2021-11-28 21:55:04
ᠥᠪᠥᠷ ᠮᠣᠩᠭᠣᠯ᠎ᠤᠨ ᠠᠵᠢᠯ᠎ᠢ ᠰᠠᠢᠨ ᠬᠢᠵᠦ᠍᠂ ᠥᠪᠥᠷ ᠮᠣᠩᠭᠣᠯ᠎ᠤᠨ ᠤᠴᠢᠷ ᠶᠠᠪᠤᠳᠠᠯ᠎ᠢ ᠰᠠᠢᠲᠤᠷ ᠪᠡᠶᠡᠯᠡᠭᠦᠯᠬᠦ᠎ᠶ᠋ᠢᠨ ᠬᠠᠮᠤᠭ᠎ᠤᠨ ᠦᠨᠳᠦᠰᠦᠨ ᠨᠢᠭᠡ ᠵᠦᠢᠯ ᠪᠣᠯ ᠳᠠᠷᠤᠢ ᠢᠮᠠᠭ᠍ᠲᠠ ᠤᠬᠠᠮᠰᠠᠷ᠎ᠠᠴᠠ᠎ᠪᠠᠨ ᠨᠠᠮ᠎ᠤᠨ ᠲᠥᠪ ᠬᠣᠷᠢᠢ᠎ᠠ᠎ᠲᠠᠶ ᠨᠢᠭᠡᠳᠦᠯᠲᠡᠢ ᠪᠠᠢᠵᠤ᠂ ᠢᠮᠠᠭ᠍ᠲᠠ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠬᠦ᠌ ᠶᠠᠪᠤᠳᠠᠯ ᠪᠣᠯᠤᠨ᠎ᠠ ᠭᠡᠳᠡᠭ᠎ᠢ ᠪᠢᠳᠡ ᠭᠦᠨᠵᠡᠭᠡᠢ ᠣᠢᠯᠠᠭᠠᠪᠠ᠃
ᠡᠨᠡᠬᠦ᠌ ᠬᠠᠷᠢᠭᠤᠴᠠᠯᠭ᠎ᠠ ᠪᠣᠯᠤᠨ ᠡᠭᠦᠷᠭᠡ ᠪᠣᠯ ᠳᠠᠷᠤᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤᠳᠭᠠᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠰᠠᠢᠲᠤᠷ ᠬᠠᠮᠠᠭᠠᠯᠠᠵᠤ᠂ ᠠᠮᠢ ᠠᠬᠤᠢ᠎ᠶ᠋ᠢ ᠤᠷᠢᠳ ᠶ᠋ᠢᠡᠷ ᠪᠤᠳᠤᠯᠬᠢᠯᠠᠬᠤ᠂ ᠪᠣᠬᠢᠷᠲᠤᠯ ᠦᠭᠡᠢ ᠬᠥᠭ᠌ᠵᠢᠯᠲᠡ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠰᠠᠢᠲᠤᠷ ᠵᠠᠮᠨᠠᠵᠤ᠂ ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠢ᠎ᠠ᠎ᠠᠴᠠ ᠥᠪᠥᠷ ᠮᠣᠩᠭᠣᠯ᠎ᠳᠤ ᠲᠣᠭ᠍ᠲᠠᠭᠠᠵᠤ ᠦᠭᠭᠦᠭᠰᠠᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ ᠶᠣᠰᠣᠭᠠᠷ᠂ 《ᠬᠣᠶᠠᠷ ᠬᠠᠯᠬᠠᠪᠴᠢ》 《ᠬᠣᠶᠠᠷ ᠰᠠᠭᠤᠷᠢᠨ》 《ᠨᠢᠭᠡ ᠪᠡᠬᠢᠯᠡᠯᠲᠡ》 ᠵᠢ ᠲᠦᠷᠭᠡᠳᠭᠡᠨ ᠪᠠᠢᠭᠤᠯᠬᠤ ᠶᠠᠪᠤᠳᠠᠯ ᠪᠣᠯᠤᠨ᠎ᠠ᠃
ᠪᠣᠬᠢᠷᠲᠤᠯ ᠦᠭᠡᠢ ᠳᠠᠪᠠᠭᠤᠯᠢᠭ᠎ᠢ ᠵᠤᠵᠠᠭᠠᠳᠭᠠᠬᠤ᠎ᠳᠤ ᠠᠱᠢᠭ᠍ᠲᠠᠢ ᠶᠠᠪᠤᠳᠠᠯ ᠯᠠ ᠶᠤᠮ ᠪᠣᠯ ᠳᠠᠷᠤᠢ ᠡᠷᠡᠰ ᠭᠤᠢᠪᠢᠰᠢ ᠦᠭᠡᠢ᠎ᠪᠡᠷ ᠠᠬᠢᠭᠤᠯᠵᠤ᠂ ᠪᠣᠬᠢᠷᠲᠤᠯ ᠦᠭᠡᠢ ᠬᠥᠭ᠌ᠵᠢᠯᠲᠡ᠎ᠶ᠋ᠢ ᠠᠬᠢᠭᠤᠯᠬᠤ᠎ᠳᠤ ᠠᠱᠢᠭ ᠦᠭᠡᠢ ᠠᠵᠢᠯᠯᠠᠭ᠎ᠠ ᠯᠠ ᠶᠤᠮ ᠪᠣᠯ ᠳᠠᠷᠤᠢ ᠡᠷᠡᠰ ᠬᠦᠴᠦᠲᠡᠢ ᠵᠠᠯᠠᠷᠠᠭᠤᠯᠬᠤ ᠬᠡᠷᠡᠭ᠌ᠲᠡᠢ᠃
ᠪᠢᠳᠡ 《ᠲᠦᠷᠪᠡᠨ ᠤᠬᠠᠮᠰᠠᠷ》᠎ᠢᠶᠡᠨ ᠴᠢᠩᠭᠠᠳᠭᠠᠵᠤ᠂ 《ᠲᠦᠷᠪᠡᠨ ᠢᠲᠡᠭᠡᠯ》 ᠢᠶᠡᠨ ᠪᠠᠲᠤᠳᠭᠠᠵᠤ᠂ 《 ᠬᠣᠶᠠᠷ᠎ᠢ ᠬᠠᠮᠠᠭᠠᠯᠠᠬᠤ 》ᠵᠢ ᠪᠡᠶᠡᠯᠡᠭᠦᠯᠵᠦ᠍᠂ ᠡᠷᠡᠰ ᠭᠤᠢᠪᠢᠰᠢ ᠦᠭᠡᠢ᠎ᠪᠡᠷ ᠶᠡᠷᠦᠩᠬᠡᠢ ᠱᠦᠵᠢ ᠰᠢ᠎ᠶ᠋ᠢᠨ ᠫᠢᠩ᠎ᠦᠨ ᠵᠢᠭᠠᠭ᠍ᠰᠠᠨ ᠴᠢᠭ᠌ᠯᠡᠯ᠎ᠢᠶᠡᠷ ᠴᠤᠴᠠᠯᠲᠠ ᠦᠭᠡᠢ᠎ᠪᠡᠷ ᠡᠴᠦᠰ᠎ᠲᠦᠨᠢ ᠲᠤᠯᠲᠠᠯ᠎ᠠ ᠠᠵᠢᠯᠯᠠᠵᠤ᠂ ᠭᠤᠢᠪᠢᠯᠵᠠᠬᠤ ᠦᠭᠡᠢ᠂ ᠴᠠᠯᠠᠭᠠᠢᠷᠠᠬᠤ ᠦᠭᠡᠢ᠂ ᠳᠡᠩᠰᠡᠯᠭᠡᠬᠦ᠌ ᠦᠭᠡᠢ ᠪᠠᠢᠵᠤ᠂ ᠦᠷᠭᠦᠯᠵᠢᠯᠡᠨ ᠲᠡᠮᠡᠴᠡᠬᠦ᠌ ᠶᠠᠪᠤᠴᠠ᠎ᠳᠤ ᠥᠪᠥᠷ ᠮᠣᠩᠭᠣᠯ᠎ᠤᠨ ᠡᠭᠦᠷᠭᠡᠯᠡᠯ᠎ᠢ ᠢᠯᠡᠷᠡᠭᠦᠯᠵᠦ᠍᠂ ᠥᠪᠥᠷ ᠮᠣᠩᠭᠣᠯ᠎ᠤᠨ ᠬᠦᠴᠦᠨ ᠴᠢᠳᠠᠯ᠎ᠢᠶᠠᠨ ᠡᠷᠭᠦᠵᠦ᠍᠂ ᠥᠪᠥᠷ ᠮᠣᠩᠭᠣᠯ᠎ᠤᠨ ᠴᠤᠭ ᠵᠢᠪᠬᠤᠭ᠎ᠠ᠎ᠶ᠋ᠢ ᠪᠠᠳᠠᠷᠠᠭᠤᠯᠬᠤ ᠬᠡᠷᠡᠭ᠌ᠲᠡᠢ᠃
