ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠮᠡᠳᠡᠭᠡᠯᠡᠯ

2021-11-29 06:50:22

ᠵᠣᠬᠢᠶᠠᠭ᠍ᠴᠢ᠄ ᠰᠦᠩ ᠱᠤᠸᠠᠩ ᠣᠩᠱᠢᠭ᠍ᠰᠠᠨ ᠣᠳᠠᠭ᠎ᠠ᠄ 3

11 ᠰᠠᠷ᠎ᠠ ᠵᠢᠨ 27 ᠎ᠤ᠋ ᠡᠳᠦᠷ ᠂ ᠯᠢᠨ ᠱᠤᠤ ᠴᠦᠨ ᠲᠡᠭᠦᠨ ᠤ᠋ ᠪᠠᠢᠭ᠎ᠠ ᠬᠥᠬᠡᠬᠣᠲᠠ ᠵᠢᠨ ᠲᠥᠯᠥᠭᠡᠯᠡᠭᠴᠢᠳ ᠤ᠋ᠨ ᠪᠦᠯᠬᠦᠮ ᠤ᠋ᠨ ᠬᠢᠨᠠᠨ ᠵᠥᠪᠯᠡᠬᠦ᠎ᠳ᠋ᠦ᠍ ᠣᠷᠣᠯᠴᠠᠬᠤ᠎ᠳ᠋ᠠᠭᠠᠨ᠂ ᠨᠠᠮ᠎ᠤ᠋ᠨ ᠲᠥᠯᠥᠭᠡᠯᠡᠭᠴᠢᠳ ᠤ᠋ᠨ ᠶᠡᠬᠡ ᠬᠤᠷᠠᠯ᠎ᠤ᠋ᠨ ᠢᠯᠡᠳᠭᠡᠯ ᠤ᠋ᠨ ᠭᠣᠣᠯ ᠴᠢᠮᠥᠭᠡ ᠴᠢᠬᠤᠯᠠ ᠠᠭᠤᠯᠭ᠎ᠠ ᠵᠢ ᠭᠦᠨᠵᠡᠭᠡᠢ ᠣᠢᠯᠠᠭᠠᠵᠤ᠂ ᠪᠣᠳᠠᠲᠠᠢ ᠳᠠᠢ ᠤᠶᠠᠯᠳᠤᠭᠤᠯᠤᠨ᠂ ᠭᠣᠣᠯᠳᠠᠯᠭ᠎ᠠ ᠵᠢ ᠳᠣᠪᠣᠢᠯᠭᠠᠵᠤ᠂ ᠰᠤᠷᠲᠠᠯ ᠢ᠋ᠶ᠋ᠠᠨ ᠬᠤᠪᠢᠷᠠᠭᠤᠯᠤᠨ᠂ ᠦᠨᠡᠨ ᠢ᠋ ᠪᠠᠷᠢᠮᠲᠠᠯᠠᠨ ᠪᠣᠳᠠᠲᠠᠢ ᠵᠢ ᠡᠷᠬᠢᠮᠯᠡᠵᠦ᠂ ᠨᠠᠮ᠎ᠤ᠋ᠨ ᠲᠥᠯᠥᠭᠡᠯᠡᠭᠴᠢᠳ ᠤ᠋ᠨ ᠶᠡᠬᠡ ᠬᠤᠷᠠᠯ᠎ᠤ᠋ᠨ ᠵᠣᠷᠢᠭ ᠰᠠᠨᠠᠭ᠎ᠠ ᠵᠢ ᠪᠤᠳᠠᠳᠠᠢ᠎ᠳᠤ ᠲᠤᠭᠤᠰᠢᠯᠠᠭᠤᠯᠤᠨ ᠨᠠᠢᠳᠠᠪᠤᠷᠢᠵᠢᠭᠤᠯᠬᠤ ᠵᠢ ᠠᠬᠢᠭᠤᠯᠬᠤ ᠲᠠᠯ᠎ᠠ᠎ᠪᠠᠷ ᠬᠤᠰᠢᠭᠤᠴᠢᠯᠠᠵᠤ᠂ ᠳᠠᠭᠤᠷᠢᠶᠠᠯ ᠪᠣᠯᠬᠤ ᠬᠡᠷᠡᠭᠲᠡᠢ ᠭᠡᠵᠦ ᠴᠢᠬᠤᠯᠠᠴᠢᠯᠠᠪᠠ᠃

