ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠮᠡᠳᠡᠭᠡᠯᠡᠯ

2021-11-28 10:23:56

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

— ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠤᠳᠠᠭ᠎ᠠ ᠵᠢᠨ ᠨᠠᠮ ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ ᠪᠦᠬᠦ ᠣᠷᠣᠨ ᠤ᠋ ᠡᠯ᠎ᠡ ᠭᠠᠵᠠᠷ ᠤ᠋ᠨ ᠺᠠᠳ᠋ᠷ ᠣᠯᠠᠨ ᠲᠦᠮᠡᠨ᠎ᠦ᠌ ᠳᠤᠮᠳᠠ ᠴᠢᠩᠭ᠎ᠠ ᠲᠤᠰᠭᠠᠯ ᠭᠠᠷᠴᠠᠢ

11 ᠰᠠᠷ᠎ᠠ ᠵᠢᠨ 27 ᠤ᠋ ᠦᠳᠡ ᠵᠢᠨ ᠡᠮᠦᠨᠡᠬᠢ 9 ᠴᠠᠭ ᠲᠦ᠍᠂ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠤᠳᠠᠭ᠎ᠠ ᠵᠢᠨ ᠲᠥᠯᠥᠭᠡᠯᠡᠭᠴᠢᠳ᠎ᠦ᠋ᠨ ᠶᠡᠬᠡ ᠬᠤᠷᠠᠯ ᠦᠪᠡᠳᠡᠭᠱᠢ ᠶᠡᠭᠡ ᠪᠡᠷ ᠡᠬᠢᠯᠡᠪᠡ᠃ ᠪᠦᠬᠦ ᠣᠷᠣᠨ ᠤ᠋ ᠡᠯ᠎ᠡ ᠭᠠᠵᠠᠷ ᠤ᠋ᠨ ᠥᠷᠭᠡᠨ ᠣᠯᠠᠨ ᠺᠠᠳ᠋ᠷ ᠣᠯᠠᠨ ᠲᠦᠮᠡᠨ ᠲᠧᠯᠸᠢᠰ᠂ ᠷᠠᠳᠢᠤ᠋᠂ ᠰᠦᠯᠵᠢᠶ᠎ᠡ᠂ ᠭᠠᠷ ᠤᠲᠠᠰᠤ ᠵᠡᠷᠭᠡ ᠣᠯᠠᠨ ᠵᠦᠢᠯ᠎ᠤᠨ ᠠᠷᠭ᠎ᠠ ᠬᠡᠯᠪᠡᠷᠢ᠎ᠪᠡᠷ ᠬᠤᠷᠠᠯ᠎ᠤᠨ ᠡᠬᠢᠯᠡᠯᠳᠡ ᠵᠢᠨ ᠶᠣᠰᠣᠯᠠᠯ ᠤ᠋ᠨ ᠦᠪᠡᠳᠡᠭᠱᠢ ᠪᠠᠢᠳᠠᠯ ᠢ᠋ ᠬᠦᠯᠢᠶᠡᠨ ᠠᠪᠴᠤ ᠦᠵᠡᠭᠰᠡᠨ ᠪᠤᠶᠤ ᠰᠤᠨᠤᠰᠴᠤ᠂ ᠨᠠᠮ ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ ᠤ᠋ᠨ ᠢᠯᠡᠳᠭᠡᠯ᠎ᠳ᠋ᠤ ᠠᠡᠭᠬᠠᠷᠤᠯ᠎ᠵᠢᠡᠨ ᠲᠦᠪᠯᠡᠷᠡᠬᠦᠯᠵᠠᠢ᠃ ᠡᠨᠡ ᠤᠳᠠᠭ᠎ᠠ ᠵᠢᠨ ᠨᠠᠮ ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ ᠪᠤᠯ ᠳᠤᠮᠳᠠᠳᠤ ᠤᠯᠤᠰ ᠤ᠋ᠨ ᠡᠪ ᠬᠠᠮᠲᠤ ᠨᠠᠮ ᠪᠠᠢᠭᠤᠯᠤᠭᠳᠠᠭᠰᠠᠨ ᠵᠠᠭᠤᠨ ᠵᠢᠯ᠎ᠦ᠋ᠨ ᠣᠢ᠂ ᠮᠠᠨ ᠤ᠋ ᠤᠯᠤᠰ ᠨᠡᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ᠋ ᠪᠦᠬᠦ ᠲᠠᠯ᠎ᠠ ᠪᠡᠷ ᠪᠦᠲᠦᠭᠡᠨ ᠪᠠᠢᠭᠤᠯᠬᠤ ᠱᠢᠨ᠎ᠡ ᠠᠶᠠᠨ ᠎ᠵᠢᠡᠨ ᠡᠬᠢᠯᠡᠬᠦᠯᠦᠭᠰᠡᠨ ᠴᠢᠬᠤᠯᠠ ᠴᠠᠭ ᠮᠥᠴᠡ ᠳ᠋ᠤ ᠬᠤᠷᠠᠯᠳᠤᠭᠤᠯᠤᠭᠰᠠᠨ ᠨᠢᠭᠡ ᠤᠳᠠᠭᠠᠨ ᠤ᠋ ᠮᠠᠰᠢ ᠴᠢᠬᠤᠯᠠ ᠶᠡᠬᠡ ᠬᠤᠷᠠᠯ ᠪᠤᠯᠤᠨ᠎ᠠ᠂ ᠡᠷᠭᠡᠪᠰᠢ ᠨᠠᠮ ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ ᠤ᠋ᠨ ᠵᠣᠷᠢᠭ ᠰᠠᠨᠠᠭ᠎ᠠ ᠵᠢ ᠬᠢᠨᠠᠮᠠᠭᠠᠢ ᠰᠤᠷᠤᠯᠴᠠᠨ ᠭᠦᠨᠵᠡᠭᠡᠢ ᠣᠢᠯᠠᠭᠠᠵᠤ᠂ ᠬᠦᠰᠡᠯ ᠨᠠᠢᠳᠠᠯᠭ᠎ᠠ᠎ᠵᠢ ᠪᠠᠲᠤ ᠴᠡᠭᠡᠵᠢᠯᠡᠨ᠂ ᠵᠤᠷᠢᠬᠳᠠᠢ ᠪᠡᠷ ᠡᠭᠦᠷᠭᠡ ᠬᠠᠷᠢᠭᠤᠴᠠᠯᠭ᠎ᠠ ᠡᠭᠦᠷᠭᠡᠯᠡᠵᠦ᠂ ᠳᠤᠮᠳᠠᠳᠤ ᠵᠢᠨ ᠦᠨᠳᠦᠰᠦᠲᠡᠨ᠎ᠦ᠌ ᠬᠠᠮᠲᠤ ᠵᠢᠨ ᠴᠣᠭᠴᠠ ᠵᠢᠨ ᠤᠬᠠᠮᠰᠠᠷ ᠢ᠋ ᠪᠠᠳᠤ ᠴᠤᠭᠴᠠᠯᠠᠬᠤ ᠵᠢ ᠡᠷᠡᠰ ᠪᠠᠷᠢᠮᠳᠠᠯᠠᠵᠤ᠂ ᠠᠮᠢ ᠠᠬᠤᠢ ᠵᠢ ᠤᠷᠢᠳ ᠵᠢᠡᠷ ᠪᠤᠳᠤᠯᠬᠢᠯᠠᠬᠤ᠂ ᠪᠣᠬᠢᠷᠲᠤᠯ ᠥᠬᠡᠢ ᠬᠥᠭᠵᠢᠭᠥᠯᠬᠦ᠎ᠪᠡᠷ ᠤᠳᠤᠷᠢᠳᠤᠮᠵᠢ ᠪᠣᠯᠭᠠᠭᠰᠠᠨ ᠴᠢᠨᠠᠷ ᠰᠠᠢᠲᠠᠢ ᠬᠥᠭᠵᠢᠯᠲᠡ ᠵᠢᠨ ᠱᠢᠨ᠎ᠡ ᠵᠠᠮ ᠢ᠋ᠶ᠋ᠠᠷ ᠭᠤᠢᠪᠢᠱᠢ ᠥᠬᠡᠢ ᠵᠠᠮᠨᠠᠵᠤ᠂ 《ᠬᠣᠶᠠᠷ ᠬᠠᠯᠬᠠᠪᠴᠢ》 《ᠬᠣᠶᠠᠷ ᠰᠠᠭᠤᠷᠢᠨ》 《ᠨᠢᠭᠡ ᠪᠡᠬᠢᠯᠡᠯᠲᠡ》 ᠵᠢ ᠲᠦᠷᠭᠡᠳᠭᠡᠨ ᠪᠠᠢᠭᠤᠯᠵᠤ᠂ ᠨᠡᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ᠋ ᠪᠦᠬᠦ ᠲᠠᠯ᠎ᠠ ᠪᠡᠷ ᠪᠦᠲᠦᠭᠡᠨ ᠪᠠᠢᠭᠤᠯᠬᠤ ᠱᠢᠨ᠎ᠡ ᠠᠶᠠᠨ᠎ᠳ᠋ᠤ᠌ ᠥᠪᠥᠷ ᠮᠣᠩᠭᠣᠯ ᠤ᠋ᠨ ᠬᠥᠭᠵᠢᠯᠲᠡ ᠵᠢᠨ ᠱᠢᠨ᠎ᠡ ᠬᠠᠭᠤᠳᠠᠰᠤ ᠵᠢ ᠪᠢᠴᠢᠭᠯᠡᠨ᠂ ᠲᠡᠦᠬᠡᠨ ᠳ᠋ᠤ ᠦᠯᠦ ᠣᠰᠣᠯᠳᠠᠬᠤ᠂ ᠴᠠᠭ ᠦᠶ᠎ᠡ ᠳ᠋ᠤ ᠦᠯᠦ ᠣᠰᠣᠯᠳᠠᠬᠤ᠂ ᠠᠷᠠᠳ ᠲᠦᠮᠡᠨ ᠳ᠋ᠤ ᠦᠯᠦ ᠣᠰᠣᠯᠳᠠᠬᠤ ᠱᠢᠨ᠎ᠡ ᠠᠮᠵᠢᠯᠲᠠ ᠪᠦᠲᠦᠮᠵᠢ ᠵᠢ ᠡᠭᠦᠳᠤᠨ᠎ᠡ ᠭᠡᠵᠤ ᠣᠯᠠᠨ ᠢ᠋ᠶ᠋ᠠᠷ ᠢ᠋ᠶ᠋ᠠᠨ ᠢᠯᠡᠳᠭᠡᠵᠡᠭᠡᠪᠡ ᠃

《ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠤᠳᠠᠭ᠎ᠠ ᠵᠢᠨ ᠨᠠᠮ ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ ᠤ᠋ᠨ ᠵᠢᠷᠤᠭᠯᠠᠭᠰᠠᠨ ᠠᠤᠭ᠎ᠠ ᠲᠥᠰᠥᠪ ᠨᠢ ᠬᠥᠮᠦᠰ᠎ᠦ᠋ᠨ ᠰᠡᠳᠭᠢᠯ ᠢ᠋ ᠬᠥᠭᠵᠢᠭᠡᠨ᠂ ᠤᠷᠮ᠎ᠠ ᠵᠣᠷᠢᠭ ᠢ᠋ ᠬᠥᠪᠴᠢᠯᠡᠨ᠎ᠡ!》 ᠭᠡᠵᠦ ᠬᠥᠬᠡᠬᠣᠲᠠ ᠵᠢᠨ ᠰᠠᠢᠬᠠᠨ ᠲᠣᠭᠣᠷᠢᠭ ᠤ᠋ᠨ ᠨᠠᠮ ᠤ᠋ᠨ ᠬᠣᠷᠢᠶᠠᠨ ᠤ᠋ ᠱᠦᠵᠢ ᠹᠦ ᠵᠢᠨ ᠽᠠᠢ ᠬᠡᠯᠡᠨ᠎ᠠ᠃ ᠳᠡᠷᠡ᠂ ᠥᠪᠡᠷᠲᠡᠭᠡᠨ ᠵᠠᠰᠠᠬᠤ ᠣᠷᠣᠨ ᠤ᠋ ᠬᠥᠮᠦᠨ ᠠᠮᠠ ᠪᠡᠷ ᠬᠠᠮᠤᠭ ᠤ᠋ᠨ ᠣᠯᠠᠨ ᠤᠷᠤᠨ᠎ᠤ ᠲᠥᠪ᠎ᠤᠨ ᠭᠤᠤᠯ ᠬᠣᠲᠠ᠎ᠵᠢᠨ ᠲᠣᠭᠣᠷᠢᠭ ᠪᠣᠯᠤᠭᠰᠠᠨ ᠤ᠋ ᠬᠤᠪᠢ᠎ᠳ᠋ᠤ᠌᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ ᠤ᠋ᠨ ᠱᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠳᠡᠭᠡᠷ᠎ᠡ ᠨᠢᠭᠡᠳᠭᠡᠵᠦ᠂ ᠶᠡᠷᠦᠩᠬᠡᠢ ᠱᠦᠵᠢ ᠱ᠋ᠢ ᠵᠢᠨ ᠫᠢᠩ ᠤ᠋ᠨ ᠥᠪᠥᠷ ᠮᠣᠩᠭᠣᠯ ᠳ᠋ᠦ ᠳᠤᠬᠳᠠᠭᠠᠵᠦ ᠦᠭᠬᠦᠭᠰᠡᠨ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢᠨ ᠪᠠᠢᠯᠳᠤᠬᠤ ᠪᠣᠳᠣᠯᠭ᠎ᠠ ᠵᠢᠨ ᠪᠠᠢᠷᠢ ᠲᠣᠭᠲᠠᠭᠠᠯᠲᠠ ᠵᠢ ᠴᠢᠩᠭ᠎ᠠ ᠡᠵᠡᠮᠳᠡᠵᠦ᠂ ᠥᠪᠡᠷᠲᠡᠭᠡᠨ ᠵᠠᠰᠠᠬᠤ ᠣᠷᠣᠨ ᠤ᠋ ᠬᠥᠭᠵᠢᠯᠲᠡ ᠵᠢᠨ ᠶᠡᠬᠡ ᠲᠠᠯ᠎ᠠ᠎ᠳ᠋ᠤ ᠪᠦᠷᠢᠯᠳᠦᠬᠦᠯᠦᠭᠰᠡᠨ ᠲᠤᠰ ᠪᠡᠶ᠎ᠡ ᠵᠢᠨ ᠳᠠᠪᠠᠭᠤᠯᠢᠭ ᠪᠠ ᠣᠨᠴᠠᠯᠢᠭ ᠢ᠋ᠶ᠋ᠠᠨ ᠤᠨᠤᠴᠠᠳᠠᠢ ᠡᠷᠢᠵᠤ᠂ ᠠᠷᠠᠳ ᠲᠦᠮᠡᠨ ᠢ᠋ ᠳᠡᠭᠡᠳᠦᠯᠡᠬᠦ ᠵᠢ ᠢᠮᠠᠭᠲᠠ ᠪᠠᠷᠢᠮᠲᠠᠯᠠᠨ᠂ ᠡᠮᠴᠢᠯᠡᠭᠡᠨ᠎ᠤ ᠨᠦᠬᠦᠴᠡᠯ ᠰᠠᠢᠨ᠂ ᠰᠤᠷᠭᠠᠨ ᠬᠥᠮᠦᠵᠢᠯ᠎ᠤᠨ ᠨᠦᠬᠦᠴᠡᠯ ᠰᠠᠢᠨ᠂ ᠤᠷᠤᠰᠢᠨ ᠰᠠᠭᠤᠷᠢᠰᠢᠬᠤ᠎ᠳᠤ ᠲᠠᠭᠠᠯᠠᠮᠵᠢᠳᠠᠢ ᠵᠤᠯ ᠵᠢᠷᠭᠠᠯᠳᠤ ᠬᠣᠲᠠ ᠵᠢᠨ ᠲᠣᠭᠣᠷᠢᠭ ᠢ᠋ ᠪᠦᠲᠦᠭᠡᠨ ᠪᠠᠢᠭᠤᠯᠵᠤ᠂ ᠬᠥᠭᠵᠢᠯᠲᠡ ᠵᠢ ᠨᠡᠩ ᠲᠦᠷᠭᠡᠳᠭᠡᠨ᠂ ᠤᠯᠠᠨ ᠲᠦᠮᠡᠨ᠎ᠳᠡᠭᠡᠨ ᠲᠠᠨᠢᠬᠦᠨ ᠲᠠᠪᠠᠳᠠᠢ ᠠᠮᠢᠳᠤᠷᠠᠯ᠎ᠢ ᠡᠳ᠋ᠯᠡᠬᠦᠯᠤᠨ᠎ᠠ ᠭᠡᠯ᠎ᠠ᠃

ᠪᠤᠭᠤᠲᠤ ᠬᠣᠲᠠ ᠵᠢᠨ ᠬᠥᠨᠳᠡᠯᠡᠨ ᠲᠣᠭᠣᠷᠢᠭ ᠤ᠋ᠨ ᠾᠧ ᠫᠢᠩ ᠪᠠᠭ᠎ᠠ ᠰᠤᠷᠭᠠᠭᠤᠯᠢ ᠵᠢᠨ ᠵᠠᠬᠢᠷᠤᠯ ᠵᠠᠩ ᠵᠢᠶᠦ᠋ᠨ᠄ 《ᠢᠯᠡᠳᠭᠡᠯ ᠨᠢ ᠪᠢᠳᠡᠨ᠎ᠦ᠌ ᠪᠦᠬᠦ ᠬᠦᠴᠦᠨ ᠢ᠋ᠶ᠋ᠡᠷ ᠢ᠋ᠶ᠋ᠡᠨ ᠠᠷᠠᠳ ᠲᠦᠮᠡᠨ᠎ᠳ᠋ᠤ ᠳᠠᠭᠠᠰᠢᠶᠠᠭᠳᠠᠭᠰᠠᠨ ᠰᠤᠷᠭᠠᠨ ᠬᠥᠮᠦᠵᠢᠯ ᠢ᠋ ᠰᠠᠢᠲᠤᠷ ᠡᠷᠬᠢᠯᠡᠬᠦ ᠬᠠᠷᠢᠭᠤᠴᠠᠯᠭᠠᠲᠤ ᠰᠡᠳᠭᠢᠯᠭᠡ ᠪᠣᠯᠤᠨ ᠡᠭᠦᠷᠭᠡᠲᠦ ᠪᠤᠳᠤᠯ᠎ᠢ ᠬᠦᠭᠵᠢᠬᠡᠯ᠎ᠠ᠃ ᠦᠨᠳᠦᠰᠦᠨ ᠱᠠᠲᠤᠨ ᠤ᠋ ᠰᠤᠷᠭᠠᠨ ᠬᠥᠮᠦᠵᠢᠯ᠎ᠦ᠋ᠨ ᠠᠵᠢᠯᠲᠠᠨ ᠪᠤᠯᠤᠬᠰᠠᠨ ᠤ᠋ ᠬᠤᠪᠢ᠎ᠳ᠋ᠤ᠌᠂ ᠡᠨᠡ ᠬᠡᠳᠦᠨ ᠵᠢᠯ᠎ᠦ᠋ᠨ ᠰᠤᠷᠭᠠᠭᠤᠯᠢ ᠵᠢᠨ ᠬᠤᠪᠢᠷᠠᠯᠲᠠ᠎ᠳᠤ ᠬᠦᠨ ᠲᠦᠷᠦᠭᠳᠡᠯ ᠲᠠᠢ ᠪᠠᠢᠭ᠎ᠠ ᠶᠤᠮ᠂ ᠤᠨᠴᠠᠭᠠᠢᠯᠠᠨ ᠵᠠᠷᠢᠮ ᠬᠠᠲᠠᠭᠤ ᠳᠤᠨᠤᠭ᠂ ᠰᠤᠷᠭᠠᠨ ᠬᠥᠮᠦᠵᠢᠯ᠎ᠦ᠋ᠨ ᠮᠡᠳᠡᠭᠡ ᠵᠠᠩᠭᠢᠵᠢᠯᠲᠠ ᠵᠢᠨ ᠳᠡᠰ ᠳᠡᠪᠰᠢᠭᠰᠡᠨ ᠥᠭᠡᠷᠡᠴᠢᠯᠡᠯᠲᠡ ᠨᠢ ᠰᠤᠷᠤᠭᠴᠢᠳ ᠤ᠋ᠨ ᠰᠤᠷᠤᠯᠴᠠᠬᠤ ᠨᠥᠬᠥᠴᠡᠯ ᠪᠣᠯᠤᠨ ᠣᠷᠴᠢᠨ ᠳᠤᠭᠤᠷᠢᠨ ᠢ᠋ ᠶᠡᠬᠡ᠎ᠪᠡᠷ ᠰᠠᠢᠵᠢᠷᠠᠭᠤᠯᠤᠭᠰᠠᠨ ᠪᠠᠢᠨ᠎ᠠ᠂ ᠱᠢᠨ᠎ᠡ ᠴᠠᠭ ᠦᠶ᠎ᠡ ᠡᠴᠡ ᠰᠤᠷᠭᠠᠨ ᠬᠥᠮᠦᠵᠢᠯ᠎ᠦ᠋ᠨ ᠠᠵᠢᠯᠲᠠᠳ ᠲᠦ᠍ ᠱᠢᠨ᠎ᠡ ᠡᠭᠦᠷᠭᠡ ᠲᠤᠰᠢᠶᠠᠯ᠎ᠠ᠂ ᠪᠢᠳᠡ ᠨᠠᠮ ᠤ᠋ᠨ ᠲᠥᠯᠥᠭᠡ ᠬᠥᠮᠦᠨ ᠬᠥᠮᠦᠵᠢᠭᠦᠯᠬᠦ ᠂ ᠤᠯᠤᠰ ᠤ᠋ᠨ ᠲᠥᠯᠥᠭᠡ ᠴᠢᠳᠠᠪᠤᠷᠢᠲᠠᠨ ᠬᠥᠮᠦᠵᠢᠭᠦᠯᠬᠦ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠱᠢᠨ᠎ᠡ ᠴᠠᠭ ᠦᠶ᠎ᠡ ᠵᠢᠨ ᠰᠤᠷᠭᠠᠨ ᠬᠥᠮᠦᠵᠢᠯ᠎ᠦ᠋ᠨ ᠬᠠᠷᠢᠭᠤᠯᠲᠠ ᠵᠢᠨ ᠬᠠᠭᠤᠳᠠᠰᠤ ᠵᠢ ᠪᠦᠷᠢᠨ ᠰᠠᠢᠨ ᠲᠤᠰᠢᠶᠠᠨ᠎ᠠ》 ᠭᠡᠵᠤ ᠪᠤᠳᠤᠯ᠎ᠵᠢᠡᠨ ᠲᠠᠯᠭᠡᠯ᠎ᠠ ᠃

