ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠮᠡᠳᠡᠭᠡᠯᠡᠯ

2021-11-29 06:36:05

ᠵᠣᠬᠢᠶᠠᠭ᠍ᠴᠢ᠄ ᠯᠢᠦ ᠱᠢᠶᠤᠤ ᠳ᠋ᠦᠩ ᠣᠩᠱᠢᠭ᠍ᠰᠠᠨ ᠣᠳᠠᠭ᠎ᠠ᠄ 3

QQ图片20211129060111.png


11 ᠰᠠᠷ᠎ᠠ ᠵᠢᠨ 28 ᠤ᠋ ᠦᠳᠡ ᠵᠢᠨ ᠡᠮᠦᠨ᠎ᠠ᠂ ᠱᠢ ᠲᠠᠢ ᠹᠸᠩ ᠬᠦᠬᠡᠬᠤᠳᠠ ᠵᠢᠨ ᠲᠦᠯᠦᠭᠡᠯᠡᠭᠴᠢᠳ ᠤ᠋ᠨ ᠪᠦᠯᠬᠦᠮ ᠎ᠤᠨ ᠬᠢᠨ ᠲᠠᠢ ᠬᠠᠮᠳᠦ ᠪᠡᠷ ᠨᠠᠮ᠎ᠤᠨ ᠲᠦᠯᠦᠭᠡᠯᠡᠭᠴᠢᠳ ᠤ᠋ᠨ ᠶᠡᠬᠡ ᠬᠤᠷᠠᠯ᠎ᠤᠨ ᠢᠯᠡᠳᠭᠡᠯ ᠢ᠋ ᠬᠢᠨᠡᠨ ᠵᠦᠪᠯᠡᠵᠠᠢ᠃

ᠰᠤᠷᠪᠤᠯᠵᠢᠯᠠᠭᠴᠢ ᠶᠤᠸᠠᠨ ᠶᠦᠩ ᠬᠤᠩ ᠰᠡᠭᠦᠳᠡᠷᠯᠡᠪᠡ


11 ᠰᠠᠷ᠎ᠠ᠎ᠶ᠋ᠢᠨ 28᠎ᠤ᠋ ᠡᠳᠦᠷ᠂ ᠱ᠌ᠢ ᠲᠠᠢ ᠹᠸᠩ ᠬᠥᠬᠡᠬᠣᠲᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠳᠦ ᠬᠦᠷᠴᠦ᠍᠂ ᠲᠥᠯᠥᠭᠡᠯᠡᠭ᠌ᠴᠢᠳ ᠲᠡᠶ ᠬᠠᠮᠲᠤ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ᠎ᠢ ᠶᠠᠷᠢᠯᠴᠠᠪᠠ᠃ ᠲᠡᠷᠡ᠂ ᠬᠥᠬᠡᠬᠣᠲᠠ ᠥᠪᠡᠷᠲᠡᠭᠡᠨ ᠵᠠᠰᠠᠬᠤ ᠣᠷᠣᠨ᠎ᠤ ᠲᠥᠪ ᠪᠣᠯᠤᠭ᠍ᠰᠠᠨ᠎ᠤ ᠬᠤᠪᠢ᠎ᠳᠤ᠂ ᠬᠠᠷᠢᠭᠤᠴᠠᠯᠭ᠎ᠠ᠎ᠪᠠᠨ ᠮᠡᠳᠡᠵᠤ ᠬᠠᠷᠢᠭᠤᠴᠠᠯᠭ᠎ᠠ᠎ᠪᠠᠨ ᠲᠣᠳᠣᠷᠬᠠᠢᠯᠠᠵᠤ᠂ ᠳᠠᠷᠤᠯᠲᠠ᠎ᠪᠠᠨ ᠨᠡᠮᠡᠭ᠌ᠳᠡᠭᠦᠯᠵᠦ᠍ ᠡᠷᠴᠢᠮ ᠵᠢᠡᠨ ᠴᠢᠩᠭᠠᠷᠠᠭᠤᠯᠵᠥ᠂ ᠳᠠᠪᠠᠭᠤᠯᠢᠭ ᠵᠢᠡᠨ ᠪᠠᠳᠠᠷᠠᠭᠤᠯᠤᠨ ᠰᠢᠭᠠᠷᠤ᠎ᠪᠠᠨ ᠲᠡᠪᠴᠢᠵᠦ᠍᠂ ᠱᠢᠯᠢᠳᠡᠭ᠎ᠢ ᠬᠥᠮᠦᠵᠢᠭᠦᠯᠦᠨ ᠦᠷ᠎ᠡ ᠠᠱᠢᠭ᠎ᠢ ᠨᠡᠮᠡᠭ᠌ᠳᠡᠭᠦᠯᠵᠦ᠍᠂ ᠣᠷᠣᠨ᠎ᠤ ᠲᠥᠪ᠎ᠦᠨ ᠭᠣᠣᠯᠯᠠᠬᠤ ᠴᠢᠳᠠᠮᠵᠢ ᠪᠣᠯᠤᠨ ᠠᠵᠤ ᠦᠢᠯᠡᠰ᠎ᠦᠨ ᠴᠢᠳᠠᠪᠬᠢ ᠲᠡᠰ᠎ᠢ ᠬᠦᠴᠦᠯᠡᠨ ᠳᠡᠭᠡᠭ᠌ᠰᠢᠯᠡᠭᠦᠯᠵᠦ᠍᠂ ᠴᠢᠨᠠᠷ ᠰᠠᠢᠲᠠᠢ ᠬᠥᠭ᠌ᠵᠢᠯᠲᠡ᠎ᠶ᠋ᠢ ᠪᠡᠶᠡᠯᠡᠭᠦᠯᠬᠦ᠌ ᠲᠠᠯ᠎ᠠ᠎ᠪᠠᠷ ᠡᠮᠦᠨ᠎ᠡ ᠨᠢ ᠬᠣᠱᠢᠭᠤᠷᠠᠵᠤ᠂ ᠦᠯᠢᠭᠡᠷ ᠳᠠᠭᠤᠷᠢᠶᠠᠯ ᠪᠣᠯᠬᠤ᠎ᠪᠠᠷ ᠴᠢᠷᠮᠠᠢᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃

ᠪᠦᠦ ᠭᠠᠩ᠂ ᠵᠧᠩ ᠯᠢ ᠨᠠ᠂ ᠵᠠᠩ ᠵᠢᠶᠠᠨ ᠴᠢᠦ᠂ ᠾᠧ ᠬᠠᠢ ᠳ᠋ᠦᠩ᠂ ᠹᠦ᠋᠎ᠶ᠋ᠢᠨ ᠽᠠᠢ ᠵᠡᠷᠭᠡ ᠲᠥᠯᠥᠭᠡᠯᠡᠭ᠌ᠴᠢ ᠤᠷᠢᠳ ᠬᠣᠵᠢᠳ ᠦᠬᠡ ᠬᠡᠯᠡᠵᠥ᠂ ᠲᠠᠨᠢᠯᠲᠠ᠎ᠪᠠᠨ ᠳᠡᠯᠭᠡᠵᠦ ᠂ ᠲᠥᠷᠥᠭ᠌ᠳᠡᠯ᠎ᠢᠶᠡᠨ ᠬᠤᠪᠢᠶᠠᠯᠴᠠᠵᠤ᠂ ᠠᠯᠤᠰ᠎ᠤᠨ ᠳᠦᠰᠤᠪ ᠵᠢᠡᠨ ᠶᠠᠷᠢᠪᠠ᠃ ᠣᠯᠠᠨ᠎ᠤ ᠬᠡᠯᠡᠬᠦ᠌᠎ᠶ᠋ᠢ ᠨᠠᠷᠢᠨ ᠬᠢᠨᠠᠮᠠᠭᠠᠶ ᠰᠣᠨᠣᠰᠤᠭ᠍ᠰᠠᠨ᠎ᠤ ᠳᠠᠷᠠᠭ᠎ᠠ ᠱ᠌ᠢ ᠲᠠᠢ ᠹᠸᠩ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠨᠢ ᠮᠠᠨ᠎ᠤ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠦᠨ ᠣᠶ᠎ᠶ᠋ᠢᠨ ᠲᠠᠱᠢᠷᠠᠮ᠎ᠳᠤ᠂ ᠮᠠᠨ᠎ᠤ ᠤᠯᠤᠰ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ ᠱᠢᠨ᠎ᠡ ᠠᠶᠠᠨ᠎ᠳᠤ ᠤᠷᠤᠭ᠍ᠰᠠᠨ ᠴᠢᠬᠤᠯᠠ ᠴᠠᠭ ᠮᠥᠴᠡ᠎ᠳᠦ ᠬᠤᠷᠠᠯᠳᠤᠭ᠍ᠰᠠᠨ ᠶᠤᠮ᠂ ᠴᠠᠭ ᠬᠤᠭᠤᠴᠠᠭ᠎ᠠ᠎ᠨᠢ ᠣᠨᠴᠠᠭᠠᠶ᠂ ᠠᠴᠢ ᠬᠣᠯᠪᠣᠭ᠍ᠳᠠᠯ᠎ᠨᠢ ᠲᠤᠢᠯ᠎ᠤᠨ ᠴᠢᠬᠤᠯᠠ ᠶᠤᠮ᠃ ᠨᠡᠢᠭᠡᠮ ᠵᠢᠷᠤᠮᠳᠤ ᠣᠳᠣᠬᠢᠴᠢᠯᠠᠯᠲᠠ᠎ᠶ᠋ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠮᠣᠷᠳᠠᠵᠥ᠂ ᠪᠢᠳᠠ ᠥᠪᠥᠷ ᠮᠣᠩᠭᠣᠯ᠎ᠤᠨ ᠬᠥᠭ᠌ᠵᠢᠯᠲᠡ᠎ᠶ᠋ᠢ ᠲᠥᠯᠥᠪᠵᠢᠭᠦᠯᠬᠦ᠌᠎ᠳᠦ ᠡᠷᠬᠡᠪᠰᠢ ᠤᠯᠤᠰ ᠲᠦᠷᠦ᠍᠎ᠶ᠋ᠢᠨ ᠲᠠᠯ᠎ᠠ᠎ᠡᠴᠡ ᠦᠵᠡᠵᠦ᠍᠂ ᠪᠦᠬᠦ᠌ ᠲᠠᠯ᠎ᠠ᠎ᠡᠴᠡ ᠡᠵᠡᠮᠳᠡᠬᠦ᠌ ᠬᠡᠷᠡᠭ᠌ᠲᠡᠢ᠂ ᠡᠩ ᠲᠡᠷᠢᠭᠦᠨ᠎ᠳᠦ ᠥᠪᠥᠷ ᠮᠣᠩᠭᠣᠯ᠎ᠤᠨ ᠱᠢᠨ᠎ᠡ ᠠᠶᠠᠨ᠎ᠳᠤ ᠶᠠᠮᠠᠷ ᠬᠠᠷᠢᠭᠤᠴᠠᠯᠭ᠎ᠠ ᠪᠠ ᠡᠭᠦᠷᠭᠡ ᠡᠭᠦᠷᠭᠡᠯᠡᠵᠦ᠍ ᠪᠠᠢᠬᠤ᠎ᠶ᠋ᠢ ᠲᠣᠳᠣᠷᠬᠠᠢ ᠣᠢᠯᠠᠭᠠᠵᠤ᠂ ᠡᠭᠦᠨ᠎ᠢᠶᠡᠷ ᠳᠠᠮᠵᠢᠭᠤᠯᠤᠨ ᠬᠣᠢᠱᠢᠳᠠ ᠶᠠᠭᠤ ᠬᠢᠬᠦ᠌᠂ ᠶᠠᠭᠠᠬᠢᠵᠤ ᠬᠢᠬᠦ᠌᠎ᠶ᠋ᠢ ᠲᠣᠭ᠍ᠲᠠᠭᠠᠬᠤ ᠬᠡᠷᠡᠭ᠌ᠲᠡᠢ᠂ ᠢᠩᠭᠢᠪᠡᠯ ᠰᠠᠶᠢ ᠬᠡᠯᠪᠡᠢᠬᠦ᠌ ᠦᠭᠡᠢ᠂ ᠡᠩᠨᠡᠭᠡ᠎ᠡᠴᠡ᠎ᠪᠡᠨ ᠬᠣᠴᠣᠷᠬᠤ ᠦᠭᠡᠢ ᠪᠠᠢᠬᠤ᠎ᠶ᠋ᠢ ᠪᠠᠲᠤᠯᠠᠵᠤ ᠴᠢᠳᠠᠨ᠎ᠠ᠃ᠶᠡᠷᠦᠩᠬᠡᠢ ᠱᠦᠵᠢ ᠰᠢ᠎ᠶ᠋ᠢᠨ ᠫᠢᠩ ᠪᠣᠯᠤᠨ ᠨᠠᠮ᠎ᠤᠨ ᠲᠥᠪ ᠬᠣᠷᠢᠶ᠎ᠠ᠎ᠡᠴᠡ ᠥᠪᠥᠷ ᠮᠣᠩᠭᠣᠯ᠎ᠳᠤ ᠱᠢᠨ᠎ᠡ ᠠᠶᠠᠨ᠎ᠳᠤ ᠡᠷᠬᠡᠪᠰᠢ ᠡᠭᠦᠷᠭᠡᠯᠡᠬᠦ᠌ ᠴᠢᠬᠤᠯᠠ ᠶᠡᠬᠡ ᠬᠠᠷᠢᠭᠤᠴᠠᠯᠭ᠎ᠠ ᠪᠣᠯᠤᠨ ᠡᠭᠦᠷᠭᠡ᠎ᠶ᠋ᠢ ᠨᠢᠭᠡᠨᠲᠡ ᠮᠠᠰᠢ ᠲᠣᠳᠣᠷᠬᠠᠢ ᠵᠢᠭᠠᠵᠤ ᠭᠠᠷᠭᠠᠪᠠ᠂ ᠡᠢᠮᠦ᠍᠎ᠡᠴᠡ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ᠎ᠳᠦ ᠶᠡᠷᠦᠩᠬᠡᠢ ᠱᠦᠵᠢ ᠰᠢ᠎ᠶ᠋ᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠨᠠᠢᠳᠠᠪᠤᠷᠢᠵᠢᠭᠤᠯᠬᠤ᠎ᠶ᠋ᠢ ᠪᠦᠬᠦ᠌ ᠵᠣᠬᠢᠶᠠᠯ᠎ᠳᠤ ᠲᠤᠭᠤᠰᠢᠯᠠᠭᠤᠯᠬᠤ ᠭᠣᠣᠯ ᠱᠢᠵᠢᠮ ᠪᠣᠯᠭᠠᠭ᠍ᠰᠠᠨ ᠪᠥᠭᠡᠳ ᠡᠭᠦᠨ᠎ᠢ ᠦᠨᠳᠦᠰᠦᠯᠡᠨ ᠬᠣᠢᠱᠢᠳᠠ᠎ᠶ᠋ᠢᠨ ᠲᠠᠪᠤᠨ ᠵᠢᠯ᠎ᠦᠨ ᠬᠥᠭ᠌ᠵᠢᠯᠲᠡ᠎ᠶ᠋ᠢᠨ ᠬᠠᠷᠠᠯᠲᠠ ᠱᠠᠭᠠᠷᠳᠠᠯᠭ᠎ᠠ᠎ᠶ᠋ᠢ ᠳᠤᠷᠠᠳᠴᠤ᠌᠂ ᠡᠯ᠎ᠡ ᠬᠦᠷᠢᠶᠡᠨ᠎ᠦ ᠭᠣᠣᠯᠳᠠᠯᠭ᠎ᠠ᠎ᠲᠠᠶ ᠠᠵᠢᠯ ᠡᠭᠦᠷᠭᠡ᠎ᠶ᠋ᠢ ᠱᠢᠰᠲᠸᠮ ᠲᠠᠢ ᠪᠠᠢᠷᠢᠯᠠᠭᠤᠯᠪᠠ᠃ ᠪᠦᠬᠦ᠌ ᠣᠷᠣᠨ ᠳᠠᠶᠠᠭᠠᠷ᠎ᠢᠶᠠᠨ 《ᠤᠯᠤᠰ᠎ᠤᠨ ᠶᠡᠬᠡ ᠶᠠᠪᠤᠳᠠᠯ》 ᠎ᠢ ᠰᠡᠳᠬᠢᠯ ᠳ᠋ᠡᠬᠡᠨ ᠪᠤᠳᠤᠵᠤ᠂ ᠠᠷᠠᠳ᠎ᠤᠨ ᠰᠡᠳᠭᠢᠯ᠎ᠦᠨ ᠬᠠᠨᠳᠤᠰᠢ᠎ᠳᠤ ᠵᠣᠬᠢᠴᠠᠭᠤᠯᠵᠤ᠂ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠵᠣᠷᠢᠭ᠍ᠲᠠᠢ᠎ᠪᠠᠷ ᠡᠭᠦᠷᠭᠡ ᠬᠠᠷᠢᠭᠤᠴᠠᠯᠭ᠎ᠠ ᠡᠭᠦᠷᠭᠡᠯᠡᠵᠦ᠍᠂ ᠶᠡᠷᠦᠩᠬᠡᠢ ᠱᠦᠵᠢ ᠰᠢ᠎ᠶ᠋ᠢᠨ ᠫᠢᠩ᠎ᠦᠨ ᠵᠢᠭᠠᠭ᠍ᠰᠠᠨ ᠴᠢᠭ᠌ᠯᠡᠯ᠎ᠢᠶᠡᠷ ᠭᠤᠢᠪᠢᠰᠢ ᠦᠭᠡᠢ ᠴᠤᠴᠠᠯᠲᠠ ᠦᠭᠡᠢ ᠤᠷᠤᠭ᠍ᠰᠢᠯᠠᠵᠤ᠂ ᠡᠴᠦᠰ᠎ᠲᠦᠨᠢ ᠲᠤᠯᠲᠠᠯ᠎ᠠ ᠬᠢᠵᠦ᠍᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠯᠠᠪᠳᠠᠭᠤᠨ ᠪᠠᠲᠤᠲᠠᠢ ᠰᠠᠢᠲᠤᠷ ᠵᠠᠮᠨᠠᠵᠤ᠂ ᠮᠠᠨ᠎ᠤ ᠡᠭᠦᠷᠭᠡᠯᠡᠬᠦ ᠴᠢᠬᠤᠯᠠᠳᠠᠢ ᠬᠠᠷᠢᠭᠤᠴᠠᠯᠭ᠎ᠠ ᠪᠣᠯᠤᠨ ᠡᠭᠦᠷᠭᠡ᠎ᠪᠡᠨ ᠦᠨᠡᠨ ᠬᠦ᠌ ᠡᠭᠦᠷᠭᠡᠯᠡᠵᠦ᠍᠂ ᠰᠠᠢᠲᠤᠷ ᠭᠦᠢᠴᠡᠳᠭᠡᠬᠦ᠌ ᠬᠡᠷᠡᠭ᠌ᠲᠡᠢ ᠬᠡᠵᠥ ᠵᠢᠭᠠᠵᠥ ᠭᠠᠷᠭᠠᠪᠠ᠃

