2021-11-27 05:56:57
( 2021 ᠣᠨ᠎ᠤ 11 ᠰᠠᠷ᠎ᠠ᠎ᠶ᠋ᠢᠨ 26 ᠤ᠋ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠳᠤᠭᠠᠷ ᠬᠤᠭᠤᠴᠠᠭᠠᠨ᠎ᠤ ᠬᠣᠷᠢᠶ᠎ᠠ ᠵᠢᠨ ᠠᠷᠪᠠᠨ ᠲᠠᠪᠤᠳᠤᠭᠠᠷ ᠤᠳᠠᠭ᠎ᠠ ᠵᠢᠨ ᠪᠥᠬᠥᠳᠡ ᠬᠤᠷᠠᠯ ᠡᠴᠡ ᠪᠠᠲᠤᠯᠠᠪᠠ )

11 ᠰᠠᠷ᠎ᠠ ᠵᠢᠨ 26 ᠤ᠋ ᠡᠳᠦᠷ ᠂ ᠥᠪᠡᠷ᠎ᠲᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠢᠨ ᠱᠥᠵᠢ ᠱᠢ ᠲᠠᠢ ᠹᠸᠩ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠪᠠᠳᠤᠭᠠᠷ ᠬᠤᠭᠤᠴᠠᠭᠠᠨ᠎ᠤ ᠬᠤᠷᠢᠶ᠎ᠠ ᠵᠢᠨ ᠠᠷᠪᠠᠨ ᠲᠠᠪᠤᠳᠤᠭᠠᠷ ᠤᠳᠠᠭ᠎ᠠ ᠵᠢᠨ ᠪᠦᠭᠦᠳᠡ ᠬᠤᠷᠠᠯ ᠲᠡᠬᠡᠷ᠎ᠡ ᠶᠠᠷᠢᠶ᠎ᠠ ᠲᠠᠯᠪᠢᠪᠠ᠃
ᠰᠤᠷᠪᠤᠯᠵᠢᠯᠠᠭᠴᠢ ᠶᠤᠸᠠᠨ ᠶᠦᠩ ᠬᠤᠩ ᠰᠡᠭᠦᠳᠡᠷᠯᠡᠪᠡ

11 ᠰᠠᠷ᠎ᠠ ᠵᠢᠨ 26 ᠤ᠋ ᠡᠳᠦᠷ᠂ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠪᠠᠳᠤᠭᠠᠷ ᠬᠤᠭᠤᠴᠠᠭᠠᠨ᠎ᠤ ᠬᠤᠷᠢᠶ᠎ᠠ ᠵᠢᠨ ᠠᠷᠪᠠᠨ ᠲᠠᠪᠤᠳᠤᠭᠠᠷ ᠤᠳᠠᠭ᠎ᠠ ᠵᠢᠨ ᠪᠦᠭᠦᠳᠡ ᠬᠤᠷᠠᠯ ᠬᠦᠬᠡᠬᠤᠳᠠ᠎ᠳᠦ ᠬᠤᠷᠠᠯᠳᠤᠪᠠ᠃
ᠰᠤᠷᠪᠤᠯᠵᠢᠯᠠᠭᠴᠢ ᠶᠤᠸᠠᠨ ᠶᠦᠩ ᠬᠤᠩ ᠰᠡᠭᠦᠳᠡᠷᠯᠡᠪᠡ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠳᠤᠭᠠᠷ ᠬᠤᠭᠤᠴᠠᠭᠠᠨ᠎ᠤ ᠬᠣᠷᠢᠶ᠎ᠠ ᠵᠢᠨ ᠠᠷᠪᠠᠨ ᠲᠠᠪᠤᠳᠤᠭᠠᠷ ᠤᠳᠠᠭ᠎ᠠ ᠵᠢᠨ ᠪᠥᠬᠦᠳᠡ ᠬᠤᠷᠠᠯ 2021 ᠣᠨ᠎ᠤ 11 ᠰᠠᠷ᠎ᠠ᠎ᠶ᠋ᠢᠨ 26 ᠤ᠋ ᠡᠳᠦᠷ ᠬᠥᠬᠡᠬᠣᠲᠠ᠎ᠳᠤ ᠬᠤᠷᠠᠯᠳᠤᠪᠠ᠃
ᠪᠦᠬᠦᠳᠠ ᠬᠤᠷᠠᠯ ᠳ᠋ᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠭᠡᠱᠢᠭᠦᠨ 61 ᠬᠥᠮᠦᠨ᠂ ᠣᠷᠣᠯᠠᠭ᠍ᠴᠢ ᠭᠡᠱᠢᠭᠦᠨ 4 ᠬᠥᠮᠦᠨ ᠣᠷᠣᠯᠴᠠᠪᠠ᠃ ᠥᠪᠡᠷᠲᠡᠭᠡᠨ ᠵᠠᠰᠠᠬᠤ ᠣᠷᠣᠨ᠎ᠤ ᠬᠣᠯᠪᠣᠭ᠍ᠳᠠᠯ ᠪᠥᠬᠥᠶ ᠤᠳᠤᠷᠢᠳᠭᠤ ᠨᠥᠬᠥᠳ᠂ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠪᠠᠢᠩᠭᠤ᠎ᠶ᠋ᠢᠨ ᠭᠡᠱᠢᠭᠦᠨ ᠬᠢᠨᠠᠨ ᠪᠠᠢᠴᠠᠭᠠᠬᠤ ᠵᠥᠪᠯᠡᠯ᠎ᠦᠨ ᠭᠡᠱᠢᠭᠦᠨ ᠪᠣᠯᠤᠨ ᠬᠠᠮᠢᠶ᠎ᠠ ᠪᠥᠬᠥᠶ ᠲᠠᠯ᠎ᠠ᠎ᠶ᠋ᠢᠨ ᠬᠠᠷᠢᠭᠤᠴᠠᠯᠭᠠᠲᠠᠨ ᠨᠥᠬᠥᠳ᠂ ᠡᠯ᠎ᠡ ᠠᠢᠮᠠᠭ ᠬᠣᠲᠠ ᠪᠣᠯᠤᠨ ᠮᠠᠨᠵᠤᠤᠷ ᠬᠣᠲᠠ᠂ ᠡᠷᠢᠶᠡᠨ ᠬᠣᠲᠠ᠎ᠶ᠋ᠢᠨ ᠨᠠᠮ ᠵᠠᠰᠠᠭ᠎ᠤᠨ ᠭᠤᠤᠯ ᠬᠠᠷᠢᠭᠤᠴᠠᠯᠭᠠᠲᠠᠨ ᠨᠥᠬᠥᠳ ᠬᠤᠷᠠᠯ᠎ᠳᠤ ᠰᠤᠯᠠ ᠣᠷᠣᠯᠴᠠᠵᠠᠶ᠃
ᠪᠥᠬᠥᠳᠡ ᠬᠤᠷᠠᠯ᠎ᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠬᠣᠷᠢᠶ᠎ᠠ ᠡᠷᠭᠢᠯᠡᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠦᠵᠢ ᠱ᠌ᠢ ᠲᠠᠢ ᠹᠸᠩ ᠶᠠᠷᠢᠶ᠎ᠠ ᠲᠠᠯᠪᠢᠵᠠᠢ᠃
ᠪᠥᠬᠦᠳᠡ ᠬᠤᠷᠠᠯ ᠡᠴᠡ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠲᠥᠯᠥᠭᠡᠯᠡᠭ᠌ᠴᠢᠳ᠎ᠦᠨ ᠶᠡᠬᠡ ᠬᠤᠷᠠᠯ᠎ᠢ 2021 ᠣᠨ᠎ᠤ 11 ᠰᠠᠷ᠎ᠠ᠎ᠶ᠋ᠢᠨ 27 ᠤ᠋ ᠡᠳᠦᠷ ᠬᠥᠬᠡᠬᠣᠲᠠ᠎ᠳᠤ ᠬᠤᠷᠠᠯᠳᠤᠭᠤᠯᠬᠤ᠎ᠪᠠᠷ ᠲᠣᠭ᠍ᠲᠠᠪᠠ᠃
ᠪᠥᠬᠥᠳᠡ ᠬᠤᠷᠠᠯ ᠡᠴᠡ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠠᠵᠢᠯ᠎ᠢ ᠲᠣᠬᠢᠷᠠᠭᠤᠯᠤᠨ ᠪᠠᠢᠷᠢᠯᠠᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠳᠤᠭᠠᠷ ᠬᠤᠭᠤᠴᠠᠭᠠᠨ᠎ᠤ ᠬᠣᠷᠢᠶ᠎ᠠ ᠡᠴᠡ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠳᠤ ᠳᠡᠪᠱᠢᠭᠦᠯᠬᠦ᠌ ᠢᠯᠡᠳᠭᠡᠯ᠎ᠢ ᠶᠠᠷᠢᠯᠴᠠᠨ ᠪᠠᠲᠤᠯᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠳᠤᠭᠠᠷ ᠬᠤᠭᠤᠴᠠᠭᠠᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠡᠴᠡ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠳᠤ ᠳᠡᠪᠱᠢᠭᠦᠯᠬᠦ᠌ ᠠᠵᠢᠯ᠎ᠤᠨ ᠮᠡᠳᠡᠭᠦᠯᠦᠯᠲᠡ᠎ᠶ᠋ᠢ ᠶᠠᠷᠢᠯᠴᠠᠨ ᠪᠠᠲᠤᠯᠠᠵᠤ᠂ ᠡᠨᠡ ᠬᠣᠶᠠᠷ ᠪᠢᠴᠢᠭ ᠮᠠᠲ᠋ᠧᠷᠢᠶᠠᠯ᠎ᠢ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠳᠤ ᠳᠡᠪᠱᠢᠭᠦᠯᠵᠥ ᠬᠢᠨᠠᠨ ᠵᠦᠪᠯᠡᠬᠦᠯᠬᠦ᠎ᠪᠠᠷ ᠲᠣᠭ᠍ᠲᠠᠪᠠ᠃ ᠱ᠌ᠢ᠎ᠲᠡᠶ ᠹᠸᠩ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠳᠤᠭᠠᠷ ᠬᠤᠭᠤᠴᠠᠭᠠᠨ᠎ᠤ ᠬᠣᠷᠢᠶ᠎ᠠ ᠡᠴᠡ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠳᠤ ᠳᠡᠪᠱᠢᠭᠦᠯᠬᠦ᠌ ᠢᠯᠡᠳᠭᠡᠯ᠎ᠦᠨ ᠶᠠᠷᠢᠯᠴᠠᠬᠤ ᠨᠤᠤᠷᠠᠭ᠎ᠤᠨ ᠲᠤᠬᠠᠢ ᠪᠦᠬᠦᠳᠡ ᠬᠤᠷᠠᠯ᠎ᠳᠤ ᠲᠣᠳᠣᠷᠬᠠᠢᠯᠠᠯᠲᠠ ᠬᠢᠵᠦ᠍᠂ ᠯᠢᠦ ᠱᠤᠸᠠᠩ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠳᠤᠭᠠᠷ ᠬᠤᠭᠤᠴᠠᠭᠠᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠡᠴᠡ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠳᠤ ᠳᠡᠪᠱᠢᠭᠦᠯᠬᠦ᠌ ᠠᠵᠢᠯ᠎ᠤᠨ ᠮᠡᠳᠡᠭᠦᠯᠦᠯᠲᠡ᠎ᠶ᠋ᠢᠨ ᠶᠠᠷᠢᠯᠴᠠᠬᠤ ᠨᠤᠤᠷᠠᠭ᠎ᠤᠨ ᠲᠤᠬᠠᠢ ᠪᠦᠬᠦᠳᠡ ᠬᠤᠷᠠᠯ᠎ᠳᠤ ᠲᠣᠳᠣᠷᠬᠠᠢᠯᠠᠯᠲᠠ ᠬᠢᠪᠡ᠃
ᠪᠦᠬᠦᠳᠠ ᠬᠤᠷᠠᠯ᠎ᠡᠴᠡ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ ᠪᠣᠯ ᠮᠠᠨ᠎ᠤ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠦᠨ ᠤᠢ᠎ᠶ᠋ᠢᠨ ᠴᠢᠬᠤᠯᠠ ᠲᠡᠦᠬᠡᠨ ᠴᠠᠭ ᠮᠥᠴᠡ ᠳ᠋ᠤ᠂ ᠨᠠᠮ᠎ᠡᠴᠡ ᠠᠷᠠᠳ ᠲᠦᠮᠡᠨ᠎ᠢ ᠤᠳᠤᠷᠢᠳᠤᠨ ᠨᠢᠭᠡᠳᠦᠭᠡᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠵᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ ᠲᠡᠢᠰᠢ ᠤᠷᠤᠭ᠍ᠰᠢᠯᠠᠬᠤ ᠴᠢᠬᠤᠯᠠ ᠶᠡᠬᠡ ᠲᠡᠦᠬᠡᠨ ᠵᠠᠩᠭᠢᠯᠠᠭ᠎ᠠ᠎ᠶ᠋ᠢᠨ ᠦᠶ᠎ᠡ᠎ᠳᠦ ᠬᠤᠷᠠᠯᠳᠤᠭ᠍ᠰᠠᠨ ᠨᠢᠭᠡ ᠤᠳᠠᠭ᠎ᠠ᠎ᠶ᠋ᠢᠨ ᠴᠢᠬᠤᠯᠠ ᠬᠥᠱᠢᠢ᠎ᠡ ᠳᠡᠮᠳᠡᠭ ᠪᠤᠯᠬᠤᠢᠴᠠ ᠠᠴᠢ ᠬᠣᠯᠪᠣᠭ᠍ᠳᠠᠯ᠎ᠲᠠᠶ ᠬᠤᠷᠠᠯ ᠪᠣᠯᠤᠨ᠎ᠠ᠃ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠰᠤᠷᠤᠯᠴᠠᠨ ᠰᠠᠢᠲᠤᠷ ᠤᠬᠠᠭᠤᠯᠵᠤ ᠰᠠᠢᠲᠤᠷ ᠲᠤᠭᠤᠱᠢᠯᠠᠭᠤᠯᠬᠤ ᠨᠢ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠪᠦᠬᠦ᠌ ᠲᠠᠯ᠎ᠠ᠎ᠳᠤ ᠬᠣᠯᠪᠣᠭ᠍ᠳᠠᠵᠤ᠂ ᠥᠪᠥᠷ ᠮᠣᠩᠭᠣᠯ᠎ᠤᠨ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠶᠡᠬᠡ ᠲᠠᠯ᠎ᠠ᠎ᠳᠤ ᠬᠣᠯᠪᠣᠭ᠍ᠳᠠᠨ᠎ᠠ᠃ ᠪᠦᠬᠦ᠌ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠨᠠᠷᠢᠯᠢᠭ ᠲᠤᠬᠢᠷᠠᠭᠤᠯᠤᠨ ᠪᠠᠢᠷᠢᠯᠠᠭᠤᠯᠵᠤ᠂ ᠨᠠᠷᠢᠨ ᠨᠢᠭ᠍ᠲᠠ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍᠂ ᠴᠠᠭ᠎ᠢᠶᠠᠨ ᠲᠥᠪᠯᠡᠷᠡᠭᠦᠯᠦᠨ ᠨᠠᠷᠢᠨ ᠬᠢᠨᠠᠮᠠᠭᠠᠢ ᠰᠤᠷᠤᠯᠴᠠᠨ ᠣᠢᠯᠠᠭᠠᠵᠤ᠂ ᠥᠷᠭᠡᠨ ᠳᠡᠯᠭᠡᠷ ᠤᠬᠠᠭᠤᠯᠤᠨ ᠲᠠᠢᠯᠪᠤᠷᠢᠯᠠᠬᠤ ᠠᠵᠢᠯ᠎ᠢ ᠨᠠᠷᠢᠨ ᠨᠢᠮᠪᠠᠢ ᠵᠣᠬᠢᠶᠠᠨ ᠪᠠᠢᠭᠤᠯᠵᠤ᠂ ᠡᠷᠴᠢ ᠵᠣᠷᠢᠭ᠎ᠢᠶᠠᠨ ᠬᠥᠪᠴᠢᠯᠡᠨ ᠬᠦᠴᠦᠷᠬᠡᠭ ᠶᠡᠬᠡ ᠬᠥᠳᠡᠯᠭᠡᠬᠦ᠌ ᠬᠦᠴᠦᠨ᠎ᠢ ᠪᠦᠷᠢᠯᠳᠦᠭᠦᠯᠵᠦ᠍᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠦᠨᠡᠨ ᠬᠦ᠌ ᠤᠶᠤᠨ ᠤᠬᠠᠭᠠᠨ᠎ᠢᠶᠠᠨ ᠨᠡᠮᠡᠭ᠌ᠳᠡᠭᠦᠯᠬᠦ᠌᠂ ᠪᠦᠯᠬᠦᠮᠳᠡᠯ ᠢ᠋ ᠴᠢᠩᠭᠠᠳᠭᠠᠬᠤ᠂ ᠢᠲᠡᠭᠡᠯ ᠵᠣᠷᠢᠭ᠎ᠢᠶᠠᠨ ᠨᠡᠮᠡᠭ᠌ᠳᠡᠭᠦᠯᠬᠦ᠌᠂ ᠲᠡᠮᠡᠴᠡᠯ᠎ᠦᠨ ᠡᠷᠴᠢ ᠵᠤᠷᠢᠭ ᠵᠢᠡᠨ ᠨᠡᠮᠡᠭ᠌ᠳᠡᠭᠦᠯᠬᠦ᠌ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭ᠌ᠲᠡᠢ ᠭᠡᠵᠤ ᠴᠢᠬᠤᠯᠠᠴᠢᠯᠠᠪᠠ᠃
ᠪᠥᠬᠥᠳᠡ ᠬᠤᠷᠠᠯ ᠡᠴᠡ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ 《ᠱᠢᠶ᠋ᠳᠪᠦᠷᠢ》 ᠶ᠋ᠢᠨ ᠦᠵᠡᠯ ᠰᠠᠨᠠᠭᠠᠨ᠎ᠤ ᠠᠭᠤᠯᠤᠭ᠍ᠳᠠᠬᠤᠨ᠂ ᠮᠡᠳᠡᠯᠭᠡ᠎ᠶ᠋ᠢᠨ ᠠᠭᠤᠯᠤᠭ᠍ᠳᠠᠬᠤᠨ ᠮᠠᠰᠢ ᠡᠯᠪᠡᠭ ᠪᠠᠢᠵᠤ᠂ ᠮᠠᠰᠢ ᠴᠢᠩᠭ᠎ᠠ ᠤᠯᠤᠰ ᠲᠥᠷᠥ᠎ᠶ᠋ᠢᠨ ᠴᠢᠨᠠᠷ᠂ ᠣᠨᠣᠯ᠎ᠤᠨ ᠴᠢᠨᠠᠷ᠂ ᠪᠠᠢᠯᠳᠤᠬᠤ ᠪᠣᠳᠣᠯᠭ᠎ᠠ᠎ᠶ᠋ᠢᠨ ᠴᠢᠨᠠᠷ᠂ ᠵᠢᠯᠣᠭᠣᠳᠭᠤ ᠴᠢᠨᠠᠷᠲᠠᠶ ᠶᠤᠮ᠃ ᠡᠯᠪᠡᠭ ᠠᠭᠤᠯᠤᠭ᠍ᠳᠠᠬᠤᠨ ᠪᠠ ᠦᠢᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠨᠢ ᠭᠦᠨᠵᠡᠭᠡᠢ ᠤᠢ᠍ᠢᠯᠠᠭᠠᠨ ᠡᠵᠡᠮᠱᠢᠵᠦ᠍᠂ ᠡᠭᠦᠨ᠎ᠢᠶᠡᠷ ᠨᠡᠩ ᠰᠠᠢᠳᠤᠷ ᠵᠢᠨᠷ ᠦᠵᠡᠯ ᠰᠠᠨᠠᠭ᠎ᠠ᠎ᠪᠠᠨ ᠨᠢᠭᠡᠳᠭᠡᠵᠦ᠍᠂ ᠦᠵᠡᠯᠳᠠ ᠵᠤᠷᠢᠯᠳᠠ᠎ᠪᠠᠨ ᠨᠢᠭᠡᠳᠭᠡᠵᠦ᠍᠂ ᠦᠢᠯᠡ ᠠᠵᠢᠯᠯᠠᠭ᠎ᠠ᠎ᠪᠠᠨ ᠨᠢᠭᠡᠳᠭᠡᠵᠦ᠍᠂ ᠥᠪᠥᠷ ᠮᠣᠩᠭᠣᠯ᠎ᠤᠨ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠲᠠᠰᠤᠷᠠᠯᠳᠠ ᠦᠭᠡᠢ ᠱᠢᠨ᠎ᠡ ᠠᠬᠢᠴᠠ ᠱᠢᠨ᠎ᠡ ᠦᠷ᠎ᠡ ᠪᠦᠲᠦᠮᠵᠢ ᠤᠯᠬᠤ᠎ᠶ᠋ᠢ ᠠᠬᠢᠭᠤᠯᠬᠤ ᠬᠡᠷᠡᠭ᠌ᠲᠡᠢ᠃ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠣᠯᠤᠨ ᠲᠡᠦᠬᠡᠲᠦ ᠠᠴᠢ ᠬᠣᠯᠪᠣᠭ᠍ᠳᠠᠯ᠎ᠢ ᠭᠦᠨᠵᠡᠭᠡᠢ ᠣᠢᠯᠠᠭᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠬᠤ ᠦᠭᠡᠢ ᠪᠣᠯ ᠱᠢᠨ᠎ᠡ ᠳᠤᠮᠳᠠᠳᠤ ᠤᠯᠤᠰ ᠪᠠᠢᠵᠤ ᠴᠢᠳᠠᠬᠤ ᠦᠭᠡᠢ᠂ ᠳᠤᠮᠳᠠᠳᠤ ᠤᠯᠤᠰ᠎ᠤᠨ ᠠᠷᠠᠳ ᠲᠦᠮᠡᠨ᠎ᠦ ᠵᠣᠯ ᠵᠢᠷᠭᠠᠯᠲᠤ ᠠᠮᠢᠳᠤᠷᠠᠯ ᠪᠠᠢᠵᠤ ᠴᠢᠳᠠᠬᠤ ᠦᠭᠡᠢ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ ᠪᠠᠢᠵᠤ ᠴᠢᠳᠠᠬᠤ ᠦᠭᠡᠢ ᠭᠡᠳᠡᠭ᠎ᠢ ᠭᠦᠨᠵᠡᠭᠡᠢ ᠲᠠᠨᠢᠵᠤ᠂ ᠲᠡᠦᠬᠡ᠎ᠶ᠋ᠢᠨ ᠵᠠᠢᠯᠠᠰᠢ ᠦᠭᠡᠢ ᠴᠢᠨᠠᠷ᠎ᠢ ᠤᠯᠠᠮ ᠴᠢᠨᠠᠭ᠍ᠰᠢᠳᠠ ᠲᠣᠳᠣᠷᠬᠠᠢ ᠲᠠᠨᠢᠵᠤ᠂ ᠲᠡᠦᠬᠡ᠎ᠶ᠋ᠢᠨ ᠵᠢᠮ᠎ᠡ ᠶᠣᠰᠣ᠎ᠶ᠋ᠢ ᠡᠵᠡᠮᠳᠡᠵᠦ᠍᠂ ᠲᠡᠦᠬᠡ᠎ᠶ᠋ᠢᠨ ᠢᠲᠡᠭᠡᠯ᠎ᠢ ᠴᠢᠩᠭᠠᠳᠭᠠᠬᠤ ᠬᠡᠷᠡᠭ᠌ᠲᠡᠢ᠃ 《ᠬᠣᠶᠠᠷ᠎ᠢ ᠲᠣᠭ᠍ᠲᠠᠭᠠᠬᠤ》ᠴᠢᠬᠤᠯᠠ ᠶᠡᠬᠡ ᠤᠯᠤᠰ ᠲᠥᠷᠥ᠎ᠶ᠋ᠢᠨ ᠨᠤᠲᠠᠯᠠᠯᠲᠠ᠎ᠶ᠋ᠢ ᠭᠦᠨᠵᠡᠭᠡᠶ ᠣᠢᠯᠠᠭᠠᠵᠤ᠂ ᠲᠡᠭᠦᠨ᠎ᠢ ᠦᠨᠡᠨ ᠬᠦ᠌ 《ᠬᠣᠶᠠᠷ᠎ᠢ ᠬᠠᠮᠠᠭᠠᠯᠠᠬᠤ 》 ᠦᠵᠡᠯ ᠰᠠᠨᠠᠭᠠᠨ᠎ᠤ ᠤᠬᠠᠮᠰᠠᠷ᠂ ᠤᠯᠤᠰ ᠲᠥᠷᠥ᠎ᠶ᠋ᠢᠨ ᠤᠬᠠᠮᠰᠠᠷ᠂ ᠠᠵᠢᠯᠯᠠᠭᠠᠨ᠎ᠤ ᠤᠬᠠᠮᠰᠠᠷ ᠪᠣᠯᠭᠠᠨ ᠬᠤᠪᠢᠷᠠᠭᠤᠯᠵᠤ᠂ ᠡᠷᠡᠰ ᠭᠤᠢᠪᠢᠰᠢ ᠦᠭᠡᠢ ᠪᠡᠷ ᠭᠤᠤᠯᠯᠠᠭ᠍ᠴᠢ᠎ᠶ᠋ᠢ ᠢᠲᠡᠭᠡᠵᠦ᠍᠂ ᠭᠤᠤᠯᠯᠠᠭ᠍ᠴᠢ᠎ᠳᠤ ᠦᠨᠡᠨᠴᠢ ᠰᠢᠳᠤᠷᠭᠤ ᠪᠠᠢᠵᠤ᠂ ᠭᠤᠤᠯᠯᠠᠭ᠍ᠴᠢ᠎ᠶ᠋ᠢ ᠬᠠᠮᠠᠭᠠᠯᠠᠵᠤ᠂ ᠢᠯᠠᠩᠭᠤᠶ᠎ᠠ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ ᠶ᠋ᠢᠨ ᠵᠣᠷᠢᠭ ᠰᠠᠨᠠᠭ᠎ᠠ ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠴᠢᠬᠤᠯᠠ ᠡᠴᠡ ᠴᠢᠬᠤᠯᠠ ᠵᠦᠢᠯ ᠪᠣᠯᠭᠠᠵᠤ᠂ ᠭᠤᠤᠯᠳᠠᠯᠭ᠎ᠠ ᠵᠢᠨ ᠳᠤᠳᠤᠷᠠᠬᠢ ᠭᠤᠤᠯᠳᠠᠯᠭ᠎ᠠ ᠪᠣᠯᠭᠠᠵᠤ᠂ ᠨᠥᠬᠥᠴᠡᠯ ᠳᠤᠷᠠᠳᠬᠤ ᠦᠭᠡᠢ᠂ ᠦᠭᠡᠷᠡᠳᠦᠭᠦᠯᠦᠨ ᠬᠤᠪᠢᠷᠠᠭᠤᠯᠬᠤ ᠥᠬᠡᠶ᠂ ᠲᠡᠷᠡ ᠬᠡᠪ᠎ᠢᠶᠡᠷ᠎ᠨᠢ ᠪᠠᠢᠯᠭᠠᠵᠤ᠂ ᠪᠦᠷᠢᠨ ᠪᠦᠲᠦᠨ ᠵᠥᠪ ᠣᠨᠣᠪᠴᠢᠲᠠᠶ ᠪᠥᠬᠥ᠌ ᠲᠠᠯ᠎ᠠ᠎ᠪᠠᠷ ᠪᠣᠳᠠᠲᠠᠶ᠎ᠳᠤ ᠨᠠᠢᠳᠠᠪᠤᠷᠢᠵᠢᠭᠤᠯᠬᠤ᠎ᠶ᠋ᠢ ᠪᠠᠲᠤᠯᠠᠬᠤ ᠬᠡᠷᠡᠭ᠌ᠲᠡᠶ᠃ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠲᠡᠦᠬᠡᠨ ᠲᠤᠷᠱᠢᠯᠭ᠎ᠠ᠎ᠶ᠋ᠢ ᠭᠦᠨᠵᠡᠭᠡᠢ ᠣᠢᠯᠠᠭᠠᠵᠤ᠂ ᠲᠡᠭᠦᠨ᠎ᠢ ᠪᠠᠢᠳᠠᠯ᠎ᠢ ᠵᠥᠪ ᠮᠠᠭᠠᠳᠯᠠᠬᠤ᠂ ᠢᠷᠡᠭᠡᠳᠦᠢ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠥᠰᠦᠭᠡᠯᠡᠬᠦ᠌᠂ ᠲᠡᠦᠬᠡ᠎ᠶ᠋ᠢᠨ ᠰᠠᠨᠠᠭᠠᠴᠢᠯᠠᠭᠠᠲᠤ ᠡᠷᠬᠡ ᠵᠢ ᠡᠵᠡᠮᠳᠡᠬᠦ᠌ ᠴᠢᠬᠤᠯᠠ ᠦᠵᠡᠯ ᠰᠠᠨᠠᠭᠠᠨ᠎ᠤ ᠵᠡᠪᠰᠡᠭ ᠪᠣᠯᠭᠠᠵᠤ᠂ ᠠᠰᠠᠭᠤᠳᠠᠯ᠎ᠢ ᠪᠣᠳᠣᠯᠬᠢᠯᠠᠬᠤ᠂ ᠱᠢᠢᠳᠪᠦᠷᠢᠲᠦ ᠪᠤᠳᠤᠯᠭ᠎ᠠ ᠭᠠᠷᠭᠠᠬᠤ᠂ ᠠᠵᠢᠯ ᠶᠠᠪᠤᠳᠠᠯ ᠬᠢᠬᠦ᠌ ᠴᠢᠬᠤᠯᠠ ᠵᠢᠷᠤᠮᠯᠠᠯ ᠪᠣᠯᠭᠠᠵᠤ᠂ ᠴᠢᠬᠤᠯᠠ ᠶᠡᠬᠡ ᠤᠯᠤᠰ ᠲᠦᠷᠦ᠍᠎ᠶ᠋ᠢᠨ ᠵᠥᠪ ᠪᠤᠷᠤᠭᠤ᠎ᠶ᠋ᠢ ᠮᠠᠭᠠᠳᠯᠠᠬᠤ ᠴᠢᠬᠤᠯᠠ ᠦᠨᠳᠦᠰᠦᠯᠡᠯ ᠪᠣᠯᠭᠠᠵᠤ᠂ ᠨᠠᠮᠴᠢ ᠴᠢᠨᠠᠷ᠎ᠤᠨ ᠪᠣᠯᠪᠠᠰᠤᠷᠠᠯ᠎ᠢ ᠴᠢᠩᠭᠠᠳᠭᠠᠬᠤ ᠴᠢᠬᠤᠯᠠ ᠵᠢᠯᠤᠭᠤᠳᠤᠯᠭ᠎ᠠ ᠪᠣᠯᠭᠠᠵᠤ᠂ ᠡᠭᠦᠨ᠎ᠦ ᠳᠤᠮᠳᠠ᠎ᠡᠴᠡ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠬᠤ᠂ ᠡᠷᠡᠮᠡᠬᠡᠢᠯᠡᠨ ᠤᠷᠤᠭ᠍ᠰᠢᠯᠠᠬᠤ ᠤᠶᠤᠨ ᠤᠬᠠᠭᠠᠨ ᠪᠠ ᠬᠦᠴᠦᠨ ᠴᠢᠳᠠᠯ᠎ᠢ ᠲᠠᠰᠤᠷᠠᠯᠳᠠ ᠦᠭᠡᠢ ᠤᠯᠬᠤ ᠬᠡᠷᠡᠭ᠌ᠲᠡᠢ᠃ ᠲᠡᠦᠬᠡ᠎ᠪᠡᠷ ᠲᠣᠯᠢ ᠪᠣᠯᠭᠠᠵᠤ᠂ ᠢᠷᠡᠭᠡᠳᠦᠶ᠎ᠶ᠋ᠢ ᠨᠡᠭᠡᠭᠡᠬᠦ᠌ ᠴᠢᠬᠤᠯᠠ ᠱᠠᠭᠠᠷᠳᠠᠯᠭ᠎ᠠ ᠵᠢ ᠭᠦᠨᠵᠡᠭᠡᠢ ᠤᠢᠯᠠᠭᠠᠵᠤ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠂ ᠬᠠᠷᠠᠯᠳᠠ ᠪᠡᠷ ᠤᠳᠤᠷᠢᠳᠤᠮᠵᠢ ᠪᠤᠯᠭᠠᠬᠤ᠂ ᠦᠷ᠎ᠡ ᠳ᠋ᠦᠩ ᠵᠢᠡᠷ ᠤᠳᠤᠷᠢᠳᠤᠮᠵᠢ ᠪᠤᠯᠭᠠᠬᠤ ᠵᠢ ᠪᠠᠷᠢᠮᠳᠠᠯᠠᠵᠤ᠂ 《ᠭᠤᠷᠪᠠᠨ ᠱᠢᠨ᠎ᠡ 》 ᠱᠠᠭᠠᠷᠳᠠᠯᠭ᠎ᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠶ᠋ᠢ ᠨᠠᠩ ᠲᠣᠪᠣᠢᠮ᠎ᠠ ᠪᠠᠢᠷᠢᠨ᠎ᠳᠤ ᠲᠠᠯᠪᠢᠵᠤ᠂ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ᠎ᠡᠴᠡ ᠥᠪᠥᠷ ᠮᠣᠩᠭᠣᠯ᠎ᠳᠤ ᠲᠣᠭ᠍ᠲᠠᠭᠠᠵᠤ ᠥᠭ᠌ᠭᠦᠭ᠌ᠰᠡᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠠᠵᠢᠯᠯᠠᠭᠠᠨ᠎ᠤ ᠬᠥᠲᠥᠯᠪᠦᠷᠢ᠎ᠳᠦ ᠠᠩᠬᠠᠷᠤᠯ᠎ᠢᠶᠠᠨ ᠲᠦᠪᠯᠡᠷᠡᠬᠦᠯᠵᠤ᠂ ᠤᠷᠢᠳᠠᠴᠢ ᠴᠢᠨᠠᠷᠲᠠᠶ ᠪᠣᠳᠣᠯᠬᠢᠯᠠᠯ᠂ ᠪᠦᠬᠦ᠌ ᠲᠠᠯ᠎ᠠ᠎ᠶ᠋ᠢᠨ ᠴᠢᠨᠠᠷᠲᠠᠶ ᠲᠦᠯᠦᠪᠵᠢᠭᠦᠯᠭᠡ᠂ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠶ ᠪᠠᠢᠷᠢᠰᠢᠭᠤᠯᠤᠯᠲᠠ ᠵᠢ ᠴᠢᠩᠭᠠᠳᠬᠠᠵᠤ᠂ ᠠᠮᠢ ᠠᠬᠤᠶ᠎ᠶ᠋ᠢ ᠤᠷᠢᠳ ᠵᠢᠡᠷ ᠪᠤᠳᠤᠯᠬᠢᠯᠠᠬᠤ ᠪᠣᠬᠢᠷᠲᠤᠯ ᠦᠭᠡᠢ ᠬᠥᠭ᠌ᠵᠢᠬᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ ᠵᠢᠡᠷ ᠦᠨᠡᠨ ᠬᠦ᠌ ᠰᠠᠢᠳᠤᠷ ᠵᠠᠮᠨᠠᠵᠤ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢ ᠥᠨᠳᠥᠷ ᠲᠦᠪᠱᠢᠨ᠎ᠢᠶᠡᠷ ᠪᠦᠲᠦᠭᠡᠨ ᠪᠠᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠢᠯ᠎ᠦᠨ ᠦᠢᠯᠡᠰ᠎ᠦᠨ ᠬᠥᠭ᠌ᠵᠢᠯᠲᠡ᠎ᠶ᠋ᠢ ᠬᠦᠴᠦᠯᠡᠨ ᠴᠢᠷᠮᠠᠢᠨ ᠠᠬᠢᠭᠤᠯᠬᠤ ᠬᠡᠷᠡᠭᠳᠠᠢ᠃ ᠨᠠᠮ᠎ᠤᠨ ᠵᠣᠷᠢᠭ᠍ᠲᠠᠢ᠎ᠪᠠᠷ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠬᠦ᠌ ᠢᠯᠡ ᠲᠣᠳᠣ ᠵᠠᠩ ᠴᠢᠨᠠᠷ᠎ᠢ ᠭᠦᠨᠵᠡᠭᠡᠢ ᠣᠢᠯᠠᠭᠠᠵᠤ᠂ ᠶᠡᠷᠦᠩᠬᠡᠢ ᠱᠦᠵᠢ ᠰᠢ᠎ᠶ᠋ᠢᠨ ᠫᠢᠩ᠎ᠦᠨ ᠴᠢᠩ ᠰᠡᠳᠭᠢᠯ᠎ᠦᠨ ᠰᠡᠷᠡᠮᠵᠢᠯᠡᠭᠦᠯᠦᠯ᠎ᠢ ᠪᠠᠲᠤ ᠴᠡᠭᠡᠵᠢᠯᠡᠵᠦ᠍᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ ᠪᠣᠯᠤᠨ ᠢᠯᠵᠡᠷᠡᠯ᠎ᠢ ᠡᠰᠡᠷᠭᠦᠴᠡᠬᠦ᠌ ᠲᠡᠮᠡᠴᠡᠯ᠎ᠢ ᠴᠠᠭ ᠢᠮᠠᠭ᠍ᠲᠠ ᠰᠤᠯᠠᠷᠠᠭᠤᠯᠤᠯ ᠦᠭᠡᠢ᠂ ᠴᠥᠬᠥᠷᠡᠰᠢ ᠦᠭᠡᠢ᠎ᠪᠡᠷ ᠭᠦᠨᠵᠡᠭᠡᠢ ᠲᠤᠢᠯᠪᠤᠷᠢᠲᠠᠢ ᠠᠳᠭᠤᠵᠤ᠂ ᠪᠠᠢᠭᠤᠯᠤᠮᠵᠢ ᠲᠣᠭ᠍ᠲᠠᠴᠠ᠎ᠶ᠋ᠢᠨ ᠳᠤᠲᠠᠭ᠍ᠳᠠᠯ᠎ᠢ ᠴᠢᠭ᠌ᠯᠡᠬᠦᠯᠦᠯᠳᠦ ᠴᠢᠨᠠᠷᠲᠠᠢ᠎ᠪᠠᠷ ᠨᠥᠬᠥᠪᠥᠷᠢᠯᠡᠵᠦ᠍᠂ ᠱᠢᠰᠲᠸᠮ ᠲᠠᠢ᠎ᠪᠡᠷ ᠵᠠᠰᠬᠠᠤ ᠦᠩᠭᠡᠨ ᠲᠠᠯ᠎ᠠ ᠪᠠ ᠦᠨᠳᠦᠰᠦ᠎ᠡᠴᠡ ᠨᠢ ᠵᠠᠰᠠᠬᠤ ᠠᠷᠭ᠎ᠠ ᠬᠡᠮᠵᠢᠶ᠎ᠡ᠎ᠶ᠋ᠢ ᠱᠢᠯᠢᠳᠡᠭ᠌ᠵᠢᠭᠦᠯᠵᠦ᠍᠂ ᠰᠡᠷᠡᠮᠵᠢᠯᠡᠭᠦᠯᠬᠦ᠌ ᠬᠥᠮᠦᠵᠢᠯ ᠪᠣᠯᠤᠨ ᠪᠦᠬᠦ᠌ ᠨᠡᠢᠭᠡᠮ᠎ᠦᠨ ᠠᠷᠢᠭᠤᠨ ᠴᠢᠬᠡᠴᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠨᠡᠩ ᠥᠨᠳᠥᠷ ᠳᠠᠪᠬᠤᠷᠭ᠎ᠠ᠂ ᠨᠡᠩ ᠭᠦᠨ ᠳᠠᠪᠬᠤᠷᠭ᠎ᠠ ᠳ᠋ᠦ ᠨᠡᠩ ᠢᠯᠡᠭᠦᠦ ᠤᠯᠤᠰ ᠲᠦᠷᠦ᠍᠎ᠶ᠋ᠢᠨ ᠲᠠᠲᠠᠬᠤ ᠬᠦᠴᠦᠨ ᠪᠣᠯᠤᠨ ᠤᠯᠤᠰ ᠲᠦᠷᠦ᠍᠎ᠶ᠋ᠢᠨ ᠠᠬᠢᠭᠤᠯᠬᠤ ᠬᠦᠴᠦᠨ᠎ᠲᠡᠶ ᠪᠣᠯᠭᠠᠬᠤ ᠬᠡᠷᠡᠭ᠌ᠲᠡᠢ ᠬᠡᠵᠥ ᠴᠢᠬᠤᠯᠠᠴᠢᠯᠠᠪᠠ᠃