ᠪᠤᠭᠤᠲᠤ ᠬᠣᠲᠠ ᠵᠢᠨ ᠬᠥᠨᠳᠡᠯᠡᠨ ᠲᠣᠭᠣᠷᠢᠭ ᠤ᠋ᠨ ᠬᠠᠲᠤᠨ ᠭᠣᠣᠯ ᠪᠠᠷᠠᠭᠤᠨ ᠵᠠᠮ ᠵᠡᠭᠡᠯᠢ ᠭᠤᠳᠤᠮᠵᠢ ᠵᠢᠨ ᠨᠥᠬᠥᠷᠰᠡᠭ ᠠᠷᠪᠠ ᠶᠢᠰᠦ ᠲᠦᠷᠪᠡ ᠨᠡᠢᠭᠡᠮ ᠲᠤᠭᠤᠷᠢᠭ᠎ᠤᠨ ᠨᠠᠮ ᠤ᠋ᠨ ᠬᠣᠷᠢᠢ᠎ᠠ ᠵᠢᠨ ᠱᠦᠵᠢ᠂ ᠡᠷᠬᠢᠯᠡᠭᠴᠢ ᠦ᠋ ᠱᠢᠦ ᠹᠧᠩ᠄ 《ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠤᠳᠠᠭ᠎ᠠ ᠵᠢᠨ ᠨᠠᠮ ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ ᠪᠣᠯ 〈ᠬᠣᠣᠰ ᠵᠠᠭᠤᠨ ᠵᠢᠯ〉᠎ᠦ᠋ᠨ ᠲᠡᠦᠬᠡ ᠵᠢᠨ ᠠᠭᠤᠯᠵᠠᠷ᠎ᠤ᠋ᠨ ᠬᠤᠭᠤᠴᠠᠭᠠᠨ᠎ᠳ᠋ᠤ᠌ ᠬᠤᠷᠠᠯᠳᠤᠭᠤᠯᠤᠭᠰᠠᠨ ᠨᠢᠭᠡ ᠤᠳᠠᠭ᠎ᠠ ᠵᠢᠨ ᠮᠠᠰᠢ ᠴᠢᠬᠤᠯᠠ ᠬᠤᠷᠠᠯ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ᠋ ᠱᠢᠨ᠎ᠡ ᠨᠢᠭᠡ ᠬᠤᠭᠤᠴᠠᠭᠠᠨ ᠤ᠋ ᠨᠠᠮ ᠤ᠋ᠨ ᠬᠣᠷᠢᠢ᠎ᠠ ᠵᠢᠨ ᠤᠳᠤᠷᠢᠳᠬᠤ ᠪᠠᠭ ᠯᠠᠪᠲᠠᠢ ᠪᠦᠬᠦ ᠣᠷᠣᠨ ᠤ᠋ ᠦᠨᠳᠦᠰᠦᠲᠡᠨ᠎ᠨᠦ᠍ᠭᠦᠳ᠎ᠦ᠋ᠨ ᠠᠷᠠᠳ ᠲᠦᠮᠡᠨ ᠢ᠋ ᠳᠠᠭᠠᠭᠤᠯᠤᠨ ᠱᠢᠨ᠎ᠡ ᠠᠶᠠᠨ ᠵᠠᠮ᠎ᠳ᠋ᠠᠭᠠᠨ ᠥᠪᠥᠷ ᠮᠣᠩᠭᠣᠯ ᠤ᠋ᠨ ᠥᠨᠢ ᠤᠳᠠᠭᠠᠨ ᠠᠮᠤᠷ ᠳᠤᠭᠳᠠᠭᠤᠨ ᠪᠠᠢᠬᠤ ᠪᠠ ᠴᠢᠨᠠᠷ ᠰᠠᠢᠲᠠᠢ ᠬᠥᠭᠵᠢᠯᠲᠡ ᠵᠢ ᠰᠢᠨ᠎ᠡ ᠨᠢᠭᠡ ᠳᠡᠭᠲᠡᠷ᠎ᠲᠦ᠍ ᠭᠠᠷᠭᠠᠬᠤ ᠪᠡᠷ ᠬᠦᠴᠤᠯᠠᠨ ᠴᠢᠷᠮᠠᠢᠨ᠎ᠠ ᠭᠡᠳᠡᠭ ᠢ᠋ ᠪᠠᠲᠤ ᠢᠲᠡᠭᠡᠵᠦ ᠪᠠᠢᠨ᠎ᠠ᠃ ᠨᠡᠢᠭᠡᠮ ᠲᠣᠭᠣᠷᠢᠭ ᠤ᠋ᠨ ᠠᠵᠢᠯᠲᠠᠨ ᠪᠣᠯᠤᠭᠰᠠᠨ ᠤ᠋ ᠬᠤᠪᠢ᠎ᠳ᠋ᠤ᠌᠂ ᠪᠢ ᠡᠨᠡ ᠭᠡᠳᠤᠨ ᠵᠢᠯ ᠤᠯᠠᠨ ᠲᠦᠮᠡᠨ᠎ᠤ ᠠᠮᠢᠳᠤᠷᠠᠯ ᠤ᠋ᠨ ᠬᠤᠪᠢᠷᠠᠯᠲᠠ ᠵᠢ ᠪᠠᠶᠠᠴᠢᠯᠠᠨ ᠤᠢᠯᠠᠭᠠᠵᠠᠢ᠂ ᠮᠠᠨ ᠤ᠋ ᠨᠡᠢᠭᠡᠮ ᠲᠣᠭᠣᠷᠢᠭ ᠬᠠᠭᠤᠴᠢᠨ ᠰᠠᠭᠤᠭᠠᠯᠢ ᠲᠣᠭᠣᠷᠢᠭ᠎ᠢ ᠰᠢᠨᠡᠳᠭᠡᠨ ᠵᠠᠰᠠᠬᠤ ᠲᠠᠯ᠎ᠠ ᠪᠡᠷ᠂ ᠬᠡᠦᠬᠡᠳ᠎ᠦ᠋ᠨ ᠴᠡᠩᠭᠡᠯ᠎ᠦ᠋ᠨ ᠬᠦᠷᠢᠶᠡᠯᠡᠩ᠂ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ᠂ ᠴᠡᠴᠡᠷᠯᠢᠭ ᠵᠡᠷᠭᠡ ᠵᠢ ᠰᠢᠨ᠎ᠠ ᠪᠡᠷ ᠪᠠᠢᠭᠤᠯᠪᠠ᠃ ᠨᠡᠢᠭᠡᠮ ᠲᠣᠭᠣᠷᠢᠭ ᠤ᠋ᠨ ᠬᠥᠮᠦᠰ᠎ᠦ᠋ᠨ ᠬᠦᠴᠦᠨ᠎ᠦ᠌ ᠲᠠᠰᠤᠷᠠᠯᠲᠠ ᠥᠬᠡᠢ ᠴᠢᠩᠭᠠᠷᠠᠬᠤ᠎ᠵᠢ᠎ᠳᠠᠭᠠᠯᠳᠤᠨ᠂ ᠨᠡᠢᠭᠡᠮ ᠲᠣᠭᠣᠷᠢᠭ ᠤ᠋ᠨ ᠨᠠᠷᠢᠯᠢᠭᠵᠢᠭᠤᠯᠤᠨ ᠳᠤᠤᠷᠵᠢᠭᠤᠯᠤᠭᠰᠠᠨ ᠵᠠᠰᠠᠯᠲᠠ ᠵᠢᠨ ᠲᠦᠪᠱᠢᠨ ᠴᠦ᠍ ᠦᠷᠭᠦᠯᠵᠢᠯᠡᠨ ᠳᠡᠭᠡᠭᠱᠢᠯᠡᠵᠦ᠂ ᠰᠠᠭᠤᠭᠠᠯᠢ ᠠᠷᠠᠳ ᠤ᠋ᠨ ᠵᠢᠷᠭᠠᠯᠳᠤ ᠲᠦᠷᠦᠭᠳᠡᠯ ᠪᠠ ᠠᠮᠤᠷ ᠲᠦᠪᠱᠢᠨ᠎ᠦ᠌ ᠲᠦᠷᠦᠭᠳᠡᠯ ᠂ ᠬᠦᠷᠲᠡᠮᠵᠢ ᠵᠢᠨ ᠲᠦᠷᠦᠭᠳᠡᠯ ᠲᠠᠰᠤᠷᠠᠯᠲᠠ ᠥᠬᠡᠢ ᠨᠡᠮᠡᠭᠳᠡᠵᠦ ᠪᠠᠢᠨ᠎ᠠ 》 ᠭᠡᠵᠤ ᠰᠡᠳᠬᠢᠯ᠎ᠤᠨ ᠦᠭᠡ ᠪᠠᠨ ᠠᠭᠤᠳᠠᠯᠤᠨ᠎ᠠ᠃

《ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠤᠳᠠᠭ᠎ᠠ ᠵᠢᠨ ᠨᠠᠮ ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ᠎ᠠ᠋ᠴᠠ᠂ ᠥᠪᠥᠷ ᠮᠣᠩᠭᠣᠯ ᠡᠷᠬᠡᠪᠱᠢ ᠤᠯᠤᠰ ᠤ᠋ᠨ ᠡᠨᠧᠷᠭᠢ ᠵᠢᠨ ᠠᠮᠤᠷ ᠲᠦᠪᠱᠢᠨ᠂ ᠠᠮᠤ ᠪᠤᠳᠠᠭᠠᠨ ᠤ᠋ ᠠᠮᠤᠷ ᠲᠦᠪᠱᠢᠨ᠂ ᠠᠵᠤ ᠦᠢᠯᠡᠰ᠎ᠦ᠋ᠨ ᠠᠮᠤᠷ ᠲᠦᠪᠱᠢᠨ ᠢ᠋ ᠪᠠᠲᠤᠯᠠᠬᠤ ᠴᠢᠬᠤᠯᠠ ᠶᠡᠬᠡ ᠤᠯᠤᠰ ᠲᠥᠷᠥ ᠵᠢᠨ ᠬᠠᠷᠢᠭᠤᠴᠠᠯᠭ᠎ᠠ ᠵᠢ ᠡᠭᠦᠷᠭᠡᠯᠡᠵᠦ ᠰᠠᠢᠲᠤᠷ ᠭᠦᠢᠴᠡᠳᠭᠡᠨ᠂ ᠤᠯᠤᠰ᠎ᠲᠤ᠌ ᠨᠡᠩ ᠲᠣᠭᠲᠠᠭᠤᠨ᠂ ᠨᠡᠩ ᠠᠮᠤᠷ ᠲᠦᠪᠱᠢᠨ᠂ ᠨᠡᠩ ᠣᠯᠠᠨ ᠪᠣᠬᠢᠷᠲᠤᠯ ᠦᠭᠡᠢ ᠡᠨᠧᠷᠭᠢ ᠪᠣᠯᠤᠨ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭᠳᠡᠬᠦᠨ ᠢ᠋ ᠬᠠᠩᠭᠠᠬᠤ ᠬᠡᠷᠡᠭᠲᠡᠢ ᠭᠡᠵᠦ ᠵᠢᠭᠠᠵᠦ ᠭᠠᠷᠭᠠᠪᠠ᠃ ᠴᠤᠤᠯ ᠶᠢᠨ ᠵᠦ᠍ ᠠᠮᠤ ᠪᠤᠳᠠᠭᠠᠨ᠎ᠤ ᠦᠢᠯᠡᠰ ᠨᠢ ᠲᠦᠷᠦᠬᠦᠦ ᠪᠦᠯᠦᠭ 〈ᠥᠪᠥᠷ ᠮᠤᠩᠭᠤᠯ〉 ᠳᠡᠮᠳᠡᠭ᠎ᠢ ᠤᠯᠤᠬᠰᠠᠨ ᠠᠵᠤ ᠠᠬᠤᠢᠯᠠᠯ ᠪᠣᠯᠤᠭᠰᠠᠨ ᠤ᠋ ᠬᠤᠪᠢ᠎ᠳ᠋ᠤ᠌ ᠂ ᠶᠠᠰᠤ ᠴᠢᠨᠠᠷ ᠢ᠋ ᠳᠡᠭᠡᠭᠱᠢᠯᠡᠭᠦᠯᠬᠦ ᠡᠷᠴᠢᠮ᠎ᠢ᠋ᠢᠡᠨ ᠴᠢᠩᠭᠠᠷᠠᠭᠤᠯᠤᠨ᠂ ᠱᠢᠨ᠎ᠡ ᠵᠢ ᠡᠭᠦᠳᠬᠦ ᠲᠠᠯ᠎ᠠ ᠪᠡᠷ ᠠᠷᠭ᠎ᠠ ᠤᠬᠠᠭᠠᠨ ᠭᠠᠷᠭᠠᠵᠦ ᠂ 〈ᠥᠪᠥᠷ ᠮᠣᠩᠭᠣᠯ ᠤ᠋ᠨ ᠦᠢᠯᠡᠳᠭᠡᠯ〉ᠦ᠋ᠨ ᠨᠠᠷ᠎ᠠ ᠠᠯᠳᠠᠷᠰᠢᠯ᠎ᠢ ᠨᠠᠡᠭ ᠪᠠᠳᠠᠷᠠᠭᠤᠯᠤᠨ᠎ᠠ》 ᠭᠡᠵᠤ ᠵᠠᠯᠠᠢᠳ ᠬᠤᠱᠢᠭᠤᠨ ᠤ᠋ ᠴᠤᠤᠯ ᠶᠢᠨ ᠵᠦ᠍ ᠠᠮᠤ ᠪᠤᠳᠠᠭᠠᠨ᠎ᠤ ᠦᠢᠯᠡᠰ ᠎ᠦ᠋ᠨ ᠬᠢᠵᠠᠭᠠᠷᠲᠤ ᠺᠣᠮᠫᠠᠨᠢ ᠵᠢᠨ ᠬᠡᠷᠡᠭ ᠮᠡᠳᠡᠭᠴᠢᠳ᠎ᠦ᠋ᠨ ᠳᠠᠷᠤᠭ᠎ᠠ ᠫᠢᠶᠣᠣ ᠴᠧᠩ ᠺᠦᠢ ᠭᠡᠯᠡᠨ᠎ᠠ᠃

