2021-11-28 09:50:07
11 ᠰᠠᠷ᠎ᠠ᠎ᠶ᠋ᠢᠨ 27᠎ᠤ᠋ ᠡᠳᠦᠷ᠂ ᠱ᠌ᠢ᠎ᠲᠡᠶ ᠹᠸᠩ ᠲᠡᠬᠦᠨ᠎ᠤ ᠪᠠᠢᠭ᠎ᠠ ᠤᠯᠠᠭᠠᠨᠴᠠᠪ ᠬᠤᠳᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠪᠠ᠃ ᠲᠡᠷᠡ ᠬᠡᠯᠡᠬᠦ ᠳ᠋ᠡᠬᠡᠨ᠂ ᠨᠡᠢᠭᠡᠮ ᠵᠢᠷᠤᠮᠳᠤ ᠣᠳᠣᠬᠢᠴᠢᠯᠠᠯᠲᠠ᠎ᠶ᠋ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ ᠳᠤ ᠤᠯᠠᠭᠠᠨᠴᠠᠪ ᠬᠤᠳᠠ᠎ᠶ᠋ᠢᠨ ᠬᠢᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠡᠬᠦᠷᠬᠡ ᠬᠠᠷᠢᠭᠤᠴᠠᠯᠭ᠎ᠠ ᠵᠢ ᠵᠣᠷᠢᠭ᠍ᠲᠠᠢ ᠡᠭᠦᠷᠭᠡᠯᠡᠵᠦ᠍᠂ ᠴᠢᠷᠮᠠᠢᠭ᠍ᠰᠠᠨ ᠳᠡᠭᠡᠷ᠎ᠡ᠎ᠪᠡᠨ ᠴᠢᠷᠮᠠᠢᠵᠤ ᠂ ᠳᠠᠷᠤᠯᠲᠠ ᠨᠡᠮᠡᠵᠦ ᠡᠷᠡᠯᠭᠡᠭᠯᠡᠨ ᠤᠷᠤᠭ᠍ᠰᠢᠯᠠᠵᠤ ᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ ᠂ ᠪᠣᠬᠢᠷᠲᠤᠯ ᠦᠭᠡᠢ ᠬᠥᠭ᠌ᠵᠢᠬᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠯᠠᠪᠳᠠᠭᠤᠨ ᠪᠠᠲᠤᠲᠠᠢ ᠰᠠᠢᠲᠤᠷ ᠵᠠᠮᠨᠠᠵᠤ᠂ ᠠᠵᠤ ᠠᠬᠤᠢ ᠨᠡᠢᠭᠡᠮ ᠪᠣᠯᠤᠨ ᠨᠠᠮ᠎ᠤᠨ ᠪᠠᠢᠭᠤᠯᠤᠯᠲᠠ᠎ᠶ᠋ᠢᠨ ᠡᠯ᠎ᠡ ᠵᠦᠢᠯ᠎ᠦᠨ ᠦᠢᠯᠡᠰ᠎ᠦᠨ ᠬᠥᠭ᠌ᠵᠢᠯᠲᠡ᠎ᠳᠦ ᠲᠠᠰᠤᠷᠠᠯᠳᠠ ᠦᠭᠡᠢ ᠱᠢᠨ᠎ᠡ ᠱᠢᠪᠲᠤᠯᠤᠯᠲᠠ ᠭᠠᠷᠭᠠᠵᠦ ᠱᠢᠨ᠎ᠡ ᠦᠷ᠎ᠡ ᠪᠦᠲᠦᠮᠵᠢ ᠤᠯᠬᠤ᠎ᠶ᠋ᠢ ᠬᠦᠴᠦᠯᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠡᠴᠡ ᠳᠤᠷᠠᠳᠤᠭ᠍ᠰᠠᠨ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌᠎ᠳᠦ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃

11 ᠰᠠᠷ᠎ᠠ᠎ᠶ᠋ᠢᠨ 27᠎ᠤ᠋ ᠦᠳᠡ᠎ᠶ᠋ᠢᠨ ᠬᠣᠢᠨ᠎ᠠ᠂ ᠱ᠌ᠢ᠎ᠲᠡᠶ ᠹᠸᠩ ᠤᠯᠠᠭᠠᠨᠴᠠᠪ ᠬᠣᠲᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠲᠥᠯᠥᠭᠡᠯᠡᠭ᠌ᠴᠢᠳ᠎ᠲᠡᠶ ᠬᠠᠮᠲᠤ᠎ᠪᠠᠷ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ᠎ᠢ ᠬᠢᠨᠠᠨ ᠵᠥᠪᠯᠡᠪᠡ᠃
ᠲᠤᠰ ᠰᠤᠨᠢᠨ᠎ᠤ ᠰᠤᠷᠪᠤᠯᠵᠢᠯᠠᠬᠴᠢ ᠶᠤᠸᠠᠨ ᠶᠦᠩ ᠬᠣᠩ ᠰᠡᠭᠦᠳᠡᠷᠯᠡᠪᠡ
ᠤᠯᠠᠭᠠᠨᠴᠠᠪ ᠬᠣᠲᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠶᠠᠷᠢᠯᠴᠠᠭ᠎ᠠ ᠮᠠᠰᠢ ᠬᠦᠭᠵᠢᠶᠡᠨ ᠳᠡᠢ ᠶᠠᠪᠤᠭᠳᠠᠪᠠ᠃ ᠰᠦᠢ ᠸᠧᠢ ᠵᠢᠶᠦ᠋ᠨ᠂ ᠸᠧᠢ ᠳ᠋ᠠᠢ ᠴᠢᠩ᠂ ᠱᠢᠤᠸᠠᠢ ᡁᠢ ᠯᠦᠩ᠂ ᠠᠨ ᠵᠠᠨ ᠹᠸᠩ᠂ ᠯᠢᠦ ᠼᠠᠢ ᠬᠣᠩ᠂ ᠵᠠᠩ ᠱᠢᠶᠠᠩ ᠳ᠋ᠦᠩ᠂ ᠯᠢᠦ᠍᠎ᠶ᠋ᠢᠨ ᠯᠠᠨ᠂ ᠸᠠᠩ ᠬᠤᠢ ᠮᠧᠢ᠂ ᠵᠠᠩ ᠸᠸᠨ ᠬᠤᠢ᠂ ᠵᠶ᠋ᠢ ᠬᠣᠩ᠂ ᠴᠢ᠊·ᠲᠠᠯᠠᠨᠳᠠᠢ᠂ ᠴᠢ ᠹᠸᠢ ᠶᠦᠨ ᠵᠡᠷᠭᠡ ᠲᠥᠯᠥᠭᠡᠯᠡᠭ᠌ᠴᠢ ᠤᠷᠢᠳ ᠬᠣᠵᠢᠳ ᠦᠭᠡ ᠬᠡᠯᠡᠵᠦ᠍᠂ ᠥᠪᠡᠷ ᠥᠪᠡᠷ᠎ᠦᠨ ᠠᠵᠢᠯ᠎ᠤᠨ ᠪᠤᠳᠠᠳᠠᠢᠲᠠᠶᠪᠠᠨ ᠤᠶᠠᠯᠳᠤᠭᠤᠯᠤᠨ ᠲᠠᠨᠢᠯᠳᠠ ᠲᠦᠷᠦᠭᠳᠡᠯ᠎ᠢᠶᠡᠨ ᠶᠠᠷᠢᠵᠤ᠂ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ᠎ᠢ ᠭᠦᠢᠴᠡᠳ ᠨᠤᠳᠠᠯᠠᠬᠰᠠᠨ ᠪᠦᠬᠡᠳ ᠪᠣᠳᠠᠲᠠᠢ ᠰᠠᠨᠠᠯ ᠰᠠᠨᠠᠭᠤᠯᠭ᠎ᠠ ᠲᠤᠷᠠᠳᠴᠠᠢ᠃