ᠠᠮᠢ ᠠᠬᠤᠢ᠎ᠶ᠋ᠢ ᠤᠷᠢᠳ ᠶ᠋ᠢᠡᠷ ᠪᠤᠳᠤᠯᠬᠢᠯᠠᠬᠤ᠂ ᠪᠣᠬᠢᠷᠲᠤᠯ ᠦᠭᠡᠢ ᠬᠥᠭ᠌ᠵᠢᠬᠦᠯᠬᠦ ᠱᠠᠭᠠᠷᠳᠠᠯᠭ᠎ᠠ ᠲᠠᠢ ᠦᠯᠦ ᠨᠡᠢᠴᠡᠬᠦ ᠦᠯᠦ ᠵᠤᠬᠢᠴᠠᠬᠤ ᠴᠢᠨᠠᠭ᠍ᠰᠢᠯᠠᠪᠠᠯ ᠲᠡᠭᠦᠨ᠎ᠡᠴᠡ ᠲᠡᠷᠰᠯᠡᠭ᠌ᠰᠡᠨ ᠦᠵᠡᠯ ᠰᠠᠨᠠᠭ᠎ᠠ ᠣᠢᠯᠠᠭᠠᠭ᠍ᠳᠠᠬᠤᠨ᠂ ᠠᠵᠢᠯᠯᠠᠭ᠎ᠠ᠎ᠶ᠋ᠢᠨ ᠬᠡᠯᠪᠡᠷᠢ᠂ ᠬᠥᠭ᠌ᠵᠢᠯᠲᠡ᠎ᠶ᠋ᠢᠨ ᠵᠠᠭ᠍ᠪᠤᠷ᠎ᠲᠦ ᠡᠷᠡᠰ ᠲᠤᠬᠢᠷᠠᠭᠤᠯᠤᠯᠳᠠ ᠬᠢᠵᠦ᠂ ᠵᠠᠯᠠᠷᠠᠭᠤᠯᠬᠤ ᠪᠠ ᠲᠠᠶᠠᠭᠳᠠᠵᠦ᠂ ᠬᠤᠷᠳᠤᠴᠠ᠎ᠶ᠋ᠢ ᠯᠡ ᠡᠷᠬᠢᠮᠯᠡᠬᠦ ᠪᠤᠳᠤᠯ᠂ ᠬᠠᠭᠤᠴᠢᠨ ᠠᠷᠭ᠎ᠠ ᠵᠠᠮ᠎ᠳᠠᠭᠠᠨ ᠲᠦᠱᠢᠭ᠌ᠯᠡᠬᠦ᠎ᠡᠴᠡ ᠲᠤᠢᠯᠪᠤᠷᠢᠲᠠᠢ ᠠᠩᠭᠢᠵᠢᠷᠠᠵᠤ᠂ ᠳᠠᠷᠤᠯᠲᠠ᠎ᠶ᠋ᠢ ᠲᠤᠯᠵᠤ᠂ ᠡᠪᠡᠷᠱᠢᠶᠡᠯ᠎ᠢ ᠲᠡᠰᠪᠦᠷᠢᠯᠡᠨ᠂ ᠨᠢᠬᠡ ᠨᠢᠬᠡ ᠠᠯᠬᠤᠮᠶ᠋ᠢᠡᠷ ᠯᠠᠪᠳᠠᠭᠤᠨ ᠪᠠᠲᠤᠲᠠᠢ ᠪᠡᠷ ᠱᠢᠨ᠎ᠡ ᠵᠠᠮ᠎ᠢᠶᠠᠷ ᠵᠠᠮᠨᠠᠬᠤ ᠬᠡᠷᠡᠭᠲᠡᠢ᠃
ᠪᠢᠳᠡᠨ᠎ᠤ ᠲᠡᠮᠡᠴᠡᠬᠦ᠌ ᠬᠠᠷᠠᠯᠲᠠ ᠪᠣᠯ᠄ ᠪᠦᠬᠦ᠌ ᠣᠷᠣᠨ ᠲᠠᠶᠠᠭᠠᠷ᠎ᠤᠨ ᠴᠥᠬᠥᠷᠡᠰᠢ ᠦᠭᠡᠢ ᠴᠢᠷᠮᠠᠢᠯᠭ᠎ᠠ᠎ᠪᠠᠷ ᠳᠠᠮᠵᠢᠨ᠂ 《ᠬᠣᠶᠠᠷ ᠬᠠᠯᠬᠠᠪᠴᠢ》 ᠨᠡᠩ ᠪᠠᠳᠤᠵᠢᠨ ᠪᠡᠬᠢᠵᠢᠵᠦ᠍᠂ 《ᠬᠣᠶᠠᠷ ᠰᠠᠭᠤᠷᠢᠨ》᠎ᠤ ᠶᠡᠰᠦ ᠴᠢᠨᠠᠷ ᠵᠡᠷᠭᠡ᠎ᠪᠡᠷ ᠳᠡᠭᠡᠭ᠌ᠰᠢᠯᠡᠵᠦ᠂《ᠨᠢᠭᠡ ᠪᠡᠬᠢᠯᠡᠯᠲᠡ》ᠵᠢᠨ ᠦᠢᠯᠡᠳᠦᠯ ᠢᠯᠡᠷᠭᠡᠢᠰᠢᠵᠦ᠂ ᠠᠮᠢ ᠠᠬᠤᠢ᠎ᠶ᠋ᠢ ᠤᠷᠢᠳ ᠶ᠋ᠢᠡᠷ ᠪᠤᠳᠤᠯᠬᠢᠯᠠᠬᠤ᠂ ᠪᠣᠬᠢᠷᠲᠤᠯ ᠦᠭᠡᠢ ᠬᠥᠭ᠌ᠵᠢᠬᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶᠢᠨ ᠴᠢᠬᠤᠯᠠ ᠶᠡᠬᠡ ᠠᠯᠬᠤᠮ᠎ᠢ ᠠᠯᠬᠤᠨ᠎ᠠ᠃
ᠪᠦᠬᠦ᠌ ᠲᠠᠯ᠎ᠠ᠎ᠳ᠋ᠤ ᠬᠠᠷᠠᠭ᠎ᠠ ᠲᠠᠯᠪᠢᠨ ᠤᠷᠤᠨ ᠪᠦᠰᠡ ᠳ᠋ᠤ ᠤᠬᠠᠭᠠᠨ᠎ᠢᠶᠡᠨ ᠰᠢᠪᠬᠠᠨ᠂ ᠤᠬᠠᠮᠰᠠᠷ᠎ᠠᠴᠠ᠎ᠪᠠᠨ ᠥᠪᠥᠷ ᠮᠣᠩᠭᠣᠯ᠎ᠤᠨ ᠠᠵᠢᠯ᠎ᠢ ᠨᠠᠮ ᠪᠣᠯᠤᠨ ᠤᠯᠤᠰ᠎ᠤᠨ ᠠᠵᠢᠯ᠎ᠤᠨ ᠶᠡᠬᠡ ᠲᠠᠯᠠᠳᠤᠮᠳᠠ ᠲᠠᠯᠪᠢᠵᠤ ᠬᠢᠨᠠᠨ ᠱᠢᠨᠵᠢᠬᠦ᠌ ᠪᠠ ᠠᠬᠢᠭᠤᠯᠵᠤ᠂ ᠨᠠᠮ᠎ᠤᠨ ᠲᠥᠪ ᠬᠣᠷᠢᠢ᠎ᠠ᠎ᠠᠴᠠ ᠪᠠᠢᠷᠢᠯᠠᠭᠤᠯᠤᠭᠰᠠᠨ ᠯᠡ ᠶᠤᠮ ᠪᠤᠯ᠂ ᠤᠯᠤᠰ᠎ᠲᠤ ᠬᠡᠷᠡᠭ᠌ᠴᠡᠭᠡ᠎ᠲᠡᠶ ᠯᠡ ᠶᠤᠮ ᠪᠣᠯ ᠡᠷᠡᠰ ᠨᠠᠢᠳᠠᠪᠤᠷᠢᠵᠢᠭᠤᠯᠵᠦ᠂ ᠳᠠᠷᠤᠢᠬᠠᠨ ᠭᠦᠢᠴᠡᠳᠭᠡᠵᠦ᠍᠂ ᠪᠣᠳᠠᠲᠠᠢ ᠠᠳᠭᠤᠵᠤ᠂ ᠪᠠᠢᠳᠠᠯ᠎ᠤᠨ ᠨᠠᠷᠢᠨ ᠪᠤᠳᠤᠯᠢᠶᠠᠨᠲᠠᠢ᠎ᠠᠴᠠ ᠪᠤᠯᠵᠤ ᠴᠢᠭ᠌ᠯᠡᠯ᠎ᠢᠶᠡᠨ ᠠᠯᠳᠠᠬᠤ ᠦᠭᠡᠢ᠂ ᠬᠡᠰᠡᠭ ᠲᠠᠯ᠎ᠠ᠎ᠶ᠋ᠢᠨ ᠠᠱᠢᠭ ᠲᠤᠰᠠ᠎ᠠᠴᠠ ᠪᠤᠯᠵᠤ ᠬᠠᠯᠠᠭᠤᠨ ᠲᠠᠢ ᠬᠦᠢᠲᠡᠨ ᠲᠠᠢ ᠪᠠᠢᠬᠤ ᠦᠭᠡᠢ᠂ ᠠᠯᠢᠪᠠ ᠪᠦᠬᠦᠨ᠎ᠳᠦ ᠶᠡᠬᠡ ᠲᠠᠯ᠎ᠠ᠎ᠳᠤ ᠵᠣᠭ᠍ᠰᠣᠵᠤ᠂ ᠶᠡᠬᠡ ᠲᠠᠯ᠎ᠠ᠎ᠶ᠋ᠢ ᠲᠠᠭᠠᠵᠤ᠂ ᠶᠡᠬᠡ ᠲᠠᠯ᠎ᠠ᠎ᠳᠤ ᠦᠢᠯᠡᠴᠢᠯᠡᠵᠦ᠍᠂ ᠶᠡᠬᠡ ᠲᠠᠯ᠎ᠠ᠎ᠶ᠋ᠢ ᠬᠠᠮᠠᠭᠠᠯᠠᠬᠤ ᠬᠡᠷᠡᠭᠲᠡᠢ᠃
ᠦᠨᠡᠨ ᠬᠦ᠌ ᠨᠢᠳᠦᠨ᠎ᠤ ᠴᠡᠴᠡᠭᠡᠶ᠎ᠪᠡᠨ ᠬᠠᠮᠠᠭᠠᠯᠠᠬᠤ᠎ᠲᠠᠶ ᠠᠳᠠᠯᠢ᠎ᠪᠠᠷ ᠠᠮᠢ ᠠᠬᠤᠶ ᠣᠷᠴᠢᠨ ᠲᠣᠭᠣᠷᠢᠨ᠎ᠢ ᠬᠠᠮᠠᠭᠠᠯᠠᠵᠤ᠂ ᠠᠮᠢ ᠨᠠᠰᠤᠨ᠎ᠳᠠᠭᠠᠨ ᠬᠠᠨᠳᠤᠬᠤ᠎ᠲᠠᠶ ᠠᠳᠠᠯᠢ᠎ᠪᠠᠷ ᠠᠮᠢ ᠠᠬᠤᠶ ᠣᠷᠴᠢᠨ ᠲᠣᠭᠣᠷᠢᠨ᠎ᠳᠤ ᠬᠠᠨᠳᠤᠵᠤ᠂ ᠠᠮᠢ ᠠᠬᠤᠶ᠎ᠶ᠋ᠢᠨ ᠱᠢᠰᠲ᠋ᠧᠮ᠎ᠢ ᠬᠠᠮᠠᠭᠠᠯᠠᠬᠤ ᠡᠷᠴᠢᠮ᠎ᠢᠶᠡᠨ ᠴᠢᠩᠭᠠᠷᠠᠭᠤᠯᠵᠤ᠂ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠭᠦᠨᠵᠡᠭᠡᠶ ᠰᠠᠢᠲᠤᠷ ᠬᠢᠵᠦ᠍᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠬᠥᠭ᠌ᠵᠢᠯᠲᠡ᠎ᠶ᠋ᠢ ᠠᠬᠢᠭᠤᠯᠵᠤ᠂ ᠪᠥᠬᠥ᠌ ᠣᠷᠣᠨ᠎ᠤ ᠦᠨᠳᠦᠰᠦᠲᠡᠨ ᠨᠦᠭᠦᠳ᠎ᠦᠨ ᠠᠷᠠᠳ ᠲᠦᠮᠡᠨ᠎ᠦ ᠣᠷᠣᠱᠢᠨ ᠲᠣᠭ᠍ᠲᠠᠨᠢᠬᠤ ᠪᠠ ᠬᠥᠭ᠌ᠵᠢᠬᠦ᠌᠂ ᠭᠦᠨ ᠵᠤᠵᠠᠭᠠᠨ ᠴᠢᠩ ᠦᠨᠡᠨᠴᠢ ᠬᠠᠢᠷ᠎ᠠ ᠰᠡᠳᠭᠢᠯᠭᠡᠰᠢᠩᠭᠡᠭᠰᠡᠨ ᠰᠠᠢᠨ ᠰᠠᠢᠬᠠᠨ ᠬᠡᠷ ᠣᠷᠣᠨ ᠵᠢᠡᠨ ᠰᠠᠢᠲᠤᠷ ᠰᠠᠬᠢᠨ ᠬᠠᠮᠠᠭᠠᠯᠠᠬᠤ ᠬᠡᠷᠡᠭ᠌ᠲᠡᠶ᠃