ᠤᠷᠠᠳ ᠤ᠋ᠨ ᠳᠤᠮᠳᠠᠳᠤ ᠬᠤᠱᠢᠭᠤᠨ ᠤ᠋ ᠤᠩᠭᠤᠨ ᠪᠠᠯᠭᠠᠰᠤᠨ ᠤ᠋ ᠱᠢᠷ᠎ᠠ ᠴᠢᠯᠠᠭᠤ ᠭᠠᠴᠠᠭ᠎ᠠ ᠵᠢᠨ ᠮᠠᠯᠴᠢᠨ ᠤᠳᠤᠨᠴᠡᠴᠡᠭ᠎ᠦ᠋ᠨ ᠬᠢᠨ ᠵᠡᠷᠭᠡᠯᠡᠳᠡᠭᠡ ᠠᠢᠯ ᠤ᠋ᠨ ᠬᠢᠨ᠎ᠲᠡᠢ᠎ᠪᠡᠨ ᠥᠷᠯᠥᠭᠡ ᠡᠷᠳᠡ ᠲᠧᠯᠸᠢᠰ᠎ᠦ᠋ᠨ᠎ᠵᠢᠡᠨ ᠡᠮᠦᠨ᠎ᠡ ᠰᠠᠭᠤᠵᠠᠭᠠᠵᠤ᠂ ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠤᠳᠠᠭ᠎ᠠ ᠵᠢᠨ ᠨᠠᠮ ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ ᠤ᠋ᠨ ᠡᠬᠢᠯᠡᠬᠦ ᠶᠤᠰᠤᠯᠠᠯ᠎ᠤᠨ ᠦᠪᠡᠳᠡᠭᠱᠢ ᠪᠠᠢᠳᠠᠯ ᠢ᠋ ᠬᠦᠯᠢᠶᠡᠨ ᠠᠪᠴᠤ ᠦᠵᠡᠭᠡᠳ ᠤᠮᠤᠭᠰᠢᠨ ᠪᠠᠶᠠᠰᠤᠯᠴᠠᠨ᠎ᠠ᠃ 2016 ᠣᠨ᠎ᠳ᠋ᠤ᠌᠂ ᠤᠳᠤᠨᠴᠡᠴᠡᠭ᠎ᠦ᠋ᠨ ᠬᠢᠨ ᠮᠠᠯᠵᠢᠬᠤ ᠣᠷᠣᠨ᠎ᠠ᠋ᠴᠠ ᠭᠠᠴᠠᠭᠠᠨ ᠤ᠋ ᠱᠢᠨ᠎ᠡ ᠲᠣᠰᠭᠣᠨ᠎ᠳ᠋ᠤ᠌ ᠨᠡᠭᠦᠨ ᠰᠠᠭᠤᠷᠢᠱᠢᠵᠤ᠂ ᠡᠭᠦᠯᠳᠡᠷ ᠰᠠᠢᠵᠢᠷᠠᠭᠤᠯᠤᠭᠰᠠᠨ ᠪᠠ ᠮᠧᠢ ᠮᠢᠬᠠᠨ ᠤ᠋ ᠬᠣᠨᠢ ᠵᠢ ᠣᠷᠣᠭᠤᠯᠤᠨ ᠠᠪᠴᠢᠷᠠᠵᠤ ᠲᠠᠵᠢᠭᠡᠪᠠ᠃ ᠤᠳᠤ ᠬᠠᠱᠢᠶ᠎ᠠ ᠰᠠᠷᠠᠪᠴᠢ ᠵᠢᠨ ᠲᠥᠬᠥᠭᠡᠷᠦᠮᠵᠢ ᠡᠴᠡ ᠣᠷᠣᠱᠢᠨ ᠰᠠᠭᠤᠷᠢᠰᠢᠬᠤ ᠣᠷᠴᠢᠨ ᠳᠤᠭᠤᠷᠢᠨ ᠵᠡᠷᠭᠡ ᠲᠠᠯ᠎ᠠ ᠪᠡᠷ ᠮᠠᠰᠢ ᠶᠡᠬᠡ ᠰᠠᠢᠵᠢᠷᠠᠵᠠᠢ᠃ ᠲᠡᠷᠡ᠄ 《ᠨᠠᠮ ᠵᠠᠰᠠᠭ ᠤ᠋ᠨ ᠬᠠᠯᠠᠮᠵᠢᠯᠠᠯ ᠳᠤᠤᠷ᠎ᠠ᠂ ᠡᠨᠡ ᠬᠣᠶᠠᠷ ᠵᠢᠯ ᠮᠠᠨ ᠤ᠋ ᠠᠮᠢᠳᠤᠷᠠᠯ ᠤ᠋ᠨ ᠲᠦᠪᠱᠢᠨ ᠮᠡᠳᠡᠭᠳᠡᠮ᠎ᠡ ᠳᠡᠭᠡᠭᠱᠢᠯᠡᠵᠦ᠂ ᠱᠢᠨ᠎ᠡ ᠲᠣᠰᠭᠣᠨ ᠤ᠋ ᠣᠷᠣᠨ ᠰᠠᠭᠤᠴᠠ᠂ ᠲᠡᠵᠢᠭᠡᠨ ᠦᠷᠡᠵᠢᠭᠦᠯᠬᠦ ᠲᠥᠬᠥᠭᠡᠷᠦᠮᠵᠢ ᠴᠥᠮ ᠨᠡᠯᠢᠶᠡᠳ ᠰᠠᠢᠵᠢᠷᠠᠯ᠎ᠠ᠂ ᠱᠢᠨ᠎ᠡ ᠴᠠᠭ ᠦᠶ᠎ᠡ ᠵᠢᠨ ᠮᠠᠯᠴᠢᠨ ᠪᠣᠯᠤᠭᠰᠠᠨ ᠤ᠋ ᠬᠤᠪᠢ᠎ᠳ᠋ᠤ᠌᠂ ᠬᠣᠢᠱᠢᠳᠠ ᠱᠢᠨᠵᠢᠯᠡᠬᠦ ᠤᠬᠠᠭᠠᠨᠴᠢ ᠪᠡᠷ ᠲᠡᠵᠢᠭᠡᠨ ᠦᠷᠡᠵᠢᠭᠦᠯᠵᠦ᠂ ᠶᠠᠰᠤ ᠴᠢᠨᠠᠷ ᠢ᠋ ᠬᠥᠭᠡᠭᠡᠴᠡᠯᠳᠦᠨ᠂ ᠦᠷ᠎ᠡ ᠠᠱᠢᠭ ᠢ᠋ ᠳᠡᠭᠡᠭᠱᠢᠯᠡᠭᠦᠯᠵᠦ᠂ ᠨᠤᠳᠤᠭ ᠪᠠᠯᠴᠢᠭᠡᠷ᠎ᠤᠨ ᠠᠮᠢ ᠠᠬᠤᠢ ᠵᠢ ᠨᠠᠡᠭ ᠰᠠᠢᠲᠤᠷ ᠬᠠᠮᠠᠭᠠᠯᠠᠬᠤ ᠶᠤᠮ》 ᠭᠡᠵᠦ ᠰᠡᠳᠭᠢᠯ ᠳᠣᠭᠳᠣᠯᠤᠨ ᠭᠡᠯᠠᠯ᠎ᠠ᠃

ᠦᠬᠠᠢ ᠬᠣᠲᠠ ᠵᠢᠨ ᠬᠠᠢᠨᠠᠨ ᠲᠣᠭᠣᠷᠢᠭ ᠤ᠋ᠨ ᠷᠠᠰᠠᠩ ᠳᠤᠮᠳᠠ ᠵᠡᠭᠡᠯᠢ ᠭᠤᠳᠤᠮᠵᠢ ᠵᠢᠨ ᠽᠧ ᠶᠤᠸᠠᠨ ᠨᠡᠢᠭᠡᠮ ᠲᠣᠭᠣᠷᠢᠭ ᠤ᠋ᠨ ᠨᠠᠮ ᠤ᠋ᠨ ᠬᠣᠷᠢᠢ᠎ᠠ ᠵᠢᠨ ᠱᠦᠵᠢ ᠶᠤᠸᠠᠨ ᠯᠢᠩ᠄《ᠨᠡᠢᠭᠡᠮ ᠲᠣᠭᠣᠷᠢᠭ ᠤ᠋ᠨ ᠱᠦᠵᠢ ᠪᠣᠯᠤᠭᠰᠠᠨ ᠤ᠋ ᠬᠤᠪᠢ᠎ᠳ᠋ᠤ᠌᠂ ᠪᠢᠳᠡ ᠨᠠᠮ ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ ᠤ᠋ᠨ ᠵᠣᠷᠢᠭ ᠰᠠᠨᠠᠭ᠎ᠠ ᠵᠢ ᠡᠷᠡᠰ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠨᠠᠮ ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ᠎ᠠ᠋ᠴᠠ ᠲᠣᠭᠲᠠᠭᠠᠭᠰᠠᠨ ᠡᠯ᠎ᠡ ᠵᠦᠢᠯ᠎ᠦ᠋ᠨ ᠬᠠᠷᠠᠯᠲᠠ ᠡᠭᠦᠷᠭᠡ ᠵᠢ ᠦᠨᠳᠦᠰᠦᠨ ᠱᠠᠲᠤᠨ ᠤ᠋ ᠨᠡᠢᠭᠡᠮ ᠲᠣᠭᠣᠷᠢᠭ᠎ᠲᠤ᠌ ᠲᠤᠭᠤᠰᠢᠳᠠᠢ ᠨᠠᠢᠳᠠᠪᠤᠷᠢᠵᠢᠭᠤᠯᠤᠨ᠎ᠠ》ᠭᠡᠨ᠎ᠠ᠃ ᠲᠡᠷᠡ᠂ ᠣᠯᠠᠨ ᠵᠢᠯ᠎ᠦ᠋ᠨ ᠲᠤᠷᠱᠢ᠂ ᠪᠢᠳᠡ ᠠᠷᠠᠳ ᠲᠦᠮᠡᠨ ᠳ᠋ᠤ ᠦᠢᠯᠡᠴᠢᠯᠡᠬᠦ ᠠᠵᠢᠯ ᠢ᠋ ᠢᠳᠡᠪᠬᠢᠲᠡᠢ ᠰᠠᠢᠲᠤᠷ ᠬᠢᠵᠦ᠂ ᠨᠡᠢᠭᠡᠮ ᠲᠣᠭᠣᠷᠢᠭ᠎ᠲᠤ᠌ ᠨᠠᠮ ᠤ᠋ᠨ ᠪᠠᠢᠭᠤᠯᠤᠯᠲᠠ ᠵᠢᠨ ᠠᠵᠢᠯ ᠤ᠋ᠨ ᠲᠥᠪ᠂ ᠨᠡᠢᠭᠡᠮ᠎ᠦ᠋ᠨ ᠵᠠᠰᠠᠯᠲᠠ ᠵᠢᠨ ᠲᠥᠪ᠂ ᠣᠯᠠᠨ ᠲᠦᠮᠡᠨ ᠳ᠋ᠤ ᠦᠢᠯᠡᠴᠢᠯᠡᠬᠦ ᠲᠥᠪ ᠢ᠋ ᠪᠠᠢᠭᠤᠯᠵᠤ᠂ ᠣᠯᠠᠨ ᠲᠦᠮᠡᠨ ᠳ᠋ᠤ ᠦᠢᠯᠡᠴᠢᠯᠡᠬᠦ᠂ ᠵᠥᠷᠢᠴᠡᠯ ᠢ᠋ ᠡᠶᠡᠳᠡᠬᠦᠯᠬᠦ᠂ ᠬᠦᠴᠢᠷ ᠵᠣᠪᠠᠭᠤᠷᠢ ᠵᠢ ᠱᠢᠢᠳᠪᠦᠷᠢᠯᠡᠬᠦ ᠵᠢ ᠲᠣᠣᠷᠵᠢᠯ ᠪᠦᠷᠢ ᠳ᠋ᠤ ᠬᠦᠷᠲᠡᠯ᠎ᠡ ᠨᠠᠷᠢᠯᠢᠭᠵᠢᠭᠤᠯᠵᠤ᠂ ᠨᠡᠢᠭᠡᠮ ᠲᠣᠭᠣᠷᠢᠭ ᠤ᠋ᠨ ᠰᠠᠢᠨ ᠳᠤᠷ᠎ᠠ ᠵᠢᠨ ᠦᠢᠯᠡᠴᠢᠯᠡᠭᠡ᠎ᠵᠢ ᠰᠠᠢᠳᠤᠷ ᠬᠢᠵᠤ᠂ ᠨᠡᠢᠭᠡᠮ ᠲᠣᠭᠣᠷᠢᠭ ᠤ᠋ᠨ ᠬᠠᠮᠢᠶᠠᠷᠤᠯᠲᠠ᠎ᠵᠢ ᠴᠢᠡᠭᠭᠠᠳᠬᠠᠨ᠂ ᠰᠠᠭᠤᠭᠠᠯᠢ ᠠᠷᠠᠳ ᠤ᠋ᠨ ᠬᠦᠰᠡᠯ ᠱᠠᠭᠠᠷᠳᠠᠯᠭ᠎ᠠ ᠎ᠵᠢ ᠬᠠᠡᠭᠭᠠᠵᠠᠢ᠃ ᠬᠣᠢᠱᠢᠳᠠ ᠪᠢᠳᠡ ᠨᠡᠢᠭᠡᠮ ᠲᠣᠭᠣᠷᠢᠭ ᠤ᠋ᠨ ᠶᠠᠪᠤᠳᠠᠯ ᠂ ᠣᠯᠠᠨ ᠲᠦᠮᠡᠨ᠎ᠦ᠌ ᠶᠠᠪᠤᠳᠠᠯ ᠳ᠋ᠤ ᠦᠷᠭᠦᠯᠵᠢᠯᠡᠨ ᠠᠡᠭᠬᠠᠷᠤᠯ᠎ᠵᠢᠡᠨ ᠲᠦᠪᠯᠡᠷᠡᠬᠦᠯᠵᠤ᠂ ᠣᠯᠠᠨ ᠲᠦᠮᠡᠨ᠎ᠤ ᠵᠢᠷᠭᠠᠯᠳᠦ ᠲᠦᠷᠦᠭᠳᠡᠯ ᠬᠠᠨᠤᠮᠵᠢ ᠵᠢᠨ ᠬᠡᠮᠵᠢᠶ᠎ᠡ ᠵᠢ ᠦᠷᠭᠦᠯᠵᠢᠯᠡᠨ ᠳᠡᠭᠡᠭᠱᠢᠯᠡᠭᠦᠯᠦᠨ᠎ᠡ ᠭᠡᠪᠡ ᠃