ᠱ᠌ᠢ᠎ᠲᠡᠶ ᠹᠸᠩ᠂ ᠬᠥᠬᠡᠬᠣᠲᠠ᠎ᠶ᠋ᠢᠨ᠎ᠬᠢᠨ ᠪᠠᠢᠷᠢ ᠲᠣᠭ᠍ᠲᠠᠭᠠᠯᠲᠠ ᠪᠠᠨ ᠰᠠᠢᠲᠤᠷ ᠡᠵᠡᠮᠳᠡᠵᠦ᠍᠂ ᠳᠠᠪᠠᠭᠤᠯᠢᠭ᠎ᠢᠶᠠᠨ ᠰᠠᠢᠲᠤᠷ ᠪᠠᠳᠠᠷᠠᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠲᠦᠷᠦᠭᠦᠯᠡᠨ ᠴᠢᠷᠮᠠᠢᠨ ᠪᠡᠶᠡᠯᠡᠭᠦᠯᠬᠦ᠌ ᠬᠡᠷᠡᠭ᠌ᠲᠡᠶ᠃ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠬᠦ᠌ ᠲᠠᠯ᠎ᠠ᠎ᠪᠠᠷ ᠱᠢᠨ᠎ᠡ ᠱᠢᠪᠲᠤᠯᠤᠯᠲᠠ ᠭᠠᠷᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠪᠣᠯᠤᠨ ᠴᠢᠳᠠᠪᠤᠷᠢᠲᠠᠨ᠎ᠤ ᠴᠤᠭ᠍ᠯᠠᠷᠠᠯ᠎ᠤᠨ ᠳᠠᠪᠠᠭᠤᠯᠢᠭ᠎ᠢ ᠭᠦᠶ᠋ᠴᠡᠳ ᠪᠠᠳᠠᠷᠠᠭᠤᠯᠵᠤ᠂ ᠡᠬᠢ ᠪᠠᠶᠠᠯᠢᠭ ᠪᠣᠯᠤᠨ ᠬᠦᠴᠦᠨ ᠴᠢᠳᠠᠯ᠎ᠢ ᠲᠥᠪᠯᠡᠷᠡᠭᠦᠯᠦᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠡᠷᠡᠰ ᠰᠠᠢᠲᠤᠷ ᠬᠢᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠᠢᠭᠤᠯᠤᠮᠵᠢ ᠲᠣᠭ᠍ᠲᠠᠴᠠ᠎ᠶ᠋ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠍᠂ ᠥᠷᠨᠢᠭᠦᠨ ᠬᠥᠭ᠌ᠵᠢᠩᠭᠦᠶ ᠱᠢᠨ᠎ᠡ᠎ᠶ᠋ᠢ ᠡᠭᠦᠳᠬᠦ᠌ ᠠᠮᠢ ᠠᠬᠤᠶ᠎ᠶ᠋ᠢ ᠪᠣᠶ ᠪᠣᠯᠭᠠᠵᠤ᠂ ᠱᠢᠨ᠎ᠡ᠎ᠶ᠋ᠢ ᠡᠭᠦᠳᠬᠦ᠌ ᠳᠠᠯᠳᠠ ᠬᠦᠴᠦᠨ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠠᠭᠤᠳᠠᠯᠵᠤ᠂ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ᠎ᠢ ᠪᠠᠳᠠᠷᠠᠭᠤᠯᠵᠤ᠂ ᠱᠢᠨ᠎ᠡ᠎ᠶ᠋ᠢ ᠡᠭᠦᠳᠬᠦ᠌ ᠬᠥᠳᠡᠯᠭᠡᠬᠦ᠌ ᠬᠦᠴᠦᠨ᠎ᠢ ᠬᠥᠭ᠌ᠵᠢᠭᠡᠵᠦ᠍᠂ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ》 ᠳᠤᠮᠳᠠ ᠡᠮᠦᠨ᠎ᠡ ᠡᠩᠨᠡᠭᠡᠨ ᠳ᠋ᠤ ᠬᠣᠱᠢᠭᠤᠷᠠᠵᠤ ᠂ ᠴᠢᠬᠤᠯᠠ ᠡᠭᠦᠷᠭᠡ᠎ᠶ᠋ᠢ ᠡᠭᠦᠷᠭᠡᠯᠡᠬᠦ᠌ ᠬᠡᠷᠡᠭ᠌ᠲᠡᠶ᠃ ᠠᠵᠤ ᠦᠢᠯᠡᠰ᠎ᠦᠨ ᠬᠡᠯᠪᠡᠷᠢ᠎ᠶ᠋ᠢ ᠬᠤᠪᠢᠷᠠᠭᠤᠯᠤᠨ ᠲᠡᠰ ᠳᠡᠪᠱᠢᠭᠦᠯᠬᠦ᠌᠎ᠶ᠋ᠢ ᠠᠬᠢᠭᠤᠯᠬᠤ ᠲᠠᠯ᠎ᠠ᠎ᠪᠠᠷ ᠱᠢᠨ᠎ᠡ ᠠᠯᠬᠤᠮ᠎ᠢ ᠠᠯᠬᠤᠵᠤ᠂ ᠤᠳᠤ ᠪᠠᠢᠭ᠎ᠠ ᠠᠵᠤ ᠦᠢᠯᠡᠰ᠎ᠦᠨ ᠱᠢᠰᠲᠸᠮ ᠪᠣᠯᠤᠨ ᠠᠵᠤ ᠦᠢᠯᠡᠰ᠎ᠦᠨ ᠠᠮᠢ ᠠᠬᠤᠢ᠎ᠶ᠋ᠢ ᠱᠢᠰᠲᠸᠮ ᠲᠠᠢ ᠥᠭᠡᠷᠡᠴᠢᠯᠡᠨ ᠰᠠᠢᠵᠢᠷᠠᠭᠤᠯᠵᠤ᠂ ᠪᠦᠬᠦ᠌ ᠲᠠᠯ᠎ᠠ᠎ᠪᠠᠷ ᠱᠢᠯᠢᠳᠡᠭ᠌ᠵᠢᠭᠦᠯᠵᠦ᠍᠂ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠂ ᠲᠡᠷᠢᠭᠦᠨ᠎ᠦ ᠦᠢᠯᠡᠳᠬᠦ᠌ ᠦᠢᠯᠡᠰ ᠪᠣᠯᠤᠨ ᠤᠳᠤ ᠦᠶ᠎ᠡ᠎ᠶ᠋ᠢᠨ ᠦᠢᠯᠡᠴᠢᠯᠡᠭᠡᠨ᠎ᠦ ᠦᠢᠯᠡᠰ ᠵᠢᠡᠷ ᠭᠤᠤᠯᠳᠠᠭᠤᠯᠤᠨ ᠠᠵᠤ ᠠᠬᠤᠢ᠎ᠶ᠋ᠢᠨ ᠱᠢᠨ᠎ᠡ ᠨᠡᠮᠡᠭ᠌ᠳᠡᠯ᠎ᠦᠨ ᠴᠡᠭ᠎ᠢ ᠬᠦᠴᠦᠯᠡᠨ ᠪᠣᠢᠵᠢᠭᠤᠯᠤᠨ ᠪᠤᠵᠠᠭᠠᠢᠷᠠᠭᠤᠯᠵᠤ᠂ ᠲᠣᠭᠠᠴᠢᠯᠠᠭ᠍ᠰᠠᠨ ᠠᠵᠤ ᠠᠬᠤᠢ᠎ᠶ᠋ᠢᠨ ᠬᠥᠭ᠌ᠵᠢᠯᠲᠡ᠎ᠶ᠋ᠢ ᠶᠡᠬᠡ᠎ᠪᠡᠷ ᠠᠬᠢᠭᠤᠯᠵᠤ᠂ ᠰᠦ᠎ᠶ᠋ᠢᠨ ᠦᠢᠯᠡᠰ᠎ᠦᠨ ᠳᠡᠭᠡᠳᠦ ᠲᠦᠪᠱᠢᠨ ᠲᠡᠢᠰᠢ᠂ ᠤᠶᠤᠨᠴᠢᠯᠠᠯᠳᠠ ᠲᠡᠢᠰᠢ ᠬᠥᠭ᠌ᠵᠢᠬᠦ᠌᠎ᠶ᠋ᠢ ᠬᠦᠴᠦᠯᠡᠨ ᠠᠬᠢᠭᠤᠯᠵᠤ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠳᠤ ᠠᠵᠤ ᠦᠢᠯᠡᠰ᠎ᠢ ᠲᠦᠷᠭᠡᠳᠭᠡᠨ ᠬᠥᠭ᠌ᠵᠢᠭᠦᠯᠵᠦ᠍᠂ ᠤᠯᠠᠨ ᠡᠱᠢᠵᠢᠨ ᠬᠦᠭᠵᠢᠬᠦ᠂ ᠤᠯᠠᠨ ᠲᠤᠢᠯ᠎ᠢᠶᠠᠷ ᠲᠤᠯᠭᠠᠭᠤᠷᠢᠯᠠᠬᠤ ᠤᠳᠤ ᠦᠶ᠎ᠡ᠎ᠶ᠋ᠢᠨ ᠠᠵᠤ ᠦᠢᠯᠡᠰ᠎ᠦᠨ ᠱᠢᠨ᠎ᠡ ᠱᠢᠰᠲᠸᠮ᠎ᠢ ᠢᠳᠡᠪᠬᠢᠲᠡᠢ ᠪᠠᠢᠭᠤᠯᠬᠤ ᠬᠡᠷᠡᠭ᠌ᠲᠡᠢ᠃ ᠬᠤᠳᠠ᠎ᠶ᠋ᠢᠨ ᠪᠦᠳᠦᠬᠡᠨ ᠪᠠᠢᠭᠤᠯᠤᠯᠲᠠ ᠪᠣᠯᠤᠨ ᠵᠠᠰᠠᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌ ᠲᠠᠯ᠎ᠠ᠎ᠪᠠᠷ ᠱᠢᠨ᠎ᠡ ᠳᠡᠭ᠌ᠲᠡᠷ᠎ᠲᠦ ᠭᠠᠷᠴᠤ᠌᠂ ᠬᠤᠳᠠ᠎ᠶ᠋ᠢᠨ ᠲᠥᠯᠥᠪᠵᠢᠭᠦᠯᠭᠡ᠎ᠶ᠋ᠢᠨ ᠱᠢᠨᠵᠢᠯᠡᠬᠦ᠌ ᠤᠬᠠᠭᠠᠨᠴᠢ ᠴᠢᠨᠠᠷ ᠪᠣᠯᠤᠨ ᠤᠷᠢᠳᠠᠴᠢ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠨᠡᠩ ᠴᠢᠬᠤᠯᠠᠴᠢᠯᠠᠵᠤ᠂ ᠲᠥᠯᠥᠪᠵᠢᠭᠦᠯᠭᠡ᠎ᠶ᠋ᠢᠨ ᠲᠥᠪ ᠴᠢᠩᠭ᠎ᠠ ᠴᠢᠨᠠᠷ ᠪᠣᠯᠤᠨ ᠡᠷᠬᠡ ᠰᠦᠷᠲᠦ ᠴᠢᠨᠠᠷ᠎ᠢ ᠡᠷᠡᠰ ᠬᠠᠮᠠᠭᠠᠯᠠᠵᠤ᠂ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠢ᠎ᠶ᠋ᠢ ᠨᠢᠭᠡᠳᠦᠯᠲᠡᠢ ᠲᠥᠯᠥᠪᠵᠢᠭᠦᠯᠵᠦ᠍᠂ ᠬᠤᠳᠠ᠎ᠶ᠋ᠢᠨ ᠰᠠᠭᠤᠷᠢ ᠲᠥᠬᠥᠭᠡᠷᠦᠮᠵᠢ᠎ᠶ᠋ᠢᠨ ᠳᠤᠲᠠᠭᠤᠳᠠᠯ᠎ᠢ ᠲᠦᠷᠭᠡᠨ ᠨᠥᠬᠥᠪᠥᠷᠢᠯᠡᠵᠦ᠍᠂ ᠬᠤᠳᠠ᠎ᠶ᠋ᠢᠨ ᠵᠠᠰᠠᠯᠲᠠ᠎ᠶ᠋ᠢᠨ ᠤᠶᠤᠨᠴᠢᠯᠠᠯᠲᠠ᠂ ᠨᠠᠷᠢᠯᠢᠬ᠍ᠵᠢᠭᠤᠯᠤᠯᠳᠠ᠎ᠶ᠋ᠢᠨ ᠲᠦᠪᠱᠢᠨ᠎ᠢ ᠬᠦᠴᠦᠯᠡᠨ ᠳᠡᠭᠡᠭ᠌ᠰᠢᠯᠡᠭᠦᠯᠵᠦ᠍᠂ ᠤᠶᠤᠨᠲᠤ ᠬᠤᠳᠠ᠂ ᠪᠠᠭ᠎ᠠ ᠨᠡᠭᠦᠷᠡᠰᠦᠲᠥ᠋ᠷᠥᠭ᠌ᠴᠢᠳᠤ ᠬᠤᠳᠠ᠎ᠶ᠋ᠢ ᠲᠦᠷᠭᠡᠳᠭᠡᠨ ᠪᠦᠳᠦᠬᠡᠨ ᠪᠠᠢᠭᠤᠯᠵᠤ᠂ ᠬᠤᠳᠠ᠎ᠶ᠋ᠢᠨ ᠴᠢᠳᠠᠮᠵᠢ᠎ᠶ᠋ᠢ ᠦᠷᠭᠦᠯᠵᠢᠯᠡᠨ ᠲᠡᠭᠦᠯᠳᠡᠷᠵᠢᠭᠦᠯᠵᠦ᠍᠂ ᠬᠤᠳᠠ᠎ᠶ᠋ᠢᠨ ᠴᠢᠨᠠᠷ ᠲᠡᠰ᠎ᠢ ᠲᠡᠭᠡᠭᠰᠢᠯᠡᠭᠦᠯᠵᠦ᠂ ᠣᠷᠣᠨ᠎ᠤ ᠲᠥᠪ ᠬᠤᠳᠠ ᠵᠢ ᠣᠳᠣᠬᠢᠴᠢᠯᠠᠭ᠍ᠰᠠᠨ ᠬᠤᠳᠠ ᠪᠣᠯᠭᠠᠨ ᠪᠦᠳᠦᠬᠡᠨ ᠪᠠᠢᠭᠤᠯᠬᠤ᠎ᠪᠠᠷ ᠴᠢᠷᠮᠠᠢᠬᠤ ᠬᠡᠷᠡᠭ᠌ᠲᠡᠢ᠃ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ ᠵᠠᠰᠠᠯᠲᠠ᠎ᠶ᠋ᠢ ᠴᠢᠩᠭᠠᠳᠭᠠᠬᠤ ᠲᠠᠯ᠎ᠠ᠎ᠪᠠᠷ ᠱᠢᠨ᠎ᠡ ᠡᠭᠦᠷᠭᠡᠯᠡᠯ᠎ᠢᠶᠡᠨ ᠢᠯᠡᠷᠡᠭᠦᠯᠵᠦ᠍᠂ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶᠢ ᠡᠷᠡᠰ ᠡᠭᠦᠷᠭᠡᠯᠡᠵᠦ᠍᠂ ᠠᠮᠢ ᠠᠬᠤᠢ᠎ᠶ᠋ᠢᠨ ᠬᠠᠮᠠᠭᠠᠯᠠᠯᠲᠠ ᠪᠠ ᠰᠡᠷᠭᠦᠭᠡᠯᠲᠡ᠎ᠶ᠋ᠢ ᠦᠷᠭᠦᠯᠵᠢᠯᠡᠨ ᠬᠦᠴᠦᠯᠡᠨ ᠠᠬᠢᠭᠤᠯᠵᠤ ᠂ ᠶᠡᠬᠡ ᠲᠦᠷᠭᠡᠨ ᠭᠣᠣᠯ᠂ ᠪᠠᠭ᠎ᠠ ᠲᠦᠷᠭᠡᠨ ᠭᠣᠣᠯ᠂ ᠬᠠᠷᠠᠠᠤᠰᠤ ᠵᠢᠴᠢ ᠳᠠᠯᠠᠨ ᠬᠠᠷ᠎ᠠ ᠠᠭᠤᠯᠠ ᠵᠡᠷᠭᠡ ᠭᠣᠣᠯᠳᠠᠯᠭ᠎ᠠ᠎ᠲᠠᠶ ᠣᠷᠣᠨ ᠪᠦᠰᠡ᠎ᠶ᠋ᠢᠨ ᠠᠮᠢ ᠠᠬᠤᠢ᠎ᠶ᠋ᠢᠨ ᠶᠡᠷᠦᠩᠬᠡᠢᠯᠡᠭ᠌ᠰᠡᠨ ᠵᠠᠰᠠᠯᠲᠠ᠎ᠶ᠋ᠢ ᠭᠦᠨᠵᠡᠭᠡᠢ ᠰᠠᠢᠲᠤᠷ ᠠᠳᠭᠤᠵᠤ ᠂ ᠱᠢᠲᠠᠭᠠᠯᠭ᠎ᠠ᠎ᠶ᠋ᠢᠨ ᠨᠡᠭᠦᠷᠡᠰᠦ᠂ ᠵᠠᠮ ᠬᠠᠷᠢᠯᠴᠠᠭ᠎ᠠ᠂ ᠲᠣᠭᠣᠰᠣ ᠱᠢᠷᠣᠢ ᠵᠡᠷᠭᠡ ᠪᠣᠬᠢᠷᠲᠤᠯ᠎ᠤᠨ ᠡᠬᠢ᠎ᠶ᠋ᠢᠨ ᠵᠠᠰᠠᠯᠲᠠ᠎ᠶ᠋ᠢ ᠦᠷᠭᠦᠯᠵᠢᠯᠡᠨ ᠰᠠᠢᠲᠤᠷ ᠠᠳᠭᠤᠵᠤ᠂ ᠬᠠᠳᠤᠨ ᠭᠣᠣᠯ᠎ᠤᠨ ᠶᠡᠬᠡ ᠬᠠᠮᠠᠭᠠᠯᠠᠯᠲᠠ ᠶᠡᠬᠡ ᠵᠠᠰᠠᠯᠲᠠ᠎ᠶ᠋ᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠠᠳᠭᠤᠵᠤ᠂ ᠠᠭᠤᠯᠠ ᠨᠢ ᠬᠦᠭᠡ ᠪᠠᠷ ᠵᠢᠡᠨ᠂ ᠤᠰᠤ ᠨᠢ ᠤᠷᠤᠰᠬᠠᠯ ᠲᠠᠢ ᠪᠠᠷ ᠵᠢᠡᠨ᠂ ᠠᠭᠠᠷ ᠨᠢ ᠴᠡᠯᠮᠡᠭ ᠵᠢᠡᠷ᠎ᠢᠶᠡᠨ ᠪᠠᠢᠬᠤ ᠠᠮᠢ ᠠᠬᠤᠢ᠎ᠶ᠋ᠢᠨ ᠬᠤᠲᠠ᠎ᠶ᠋ᠢ ᠪᠠᠢᠭᠤᠯᠬᠤ ᠬᠡᠷᠡᠭ᠌ᠲᠡᠢ᠃ ᠡᠳ᠋᠎ᠦᠨ ᠵᠠᠰᠠᠭ ᠮᠥᠩᠭᠥᠨ ᠭᠦᠢᠯᠭᠡᠭᠡᠨ᠎ᠦ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠬᠤ ᠲᠠᠯ᠎ᠠ᠎ᠪᠠᠷ ᠱᠢᠨ᠎ᠡ ᠵᠢᠳᠬᠦᠯ ᠴᠢᠷᠮᠠᠢᠯᠭ᠎ᠠ ᠭᠠᠷᠭᠠᠵᠤ᠂ ᠵᠥᠪ ᠬᠥᠭ᠌ᠵᠢᠯᠲᠡ᠎ᠶ᠋ᠢᠨ ᠦᠵᠡᠯᠲᠡ ᠪᠣᠯᠤᠨ ᠠᠵᠢᠯ᠎ᠤᠨ ᠠᠮᠵᠢᠯᠲᠠ᠎ᠶ᠋ᠢᠨ ᠦᠵᠡᠯᠲᠡ᠎ᠶ᠋ᠢ ᠪᠠᠲᠤ ᠪᠤᠢ ᠪᠣᠯᠭᠠᠵᠤ᠂ ᠬᠣᠷᠢᠭ᠎ᠠ ᠱᠤᠭᠤᠮ᠎ᠤᠨ ᠰᠡᠳᠭᠢᠬᠦᠢ ᠪᠣᠯᠤᠨ ᠲᠦᠭ᠌ᠰᠢᠭᠦᠷᠢ᠎ᠶ᠋ᠢᠨ ᠤᠬᠠᠮᠰᠠᠷ᠎ᠢᠶᠠᠨ ᠴᠢᠩᠭᠠᠳᠭᠠᠵᠤ᠂ ᠬᠣᠯᠪᠣᠭ᠍ᠳᠠᠯ ᠪᠦᠬᠦᠢ ᠠᠵᠢᠯ᠎ᠤᠨ ᠬᠠᠷᠢᠭᠤᠴᠠᠯᠭ᠎ᠠ ᠪᠣᠯᠤᠨ ᠲᠣᠭ᠍ᠲᠠᠴᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠤᠯᠠᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭ᠌ᠯᠡᠵᠦ᠍ ᠪᠠᠢᠭᠠᠳ ᠵᠠᠰᠠᠭ᠎ᠤᠨ ᠣᠷᠳᠣᠨ᠎ᠤ ᠥᠷᠢ ᠥᠭ᠌ᠴᠡᠭᠡ᠎ᠶ᠋ᠢ ᠪᠦᠲᠦᠮᠵᠢᠲᠡᠢ ᠠᠷᠢᠯᠭᠠᠵᠤ᠂ ᠭᠣᠣᠯᠳᠠᠯᠭ᠎ᠠ᠎ᠲᠠᠶ ᠬᠦᠷᠢᠶᠡᠨ᠎ᠦ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠬᠤ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠬᠥᠭ᠌ᠵᠢᠯᠲᠡ᠎ᠶ᠋ᠢᠨ ᠳᠤᠮᠳᠠ ᠠᠮᠤᠷ ᠲᠦᠪᠱᠢᠨ᠎ᠦ ᠬᠦᠴᠦᠨ ᠵᠦᠢᠯ᠎ᠢ ᠭᠦᠢᠴᠡᠳ ᠪᠣᠳᠣᠯᠬᠢᠯᠠᠬᠤ᠎ᠶ᠋ᠢ ᠢᠮᠠᠭ᠍ᠲᠠ ᠪᠡᠶᠡᠯᠡᠭᠦᠯᠬᠦ᠌ ᠬᠡᠷᠡᠭ᠌ᠲᠡᠢ ᠭᠡᠵᠤ ᠴᠢᠬᠤᠯᠠᠴᠢᠯᠠᠪᠠ᠃