ᠱ᠌ᠢ᠎ᠲᠡᠶ ᠹᠸᠩ ᠤᠯᠠᠨ᠎ᠤ ᠶᠠᠷᠢᠬᠤ᠎ᠶᠢ ᠬᠢᠨᠠᠮᠠᠭᠠᠢ ᠰᠣᠨᠣᠰᠴᠤ᠌᠂ ᠬᠣᠯᠪᠣᠭ᠍ᠳᠠᠯ ᠪᠦᠬᠦᠢ ᠠᠰᠠᠭᠤᠳᠠᠯ᠎ᠤᠨ ᠲᠤᠬᠠᠢ ᠲᠥᠯᠥᠭᠡᠯᠡᠭ᠌ᠴᠢᠳ᠎ᠲᠡᠶ ᠰᠠᠨᠠᠯ ᠪᠤᠳᠤᠯ᠎ᠢᠶᠠᠨ ᠭᠦᠨᠵᠡᠭᠡᠢ ᠰᠣᠯᠢᠯᠴᠠᠵᠡᠢ᠃ ᠲᠡᠷᠡ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ ᠪᠤᠯ ᠤᠯᠠᠨ᠎ᠤ ᠤᠶᠤᠨ᠎ᠢ ᠬᠤᠷᠠᠮᠳᠤᠭᠤᠯᠤᠬᠰᠠᠨ ᠦᠷ᠎ᠠ ᠪᠦᠲᠦᠬᠡᠯ ᠪᠠᠢᠵᠦ᠂ ᠬᠠᠮᠳᠤ ᠵᠢᠨ ᠤᠶᠤᠨ ᠤᠬᠠᠭᠠᠨ᠎ᠤ ᠬᠤᠷᠠᠮᠳᠤᠯ ᠪᠤᠯᠤᠨ᠎ᠠ᠃ ᠢᠯᠡᠳᠭᠡᠯ᠎ᠳᠤ ᠥᠩᠭᠡᠷᠡᠭ᠌ᠰᠡᠨ ᠲᠠᠪᠤᠨ ᠵᠢᠯ᠎ᠦᠨ ᠠᠵᠢᠯ᠎ᠢᠶᠠᠨ ᠳ᠋ᠦᠩᠨᠡᠨ ᠡᠷᠭᠢᠴᠡᠭᠦᠯᠵᠦ᠂ ᠡᠳᠡᠭᠡᠷ ᠠᠮᠵᠢᠯᠲᠠ᠎ᠶ᠋ᠢ ᠪᠦᠬᠦ᠌ ᠣᠷᠣᠨ ᠳᠠᠶᠠᠭᠠᠷ ᠴᠢᠷᠮᠠᠢᠨ ᠲᠡᠮᠡᠴᠡᠵᠦ᠍ ᠰᠢᠷᠭᠠᠭᠤ ᠠᠵᠢᠯᠯᠠᠵᠤ ᠪᠠᠢᠭᠠᠳ ᠤᠯᠤᠭᠰᠠᠨ ᠶᠤᠮ᠂ ᠡᠨᠡ ᠨᠢ ᠥᠪᠥᠷ ᠮᠣᠩᠭᠣᠯ᠎ᠤᠨ ᠬᠣᠢᠱᠢᠳᠠ᠎ᠵᠢᠨ ᠬᠥᠭ᠌ᠵᠢᠯᠲᠡ᠎ᠳᠦ ᠪᠠᠲᠤ ᠪᠡᠬᠢ ᠰᠠᠭᠤᠷᠢ ᠲᠠᠯᠪᠢᠵᠤ ᠥᠭ᠌ᠴᠡᠢ᠃ ᠢᠯᠡᠳᠭᠡᠯ ᠨᠢ 《ᠬᠣᠣᠰ ᠵᠠᠭᠤᠨ ᠵᠢᠯ》 ᠤ᠋ᠨ ᠲᠡᠮᠡᠴᠡᠬᠦ᠌ ᠬᠠᠷᠠᠯᠲᠠ᠎ᠵᠢᠨ ᠲᠡᠦᠬᠡᠨ ᠠᠭᠤᠯᠵᠠᠷ ᠴᠡᠭ᠎ᠲᠤ ᠰᠠᠭᠤᠷᠢᠯᠠᠵᠤ᠂ ᠱᠢᠨ᠎ᠡ ᠠᠶᠠᠨ᠎ᠤ ᠵᠤᠭᠰᠤᠴᠠ ᠡᠴᠡ ᠰᠢᠨ᠎ᠠ ᠬᠠᠭᠤᠳᠠᠰᠤ ᠵᠢ ᠲᠦᠯᠦᠪᠵᠢᠭᠦᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠵᠢᠨ ᠵᠣᠷᠢᠭ ᠰᠠᠨᠠᠭ᠎ᠠ᠎ᠶ᠋ᠢ ᠭᠦᠨᠵᠡᠭᠡᠢ ᠨᠠᠢᠳᠠᠪᠤᠷᠢᠵᠢᠭᠤᠯᠬᠤ ᠡᠨᠡ ᠬᠦ᠌ ᠭᠣᠣᠯ ᠱᠢᠵᠢᠮ᠎ᠲᠡᠶ ᠨᠢᠭ᠍ᠲᠠ ᠤᠶᠠᠯᠳᠤᠭᠤᠯᠤᠨ ᠬᠠᠷᠢᠭᠤᠴᠠᠯᠭ᠎ᠠ ᠡᠭᠦᠷᠭᠡ᠎ᠪᠡᠨ ᠲᠣᠳᠣᠷᠬᠠᠢᠯᠠᠠ᠂ ᠬᠠᠷᠠᠯᠲᠠ ᠱᠠᠭᠠᠷᠳᠠᠯᠭ᠎ᠠ ᠳᠤᠷᠠᠳᠴᠤ᠂ ᠭᠤᠤᠯᠳᠠᠯᠭ᠎ᠠ᠎ᠲᠠᠶ ᠡᠭᠦᠷᠭᠡ᠎ᠶ᠋ᠢ ᠪᠠᠢᠷᠢᠯᠠᠭᠤᠯᠤᠭᠰᠠᠨ ᠨᠢ ᠪᠦᠬᠦ᠌ ᠣᠷᠣᠨ ᠳᠠᠶᠠᠭᠠᠷ᠎ᠤᠨ ᠶᠡᠷᠦᠩᠬᠡᠶ ᠱᠦᠵᠢ ᠰᠢ᠎ᠵᠢᠨ ᠫᠢᠩ ᠪᠣᠯᠤᠨ ᠨᠠᠮ᠎ᠤᠨ ᠲᠥᠪ ᠬᠣᠷᠢᠶᠠᠨ᠎ᠤ ᠵᠢᠭᠠᠵᠦ ᠦᠭᠭᠦᠭᠰᠠᠨ ᠴᠢᠭ᠌ᠯᠡᠯ᠎ᠢᠶᠡᠷ ᠡᠷᠡᠰ ᠭᠤᠢᠪᠢᠰᠢ ᠦᠭᠡᠢ ᠤᠷᠤᠭ᠍ᠰᠢᠯᠠᠬᠤ᠎ᠶ᠋ᠢ ᠬᠥᠲᠥᠯᠥᠨ ᠵᠢᠯᠣᠭᠣᠳᠴᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ ᠱᠢᠨ᠎ᠡ ᠠᠶᠠᠨ ᠳ᠋ᠤ ᠥᠪᠥᠷ ᠮᠣᠩᠭᠣᠯ᠎ᠤᠨ ᠴᠢᠬᠤᠯᠠ ᠶᠡᠬᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ᠎ᠶ᠋ᠢ ᠡᠷᠡᠰ ᠡᠭᠦᠷᠭᠡᠯᠡᠵᠤ᠂ ᠶᠡᠷᠦᠩᠬᠡᠢ ᠱᠦᠵᠢ ᠰᠢ᠎ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ ᠡᠴᠡ ᠥᠪᠥᠷ ᠮᠣᠩᠭᠣᠯ᠎ᠳᠤ ᠲᠣᠭ᠍ᠲᠠᠭᠠᠵᠤ ᠥᠭ᠌ᠭᠦᠭ᠌ᠰᠡᠨ ᠪᠠᠢᠯᠳᠤᠬᠤ ᠪᠤᠳᠤᠯᠭ᠎ᠠ᠎ᠵᠢᠨ ᠪᠠᠢᠷᠢ ᠲᠣᠭ᠍ᠲᠠᠭᠠᠯᠲᠠ ᠪᠣᠯᠤᠨ ᠠᠵᠢᠯᠯᠠᠭᠠᠨ᠎ᠤ ᠬᠥᠲᠥᠯᠪᠦᠷᠢ᠎ᠶ᠋ᠢ ᠢᠮᠠᠭ᠍ᠲᠠ ᠦᠷᠭᠦᠯᠵᠢᠯᠡᠨ ᠬᠦᠴᠦᠯᠡᠨ ᠰᠠᠢᠲᠤᠷ ᠲᠤᠭᠤᠱᠢᠯᠠᠭᠤᠯᠤᠨ ᠨᠠᠢᠳᠠᠪᠤᠷᠢᠵᠢᠭᠤᠯᠬᠤ ᠵᠢᠨ ᠲᠦᠯᠤᠭᠡ ᠶᠤᠮ᠃ ᠤᠯᠠᠨ᠎ᠢᠶᠠᠷ᠎ᠢᠶᠠᠨ ᠢᠯᠡᠳᠭᠡᠯ᠎ᠢ ᠬᠢᠨᠠᠮᠠᠭᠠᠢ ᠰᠠᠢᠲᠤᠷ ᠬᠢᠨᠠᠨ ᠵᠦᠪᠯᠡᠵᠦ᠂ ᠢᠯᠡᠳᠭᠡᠯ᠎ᠢ ᠬᠢᠨᠠᠨ ᠵᠦᠪᠯᠡᠬᠦ ᠶᠠᠪᠤᠴᠠ᠎ᠶ᠋ᠢ ᠦᠵᠡᠯ ᠰᠠᠨᠠᠭ᠎ᠠ᠎ᠪᠠᠨ ᠨᠢᠭᠡᠳᠭᠡᠬᠦ᠌᠂ ᠬᠠᠮᠲᠤ᠎ᠵᠢᠨ ᠲᠠᠨᠢᠯᠲᠠ᠎ᠪᠠᠨ ᠨᠢᠭ᠍ᠲᠠᠷᠠᠭᠤᠯᠬᠤ᠂ ᠲᠡᠮᠡᠴᠡᠯ ᠦᠨ ᠵᠣᠷᠢᠭ᠎ᠢᠶᠠᠨ ᠬᠥᠭ᠌ᠵᠢᠭᠡᠬᠦ᠌ ᠶᠠᠪᠤᠴᠠ ᠪᠣᠯᠭᠠᠬᠤ᠎ᠶ᠋ᠢ ᠬᠦᠰᠡᠵᠦ᠍ ᠪᠠᠢᠨ᠎ᠠ ᠭᠡᠵᠤ ᠬᠡᠯᠡᠪᠡ᠃