ᠬᠦᠷᠢᠢ᠎ᠡ ᠬᠤᠱᠢᠭᠤᠨ ᠤ᠋ ᠹᠦ ᠶᠤᠸᠠᠨ ᠰᠧ ᠨᠡᠢᠭᠡᠮ ᠲᠣᠭᠣᠷᠢᠭ ᠤ᠋ᠨ ᠨᠠᠮ ᠤ᠋ᠨ ᠬᠣᠷᠢᠢ᠎ᠠ ᠵᠢᠨ ᠱᠦᠵᠢ ᠴᠧᠨ ᠯᠢ ᠨᠠ᠄《ᠢᠯᠡᠳᠭᠡᠯ ᠨᠢ ᠬᠥᠮᠦᠰ᠎ᠦ᠋ᠨ ᠰᠡᠳᠭᠢᠯ ᠢ᠋ ᠤᠷᠮᠠᠰᠢᠭᠤᠯᠤᠨ ᠵᠤᠷᠢᠭ᠎ᠢ ᠬᠦᠪᠴᠢᠯᠡᠵᠤ᠂ ᠮᠠᠨ ᠤ᠋ ᠢᠷᠡᠭᠡᠳᠦᠢ ᠵᠢᠨ ᠬᠥᠭᠵᠢᠯᠲᠡ ᠎ᠵᠢᠨ ᠴᠢᠭᠯᠡᠯ ᠢ᠋ ᠲᠣᠳᠣᠷᠬᠠᠢ ᠵᠢᠭᠠᠵᠤ ᠥᠭᠴᠡᠢ᠃ ᠦᠨᠳᠦᠰᠦᠨ ᠱᠠᠲᠤᠨ ᠤ᠋ ᠨᠠᠮ ᠤ᠋ᠨ ᠭᠡᠱᠢᠭᠦᠨ ᠺᠠᠳ᠋ᠷ ᠪᠣᠯᠤᠭᠰᠠᠨ ᠤ᠋ ᠬᠤᠪᠢ᠎ᠳ᠋ᠤ᠌ ᠂ ᠲᠤᠬᠠᠢᠯᠠᠭᠰᠠᠨ ᠠᠵᠢᠯ ᠢ᠋ᠶ᠋ᠠᠨ ᠯᠠᠪᠳᠠᠭᠤᠨ ᠪᠠᠲᠤᠲᠠᠢ ᠰᠠᠢᠲᠤᠷ ᠬᠢᠵᠦ ᠂ ᠣᠯᠠᠨ ᠲᠦᠮᠡᠨ᠎ᠦ᠌ 〈ᠪᠠᠴᠢᠮᠳᠠᠵᠦ ᠳᠦᠪᠡᠭᠳᠡᠵᠦ ᠵᠤᠪᠠᠨᠢᠵᠦ ᠬᠦᠰᠡᠵᠦ〉ᠪᠠᠢᠭ᠎ᠠ ᠵᠦᠢᠯ ᠎ᠳ᠋ᠤ ᠨᠡᠩ ᠰᠡᠳᠭᠢᠯ ᠲᠠᠯᠪᠢᠨ ᠪᠦᠬᠦ ᠰᠡᠳᠬᠢᠯ ᠪᠦᠬᠦ ᠵᠤᠷᠢᠭ᠎ᠵᠢᠡᠷ ᠬᠦᠴᠤᠯᠠᠨ ᠱᠢᠢᠳᠪᠦᠷᠢᠯᠡᠵᠦ᠂ ᠦᠨᠳᠦᠰᠦᠲᠡᠨ᠎ᠨᠦ᠍ᠭᠦᠳ᠎ᠦ᠋ᠨ ᠣᠯᠠᠨ ᠲᠦᠮᠡᠨ ᠳ᠋ᠤ ᠨᠠᠮ ᠤ᠋ᠨ ᠠᠷᠠᠳ᠎ᠲᠤ᠌ ᠠᠱᠢᠭ ᠬᠦᠷᠲᠡᠭᠡᠬᠦ ᠲᠥᠷᠥ ᠵᠢᠨ ᠪᠣᠳᠣᠯᠭ᠎ᠠ ᠵᠢ ᠡᠳ᠋ᠯᠡᠬᠦᠯᠵᠤ᠂ ᠨᠠᠮ ᠤ᠋ᠨ ᠪᠠᠢᠭᠤᠯᠤᠯᠲᠠ ᠵᠢᠨ ᠠᠵᠢᠯ ᠢ᠋ᠶ᠋ᠠᠷ ᠭᠠᠷᠳᠠᠴᠠ ᠪᠣᠯᠭᠠᠨ᠂ ᠣᠯᠠᠨ ᠬᠡᠯᠪᠡᠷᠢ ᠵᠢᠨ ᠤᠬᠠᠭᠤᠯᠭ᠎ᠠ ᠪᠠ ᠰᠠᠢᠨ ᠳᠤᠷ᠎ᠠ ᠵᠢᠨ ᠦᠢᠯᠡᠴᠢᠯᠡᠭᠡ᠎ᠪᠡᠷ ᠳᠠᠮᠵᠢᠭᠤᠯᠤᠨ ᠂ ᠬᠠᠷᠢᠶ᠎ᠠ ᠣᠷᠣᠨ ᠤ᠋ ᠣᠯᠠᠨ ᠲᠦᠮᠡᠨ ᠳ᠋ᠤ ᠪᠦᠯᠬᠦᠮᠳᠡᠯ᠎ᠲᠡᠢ ᠡᠶ᠎ᠡ ᠵᠣᠬᠢᠴᠠᠡᠭᠭᠤᠢ ᠂ ᠠᠮᠤᠷ ᠲᠦᠪᠱᠢᠨ ᠲᠣᠭᠲᠠᠭᠤᠨ ᠠᠮᠢᠳᠤᠷᠠᠯ ᠎ᠤᠨ ᠤᠷᠴᠢᠨ ᠳᠤᠭᠤᠷᠢᠨ᠎ᠢ ᠪᠦᠷᠢᠯᠳᠤᠬᠦᠯᠵᠤ ᠦᠭᠬᠦᠨ᠎ᠠ》 ᠭᠡᠵᠤ ᠭᠡᠯᠡᠨ᠎ᠠ᠃

ᠡᠵᠡᠨ ᠬᠣᠷᠣᠭ᠎ᠠ ᠬᠤᠱᠢᠭᠤᠨ ᠤ᠋ ᠤᠯᠠᠭᠠᠨᠮᠦ᠋ᠷᠡᠨ ᠪᠠᠯᠭᠠᠰᠤᠨ ᠤ᠋ ᠨᠠᠮ ᠤ᠋ᠨ ᠬᠣᠷᠢᠢ᠎ᠠ ᠵᠢᠨ ᠱᠦᠵᠢ ᠭᠣᠣ ᠵᠦᠩ ᠴᠠᠩ᠄《ᠢᠯᠡᠳᠭᠡᠯ ᠳ᠋ᠤ ᠮᠠᠨ ᠤ᠋ ᠡᠬᠢ ᠪᠠᠶᠠᠯᠢᠭ ᠤ᠋ᠨ ᠬᠡᠯᠪᠡᠷᠢ ᠵᠢᠨ ᠭᠠᠵᠠᠷ ᠣᠷᠣᠨ ᠤ᠋ ᠬᠡᠯᠪᠡᠷᠢ᠎ᠪᠡᠨ ᠬᠤᠪᠢᠷᠠᠭᠤᠯᠤᠨ ᠬᠥᠭᠵᠢᠬᠦ ᠳ᠋ᠤ ᠱᠢᠨ᠎ᠡ ᠱᠠᠭᠠᠷᠳᠠᠯᠭ᠎ᠠ ᠳᠤᠷᠠᠳᠴᠠᠢ᠃ ᠪᠦᠬᠦ ᠣᠷᠣᠨ ᠤ᠋ ᠲᠦᠷᠦᠭᠦᠦ ᠪᠦᠯᠦᠭ ᠵᠠᠰᠠᠭ ᠵᠠᠬᠢᠷᠭᠠᠨ ᠤ᠋ ᠬᠠᠮᠢᠶᠠᠷᠤᠯᠲᠠ ᠵᠢᠨ ᠪᠠᠢᠭᠤᠯᠤᠮᠵᠢ ᠵᠢᠨ ᠦᠭᠡᠷᠡᠴᠢᠯᠡᠯᠳᠡ᠎ᠵᠢᠨ ᠳᠤᠷᠰᠢᠯᠳᠠ᠎ᠵᠢᠨ ᠴᠡᠭ ᠪᠤᠯᠤᠭᠰᠠᠨ᠎ᠤ ᠬᠤᠪᠢ᠎ᠳᠦ᠂ ᠪᠢᠳᠡ ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠤᠳᠠᠭ᠎ᠠ ᠵᠢᠨ ᠨᠠᠮ ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ ᠤ᠋ᠨ ᠵᠣᠷᠢᠭ ᠰᠠᠨᠠᠭ᠎ᠠ ᠪᠡᠷ ᠵᠢᠯᠣᠭᠣᠳᠤᠯᠭ᠎ᠠ ᠪᠣᠯᠭᠠᠵᠤ᠂ ᠨᠡᠭᠦᠷᠡᠰᠦᠲᠥ᠋ᠷᠥᠭᠴᠢ ᠪᠠᠭ᠎ᠠ ᠠᠵᠤ ᠠᠬᠤᠢ᠂ ᠬᠥᠳᠡᠭᠡ ᠲᠣᠰᠭᠣᠨ ᠢ᠋ ᠬᠥᠭᠵᠢᠭᠦᠯᠦᠨ ᠮᠠᠨᠳᠤᠭᠤᠯᠬᠤ᠂ ᠬᠣᠲᠠ ᠪᠠᠯᠭᠠᠰᠤᠨ ᠤ᠋ ᠪᠦᠲᠦᠭᠡᠨ ᠪᠠᠢᠭᠤᠯᠤᠯᠲᠠ᠂ ᠠᠷᠠᠳ ᠤ᠋ᠨ ᠠᠮᠢᠳᠤᠷᠠᠯ ᠤ᠋ᠨ ᠪᠠᠲᠤᠯᠠᠭ᠎ᠠ᠂ ᠬᠥᠮᠦᠰ᠎ᠦ᠋ᠨ ᠣᠷᠣᠱᠢᠨ ᠰᠠᠭᠤᠷᠢᠰᠢᠬᠤ ᠣᠷᠴᠢᠨ ᠲᠣᠭᠣᠷᠢᠨ ᠢ᠋ ᠰᠠᠢᠵᠢᠷᠠᠭᠤᠯᠬᠤ᠂ ᠱᠢᠨ᠎ᠡ ᠡᠨᠧᠷᠭᠢ ᠵᠢᠨ ᠠᠵᠤ ᠦᠢᠯᠡᠰ ᠢ᠋ ᠬᠥᠭᠵᠢᠭᠦᠯᠬᠦ ᠵᠡᠷᠭᠡ ᠲᠠᠯ᠎ᠠ᠎ᠳ᠋ᠤ᠌ ᠠᠩᠬᠠᠷᠤᠯ ᠢ᠋ᠶ᠋ᠠᠨ ᠲᠥᠪᠯᠡᠷᠡᠭᠦᠯᠦᠨ ᠱᠢᠨ᠎ᠡ ᠰᠡᠳᠭᠢᠴᠡ ᠵᠢ ᠰᠦᠪᠡᠭᠴᠢᠯᠡᠵᠦ᠂ ᠱᠢᠨ᠎ᠡ ᠵᠢᠳᠭᠦᠯ ᠴᠢᠷᠮᠠᠢᠯᠭ᠎ᠠ ᠭᠠᠷᠭᠠᠵᠤ᠂ ᠠᠷᠠᠳ ᠣᠯᠠᠨ ᠤ᠋ ᠵᠢᠷᠭᠠᠯᠳᠦ ᠲᠥᠷᠥᠭᠳᠡᠯ ᠪᠣᠯᠤᠨ ᠬᠠᠨᠤᠮᠵᠢ ᠵᠢᠨ ᠬᠡᠮᠵᠢᠢ᠎ᠡ ᠵᠢ ᠴᠢᠨᠠᠭᠱᠢᠳᠠ ᠳᠡᠭᠡᠭᠱᠢᠯᠡᠭᠦᠯᠤᠨ᠂ ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠤᠳᠠᠭ᠎ᠠ ᠵᠢᠨ ᠨᠠᠮ ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ ᠡᠴᠡ ᠵᠢᠷᠤᠭᠯᠠᠭᠰᠠᠨ ᠠᠤᠭ᠎ᠠ ᠵᠢᠷᠤᠭ ᠲᠥᠯᠥᠪᠯᠡᠭᠡ ᠵᠢ ᠦᠨᠡᠨ ᠬᠦ᠌ ᠰᠠᠢᠨ ᠰᠠᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠤᠨ᠎ᠠ》 ᠭᠡᠵᠦ ᠲᠥᠷᠥᠭᠳᠡᠯ᠎ᠢ᠋ᠢᠡᠨ ᠬᠤᠪᠢᠶᠠᠯᠴᠠᠵᠤ ᠭᠠᠷᠤᠯ᠎ᠠ᠃

