᠤᠳᠠᠭ᠎ᠠ᠎ᠶ᠋ᠢᠨ ᠨᠠᠮ ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠡᠴᠡ ᠨᠠᠭᠠᠱᠢᠬᠢ ᠲᠠᠪᠤᠨ ᠵᠢᠯ᠎ᠤᠨ ᠲᠤᠷᠰᠢᠬᠢ ᠥᠷᠯᠥᠭᠡ ᠦᠳᠡᠰᠢ᠎ᠶ᠋ᠢ ᠲᠡᠮᠡᠴᠡᠭᠰᠡᠨ ᠦᠯᠢᠭᠡᠷ ᠦᠵᠡᠭᠲᠡᠯ ᠤ᠋ᠳ ᠬᠠᠷᠠᠭᠠᠨ᠎ᠠ ᠲᠠᠬᠢᠨᠳᠠ ᠢᠯᠡᠷᠡᠵᠦ᠂ ᠠᠮᠵᠢᠯᠲᠠ ᠪᠦᠲᠦᠮᠵᠢ ᠬᠢᠯᠪᠠᠷ ᠪᠤᠰᠤ᠎ᠪᠠᠷ ᠢᠷᠡᠭ᠌ᠰᠡᠨ᠎ᠢ ᠦᠬᠦᠯᠡᠨ᠎ᠡ᠃

— ᠣᠳᠣ᠎ᠶ᠋ᠢᠨ ᠬᠡᠷᠡᠭ᠌ᠵᠢᠭᠦᠯᠵᠦ᠍ ᠪᠠᠢᠭ᠎ᠠ ᠪᠠᠷᠢᠮᠵᠢᠶ᠎ᠠ᠎ᠪᠠᠷ ᠮᠠᠯᠵᠢᠬᠤ ᠲᠠᠷᠢᠶᠠᠯᠠᠬᠤ ᠣᠷᠣᠨ᠎ᠤ ᠶᠠᠳᠠᠭᠤ ᠬᠦᠴᠢᠷᠳᠡᠯᠲᠡᠢ ᠬᠥᠮᠦᠨ ᠠᠮᠠ᠎ᠶ᠋ᠢ ᠪᠦᠬᠦᠨ᠎ᠢ ᠶᠠᠳᠠᠭᠤ ᠡᠴᠡ ᠠᠩᠭᠢᠵᠢᠷᠠᠭᠤᠯᠵᠤ᠂ ᠶᠠᠳᠠᠭᠤ ᠬᠦᠴᠢᠷᠳᠡᠯᠲᠡᠢ ᠬᠣᠱᠢᠭᠤ ᠱᠢᠶᠠᠨ᠎ᠢ ᠪᠦᠬᠦᠨ᠎ᠢ ᠶᠠᠳᠠᠭᠤ ᠡᠴᠡ ᠠᠩᠭᠢᠵᠢᠷᠠᠭᠤᠯᠵᠤ᠂ ᠶᠠᠳᠠᠭᠤ ᠬᠦᠴᠢᠷᠳᠡᠯᠲᠡᠢ ᠭᠠᠴᠠᠭ᠎ᠠ ᠲᠣᠰᠭᠣᠨ᠎ᠢ ᠪᠦᠬᠦᠨ᠎ᠢ ᠶᠠᠳᠠᠭᠤ ᠡᠴᠡ ᠠᠩᠭᠢᠵᠢᠷᠠᠭᠤᠯᠵᠤ᠂ ᠣᠷᠣᠨ ᠪᠦᠰᠡ ᠎ᠶ᠋ᠢᠨ ᠴᠢᠨᠠᠷᠲᠠᠢ ᠪᠦᠬᠦᠯᠢ ᠴᠣᠭ᠍ᠴᠠ ᠎ᠶ᠋ᠢᠨ ᠶᠠᠳᠠᠭᠤ ᠬᠦᠴᠢᠷᠳᠡᠯ ᠎ᠢ ᠲᠡᠦᠬᠡᠲᠦ ᠴᠢᠨᠠᠷᠲᠠᠢ ᠱᠢᠢᠳᠪᠦᠷᠢᠯᠡᠪᠡ᠃

— ᠨᠡᠬᠦᠷᠡᠰᠦᠨ᠎ᠤ ᠪᠤᠰᠤ ᠠᠵᠤ ᠦᠢᠯᠡᠰ᠎ᠤᠨ ᠨᠡᠮᠡᠭᠳᠡᠯ ᠦᠷᠳᠡᠭ ᠎ᠤᠨ ᠬᠡᠪᠴᠢᠶᠡᠵᠢᠯ ᠡᠴᠡ ᠲᠡᠭᠡᠭᠰᠢᠬᠢ ᠠᠵᠤ ᠦᠢᠯᠡᠳᠪᠦᠷᠢ ᠵᠢᠨ ᠨᠡᠮᠡᠭᠳᠡᠯ᠎ᠤᠨ ᠦᠷᠳᠡᠭ᠎ᠲᠡᠬᠢ ᠡᠵᠡᠯᠡᠬᠦ ᠬᠠᠷᠢᠴᠠᠯ 60% ᠵᠢ ᠲᠠᠪᠠᠵᠤ᠂ ᠨᠡᠬᠦᠷᠡᠰᠦ ᠪᠡᠷ ᠭᠤᠤᠯ ᠪᠤᠯᠭᠠᠵᠤ ᠪᠠᠢᠭᠰᠠᠨ ᠪᠠᠢᠳᠠᠯ ᠢᠯᠡᠳᠳᠡ ᠬᠤᠪᠢᠷᠠᠪᠠ᠃

— ᠣᠶ ᠱᠢᠭᠤᠶ᠎ᠶ᠋ᠢᠨ ᠪᠦᠷᠬᠦᠴᠡ ᠪᠣᠯᠤᠨ ᠨᠤᠲᠤᠭ ᠪᠡᠯᠴᠢᠭᠡᠷ᠎ᠦᠨ ᠶᠡᠷᠦᠩᠬᠡᠢᠯᠡᠭ᠌ᠰᠡᠨ ᠤᠷᠭᠤᠮᠠᠯ᠎ᠤᠨ ᠪᠦᠷᠬᠦᠴᠡ ᠵᠡᠷᠭᠡ ᠪᠡᠷ ᠲᠡᠭᠡᠭᠰᠢᠯᠡᠵᠦ᠂ ᠴᠥᠯᠯᠡᠷᠬᠡᠭ᠌ᠵᠢᠭ᠌ᠰᠡᠨ ᠪᠠ ᠡᠯᠡᠰᠦᠷᠬᠡᠭ᠌ᠵᠢᠭ᠌ᠰᠡᠨ ᠭᠠᠵᠠᠷ ᠱᠢᠷᠣᠶ᠎ᠶ᠋ᠢᠨ ᠲᠠᠯᠠᠪᠠᠶ ᠵᠡᠷᠭᠡ ᠪᠡᠷ ᠪᠠᠭᠠᠰᠪᠠ᠃

ᠦᠨᠡᠨ ᠪᠣᠳᠠᠲᠠᠢ ᠬᠤᠪᠢᠷᠠᠯᠲᠠ ᠨᠢ ᠥᠩᠭᠡᠷᠡᠭ᠌ᠰᠡᠨ ᠲᠠᠪᠤᠨ ᠵᠢᠯ ᠎ᠦᠨ ᠥᠪᠡᠷᠲᠡᠭᠡᠨ ᠵᠠᠰᠠᠬᠤ ᠣᠷᠣᠨ ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ ᠎ᠶ᠋ᠢᠨ ᠭᠡᠷᠡᠯ ᠰᠠᠴᠤᠷᠠᠩᠭᠤᠢ ᠠᠮᠵᠢᠯᠲᠠ ᠎ᠶ᠋ᠢ ᠲᠤᠰᠭᠠᠵᠤ᠂ ᠲᠥᠯᠥᠭᠡᠯᠡᠭ᠌ᠴᠢᠳ ᠎ᠦᠨ ᠴᠢᠩᠭ᠎ᠠ ᠲᠤᠰᠭᠠᠯ ᠎ᠢ ᠤᠯᠪᠠ᠃

《ᠡᠨᠡ ᠪᠣᠯ ᠬᠥᠮᠦᠰ᠎ᠢ ᠵᠣᠷᠢᠭ᠍ᠵᠢᠭᠤᠯᠤᠨ ᠤᠷᠤᠭ᠍ᠰᠢᠯᠠᠭᠤᠯᠵᠤ᠂ ᠤᠷᠮᠠᠰᠢᠭᠤᠯᠤᠨ ᠲᠠᠪᠰᠢᠭᠤᠯᠬᠤ ᠢᠯᠡᠳᠬᠡᠯ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠎ᠤ ᠥᠩᠭᠡᠷᠡᠭ᠌ᠰᠡᠨ ᠲᠠᠪᠤᠨ ᠵᠢᠯ ᠎ᠳᠦ ᠣᠯᠤᠭ᠍ᠰᠠᠨ ᠯᠤᠲᠤ ᠶᠡᠬᠡ ᠠᠮᠵᠢᠯᠲᠠ ᠨᠢ ᠨᠡᠭᠡᠷᠡᠨ ᠤᠷᠮ᠎ᠠ ᠵᠢ ᠬᠦᠭᠵᠢᠭᠡᠵᠦ ᠵᠤᠷᠢᠭ ᠎ᠢ ᠡᠷᠴᠢᠯᠡᠨ᠎ᠡ》 ᠭᠡᠵᠦ᠍ ᠬᠢᠩᠭᠠᠨ ᠠᠢᠮᠠᠭ ᠎ᠤᠨ ᠲᠥᠯᠥᠭᠡᠯᠡᠭ᠌ᠴᠢᠳ ᠎ᠦᠨ ᠪᠦᠯᠬᠦᠮ᠎ᠦᠨ ᠴᠢ ᠱᠢᠶᠤᠤ ᠵᠢᠩ ᠲᠥᠯᠥᠭᠡᠯᠡᠭ᠌ᠴᠢ ᠬᠡᠯᠡᠵᠦ ᠪᠢᠯᠠ᠃

ᠤᠷᠢᠳᠤᠬᠢ ᠎ᠶ᠋ᠢ ᠵᠠᠯᠭᠠᠮᠵᠢᠯᠠᠨ ᠬᠣᠢᠱᠢᠬᠢ ᠎ᠳᠤ ᠵᠠᠮ ᠨᠡᠭᠡᠭᠡᠵᠦ᠍ ᠱᠢᠨ᠎ᠡ ᠬᠠᠭᠤᠳᠠᠰᠤ ᠎ᠶ᠋ᠢ ᠲᠥᠯᠥᠪᠵᠢᠭᠦᠯᠵᠦ᠍᠂ ᠢᠯᠡᠳᠭᠡᠯ᠎ᠳᠦ ᠬᠣᠢᠱᠢᠳᠠ᠎ᠶ᠋ᠢᠨ ᠲᠠᠪᠤᠨ ᠵᠢᠯ᠎ᠦᠨ ᠠᠵᠢᠯ ᠎ᠤᠨ ᠲᠡᠮᠡᠴᠡᠬᠦ᠌ ᠬᠠᠷᠠᠯᠲᠠ᠂ ᠭᠣᠣᠯ ᠰᠢᠪᠳᠤᠯᠬᠤ ᠴᠢᠭ᠌ᠯᠡᠯ ᠪᠣᠯᠤᠨ ᠭᠣᠣᠯᠳᠠᠯᠭ᠎ᠠ᠎ᠲᠠᠶ ᠡᠭᠦᠷᠭᠡ᠎ᠶ᠋ᠢ ᠳᠤᠷᠠᠳᠴᠤ᠌᠂ ᠢᠷᠡᠭᠡᠳᠦᠢ ᠎ᠶ᠋ᠢᠨ ᠲᠠᠪᠤᠨ ᠵᠢᠯ ᠎ᠦᠨ ᠬᠥᠮᠦᠰ ᠎ᠦᠨ ᠬᠦᠰᠡᠨ ᠡᠷᠡᠮᠡᠯᠵᠡᠵᠦ ᠪᠠᠢᠭ᠎ᠠ ᠬᠥᠭ᠌ᠵᠢᠯᠲᠡ ᠎ᠶ᠋ᠢᠨ ᠲᠥᠯᠥᠪ ᠪᠠᠢᠳᠠᠯ ᠎ᠢ ᠠᠮᠢᠳᠤᠯᠢᠭ ᠎ᠢᠶᠠᠷ ᠵᠢᠷᠤᠭ᠍ᠯᠠᠭ᠍ᠰᠠᠨ ᠪᠠᠢᠨ᠎ᠠ᠃