ᠬᠥᠭ᠌ᠵᠢᠯᠲᠡ᠎ᠶ᠋ᠢᠨ ᠣᠷᠴᠢᠨ ᠲᠣᠭᠣᠷᠢᠨ ᠂ ᠬᠥᠭ᠌ᠵᠢᠯᠲᠡ᠎ᠶ᠋ᠢᠨ ᠨᠥᠬᠥᠴᠡᠯ ᠶᠠᠭᠠᠬᠢᠵᠤ ᠬᠤᠪᠢᠷᠬᠠᠰᠠᠨ ᠴᠤ᠌᠂ ᠠᠮᠢ ᠠᠬᠤᠶ᠎ᠶ᠋ᠢᠨ ᠣᠷᠴᠢᠨ ᠲᠣᠭᠣᠷᠢᠨ᠎ᠢ ᠦᠷᠡᠭ᠌ᠳᠡᠭᠦᠯᠵᠦ᠍ ᠪᠠᠢᠭᠠᠳ ᠲᠦᠷ ᠴᠠᠭ᠎ᠤᠨ ᠨᠢᠭᠡ ᠭᠠᠵᠠᠷ᠎ᠤᠨ ᠠᠵᠤ ᠠᠬᠤᠶ᠎ᠶ᠋ᠢᠨ ᠨᠡᠮᠡᠭ᠌ᠳᠡᠯ᠎ᠢ ᠰᠣᠯᠢᠵᠤ ᠠᠪᠬᠤ ᠠᠷᠭ᠎ᠠ ᠬᠢᠳᠡᠯ᠎ᠢ ᠡᠷᠬᠡᠪᠰᠢ ᠲᠤᠢᠯᠪᠤᠷᠢᠲᠠᠶ ᠲᠠᠶᠠᠭ᠍ᠳᠠᠵᠤ ᠂ ᠡᠬᠢ ᠪᠠᠶᠠᠯᠢᠭ᠎ᠢ ᠨᠡᠭᠡᠭᠡᠨ ᠠᠱᠢᠭ᠍ᠯᠠᠬᠤ᠂ ᠡᠬᠢ ᠪᠠᠶᠠᠯᠢᠭ᠎ᠢ ᠬᠣᠷᠣᠭ᠍ᠳᠠᠭᠤᠯᠬᠤ᠎ᠳᠤ ᠬᠡᠲᠦᠷᠬᠡᠶ ᠲᠦᠱᠢᠭ᠌ᠯᠡᠵᠦ᠍ ᠠᠵᠤ ᠦᠢᠯᠡᠰ᠎ᠦᠨ ᠬᠥᠭ᠌ᠵᠢᠯᠲᠡ᠎ᠶ᠋ᠢ ᠠᠬᠢᠭᠤᠯᠬᠤ ᠵᠤᠬᠢᠰ ᠦᠭᠡᠢ ᠠᠷᠭ᠎ᠠ ᠬᠢᠳᠡᠯ᠎ᠢ ᠡᠷᠬᠡᠪᠰᠢ ᠲᠤᠢᠯᠪᠤᠷᠢᠲᠠᠶ ᠲᠠᠶᠠᠭ᠍ᠳᠠᠵᠤ᠂ ᠡᠨᠧᠷᠭᠢ᠎ᠶ᠋ᠢᠨ ᠬᠣᠷᠣᠭ᠍ᠳᠠᠭᠤᠯᠤᠯ ᠶᠡᠬᠡᠲᠡᠶ᠂ ᠭᠠᠳᠠᠭ᠍ᠰᠢᠯᠠᠭᠤᠯᠤᠯᠲᠠ ᠶᠡᠬᠡᠲᠡᠶ ᠳᠦᠷᠦᠯ ᠵᠦᠢᠯ᠎ᠢ ᠡᠷᠬᠡᠪᠰᠢ ᠡᠷᠡᠰ ᠴᠢᠩᠭ᠎ᠠ ᠬᠢᠵᠠᠭᠠᠷᠯᠠᠨ᠎ᠠ᠃
ᠬᠣᠴᠣᠷᠤᠩᠭᠤᠶ ᠪᠠ ᠦᠯᠡᠭᠦᠳᠡᠭ᠌ᠰᠡᠨ ᠦᠢᠯᠡᠳᠪᠦᠷᠢᠯᠡᠬᠦ᠌ ᠴᠢᠳᠠᠪᠤᠷᠢ᠎ᠶ᠋ᠢ ᠡᠷᠬᠡᠪᠰᠢ ᠡᠷᠡᠰ᠎ᠢᠶᠡᠷ ᠲᠠᠶᠠᠭᠳᠠᠵᠦ᠂ ᠬᠡᠷᠡᠭ᠌ᠯᠡᠵᠦ᠍ ᠪᠣᠯᠬᠤ ᠪᠤᠳᠠᠰ᠎ᠦᠨ ᠬᠦᠴᠦᠨ᠎ᠢ ᠬᠠᠢᠬᠤᠷᠬᠤ ᠦᠭᠡᠢ᠎ᠪᠡᠷ ᠬᠡᠲᠦᠷᠬᠡᠶ ᠵᠢᠭᠡᠯᠡᠯᠭᠡ ᠠᠪᠴᠤ᠌ ᠪᠦᠳᠦᠭᠡᠨ ᠪᠠᠢᠭᠤᠯᠤᠯᠲᠠ ᠬᠢᠬᠦ᠂ ᠠᠵᠤ ᠦᠢᠯᠡᠰ᠎ᠦᠨ ᠰᠠᠭᠤᠷᠢ᠎ᠶ᠋ᠢ ᠬᠠᠢᠬᠤᠷᠬᠤ ᠦᠭᠡᠢ᠎ᠪᠡᠷ ᠰᠣᠬᠣᠷ ᠪᠠᠯᠠᠶ᠎ᠪᠠᠷ ᠪᠡᠯᠡ ᠣᠷᠣᠭᠤᠯᠬᠤ ᠪᠠ ᠳᠠᠪᠬᠤᠷᠳᠠᠭᠤᠯᠤᠨ ᠪᠦᠳᠦᠭᠡᠨ ᠪᠠᠢᠭᠤᠯᠬᠤ ᠦᠢᠯᠡ ᠠᠵᠢᠯᠯᠠᠭ᠎ᠠ᠎ᠶ᠋ᠢ ᠡᠷᠬᠡᠪᠰᠢ ᠡᠷᠡᠰ᠎ᠢᠶᠡᠷ ᠬᠣᠷᠢᠭ᠍ᠯᠠᠨ ᠵᠣᠭ᠍ᠰᠣᠭᠠᠬᠤ ᠬᠡᠷᠡᠭ᠌ᠲᠡᠶ᠃