ᠪᠥᠬᠥᠳᠡ ᠬᠤᠷᠠᠯ᠎ᠡᠴᠡ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠢᠶᠠᠷ ᠵᠠᠩᠭᠢᠯᠠᠭ᠎ᠠ ᠪᠣᠯᠭᠠᠵᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ ᠱᠢᠨ᠎ᠡ ᠱᠠᠲᠤᠨ᠎ᠳᠤ ᠣᠷᠣᠪᠠ᠃ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠡᠨᠡ ᠬᠦ᠌ ᠭᠤᠤᠯᠳᠠᠯᠭ᠎ᠠ᠎ᠶ᠋ᠢ ᠳᠣᠪᠣᠢᠯᠭᠠᠨ᠂ ᠶᠣᠰᠣ ᠤᠴᠢᠷ᠎ᠢ ᠤᠢᠯᠠᠭᠠᠬᠤ᠂ ᠢᠲᠡᠭᠡᠯ ᠵᠢᠡᠨ ᠨᠡᠮᠡᠭ᠌ᠳᠡᠭᠦᠯᠬᠦ᠌᠂ ᠶᠣᠰᠣ ᠰᠤᠷᠳᠠᠬᠤᠨ᠎ᠢ ᠡᠷᠬᠢᠮᠯᠡᠬᠦ᠌᠂ ᠴᠢᠷᠮᠠᠢᠨ ᠦᠢᠯᠡᠳᠦᠯᠭᠡᠵᠢᠬᠦᠯᠬᠦ ᠬᠠᠷᠠᠯᠳᠠ ᠱᠠᠭᠠᠷᠳᠠᠯᠭ᠎ᠠ ᠵᠢᠨ ᠲᠤᠭᠤᠷᠢᠨ ᠳ᠋ᠣ᠂ ᠨᠠᠮ᠎ᠤᠨ ᠲᠡᠦᠬᠡ᠎ᠶ᠋ᠢ ᠰᠤᠷᠤᠯᠴᠠᠬᠤ᠂ ᠦᠵᠡᠯ ᠰᠠᠨᠠᠭ᠎ᠠ᠎ᠪᠡᠨ ᠰᠡᠭᠡᠭᠡᠷᠡᠬᠦᠯᠬᠦ᠂ ᠪᠣᠳᠠᠲᠤ ᠶᠠᠪᠤᠳᠠᠯ ᠬᠢᠬᠦ᠌᠂ ᠱᠢᠨ᠎ᠡ ᠪᠠᠢᠳᠠᠯ᠎ᠢ ᠨᠡᠭᠡᠭᠡᠬᠦ ᠲᠠᠯ᠎ᠠ᠎ᠪᠠᠷ ᠳᠠᠬᠢᠨ ᠳᠠᠷᠤᠯᠲᠠ ᠥᠭ᠌ᠴᠦ ᠳᠠᠬᠢᠨ ᠬᠦᠴᠦᠯᠡᠵᠦ᠍᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠲᠠᠰᠤᠷᠠᠯᠲᠠ ᠥᠬᠡᠶ ᠭᠦᠨᠵᠡᠭᠡᠢᠷᠡᠨ ᠪᠣᠳᠠᠲᠠᠢᠵᠢᠬᠤ᠎ᠶ᠋ᠢ ᠠᠬᠢᠭᠤᠯᠵᠤ᠂ ᠡᠯ᠎ᠡ ᠵᠦᠶ᠋ᠯ᠎ᠦᠨ ᠡᠭᠦᠷᠭᠡ᠎ᠶ᠋ᠢ ᠥᠨᠳᠥᠷ ᠪᠠᠷᠢᠮᠵᠢᠶ᠎ᠠ᠎ᠪᠠᠷ ᠴᠢᠨᠠᠷ ᠰᠠᠢᠲᠠᠶ ᠪᠡᠶᠡᠯᠡᠭᠦᠯᠬᠦ᠌᠎ᠶ᠋ᠢ ᠪᠠᠲᠤᠯᠠᠬᠤ ᠬᠡᠷᠡᠭ᠌ᠲᠡᠶ᠃ ᠨᠠᠮ᠎ᠤᠨ ᠲᠡᠦᠬᠡ ᠵᠢ ᠬᠦᠨᠵᠡᠭᠡᠢ ᠰᠤᠷᠤᠯᠴᠠᠬᠤ ᠳᠡᠭᠡᠷ᠎ᠡ ᠦᠷᠭᠦᠯᠵᠢᠯᠡᠨ ᠬᠦᠴᠦ᠍ ᠣᠷᠣᠭᠤᠯᠵᠤ᠂ ᠰᠡᠳᠬᠢᠯ ᠲᠠᠯᠪᠢᠨ ᠤᠭ ᠵᠣᠬᠢᠶᠠᠯ᠎ᠢ ᠰᠤᠷᠤᠯᠴᠠᠵᠤ ᠤᠭ ᠵᠣᠬᠢᠶᠠᠯ᠎ᠢ ᠣᠢᠯᠠᠭᠠᠨ᠂ ᠰᠤᠷᠤᠯᠴᠠᠪᠠᠯ ᠰᠡᠳᠭᠢᠬᠦ᠌᠂ ᠰᠤᠷᠤᠯᠴᠠᠪᠠᠯ ᠣᠢᠯᠠᠭᠠᠬᠤ᠂ ᠰᠤᠷᠤᠯᠴᠠᠪᠠᠯ ᠣᠯᠤᠯᠲᠠ᠎ᠲᠠᠶ ᠪᠠᠢᠬᠤ᠎ᠶ᠋ᠢ ᠦᠨᠡᠨ ᠬᠦ᠌ ᠪᠡᠶᠡᠯᠡᠭᠦᠯᠬᠦ᠌ ᠬᠡᠷᠡᠭ᠌ᠲᠡᠢ; ᠦᠵᠡᠯ ᠰᠠᠨᠠᠭ᠎ᠠ ᠵᠢ ᠨᠠᠷᠢᠯᠢᠭ ᠤᠢᠯᠠᠭᠠᠬᠤ ᠲᠠᠯ᠎ᠠ᠎ᠪᠠᠷ ᠦᠷᠭᠦᠯᠵᠢᠯᠡᠨ ᠭᠦᠨᠵᠡᠭᠡᠢᠷᠡᠭᠦᠯᠵᠦ᠍᠂ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠭᠤᠤᠯ ᠠᠭᠤᠯᠭ᠎ᠠ᠂ ᠵᠣᠷᠢᠭ ᠰᠠᠨᠠᠭᠠᠨ᠎ᠤ ᠮᠥᠨ ᠴᠢᠨᠠᠷ᠂ ᠪᠠᠶᠠᠯᠢᠭ ᠠᠭᠤᠯᠤᠭ᠍ᠳᠠᠬᠤᠨ᠂ ᠦᠶ᠋ᠯᠡᠳᠦᠯᠭᠡ᠎ᠶ᠋ᠢᠨ ᠱᠠᠭᠠᠷᠳᠠᠯᠭ᠎ᠠ᠎ᠶ᠋ᠢᠨ ᠲᠤᠬᠠᠶ ᠣᠢᠯᠠᠭᠠᠯᠲᠠ᠎ᠪᠠᠨ ᠤᠯᠠᠮ ᠴᠢᠨᠠᠬᠰᠢᠳᠠ ᠭᠦᠨᠵᠡᠭᠡᠢᠷᠡᠭᠦᠯᠵᠦ᠍᠂ ᠡᠬᠦᠨ ᠵᠢᠡᠷ ᠦᠨᠡᠨ ᠬᠦ᠌ ᠨᠠᠮᠴᠢ ᠴᠢᠨᠠᠷ᠎ᠢᠶᠠᠨ ᠳᠠᠪᠲᠠᠨ ᠪᠣᠯᠪᠠᠰᠤᠷᠠᠭᠤᠯᠵᠤ᠂ ᠵᠠᠩ ᠴᠢᠨᠠᠷ᠎ᠢᠶᠠᠨ ᠬᠠᠳᠠᠭᠤᠵᠢᠭᠤᠯᠵᠤ᠂ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠠᠵᠢᠯ᠎ᠢᠶᠠᠨ ᠰᠠᠢᠵᠢᠷᠠᠭᠤᠯᠬᠤ ᠬᠡᠷᠡᠭ᠌ᠲᠡᠶ; ᠠᠷᠠᠳ᠎ᠤᠨ ᠲᠥᠯᠥᠭᠡ ᠠᠵᠢᠯ ᠶᠠᠪᠤᠳᠠᠯ ᠭᠦᠶ᠋ᠴᠡᠳᠭᠡᠬᠦ᠌ ᠲᠠᠯ᠎ᠠ᠎ᠪᠠᠷ ᠦᠷᠭᠦᠯᠵᠢᠯᠡᠨ ᠪᠣᠳᠠᠲᠤ ᠦᠷ᠎ᠡ ᠪᠦᠲᠦᠮᠵᠢ ᠣᠯᠵᠤ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢᠨ ᠳᠤᠲᠠᠭᠤᠳᠠᠯ᠎ᠢ ᠲᠦᠷᠭᠡᠨ ᠨᠥᠬᠥᠪᠥᠷᠢᠯᠡᠵᠦ᠍᠂ ᠣᠯᠠᠨ ᠲᠦᠮᠡᠨ᠎ᠦ ᠬᠦᠷᠲᠡᠮᠵᠢ᠎ᠶ᠋ᠢᠨ ᠲᠥᠷᠥᠭ᠌ᠳᠡᠯ ᠵᠢᠷᠭᠠᠯᠲᠤ ᠲᠥᠷᠥᠭ᠌ᠳᠡᠯ ᠠᠮᠤᠷ ᠲᠦᠪᠱᠢᠨ᠎ᠦ ᠲᠥᠷᠥᠭ᠌ᠳᠡᠯ᠎ᠢ ᠨᠠᠩ ᠲᠡᠭᠦᠯᠳᠡᠷ᠂ ᠨᠠᠩ ᠪᠠᠲᠤᠯᠠᠭ᠎ᠠ᠎ᠲᠠᠶ᠂ ᠨᠠᠩ ᠳᠠᠭᠠᠭᠠᠮᠠᠭᠠᠢ ᠪᠣᠯᠭᠠᠬᠤ ᠭᠡᠷᠡᠭᠳᠠᠢ; ᠱᠢᠨ᠎ᠡ ᠪᠠᠢᠳᠠᠯ᠎ᠢ ᠨᠡᠭᠡᠭᠡᠬᠦ ᠲᠠᠯ᠎ᠠ᠎ᠪᠠᠷ ᠦᠷᠭᠦᠯᠵᠢᠯᠡᠨ ᠱᠢᠪᠲᠤᠯᠤᠯᠲᠠ ᠭᠠᠷᠭᠠᠵᠤ᠂ ᠥᠷᠯᠥᠭᠡ ᠦᠳᠡᠰᠢ᠎ᠶ᠋ᠢ ᠲᠡᠮᠡᠴᠡᠬᠦ᠌ ᠵᠣᠷᠢᠭ ᠰᠠᠨᠠᠭ᠎ᠠ᠎ᠪᠠᠷ ᠡᠬᠢᠯᠡᠯᠲᠡ᠎ᠶ᠋ᠢᠨ ᠵᠢᠯ᠎ᠳᠦ ᠱᠢᠪᠲᠤᠯᠤᠯᠲᠠ ᠬᠢᠵᠦ᠍ ᠰᠡᠭᠦᠯ ᠬᠤᠷᠢᠶᠠᠬᠤ ᠡᠯ᠎ᠡ ᠵᠦᠶ᠋ᠯ᠎ᠦᠨ ᠠᠵᠢᠯ᠎ᠢ ᠰᠠᠢᠲᠤᠷ ᠠᠳᠭᠤᠵᠤ᠂ ᠢᠷᠡᠬᠦ᠌ ᠵᠢᠯ᠎ᠦᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠶᠡᠬᠡ ᠲᠠᠯ᠎ᠠ ᠪᠠ ᠰᠡᠳᠭᠢᠮᠵᠢ ᠠᠷᠭ᠎ᠠ ᠬᠡᠮᠵᠢᠶ᠎ᠡ᠎ᠶ᠋ᠢ ᠡᠷᠲᠡᠬᠡᠨ ᠭᠠᠷᠭᠠᠵᠤ᠂ ᠬᠢᠵᠢᠭ᠎ᠦᠨ ᠳᠠᠬᠢᠨ ᠳᠡᠯᠭᠡᠷᠡᠬᠦ᠌᠎ᠶ᠋ᠢ ᠡᠷᠡᠰ ᠰᠡᠷᠭᠡᠢᠯᠡᠵᠦ᠍᠂ ᠤᠷᠢᠳᠴᠢᠯᠠᠨ ᠵᠢᠱ᠌ᠢᠬᠦ ᠠᠵᠢᠯ᠎ᠢ ᠰᠠᠢᠲᠤᠷ ᠬᠢᠵᠦ᠍᠂ ᠤᠷᠢᠳᠠᠴᠢ ᠱᠢᠲᠠᠷ᠎ᠠ᠎ᠶ᠋ᠢ ᠰᠠᠢᠲᠤᠷ ᠲᠠᠯᠪᠢᠵᠤ᠂ ᠨᠠᠩ ᠶᠡᠬᠡ ᠰᠠᠨᠠᠭᠠᠴᠢᠯᠠᠭᠠᠲᠤ ᠡᠷᠬᠡ᠎ᠶ᠋ᠢ ᠤᠯᠬᠤ᠎ᠪᠠᠷ ᠴᠢᠷᠮᠠᠢᠬᠤ ᠬᠡᠷᠡᠭ᠌ᠲᠡᠶ ᠭᠡᠵᠤ ᠴᠢᠬᠤᠯᠠᠴᠢᠯᠠᠪᠠ᠃
