2021-11-29 07:05:11
11 ᠰᠠᠷ᠎ᠠ᠎ᠶ᠋ᠢᠨ 28 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠳᠤ ᠣᠷᠣᠯᠴᠠᠬᠰᠠᠨ ᠲᠥᠯᠥᠭᠡᠯᠡᠭ᠌ᠴᠢᠳ ᠳᠤᠭᠤᠢᠯᠠᠩ ᠬᠤᠪᠢᠶᠠᠵᠥ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠬᠡᠯ᠎ᠢ ᠦᠷᠭᠦᠯᠵᠢᠯᠡᠨ ᠬᠢᠨᠠᠨ ᠵᠥᠪᠯᠡᠪᠡ᠃ ᠤᠯᠠᠨ᠎ᠢᠶᠠᠷ᠎ᠢᠶᠠᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ᠎ᠨᠢ ᠤᠯᠤᠰ ᠲᠦᠷᠦ᠍᠎ᠶ᠋ᠢᠨ ᠵᠣᠭ᠍ᠰᠣᠴᠠ ᠥᠨᠳᠥᠷ᠂ ᠬᠠᠷᠠᠭᠠᠰᠤ ᠥᠷᠭᠡᠨ᠂ ᠰᠡᠳᠭᠢᠴᠡ ᠲᠣᠳᠣᠷᠬᠠᠢ᠂ ᠠᠷᠭ᠎ᠠ ᠬᠡᠮᠵᠢᠶ᠎ᠡ ᠬᠦᠴᠦᠲᠡᠢ᠂ ᠲᠥᠪ᠎ᠦᠨ ᠵᠣᠷᠢᠭ ᠰᠠᠨᠠᠭ᠎ᠠ᠎ᠲᠠᠶ ᠨᠡᠢᠴᠡᠵᠤ᠂ ᠥᠪᠥᠷ ᠮᠣᠩᠭᠣᠯ᠎ᠤᠨ ᠪᠣᠳᠠᠲᠤ ᠪᠠᠢᠳᠠᠯ᠎ᠲᠠᠶ ᠨᠡᠢᠴᠡᠵᠤ᠂ ᠠᠷᠠᠳ ᠲᠦᠮᠡᠨ᠎ᠦ ᠬᠦᠰᠡᠯ ᠡᠷᠡᠮᠡᠯᠵᠡᠯ ᠲᠠᠢ ᠨᠠᠢᠴᠠᠵᠤ ᠂ ᠢᠷᠡᠭᠡᠳᠦᠢ᠎ᠶ᠋ᠢᠨ ᠬᠥᠭ᠌ᠵᠢᠯᠲᠡ᠎ᠶ᠋ᠢ ᠬᠦᠳᠦᠯᠥᠨ ᠳᠠᠭᠠᠭᠤᠯᠤᠭᠰᠠᠨ ᠰᠠᠢ᠌ᠨ ᠢᠯᠡᠳᠭᠡᠯ ᠪᠠᠢᠵᠤ᠂ ᠣᠷᠣᠨ ᠳᠠᠶᠠᠭᠠᠷ᠎ᠢ ᠬᠦᠳᠦᠯᠦᠨ ᠳᠠᠭᠠᠭᠤᠯᠵᠥ ᠦᠵᠡᠯ ᠰᠠᠨᠠᠭ᠎ᠠ᠎ᠵᠢ ᠤᠯᠠᠮ ᠴᠢᠨᠠᠭ᠍ᠰᠢᠳᠠ ᠴᠢᠯᠥᠭᠡᠯᠡᠵᠦ᠍᠂ ᠵᠠᠮ ᠨᠡᠭᠡᠭᠡᠨ ᠤᠷᠤᠭ᠍ᠰᠢᠯᠠᠵᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠨᠢ ᠯᠠᠪᠲᠠᠢ ᠬᠡᠵᠥ ᠰᠠᠨᠠᠯ ᠨᠢᠬᠡᠳᠡᠢ ᠦᠵᠡᠵᠡᠬᠡᠪᠡ᠃
ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠦᠨ ᠬᠤᠷᠠᠯ᠎ᠤᠨ ᠠᠬᠤᠢ ᠲᠠᠯᠠᠪᠠᠢ ᠬᠦᠷ ᠬᠥᠭ᠌ᠵᠢᠶᠡᠨᠲᠡᠶ ᠪᠠᠢᠯ᠎ᠠ᠃ ᠲᠥᠯᠥᠭᠡᠯᠡᠭ᠌ᠴᠢᠳ ᠢᠳᠡᠪᠬᠢᠲᠡᠢ᠎ᠪᠡᠷ ᠦᠬᠡ ᠬᠡᠯᠡᠵᠥ᠂ ᠠᠵᠢᠯ᠎ᠤᠨ ᠪᠣᠳᠠᠲᠤ ᠪᠠᠢᠳᠠᠯ ᠪᠠ ᠲᠠᠨᠢᠯᠲᠠ ᠣᠢᠯᠠᠭᠠᠯᠲᠠ᠎ᠲᠠᠶ᠎ᠪᠠᠨ ᠤᠶᠠᠯᠳᠤᠭᠤᠯᠤᠨ᠂ ᠢᠯᠡᠳᠭᠡᠯ᠎ᠢ ᠬᠠᠯᠠᠭᠤᠨ᠎ᠢᠶᠠᠷ ᠭᠦᠢᠴᠡᠳ ᠶᠠᠷᠢᠯᠴᠠᠪᠠ᠃ ᠰᠦᠶ ᠸᠧᠶ ᠵᠢᠶᠦ᠋ᠨ ᠲᠥᠯᠥᠭᠡᠯᠡᠭ᠌ᠴᠢ ᠪᠦᠬᠦᠢᠯᠡ ᠢᠯᠡᠳᠭᠡᠯ ᠨᠢ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠲᠤᠭᠤᠱᠢᠯᠠᠭᠤᠯᠵᠤ᠂ ᠢᠯᠠᠩᠭᠤᠶ᠎ᠠ ᠶᠡᠷᠦᠩᠬᠡᠶ ᠱᠦᠵᠢ ᠰᠢ᠎ᠶ᠋ᠢᠨ ᠫᠢᠩ᠎ᠦᠨ ᠥᠪᠥᠷ ᠮᠣᠩᠭᠣᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠵᠤ᠂ ᠤᠯᠤᠰ ᠲᠥᠷᠥ᠎ᠶ᠋ᠢ ᠡᠷᠬᠢᠮᠯᠡᠬᠦ᠌ ᠲᠠᠯ᠎ᠠ᠎ᠪᠠᠷ ᠦᠨᠳᠦᠷᠴᠡ᠎ᠲᠡᠶ᠂ ᠬᠥᠭ᠌ᠵᠢᠯᠲᠡ᠎ᠶ᠋ᠢ ᠰᠦᠪᠡᠭ᠌ᠴᠢᠯᠡᠬᠦ᠌ ᠲᠠᠯ᠎ᠠ᠎ᠪᠠᠷ ᠭᠦᠨᠴᠡ᠎ᠲᠡᠶ᠂ ᠠᠷᠠᠳ᠎ᠤᠨ ᠠᠮᠢᠳᠤᠷᠠᠯ᠎ᠢ ᠠᠳᠭᠤᠬᠤ ᠲᠠᠯ᠎ᠠ᠎ᠪᠠᠷ ᠬᠠᠢᠷ᠎ᠠ ᠰᠡᠳᠭᠢᠯᠭᠡ᠎ᠲᠡᠶ᠂ ᠨᠠᠮ᠎ᠢ ᠴᠢᠩᠭ᠎ᠠ ᠵᠠᠰᠠᠬᠤ ᠲᠠᠯ᠎ᠠ᠎ᠪᠠᠷ ᠡᠷᠴᠢᠮᠲᠡᠶ ᠪᠠᠢᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠲᠤ ᠴᠢᠩᠭ᠎ᠠ ᠤᠯᠤᠰ ᠲᠥᠷᠥ᠎ᠶ᠋ᠢᠨ ᠡᠭᠦᠷᠭᠡᠯᠡᠯ᠂ ᠢᠯᠡ ᠲᠣᠳᠣ ᠶᠡᠬᠡ ᠲᠠᠯ᠎ᠠ᠎ᠶ᠋ᠢᠨ ᠦᠵᠡᠯᠲᠡ᠂ ᠴᠢᠩ ᠦᠨᠡᠨᠴᠢ ᠠᠷᠠᠳ᠎ᠤᠨ ᠲᠥᠯᠥᠭᠡ ᠵᠢᠳᠬᠦᠬᠦ᠌ ᠬᠠᠢᠷ᠎ᠠ ᠰᠡᠳᠭᠢᠯᠭᠡ᠎ᠶ᠋ᠢ ᠭᠦᠶ᠋ᠴᠡᠳ ᠢᠯᠡᠷᠡᠭᠦᠯᠵᠦ᠍᠂ ᠮᠠᠰᠢ ᠴᠢᠩᠭ᠎ᠠ ᠤᠯᠤᠰ ᠲᠥᠷᠤᠴᠢ ᠴᠢᠨᠠᠷ᠂ ᠦᠵᠡᠯ ᠰᠠᠨᠠᠭᠠᠴᠢ ᠴᠢᠨᠠᠷ ᠪᠠ ᠵᠢᠯᠣᠭᠣᠳᠭᠤ ᠴᠢᠨᠠᠷᠲᠠᠶ ᠪᠠᠢᠨ᠎ᠠ ᠬᠡᠪᠡ᠃
ᠠᠤᠭ᠎ᠠ ᠶᠡᠬᠡ ᠵᠢᠷᠤᠭ ᠲᠥᠰᠦᠪ᠎ᠢ ᠠᠯᠬᠤᠮ ᠠᠯᠬᠤᠮ᠎ᠢᠶᠠᠷ ᠪᠣᠳᠠᠲᠤ ᠠᠬᠤᠢ ᠪᠣᠯᠭᠠᠨ ᠪᠡᠶᠡᠯᠡᠭᠦᠯᠬᠦ᠌᠎ᠳᠦ ᠴᠢᠨᠠᠷ ᠰᠠᠢᠲᠠᠢ ᠬᠥᠭ᠌ᠵᠢᠯᠲᠡ᠎ᠡᠴᠡ ᠰᠠᠯᠵᠤ ᠴᠢᠳᠠᠬᠤ ᠦᠭᠡᠢ ᠶᠤᠮ᠃ ᠲᠥᠯᠥᠭᠡᠯᠡᠭ᠌ᠴᠢᠳ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠭᠤᠢᠪᠢᠰᠢ ᠥᠬᠡᠶ ᠵᠠᠮᠨᠠᠵᠤ᠂ ᠲᠡᠮᠡᠴᠡᠯ᠎ᠦᠨ ᠴᠢᠭ᠌ᠯᠡᠯ᠎ᠢᠶᠡᠨ ᠣᠨᠣᠪᠴᠢᠲᠠᠶ ᠬᠠᠷᠭᠤᠭᠤᠯᠤᠨ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠴᠣᠭ᠍ᠴᠠᠯᠠᠬᠤ ᠳᠤᠮᠳᠠ ᠨᠠᠩ ᠶᠡᠬᠡ ᠰᠠᠨᠠᠭᠠᠴᠢᠯᠠᠭᠠᠳᠤ ᠡᠷᠬᠡ ᠵᠢ ᠲᠡᠮᠡᠴᠡᠨ ᠤᠯᠵᠥ᠂ ᠨᠠᠩ ᠶᠡᠬᠡ ᠵᠢᠳᠬᠦᠯ ᠴᠢᠷᠮᠠᠢᠯᠭ᠎ᠠ ᠭᠠᠷᠭᠠᠬᠤ᠎ᠪᠠᠷ ᠴᠢᠷᠮᠠᠢᠬᠤ ᠬᠡᠷᠡᠭ᠌ᠲᠡᠶ ᠭᠡᠵᠦ᠍ ᠦᠵᠡᠵᠡᠭᠡᠪᠡ᠃ ᠸᠠᠩ ᠯᠢ ᠵᠢᠶᠠ ᠲᠥᠯᠥᠭᠡᠯᠡᠭ᠌ᠴᠢ᠂ ᠴᠢᠨᠠᠷ ᠰᠠᠢᠲᠠᠢ ᠬᠥᠭ᠌ᠵᠢᠯᠲᠡ᠎ᠶ᠋ᠢ ᠢᠮᠠᠭ᠍ᠲᠠ ᠪᠠᠷᠢᠮᠲᠠᠯᠠᠵᠤ᠂ ᠤᠶᠤᠨᠲᠤ ᠦᠢᠯᠡᠳᠪᠦᠷᠢ᠎ᠶ᠋ᠢ ᠲᠦᠷᠭᠡᠳᠭᠡᠨ ᠪᠠᠢᠭᠤᠯᠵᠤ᠂ ᠲᠣᠨᠣᠭ᠍ᠯᠠᠯ ᠪᠠ ᠮᠡᠷᠭᠡᠵᠢᠯ᠎ᠦᠨ ᠰᠠᠢᠵᠢᠷᠠᠯᠲᠠ᠎ᠶ᠋ᠢ ᠠᠬᠢᠭᠤᠯᠵᠤ᠂ ᠪᠡᠶ᠎ᠡ᠎ᠪᠡᠨ ᠳᠠᠭᠠᠭᠠᠵᠤ ᠱᠢᠨ᠎ᠡ᠎ᠶ᠋ᠢ ᠡᠭᠦᠳᠬᠦ᠌ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠠᠵᠤ ᠠᠬᠤᠢᠯᠠᠯ᠎ᠤᠨ ᠪᠦᠲᠦᠴᠡ᠎ᠶ᠋ᠢᠨ ᠲᠤᠬᠢᠷᠠᠭᠤᠯᠤᠯᠳᠠ ᠪᠣᠯᠤᠨ ᠠᠵᠤ ᠦᠢᠯᠡᠰ᠎ᠦᠨ ᠲᠡᠰ ᠲᠡᠪᠱᠢᠯᠳᠠᠶ᠋ᠢ ᠠᠬᠢᠭᠤᠯᠵᠤ᠂ ᠬᠥᠭ᠌ᠵᠢᠯᠲᠡ᠎ᠶ᠋ᠢᠨ 《ᠱᠢᠨ᠎ᠡ ᠬᠥᠳᠡᠯᠭᠡᠭᠦᠷ》 ᠢ᠋ ᠬᠦᠴᠦᠯᠡᠨ ᠪᠤᠢ ᠪᠤᠯᠭᠠᠪᠠᠯ ᠵᠤᠬᠢᠰᠳᠠᠢ ᠬᠡᠵᠥ ᠢᠯᠡᠳᠬᠡᠪᠡ᠃