ᠬᠠᠩᠭᠠᠯᠭ᠎ᠠ ᠶ᠋ᠢᠨ ᠲᠠᠯ᠎ᠠ ᠶ᠋ᠢᠨ ᠪᠦᠲᠦᠴᠡ᠎ᠶ᠋ᠢᠨ ᠴᠢᠨᠠᠷᠲᠠᠢ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠪᠡᠷ ᠭᠣᠣᠯ ᠱᠢᠵᠢᠮ ᠪᠣᠯᠭᠠᠵᠤ᠂ ᠠᠵᠤ ᠠᠬᠤᠢ᠎ᠶ᠋ᠢᠨ ᠬᠥᠭ᠌ᠵᠢᠯᠲᠡ᠎ᠶ᠋ᠢ ᠡᠬᠢ ᠪᠠᠶᠠᠯᠢᠭ᠎ᠲᠤ ᠲᠦᠱᠢᠭ᠌ᠯᠡᠬᠦ᠌ ᠬᠡᠯᠪᠡᠷᠢ᠎ᠡᠴᠡ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠡᠯᠪᠡᠷᠢ ᠲᠡᠰᠢ ᠬᠤᠪᠢᠷᠠᠭᠤᠯᠬᠤ᠂ ᠪᠦᠳᠦᠭᠦᠯᠢᠭ ᠥᠨᠳᠥᠷ ᠨᠡᠭᠦᠷᠡᠰᠦᠲᠥ᠋ᠷᠥᠭ᠌ᠴᠢᠲᠦ ᠬᠡᠯᠪᠡᠷᠢ ᠡᠴᠡ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭ᠌ᠴᠢᠲᠦ ᠬᠡᠯᠪᠡᠷᠢ ᠲᠡᠰᠢ ᠬᠤᠪᠢᠷᠠᠭᠤᠯᠬᠤ᠂ ᠲᠠᠷᠠᠬᠠᠢ ᠪᠤᠲᠠᠷᠬᠠᠢ ᠳᠣᠣᠷ᠎ᠠ ᠦᠷ᠎ᠡ ᠠᠱᠢᠭ᠎ᠲᠠᠶ ᠬᠡᠯᠪᠡᠷᠢ᠎ᠡᠴᠡ ᠡᠷᠴᠢᠮᠯᠢᠭ ᠥᠨᠳᠥᠷ ᠦᠷ᠎ᠡ ᠠᠱᠢᠭ᠎ᠲᠠᠶ ᠬᠡᠯᠪᠡᠷᠢ ᠲᠡᠰᠢ ᠬᠤᠪᠢᠷᠠᠭᠤᠯᠬᠤ᠎ᠶ᠋ᠢ ᠬᠦᠴᠦᠯᠡᠨ ᠠᠬᠢᠭᠤᠯᠵᠤ᠂ ᠣᠳᠣᠬᠢᠴᠢᠯᠠᠭ᠍ᠰᠠᠨ ᠠᠵᠤ ᠠᠬᠤᠢ᠎ᠶ᠋ᠢᠨ ᠱᠢᠰᠲᠸᠮ᠎ᠢ ᠲᠦᠷᠭᠡᠨ ᠪᠠᠢᠭᠤᠯᠬᠤ ᠬᠡᠷᠡᠭ᠌ᠲᠡᠢ᠃