ᠬᠥᠯᠥᠨ ᠪᠤᠢᠷ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠦᠢᠯᠡᠰ᠎ᠦ᠋ᠨ ᠬᠥᠭᠵᠢᠬᠦᠯᠤᠯᠳᠠ᠎ᠵᠢᠨ ᠲᠥᠪ᠎ᠦ᠋ᠨ ᠳᠡᠳ᠋ ᠡᠷᠬᠢᠯᠡᠭᠴᠢ ᠢᠦᠢ ᠵᠠᠨ ᠵᠦᠩ ᠄ 《ᠢᠯᠡᠳᠭᠡᠯ ᠳ᠋ᠤ ᠥᠪᠡᠷᠲᠡᠭᠡᠨ ᠵᠠᠰᠠᠬᠤ ᠣᠷᠣᠨ ᠤ᠋ ᠥᠩᠭᠡᠷᠡᠭᠰᠡᠨ ᠲᠠᠪᠤᠨ ᠵᠢᠯ᠎ᠦ᠋ᠨ ᠠᠵᠢᠯ ᠤ᠋ᠨ ᠠᠮᠵᠢᠯᠲᠠ ᠪᠦᠲᠦᠮᠵᠢ ᠵᠢ ᠳ᠋ᠦᠩᠨᠡᠵᠦ᠂ ᠬᠥᠮᠦᠰ ᠢ᠋ ᠶᠡᠬᠡ ᠪᠡᠷ ᠵᠣᠷᠢᠭᠵᠢᠭᠤᠯᠵᠤ᠂ ᠳᠤᠷᠠᠳᠤᠭᠰᠠᠨ ᠬᠣᠢᠱᠢᠳᠠ ᠵᠢᠨ ᠲᠠᠪᠤᠨ ᠵᠢᠯ᠎ᠦ᠋ᠨ ᠠᠵᠢᠯ ᠤ᠋ᠨ ᠬᠠᠷᠠᠯᠲᠠ ᠨᠢ ᠬᠥᠮᠦᠰ᠎ᠤᠨ ᠵᠤᠷᠢᠭ᠎ᠢ ᠡᠷᠴᠢᠯᠡᠨ᠎ᠡ᠃ ᠵᠠᠮ ᠬᠠᠷᠢᠯᠴᠠᠭᠠᠨ ᠤ᠋ ᠠᠵᠢᠯ᠎ᠤᠨ ᠹᠷᠤᠨᠲ᠎ᠤᠨ ᠠᠵᠢᠯᠳᠠᠨ ᠪᠣᠯᠤᠭᠰᠠᠨ ᠤ᠋ ᠬᠤᠪᠢ᠎ᠳ᠋ᠤ᠌᠂ ᠦᠪᠡᠷᠳᠡᠭᠡᠨ ᠵᠠᠰᠠᠬᠤ ᠣᠷᠣᠨ ᠤ᠋ ᠨᠠᠮ ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ᠎ᠠ᠋ᠴᠠ ᠳᠤᠷᠠᠳᠤᠭᠰᠠᠨ ᠱᠠᠭᠠᠷᠳᠠᠯᠭ᠎ᠠ ᠶᠣᠰᠣᠭᠠᠷ᠂ ᠭᠤᠢᠪᠢᠰᠢ ᠦᠭᠡᠢ ᠵᠣᠷᠢᠭ ᠰᠠᠨᠠᠭ᠎ᠠ ᠪᠣᠯᠤᠨ ᠴᠤᠴᠠᠯᠲᠠ ᠥᠬᠡᠢ ᠤᠷᠤᠭᠱᠢᠯᠠᠬᠤ ᠲᠡᠮᠡᠴᠡᠯ᠎ᠦ᠋ᠨ ᠡᠷᠴᠢ ᠬᠦᠴᠦᠨ ᠵᠢᠡᠷ ᠬᠥᠯᠥᠨ ᠪᠤᠢᠷ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠦᠢᠯᠡᠰ ᠢ᠋ ᠪᠦᠬᠦ ᠬᠦᠴᠦᠨ ᠢ᠋ᠶ᠋ᠡᠷ ᠢ᠋ᠶ᠋ᠡᠨ ᠰᠠᠢᠲᠤᠷ ᠬᠥᠭᠵᠢᠭᠦᠯᠵᠦ᠂ ᠤᠯᠤᠰ ᠤ᠋ᠨ ᠵᠠᠮ ᠂ ᠮᠣᠵᠢ ᠵᠢᠨ ᠵᠠᠮ ᠵᠡᠷᠭᠡ ᠵᠠᠮ ᠬᠠᠷᠢᠯᠴᠠᠭᠠᠨ ᠤ᠋ 〈ᠭᠣᠣᠯ ᠰᠤᠳᠠᠰᠤ〉 ᠵᠢ ᠨᠡᠪᠲᠡᠷᠡᠭᠦᠯᠵᠦ᠂ ᠬᠥᠳᠡᠭᠡ ᠲᠣᠰᠭᠣᠨ ᠤ᠋ ᠵᠠᠰᠠᠮᠠᠯ ᠵᠠᠮ᠂ ᠪᠠᠷᠠᠭᠠᠨ ᠤ᠋ ᠭᠦᠢᠯᠭᠡᠭᠡ ᠵᠢᠨ ᠲᠡᠭᠡᠭᠡᠪᠦᠷᠢ ᠵᠡᠷᠭᠡ᠎ᠵᠢ ᠰᠠᠭᠠᠳ ᠥᠬᠡᠢ ᠨᠡᠪᠲᠡᠷᠡᠭᠦᠯᠵᠦ᠂ ᠬᠥᠯᠥᠨ ᠪᠤᠢᠷ ᠤ᠋ᠨ ᠠᠵᠤ ᠠᠬᠤᠢ ᠨᠡᠢᠭᠡᠮ᠎ᠦ᠋ᠨ ᠬᠦᠭᠵᠢᠯᠳᠠ ᠎ᠵᠢ ᠲᠦᠷᠭᠡᠳᠭᠡᠨ᠂ ᠠᠷᠠᠳ ᠤ᠋ᠨ ᠠᠮᠢᠳᠤᠷᠠᠯ ᠤ᠋ᠨ ᠪᠤᠶᠠᠨ ᠵᠢᠷᠭᠠᠯ ᠢ᠋ ᠨᠡᠮᠡᠭᠳᠡᠬᠦᠯᠤᠨ ᠱᠢᠨ᠎ᠡ ᠱᠢᠪᠲᠤᠯᠤᠯᠲᠠ ᠵᠢ ᠪᠡᠶᠡᠯᠡᠭᠦᠯᠬᠦ ᠬᠦᠴᠦᠷᠬᠡᠭ ᠶᠡᠬᠡ ᠬᠥᠳᠡᠯᠭᠡᠬᠦ ᠬᠦᠴᠦᠨ ᠢ᠋ ᠦᠷᠭᠦᠯᠵᠢᠯᠡᠨ ᠪᠠᠳᠠᠷᠠᠭᠤᠯᠤᠨ᠎ᠠ 》 ᠭᠡᠵᠤ ᠢᠳᠡᠭᠡᠯ ᠵᠤᠷᠢᠭ᠎ᠵᠢᠡᠨ ᠬᠦᠪᠴᠢᠯᠡᠨ᠎ᠠ ᠃