《ᠬᠠᠮᠲᠤ᠎ᠪᠠᠷ ᠪᠠᠶᠠᠵᠢᠬᠤ ᠶ᠋ᠢ ᠯᠠᠪᠳᠠᠭᠤᠨ ᠪᠠᠲᠤᠲᠠᠢ ᠠᠬᠢᠭᠤᠯᠵᠤ᠂ ᠤᠯᠠᠨ ᠨᠡᠢᠲᠡ᠎ᠶ᠋ᠢᠨ ᠦᠨᠳᠦᠰᠦᠨ ᠦᠢᠯᠡᠴᠢᠯᠡᠭᠡᠨᠡᠩ ᠴᠢᠨᠠᠷ ᠰᠠᠢᠲᠠᠢ ᠲᠡᠩᠴᠡᠭᠦᠷᠢᠲᠡᠢ ᠪᠣᠯᠪᠠ᠃ ᠠᠵᠢᠯ ᠣᠯᠭᠣᠯᠲᠠ᠎ᠶ᠋ᠢᠨ ᠪᠠᠭ᠍ᠲᠠᠭᠠᠮᠵᠢ ᠲᠠᠰᠤᠷᠠᠯᠲᠠ ᠥᠬᠡᠶ ᠥᠷᠭᠡᠳᠴᠦ᠍᠂ ᠶᠠᠰᠤ ᠴᠢᠨᠠᠷ ᠢᠯᠡᠳᠲᠡ ᠳᠡᠭᠡᠭ᠌ᠰᠢᠯᠡᠵᠥ᠂ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠣᠷᠣᠯᠭ᠎ᠠ ᠲᠣᠭ᠍ᠲᠠᠭᠤᠨ᠎ᠢᠶᠠᠷ ᠨᠡᠮᠡᠭ᠌ᠳᠡᠵᠥ᠂ ᠬᠤᠪᠢᠶᠠᠷᠢᠯᠠᠯᠲᠠ᠎ᠶ᠋ᠢᠨ ᠪᠦᠲᠦᠴᠡ ᠢᠯᠡᠳᠲᠡ ᠰᠠᠢᠵᠢᠷᠠᠪᠠ ᠁》 ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ ᠳᠤ ᠠᠷᠠᠳ᠎ᠤᠨ ᠠᠮᠢᠳᠤᠷᠠᠯ᠎ᠤᠨ ᠲᠤᠬᠠᠢ ᠬᠠᠯᠠᠭᠤᠨ ᠴᠢᠮᠡᠬᠡ ᠨᠢ ᠲᠥᠯᠥᠭᠡᠯᠡᠭ᠌ᠴᠢᠳ᠎ᠦᠨ ᠰᠡᠳᠭᠢᠯ᠎ᠢ ᠳᠤᠯᠠᠭᠠᠴᠠᠭᠤᠯᠪᠠ᠃ ᠰᠦᠨ ᠬᠤᠤ ᠲᠥᠯᠥᠭᠡᠯᠡᠭ᠌ᠴᠢ ᠢᠯᠡᠳᠭᠡᠯ ᠨᠢ ᠠᠷᠠᠳ᠎ᠤᠨ ᠠᠮᠢᠳᠤᠷᠠᠯ ᠤᠨ ᠪᠤᠶᠠᠨ ᠵᠢᠷᠭᠠᠯᠳᠤ ᠬᠣᠯᠪᠣᠭ᠍ᠳᠠᠬᠤ ᠠᠵᠢᠯ ᠣᠯᠭᠣᠯᠲᠠ ᠪᠠ ᠣᠷᠣᠯᠭ᠎ᠠ᠎ᠶ᠋ᠢᠨ ᠨᠡᠮᠡᠭ᠌ᠳᠡᠯ᠂ ᠨᠡᠢᠭᠡᠮ᠎ᠦᠨ ᠪᠠᠲᠤᠯᠠᠭ᠎ᠠ᠂ ᠰᠣᠶᠣᠯ᠎ᠤᠨ ᠪᠠᠢᠭᠤᠯᠤᠯᠲᠠ᠂ ᠦᠨᠳᠦᠰᠦᠲᠡᠨ᠎ᠦ ᠪᠦᠯᠬᠦᠮᠳᠡᠯ᠂ ᠠᠮᠤᠷ ᠲᠦᠪᠱᠢᠨ ᠲᠣᠭ᠍ᠲᠠᠭᠤᠨ ᠵᠡᠷᠭᠡ ᠡᠯ᠎ᠡ ᠲᠠᠯ᠎ᠠ᠎ᠪᠠᠷ ᠴᠥᠮ ᠪᠣᠳᠠᠲᠠᠢ ᠱᠠᠭᠠᠷᠳᠠᠯᠭ᠎ᠠ ᠳᠤᠷᠠᠳᠴᠠᠢ᠃ ᠳᠠᠷᠠᠭᠠᠴᠢ᠎ᠶ᠋ᠢᠨ ᠠᠯᠬᠤᠮ᠎ᠳᠤ᠂ ᠪᠢᠳᠡ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠡᠯ᠎ᠡ ᠵᠦᠢᠯ᠎ᠦᠨ ᠠᠵᠢᠯ ᠦᠢᠯᠡᠰ᠎ᠦᠨ ᠬᠥᠭ᠌ᠵᠢᠯᠲᠡ᠎ᠶ᠋ᠢ ᠨᠡᠩ ᠬᠦᠴᠦᠯᠡᠨ ᠠᠬᠢᠭᠤᠯᠤᠨ᠎ᠠ ᠭᠡᠵᠦ ᠢᠯᠡᠳᠬᠡᠪᠡ᠃
ᠰᠠᠢ᠌ᠨ ᠰᠠᠢᠬᠠᠨ ᠵᠢᠷᠤᠭ ᠲᠥᠰᠦᠪ ᠨᠢ ᠲᠡᠮᠡᠴᠡᠯ᠎ᠦᠨ ᠵᠣᠷᠢᠭ᠎ᠢ ᠬᠥᠭ᠌ᠵᠢᠭᠡᠵᠦ᠍᠂ ᠲᠤᠳᠤ ᠲᠤᠳᠤᠷᠬᠠᠢ ᠠᠷᠭ᠎ᠠ ᠵᠠᠮ ᠨᠢ ᠬᠥᠮᠦᠰ᠎ᠢ ᠤᠷᠮᠠᠱᠢᠭᠤᠯᠤᠨ᠎ᠠ᠃ ᠲᠥᠯᠥᠭᠡᠯᠡᠭ᠌ᠴᠢᠳ ᠡᠴᠡ ᠢᠯᠡᠳᠭᠡᠯ ᠪᠣᠯ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ ᠲᠡᠢᠰᠢ ᠡᠷᠡᠰ ᠭᠤᠢᠪᠢᠰᠢ ᠦᠭᠡᠢ ᠤᠷᠤᠭ᠍ᠰᠢᠯᠠᠬᠤ ᠲᠠᠢ᠌ᠴᠢᠯᠠᠯᠳᠠ᠎ᠶ᠋ᠢᠨ ᠵᠠᠷᠯᠢᠭ ᠮᠥᠨ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠥᠪᠥᠷ ᠮᠣᠩᠭᠣᠯ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ ᠢᠷᠠᠭᠤ ᠬᠠᠭᠤᠳᠠᠰᠤ᠎ᠶ᠋ᠢ ᠪᠢᠴᠢᠭ᠌ᠯᠡᠬᠦ᠌ ᠲᠦᠰᠦᠪ ᠵᠢᠷᠤᠭ ᠮᠥᠨ᠂ ᠨᠠᠷᠢᠨ ᠬᠢᠨᠠᠮᠠᠭᠠᠶ ᠰᠤᠷᠤᠯᠴᠠᠵᠤ᠂ ᠭᠦᠨᠵᠡᠭᠡᠶ ᠣᠢᠯᠠᠭᠠᠨ᠂ ᠢᠯᠡᠳᠬᠡᠯ᠎ᠤᠨ ᠵᠣᠷᠢᠭ ᠰᠠᠨᠠᠭᠠᠨ᠎ᠤ ᠮᠥᠨ ᠴᠢᠨᠠᠷ᠎ᠢ ᠪᠦᠬᠦ᠌ ᠲᠠᠯ᠎ᠠ᠎ᠪᠠᠷ ᠡᠵᠡᠮᠳᠡᠵᠤ᠂ ᠪᠣᠳᠠᠲᠤ ᠠᠵᠢᠯ᠎ᠤᠨ ᠳᠤᠮᠳᠠ ᠪᠠᠨ ᠠᠭᠤᠰᠬᠠᠨ ᠲᠤᠭᠤᠰᠢᠯᠠᠭᠤᠯᠵᠤ᠂ ᠢᠯᠡᠳᠬᠡᠯ᠎ᠳᠦ ᠳᠤᠷᠠᠳᠤᠭ᠍ᠰᠠᠨ ᠬᠠᠷᠠᠯᠲᠠ ᠡᠭᠦᠷᠭᠡ᠎ᠶ᠋ᠢ ᠳᠠᠬᠢᠨ ᠪᠦᠷᠢᠳᠬᠡᠨ ᠡᠮᠬᠢᠯᠡᠵᠤ᠂ ᠳᠠᠬᠢᠨ ᠵᠠᠳᠠᠯᠵᠤ᠂ ᠪᠣᠳᠠᠲᠠᠶ ᠪᠥᠭᠡᠳ ᠲᠤᠰᠠᠲᠠᠶ ᠨᠠᠢᠳᠠᠪᠤᠷᠢᠵᠢᠭᠤᠯᠬᠤ ᠠᠷᠭ᠎ᠠ ᠬᠡᠮᠵᠢᠶ᠎ᠡ᠎ᠶ᠋ᠢ ᠰᠤᠳᠤᠯᠤᠨ ᠱᠢᠨ᠎ᠡ᠎ᠶ᠋ᠢ ᠡᠭᠦᠳᠴᠦ᠂ ᠡᠬᠦᠷᠬᠡᠯᠡᠯ ᠵᠢᠨᠨ ᠤᠬᠠᠮᠰᠠᠷᠯᠠᠬᠤ ᠬᠠᠷᠢᠭᠤᠴᠠᠯᠭᠠᠲᠤ ᠰᠡᠳᠭᠢᠯᠭᠡ ᠪᠠ ᠴᠠᠭ ᠪᠢᠳᠡᠨ᠎ᠢ ᠬᠦᠯᠢᠶᠡᠬᠦ᠌ ᠦᠭᠡᠢ ᠬᠡᠰᠡᠨ ᠲᠤᠯᠭᠠᠮ ᠰᠡᠳᠭᠢᠯᠭᠡ ᠪᠡᠷ ᠱᠢᠷᠭᠠᠭᠤ ᠠᠵᠢᠯᠯᠠᠵᠤ᠂ ᠪᠡᠶ᠎ᠠ ᠳ᠋ᠡᠬᠡᠨ ᠳᠠᠷᠤᠯᠲᠠ ᠦᠭᠴᠦ ᠡᠷᠡᠮᠡᠬᠡᠢᠯᠡᠨ ᠤᠷᠤᠭ᠍ᠰᠢᠯᠠᠵᠤ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ 《ᠲᠥᠯᠥᠪᠵᠢᠭᠦᠯᠭᠡ᠎ᠶ᠋ᠢᠨ ᠵᠢᠷᠤᠭ》 ᠢ᠋ 《 ᠪᠣᠳᠠᠲᠤ ᠦᠵᠡᠮᠵᠢ ᠵᠢᠨ ᠵᠢᠷᠤᠭ》 ᠪᠣᠯᠭᠠᠨ ᠬᠤᠪᠢᠷᠠᠭᠤᠯᠤᠨ᠎ᠠ ᠬᠡᠵᠥ ᠢᠯᠡᠳᠬᠡᠵᠡᠬᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