ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠮᠡᠳᠡᠭᠡᠯᠡᠯ

2021-12-01 09:08:09

ᠵᠣᠬᠢᠶᠠᠭ᠍ᠴᠢ᠄ ​ᠪᠠᠢ ᠳ᠋ᠠᠨ ᠣᠩᠱᠢᠭ᠍ᠰᠠᠨ ᠣᠳᠠᠭ᠎ᠠ᠄ 3

11ᠰᠠᠷ᠎ᠠ ᠵᠢᠨ 30 ᠤ᠋ ᠦᠳᠡ ᠵᠢᠨ ᠬᠣᠢᠨ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠬᠤᠭᠤᠴᠠᠭᠠᠨ ᠤ᠋ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠥᠬᠡᠬᠣᠲᠠ᠎ᠳ᠋ᠤ᠌ ᠠᠩᠬᠠᠳᠤᠭᠠᠷ ᠪᠦᠭᠦᠳᠡ ᠬᠤᠷᠠᠯ ᠬᠢᠪᠡ ᠃

ᠥᠪᠡᠷᠲᠡᠭᠡᠨ ᠵᠠᠰᠠᠬᠤ ᠣᠷᠣᠨ ᠤ᠋ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠵᠢᠨ ᠠᠡᠭᠬᠠᠳᠤᠭᠠᠷ ᠪᠦᠬᠦᠳᠠ ᠬᠤᠷᠠᠯ᠎ᠳᠤ ᠤᠷᠤᠯᠴᠠᠬᠤ ᠶᠤᠰᠤᠳᠠᠢ ᠭᠡᠰᠢᠬᠦᠨ 45 ᠬᠥᠮᠦᠨ ᠪᠤᠢ ᠂ ᠡᠨᠡ ᠤᠳᠠᠭ᠎ᠠ᠎ᠵᠢᠨ ᠪᠦᠬᠦᠳᠠ ᠬᠤᠷᠠᠯ᠎ᠳᠤ 45 ᠭᠡᠰᠢᠬᠦᠨ ᠤᠷᠤᠯᠴᠠᠵᠠᠢ᠃

ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠤᠳᠠᠭ᠎ᠠ ᠵᠢᠨ ᠨᠠᠮ ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ ᠤ᠋ᠨ ᠲᠡᠷᠢᠭᠦᠯᠡᠭᠴᠢᠳ᠎ᠦ᠋ᠨ ᠪᠦᠯᠬᠦᠮ᠎ᠦ᠋ᠨ ᠨᠠᠢᠳᠠᠯᠭ᠎ᠠ ᠪᠡᠷ ᠯᠢᠦ ᠱᠤᠸᠠᠩ ᠬᠤᠷᠠᠯ᠎ᠡᠷᠬᠢᠯᠡᠪᠡ᠃

ᠪᠦᠭᠦᠳᠡ ᠬᠤᠷᠠᠯ ᠡᠴᠡ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠵᠢᠨ ᠪᠠᠢᠡᠭᠭᠤ᠎ᠵᠢᠨ ᠬᠤᠷᠢᠶ᠎ᠠ᠎ᠵᠢᠨ ᠭᠡᠰᠢᠬᠦᠳ᠎ᠢ ᠰᠤᠡᠭᠭᠤᠨ ᠭᠠᠷᠭᠠᠵᠤ᠂ ᠯᠢᠦ ᠱᠤᠸᠠᠩ ᠢ᠋ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠵᠢᠨ ᠱᠦᠵᠢ᠎ᠪᠡᠷ ᠰᠣᠩᠭᠣᠵᠤ᠂ ᠴᠧᠨ ᠵᠢᠢ ᠴᠢᠩ᠂ ᠫᠠᠨ ᠶᠦᠩ᠂ ᠶᠦᠨ ᠴᠦᠨ ᠱᠧᠩ᠂ ᠺᠠᠩ ᠱᠢᠦᠸᠠᠢ ᠳ᠋ᠦᠩ ᠢ᠋ ᠳᠡᠳ᠋ ᠱᠦᠵᠢ᠎ᠪᠡᠷ ᠰᠣᠩᠭᠣᠵᠤ᠂ ᠰᠣᠩᠭᠣᠭᠤᠯᠢ ᠨᠢ ᠶᠡᠬᠡ ᠬᠤᠷᠠᠯ᠎ᠤ᠋ᠨ ᠰᠣᠩᠭᠣᠭᠤᠯᠢ ᠵᠢᠨ ᠠᠷᠭ᠎ᠠ ᠶᠤᠰᠤᠭᠠᠷ ᠲᠦᠪ ᠴᠢᠩᠭ᠎ᠠ ᠶᠠᠪᠤᠭᠳᠠᠬᠰᠠᠨ ᠪᠦᠭᠡᠳ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ ᠤ᠋ ᠠᠩᠬᠠᠳᠤᠭᠠᠷ ᠪᠦᠭᠦᠳᠡ ᠬᠤᠷᠠᠯ ᠳ᠋ᠦ ᠳᠡᠪᠰᠢᠭᠦᠯᠦᠨ ᠪᠠᠲᠤᠯᠠᠭᠤᠯᠪᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面