ᠠᠯᠠᠱᠠ ᠵᠡᠭᠦᠨ ᠬᠤᠱᠢᠭᠤᠨ ᠤ᠋ ᠪᠠᠶᠠᠨᠨᠢᠷᠤᠭᠤᠨ ᠰᠤᠮᠤ ᠵᠢᠨ ᠰᠤᠬᠠᠢᠳᠤ ᠭᠠᠴᠠᠭ᠎ᠠ ᠵᠢᠨ ᠨᠠᠮ ᠤ᠋ᠨ ᠡᠭᠦᠷ᠎ᠦ᠋ᠨ ᠱᠦᠵᠢ ᠫᠠᠨ ᠵᠢᠨ ᠽᠧ᠄《ᠢᠯᠡᠳᠭᠡᠯ᠎ᠢ ᠰᠣᠨᠣᠰᠤᠭᠠᠳ ᠪᠢ ᠬᠣᠢᠱᠢᠳᠠ ᠵᠢᠨ ᠲᠠᠪᠤᠨ ᠵᠢᠯ᠎ᠦ᠋ᠨ ᠥᠪᠥᠷ ᠮᠣᠩᠭᠣᠯ ᠤ᠋ᠨ ᠬᠥᠭᠵᠢᠯᠲᠡ ᠵᠢᠨ ᠱᠢᠨ᠎ᠡ ᠵᠢᠷᠤᠭ ᠲᠥᠯᠥᠪᠯᠡᠭᠡ ᠳ᠋ᠤ ᠢᠲᠡᠭᠡᠯ ᠲᠡᠭᠦᠯᠳᠡᠷ ᠪᠣᠯᠤᠯ᠎ᠠ᠃ ᠣᠢᠷ᠎ᠠ ᠵᠢᠨ ᠵᠢᠯ ᠳ᠋ᠤ ᠮᠠᠨ ᠤ᠋ ᠭᠠᠴᠠᠭ᠎ᠠ ᠲᠤᠬᠠᠢ ᠵᠢᠨ ᠭᠠᠵᠠᠷ ᠣᠷᠣᠨ ᠤ᠋ ᠪᠠᠢᠳᠠᠯ᠎ᠳ᠋ᠠᠭᠠᠨ ᠲᠣᠬᠢᠷᠠᠭᠤᠯᠤᠨ ᠳᠠᠷᠢᠬᠰᠠᠨ ᠵᠠᠭ ᠮᠤᠳᠤᠨ ᠳ᠋ᠦ ᠴᠠᠭᠠᠨ ᠭᠤᠶᠤᠤ ᠵᠠᠯᠭᠠᠨ ᠲᠠᠷᠢᠬᠤ ᠪᠤᠬᠢᠷᠳᠤᠯ ᠦᠭᠡᠢ ᠡᠯᠡᠰᠦᠨ᠎ᠦ᠌ ᠠᠵᠤ ᠦᠢᠯᠡᠰ ᠢ᠋ ᠬᠥᠭᠵᠢᠭᠦᠯᠵᠦ᠂ ᠣᠳᠣᠬᠠᠨ᠎ᠳ᠋ᠤ᠌ ᠪᠦᠬᠦ ᠭᠠᠴᠠᠭ᠎ᠠ 45 ᠲᠦᠮᠡᠨ ᠮᠥ᠍ ᠵᠠᠭ ᠮᠤᠳᠤ ᠲᠠᠷᠢᠵᠤ᠂ 25 ᠲᠦᠮᠡᠨ ᠮᠥ᠍ ᠴᠠᠭᠠᠨ ᠭᠣᠶᠣᠣ ᠵᠠᠯᠭᠠᠨ ᠲᠠᠷᠢᠵᠤ᠂ ᠵᠢᠯ ᠳ᠋ᠤ 130 ᠲᠤᠨ ᠣᠷᠴᠢᠮ ᠴᠠᠭᠠᠨ ᠭᠣᠶᠣᠣ ᠬᠤᠷᠢᠶᠠᠵᠤ᠂ ᠭᠠᠴᠠᠭᠠᠨ ᠤ᠋ ᠮᠠᠯᠴᠢᠳ ᠵᠢᠯ ᠪᠦᠷᠢ ᠳᠤᠮᠳᠠᠴᠢ ᠪᠡᠷ ᠡᠯᠡᠰᠦᠨ᠎ᠦ᠌ ᠠᠵᠤ ᠦᠢᠯᠡᠰ᠎ᠡᠴᠡ 2 ᠲᠦᠮᠡᠨ ᠲᠥᠭᠥᠷᠢᠭ ᠤᠷᠴᠢᠮ᠎ᠤᠨ ᠠᠱᠢᠭ ᠣᠷᠣᠯᠭ᠎ᠠ ᠣᠯᠵᠤ ᠂ ᠠᠮᠢ ᠠᠬᠤᠢ ᠵᠢ ᠰᠠᠢᠵᠢᠷᠠᠭᠤᠯᠬᠤ᠂ ᠮᠠᠯᠴᠢᠳ ᠢ᠋ ᠪᠠᠶᠠᠵᠢᠭᠤᠯᠬᠤ᠂ ᠡᠯᠡᠰᠦᠨ᠎ᠦ᠌ ᠠᠵᠤ ᠦᠢᠯᠡᠰ ᠢ᠋ ᠲᠣᠭᠲᠠᠭᠤᠨ ᠢ᠋ᠶ᠋ᠠᠷ ᠬᠥᠭᠵᠢᠭᠦᠯᠬᠦ ᠪᠠᠢᠷᠢᠱᠢᠯ ᠢ᠋ ᠠᠩᠬ᠎ᠠ ᠠᠯᠬᠤᠮ ᠪᠦᠷᠢᠯᠳᠤᠬᠦᠯᠪᠠ᠃ ᠬᠣᠢᠱᠢᠳᠠ ᠪᠣᠬᠢᠷᠲᠤᠯ ᠥᠬᠡᠢ ᠡᠯᠡᠰᠦᠨ᠎ᠦ᠌ ᠠᠵᠤ ᠦᠢᠯᠡᠰ᠎ᠦ᠋ᠨ ᠬᠥᠭᠵᠢᠯᠲᠡ ᠵᠢᠨ ᠲᠠᠯ᠎ᠠ ᠪᠡᠷ ᠂ 〈 ᠨᠠᠮ ᠤ᠋ᠨ ᠡᠭᠦᠷ + ᠬᠤᠷᠱᠢᠶ᠎ᠠ + ᠺᠣᠮᠫᠠᠨᠢ + ᠮᠠᠯᠴᠢᠨ ᠡᠷᠦᠬᠡ〉 ᠵᠢᠨ ᠵᠠᠭᠪᠤᠷ ᠢ᠋ ᠢᠳᠡᠪᠬᠢᠲᠡᠢ ᠬᠠᠢᠨ ᠰᠦᠪᠡᠭᠴᠢᠯᠡᠵᠦ᠂ ᠠᠮᠢ ᠠᠬᠤᠢ ᠵᠢ ᠤᠷᠢᠳ ᠵᠢᠡᠷ ᠪᠤᠳᠤᠯᠬᠢᠯᠠᠬᠤ᠂ ᠪᠣᠬᠢᠷᠲᠤᠯ ᠥᠬᠡᠢ ᠬᠥᠭᠵᠢᠬᠦᠯᠬᠦ᠎ᠪᠡᠷ ᠤᠳᠤᠷᠢᠳᠤᠮᠵᠢ ᠪᠣᠯᠭᠠᠭᠰᠠᠨ ᠣᠷᠣᠯᠭ᠎ᠠ ᠪᠠᠨ ᠨᠡᠮᠡᠭᠳᠡᠭᠦᠯᠬᠦ ᠪᠠᠶᠠᠵᠢᠯ᠎ᠤᠨ ᠵᠠᠮ ᠢ᠋ᠶ᠋ᠠᠷ ᠢᠳᠡᠭᠡᠯ ᠲᠠᠬᠦᠯᠳᠡᠷ ᠰᠠᠢᠲᠤᠷ ᠵᠠᠮᠨᠠᠨ᠎ᠠ》 ᠬᠡᠯ᠎ᠠ ᠃

ᠴᠠᠬᠠᠷ ᠪᠠᠷᠠᠭᠤᠨ ᠭᠠᠷᠤᠨ ᠡᠮᠦᠨᠡᠲᠦ ᠬᠤᠱᠢᠭᠤᠨ ᠤ᠋ ᠰᠠᠨ ᠴᠠ ᠺᠧᠦ ᠱᠢᠶᠠᠩ ᠤ᠋ᠨ ᠷᠠᠰᠢᠶᠠᠨᠪᠤᠯᠠᠭ ᠲᠣᠰᠭᠣᠨ ᠤ᠋ ᠨᠠᠮ ᠤ᠋ᠨ ᠡᠭᠦᠷ᠎ᠦ᠋ᠨ ᠱᠦᠵᠢ ᠸᠠᠩ ᠽᠧ᠄ 《ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠤᠳᠠᠭ᠎ᠠ ᠵᠢᠨ ᠨᠠᠮ ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ ᠡᠴᠡ ᠪᠢᠳᠡᠨ᠎ᠦ᠌ ᠳᠠᠷᠠᠭᠠᠴᠢ ᠵᠢᠨ ᠠᠵᠢᠯ᠎ᠤᠨ ᠴᠢᠭᠯᠡᠯ ᠢ᠋ ᠲᠣᠳᠣᠷᠬᠠᠢ ᠵᠢᠭᠠᠵᠤ ᠦᠭᠭᠦᠭᠰᠡᠨ ᠳ᠋ᠤ ᠪᠢᠳᠡ ᠶᠡᠬᠡᠳᠡ ᠵᠣᠷᠢᠭᠵᠢᠵᠤ ᠪᠠᠢᠨ᠎ᠠ᠃ ᠮᠠᠨ ᠤ᠋ ᠲᠣᠰᠭᠣᠨ ᠡᠨᠡ ᠵᠢᠯ 7 ᠪᠠᠢᠭᠠᠯᠢ ᠲᠤᠰᠬᠤᠨ᠎ᠳ᠋ᠤ᠌ ᠵᠠᠮ ᠤ᠋ᠨ ᠳ᠋ᠧᠩ ᠤᠬᠰᠠᠷᠠᠵᠤ᠂ 5 ᠺᠢᠯᠣᠮᠧᠲ᠋ᠷ᠎ᠦ᠋ᠨ ᠴᠠᠷᠳᠠᠮᠠᠯ ᠵᠠᠮ᠎ᠢ ᠰᠢᠨᠡᠳᠭᠡᠨ ᠲᠠᠪᠢᠰᠴᠤ᠂ ᠲᠣᠰᠭᠣᠨ ᠤ᠋ ᠠᠷᠠᠳ ᠤ᠋ᠨ ᠵᠠᠮ ᠬᠠᠷᠢᠯᠴᠠᠭ᠎ᠠ ᠪᠠ ᠣᠷᠣᠱᠢᠨ ᠰᠠᠭᠤᠷᠢᠰᠢᠬᠤ ᠨᠥᠬᠥᠴᠡᠯ ᠢ᠋ ᠪᠦᠬᠦ ᠲᠠᠯ᠎ᠠ ᠪᠡᠷ ᠰᠠᠢᠵᠢᠷᠠᠭᠤᠯᠵᠠᠢ᠃ ᠳᠠᠷᠠᠭᠠᠴᠢ ᠪᠡᠷ ᠎ᠮᠠᠨ ᠤ᠋ ᠲᠣᠰᠭᠣᠨ ᠪᠡᠭᠡᠵᠢᠩ᠎ᠦ᠋ᠨ ᠳᠡ ᠱᠢᠩ ᠲᠣᠭᠣᠷᠢᠭ᠎ᠲᠠᠢ ᠬᠠᠮᠲᠤᠷᠠᠯᠴᠠᠵᠤ ᠂ ᠲᠣᠰᠭᠣᠨ ᠤ᠋ ᠬᠠᠮᠲᠤ ᠵᠢᠨ ᠠᠵᠤ ᠠᠬᠤᠢ ᠵᠢ ᠶᠡᠬᠡ ᠪᠡᠷ ᠬᠥᠭᠵᠢᠭᠦᠯᠵᠦ᠂ ᠲᠣᠰᠭᠣᠨ ᠤ᠋ ᠠᠷᠠᠳ ᠤ᠋ᠨ ᠣᠷᠣᠯᠭ᠎ᠠ ᠵᠢᠨ ᠨᠡᠮᠡᠭᠳᠡᠯ ᠢ᠋ ᠳᠠᠢᠴᠢᠯᠠᠵᠤ᠂ ᠬᠥᠳᠡᠭᠡ ᠲᠣᠰᠭᠣᠨ ᠢ᠋ ᠬᠥᠭᠵᠢᠭᠦᠯᠦᠨ ᠮᠠᠨᠳᠤᠭᠤᠯᠬᠤ᠎ᠳ᠋ᠤ᠌ ᠬᠦᠴᠦᠨ ᠨᠡᠮᠡᠷᠢᠯᠡᠨ᠎ᠡ》ᠭᠡᠵᠤ ᠵᠤᠷᠢᠬᠳᠠᠢ ᠭᠡᠯᠡᠨ᠎ᠠ᠃