ᠤᠯᠤᠰ᠎ᠤᠨ ᠣᠲᠣ ᠦᠶ᠎ᠡ᠎ᠶ᠋ᠢᠨ ᠡᠨᠧᠷᠭᠢ ᠠᠵᠤ ᠠᠬᠤᠶ᠎ᠶ᠋ᠢᠨ ᠵᠢᠱ᠌ᠢᠶ᠎ᠡ ᠦᠵᠡᠭᠦᠯᠬᠦ᠌ ᠣᠷᠣᠨ᠎ᠢ ᠪᠥᠲᠥᠭᠡᠨ ᠪᠠᠢᠭᠤᠯᠵᠤ᠂ ᠥᠪᠥᠷ ᠮᠣᠩᠭᠣᠯ᠎ᠢ ᠴᠢᠯᠠᠭᠤᠵᠢᠮᠠᠯ ᠤ᠋ᠨ ᠡᠨᠧᠷᠭᠢ᠎ᠶ᠋ᠢᠨ ᠲᠣᠮᠣ ᠣᠷᠣᠨ᠎ᠠᠴᠠ ᠴᠡᠪᠡᠷ ᠡᠨᠧᠷᠭᠢ᠎ᠶ᠋ᠢᠨ ᠲᠣᠮᠣ ᠣᠷᠣᠨ ᠳᠠᠰᠢ ᠬᠤᠪᠢᠷᠠᠭᠤᠯᠬᠤ᠎ᠶ᠋ᠢ ᠠᠬᠢᠭᠤᠯᠤᠨ᠎ᠠ ᠃
ᠨᠠᠮ᠎ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠬᠠᠮᠠᠭᠠᠯᠠᠬᠤ ᠣᠪᠣᠷ ᠣᠨᠴᠠᠭᠠᠢ ᠡᠷᠡᠰ ᠱᠢᠭᠤᠷᠬᠠᠢ᠂ ᠶᠡᠬᠡ ᠤᠴᠢᠷ᠎ᠲᠦ ᠵᠥᠪ ᠪᠤᠷᠤᠭᠤ᠎ᠶ᠋ᠢ ᠢᠯᠭᠠᠨ ᠲᠠᠨᠢᠬᠤ ᠵᠣᠭ᠍ᠰᠣᠯᠲᠠ ᠣᠨᠴᠠᠭᠠᠢ ᠰᠡᠷᠭᠡᠭ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤᠳᠭᠠᠬᠤ ᠠᠵᠢᠯᠯᠠᠭ᠎ᠠ ᠣᠨᠴᠠᠭᠠᠢ ᠡᠷᠡᠰ ᠪᠠᠲᠤ᠌᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠢ ᠬᠠᠢᠷᠠᠯᠠᠬᠤ ᠰᠡᠳᠭᠢᠯᠭᠡ ᠣᠨᠴᠠᠭᠠᠢ ᠦᠨᠡᠨᠴᠢ ᠱᠢᠳᠤᠷᠭᠤ ᠺᠠᠳ᠋ᠷ᠎ᠤᠨ ᠡᠩᠨᠡᠭᠡ᠎ᠶ᠋ᠢ ᠴᠢᠷᠮᠠᠢᠨ ᠪᠠᠢᠭᠤᠯᠤᠨ᠎ᠠ᠃
( ᠦᠪᠡᠷᠲᠡᠭᠡᠨ ᠵᠠᠰᠠᠬᠤ ᠤᠷᠤᠨ᠎ᠤ ᠠᠷᠪᠠᠨ ᠨᠢᠭᠡᠳᠦᠭᠡᠷ ᠤᠳᠠᠭ᠎ᠠ ᠶᠢᠨ ᠨᠠᠮ᠎ᠤᠨ ᠲᠦᠯᠦᠭᠡᠯᠡᠭ᠌ᠴᠢᠳ ᠤᠨ ᠶᠡᠬᠡ ᠬᠤᠷᠠᠯ ᠤᠨ ᠢᠯᠡᠳᠬᠡᠯ ᠡᠴᠡ ᠰᠡᠢᠷᠡᠭᠦᠯᠪᠡ )
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