— 《ᠬᠣᠶᠠᠷ ᠬᠠᠯᠬᠠᠪᠴᠢ》 ᠨᠠᠩ ᠪᠠᠲᠤ ᠪᠠᠬᠢ ᠪᠣᠯᠵᠣ᠂ 《ᠬᠣᠶᠠᠷ ᠰᠠᠭᠤᠷᠢᠨ》 ᠎ᠤ᠋ ᠶᠠᠰᠤ ᠴᠢᠨᠠᠷ ᠵᠡᠷᠭᠡ ᠎ᠪᠡᠷ ᠳᠡᠭᠡᠭ᠌ᠰᠢᠯᠡᠵᠦ᠍ ᠂ 《ᠨᠢᠭᠡ ᠪᠡᠬᠢᠯᠡᠯᠲᠡ》 ᠎ᠶ᠋ᠢᠨ ᠦᠢᠯᠡᠳᠦᠯ ᠢᠯᠡᠷᠬᠡᠶ ᠪᠣᠯᠵᠣ᠂ ᠠᠮᠢ ᠠᠬᠤᠶ ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠬᠦᠯᠬᠦ ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ ᠴᠢᠬᠤᠯᠠ ᠶᠡᠬᠡ ᠠᠯᠬᠤᠮ᠎ᠢ ᠠᠯᠬᠤᠨ᠎ᠠ᠃

— ᠣᠷᠣᠨ ᠪᠦᠰᠡ᠎ᠶ᠋ᠢᠨ ᠱᠢᠨ᠎ᠡ ᠎ᠶ᠋ᠢ ᠡᠭᠦᠳᠬᠦ᠌ ᠱᠢᠰᠲ᠋ᠧᠮ᠂ ᠠᠵᠤ ᠦᠢᠯᠡᠰ ᠎ᠦᠨ ᠱᠢᠰᠲ᠋ᠧᠮ᠂ ᠬᠤᠳᠠ ᠪᠠᠯᠭᠠᠰᠤᠨ᠎ᠤ ᠱᠢᠰᠲ᠋ᠧᠮ ᠪᠣᠯᠤᠨ ᠰᠠᠭᠤᠷᠢ ᠲᠥᠬᠥᠭᠡᠷᠦᠮᠵᠢ᠎ᠶ᠋ᠢᠨ ᠱᠢᠰᠲ᠋ᠧᠮ᠎ᠢ᠋ ᠨᠡᠩ ᠲᠡᠭᠦᠯᠳᠡᠷᠵᠢᠭᠦᠯᠵᠦ᠍᠂ ᠬᠥᠳᠡᠭᠡ ᠲᠣᠰᠭᠣᠨ᠎ᠢ ᠪᠦᠬᠦ᠌ ᠲᠠᠯ᠎ᠠ ᠎ᠪᠠᠷ ᠬᠥᠭ᠌ᠵᠢᠭᠦᠯᠦᠨ ᠮᠠᠨᠳᠤᠭᠤᠯᠬᠤ ᠱᠢᠨ᠎ᠡ ᠪᠠᠢᠷᠢᠱᠢᠯ᠂ ᠵᠡᠭᠦᠨ ᠳᠤᠮᠳᠠ ᠪᠠᠷᠠᠭᠤᠨ ᠣᠷᠣᠨ᠎ᠤ ᠵᠦᠷᠢᠶᠡᠴᠢᠯᠡᠭ᠌ᠰᠡᠨ ᠵᠣᠬᠢᠴᠠᠩᠭᠤᠢ ᠬᠥᠭ᠌ᠵᠢᠯᠲᠡ᠎ᠶ᠋ᠢᠨ ᠱᠢᠨ᠎ᠡ ᠪᠠᠢᠷᠢᠱᠢᠯ ᠎ᠢ ᠦᠨᠳᠦᠰᠦᠨ᠎ᠳᠡᠭᠡᠨ ᠪᠦᠷᠢᠯᠳᠦᠭᠦᠯᠦᠨ᠎ᠡ᠃