ᠱᠢᠯᠢᠩᠬᠣᠲᠠ ᠵᠢᠨ ᠪᠤᠯᠠᠭᠠᠨ ᠰᠤᠮᠤ ᠵᠢᠨ ᠱᠢᠷᠠᠳᠠᠯ᠎ᠠ ᠭᠠᠴᠠᠭ᠎ᠠ ᠵᠢᠨ ᠨᠠᠮ ᠤ᠋ᠨ ᠡᠭᠦᠷ᠎ᠦ᠋ᠨ ᠱᠦᠵᠢ ᠪᠠᠶᠠᠷᠲᠤ ᠭᠠᠴᠠᠭᠠᠨ᠎ᠤ ᠬᠡᠰᠡᠭ ᠨᠠᠮ ᠤ᠋ᠨ ᠭᠡᠱᠢᠭᠦᠨ᠎ᠵᠢᠡᠨ ᠵᠣᠬᠢᠶᠠᠨ ᠪᠠᠢᠭᠤᠯᠵᠤ᠂ ᠨᠠᠮ ᠤ᠋ᠨ ᠭᠡᠱᠢᠭᠦᠨ᠎ᠦ᠌ ᠭᠣᠣᠯᠯᠠᠬᠤ ᠡᠷᠦᠬᠡ ᠪᠠᠶᠠᠰᠭᠤᠯᠠᠩ ᠤ᠋ᠨ ᠬᠢᠨ᠎ᠳᠤ ᠨᠠᠮ ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ ᠤ᠋ᠨ ᠡᠬᠢᠯᠡᠬᠦ ᠶᠣᠰᠣᠯᠠᠯ ᠤ᠋ᠨ ᠱᠢᠭᠤᠳ ᠨᠡᠪᠲᠡᠷᠡᠭᠦᠯᠭᠡ ᠵᠢ ᠬᠠᠮᠲᠤ ᠪᠡᠷ ᠬᠦᠯᠢᠶᠡᠨ ᠠᠪᠴᠤ ᠦᠵᠡᠪᠡ᠃ ᠣᠯᠠᠨ ᠢ᠋ᠶ᠋ᠠᠷ ᠢ᠋ᠶ᠋ᠠᠨ ᠠᠩᠬᠠᠷᠤᠯ ᠵᠢᠠᠨ ᠲᠦᠪᠯᠡᠷᠡᠭᠦᠯᠦᠨ ᠦᠵᠡᠬᠦ ᠵᠢᠨ ᠳᠠᠭᠠᠤ ᠨᠠᠷᠢᠨ ᠬᠢᠨᠠᠮᠠᠭᠠᠢ ᠲᠡᠮᠳᠡᠭᠯᠡᠯ ᠬᠢᠵᠦ᠂ ᠢᠯᠡᠳᠭᠡᠯ᠎ᠤᠨ ᠠᠭᠤᠯᠭ᠎ᠠ᠎ᠵᠢ ᠰᠠᠢᠳᠤᠷ ᠤᠬᠠᠵᠠᠢ᠃ ᠨᠠᠮ ᠤ᠋ᠨ ᠭᠡᠱᠢᠭᠦᠳ᠂ ᠢᠯᠡᠳᠭᠡᠯ᠎ᠦ᠋ᠨ ᠵᠣᠷᠢᠭ ᠰᠠᠨᠠᠭ᠎ᠠ ᠵᠢ ᠬᠢᠨᠠᠮᠠᠭᠠᠢ ᠰᠤᠷᠤᠯᠴᠠᠨ ᠰᠠᠢᠲᠤᠷ ᠣᠢᠯᠠᠭᠠᠵᠤ᠂ ᠣᠳᠣ ᠦᠶ᠎ᠡ ᠵᠢᠨ ᠮᠠᠯ ᠠᠵᠤ ᠠᠬᠤᠢ ᠵᠢ ᠪᠦᠲᠦᠭᠡᠨ ᠪᠠᠢᠭᠤᠯᠬᠤ ᠶᠠᠪᠤᠴᠠ᠎ᠳ᠋ᠤ᠌ ᠮᠠᠯᠴᠢᠳ ᠎ᠵᠢᠡᠨ ᠳᠠᠭᠠᠭᠤᠯᠤᠨ ᠱᠢᠨ᠎ᠡ ᠬᠤᠪᠢ ᠨᠡᠮᠡᠷᠢ ᠦᠵᠡᠭᠦᠯᠦᠨ᠎ᠡ ᠭᠡᠵᠡᠭᠡᠪᠠ᠃ ᠪᠠᠶᠠᠷᠳᠤ᠂ ᠬᠣᠢᠱᠢᠳᠠ ᠬᠥᠳᠡᠭᠡ ᠲᠣᠰᠭᠣᠨ ᠢ᠋ ᠬᠥᠭᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠲᠠᠢ ᠬᠣᠯᠪᠣᠭᠳᠠᠬᠰᠠᠨ ᠨᠡᠩ ᠣᠯᠠᠨ ᠮᠠᠯ ᠠᠵᠤ ᠠᠬᠤᠢ ᠵᠢᠨ ᠲᠥᠷᠥᠯ ᠵᠦᠢᠯ ᠢ᠋ ᠢᠳᠡᠪᠬᠢᠲᠡᠢ ᠭᠤᠶᠤᠴᠢᠯᠠᠵᠤ᠂ ᠭᠠᠴᠠᠭᠠᠨ ᠤ᠋ ᠬᠠᠮᠲᠤ ᠵᠢᠨ ᠠᠵᠤ ᠠᠬᠤᠢ ᠵᠢ ᠬᠥᠭᠵᠢᠭᠦᠯᠦᠨ ᠪᠤᠵᠠᠭᠠᠢᠷᠠᠭᠤᠯᠵᠤ᠂ ᠮᠠᠯᠴᠢᠳ ᠵᠢᠡᠨ ᠳᠠᠢᠴᠢᠯᠠᠨ ᠬᠠᠮᠲᠤ ᠪᠡᠷ ᠴᠢᠨᠡᠭᠡᠯᠢᠭᠵᠢᠬᠦ ᠵᠠᠮ ᠢ᠋ᠶ᠋ᠠᠷ ᠵᠠᠮᠨᠠᠨ᠎ᠠ ᠭᠡᠵᠤ ᠬᠠᠷᠠᠯᠳᠠ ᠪᠠᠨ ᠲᠤᠳᠤᠷᠠᠭᠤᠯᠤᠨ᠎ᠠ᠃

《ᠢᠯᠡᠳᠭᠡᠯ᠎ᠳ᠋ᠤ 〈ᠠᠮᠢ ᠠᠬᠤᠢ ᠵᠢ ᠤᠷᠢᠳ ᠵᠢᠡᠷ ᠪᠤᠳᠤᠯᠬᠢᠯᠠᠬᠤ᠂ ᠪᠣᠬᠢᠷᠲᠤᠯ ᠦᠭᠡᠢ᠎ᠬᠦᠭᠵᠢᠬᠦᠯᠬᠦ ᠵᠢ ᠪᠠᠷᠢᠮᠲᠠᠯᠠᠵᠤ᠂ ᠮᠠᠨ ᠤ᠋ ᠤᠯᠤᠰ ᠤ᠋ᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠱᠢᠨ᠎ᠦ᠌ ᠬᠠᠯᠬᠠᠪᠴᠢ ᠵᠢ ᠪᠠᠳᠤ ᠴᠤᠭᠴᠠᠯᠠᠬᠤ ᠭᠡᠷᠡᠭᠳᠡᠢ〉ᠭᠡᠵᠤ ᠴᠢᠬᠤᠯᠠᠴᠢᠯᠠᠪᠠ᠂ ᠡᠨᠡ ᠨᠢ ᠮᠠᠨ ᠤ᠋ ᠣᠢ ᠱᠢᠭᠤᠢ ᠵᠢᠨ ᠲᠠᠯᠠᠪᠠᠢ ᠵᠢᠨ ᠬᠥᠭᠵᠢᠯᠲᠡ ᠳ᠋ᠤ ᠱᠢᠨ᠎ᠡ ᠱᠠᠭᠠᠷᠳᠠᠯᠭ᠎ᠠ ᠳᠤᠷᠠᠳᠤᠭᠰᠠᠨ ᠪᠠᠢᠨ᠎ᠠ》ᠭᠡᠵᠤ ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠤᠳᠠᠭ᠎ᠠ ᠵᠢᠨ ᠨᠠᠮ ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ ᠤ᠋ᠨ ᠡᠬᠢᠯᠡᠬᠦ ᠶᠣᠰᠣᠯᠠᠯ ᠤ᠋ᠨ ᠱᠢᠭᠤᠳ ᠨᠡᠪᠲᠡᠷᠡᠭᠦᠯᠭᠡ ᠵᠢᠨ ᠪᠦᠬᠦ ᠶᠠᠪᠤᠴᠠ ᠵᠢ ᠦᠵᠡᠭᠰᠡᠨ ᠬᠠᠷᠠᠴᠢᠨ ᠬᠤᠱᠢᠭᠤᠨ ᠤ᠋ ᠡᠮᠡᠭᠡᠯ ᠠᠭᠤᠯᠠ ᠣᠢ ᠱᠢᠭᠤᠢ ᠵᠢᠨ ᠲᠠᠯᠠᠪᠠᠢ ᠵᠢᠨ ᠣᠢ ᠬᠠᠮᠠᠭᠠᠯᠠᠭᠴᠢ ᠴᠠᠢ ᠱᠦ᠍ ᠯᠢᠩ ᠦᠪᠡᠷ᠎ᠤᠨ ᠲᠥᠷᠥᠭᠳᠡᠯ ᠵᠢᠠᠨ ᠬᠤᠪᠢᠶᠠᠯᠴᠠᠵᠤ ᠭᠠᠷᠤᠯ᠎ᠠ᠃ ᠲᠡᠷᠡ᠂ ᠣᠢᠷ᠎ᠠ ᠵᠢᠨ ᠵᠢᠯ ᠳ᠋ᠤ ᠡᠮᠡᠭᠡᠯ ᠠᠭᠤᠯᠠ ᠣᠢ ᠱᠢᠭᠤᠢ ᠵᠢᠨ ᠲᠠᠯᠠᠪᠠᠢ ᠨᠢ ᠣᠢ ᠱᠢᠭᠤᠢ ᠵᠢ ᠵᠠᠰᠠᠨ ᠰᠡᠷᠭᠦᠭᠡᠬᠦ᠂ ᠣᠢ ᠱᠢᠭᠤᠢ ᠵᠢᠨ ᠶᠠᠰᠤ ᠴᠢᠨᠠᠷ ᠢ᠋ ᠳᠡᠭᠡᠭᠱᠢᠯᠡᠭᠦᠯᠬᠦ᠎ᠪᠡᠷ ᠴᠢᠷᠮᠠᠢᠵᠤ ᠢᠷᠡᠵᠠᠢ᠃ 2019 ᠣᠨ᠎ᠠ᠋ᠴᠠ ᠨᠡᠭᠠᠱᠢ ᠰᠡᠷᠬᠦᠭᠡᠭᠰᠡᠨ ᠪᠤᠶᠤ ᠨᠥᠬᠥᠵᠦ ᠤᠷᠭᠤᠭᠤᠯᠵᠤ ᠨᠥᠬᠥᠵᠦ ᠣᠢᠵᠢᠭᠤᠯᠤᠭᠰᠠᠨ ᠤᠢ 6850 ᠭᠠᠷᠤᠢ ᠮᠥ᠍ ᠳ᠋ᠤ ᠬᠦᠷᠴᠦ᠂ ᠬᠥᠮᠦᠨ᠎ᠦ᠌ ᠬᠦᠴᠦ᠎ᠪᠡᠷ 200 ᠭᠠᠷᠤᠢ ᠮᠥ᠍ ᠣᠢᠵᠢᠭᠤᠯᠵᠤ᠂ ᠠᠮᠢ ᠠᠬᠤᠢ ᠰᠠᠢᠵᠢᠷᠠᠨ᠂ ᠬᠥᠳᠡᠭᠡ ᠲᠣᠰᠭᠣᠨ ᠤ᠋ ᠵᠢᠭᠤᠯᠴᠢᠯᠠᠯ ᠬᠦᠭᠵᠢᠶᠠᠨᠳᠠᠢ ᠪᠤᠯᠵᠤ᠂ ᠠᠷᠠᠳ ᠣᠯᠠᠨ᠎ᠳ᠋ᠤ᠌ ᠪᠣᠬᠢᠷᠲᠤᠯ ᠦᠭᠡᠢ ᠬᠥᠭᠵᠢᠯᠲᠡ ᠵᠢᠨ ᠠᠪᠴᠢᠷᠠᠭᠰᠠᠨ ᠦᠨᠡᠨ ᠪᠤᠳᠠᠳᠠᠢ ᠠᠱᠢᠭ ᠣᠷᠣᠯᠭ᠎ᠠ ᠵᠢ ᠡᠳ᠋ᠯᠡᠬᠦᠯᠵᠠᠢ᠃ ᠨᠠᠮ ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ ᠤ᠋ᠨ ᠱᠢᠨ᠎ᠡ ᠱᠠᠭᠠᠷᠳᠠᠯᠭ᠎ᠠ ᠶᠣᠰᠣᠭᠠᠷ᠂ ᠨᠡᠩ ᠢᠯᠡᠭᠦᠦ ᠴᠢᠷᠮᠠᠢᠨ ᠠᠵᠢᠯᠯᠠᠵᠤ ᠂ ᠠᠮᠢ ᠠᠬᠤᠢ ᠪᠠᠨ ᠨᠠᠡᠭ ᠰᠠᠢᠲᠤᠷ ᠬᠠᠮᠠᠭᠠᠯᠠᠨ᠎ᠠ ᠭᠡᠵᠤ ᠵᠤᠷᠢᠭ᠎ᠵᠢᠡᠨ ᠬᠦᠪᠴᠢᠯᠡᠨ᠎ᠠ᠃

(ᠲᠤᠰ ᠰᠤᠨᠢᠨ᠎ᠤ ᠰᠤᠷᠪᠤᠯᠵᠢᠯᠠᠭᠴᠢ ᠵᠧᠩ ᠱᠢᠦᠸᠠᠢ ᠯᠢᠶᠠᠩ ᠰᠥᠩ ᠠ ᠨᠠᠨ ᠬᠤᠷᠴᠠ ᠭᠤᠤ ᠮᠢᠨ ᠨᠠ ᠲᠡᠭᠦᠰᠪᠢᠯᠢᠭ ᠬᠣᠣ ᠪᠢᠶᠣᠤ ᠭᠦᠸᠧ ᠬᠣᠩ ᠱᠸᠨ ᠸᠠᠩ ᠢᠦᠢ ᠵᠦᠸᠸ ᠯᠢ ᠢᠦᠢ ᠵᠦᠸᠸ ᠯᠢᠦ ᠬᠣᠩ ᠵᠠᠩ ᠬᠤᠸᠠᠩ ᠹᠦ ᠮᠧᠢ ᠱᠢᠶᠠᠨ ᠬᠠᠢ ᠵᠢᠶᠦ᠋ᠨ ᠪᠠᠶᠠᠰᠭᠤᠯᠠᠩ ᠸᠧᠢ ᠨᠠ ᠳᠠᠳᠤᠯᠭ᠎ᠠ ᠵᠢᠨ ᠰᠤᠷᠪᠤᠯᠵᠢᠯᠠᠭᠴᠢ ᠰᠢᠤᠸᠠᠢ ᠢ ᠴᠢᠶᠦ᠋ᠨ ᠶᠡᠷᠦᠩᠬᠡᠢᠯᠡᠨ ᠮᠡᠳᠡᠭᠡᠯᠡᠪᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面