ᠱ᠌ᠢ᠎ᠲᠡᠶ ᠹᠸᠩ᠂ ᠢᠷᠡᠭᠡᠳᠦᠶ᠎ᠵᠢᠨ ᠲᠠᠪᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠵᠦ᠍᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠵᠢᠨ ᠱᠢᠨ᠎ᠡ ᠵᠠᠮ᠎ᠢᠶᠠᠷ ᠰᠠᠢᠲᠤᠷ ᠵᠠᠮᠨᠠᠬᠤ᠎ᠳᠤ ᠡᠭᠦᠷᠭᠡ ᠪᠡᠷᠭᠡ ᠬᠠᠳᠠᠭᠤᠵᠢᠯᠳᠠᠢ᠂ ᠬᠠᠷᠢᠭᠤᠴᠠᠯᠭ᠎ᠠ ᠬᠦᠨᠳᠦ ᠶᠡᠬᠡ ᠪᠠᠢᠨ᠎ᠠ᠂ ᠤᠯᠠᠭᠠᠨᠴᠠᠪ ᠬᠣᠲᠠ ᠵᠢᠨ ᠬᠢᠨ ᠱᠢᠨ᠎ᠡ ᠭᠠᠷᠤᠭ᠎ᠠ ᠳᠡᠭᠡᠷ᠎ᠡ ᠦᠷᠭᠦᠯᠵᠢᠯᠡᠨ ᠲᠡᠮᠡᠴᠡᠵᠦ᠍᠂ ᠡᠯ᠎ᠡ ᠵᠦᠶ᠋ᠯ᠎ᠦᠨ ᠠᠵᠢᠯ ᠦᠶ᠋ᠯᠡᠰ᠎ᠦᠨ ᠬᠥᠭ᠌ᠵᠢᠯᠲᠡ ᠱᠢᠨ᠎ᠡ ᠦᠷ᠎ᠡ ᠪᠦᠲᠦᠮᠵᠢ ᠤᠯᠬᠤ᠎ᠶ᠋ᠢ ᠴᠢᠷᠮᠠᠢᠨ ᠠᠬᠢᠭᠤᠯᠬᠤ ᠬᠡᠷᠡᠭ᠌ᠲᠡᠶ᠃ ᠬᠠᠮᠲᠤ᠎ᠪᠠᠷ ᠪᠠᠶᠠᠵᠢᠬᠤ ᠶ᠋ᠢ ᠠᠬᠢᠭᠤᠯᠬᠤ ᠲᠠᠯ᠎ᠠ᠎ᠪᠠᠷ ᠱᠢᠨ᠎ᠡ ᠱᠢᠪᠲᠤᠯᠤᠯᠲᠠᠭᠠᠷᠭᠠᠵᠦ᠍᠂ ᠶᠠᠳᠠᠭᠤ ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢ ᠦᠨᠡᠨ ᠬᠦ᠌ ᠰᠠᠢᠲᠤᠷ ᠪᠡᠬᠢᠵᠢᠭᠦᠯᠵᠦ᠍᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ ᠤᠨᠴᠠᠯᠢᠬ᠍ᠳᠤ ᠲᠠᠷᠢᠶᠠᠯᠠᠩ ᠮᠠᠯ ᠠᠵᠤ ᠠᠬᠤᠢ ᠵᠡᠷᠭᠡ ᠠᠵᠤ ᠦᠢᠯᠡᠰ᠎ᠦᠨ ᠬᠥᠭ᠌ᠵᠢᠯᠲᠡ᠎ᠶ᠋ᠢ ᠰᠠᠢᠲᠤᠷ ᠠᠳᠭᠤᠬᠤ᠎ᠪᠠᠷ ᠳᠠᠮᠵᠢᠨ ᠮᠠᠯᠴᠢᠨ ᠲᠠᠷᠢᠶᠠᠴᠢᠨ᠎ᠤ ᠣᠷᠣᠯᠭ᠎ᠠ ᠵᠢ ᠨᠡᠮᠡᠭ᠌ᠳᠡᠭᠦᠯᠦᠨ ᠪᠠᠶᠠᠵᠢᠬᠤ᠎ᠶ᠋ᠢ ᠳᠠᠢ᠌ᠴᠢᠯᠠᠵᠤ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠲᠠᠶ ᠬᠣᠯᠪᠣᠭ᠍ᠳᠠᠬᠰᠠᠨ ᠴᠢᠬᠤᠯᠠ ᠶᠡᠬᠡ ᠠᠵᠢᠯ᠎ᠢ ᠰᠠᠢᠲᠤᠷ ᠠᠳᠭᠤᠬᠤ᠎ᠶ᠋ᠢ ᠨᠡᠩ ᠴᠢᠬᠤᠯᠠᠴᠢᠯᠠᠵᠤ᠂ ᠠᠷᠠᠳ᠎ᠤᠨ ᠠᠮᠢᠳᠤᠷᠠᠯ᠎ᠳᠤ ᠠᠰᠢᠬᠳᠠᠢ ᠠᠵᠢᠯ᠎ᠢ ᠢᠯᠡᠭᠦᠬᠡᠨ ᠪᠣᠳᠣᠯᠬᠢᠯᠠᠵᠤ᠂ ᠠᠷᠠᠳ᠎ᠤᠨ ᠠᠮᠢᠳᠤᠷᠠᠯ᠎ᠤᠨ ᠬᠦᠴᠢᠷᠳᠡᠯ᠎ᠢ ᠢᠯᠡᠭᠦᠬᠡᠨ ᠱᠢᠢᠳᠪᠦᠷᠢᠯᠡᠬᠦ᠌ ᠬᠡᠷᠡᠭ᠌ᠲᠡᠢ᠃ ᠪᠣᠬᠢᠷᠲᠤᠯ ᠦᠭᠡᠢ ᠬᠥᠭ᠌ᠵᠢᠯᠲᠡ᠎ᠶ᠋ᠢ ᠠᠬᠢᠭᠤᠯᠬᠤ ᠲᠠᠯ᠎ᠠ᠎ᠪᠠᠷ ᠱᠢᠨ᠎ᠡ ᠱᠢᠪᠲᠤᠯᠤᠯᠲᠠ ᠭᠠᠷᠭᠠᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠴᠢᠩᠭᠠᠳᠭᠠᠬᠤ᠎ᠶ᠋ᠢ ᠲᠡᠷᠢᠭᠦᠨ ᠳᠦ ᠲᠠᠯᠪᠢᠵᠤ᠂ ᠣᠨᠣᠴᠠᠲᠠᠢ᠎ᠪᠠᠷ ᠠᠷᠭ᠎ᠠ ᠪᠤᠳᠤᠯᠭ᠎ᠠ ᠬᠡᠷᠡᠭ᠌ᠵᠢᠭᠦᠯᠵᠦ᠍᠂ ᠲᠠᠭ᠎ᠠ᠎ᠶ᠋ᠢᠨ ᠨᠠᠭᠤᠷ᠂ ᠴᠠᠭᠠᠨᠨᠠᠭᠤᠷ ᠵᠡᠷᠭᠡ ᠠᠮᠢ ᠠᠬᠤᠢ᠎ᠶ᠋ᠢᠨ ᠵᠠᠰᠠᠯᠲᠠ᠎ᠶ᠋ᠢ ᠦᠷᠭᠦᠯᠵᠢᠯᠡᠨ ᠬᠦᠴᠦᠯᠡᠨ ᠠᠬᠢᠭᠤᠯᠵᠤ᠂ ᠠᠵᠠ ᠲᠣᠬᠢᠶᠠᠯ᠎ᠢ ᠠᠮᠵᠢᠨ ᠠᠵᠤ ᠦᠢᠯᠡᠰ᠎ᠦᠨ ᠬᠡᠯᠪᠡᠷᠢ᠎ᠶ᠋ᠢ ᠬᠤᠪᠢᠷᠠᠭᠤᠯᠤᠨ ᠲᠡᠰ ᠳᠡᠪᠱᠢᠭᠦᠯᠬᠦ᠌ ᠶ᠋ᠢ ᠠᠬᠢᠭᠤᠯᠵᠤ᠂ ᠵᠣᠷᠢᠭ ᠱᠢᠭᠤᠳᠤᠨ ᠬᠣᠴᠣᠷᠤᠩᠭᠤᠢ᠂ ᠦᠯᠡᠭᠦᠳᠡᠭ᠌ᠰᠡᠨ ᠦᠢᠯᠡᠳᠪᠦᠷᠢᠯᠡᠯ᠎ᠦᠨ ᠴᠢᠳᠠᠪᠤᠷᠢ᠎ᠶ᠋ᠢ ᠱᠢᠭ᠌ᠰᠢᠭ᠌ᠳᠡᠭᠦᠯᠵᠦ᠍᠂ ᠱᠢᠨ᠎ᠡ ᠡᠨᠧᠷᠭᠢ᠂ ᠲᠤᠮᠤ ᠳ᠋ᠠᠢᠲ᠋ᠠ ᠵᠡᠷᠭᠡ ᠠᠵᠤ ᠦᠢᠯᠡᠰ᠎ᠦᠨ ᠪᠦᠬᠦ᠌ ᠠᠵᠤ ᠦᠢᠯᠡᠰ᠎ᠦᠨ ᠬᠡᠯᠬᠢᠶ᠎ᠡ᠎ᠶ᠋ᠢᠨ ᠬᠥᠭ᠌ᠵᠢᠯᠲᠡ᠎ᠶ᠋ᠢ ᠬᠦᠴᠦᠯᠡᠨ ᠠᠬᠢᠭᠤᠯᠵᠤ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠲᠦ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲᠸᠮ᠎ᠢ ᠲᠦᠷᠭᠡᠳᠭᠡᠨ ᠪᠠᠢᠭᠤᠯᠬᠤ ᠬᠡᠷᠡᠭ᠌ᠲᠡᠢ᠃ ᠨᠡᠭᠡᠭᠡᠯᠲᠡᠲᠦ ᠬᠥᠭ᠌ᠵᠢᠯᠲᠡ᠎ᠶ᠋ᠢ ᠠᠬᠢᠭᠤᠯᠬᠤ ᠲᠠᠯ᠎ᠠ᠎ᠪᠠᠷ ᠱᠢᠨ᠎ᠡ ᠱᠢᠪᠲᠤᠯᠤᠯᠲᠠ ᠭᠠᠷᠭᠠᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ ᠲᠡᠦᠬᠡᠨ ᠠᠵᠠ ᠲᠣᠬᠢᠶᠠᠯ᠎ᠢ ᠴᠢᠩᠭ᠎ᠠ ᠠᠳᠭᠤᠵᠤ᠂ ᠣᠷᠣᠨ ᠪᠠᠢᠷᠢ᠎ᠶ᠋ᠢᠨ ᠳᠠᠪᠠᠭᠤᠯᠢᠭ᠎ᠢᠶᠠᠨ ᠭᠦᠢᠴᠡᠳ ᠪᠠᠳᠠᠷᠠᠭᠤᠯᠵᠤ᠂ ᠬᠥᠬᠡᠬᠣᠲᠠ ᠪᠤᠭᠤᠲᠤ ᠤᠷᠳᠤᠰ ᠤᠯᠠᠭᠠᠨᠴᠠᠪ᠎ᠤᠨ ᠨᠢᠭᠡ ᠴᠤᠬ᠍ᠴᠠᠵᠢᠬ᠍ᠰᠠᠨ ᠬᠥᠭ᠌ᠵᠢᠯᠲᠡ᠎ᠳᠦ ᠭᠦᠨᠵᠡᠭᠡᠢ ᠠᠭᠤᠰᠤᠯᠴᠠᠵᠤ᠂ ᠡᠷᠢᠶᠡᠨ ᠬᠤᠳᠠ ᠬᠢᠯᠢ ᠵᠢᠨ ᠪᠣᠭᠣᠮᠲᠠᠯᠤᠭᠠ ᠬᠣᠯᠪᠣᠭᠠᠯᠠᠨ ᠬᠥᠭ᠌ᠵᠢᠬᠦ᠌᠎ᠪᠠᠨ ᠴᠢᠩᠭᠠᠳᠭᠠᠵᠤ᠂ ᠪᠡᠭᠡᠵᠢᠩ ᠲᠢᠶᠠᠨᠵᠢᠨ ᠾᠸᠪᠸᠢ ᠵᠢᠨ ᠭᠠᠵᠠᠷ ᠣᠷᠣᠨ᠎ᠤ ᠲᠡᠷᠢᠭᠦᠨ᠎ᠦ ᠠᠵᠤ ᠦᠢᠯᠡᠰ᠎ᠦᠨ ᠱᠢᠯᠵᠢᠯᠲᠡ᠎ᠵᠢ ᠢᠳᠡᠪᠬᠢᠲᠡᠢ ᠲᠤᠰᠴᠤ ᠵᠣᠯᠭᠠᠯᠴᠠᠵᠤ᠂ ᠲᠣᠭ᠍ᠲᠠᠪᠤᠷᠢᠳᠠᠢ ᠡᠷᠬᠡ ᠲᠡᠭ᠌ᠰᠢ ᠢᠯᠡ ᠲᠣᠳᠣ᠂ ᠬᠠᠤᠯᠢᠵᠢᠭ᠍ᠰᠠᠨ᠂ ᠵᠢᠱ᠌ᠢᠵᠦ᠍ ᠪᠣᠯᠬᠤᠢᠴᠠ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠪᠤᠢ ᠪᠣᠯᠭᠠᠵᠤ᠂ ᠤᠯᠤᠰ᠎ᠤᠨ ᠳᠣᠲᠣᠭᠠᠳᠤ ᠪᠠ ᠤᠯᠠᠨ ᠤᠯᠤᠰ᠎ᠤᠨ ᠬᠣᠶᠠᠷ ᠵᠠᠬ᠎ᠠ ᠳᠡᠯᠭᠡᠭᠦᠷ᠎ᠢ ᠨᠡᠩ ᠰᠠᠢᠲᠤᠷ ᠬᠣᠯᠪᠣᠵᠤ᠂ ᠡᠯ᠎ᠡ ᠲᠦᠷᠦᠯ᠎ᠦᠨ ᠡᠬᠢ ᠪᠠᠶᠠᠯᠢᠭ᠎ᠤᠨ ᠡᠯᠧᠮᠧᠨ᠋ᠲ᠎ᠦᠨ ᠤᠯᠠᠭᠠᠨᠴᠠᠪ᠎ᠲᠤ ᠲᠦᠷᠭᠡᠨ ᠲᠥᠪᠯᠡᠷᠡᠵᠦ᠍ ᠲᠠᠷᠬᠠᠬᠤ᠎ᠶ᠋ᠢ ᠠᠬᠢᠭᠤᠯᠬᠤ ᠬᠡᠷᠡᠭ᠌ᠲᠡᠢ᠃ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠲᠠᠯ᠎ᠠ᠎ᠪᠠᠷ ᠱᠢᠨ᠎ᠡ ᠱᠢᠪᠲᠤᠯᠤᠯᠲᠠ ᠭᠠᠷᠭᠠᠬᠤ᠎ᠶ᠋ᠢ ᠠᠬᠢᠭᠤᠯᠵᠤ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ ᠪᠣᠯᠤᠨ ᠢᠯᠵᠠᠷᠡᠯ᠎ᠢ ᠡᠰᠡᠷᠭᠦᠴᠡᠬᠦ᠌ ᠲᠡᠮᠡᠴᠡᠯ᠎ᠦᠨ ᠭᠣᠣᠯ ᠴᠣᠭ᠍ᠴᠠ᠎ᠶ᠋ᠢᠨ ᠬᠠᠷᠢᠭᠤᠴᠠᠯᠭ᠎ᠠ ᠪᠣᠯᠤᠨ ᠬᠢᠨᠠᠯᠲᠠ ᠲᠠᠯᠪᠢᠬᠤ ᠬᠠᠷᠢᠭᠤᠴᠠᠯᠭ᠎ᠠ᠎ᠶ᠋ᠢ ᠱᠠᠳᠤ ᠱᠠᠳᠤ᠎ᠪᠠᠷ ᠴᠢᠩᠭ᠎ᠠ ᠪᠣᠳᠠᠲᠠᠢ ᠨᠠᠢᠳᠠᠪᠤᠷᠢᠵᠢᠭᠤᠯᠵᠤ᠂ ᠤᠯᠤᠰ ᠲᠦᠷᠦ᠍᠎ᠶ᠋ᠢᠨ ᠬᠢᠨᠠᠯᠲᠠ ᠲᠠᠯᠪᠢᠯᠳᠠ᠎ᠶ᠋ᠢ ᠴᠢᠩᠭᠠᠳᠭᠠᠵᠤ᠂ ᠬᠡᠷᠡᠭ᠎ᠢᠶᠡᠷ ᠴᠡᠭ᠌ᠴᠡᠯᠡᠨ ᠰᠠᠢᠵᠢᠷᠠᠭᠤᠯᠬᠤ᠎ᠶ᠋ᠢ ᠠᠬᠢᠭᠤᠯᠵᠤ᠂ ᠵᠠᠩᠭᠢᠯᠠᠭ᠎ᠠ᠎ᠶ᠋ᠢᠨ ᠠᠰᠠᠭᠤᠳᠠᠯ᠂ ᠵᠠᠩᠭᠢᠯᠠᠭ᠎ᠠ᠎ᠶ᠋ᠢᠨ ᠬᠦᠷᠢᠶ᠎ᠡ᠂ ᠵᠠᠩᠭᠢᠯᠠᠭ᠎ᠠ᠎ᠶ᠋ᠢᠨ ᠭᠣᠭ᠍ᠴᠣᠭ᠎ᠠ᠎ᠶ᠋ᠢ ᠴᠢᠩᠭ᠎ᠠ ᠠᠩᠬᠠᠷᠴᠤ᠌ ᠢᠯᠵᠡᠷᠡᠯ᠎ᠢ ᠡᠷᠡᠰ ᠬᠦᠴᠦᠲᠡᠢ ᠵᠠᠯᠬᠠᠭᠠᠨ ᠱᠢᠢᠳᠭᠡᠵᠦ᠍᠂ ᠦᠨᠳᠦᠰᠦᠨ ᠱᠠᠲᠤᠨ᠎ᠤ 《ᠪᠢᠴᠢᠯ ᠢᠯᠵᠠᠷᠠᠯ》 ᠢ᠋ ᠲᠤᠰᠭᠠᠢ ᠴᠡᠭ᠌ᠴᠡᠯᠡᠨ ᠵᠠᠰᠠᠬᠤ ᠠᠵᠢᠯ ᠢ᠋ ᠭᠦᠨᠵᠡᠭᠡᠢ ᠥᠷᠨᠢᠭᠦᠯᠵᠦ᠍᠂ ᠰᠤᠷᠲᠠᠯ᠎ᠤᠨ ᠪᠠᠢᠭᠤᠯᠤᠯᠲᠠ᠎ᠶ᠋ᠢ ᠴᠥᠬᠥᠷᠡᠰᠢ ᠦᠭᠡᠢ ᠴᠢᠩᠭᠠᠳᠭᠠᠵᠤ᠂ ᠤᠯᠤᠰ ᠲᠦᠷᠦ᠍᠎ᠶ᠋ᠢᠨ ᠠᠮᠢ ᠠᠬᠤᠢ᠎ᠶ᠋ᠢ ᠬᠦᠴᠦᠯᠡᠨ ᠴᠡᠪᠡᠷᠱᠢᠭᠦᠯᠬᠦ᠌ ᠪᠠ ᠰᠡᠷᠭᠦᠭᠡᠬᠦ᠌ ᠬᠡᠷᠡᠭ᠌ᠲᠡᠢ ᠭᠡᠵᠤ ᠵᠢᠭᠠᠵᠤ ᠭᠠᠷᠭᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