ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠮᠡᠳᠡᠭᠡᠯᠡᠯ

2021-11-28 10:10:00

ᠵᠣᠬᠢᠶᠠᠭ᠍ᠴᠢ᠄ ᠪᠠᠢ ᠳ᠋ᠠᠨ ᠰᠦᠩ ᠱᠤᠸᠠᠩ ᠣᠩᠱᠢᠭ᠍ᠰᠠᠨ ᠣᠳᠠᠭ᠎ᠠ᠄ 3

ᠱ᠌ᠢ᠎ᠲᠡᠶ ᠹᠸᠩ ᠬᠤᠷᠠᠯ᠎ᠢ ᠡᠷᠬᠢᠯᠡᠵᠡᠢ


11 ᠰᠠᠷ᠎ᠠ᠎ᠶ᠋ᠢᠨ 27᠎ᠤ᠋ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ ᠬᠣᠶᠠᠳᠤᠭᠠᠷ ᠤᠳᠠᠭ᠎ᠠ ᠶ᠋ᠢᠨ ᠬᠤᠷᠠᠯ ᠬᠢᠪᠡ᠃

ᠱ᠌ᠢ᠎ᠲᠡᠶ ᠹᠸᠩ ᠬᠤᠷᠠᠯ᠎ᠢ ᠡᠷᠬᠢᠯᠡᠵᠡᠢ᠃

ᠶᠠᠩ ᠸᠧᠢ ᠳ᠋ᠦᠩ ᠲᠥᠪ᠎ᠦᠨ ᠵᠣᠬᠢᠶᠠᠨ ᠪᠠᠢᠭᠤᠯᠬᠤ ᠬᠡᠯᠲᠡᠰ᠎ᠦᠨ 《ᠮᠤᠵᠢ ᠥᠪᠡᠷᠲᠡᠭᠡᠨ ᠵᠠᠰᠠᠬᠤ ᠣᠷᠣᠨ ᠱᠢᠭᠤᠳ ᠬᠠᠷᠢᠶ᠎ᠠ ᠬᠣᠲᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠬᠤᠷᠠᠯ᠎ᠤᠨ ᠰᠣᠩᠭᠣᠭᠤᠯᠢ᠎ᠶ᠋ᠢᠨ ᠠᠵᠢᠯ᠎ᠢ ᠰᠠᠢᠲᠤᠷ ᠬᠢᠬᠦ᠌ ᠲᠤᠬᠠᠢ ᠮᠡᠳᠡᠭ᠌ᠳᠡᠯ》᠎ᠢ᠋ ᠤᠯᠠᠮᠵᠢᠯᠠᠭ᠍ᠰᠠᠨ ᠪᠥᠭᠡᠳ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠨᠠᠮ᠎ᠤᠨ ᠬᠣᠷᠢᠶᠠᠨ᠎ᠤ ᠭᠡᠱᠢᠭᠦᠨ᠂ ᠣᠷᠣᠯᠠᠭ᠍ᠴᠢ ᠭᠡᠱᠢᠭᠦᠨ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠭᠡᠱᠢᠭᠦᠨ᠎ᠦ ᠵᠢᠱ᠌ᠢᠭ᠌ᠳᠡᠭ᠌ᠴᠢ᠎ᠶ᠋ᠢᠨ ᠪᠡᠯᠡᠳᠭᠡᠯ ᠵᠢᠱ᠌ᠢᠭ᠌ᠳᠡᠭ᠌ᠴᠢ᠎ᠶ᠋ᠢᠨ ᠨᠡᠷᠡᠰ᠎ᠦᠨ ᠲᠤᠬᠠᠢ ᠲᠣᠳᠣᠷᠬᠠᠢᠯᠠᠯᠲᠠ ᠬᠢᠵᠡᠢ᠃

ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠨᠠᠮ᠎ᠤᠨ ᠬᠣᠷᠢᠶᠠᠨ᠎ᠤ ᠭᠡᠱᠢᠭᠦᠨ᠂ ᠣᠷᠣᠯᠠᠭ᠍ᠴᠢ ᠭᠡᠱᠢᠭᠦᠨ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠭᠡᠱᠢᠭᠦᠨ᠎ᠦ ᠵᠢᠱ᠌ᠢᠭ᠌ᠳᠡᠭ᠌ᠴᠢ᠎ᠶ᠋ᠢᠨ ᠪᠡᠯᠡᠳᠭᠡᠯ ᠵᠢᠱ᠌ᠢᠭ᠌ᠳᠡᠭ᠌ᠴᠢ᠎ᠶ᠋ᠢᠨ ᠨᠡᠷᠡᠰ᠎ᠢ ᠬᠢᠨᠠᠨ ᠵᠥᠪᠯᠡᠵᠦ᠍ ᠪᠠᠲᠤᠯᠠᠨ᠂ ᠡᠯ᠎ᠡ ᠲᠥᠯᠥᠭᠡᠯᠡᠭ᠌ᠴᠢᠳ᠎ᠦᠨ ᠪᠦᠯᠬᠦᠮ (ᠳᠤᠭᠤᠢᠯᠠᠩ) ᠳ᠋ᠸ᠋ ᠳᠡᠪᠱᠢᠭᠦᠯᠦᠨ ᠶᠠᠷᠢᠯᠴᠠᠨ ᠵᠦᠪᠯᠡᠭᠦᠯᠬᠦ᠎ᠪᠠᠷ ᠲᠣᠭ᠍ᠲᠠᠪᠠ᠃

ᠬᠤᠷᠠᠯ᠎ᠠᠴᠠ ᠶᠡᠬᠡ ᠬᠤᠷᠠᠯ᠎ᠤᠨ ᠰᠣᠩᠭᠣᠭᠤᠯᠢ᠎ᠶ᠋ᠢᠨ ᠠᠷᠭ᠎ᠠ(ᠲᠥᠰᠦᠯ) ᠎ᠶ᠋ᠢ ᠬᠢᠨᠠᠨ ᠵᠥᠪᠯᠡᠵᠦ᠍ ᠪᠠᠲᠤᠯᠠᠨ᠂ ᠡᠯ᠎ᠡ ᠲᠥᠯᠥᠭᠡᠯᠡᠭ᠌ᠴᠢᠳ᠎ᠦᠨ ᠪᠦᠯᠬᠦᠮ (ᠳᠤᠭᠤᠢᠯᠠᠩ)ᠳ᠋ᠸ᠋ ᠳᠡᠪᠱᠢᠭᠦᠯᠦᠨ ᠶᠠᠷᠢᠯᠴᠠᠭᠤᠯᠬᠤ᠎ᠪᠠᠷ ᠲᠣᠭ᠍ᠲᠠᠪᠠ᠃

ᠬᠤᠷᠠᠯ᠎ᠠᠴᠠ ᠪᠠᠰᠠ ᠡᠯ᠎ᠡ ᠲᠥᠯᠥᠭᠡᠯᠡᠭ᠌ᠴᠢᠳ᠎ᠦᠨ ᠪᠦᠯᠬᠦᠮ(ᠳᠤᠭᠤᠢᠯᠠᠩ) ᠤ᠋ᠨ ᠶᠡᠬᠡ ᠬᠤᠷᠠᠯ᠎ᠤᠨ ᠪᠢᠯᠧᠲ ᠬᠢᠨᠠᠭ᠍ᠴᠢ᠎ᠶ᠋ᠢ ᠰᠣᠩᠭᠣᠨ ᠭᠠᠷᠭᠠᠬᠤ ᠠᠵᠢᠯ᠎ᠢ ᠪᠠᠢᠷᠢᠯᠠᠭᠤᠯᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面