— ᠬᠠᠮᠲᠤ ᠎ᠪᠠᠷ ᠪᠠᠶᠠᠵᠢᠬᠤ ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠦᠨᠳᠦᠰᠦᠨ ᠣᠯᠠᠨ ᠨᠡᠢᠲᠡ ᠎ᠶ᠋ᠢᠨ ᠦᠶ᠋ᠯᠡᠴᠢᠯᠡᠭᠡ᠎ᠶ᠋ᠢ ᠨᠠᠩ ᠴᠢᠨᠠᠷ ᠰᠠᠢᠲᠠᠶ ᠲᠡᠩᠴᠡᠭᠦᠷᠢᠲᠡᠶ ᠪᠣᠯᠭᠠᠨ᠎ᠠ᠃ ᠴᠢᠨᠠᠷ ᠰᠠᠢᠲᠠᠶ ᠰᠤᠷᠭᠠᠨ ᠬᠥᠮᠦᠵᠢᠯ᠎ᠦᠨ ᠱᠢᠰᠲ᠋ᠧᠮ᠎ᠢ ᠠᠩᠬ᠎ᠠ ᠠᠯᠬᠤᠮ ᠪᠠᠢᠭᠤᠯᠵᠤ᠂ ᠨᠡᠢᠭᠡᠮ᠎ᠦᠨ ᠪᠠᠲᠤᠯᠠᠭ᠎ᠠ ᠎ᠶ᠋ᠢᠨ ᠱᠢᠰᠲ᠋ᠧᠮ᠂ ᠡᠷᠡᠭᠦᠯ ᠬᠠᠮᠠᠭᠠᠯᠠᠯ ᠡᠷᠡᠭᠦᠯ ᠮᠡᠨᠳᠦ᠍ ᠎ᠶ᠋ᠢᠨ ᠱᠢᠰᠲ᠋ᠧᠮ᠂ ᠦᠷᠡᠵᠢᠯ ᠨᠠᠰᠤᠵᠢᠯ ᠎ᠤᠨ ᠠᠰᠠᠷᠠᠮᠵᠢ ᠎ᠶ᠋ᠢᠨ ᠦᠶ᠋ᠯᠡᠴᠢᠯᠡᠭᠡᠨ ᠎ᠦ ᠱᠢᠰᠲ᠋ᠧᠮ᠂ ᠣᠷᠣᠨ ᠰᠠᠭᠤᠴᠠ ᠎ᠶ᠋ᠢᠨ ᠬᠠᠩᠭᠠᠯᠭ᠎ᠠ ᠪᠠᠲᠤᠯᠠᠭ᠎ᠠ᠎ᠶ᠋ᠢᠨ ᠱᠢᠰᠲ᠋ᠧᠮ᠎ᠢ ᠨᠠᠩ ᠪᠦᠷᠢᠨᠱᠢᠬᠥᠯᠦᠨ᠎ᠡ ᠁

ᠬᠠᠷᠠᠯᠲᠠ᠎ᠲᠣᠳᠣᠷᠬᠠᠶ᠎ᠪᠤᠯᠵᠤ᠂ ᠡᠭᠦᠷᠭᠡ ᠬᠠᠷᠢᠭᠤᠴᠠᠯᠭ᠎ᠠ ᠮᠥᠷᠥᠨ ᠳ᠋ᠦ᠍ ᠲᠠᠯᠪᠢᠭ᠍ᠳᠠᠵᠤ᠂ ᠲᠡᠮᠡᠴᠡᠯ ᠬᠦᠰᠡᠯ ᠎ᠢ᠋ ᠬᠤᠯᠪᠤᠨ᠎ᠠ᠃ ᠬᠤᠷᠠᠯ ᠎ᠤᠨ ᠲᠠᠯᠠᠪᠠᠶ ᠎ᠳᠤ᠂ ᠥᠭᠡᠷᠡᠴᠢᠯᠡᠯᠲᠡ ᠎ᠶ᠋ᠢ ᠰᠤᠪᠢᠵᠤ᠂ ᠬᠥᠭ᠌ᠵᠢᠯᠲᠡ ᠎ᠵᠢ ᠪᠣᠳᠣᠯᠬᠢᠯᠠᠵᠤ᠂ ᠠᠷᠠᠳ ᠎ᠤᠨ ᠠᠮᠢᠳᠤᠷᠠᠯ ᠎ᠤᠨ ᠲᠥᠯᠥᠬᠡ ᠶᠠᠷᠢᠵᠤ ᠱᠢᠨ᠎ᠡ ᠠᠭᠤᠷ ᠠᠮᠢᠰᠭᠤᠯ᠎ᠢᠶᠠᠷ ᠪᠢᠯᠬᠠᠨ᠎ᠠ᠃ ᠬᠤᠷᠠᠯ᠎ᠳᠤ ᠣᠷᠣᠯᠴᠠᠭ᠍ᠰᠠᠨ᠎ᠪᠥᠬᠥ᠌ ᠲᠥᠯᠥᠭᠡᠯᠡᠭ᠌ᠴᠢᠳ ᠰᠡᠳᠭᠢᠯ ᠵᠢᠡᠨ ᠲᠥᠪᠯᠡᠷᠡᠭᠦᠯᠦᠨ ᠢᠯᠡᠳᠭᠡᠯ᠎ᠢ ᠰᠣᠨᠣᠰᠬᠤ ᠵᠢᠨ ᠲᠠᠭᠠᠤ᠂ ᠦᠵᠦᠭ ᠪᠢᠷ ᠵᠢᠡᠷ ᠵᠢᠡᠨ ᠢᠯᠡᠳᠭᠡᠯ᠎ᠳᠡᠬᠢ ᠭᠣᠢᠳᠠ ᠰᠠᠢᠬᠠᠨ ᠠᠭᠤᠯᠭ᠎ᠠ ᠎ᠶ᠋ᠢ ᠪᠠᠢᠨ ᠲᠠᠬᠢᠨ ᠴᠠᠭᠠᠷᠢᠭ᠍ᠯᠠᠨ ᠵᠢᠷᠤᠨ᠎ᠠ᠃

120 ᠭᠠᠷᠤᠶ ᠮᠢᠨᠦ᠋ᠲ ᠎ᠦᠨ ᠢᠯᠡᠳᠭᠡᠯ ᠎ᠳ᠋ᠤ᠂ ᠥᠪᠡᠷᠲᠡᠭᠡᠨ ᠵᠠᠰᠠᠬᠤ ᠣᠷᠣᠨ ᠎ᠤ ᠠᠷᠪᠠᠳᠤᠭᠠᠷ ᠤᠳᠠᠭ᠎ᠠ ᠎ᠶ᠋ᠢᠨ ᠨᠠᠮ ᠎ᠤᠨ ᠲᠥᠯᠥᠭᠡᠯᠡᠭ᠌ᠴᠢᠳ ᠎ᠦᠨ ᠶᠡᠬᠡ ᠬᠤᠷᠠᠯ ᠡᠴᠨ ᠨᠠᠭᠠᠱᠢᠬᠢ ᠠᠵᠢᠯ ᠎ᠢ ᠱᠢᠰᠲ᠋ᠧᠮ᠎ᠲᠡᠶ ᠳ᠋ᠦᠩᠨᠡᠵᠦ᠍᠂ ᠢᠷᠡᠬᠦ᠌ ᠲᠠᠪᠤᠨ ᠵᠢᠯ ᠎ᠦᠨ ᠬᠠᠷᠠᠯᠲᠠ ᠡᠭᠦᠷᠭᠡ᠎ᠶ᠋ᠢ ᠪᠦᠬᠦ᠌ ᠲᠠᠯ᠎ᠠ ᠎ᠪᠠᠷ ᠵᠢᠷᠤᠭ᠍ᠯᠠᠪᠠ᠃ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠱᠢᠨ᠎ᠠ᠂ ᠡᠨᠡ ᠪᠣᠯ ᠲᠥᠯᠥᠭᠡᠯᠡᠭ᠌ᠴᠢᠳ ᠎ᠦᠨ ᠮᠠᠭ᠍ᠲᠠᠨ ᠰᠠᠢᠱᠢᠶᠠᠭ᠍ᠰᠠᠨ᠂ ᠤᠷᠮᠠᠱᠢᠭᠤᠯᠤᠨ ᠵᠣᠷᠢᠭ᠍ᠵᠢᠭᠤᠯᠤᠭ᠍ᠰᠠᠨ ᠴᠢᠩ ᠰᠡᠳᠭᠢᠯ ᠤ᠋ᠨ ᠢᠯᠡᠷᠬᠡᠢᠯᠡᠯ ᠪᠣᠯᠤᠨ᠎ᠠ᠃

ᠲᠦᠮᠡᠨ ᠤᠯᠠᠨ ᠎ᠤ ᠬᠦᠰᠡᠯ ᠡᠷᠡᠮᠡᠯᠵᠡᠯ ᠪᠤᠯ ᠢᠷᠠᠭᠤ ᠠᠯᠳᠠᠷ᠂ ᠨᠡᠩ ᠴᠤ᠌ ᠬᠦᠨᠳᠦ ᠨᠠᠢᠳᠠᠯᠭ᠎ᠠ ᠪᠣᠯᠤᠨ᠎ᠠ᠃ ᠬᠤᠷᠠᠯ ᠤ᠋ᠨ ᠲᠠᠯᠠᠪᠠᠢ ᠡᠴᠨ ᠠᠯᠬᠤᠨ ᠭᠠᠷᠬᠤ ᠳ᠋ᠤ᠂ ᠲᠥᠯᠥᠭᠡᠯᠡᠭ᠌ᠴᠢᠳ᠎ᠤᠨ ᠴᠢᠷᠠᠢ ᠳ᠋ᠤ ᠢᠳᠡᠭᠡᠯ ᠲᠤᠳᠤᠷᠠᠵᠤ᠂ ᠠᠯᠬᠤᠭ᠎ᠠ ᠲᠤᠷᠪᠢᠯᠢᠭ ᠬᠦᠴᠦᠳᠡᠢ ᠪᠠᠢᠯ᠎ᠠ᠃ ᠤᠯᠠᠨ ᠎ᠢᠶᠠᠷ ᠎ᠢᠶᠠᠨ᠂ ᠢᠯᠡᠳᠭᠡᠯ᠎ᠳᠦ ᠡᠬᠦᠨ ᠡᠴᠡ ᠬᠣᠢᠱᠢᠳᠠ᠎ᠶ᠋ᠢᠨ ᠲᠠᠪᠤᠨ ᠵᠢᠯ ᠎ᠦᠨ ᠠᠤᠭ᠎ᠠ ᠲᠥᠰᠦᠪ ᠎ᠢ ᠵᠢᠷᠤᠭ᠍ᠯᠠᠵᠤ᠂ ᠠᠵᠤ ᠠᠬᠤᠢ᠂ ᠠᠮᠢ ᠠᠬᠤᠢ᠂ ᠠᠷᠠᠳ ᠎ᠤᠨ ᠠᠮᠢᠳᠤᠷᠠᠯ᠂ ᠠᠷᠠᠳᠴᠢᠯᠠᠯ ᠬᠠᠤᠯᠢᠵᠢᠯ᠂ ᠦᠨᠳᠦᠰᠦᠲᠡᠨ ᠎ᠦ ᠠᠵᠢᠯ᠂ ᠨᠠᠮ ᠎ᠢ ᠴᠢᠩᠭ᠎ᠠ ᠵᠠᠰᠠᠬᠤ ᠵᠡᠷᠭᠡ ᠤᠯᠠᠨ ᠲᠠᠯ᠎ᠠ ᠡᠴᠨ ᠬᠣᠢᠱᠢᠳᠠ᠎ᠶ᠋ᠢᠨ ᠠᠵᠢᠯ᠎ᠳᠤ ᠲᠤᠬᠢᠷᠠᠭᠤᠯᠤᠯᠳᠠ ᠬᠢᠵᠦ᠍᠂ ᠬᠣᠢᠱᠢᠳᠠ ᠎ᠶ᠋ᠢᠨ ᠬᠥᠭ᠌ᠵᠢᠯᠲᠡ ᠎ᠵᠢᠨ ᠴᠢᠭ᠌ᠯᠡᠯ ᠪᠠ ᠠᠷᠭ᠎ᠠ ᠵᠠᠮ᠎ᠢ ᠲᠣᠳᠣᠷᠬᠠᠢ ᠵᠢᠭᠠᠵᠤ ᠥᠭ᠌ᠴᠡᠢ ᠭᠡᠵᠦ᠍ ᠢᠯᠡᠳᠭᠡᠵᠡᠭᠡᠪᠡ᠃

ᠱᠢᠨ᠎ᠡ ᠠᠶᠠᠨ ᠎ᠳᠤ ᠡᠷᠡᠮᠡᠬᠡᠢᠯᠡᠨ ᠤᠷᠤᠭ᠍ᠰᠢᠯᠠᠬᠤ ᠎ᠳᠤ ᠴᠠᠭ ᠪᠢᠳᠡᠨ᠎ᠢ ᠬᠦᠯᠢᠶᠡᠬᠦ᠌ ᠦᠭᠡᠢ᠃ ᠰᠢᠨ᠎ᠡ ᠱᠢᠯᠭᠠᠯᠲᠠ ᠎ᠶ᠋ᠢᠨ ᠎ᠵᠠᠮ᠎ᠵᠢᠡᠷ ᠰᠠᠢᠳᠤᠷ ᠵᠠᠮᠨᠠᠬᠤ ᠳ᠋ᠤ ᠡᠭᠦᠷᠭᠡ ᠬᠦᠨᠳᠦ ᠪᠠᠢᠨ᠎ᠠ᠃ 《ᠬᠣᠣᠰ ᠵᠠᠭᠤᠨ ᠵᠢᠯ》 ᠤ᠋ᠨ ᠲᠡᠮᠡᠴᠡᠬᠦ᠌ ᠬᠠᠷᠠᠯᠲᠠ ᠎ᠶ᠋ᠢᠨ ᠲᠡᠦᠬᠡ ᠎ᠶ᠋ᠢᠨ ᠠᠭᠤᠯᠵᠠᠷ ᠳᠡᠭᠡᠷ᠎ᠡ ᠵᠣᠭ᠍ᠰᠣᠵᠤ᠂ ᠲᠥᠯᠥᠭᠡᠯᠡᠭ᠌ᠴᠢᠳ ᠢᠲᠡᠭᠡᠯ ᠵᠢᠡᠨ ᠬᠥᠪᠴᠢᠯᠡᠵᠦ᠍᠂ ᠵᠣᠷᠢᠭ᠎ᠢᠶᠠᠨ ᠡᠷᠴᠢᠯᠡᠵᠦ᠂ ᠦᠵᠡᠰᠭᠦᠯᠡᠩᠲᠦ ᠰᠠᠢᠬᠠᠨ ᠥᠪᠥᠷ ᠮᠣᠩᠭᠣᠯ ᠎ᠢᠶᠠᠨ ᠪᠦᠲᠦᠭᠡᠨ ᠪᠠᠢᠭᠤᠯᠵᠤ᠂ ᠠᠭᠤᠤ ᠶᠡᠬᠡ ᠳᠤᠮᠳᠠᠳᠤ ᠎ᠶ᠋ᠢᠨ ᠵᠡᠭᠦᠳᠦ᠍ ᠎ᠪᠡᠨ ᠬᠠᠮᠲᠤ᠎ᠪᠠᠷ ᠲᠡᠷᠭᠡᠯᠱᠢᠭᠦᠯᠬᠦ᠌ ᠎ᠶ᠋ᠢᠨ ᠲᠥᠯᠥᠭᠡ ᠴᠥᠬᠥᠷᠡᠰᠢ ᠦᠭᠡᠢ ᠲᠡᠮᠡᠴᠡᠨ᠎ᠡ ᠃

ᠥᠴᠥᠭᠡᠳᠦᠷ ᠵᠢᠡᠨ ᠳ᠋ᠦᠩᠨᠡᠵᠦ᠂ ᠥᠨᠥᠳᠦᠷ ᠎ᠢ ᠡᠵᠡᠮᠳᠡᠵᠦ᠂ ᠢᠷᠡᠭᠡᠳᠦᠶ᠎ᠶ᠋ᠢ ᠴᠤᠭᠴᠠᠯᠠᠨ᠎ᠠ᠃ ᠪᠢᠳᠡ ᠬᠠᠮᠲᠤ ᠎ᠳ᠋ᠠᠭᠠᠨ ᠥᠪᠥᠷ ᠮᠣᠩᠭᠣᠯ ᠎ᠤᠨ ᠥᠴᠥᠭᠡᠳᠦᠷ᠂ ᠥᠨᠥᠳᠦᠷ᠂ ᠮᠠᠷᠭᠠᠰᠢ ᠳ᠋ᠤ ᠮᠠᠭ᠍ᠲᠠᠭᠠᠯ ᠶᠤᠭᠠᠨ ᠡᠷᠬᠦᠶᠦ!

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面