2021-11-29 06:59:53
11 ᠰᠠᠷ᠎ᠠ ᠵᠢᠨ 27 ᠤ᠋ ᠦᠳᠡ ᠵᠢᠨ ᠬᠣᠢᠨ᠎ᠠ ᠡᠴᠡ 28 ᠤ᠋ ᠡᠳᠦᠷ ᠪᠣᠯᠲᠠᠯ᠎ᠠ᠂ ᠮᠧᠩ ᠹᠠᠨ ᠯᠢ᠂ ᠯᠢᠦ ᠱᠤᠸᠠᠩ᠂ ᠶᠠᠩ ᠸᠧᠢ ᠳ᠋ᠦᠩ᠂ ᠵᠠᠩ ᠱᠣᠤ ᠴᠦᠨ᠂ ᠳ᠋ᠤᠸᠠᠨ ᡁᠢ ᠴᠢᠶᠠᠩ᠂ ᠪᠦᠦ ᠭᠠᠩ᠂ ᠵᠧᠩ ᠬᠣᠩ ᠹᠠᠨ᠂ ᠮᠠ ᠴᠢᠩ ᠯᠧᠢ᠂ ᠮᠧᠩ ᠱᠢᠶᠠᠨ ᠳ᠋ᠦᠩ ᠦᠪᠡᠷ ᠦᠪᠡᠷ ᠤ᠋ᠨ ᠪᠠᠢᠭ᠎ᠠ ᠲᠥᠯᠥᠭᠡᠯᠡᠭᠴᠢᠳ᠎ᠦ᠋ᠨ ᠪᠦᠯᠬᠦᠮ᠎ᠤᠨ ᠵᠢᠡᠨ ᠲᠥᠯᠥᠭᠡᠯᠡᠭᠴᠢᠳᠲᠡᠢ ᠬᠠᠮᠲᠤ ᠪᠡᠷ ᠥᠪᠡᠷᠲᠡᠭᠡᠨ ᠵᠠᠰᠠᠬᠤ ᠣᠷᠣᠨ ᠤ᠋ ᠠᠷᠪᠠᠳᠤᠭᠠᠷ ᠬᠤᠭᠤᠴᠠᠭᠠᠨ ᠤ᠋ ᠨᠠᠮ ᠤ᠋ᠨ ᠬᠣᠷᠢᠶᠠᠨ᠎ᠤ ᠢᠯᠡᠳᠬᠡᠯ ᠪᠠ ᠥᠪᠡᠷᠲᠡᠭᠡᠨ ᠵᠠᠰᠠᠬᠤ ᠣᠷᠣᠨ ᠤ᠋ ᠠᠷᠪᠠᠳᠤᠭᠠᠷ ᠬᠤᠭᠤᠴᠠᠭᠠᠨ ᠤ᠋ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠠᠵᠢᠯ ᠤ᠋ᠨ ᠮᠡᠳᠡᠭᠦᠯᠦᠯᠲᠡ ᠵᠢ ᠬᠢᠨᠠᠨ ᠵᠦᠪᠯᠡᠪᠡ᠃
ᠮᠧᠩ ᠹᠠᠨ ᠯᠢ ᠬᠢᠨᠠᠨ ᠵᠥᠪᠯᠡᠬᠦ ᠳ᠋ᠤ ᠣᠷᠣᠯᠴᠠᠬᠤᠳ᠋ᠠᠭᠠᠨ᠂ ᠨᠠᠮ ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ ᠤ᠋ᠨ ᠢᠯᠡᠳᠭᠡᠯ᠎ᠤᠨ ᠤᠳᠭ᠎ᠠ ᠭᠦᠨ᠂ ᠬᠠᠷᠠᠭᠠᠰᠤ ᠥᠷᠭᠡᠨ᠂ ᠠᠭᠤᠯᠤᠭᠳᠠᠬᠤᠨ ᠪᠠᠶᠠᠯᠢᠭ ᠪᠠᠢᠵᠤ᠂ ᠢᠯᠡ ᠲᠣᠳᠣ ᠤᠯᠤᠰ ᠲᠦᠷᠦᠴᠢ ᠴᠢᠨᠠᠷ᠂ ᠶᠡᠬᠡ ᠲᠠᠯ᠎ᠠ ᠵᠢᠨ ᠦᠵᠡᠯᠲᠡ᠂ ᠠᠷᠠᠳᠴᠢ ᠴᠢᠨᠠᠷ᠂ ᠴᠠᠭ ᠦᠶᠡᠴᠢ ᠴᠢᠨᠠᠷ ᠪᠣᠯᠤᠨ ᠬᠤᠷᠴᠠ ᠴᠢᠩᠭ᠎ᠠ ᠲᠡᠦᠬᠡ ᠵᠢᠨ ᠬᠠᠷᠢᠭᠤᠴᠠᠯᠭᠠᠲᠤ ᠰᠡᠳᠭᠢᠯᠭᠡ ᠵᠢ ᠢᠯᠡᠷᠡᠭᠦᠯᠦᠭᠰᠡᠨ ᠨᠢᠭᠡᠨ ᠭᠣᠣᠯᠯᠠᠭᠴᠢ ᠪᠠᠨ ᠬᠠᠮᠠᠭᠠᠯᠠᠵᠤ᠂ ᠤᠭ ᠰᠠᠨᠠᠭ᠎ᠠ ᠪᠠᠨ ᠦᠯᠦ ᠮᠠᠷᠲᠠᠨ᠂ ᠬᠥᠮᠦᠰ᠎ᠤᠨ ᠰᠡᠳᠬᠢᠯ᠎ᠢ ᠤᠷᠮᠠᠰᠢᠭᠤᠯᠵᠤ ᠵᠣᠷᠢᠭᠵᠢᠭᠤᠯᠤᠭᠰᠠᠨ ᠰᠠᠢᠨ ᠢᠯᠡᠳᠭᠡᠯ ᠪᠣᠯᠤᠨ᠎ᠠ᠃ ᠪᠤᠭᠤᠲᠤ ᠬᠣᠲᠠ᠎ᠵᠢᠨ ᠬᠢᠨ ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠤᠳᠠᠭ᠎ᠠ ᠵᠢᠨ ᠨᠠᠮ ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ ᠤ᠋ᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠨᠠᠮ ᠤ᠋ᠨ ᠤᠳᠤᠷᠢᠳᠤᠯᠭ᠎ᠠ ᠪᠠ ᠨᠠᠮ ᠤ᠋ᠨ ᠪᠠᠢᠭᠤᠯᠤᠯᠲᠠ ᠵᠢ ᠪᠦᠬᠦ ᠲᠠᠯ᠎ᠠ ᠪᠡᠷ ᠴᠢᠩᠭᠠᠳᠭᠠᠨ ᠰᠠᠢᠵᠢᠷᠠᠭᠤᠯᠵᠤ᠂ ᠴᠢᠨᠠᠷ ᠰᠠᠢᠲᠠᠢ ᠬᠥᠭᠵᠢᠯᠲᠡ ᠵᠢ ᠭᠦᠨᠵᠡᠭᠡᠢ ᠠᠬᠢᠭᠤᠯᠤᠨ᠂ ᠴᠢᠨᠠᠷ ᠰᠠᠢᠳᠠᠢ ᠠᠮᠢᠳᠤᠷᠠᠯ ᠢ᠋ ᠢᠳᠡᠪᠬᠢᠲᠡᠢ ᠡᠭᠦᠳᠴᠦ᠂ ᠬᠠᠮᠲᠤ ᠪᠠᠷ ᠴᠢᠨᠡᠭᠡᠯᠢᠭᠵᠢᠬᠦ ᠵᠢ ᠯᠠᠪᠳᠠᠭᠤᠨ ᠪᠠᠲᠤᠲᠠᠢ ᠠᠬᠢᠭᠤᠯᠵᠤ᠂ ᠥᠨᠳᠥᠷ ᠪᠦᠲᠦᠮᠵᠢᠲᠡᠢ ᠵᠠᠰᠠᠯᠲᠠ ᠵᠢ ᠲᠦᠷᠭᠡᠳᠭᠡᠨ ᠪᠡᠶᠡᠯᠡᠭᠦᠯᠵᠦ᠂ ᠳᠤᠮᠳᠠᠳᠤ ᠵᠢᠨ ᠦᠨᠳᠦᠰᠦᠲᠡᠨ᠎ᠦ᠌ ᠬᠠᠮᠲᠤ ᠵᠢᠨ ᠴᠣᠭᠴᠠ ᠵᠢᠨ ᠤᠬᠠᠮᠰᠠᠷ ᠢ᠋ ᠪᠠᠲᠤ ᠴᠤᠭᠴᠠᠯᠠᠬᠤ ᠪᠡᠷ ᠭᠣᠣᠯ ᠱᠢᠵᠢᠮ ᠪᠣᠯᠭᠠᠨ ᠦᠨᠳᠦᠰᠦᠲᠡᠨ᠎ᠦ᠌ ᠠᠵᠢᠯ ᠢ᠋ ᠴᠢᠩᠭᠠᠳᠭᠠᠨ ᠰᠠᠢᠵᠢᠷᠠᠭᠤᠯᠵᠤ᠂ ᠴᠡᠴᠡᠭᠯᠡᠨ ᠬᠥᠭᠵᠢᠭᠰᠡᠨ ᠱᠢᠨ᠎ᠡ ᠴᠠᠭ ᠦᠶ᠎ᠡ ᠵᠢᠨ ᠳᠤᠮᠳᠠᠳᠤ ᠤᠯᠤᠰ ᠤ᠋ᠨ ᠣᠨᠴᠠᠯᠢᠭ ᠳᠠᠢ ᠨᠡᠢᠭᠡᠮ ᠵᠢᠷᠤᠮᠳᠤ ᠣᠳᠣᠬᠢᠴᠢᠯᠠᠭᠰᠠᠨ ᠱᠢᠨ᠎ᠡ ᠪᠤᠭᠤᠲᠤ ᠵᠢ ᠪᠦᠬᠦ ᠬᠦᠴᠦᠨ ᠢ᠋ᠶ᠋ᠡᠷ ᠢ᠋ᠶ᠋ᠡᠨ ᠪᠦᠲᠦᠭᠡᠨ ᠪᠠᠢᠭᠤᠯᠵᠤ᠂ ᠪᠦᠬᠦ ᠣᠷᠣᠨ ᠤ᠋ ᠡᠯ᠎ᠡ ᠵᠦᠢᠯ᠎ᠦ᠋ᠨ ᠦᠢᠯᠡᠰ᠎ᠦ᠋ᠨ ᠴᠢᠨᠠᠷ ᠰᠠᠢᠲᠠᠢ ᠬᠥᠭᠵᠢᠯᠲᠡ ᠳ᠋ᠤ ᠬᠦᠴᠦᠨ ᠴᠢᠳᠠᠯ ᠢ᠋ᠶ᠋ᠠᠨ ᠨᠠᠮᠠᠷᠢᠯᠡᠨ᠎ᠠ ᠭᠡᠵᠤ ᠭᠡᠯᠡᠪᠠ᠃
ᠯᠢᠦ ᠱᠤᠸᠠᠩ ᠬᠢᠨᠠᠨ ᠵᠥᠪᠯᠡᠬᠦ ᠳ᠋ᠤ ᠣᠷᠣᠯᠴᠠᠬᠤᠳ᠋ᠠᠭᠠᠨ᠂ ᠨᠠᠮ ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ ᠤ᠋ᠨ ᠢᠯᠡᠳᠭᠡᠯ ᠨᠢ ᠲᠤᠭ᠎ᠢ ᠥᠨᠳᠥᠷ ᠮᠠᠨᠳᠤᠭᠤᠯᠵᠤ᠂ ᠬᠦᠰᠡᠯ ᠨᠠᠢᠳᠠᠯᠭ᠎ᠠ ᠵᠢ ᠪᠠᠲᠤ ᠴᠡᠭᠡᠵᠢᠯᠡᠨ᠂ ᠡᠭᠦᠷᠭᠡ ᠬᠠᠷᠢᠭᠤᠴᠠᠯᠭᠠᠢ᠋ᠢ ᠵᠣᠷᠢᠭᠲᠠᠢ ᠡᠬᠦᠷᠭᠡᠯᠡᠵᠦ᠂ ᠵᠠᠮ ᠨᠡᠭᠡᠭᠡᠨ ᠱᠢᠨ᠎ᠡ ᠵᠢ ᠡᠭᠦᠳᠴᠦ᠂ ᠬᠥᠮᠦᠰ᠎ᠦ᠋ᠨ ᠰᠡᠳᠭᠢᠯ ᠢ᠋ ᠤᠷᠮᠠᠰᠢᠭᠤᠯᠵᠤ᠂ ᠬᠥᠮᠦᠰ ᠢ᠋ ᠵᠣᠷᠢᠭᠵᠢᠭᠤᠯᠤᠨ ᠤᠷᠤᠭᠱᠢᠯᠠᠭᠤᠯᠤᠭᠰᠠᠨ ᠮᠠᠱᠢ ᠰᠠᠢᠨ ᠤᠯᠤᠰ ᠲᠥᠷᠥ ᠵᠢᠨ ᠢᠯᠡᠳᠭᠡᠯ ᠪᠠᠢᠵᠤ᠂ ᠥᠪᠥᠷ ᠮᠣᠩᠭᠣᠯ ᠤ᠋ᠨ ᠬᠥᠭᠵᠢᠯᠲᠡ ᠵᠢᠨ ᠱᠢᠨ᠎ᠡ ᠵᠢᠷᠤᠭ ᠲᠦᠰᠦᠪ᠎ᠢ ᠵᠢᠷᠤᠭᠯᠠᠪᠠ᠃ ᠢᠯᠡᠳᠭᠡᠯ ᠨᠢ ᠤᠯᠤᠰ ᠲᠦᠷᠦᠴᠢ ᠴᠢᠨᠠᠷ᠂ ᠦᠵᠡᠯ ᠰᠠᠨᠠᠭᠠᠴᠢ ᠴᠢᠨᠠᠷ᠂ ᠬᠠᠨᠳᠤᠯᠭᠠᠲᠤ ᠴᠢᠨᠠᠷ᠂ ᠵᠢᠯᠣᠭᠣᠳᠬᠤ ᠴᠢᠨᠠᠷ ᠢ᠋ᠶ᠋ᠠᠷ ᠮᠠᠱᠢ ᠴᠢᠩᠭ᠎ᠠ ᠪᠠᠢᠵᠤ᠂ ᠮᠠᠱᠢ ᠴᠢᠩᠭ᠎ᠠ ᠬᠠᠷᠢᠭᠤᠴᠠᠯᠭᠠᠲᠤ ᠰᠡᠳᠭᠢᠯᠭᠡ ᠪᠠ ᠡᠭᠦᠷᠭᠡᠲᠦ ᠪᠤᠳᠤᠯ ᠳᠠᠮᠵᠢᠭᠤᠯᠵᠤ᠂ 《ᠬᠣᠶᠠᠷ ᠢ᠋ ᠬᠠᠮᠠᠭᠠᠯᠠᠬᠤ》 ᠵᠢ ᠤᠬᠠᠮᠰᠠᠷ ᠡᠴᠡ ᠪᠠᠨ ᠡᠷᠡᠰ ᠦᠢᠯᠡᠳᠦᠯᠭᠡᠵᠢᠭᠦᠯᠬᠦ ᠵᠢᠨ ᠳᠠᠭᠤᠷᠢᠶᠠᠯ ᠪᠣᠯᠤᠭᠰᠠᠨ ᠪᠠᠢᠨ᠎ᠠ᠃ ᠢᠯᠡᠳᠭᠡᠯ ᠨᠢ ᠡᠷᠡᠮᠠᠭᠡᠢᠯᠡᠨ ᠤᠷᠤᠭᠱᠢᠯᠠᠬᠤ ᠴᠢᠭᠯᠡᠯ ᠪᠠ ᠪᠡᠶᠡᠯᠡᠭᠦᠯᠬᠦ ᠠᠷᠭ᠎ᠠ ᠵᠠᠮ ᠢ᠋ ᠲᠣᠳᠣᠷᠬᠠᠢ ᠵᠢᠭᠠᠵᠦ ᠦᠭᠬᠦᠭᠰᠡᠨ ᠮᠥᠷᠲᠡᠭᠡᠨ ᠪᠢᠳᠡᠨ᠎ᠤ ᠦᠵᠡᠯ ᠰᠠᠨᠠᠭ᠎ᠠ ᠪᠠ ᠠᠵᠢᠯ ᠤ᠋ᠨ ᠳᠤᠮᠳᠠᠬᠢ ᠮᠠᠱᠢ ᠣᠯᠠᠨ ᠲᠥᠭᠡᠷᠢᠭᠳᠡᠯ ᠢ᠋ ᠠᠷᠢᠯᠭᠠᠭᠰᠠᠨ ᠪᠠᠢᠨ᠎ᠠ᠃ ᠢᠯᠡᠳᠭᠡᠯ ᠨᠢ 《ᠭᠤᠷᠪᠠᠨ ᠤᠬᠳᠤ ᠪᠤᠯᠬᠤ ᠦᠭᠡᠢ》 ᠪᠡᠷ ᠱᠢᠨ᠎ᠡ ᠴᠠᠭ ᠦᠶ᠎ᠡ ᠵᠢᠨ ᠨᠠᠮ ᠤ᠋ᠨ ᠦᠨᠳᠦᠰᠦᠲᠡᠨ᠎ᠦ᠌ ᠠᠵᠢᠯ ᠤ᠋ᠨ ᠲᠤᠬᠠᠢ ᠪᠠᠢᠷᠢᠯᠠᠭᠤᠯᠤᠯᠲᠠ ᠬᠢᠵᠡᠢ᠃ ᠡᠨᠡ ᠪᠣᠯ ᠤᠯᠤᠰ ᠲᠥᠷᠥ ᠵᠢᠨ ᠱᠠᠭᠠᠷᠳᠠᠯᠭ᠎ᠠ ᠂ ᠤᠯᠤᠰ ᠲᠥᠷᠥ ᠵᠢᠨ ᠤᠯᠠᠭᠠᠨ ᠱᠤᠭᠤᠮ ᠮᠥᠨ᠃ ᠢᠯᠡᠳᠭᠡᠯ ᠨᠢ 《ᠠᠵᠤ ᠠᠬᠤᠢ ᠵᠢᠨ ᠪᠦᠲᠦᠭᠡᠨ ᠪᠠᠢᠭᠤᠯᠤᠯᠲᠠ ᠪᠣᠯᠤᠨ ᠠᠮᠢ ᠠᠬᠤᠢ ᠣᠷᠴᠢᠨ ᠲᠣᠭᠣᠷᠢᠨ ᠤ᠋ ᠬᠠᠮᠠᠭᠠᠯᠠᠯᠲᠠ ᠵᠥᠷᠢᠴᠡᠯ ᠭᠠᠷᠬᠤᠳ᠋ᠤ᠌ ᠬᠦᠷᠪᠡᠯ᠂ ᠠᠮᠢ ᠠᠬᠤᠢ ᠣᠷᠴᠢᠨ ᠲᠣᠭᠣᠷᠢᠨ ᠤ᠋ ᠬᠠᠮᠠᠭᠠᠯᠠᠯᠲᠠ ᠵᠢ ᠥᠴᠦᠬᠡᠨ ᠴᠦ᠍ ᠲᠠᠲᠠᠭᠠᠯᠵᠠᠯ ᠥᠬᠡᠢ᠎ᠪᠡᠷ ᠲᠡᠷᠢᠭᠦᠨ ᠳ᠋ᠤ ᠲᠠᠯᠪᠢᠬᠤ ᠬᠡᠷᠡᠭᠲᠡᠢ》 ᠵᠢᠴᠢ ᠠᠵᠤ ᠠᠬᠤᠢ ᠵᠢᠨ ᠬᠡᠯᠪᠡᠷᠢ ᠵᠢ ᠬᠤᠪᠢᠷᠠᠭᠤᠯᠤᠨ ᠬᠥᠭᠵᠢᠭᠦᠯᠬᠦ ᠵᠢ ᠲᠦᠷᠭᠡᠳᠭᠡᠬᠦ ᠲᠠᠯ᠎ᠠ ᠪᠡᠷ ᠳᠤᠷᠠᠳᠤᠭᠰᠠᠨ《ᠲᠠᠪᠤᠨ ᠡᠷᠬᠡᠪᠱᠢ》 ᠱᠠᠭᠠᠷᠳᠠᠯᠭ᠎ᠠ ᠨᠢ ᠤᠯᠠᠭᠠᠨ ᠱᠤᠭᠤᠮ ᠢ᠋ ᠦᠨᠳᠦᠰᠦᠨ᠎ᠡᠴᠡ ᠨᠢ ᠲᠣᠳᠣᠷᠬᠠᠢ ᠲᠤᠭᠳᠠᠭᠠᠵᠦ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ᠎ᠤ ᠢᠳᠡᠭᠡᠯ ᠵᠤᠷᠢᠭ᠎ᠢ ᠭᠦᠢᠴᠡᠳ ᠢᠯᠡᠷᠡᠭᠦᠯᠵᠡᠢ ᠃ ᠡᠬᠦᠨ ᠢ ᠪᠢᠳᠡ ᠡᠷᠡᠰ ᠪᠠᠳᠤ ᠬᠡᠷᠡᠭᠵᠢᠭᠦᠯᠵᠦ᠂ ᠪᠣᠳᠠᠲᠠᠢ᠎ᠳᠦ ᠨᠠᠢᠳᠠᠪᠤᠷᠢᠵᠢᠭᠤᠯᠤᠨ᠂ ᠴᠥᠬᠥᠷᠡᠱᠢ ᠦᠭᠡᠢ ᠲᠡᠮᠡᠴᠡᠳᠡᠭ ᠯᠡ ᠶᠦ᠍ᠮ ᠪᠣᠯ ᠥᠪᠥᠷ ᠮᠣᠩᠭᠣᠯ ᠤ᠋ᠨ ᠬᠥᠭᠵᠢᠯᠲᠡ ᠵᠢᠨ ᠴᠣ ᠱᠢᠨ᠎ᠡ ᠪᠠᠢᠳᠠᠯ ᠢ᠋ ᠡᠭᠦᠳᠬᠦ ᠨᠢ ᠯᠠᠪᠲᠠᠢ ᠶᠤᠮ ᠭᠡᠵᠤ ᠭᠡᠯᠡᠪᠠ᠃
ᠶᠠᠩ ᠸᠧᠢ ᠳ᠋ᠦᠩ ᠬᠢᠨᠠᠨ ᠵᠥᠪᠯᠡᠬᠦ ᠳ᠋ᠤ ᠣᠷᠣᠯᠴᠠᠬᠤᠳ᠋ᠠᠭᠠᠨ᠂ ᠱᠢᠲᠡᠢ ᠹᠧᠩ ᠨᠥᠬᠥᠷᠦ᠋ᠨ ᠬᠢᠭᠰᠡᠨ ᠢᠯᠡᠳᠭᠡᠯ᠎ᠤᠨ ᠤᠳᠬ᠎ᠠ ᠬᠦᠨ᠂ ᠰᠡᠳᠭᠢᠴᠡ ᠲᠣᠳᠣᠷᠬᠠᠢ᠂ ᠠᠷᠭ᠎ᠠ ᠪᠣᠳᠠᠲᠠᠢ ᠪᠠᠢᠵᠤ᠂ ᠬᠦᠰᠡᠯ ᠨᠠᠢᠳᠠᠯᠭ᠎ᠠ ᠵᠢ ᠪᠠᠲᠤ ᠴᠡᠭᠡᠵᠢᠯᠡᠵᠦ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠬᠦ ᠤᠯᠤᠰ ᠲᠥᠷᠥ ᠵᠢᠨ ᠡᠭᠦᠷᠭᠡᠯᠡᠯ ᠢ᠋ ᠢᠯᠡᠷᠡᠭᠦᠯᠵᠦ᠂ ᠤᠭ ᠰᠠᠨᠠᠭ᠎ᠠ ᠪᠠᠨ ᠦᠯᠦ ᠮᠠᠷᠲᠠᠨ᠂ ᠠᠷᠠᠳ ᠲᠦᠮᠡᠨ ᠢ᠋ ᠳᠡᠭᠡᠳᠦᠯᠡᠬᠦ ᠴᠢᠩ ᠦᠨᠡᠨᠴᠢ ᠬᠠᠢᠷ᠎ᠠ ᠰᠡᠳᠬᠢᠯᠭᠡ ᠠᠭᠤᠯᠤᠭᠳᠠᠵᠦ᠂ ᠱᠢᠨ᠎ᠡ ᠴᠠᠭ ᠦᠶ᠎ᠡ ᠳ᠋ᠤ ᠡᠷᠡᠮᠡᠭᠡᠢᠯᠡᠨ ᠤᠷᠤᠭᠱᠢᠯᠠᠬᠤ᠂ ᠱᠢᠨ᠎ᠡ ᠠᠶᠠᠨᠳ᠋ᠤ᠌ ᠡᠷᠡᠯᠬᠡᠭᠯᠡᠨ ᠲᠡᠮᠡᠴᠡᠬᠦ ᠴᠣᠭ ᠪᠠᠳᠠᠷᠠᠩᠭᠤᠢ ᠳᠦᠷᠰᠦ ᠪᠠᠢᠳᠠᠯ ᠢ᠋ ᠢᠯᠡᠷᠡᠭᠦᠯᠵᠦ᠂ ᠲᠥᠪ ᠬᠣᠷᠢᠶᠠᠨ ᠤ᠋ ᠵᠣᠷᠢᠭ ᠰᠠᠨᠠᠭ᠎ᠠ ᠳᠠᠢ ᠨᠡᠢᠴᠡᠵᠦ᠂ ᠥᠪᠥᠷ ᠮᠣᠩᠭᠣᠯ ᠤ᠋ᠨ ᠪᠣᠳᠠᠲᠤ ᠪᠠᠢᠳᠠᠯ ᠳᠠᠢ ᠨᠡᠢᠴᠡᠵᠦ᠂ ᠨᠠᠮ ᠤ᠋ᠨ ᠭᠡᠱᠢᠭᠦᠨ ᠣᠯᠠᠨ ᠲᠦᠮᠡᠨ᠎ᠦ᠌ ᠬᠦᠰᠡᠯ ᠡᠷᠡᠮᠡᠯᠵᠡᠯᠲᠡᠢ ᠨᠡᠢᠴᠡᠵᠦ᠂ ᠠᠯᠤᠰ ᠬᠡᠳᠦ ᠵᠢᠨ ᠵᠣᠭᠰᠣᠴᠠ ᠳᠠᠢ᠂ ᠠᠯᠤᠰ ᠬᠡᠳᠦ ᠵᠢᠨ ᠬᠠᠷᠠᠯᠲᠠ ᠳᠠᠢ᠂ ᠡᠷᠴᠢ ᠵᠣᠷᠢᠭ ᠢ᠋ ᠬᠥᠪᠴᠢᠯᠡᠵᠦ᠂ ᠬᠥᠮᠦᠰ ᠢ᠋ ᠵᠤᠷᠢᠬᠵᠢᠭᠤᠯᠵᠤ ᠤᠷᠤᠭᠱᠢᠯᠠᠭᠤᠯᠤᠭᠰᠠᠨ ᠰᠠᠢᠨ ᠢᠯᠡᠳᠬᠡᠯ ᠪᠣᠯᠤᠨ᠎ᠠ᠃ ᠪᠦᠬᠦ ᠣᠷᠣᠨ ᠢ᠋ᠶ᠋ᠠᠷ ᠢ᠋ᠶ᠋ᠠᠨ 《ᠲᠠᠪᠤᠨ ᠴᠢᠬᠤᠯᠠ ᠶᠡᠬᠡ ᠤᠯᠤᠰ ᠲᠥᠷᠥ ᠵᠢᠨ ᠬᠠᠷᠢᠭᠤᠴᠠᠯᠭ᠎ᠠ》 ᠳ᠋ᠤ ᠠᠩᠬᠠᠷᠤᠯ ᠢ᠋ᠶ᠋ᠠᠨ ᠬᠠᠨᠳᠤᠭᠤᠯᠤᠨ ᠬᠦᠴᠦᠨ ᠢ᠋ᠶ᠋ᠡᠨ ᠲᠥᠪᠯᠡᠷᠡᠭᠦᠯᠵᠦ᠂ ᠨᠡᠩ ᠶᠡᠬᠡ ᠤᠯᠤᠰ ᠲᠥᠷᠥ ᠵᠢᠨ ᠬᠠᠷᠢᠭᠤᠴᠠᠯᠭ᠎ᠠ ᠵᠢ ᠡᠭᠦᠷᠭᠡᠯᠡᠨ᠂ ᠦᠵᠡᠯ ᠰᠠᠨᠠᠭ᠎ᠠ ᠣᠨᠣᠯ ᠢ᠋ᠶ᠋ᠠᠷ ᠵᠡᠪᠰᠡᠭᠯᠡᠬᠦ ᠵᠢ ᠲᠠᠰᠤᠷᠠᠯᠲᠠ ᠦᠭᠡᠢ ᠴᠢᠩᠭᠠᠳᠭᠠᠵᠤ᠂ ᠺᠠᠳ᠋ᠷ ᠤ᠋ᠨ ᠡᠩᠨᠡᠭᠡᠨᠦ᠌ ᠪᠠᠢᠭᠤᠯᠤᠯᠲᠠ ᠵᠢ ᠴᠢᠩᠭᠠᠳᠭᠠᠨ᠂ ᠦᠨᠳᠦᠰᠦᠨ ᠱᠠᠲᠤᠨ ᠤ᠋ ᠰᠠᠭᠤᠷᠢ ᠵᠢ ᠪᠡᠬᠢᠵᠢᠭᠦᠯᠵᠦ᠂ ᠤᠯᠤᠰ ᠲᠥᠷᠥ ᠵᠢᠨ ᠠᠮᠢ ᠠᠬᠤᠢ ᠵᠢ ᠦᠷᠭᠦᠯᠵᠢᠯᠡᠨ ᠰᠡᠷᠬᠦᠭᠡᠨ ᠴᠡᠪᠡᠷᠰᠢᠬᠦᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠵᠢᠨ ᠠᠮᠢ ᠠᠬᠤᠢ ᠪᠣᠯᠤᠨ ᠠᠵᠢᠯ ᠬᠢᠵᠦ ᠦᠢᠯᠡᠰ ᠪᠣᠰᠭᠠᠬᠤ ᠰᠠᠢᠨ ᠰᠠᠢᠬᠠᠨ ᠣᠷᠴᠢᠨ ᠲᠣᠭᠣᠷᠢᠨ ᠢ᠋ ᠬᠦᠴᠦᠯᠡᠨ ᠪᠣᠢ ᠪᠣᠯᠭᠠᠬᠤ ᠭᠡᠷᠡᠭᠳᠡᠢ ᠭᠡᠵᠤ ᠭᠡᠯᠡᠪᠠ᠃
ᠵᠠᠩ ᠱᠤᠤ ᠴᠦᠨ ᠬᠢᠨᠠᠨ ᠵᠥᠪᠯᠡᠬᠦ ᠳ᠋ᠤ ᠣᠷᠣᠯᠴᠠᠬᠤᠳ᠋ᠠᠭᠠᠨ᠂ ᠱᠢᠲᠡᠢ ᠹᠧᠩ ᠨᠥᠬᠥᠷᠦ᠋ᠨ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠢᠠᠢ᠋ᠢ ᠲᠦᠯᠦᠭᠡᠯᠡᠨ ᠬᠢᠭᠰᠡᠨ ᠢᠯᠡᠳᠭᠡᠯ ᠨᠢ ᠱ᠋ᠢ ᠵᠢᠨ ᠫᠢᠩᠦ᠋ᠨ ᠱᠢᠨ᠎ᠡ ᠴᠠᠭ ᠦᠶ᠎ᠡ ᠵᠢᠨ ᠳᠤᠮᠳᠠᠳᠤ ᠤᠯᠤᠰ ᠤ᠋ᠨ ᠣᠨᠴᠠᠯᠢᠭ ᠳᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠵᠢ ᠪᠦᠬᠦ ᠲᠠᠯ᠎ᠠ ᠪᠡᠷ ᠲᠤᠭᠤᠰᠢᠯᠠᠭᠤᠯᠵᠦ᠂ ᠶᠡᠷᠦᠩᠬᠡᠢ ᠱᠦᠵᠢ ᠱ᠋ᠢ ᠵᠢᠨ ᠫᠢᠩᠦ᠋ᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠦ᠂ ᠤᠯᠤᠰ ᠲᠦᠷᠦᠴᠢ ᠴᠢᠨᠠᠷ᠂ ᠴᠠᠭ ᠦᠶᠡᠴᠢ ᠴᠢᠨᠠᠷ᠂ ᠦᠢᠯᠡᠳᠦᠯᠭᠡᠲᠦ ᠴᠢᠨᠠᠷ ᠢ᠋ᠶ᠋ᠠᠷ ᠮᠠᠱᠢ ᠴᠢᠩᠭ᠎ᠠ ᠶᠤᠮ᠃ ᠡᠷᠭᠡᠪᠰᠢ ᠠᠮᠢ ᠠᠬᠤᠢ ᠵᠢ ᠤᠷᠢᠳᠢ᠋ᠢᠡᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠬᠦᠯᠬᠦ ᠪᠡᠷ ᠤᠳᠤᠷᠢᠳᠤᠮᠵᠢ ᠪᠣᠯᠭᠠᠭᠰᠠᠨ ᠴᠢᠨᠠᠷ ᠰᠠᠢᠲᠠᠢ ᠬᠥᠭᠵᠢᠯᠲᠡ ᠵᠢᠨ ᠱᠢᠨ᠎ᠡ ᠵᠠᠮ ᠢ᠋ᠶ᠋ᠠᠷ ᠡᠷᠡᠰ ᠭᠤᠢᠪᠢᠱᠢ ᠦᠭᠡᠢ ᠵᠠᠮᠨᠠᠵᠤ᠂ ᠪᠦᠲᠦᠴᠡ ᠵᠢᠨ ᠲᠣᠬᠢᠷᠠᠭᠤᠯᠤᠯᠲᠠ ᠵᠢ ᠠᠬᠢᠭᠤᠯᠬᠤ ᠲᠠᠯ᠎ᠠ ᠪᠡᠷ ᠠᠩᠬᠠᠷᠤᠯᠢ᠋ᠢᠡᠨ ᠲᠦᠪᠯᠡᠷᠡᠬᠦᠯᠦᠨ ᠬᠦᠴᠦᠯᠡᠵᠦ᠂ ᠥᠭᠡᠷᠡᠴᠢᠯᠡᠯᠲᠡ ᠨᠡᠭᠡᠭᠡᠯᠲᠡ ᠵᠢ ᠭᠦᠨᠵᠡᠭᠡᠢᠷᠡᠭᠦᠯᠬᠦ ᠲᠠᠯ᠎ᠠ ᠪᠡᠷ ᠠᠮᠢᠵᠢᠷᠠᠯ ᠤ᠋ᠨ ᠬᠦᠴᠦᠨ ᠢ᠋ ᠬᠥᠭᠵᠢᠭᠡᠵᠦ᠂ ᠪᠠᠷᠢᠮᠵᠢᠶᠠᠯᠠᠨ ᠬᠠᠷᠭᠤᠭᠤᠯᠵᠦ ᠦᠨᠳᠦᠷ ᠪᠡᠷᠢᠮᠵᠢᠶ᠎ᠠ ᠲᠤᠭᠳᠠᠭᠠᠬᠤ ᠲᠠᠯ᠎ᠠ ᠪᠡᠷ ᠲᠡᠷᠢᠭᠦᠨ᠎ᠤ ᠳᠠᠭᠤᠷᠢᠶᠠᠯ ᠪᠤᠯᠬᠤ ᠪᠡᠷ ᠴᠢᠷᠮᠠᠢᠵᠤ᠂ ᠠᠵᠢᠯ ᠬᠢᠵᠦ ᠦᠢᠯᠡᠰ ᠪᠣᠰᠭᠠᠬᠤ ᠨᠢᠭᠲᠠᠷᠠᠯ ᠤ᠋ᠨ ᠬᠦᠴᠦᠨ᠂ ᠲᠦᠪᠯᠡᠷᠡᠡᠭᠬᠦᠢ ᠬᠦᠴᠦᠨ᠂ ᠬᠥᠲᠥᠯᠦᠨ ᠳᠠᠭᠠᠭᠤᠯᠬᠤ ᠬᠦᠴᠦᠨ ᠢ᠋ ᠴᠢᠩᠭᠠᠳᠭᠠᠬᠤ ᠬᠡᠷᠡᠭᠲᠡᠢ᠃ ᠦᠨᠡᠨ ᠢ᠋ ᠪᠡᠷᠢᠮᠲᠠᠯᠠᠨ ᠪᠣᠳᠠᠳᠠᠢ ᠵᠢ ᠡᠷᠬᠢᠮᠯᠡᠵᠦ᠂ ᠬᠦᠴᠦᠯᠡᠨ ᠴᠢᠷᠮᠠᠢᠵᠦ ᠨᠠᠢᠳᠠᠪᠤᠷᠢᠵᠢᠭᠤᠯᠤᠯᠲᠠ ᠵᠢ ᠠᠳᠭᠤᠵᠤ᠂ ᠢᠯᠡᠳᠭᠡᠯ ᠳ᠋ᠤ ᠵᠢᠷᠤᠭᠯᠠᠭᠰᠠᠨ ᠠᠤᠭ᠎ᠠ ᠵᠢᠷᠤᠭ ᠲᠥᠰᠥᠪ ᠢ᠋ ᠰᠠᠢᠳᠤᠷ ᠪᠣᠳᠠᠲᠠᠢᠵᠢᠭᠤᠯᠬᠤ ᠭᠡᠷᠡᠭᠳᠠᠢ ᠭᠡᠵᠤ ᠭᠡᠯᠡᠪᠠ᠃
ᠳ᠋ᠤᠸᠠᠨ ᡁᠢ ᠴᠢᠶᠠᠩ ᠬᠢᠨᠠᠨ ᠵᠥᠪᠯᠡᠬᠦ ᠳ᠋ᠤ ᠣᠷᠣᠯᠴᠠᠬᠤᠳ᠋ᠠᠭᠠᠨ᠂ ᠨᠠᠮ ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ ᠤ᠋ᠨ ᠢᠯᠡᠳᠭᠡᠯ ᠨᠢ ᠲᠤᠭ ᠲᠡᠮᠳᠡᠭ ᠲᠣᠳᠣᠷᠬᠠᠢ ᠪᠡᠷ ᠤᠯᠤᠰ ᠲᠥᠷᠥ ᠵᠢ ᠡᠷᠬᠢᠮᠯᠠᠵᠤ᠂ ᠶᠡᠬᠡ ᠲᠠᠯᠠᠳ᠋ᠤ᠌ ᠵᠣᠭᠰᠣᠨ ᠬᠠᠷᠢᠭᠤᠴᠠᠯᠭ᠎ᠠ ᠡᠭᠦᠷᠭᠡᠯᠡᠬᠦ ᠵᠢ ᠡᠷᠬᠢᠮᠯᠠᠨ᠂ ᠪᠦᠬᠦ ᠲᠠᠯ᠎ᠠ ᠵᠢ ᠡᠵᠡᠮᠳᠡᠵᠤ ᠬᠥᠭᠵᠢᠯᠲᠡ ᠵᠢ ᠡᠷᠢᠯᠬᠢᠯᠡᠵᠤ ᠂ ᠠᠷᠠᠳ ᠲᠦᠮᠡᠨ᠎ᠦ᠌ ᠰᠡᠳᠭᠢᠯ᠎ᠳᠦ ᠬᠦᠨ ᠬᠠᠳᠠᠩᠰᠢᠨ᠂ ᠪᠢᠳᠡᠨᠦ᠌ ᠨᠡᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ᠋ ᠪᠦᠬᠦ ᠲᠠᠯ᠎ᠠ ᠪᠡᠷ ᠪᠦᠲᠦᠭᠡᠨ ᠪᠠᠢᠭᠤᠯᠬᠤ ᠱᠢᠨ᠎ᠡ ᠠᠶᠠᠨᠳ᠋ᠤ᠌ ᠥᠪᠥᠷ ᠮᠣᠩᠭᠣᠯ ᠤ᠋ᠨ ᠬᠥᠭᠵᠢᠯᠲᠡ ᠵᠢᠨ ᠱᠢᠨ᠎ᠡ ᠬᠠᠭᠤᠳᠠᠰᠤ ᠵᠢ ᠪᠢᠴᠢᠭᠯᠡᠬᠦ ᠳ᠋ᠤ 《ᠵᠠᠮ ᠱᠤᠭᠤᠮ ᠤ᠋ᠨ ᠵᠢᠷᠤᠭᠯᠠᠯ》 ᠪᠠ 《ᠪᠠᠷᠢᠯᠭ᠎ᠠ ᠵᠢᠨ ᠵᠢᠷᠤᠭ ᠲᠦᠰᠦᠪ 》 ᠬᠠᠩᠭᠠᠵᠠᠢ᠃ ᠡᠷᠭᠡᠪᠰᠢ 《ᠬᠣᠶᠠᠷ ᠢ᠋ ᠲᠣᠭᠲᠠᠭᠠᠬᠤ》 ᠵᠢ ᠡᠷᠡᠰ ᠬᠦᠷᠢᠶᠡᠯᠡᠵᠦ᠂ 《ᠬᠣᠶᠠᠷ ᠢ᠋ ᠬᠠᠮᠠᠭᠠᠯᠠᠬᠤ》 ᠵᠢ ᠡᠷᠡᠰ ᠪᠡᠶᠡᠯᠡᠭᠦᠯᠤᠨ᠂ ᠠᠵᠢᠯ ᠦᠢᠯᠡᠰ᠎ᠦ᠋ᠨ ᠬᠥᠭᠵᠢᠯᠲᠡ ᠵᠢᠨ ᠤᠯᠤᠰ ᠲᠥᠷᠥ ᠵᠢᠨ ᠵᠥᠪ ᠴᠢᠭᠯᠡᠯ ᠢ᠋ ᠪᠠᠲᠤᠯᠠᠬᠤ ᠬᠡᠷᠡᠭᠲᠡᠢ; ᠨᠢᠭᠡᠳᠦᠮᠡᠯ ᠹᠷᠣᠨᠲ ᠤ᠋ᠨ ᠳᠠᠪᠠᠭᠤᠯᠢᠭ ᠢ᠋ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ᠋ ᠴᠢᠨᠠᠷ ᠰᠠᠢᠲᠠᠢ ᠬᠥᠭᠵᠢᠯᠲᠡ ᠳ᠋ᠤ ᠬᠦᠴᠦᠨ ᠨᠡᠮᠡᠷᠢᠯᠡᠬᠦ ᠬᠡᠷᠡᠭᠲᠡᠢ; ᠳᠤᠮᠳᠠᠳᠤ ᠵᠢᠨ ᠦᠨᠳᠦᠰᠦᠲᠡᠨ᠎ᠦ᠌ ᠬᠠᠮᠲᠤ ᠵᠢᠨ ᠴᠣᠭᠴᠠ ᠵᠢᠨ ᠤᠬᠠᠮᠰᠠᠷ ᠢ᠋ ᠪᠠᠲᠤ ᠴᠤᠭᠴᠠᠯᠠᠬᠤ ᠡᠨᠡ ᠬᠦ᠌ ᠭᠣᠣᠯ ᠱᠢᠵᠢᠮ ᠢ᠋ ᠪᠠᠲᠤ ᠡᠵᠡᠮᠳᠡᠵᠦ᠂ ᠱᠢᠨ᠎ᠡ ᠴᠠᠭ ᠦᠶ᠎ᠡ ᠵᠢᠨ ᠨᠠᠮ ᠤ᠋ᠨ ᠦᠨᠳᠦᠰᠦᠲᠡᠨ᠎ᠦ᠌ ᠠᠵᠢᠯ ᠤ᠋ᠨ ᠴᠢᠨᠠᠷ ᠰᠠᠢᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ; ᠮᠠᠨ ᠤ᠋ ᠤᠯᠤᠰ ᠤ᠋ᠨ ᠱᠠᠰᠢᠨ ᠰᠤᠷᠲᠠᠬᠤᠨ᠎ᠢ ᠳᠤᠮᠳᠠᠳᠤ ᠤᠯᠤᠰᠴᠢᠯᠠᠬᠤ ᠵᠢ ᠲᠠᠰᠤᠷᠠᠯᠲᠠ ᠦᠭᠡᠢ ᠠᠬᠢᠭᠤᠯᠵᠤ᠂ ᠱᠠᠰᠢᠨ ᠰᠤᠷᠲᠠᠬᠤᠨ᠎ᠢ ᠢᠳᠡᠪᠬᠢᠳᠠᠢ ᠬᠦᠳᠤᠯᠤᠨ ᠵᠢᠯᠤᠭᠤᠳᠴᠤ ᠨᠡᠢᠭᠡᠮ ᠵᠢᠷᠤᠮᠲᠤ ᠨᠡᠢᠭᠡᠮ ᠯᠤᠭᠡ ᠵᠣᠬᠢᠴᠠᠯᠳᠤᠭᠤᠯᠬᠤ ᠬᠡᠷᠡᠭᠲᠡᠢ ᠭᠡᠵᠤ ᠭᠡᠯᠡᠪᠠ᠃
ᠪᠦᠦ ᠭᠠᠩ ᠬᠢᠨᠠᠨ ᠵᠥᠪᠯᠡᠬᠦ ᠳ᠋ᠤ ᠣᠷᠣᠯᠴᠠᠬᠤᠳ᠋ᠠᠭᠠᠨ᠂ ᠨᠠᠮ ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ ᠤ᠋ᠨ ᠢᠯᠡᠳᠭᠡᠯ ᠨᠢ 《ᠬᠣᠶᠠᠷ ᠢ᠋ ᠬᠠᠮᠠᠭᠠᠯᠠᠬᠤ 》 ᠤᠯᠤᠰ ᠲᠥᠷᠥ ᠵᠢᠨ ᠥᠨᠳᠥᠷᠴᠡ᠎ᠳᠦ ᠵᠣᠭᠰᠣᠵᠤ᠂ ᠨᠠᠮ ᠤ᠋ᠨ ᠠᠷᠪᠠ ᠶᠢᠰᠦᠳᠦᠭᠡᠷ ᠬᠤᠭᠤᠴᠠᠭᠠᠨ ᠤ᠋ ᠲᠥᠪ ᠬᠣᠷᠢᠶᠠᠨ ᠤ᠋ ᠵᠢᠷᠭᠤᠳᠤᠭᠠᠷ ᠪᠦᠭᠦᠳᠡ ᠬᠤᠷᠠᠯ ᠤ᠋ᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠱ᠋ᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠦ᠂ ᠥᠪᠥᠷ ᠮᠣᠩᠭᠣᠯ ᠤ᠋ᠨ ᠨᠡᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ᠋ ᠪᠦᠬᠦ ᠲᠠᠯ᠎ᠠ ᠪᠡᠷ ᠪᠦᠲᠦᠭᠡᠨ ᠪᠠᠢᠭᠤᠯᠬᠤ ᠱᠢᠨ᠎ᠡ ᠠᠶᠠᠨᠳ᠋ᠤ᠌ ᠡᠭᠦᠷᠭᠡᠯᠡᠵᠦ ᠪᠦᠬᠦᠢ ᠴᠢᠬᠤᠯᠠ ᠶᠡᠬᠡ ᠬᠠᠷᠢᠭᠤᠴᠠᠯᠭ᠎ᠠ ᠪᠣᠯᠤᠨ ᠢᠷᠠᠭᠤ ᠠᠯᠳᠠᠷᠲᠤ ᠡᠭᠦᠷᠭᠡ ᠬᠠᠷᠢᠭᠤᠴᠠᠯᠭ᠎ᠠ ᠵᠢ ᠲᠣᠳᠣᠷᠬᠠᠢ ᠵᠢᠭᠠᠵᠤ ᠭᠠᠷᠭᠠᠪᠠ᠂ ᠡᠨᠡ ᠪᠣᠯ ᠱᠢᠨ᠎ᠡ ᠴᠠᠭ ᠦᠶ᠎ᠡ ᠳ᠋ᠤ ᠥᠪᠥᠷ ᠮᠣᠩᠭᠣᠯ ᠤ᠋ᠨ ᠴᠢᠨᠠᠷ ᠰᠠᠢᠲᠠᠢ ᠬᠥᠭᠵᠢᠯᠲᠡ ᠵᠢ ᠬᠥᠲᠥᠯᠦᠨ ᠳᠠᠭᠠᠭᠤᠯᠬᠤ ᠬᠥᠲᠥᠯᠪᠦᠷᠢ ᠵᠢᠨ ᠴᠢᠨᠠᠷᠲᠠᠢ ᠪᠢᠴᠢᠭ ᠮᠠᠲ᠋ᠧᠷᠢᠶᠠᠯ ᠪᠣᠯᠤᠨ᠎ᠠ᠃ ᠬᠥᠬᠡᠬᠣᠲᠠ᠎ᠵᠢᠨ ᠬᠢᠨ ᠲᠤᠰ ᠤᠳᠠᠭ᠎ᠠ ᠵᠢᠨ ᠨᠠᠮ ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ ᠤ᠋ᠨ ᠵᠣᠷᠢᠭ ᠰᠠᠨᠠᠭ᠎ᠠ ᠵᠢ ᠨᠠᠷᠢᠨ ᠬᠢᠨᠠᠮᠠᠭᠠᠢ ᠲᠤᠭᠤᠰᠢᠯᠠᠭᠤᠯᠵᠦ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢᠨ ᠴᠢᠬᠤᠯᠠ ᠪᠠᠢᠯᠳᠤᠬᠤ ᠪᠣᠳᠣᠯᠭ᠎ᠠ ᠵᠢᠨ ᠪᠠᠢᠷᠢ ᠲᠣᠭᠲᠠᠭᠠᠯᠲᠠ ᠳᠤᠮᠳᠠ ᠪᠣᠳᠠᠲᠠᠢ ᠨᠠᠢᠳᠠᠪᠤᠷᠢᠵᠢᠭᠤᠯᠬᠤ ᠠᠷᠭ᠎ᠠ ᠬᠡᠮᠵᠢᠢ᠎ᠡ ᠵᠢ ᠤᠨᠢᠨ ᠳᠡᠭᠡᠷ᠎ᠡ ᠨᠢ ᠲᠦᠯᠦᠪᠵᠢᠬᠦᠯᠵᠦ᠂ ᠬᠣᠲᠠ ᠵᠢᠨ ᠴᠢᠳᠠᠪᠬᠢ ᠵᠢ ᠪᠦᠬᠦ ᠬᠦᠴᠦᠨ ᠢ᠋ᠶ᠋ᠡᠷ ᠢ᠋ᠶ᠋ᠡᠨ ᠳᠡᠭᠡᠭᠱᠢᠯᠡᠭᠦᠯᠵᠦ᠂ ᠬᠥᠭᠵᠢᠯᠲᠡ ᠵᠢᠨ ᠣᠷᠴᠢᠨ ᠲᠣᠭᠣᠷᠢᠨ ᠢ᠋ ᠱᠢᠯᠢᠳᠡᠭᠵᠢᠭᠦᠯᠵᠦ᠂ ᠴᠢᠨᠠᠷ ᠰᠠᠢᠲᠠᠢ ᠬᠥᠭᠵᠢᠯᠲᠡ ᠵᠢ ᠤᠷᠢᠳᠢ᠋ᠢᠡᠷ ᠪᠡᠶᠡᠯᠡᠭᠦᠯᠵᠦ᠂ ᠥᠪᠥᠷ ᠮᠣᠩᠭᠣᠯ ᠤ᠋ᠨ ᠬᠥᠭᠵᠢᠯᠲᠡ ᠵᠢᠨ ᠱᠢᠨ᠎ᠡ ᠬᠠᠭᠤᠳᠠᠰᠤ ᠵᠢ ᠪᠢᠴᠢᠭᠯᠡᠬᠦ ᠳᠤᠮᠳᠠ ᠣᠷᠣᠨ ᠤ᠋ ᠲᠥᠪ᠎ᠦ᠋ᠨ ᠬᠠᠷᠢᠭᠤᠴᠠᠯᠭ᠎ᠠ ᠡᠭᠦᠷᠭᠡᠯᠡᠯ ᠢ᠋ ᠦᠨᠡᠨ ᠬᠦ᠌ ᠲᠤᠳᠤᠷᠠᠭᠤᠯᠵᠤ᠂ ᠣᠷᠣᠨ ᠤ᠋ ᠲᠥᠪ᠎ᠦ᠋ᠨ ᠬᠦᠴᠦᠨ ᠴᠢᠳᠠᠯ ᠢ᠋ᠢᠡᠨ ᠨᠠᠮᠠᠷᠢᠯᠡᠨ᠎ᠠ ᠭᠡᠵᠤ ᠭᠡᠯᠡᠪᠠ᠃
ᠵᠧᠩ ᠬᠣᠩ ᠹᠠᠨ᠂ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ᠎ᠨᠢ ᠲᠤᠤᠷᠡᠬᠢ ᠮᠡᠳᠦ ᠬᠡᠳᠦᠨ ᠲᠤᠪᠤᠢ᠌ᠮ᠎ᠠ ᠣᠨᠴᠠᠯᠢᠭ᠎ᠲᠠᠶ᠃ ᠨᠢᠭᠡ᠎ᠳᠦ᠂ ᠡᠷᠡᠰ ᠪᠠᠲᠤ ᠤᠯᠤᠰ ᠲᠦᠷᠦᠴᠢ ᠴᠢᠨᠠᠷᠲᠠᠶ᠃ ᠢᠯᠡᠳᠭᠡᠯ᠎ᠨᠢ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ 《 ᠬᠣᠶᠠᠷ᠎ᠢ ᠬᠠᠮᠠᠭᠠᠯᠠᠬᠤ 》 ᠵᠢ ᠡᠷᠡᠰ ᠪᠡᠶᠡᠯᠡᠭᠦᠯᠬᠦ ᠵᠢ ᠲᠤᠰᠬᠠᠢ ᠪᠦᠯᠦᠭ ᠵᠢᠡᠷ ᠶᠠᠷᠢᠵᠤ᠂ ᠪᠦᠬᠦ᠌ ᠠᠭᠤᠯᠭ᠎ᠠ ᠳ᠋ᠦ ᠲᠤᠭᠤᠱᠢᠯᠠᠭᠤᠯᠤᠨ ᠲᠤᠪᠤᠢ᠌ᠯᠭᠠᠨ ᠴᠢᠬᠤᠯᠠᠴᠢᠯᠠᠪᠠ᠃ ᠬᠣᠶᠠᠷ᠎ᠲᠤ᠂ ᠭᠦᠨ ᠭᠦᠨᠵᠡᠭᠡᠢ ᠦᠵᠡᠯ ᠰᠠᠨᠠᠭᠠᠴᠢ ᠴᠢᠨᠠᠷᠲᠠᠢ᠃ ᠲᠣᠭ᠍ᠲᠠᠭᠠᠭ᠍ᠰᠠᠨ ᠭᠣᠣᠯ ᠰᠡᠳᠦᠪ ᠭᠣᠣᠯ ᠱᠢᠵᠢᠮ ᠡᠴᠡ ᠡᠬᠢᠯᠡᠬᠡᠳ ᠳᠤᠷᠠᠳᠤᠭ᠍ᠰᠠᠨ ᠬᠠᠷᠠᠯᠲᠠ ᠡᠭᠦᠷᠭᠡ᠂ ᠪᠠᠢᠷᠢᠯᠠᠭᠤᠯᠤᠭ᠍ᠰᠠᠨ ᠠᠵᠢᠯ᠎ᠤᠨ ᠲᠤᠬᠢᠷᠠᠭᠤᠯᠤᠯᠳᠠ ᠬᠦᠷᠲᠡᠯ᠎ᠡ ᠪᠦᠷ ᠮᠠᠷᠺᠰ᠎ᠤᠨ ᠦᠵᠡᠯ᠎ᠦᠨ ᠵᠣᠭ᠍ᠰᠣᠯᠲᠠ ᠦᠵᠡᠯᠲᠡ ᠠᠷᠭ᠎ᠠ ᠶᠣᠰᠣ ᠵᠦᠢ ᠭᠦᠨ ᠤᠬᠠᠭᠠᠨ᠎ᠢ ᠭᠦᠢᠴᠡᠳ ᠢᠯᠡᠷᠡᠭᠦᠯᠵᠡᠢ᠃ ᠭᠤᠷᠪᠠ᠎ᠳᠤ᠂ ᠢᠯᠡ ᠲᠣᠳᠣ ᠴᠠᠭ ᠦᠶᠡᠴᠢ ᠴᠢᠨᠠᠷ ᠲᠠᠢ᠃ ᠥᠪᠥᠷ ᠮᠣᠩᠭᠣᠯ᠎ᠤᠨ ᠬᠥᠭ᠌ᠵᠢᠯᠲᠡ᠎ᠶ᠋ᠢ 《 ᠬᠣᠣᠰ ᠵᠠᠭᠤᠨ ᠵᠢᠯ 》 ᠤ᠋ᠨ ᠲᠡᠮᠡᠴᠡᠬᠦ᠌ ᠬᠠᠷᠠᠯᠲᠠ᠎ᠶ᠋ᠢᠨ ᠶᠡᠬᠡ ᠲᠠᠯ᠎ᠠ ᠳ᠋ᠦ ᠲᠠᠯᠪᠢᠨ ᠬᠢᠨᠠᠨ ᠠᠵᠢᠵᠤ᠂ ᠱᠢᠨ᠎ᠡ ᠠᠶᠠᠨ᠎ᠢᠶᠠᠨ ᠡᠬᠢᠯᠡᠭᠦᠯᠬᠦ᠌᠂ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠦᠨᠳᠦᠷᠴᠡ ᠡᠴᠡ ᠲᠥᠯᠥᠪᠵᠢᠭᠦᠯᠵᠤ᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠬᠤ ᠭᠡᠷᠡᠭᠳᠡᠢ ᠭᠡᠪᠠ᠃ ᠳᠥᠷᠪᠡ᠎ᠳᠦ᠂ ᠮᠠᠰᠢ ᠴᠢᠩᠭ᠎ᠠ ᠵᠢᠯᠣᠭᠣᠳᠭᠤ ᠴᠢᠨᠠᠷ ᠲᠠᠢ᠃ ᠠᠷᠠᠳ᠎ᠤᠨ ᠠᠮᠢᠳᠤᠷᠠᠯ᠎ᠤᠨ ᠬᠡᠷᠡᠭ᠌ᠴᠡᠭᠡ ᠱᠠᠭᠠᠷᠳᠠᠯᠭᠠᠪᠤᠯᠤᠨ ᠠᠷᠠᠳ᠎ᠤᠨ ᠬᠦᠰᠡᠯ ᠱᠠᠭᠠᠷᠳᠠᠯᠭ᠎ᠠ᠎ᠲᠠᠶ ᠨᠢᠭ᠍ᠲᠠ ᠤᠶᠠᠯᠳᠤᠭᠤᠯᠵᠤ᠂ ᠠᠷᠠᠳ᠎ᠤᠨ ᠰᠡᠳᠭᠢᠯ᠎ᠢ ᠴᠢᠩᠭ᠎ᠠ ᠡᠵᠡᠮᠳᠡᠵᠦ᠍᠂ ᠠᠷᠠᠳ᠎ᠤᠨ ᠲᠥᠯᠥᠭᠡ ᠭᠡᠬᠦ᠌ ᠴᠢᠩ ᠦᠨᠡᠨᠴᠢ ᠬᠠᠢᠷ᠎ᠠ ᠰᠡᠳᠭᠢᠯᠭᠡ ᠪᠠ ᠪᠠᠲᠤ ᠴᠢᠩᠭ᠎ᠠ ᠲᠡᠦᠬᠡ᠎ᠶ᠋ᠢᠨ ᠡᠭᠦᠷᠭᠡᠯᠡᠯ᠎ᠢ ᠢᠯᠡᠷᠡᠭᠦᠯᠪᠡ ᠭᠡᠵᠠᠢ᠃
ᠮᠠ ᠴᠢᠩ ᠯᠸᠢ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ᠎ᠦᠨ ᠤᠯᠤᠰ ᠲᠦᠷᠦ᠍᠎ᠶ᠋ᠢᠨ ᠵᠣᠭ᠍ᠰᠣᠴᠠ ᠥᠨᠳᠥᠷ ᠪᠠᠢᠵᠤ᠂ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠦᠬᠦ ᠠᠭᠤᠯᠭ᠎ᠠ ᠳ᠋ᠦ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 《 ᠬᠣᠶᠠᠷ᠎ᠢ ᠬᠠᠮᠠᠭᠠᠯᠠᠬᠤ 》 ᠵᠢ ᠡᠷᠡᠰ ᠪᠡᠶᠡᠯᠡᠭᠦᠯᠬᠦ᠌ ᠤᠯᠤᠰ ᠲᠦᠷᠦ᠍᠎ᠶ᠋ᠢᠨ ᠤᠬᠠᠮᠰᠠᠷ᠎ᠢ ᠬᠦᠢᠴᠡᠳ ᠢᠯᠡᠷᠡᠬᠦᠯᠵᠠᠢ; ᠢᠯᠡᠳᠭᠡᠯ᠎ᠳᠦ ᠲᠥᠯᠥᠪᠵᠢᠭᠦᠯᠵᠦ᠍ ᠪᠠᠢᠭ᠎ᠠ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ ᠣᠨᠣᠪᠴᠢᠲᠠᠢ ᠪᠠᠢᠵᠤ ᠂ ᠶᠡᠷᠦᠩᠬᠡᠢ ᠱᠦᠵᠢ ᠰᠢ᠎ᠶ᠋ᠢᠨ ᠫᠢᠩ ᠪᠣᠯᠤᠨ ᠨᠠᠮ᠎ᠤᠨ ᠲᠥᠪ ᠬᠣᠷᠢᠶ᠎ᠠ᠎ᠠᠴᠠ ᠥᠪᠥᠷ ᠮᠣᠩᠭᠣᠯ᠎ᠳᠤ ᠲᠣᠭ᠍ᠲᠠᠭᠠᠵᠤ ᠥᠭ᠌ᠭᠦᠭ᠌ᠰᠡᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ ᠪᠣᠯᠤᠨ ᠠᠵᠢᠯᠯᠠᠭᠠᠨ᠎ᠤ ᠬᠥᠲᠥᠯᠪᠦᠷᠢ᠎ᠶ᠋ᠢ ᠭᠦᠨᠵᠡᠭᠡᠢ ᠡᠵᠡᠮᠳᠡᠵᠦ᠍᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭ᠌ᠵᠢᠬᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠯᠠᠪᠳᠠᠭᠤᠨ ᠪᠠᠲᠤᠲᠠᠢ ᠰᠠᠢᠲᠤᠷ ᠵᠠᠮᠨᠠᠬᠤ ᠬᠡᠷᠡᠭᠳᠡᠢ ᠭᠡᠪᠡ; ᠢᠯᠡᠳᠭᠡᠯ᠎ᠤᠨ ᠪᠠᠢᠷᠢᠯᠠᠭᠤᠯᠤᠯᠳᠠ ᠠᠷᠭ᠎ᠠ ᠬᠡᠮᠵᠢᠶ᠎ᠡ ᠪᠣᠳᠠᠲᠠᠢ ᠪᠠᠢᠵᠤ᠂ ᠬᠣᠢᠱᠢᠳᠠ᠎ᠶ᠋ᠢᠨ ᠲᠠᠪᠤᠨ ᠵᠢᠯ᠎ᠦᠨ ᠲᠡᠮᠡᠴᠡᠬᠦ᠌ ᠬᠠᠷᠠᠯᠲᠠ᠂ ᠴᠢᠷᠮᠠᠢᠬᠤ ᠴᠢᠭ᠌ᠯᠡᠯ ᠪᠣᠯᠤᠨ ᠠᠵᠢᠯ᠎ᠤᠨ ᠡᠭᠦᠷᠭᠡ᠎ᠶ᠋ᠢ ᠲᠣᠳᠣᠷᠬᠠᠢ ᠵᠢᠭᠠᠵᠤ ᠭᠠᠷᠭᠠᠪᠠ᠃ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠴᠡᠷᠢᠭ ᠠᠩᠭᠢ᠎ᠶ᠋ᠢᠨ᠎ᠬᠢᠨ ᠢᠯᠡᠳᠭᠡᠯ᠎ᠳᠦ ᠪᠠᠢᠷᠢᠯᠠᠭᠤᠯᠤᠭ᠍ᠰᠠᠨ ᠬᠠᠷᠠᠯᠲᠠ ᠡᠭᠦᠷᠭᠡ᠎ᠶ᠋ᠢ ᠨᠠᠢᠳᠠᠪᠤᠷᠢᠵᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠪᠠᠴᠢᠮ ᠪᠠᠢᠳᠠᠯ᠎ᠢ ᠠᠷᠭᠠᠴᠠᠭᠠᠬᠤ ᠴᠢᠳᠠᠪᠤᠷᠢ᠎ᠪᠠᠨ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠤᠨ᠂ ᠴᠡᠷᠢᠭ ᠵᠠᠰᠠᠭ ᠴᠡᠷᠢᠭ ᠠᠷᠠᠳ᠎ᠤᠨ ᠪᠦᠯᠬᠦᠮᠳᠡᠯ ᠪᠠ ᠦᠨᠳᠦᠰᠦᠲᠡᠨ᠎ᠦ ᠪᠦᠯᠬᠦᠮᠳᠡᠯ᠎ᠢ ᠦᠷᠭᠦᠯᠵᠢᠯᠡᠨ ᠪᠡᠬᠢᠵᠢᠭᠦᠯᠵᠦ᠍᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ᠎ᠳᠤ ᠬᠦᠴᠦᠨ ᠴᠢᠳᠠᠯ᠎ᠢᠶᠠᠨ ᠡᠷᠭᠦᠨ᠎ᠡ ᠭᠡᠪᠠ᠃
ᠮᠸᠩ ᠱᠢᠶᠠᠨ ᠳ᠋ᠦᠩ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ ᠨᠢ ᠨᠢᠭᠡᠨ ᠲᠤᠭ᠎ᠢ ᠥᠨᠳᠥᠷ ᠮᠠᠨᠳᠤᠭᠤᠯᠵᠤ᠂ ᠪᠦᠬᠦ᠌ ᠲᠠᠯ᠎ᠠ᠎ᠶ᠋ᠢ ᠪᠤᠳᠤᠯᠬᠢᠯᠠᠨ᠂ ᠡᠷᠡᠰ ᠪᠠᠲᠤ ᠤᠯᠤᠰ ᠲᠦᠷᠦ᠍᠎ᠶ᠋ᠢᠨ ᠴᠢᠨᠠᠷ ᠪᠠ ᠳᠡᠭᠡᠳᠦ ᠬᠡᠮᠵᠢᠶᠡᠨ᠎ᠦ ᠪᠠᠢᠯᠳᠤᠬᠤ ᠪᠤᠳᠤᠯᠭ᠎ᠠ᠎ᠶ᠋ᠢᠨ ᠴᠢᠨᠠᠷ᠎ᠢ ᠢᠯᠡᠷᠡᠬᠦᠯᠦᠭᠰᠡᠨ ᠰᠠᠢ᠌ᠨ ᠢᠯᠡᠳᠭᠡᠯ ᠪᠣᠯᠤᠨ᠎ᠠ; ᠨᠢᠭᠡᠨ ᠴᠢᠭᠯᠡᠯ ᠵᠢᠠᠨ ᠣᠨᠣᠪᠴᠢᠲᠠᠢ ᠡᠵᠡᠮᠳᠡᠵᠤ᠂ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠵᠤ ᠂ ᠢᠯᠡ ᠲᠣᠳᠣ ᠴᠠᠭ ᠦᠶᠡᠴᠢ ᠴᠢᠨᠠᠷ ᠪᠠ ᠲᠤᠢᠯ᠎ᠤᠨ ᠴᠢᠩᠭ᠎ᠠ ᠵᠢᠯᠣᠭᠣᠳᠭᠤ ᠴᠢᠨᠠᠷᠲᠠᠶ ᠰᠠᠢ᠌ᠨ ᠢᠯᠡᠳᠭᠡᠯ ᠪᠤᠯᠤᠨ᠎ᠠ᠃ ᠢᠯᠡᠳᠭᠡᠯ ᠨᠢ ᠦᠨᠡᠨ᠎ᠡᠴᠡ ᠵᠥᠪ᠎ᠢ ᠡᠷᠢᠨ ᠠᠵᠢᠯ᠎ᠢᠶᠠᠨ ᠳ᠋ᠦᠩᠨᠡᠭᠰᠡᠨ ᠪᠠᠢᠨ᠎ᠠ᠂ ᠪᠢᠳᠡ ᠬᠦᠨᠳᠦ ᠡᠭᠦᠷᠭᠡ᠎ᠶ᠋ᠢ ᠡᠭᠦᠷᠭᠡᠯᠡᠨ ᠤᠷᠤᠭ᠍ᠰᠢᠯᠠᠵᠤ ᠢᠷᠡᠭ᠌ᠰᠡᠨ ᠪᠡᠷᠬᠡ ᠬᠠᠲᠠᠭᠤᠵᠢᠯᠲᠠᠢ ᠥᠩᠭᠡᠷᠡᠯᠲᠡ ᠳᠤᠮᠳᠠ᠎ᠠᠴᠠ ᠭᠦᠨᠵᠡᠭᠡᠢ ᠬᠥᠮᠦᠵᠢᠯ ᠬᠦᠷᠳᠡᠵᠤ᠂ ᠬᠦᠴᠢᠷ ᠪᠡᠷᠭᠡ᠎ᠵᠢ ᠲᠠᠪᠠᠨ ᠲᠤᠭᠤᠯᠤᠭᠰᠠᠨ ᠶᠡᠷᠦ᠍ ᠪᠤᠰᠤ᠎ᠶ᠋ᠢᠨ ᠠᠮᠵᠢᠯᠲᠠ ᠪᠦᠲᠦᠮᠵᠢ᠎ᠠᠴᠠ ᠮᠠᠰᠢ ᠶᠡᠭᠡ ᠵᠤᠷᠢᠬᠵᠢᠭᠤᠯᠤᠯ ᠤᠯᠤᠭᠰᠡᠨ ᠶᠤᠮ᠃ ᠢᠯᠡᠳᠭᠡᠯ ᠨᠢ ᠢᠯᠡ ᠲᠣᠳᠣ ᠭᠣᠣᠯ ᠰᠡᠳᠦᠪ᠎ᠢᠶᠡᠷ ᠪᠦᠬᠦ᠌ ᠠᠭᠤᠯᠭ᠎ᠠ ᠪᠠᠨ ᠶᠡᠷᠦᠩᠬᠡᠢᠯᠡᠨ ᠵᠢᠯᠤᠭᠤᠳᠤᠭᠤᠯᠵᠠᠢ᠂ ᠪᠢᠳᠠᠨᠤᠰ ᠢ ᠨᠡᠩ ᠡᠷᠡᠰ ᠪᠠᠲᠤ ᠤᠯᠤᠰ ᠲᠦᠷᠦ᠍᠎ᠶ᠋ᠢᠨ ᠵᠣᠭ᠍ᠰᠣᠴᠠ᠎ᠪᠠᠷ ᠴᠢᠭ᠌ᠯᠡᠯ᠎ᠢᠶᠡᠨ ᠪᠠᠲᠤ ᠡᠵᠡᠮᠳᠠᠭᠦᠯᠵᠤ᠂ ᠶᠡᠬᠡ ᠲᠠᠯ᠎ᠠ᠎ᠶ᠋ᠢ ᠪᠣᠳᠣᠯᠬᠢᠯᠠᠬᠤ ᠦᠵᠡᠯ ᠰᠠᠨᠠᠭᠠᠨ᠎ᠤ ᠠᠬᠤᠢ ᠪᠠᠢᠳᠠᠯ᠎ᠢᠶᠠᠷ ᠡᠭᠦᠷᠭᠡ ᠬᠠᠷᠢᠭᠤᠴᠠᠯᠭ᠎ᠠ ᠵᠢ ᠲᠣᠳᠣᠷᠬᠠᠢ ᠳᠠᠨᠢᠭᠤᠯᠤᠬᠰᠡᠨ ᠶᠤᠮ᠃ ᠲᠦᠩᠯᠢᠶᠣᠤ ᠬᠣᠲᠠ ᠵᠢᠨ ᠬᠢᠨ ᠢᠯᠡᠳᠭᠡᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠵᠠᠷᠴᠢᠮ᠎ᠢ ᠪᠠᠲᠤ ᠡᠵᠡᠮᠳᠡᠨ᠂ ᠴᠢᠬᠤᠯᠠ ᠠᠭᠤᠯᠭ᠎ᠠ᠎ᠶ᠋ᠢ ᠨᠡᠪᠲᠡᠷᠠᠳᠠᠯᠠ ᠣᠢᠯᠠᠭᠠᠵᠤ᠂ ᠬᠠᠷᠠᠯᠲᠠ᠎ᠪᠠᠨ ᠲᠣᠭ᠍ᠲᠠᠭᠠᠨ᠂ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢᠨ ᠠᠬᠢᠴᠠ ᠪᠠᠨ ᠦᠨᠡᠨ ᠬᠦ᠌ ᠲᠦᠷᠭᠡᠳᠭᠡᠨ᠎ᠠ ᠭᠡᠵᠤ ᠭᠡᠯᠡᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