ᠱ᠌ᠢ᠎ᠲᠡᠶ ᠹᠸᠩ᠂ ᠴᠢᠨᠠᠷ ᠰᠠᠢᠲᠠᠶ ᠬᠥᠭ᠌ᠵᠢᠯᠲᠡ᠎ᠶ᠋ᠢ ᠪᠡᠶᠡᠯᠡᠭᠦᠯᠬᠦ᠌᠎ᠳᠦ ᠰᠠᠢᠨ ᠰᠠᠢᠬᠠᠨ ᠤᠯᠤᠰ ᠲᠥᠷᠥ᠎ᠶ᠋ᠢᠨ ᠠᠮᠢ ᠠᠬᠤᠶ᠎ᠪᠠᠷ ᠪᠠᠲᠤᠯᠠᠭ᠎ᠠ ᠪᠣᠯᠭᠠᠬᠤ ᠬᠡᠷᠡᠭ᠌ᠲᠡᠶ᠃ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ ᠬᠡᠵᠢᠶᠡᠳᠡ ᠲᠠᠭᠤᠰᠤᠰᠢ ᠦᠭᠡᠢ ᠪᠠᠢᠬᠤ ᠡᠷᠡᠰ ᠪᠠᠲᠤ ᠪᠠᠷᠢᠮᠲᠠᠯᠠᠯ᠎ᠢ ᠢᠮᠠᠭ᠍ᠲᠠ ᠪᠠᠲᠤᠯᠠᠵᠤ᠂ ᠨᠡᠩ ᠶᠡᠬᠡ ᠡᠷᠴᠢ ᠵᠣᠷᠢᠭ ᠪᠣᠯᠤᠨ ᠡᠷᠴᠢᠮ᠎ᠢᠶᠡᠷ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ ᠪᠣᠯᠤᠨ ᠢᠯᠵᠡᠷᠡᠯ᠎ᠢ ᠡᠰᠡᠷᠭᠦᠴᠡᠬᠦ᠌ ᠲᠡᠮᠡᠴᠡᠯ᠎ᠢ ᠡᠷᠡᠰ ᠭᠤᠢᠪᠢᠰᠢ ᠦᠭᠡᠢ ᠠᠬᠢᠭᠤᠯᠵᠤ᠂ ᠬᠡᠷᠡᠭ᠎ᠢᠶᠡᠷ ᠴᠡᠭᠴᠡᠯᠡᠨ ᠰᠠᠢᠵᠢᠷᠠᠭᠤᠯᠤᠯᠳᠠ᠎ᠶ᠋ᠢ ᠠᠬᠢᠭᠤᠯᠬᠤ᠂ ᠬᠡᠷᠡᠭ᠎ᠢᠶᠡᠷ ᠪᠠᠢᠭᠤᠯᠤᠯᠲᠠ᠎ᠶ᠋ᠢ ᠠᠬᠢᠭᠤᠯᠬᠤ᠂ ᠬᠡᠷᠡᠭ᠎ᠢᠶᠡᠷ ᠵᠠᠰᠠᠯᠲᠠ᠎ᠶ᠋ᠢ ᠠᠬᠢᠭᠤᠯᠬᠤ ᠠᠵᠢᠯ᠎ᠢ ᠭᠦᠨᠵᠡᠭᠡᠢ ᠠᠬᠢᠭᠤᠯᠵᠤ᠂ ᠬᠣᠣᠷ᠎ᠤᠨ ᠡᠬᠢ᠎ᠶ᠋ᠢ ᠦᠨᠳᠦᠰᠦ᠎ᠡᠴᠡ ᠨᠢ ᠴᠡᠪᠡᠷᠯᠡᠵᠤ᠂ ᠬᠣᠣᠷᠲᠤ ᠬᠠᠪᠤᠳᠠᠷ᠎ᠢ ᠤᠭᠳᠤᠯᠵᠤ᠂ ᠲᠠᠷᠬᠠᠭᠠᠭᠰᠠᠨ ᠬᠤᠤᠷ᠎ᠢ ᠠᠷᠢᠯᠭᠠᠬᠤ᠎ᠶᠢ ᠲᠠᠰᠤᠷᠠᠯᠳᠠ ᠦᠭᠡᠢ ᠠᠬᠢᠭᠤᠯᠬᠤ ᠬᠡᠷᠡᠭ᠌ᠲᠡᠢ᠃ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠰᠢᠯᠢᠳᠡᠭᠵᠢᠭᠦᠯᠬᠦ᠂ ᠤᠯᠤᠰ ᠲᠦᠷᠦ᠍᠎ᠶ᠋ᠢᠨ ᠠᠮᠢ ᠠᠬᠤᠢ᠎ᠶᠢ ᠴᠡᠪᠡᠷᠰᠢᠭᠦᠯᠬᠦ ᠪᠦᠬᠦᠯᠢ ᠴᠣᠭ᠍ᠴᠠ᠎ᠶ᠋ᠢᠨ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠦᠷ᠎ᠡ ᠪᠦᠲᠦᠮᠵᠢ᠎ᠶᠢ ᠦᠷᠭᠦᠯᠵᠢᠯᠡᠨ ᠪᠡᠬᠢᠵᠢᠭᠦᠯᠵᠦ ᠥᠷᠭᠡᠳᠭᠡᠨ ᠱᠢᠯᠢᠳᠡᠭ᠌ᠵᠢᠭᠦᠯᠵᠦ᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠦᠨᠳᠦᠰᠦᠨ᠎ᠡᠴᠡ ᠨᠢ ᠰᠠᠢᠵᠢᠷᠠᠭᠤᠯᠬᠤ᠎ᠶ᠋ᠢ ᠠᠬᠢᠭᠤᠯᠵᠤ᠂ ᠰᠠᠢ᠌ᠨ ᠰᠠᠢᠬᠠᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠣᠷᠣᠨ᠎ᠤ ᠲᠥᠪ᠎ᠦᠨ ᠦᠵᠡᠰᠭᠦᠯᠡᠩᠲᠦ ᠰᠠᠢᠬᠠᠨ ᠨᠡᠷ᠎ᠡ᠎ᠶ᠋ᠢᠨ ᠬᠠᠭᠤᠳᠠᠰᠤ ᠪᠣᠯᠭᠠᠬᠤ ᠬᠡᠷᠡᠭ᠌ᠲᠡᠢ ᠭᠡᠵᠤ ᠴᠢᠬᠤᠯᠠᠴᠢᠯᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面