ᠪᠥᠬᠥᠳᠡ ᠬᠤᠷᠠᠯ ᠡᠴᠡ ᠥᠪᠡᠷᠲᠡᠭᠡᠨ ᠵᠠᠰᠠᠬᠤ ᠣᠷᠣᠨ᠎ᠤ ᠠᠷᠪᠠᠳᠤᠭᠠᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠡᠴᠡ ᠨᠠᠭᠠᠱᠢᠬᠢ ᠲᠠᠪᠤᠨ ᠵᠢᠯ᠎ᠦᠨ ᠠᠵᠢᠯ᠎ᠢ ᠳ᠋ᠦᠩᠨᠡᠪᠡ᠃ ᠰᠢ᠎ᠶ᠋ᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠥᠪᠡᠷᠲᠡᠭᠡᠨ ᠵᠠᠰᠠᠬᠤ ᠣᠷᠣᠨ᠎ᠤ ᠠᠷᠪᠠᠳᠤᠭᠠᠷ ᠬᠤᠭᠤᠴᠠᠭᠠᠨ᠎ᠤ ᠨᠠᠮ᠎ᠤᠨ ᠬᠣᠷᠢᠶ᠎ᠠ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠬᠣᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠬᠦᠨᠵᠡᠭᠡᠢ ᠰᠤᠷᠤᠯᠴᠠᠨ ᠲᠤᠭᠤᠰᠢᠯᠠᠭᠤᠯᠵᠤ᠂ 《ᠲᠠᠪᠤ᠎ᠶ᠋ᠢ ᠨᠢᠭᠡ ᠴᠣᠭ᠍ᠴᠠᠵᠢᠭᠤᠯᠬᠤ》ᠶᠡᠷᠦᠩᠬᠡᠶ ᠪᠠᠢᠷᠢᠱᠢᠭᠤᠯᠤᠯᠲᠠ᠎ᠶ᠋ᠢ ᠨᠢᠭᠡᠳᠦᠯᠲᠡᠶ ᠲᠥᠯᠥᠪᠵᠢᠬᠦᠯᠦᠨ ᠠᠬᠢᠭᠤᠯᠬᠤ᠂《ᠳᠥᠷᠪᠡᠨ ᠪᠥᠬᠥ᠌ ᠲᠠᠯ᠎ᠠ》 ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢᠰᠢᠭᠤᠯᠤᠯᠲᠠ᠎ᠶ᠋ᠢ ᠵᠣᠬᠢᠴᠠᠭᠤᠯᠤᠨ ᠠᠬᠢᠭᠤᠯᠬᠤ ᠱᠠᠭᠠᠷᠳᠠᠯᠭ᠎ᠠ ᠶᠣᠰᠣᠭᠠᠷ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠤ᠂ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠡᠯ᠎ᠡ ᠲᠠᠯ᠎ᠠ᠎ᠶ᠋ᠢᠨ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠵᠤ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠤᠨ ᠨᠥᠯᠥᠭᠡ ᠪᠠ ᠳᠠᠭᠠᠷᠢᠯᠲᠠ᠎ᠶ᠋ᠢ ᠢᠳᠡᠪᠬᠢᠲᠡᠶ ᠠᠷᠭᠠᠴᠠᠭᠠᠵᠤ᠂ 《ᠠᠷᠪᠠᠨ ᠭᠤᠷᠪᠠᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ ᠲᠡᠭᠦᠰ ᠠᠮᠵᠢᠯᠲᠠ᠎ᠲᠠᠶ ᠰᠡᠬᠦᠯ ᠬᠤᠷᠢᠶᠠᠵᠤ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠤᠷᠤᠭ᠍ᠰᠢᠲᠠᠶ ᠬᠡᠷᠡᠭ᠌ᠵᠢᠭᠦᠯᠵᠤ᠂ ᠡᠬᠡ ᠤᠯᠤᠰ᠎ᠤᠨ ᠤᠮᠠᠷᠠᠲᠤ᠎ᠶ᠋ᠢᠨ ᠦᠵᠡᠰᠭᠦᠯᠡᠩᠲᠦ ᠰᠠᠢᠬᠠᠨ ᠦᠵᠡᠮᠵᠢ᠎ᠶ᠋ᠢᠨ ᠣᠷᠣᠨ᠎ᠢ ᠪᠥᠲᠥᠭᠡᠨ ᠪᠠᠢᠭᠤᠯᠬᠤ ᠠᠵᠢᠯ ᠯᠠᠪᠳᠠᠭᠤᠨ ᠪᠠᠲᠤᠲᠠᠶ ᠠᠬᠢᠴᠠ᠎ᠲᠠᠶ ᠪᠣᠯᠪᠠ᠃ 《ᠬᠣᠶᠠᠷ᠎ᠢ ᠬᠠᠮᠠᠭᠠᠯᠠᠬᠤ》 ᠵᠢ ᠤᠬᠠᠮᠰᠠᠷ᠎ᠡᠴᠡ᠎ᠪᠠᠨ ᠡᠷᠡᠰ ᠪᠡᠶᠡᠯᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠢᠯ᠎ᠦᠨ ᠠᠵᠢᠯ ᠦᠢᠯᠡᠰ ᠢᠮᠠᠭ᠍ᠲᠠ ᠵᠥᠪ ᠤᠯᠤᠰ ᠲᠦᠷᠦ᠍᠎ᠶ᠋ᠢᠨ ᠴᠢᠭ᠌ᠯᠡᠯ᠎ᠢᠶᠡᠷ ᠤᠷᠤᠭ᠍ᠰᠢᠯᠠᠬᠤ᠎ᠶ᠋ᠢ ᠦᠨᠡᠨ ᠬᠦ᠌ ᠪᠠᠲᠤᠯᠠᠪᠠ᠃ ᠭᠤᠷᠪᠠᠨ ᠶᠡᠬᠡ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠬᠢᠵᠦ᠍᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠬᠠᠷᠠᠯᠲᠠ᠎ᠶ᠋ᠢ ᠲᠣᠭ᠍ᠲᠠᠭ᠍ᠰᠠᠨ ᠬᠤᠭᠤᠴᠠᠭᠠᠨ᠎ᠳᠤ ᠪᠡᠶᠡᠯᠡᠭᠦᠯᠵᠠᠢ᠃ ᠬᠡᠯᠪᠡᠷᠢ᠎ᠪᠡᠨ ᠬᠤᠪᠢᠷᠠᠭᠤᠯᠬᠤ᠂ ᠪᠦᠲᠦᠴᠡ᠎ᠪᠡᠨ ᠲᠣᠬᠢᠷᠠᠭᠤᠯᠬᠤ᠎ᠶ᠋ᠢ ᠲᠦᠷᠭᠡᠳᠭᠡᠵᠦ᠍᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠵᠠᠮᠨᠠᠵᠤ ᠲᠠᠰᠤᠷᠠᠯᠲᠠ ᠥᠬᠡᠶ ᠬᠦᠴᠢᠷ ᠠᠰᠠᠭᠤᠳᠠᠯ᠎ᠢ ᠱᠢᠶ᠋ᠳᠪᠦᠷᠢᠯᠡᠨ᠂ ᠪᠣᠳᠠᠲᠠᠶ ᠦᠷ᠎ᠡ ᠪᠦᠲᠦᠮᠵᠢ ᠭᠠᠷᠭᠠᠪᠠ᠃ ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ ᠭᠡᠬᠦ᠌ ᠣᠢᠯᠠᠭᠠᠭ᠍ᠳᠠᠬᠤᠨ᠎ᠢ ᠭᠦᠨᠵᠡᠭᠡᠢ ᠦᠢᠯᠡᠳᠦᠯᠭᠡᠵᠢᠭᠦᠯᠵᠦ᠍᠂ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ ᠪᠠ ᠪᠣᠬᠢᠷᠲᠤᠯ ᠦᠭᠡᠢ ᠬᠡᠯᠪᠡᠷᠢ᠎ᠪᠡᠨ ᠬᠤᠪᠢᠷᠠᠭᠤᠯᠬᠤ ᠬᠥᠭ᠌ᠵᠢᠯᠲᠡ᠎ᠳᠦ ᠪᠦᠬᠦ᠌ ᠲᠠᠯ᠎ᠠ᠎ᠶ᠋ᠢᠨ ᠴᠢᠨᠠᠷᠲᠠᠢ ᠴᠢᠬᠤᠯᠠ ᠶᠡᠬᠡ ᠬᠤᠪᠢᠷᠠᠯᠲᠠ ᠭᠠᠷᠬᠤ᠎ᠶ᠋ᠢ ᠠᠬᠢᠭᠤᠯᠪᠠ᠃ ᠨᠠᠮ᠎ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠌᠂ ᠬᠠᠤᠯᠢ ᠪᠡᠷ ᠤᠯᠤᠰ᠎ᠵᠢᠡᠨ ᠵᠠᠰᠠᠬᠤ᠎ᠶ᠋ᠢ ᠣᠷᠭᠠᠨᠢᠭ᠎ᠢᠶᠠᠷ ᠨᠢᠭᠡᠳᠦᠭᠦᠯᠬᠦ᠌᠎ᠶ᠋ᠢ ᠢᠮᠠᠭ᠍ᠲᠠ ᠪᠠᠷᠢᠮᠲᠠᠯᠠᠵᠤ᠂ ᠨᠡᠢᠭᠡᠮ ᠵᠢᠷᠤᠮ᠎ᠤᠨ ᠠᠷᠠᠳᠴᠢᠯᠠᠭ᠍ᠰᠠᠨ ᠤᠯᠤᠰ ᠲᠦᠷᠦ᠍᠎ᠶ᠋ᠢᠨ ᠪᠠᠢᠭᠤᠯᠤᠯᠲᠠ᠎ᠶ᠋ᠢ ᠭᠦᠨᠵᠡᠭᠡᠢ ᠠᠬᠢᠭᠤᠯᠪᠠ᠃ ᠪᠦᠬᠦ᠌ ᠣᠷᠣᠨ᠎ᠤ ᠦᠨᠳᠦᠰᠦᠲᠡᠨ᠎ᠦ ᠠᠵᠢᠯ᠎ᠤᠨ ᠵᠢᠯᠣᠭᠣᠳᠭᠤ ᠦᠵᠡᠯ ᠰᠠᠨᠠᠭᠠᠨ᠎ᠤ ᠭᠡᠯᠪᠡᠢᠬᠦᠦᠶ᠋ᠢ ᠡᠷᠡᠰ ᠵᠠᠯᠠᠷᠠᠭᠤᠯᠵᠤ᠂ ᠦᠨᠳᠦᠰᠦᠲᠡᠨ᠎ᠦ ᠠᠵᠢᠯ᠎ᠢ ᠦᠨᠡᠨ ᠬᠦ᠌ ᠴᠢᠩᠭᠠᠳᠭᠠᠨ ᠰᠠᠢᠵᠢᠷᠠᠭᠤᠯᠪᠠ᠃ ᠦᠵᠡᠯ ᠰᠠᠨᠠᠭ᠎ᠠ ᠰᠤᠷᠲᠠᠯ ᠤᠬᠠᠭᠤᠯᠭ᠎ᠠ ᠰᠣᠶᠣᠯ᠎ᠤᠨ ᠠᠵᠢᠯ᠎ᠢ᠋ ᠯᠠᠪᠳᠠᠭᠤᠨ ᠪᠠᠲᠤᠲᠠᠶ ᠰᠠᠢᠲᠤᠷ ᠬᠢᠵᠦ᠍᠂ ᠪᠦᠯᠬᠦᠮᠳᠡᠨ ᠤᠷᠤᠭ᠍ᠰᠢᠯᠠᠬᠤ ᠬᠠᠮᠲᠤ᠎ᠶ᠋ᠢᠨ ᠦᠵᠡᠯ ᠰᠠᠨᠠᠭᠠᠨ᠎ᠤ ᠰᠠᠭᠤᠷᠢ᠎ᠶ᠋ᠢ ᠦᠷᠭᠦᠯᠵᠢᠯᠡᠨ ᠪᠡᠬᠢᠵᠢᠭᠦᠯᠪᠡ᠃ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠲᠤ ᠪᠤᠢ ᠪᠣᠯᠭᠠᠵᠤ᠂ ᠠᠷᠠᠳ᠎ᠤᠨ ᠠᠮᠢᠳᠤᠷᠠᠯ᠎ᠢ ᠲᠠᠰᠤᠷᠠᠯᠲᠠ ᠦᠭᠡᠢ ᠰᠠᠢᠵᠢᠷᠠᠭᠤᠯᠪᠠ᠃ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠭᠦᠨᠵᠡᠭᠡᠢᠷᠡᠭᠦᠯᠦᠨ ᠠᠬᠢᠭᠤᠯᠵᠤ᠂ ᠤᠯᠤᠰ ᠲᠦᠷᠦ᠍᠎ᠶ᠋ᠢᠨ ᠠᠮᠢ ᠠᠬᠤᠢ᠎ᠶ᠋ᠢ ᠬᠦᠴᠦᠲᠡᠢ ᠰᠡᠷᠭᠦᠭᠡᠨ᠂ ᠤᠳᠤ ᠶᠠᠭ ᠲᠦᠷᠭᠡᠪᠴᠢᠯᠡᠨ ᠴᠡᠪᠡᠷᠱᠢᠭᠦᠯᠦᠨ ᠱᠢᠯᠢᠳᠡᠭ᠌ᠵᠢᠭᠦᠯᠵᠥ ᠪᠤᠢ᠃ ᠥᠩᠭᠡᠷᠡᠭ᠌ᠰᠡᠨ ᠲᠠᠪᠤᠨ ᠵᠢᠯ᠎ᠳᠦ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠢᠯ᠎ᠦᠨ ᠠᠵᠢᠯ ᠦᠢᠯᠡᠰ ᠪᠦᠬᠦ᠌ ᠲᠠᠯ᠎ᠠ᠎ᠶ᠋ᠢᠨ ᠬᠦᠭᠵᠢᠵᠦ ᠲᠠᠪᠰᠢᠬᠤ ᠵᠢ ᠪᠡᠶᠡᠯᠡᠭᠦᠯᠵᠦ᠍ ᠴᠢᠳᠠᠭ᠍ᠰᠠᠨ᠎ᠤ ᠬᠠᠮᠤᠭ᠎ᠤᠨ ᠦᠨᠳᠦᠰᠦᠨ ᠵᠦᠢᠯ ᠨᠢ ᠰᠢ᠎ᠶ᠋ᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ᠎ᠳᠤ ᠪᠤᠢ᠂ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ ᠪᠤᠢ᠂ ᠶᠡᠷᠦᠩᠬᠡᠢ ᠱᠦᠵᠢ ᠰᠢ᠎ᠶ᠋ᠢᠨ ᠫᠢᠩ ᠪᠡᠶ᠎ᠡ᠎ᠪᠡᠷ᠎ᠢᠶᠡᠨ ᠥᠪᠥᠷ ᠮᠣᠩᠭᠣᠯ᠎ᠤᠨ ᠰᠤᠳᠠᠯ᠎ᠢ ᠪᠠᠷᠢᠵᠤ ᠴᠢᠭ᠌ᠯᠡᠯ᠎ᠢ ᠲᠣᠭ᠍ᠲᠠᠭᠠᠵᠤ᠂ ᠵᠠᠮ᠎ᠢ ᠵᠢᠭᠠᠵᠤ ᠠᠶᠠᠯᠠᠯ᠎ᠢ ᠵᠢᠯᠣᠭᠣᠳᠤᠭ᠍ᠰᠠᠨ᠎ᠳᠤ ᠪᠤᠢ ᠭᠡᠵᠦ ᠰᠠᠨᠠᠯ ᠨᠢᠭᠡᠳᠡᠢ ᠦᠵᠡᠵᠡᠭᠡᠪᠡ᠃
ᠪᠦᠬᠦᠳᠡ ᠬᠤᠷᠠᠯ᠎ᠡᠴᠡ ᠥᠪᠡᠷᠲᠡᠭᠡᠨ ᠵᠠᠰᠠᠬᠤ ᠣᠷᠣᠨ᠎ᠤ ᠠᠷᠪᠠᠳᠤᠭᠠᠷ ᠬᠤᠭᠤᠴᠠᠭᠠᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠠᠵᠢᠯ᠎ᠢ ᠳ᠋ᠦᠩᠨᠡᠪᠡ᠃ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠤᠯᠤᠰ᠎ᠤᠨ ᠬᠢᠨᠠᠨ ᠪᠠᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠳᠤᠷᠢᠳᠤᠯᠭ᠎ᠠ ᠳᠤᠤᠷ᠎ᠠ᠂ ᠥᠪᠡᠷᠲᠡᠭᠡᠨ ᠵᠠᠰᠠᠬᠤ ᠣᠷᠣᠨ᠎ᠤ ᠠᠷᠪᠠᠳᠤᠭᠠᠷ ᠬᠤᠭᠤᠴᠠᠭᠠᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠨᠠᠮ᠎ᠤᠨ ᠲᠦᠷᠢᠮ ᠪᠠ ᠦᠨᠳᠦᠰᠦᠨ ᠬᠠᠤᠯᠢ᠎ᠡᠴᠡ ᠣᠯᠭᠣᠭ᠍ᠰᠠᠨ ᠲᠤᠱᠢᠶᠠᠯ ᠬᠠᠷᠢᠭᠤᠴᠠᠯᠭ᠎ᠠ᠎ᠪᠠᠨ ᠰᠢᠳᠤᠷᠭᠤ᠎ᠪᠡᠷ ᠭᠦᠢᠴᠡᠳᠭᠡᠵᠦ᠂ ᠬᠢᠨᠠᠯᠲᠠ ᠲᠠᠯᠪᠢᠬᠤ ᠪᠠᠲᠤᠯᠠᠬᠤ ᠭᠦᠶ᠋ᠴᠡᠳᠭᠡᠬᠦ᠂ ᠠᠬᠢᠭᠤᠯᠬᠤ ᠲᠡᠭᠦᠯᠳᠡᠷᠵᠢᠭᠦᠯᠬᠦ ᠬᠥᠭ᠌ᠵᠢᠭᠦᠯᠬᠦ ᠦᠢᠯᠡᠳᠦᠯ᠎ᠢ᠋ ᠦᠨᠡᠨ ᠬᠦ᠌ ᠪᠠᠳᠠᠷᠠᠭᠤᠯᠵᠤ᠂ ᠤᠯᠤᠰ ᠲᠥᠷᠥ᠎ᠶ᠋ᠢᠨ ᠬᠢᠨᠠᠯᠲᠠ᠎ᠶ᠋ᠢ ᠪᠠᠢᠩᠭᠤᠵᠢᠭᠤᠯᠤᠨ ᠥᠷᠨᠢᠭᠦᠯᠵᠦ᠂ ᠢᠯᠵᠠᠷᠠᠬᠤ ᠡᠴᠡ ᠵᠢᠷᠦᠬᠡᠱᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ᠎ᠶ᠋ᠢ ᠪᠤᠳᠤᠬᠤ ᠦᠭᠡᠢ ᠵᠢ ᠨᠢᠭᠡ ᠴᠤᠭᠴᠠᠵᠢᠭᠤᠯᠤᠨ ᠠᠬᠢᠭᠤᠯᠵᠤ᠂ ᠨᠡᠭᠦᠷᠡᠰᠦ᠂ ᠮᠥᠩᠭᠥᠨ ᠭᠦᠢᠯᠭᠡᠭᠡ᠂ ᠤᠯᠤᠰ ᠲᠦᠷᠦ ᠬᠠᠤᠯᠢ ᠴᠠᠭᠠᠵᠠ᠂ ᠠᠷᠠᠳ᠎ᠤᠨ ᠠᠭᠠᠷ᠎ᠤᠨ ᠰᠡᠷᠭᠡᠢᠯᠡᠯᠲᠡ᠂ ᠤᠯᠤᠰ᠎ᠤᠨ ᠦᠮᠴᠢᠯᠡᠯ᠎ᠤᠨ ᠠᠵᠤ ᠠᠬᠤᠢᠯᠠᠯ᠂ ᠶᠡᠭᠡ ᠳᠡᠭᠡᠳᠦ ᠰᠤᠷᠭᠠᠭᠤᠯᠢ ᠵᠡᠷᠭᠡ ᠭᠣᠣᠯᠳᠠᠯᠭ᠎ᠠ᠎ᠲᠠᠶ ᠬᠦᠷᠢᠶᠡᠨ᠎ᠳᠡᠬᠢ ᠢᠯᠵᠠᠷᠠᠯ᠎ᠤᠨ ᠠᠰᠠᠭᠤᠳᠠᠯ ᠢ᠋ ᠭᠦᠨᠵᠡᠭᠡᠶ ᠴᠡᠭ᠌ᠴᠡᠯᠡᠨ ᠵᠠᠰᠠᠵᠤ᠂《ᠳᠥᠷᠪᠡᠨ ᠰᠤᠷᠲᠠᠯ》 ᠢ᠋ ᠦᠷᠭᠦᠯᠵᠢᠯᠡᠨ ᠵᠠᠯᠠᠷᠠᠭᠤᠯᠵᠤ ᠱᠢᠨ᠎ᠡ ᠰᠤᠷᠲᠠᠯ᠎ᠢ ᠪᠣᠶ ᠪᠣᠯᠭᠠᠵᠤ᠂ ᠣᠯᠠᠨ ᠲᠦᠮᠡᠨ᠎ᠦ ᠳᠡᠷᠭᠡᠳᠡᠬᠢ ᠢᠯᠵᠠᠷᠠᠯ ᠪᠠ ᠰᠤᠷᠲᠠᠯ᠎ᠤᠨ ᠠᠰᠠᠭᠤᠳᠠᠯ᠎ᠢ ᠡᠷᠡᠰ ᠪᠠᠢᠴᠠᠭᠠᠨ ᠱᠢᠶ᠋ᠳᠪᠦᠷᠢᠯᠡᠵᠦ᠂ ᠲᠣᠭᠣᠷᠢᠨ ᠪᠠᠢᠴᠠᠭᠠᠬᠤ ᠬᠤᠷᠴᠠ ᠰᠡᠯᠡᠮ᠎ᠡ᠎ᠶ᠋ᠢᠨ ᠦᠶ᠋ᠯᠡᠳᠦᠯ᠎ᠢ ᠪᠠᠳᠠᠷᠠᠭᠤᠯᠵᠤ᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠤᠮᠵᠢ ᠵᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠂ ᠦᠨᠡᠨᠴᠢ ᠱᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠺᠠᠳ᠋ᠷ᠎ᠤᠨ ᠡᠩᠨᠡᠭᠡ᠎ᠶ᠋ᠢ ᠪᠠᠢᠭᠤᠯᠵᠤ᠂ ᠪᠦᠬᠦ᠌ ᠣᠷᠣᠨ᠎ᠤ ᠨᠠᠮ᠎ᠤᠨ ᠰᠤᠷᠲᠠᠯ ᠵᠠᠰᠠᠭ᠎ᠤᠨ ᠰᠤᠷᠲᠠᠯ᠎ᠳᠤ ᠢᠳᠡᠪᠬᠢᠲᠡᠶ ᠬᠤᠪᠢᠷᠠᠯᠲᠠ ᠭᠠᠷᠬᠤ᠂ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢ ᠠᠬᠤᠶ ᠢᠯᠡᠳᠲᠡ ᠰᠠᠢᠵᠢᠷᠠᠬᠤ ᠶ᠋ᠢ ᠠᠬᠢᠭᠤᠯᠵᠤ᠂ ᠢᠯᠵᠠᠷᠠᠯ᠎ᠢ ᠡᠰᠡᠷᠭᠦᠴᠡᠬᠦ᠌ ᠲᠡᠮᠡᠴᠡᠯ ᠳᠡᠢᠯᠦᠩᠭᠦᠢ ᠴᠢᠨᠠᠷᠲᠠᠢ ᠢᠯᠠᠯᠲᠠ ᠣᠯᠤᠭ᠍ᠰᠠᠨ ᠪᠥᠭᠡᠳ ᠪᠡᠬᠢᠵᠢᠨ ᠬᠥᠭ᠌ᠵᠢᠵᠠᠢ ᠭᠡᠵᠦ ᠰᠠᠨᠠᠯ ᠨᠢᠭᠡᠲᠡᠶ ᠦᠵᠡᠵᠡᠭᠡᠪᠡ᠃
ᠪᠦᠬᠦᠳᠡ ᠬᠤᠷᠠᠯ᠎ᠡᠴᠡ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶ᠋ᠢᠨ ᠵᠤᠤ ᠴᠦᠨ ᠲᠤᠤ᠎ᠶ᠋ᠢᠨ ᠰᠠᠬᠢᠯᠭ᠎ᠠ ᠪᠠᠲᠤ᠎ᠶ᠋ᠢ ᠬᠦᠨᠳᠦ ᠨᠣᠴᠢᠲᠠᠢ ᠵᠥᠷᠢᠴᠡᠭ᠌ᠰᠡᠨ ᠠᠰᠠᠭᠤᠳᠠᠯ᠎ᠤᠨ ᠲᠤᠬᠠᠢ ᠬᠢᠨᠠᠨ ᠪᠠᠢᠴᠠᠭᠠᠭ᠍ᠰᠠᠨ ᠮᠡᠳᠡᠭᠦᠯᠦᠯᠲᠡ᠎ᠶ᠋ᠢ ᠬᠢᠨᠠᠨ ᠵᠥᠪᠯᠡᠵᠦ᠍ ᠪᠠᠲᠤᠯᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ ᠤ᠋ ᠪᠠᠢᠩᠭᠤ᠎ᠶ᠋ᠢᠨ ᠬᠣᠷᠢᠶ᠎ᠠ᠎ᠶ᠋ᠢᠨ ᠡᠭᠦᠨ᠎ᠡᠴᠡ ᠡᠮᠦᠨ᠎ᠡ ᠲᠣᠭ᠍ᠲᠠᠭᠠᠭ᠍ᠰᠠᠨ ᠵᠤᠤ ᠴᠦᠨ ᠲᠤᠤ᠎ᠶ᠋ᠢ ᠨᠠᠮ᠎ᠡᠴᠡ ᠬᠥᠭᠡᠭᠡᠬᠦ᠌ ᠱᠢᠢᠳᠭᠡᠯ᠎ᠢ ᠨᠤᠲᠠᠯᠠᠪᠠ᠃
ᠪᠥᠬᠥᠳᠡ ᠬᠤᠷᠠᠯ᠎ᠡᠴᠡ᠂ ᠪᠥᠬᠥ᠌ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ ᠰᠢ᠎ᠶ᠋ᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠠᠩ ᠨᠢᠭ᠍ᠲᠠᠷᠠᠨ ᠪᠦᠯᠬᠦᠮᠳᠡᠵᠦ᠍᠂ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠠᠭᠤᠤ ᠶᠡᠬᠡ ᠲᠣᠭ᠎ᠢ ᠥᠨᠳᠥᠷ ᠮᠠᠨᠳᠤᠭᠤᠯᠵᠤ᠂ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠵᠤ᠂ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠣᠯᠤᠨ ᠲᠡᠦᠬᠡ᠎ᠶ᠋ᠢᠨ ᠲᠤᠷᠱᠢᠯᠭ᠎ᠠ᠎ᠡᠴᠡ ᠣᠶᠤᠨ ᠤᠬᠠᠭᠠᠨ ᠪᠣᠯᠤᠨ ᠬᠦᠴᠦᠨ ᠴᠢᠳᠠᠯ ᠣᠯᠵᠤ᠂ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠡᠭᠦᠷᠭᠡ ᠬᠠᠷᠢᠭᠤᠴᠠᠯᠭ᠎ᠠ᠎ᠪᠠᠨ ᠵᠣᠷᠢᠭ᠍ᠲᠠᠶ᠎ᠪᠠᠷ ᠡᠭᠦᠷᠭᠡᠯᠡᠵᠦ᠍᠂ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠵᠤ᠂ ᠵᠠᠮ ᠨᠡᠭᠡᠭᠡᠨ ᠤᠷᠤᠭ᠍ᠰᠢᠯᠠᠵᠤ᠂ ᠨᠡᠢᠭᠡᠮ ᠵᠢᠷᠤᠮᠳᠦ ᠣᠳᠣᠬᠢᠴᠢᠯᠠᠭ᠍ᠰᠠᠨ ᠤᠯᠤᠰ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ ᠱᠢᠨ᠎ᠡ ᠠᠶᠠᠨ᠎ᠳᠤ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠰᠦᠭᠡᠶ ᠭᠡᠵᠦ᠍ ᠤᠷᠢᠶᠠᠯᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