ᠠᠳᠠᠯᠢ ᠪᠤᠰᠤ ᠬᠦᠷᠢᠢ᠎ᠡ ᠪᠣᠯᠤᠨ ᠠᠵᠢᠯ ᠲᠥᠷᠥᠯ᠎ᠤᠨ ᠹᠷᠤᠨᠲ ᠡᠴᠡ ᠬᠦᠷᠦᠯᠴᠡᠨ ᠢᠷᠡᠭᠰᠡᠨ ᠲᠥᠯᠥᠭᠡᠯᠡᠭᠴᠢᠳ ᠨᠠᠮ᠎ᠤ᠋ᠨ ᠲᠥᠯᠥᠭᠡᠯᠡᠭᠴᠢᠳ ᠤ᠋ᠨ ᠶᠡᠬᠡ ᠬᠤᠷᠠᠯ᠎ᠤ᠋ᠨ ᠢᠯᠡᠳᠭᠡᠯ ᠢ᠋ ᠳᠡᠭᠡᠳᠦ ᠬᠡᠮᠵᠢᠢ᠎ᠡ ᠪᠡᠷ ᠦᠨᠡᠯᠡᠵᠦ᠂ ᠲᠤᠬᠠᠢ ᠵᠢᠨ ᠲᠠᠯᠠᠪᠠᠢ ᠵᠢᠨ ᠶᠠᠷᠢᠯᠴᠠᠭ᠎ᠠ ᠮᠠᠰᠢ ᠬᠥᠭᠵᠢᠶᠡᠨ ᠲᠡᠢ ᠶᠠᠪᠤᠭᠳᠠᠪᠠ᠃ ᠯᠢᠨ ᠱᠤᠤ ᠴᠦᠨ ᠤᠯᠠᠨ᠎ᠤ ᠭᠡᠯᠡᠬᠦ᠎ᠵᠢ ᠬᠢᠨᠠᠮᠠᠭᠠᠢ ᠰᠣᠨᠣᠰᠤᠭᠰᠠᠨ᠎ᠤ᠋ ᠳᠠᠷᠠᠭ᠎ᠠ᠂ ᠱᠢ᠎ᠲᠡᠢ ᠹᠧᠩ ᠨᠥᠬᠥᠷ ᠤ᠋ᠨ ᠥᠪᠡᠷᠲᠡᠭᠡᠨ ᠵᠠᠰᠠᠬᠤ ᠣᠷᠣᠨ᠎ᠤ᠋ ᠨᠠᠮ᠎ᠤ᠋ᠨ ᠬᠣᠷᠢᠢ᠎ᠠ᠎ᠵᠢ ᠲᠦᠯᠦᠭᠡᠯᠡᠨ ᠬᠢᠭᠰᠡᠨ ᠢᠯᠡᠳᠭᠡᠯ ᠨᠢ ᠲᠤᠭ ᠢ᠋ ᠥᠨᠳᠥᠷ ᠮᠠᠨᠳᠤᠭᠤᠯᠵᠤ᠂ ᠬᠥᠮᠦᠰ ᠤ᠋ᠨ ᠰᠡᠳᠭᠢᠯ᠎ᠢ ᠮᠠᠰᠢ ᠤᠷᠮᠠᠰᠢᠭᠤᠯᠵᠠᠢ᠃ ᠢᠯᠡᠳᠭᠡᠯ᠎ᠨᠢ ᠱ᠋ᠢ ᠵᠢᠨ ᠫᠢᠩ ᠤ᠋ᠨ ᠱᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤ᠋ᠨ ᠣᠨᠴᠠᠯᠢᠭ ᠳᠠᠢ ᠨᠡᠢᠭᠡᠮ ᠵᠢᠷᠤᠮ᠎ᠤ᠋ᠨ ᠦᠵᠡᠯ ᠰᠠᠨᠠᠭ᠎ᠠ ᠵᠢ ᠪᠦᠬᠦ ᠳᠠᠯ᠎ᠠ ᠪᠡᠷ ᠳᠤᠭᠤᠰᠢᠯᠠᠭᠤᠯᠤᠨ᠂ ᠨᠠᠮ᠎ᠤ᠋ᠨ ᠠᠷᠪᠠ ᠶᠢᠰᠦᠳᠦᠭᠡᠷ ᠶᠡᠬᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ᠎ᠤ᠋ ᠲᠥᠪ ᠬᠣᠷᠢᠶᠠᠨ᠎ᠤ᠋ ᠬᠣᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠭᠦᠳᠡ ᠬᠤᠷᠠᠯ᠎ᠤ᠋ᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠮᠠᠷᠺᠰ᠎ᠤ᠋ᠨ ᠦᠵᠡᠯ ᠤ᠋ᠨ ᠵᠣᠭᠰᠣᠯᠲᠠ ᠦᠵᠡᠯᠲᠡ ᠠᠷᠭ᠎ᠠ ᠪᠡᠷ ᠠᠰᠠᠭᠤᠳᠠᠯ ᠢ᠋ ᠠᠵᠢᠭᠯᠠᠨ ᠵᠠᠳᠠᠯᠵᠤ᠂ ᠨᠠᠮ᠎ᠤ᠋ᠨ ᠱᠢᠨ᠎ᠡ ᠵᠢ ᠡᠭᠦᠳᠬᠦ ᠣᠨᠣᠯ ᠢ᠋ᠶ᠋ᠠᠷ ᠥᠪᠥᠷ ᠮᠣᠩᠭᠣᠯ᠎ᠤ᠋ᠨ ᠦᠢᠯᠡᠳᠦᠯᠭᠡ ᠵᠢ ᠵᠢᠯᠣᠭᠣᠳᠤᠨ᠂ 《ᠬᠣᠶᠠᠷ ᠢ᠋ ᠬᠠᠮᠠᠭᠠᠯᠠᠬᠤ》 ᠵᠢ ᠡᠷᠡᠰ ᠦᠢᠯᠡᠳᠦᠯᠭᠡᠵᠢᠭᠦᠯᠬᠦ ᠳᠡᠭᠡᠳᠦ ᠬᠡᠮᠵᠢᠶᠡᠨ ᠤ᠋ ᠤᠬᠠᠮᠰᠠᠷ ᠢ᠋ ᠭᠦᠢᠴᠡᠳ ᠢᠯᠡᠷᠡᠭᠦᠯᠵᠦ᠂ ᠮᠠᠱᠢ ᠴᠢᠩᠭ᠎ᠠ ᠦᠵᠡᠯ ᠰᠠᠨᠠᠭᠠᠴᠢ ᠴᠢᠨᠠᠷ᠂ ᠣᠨᠣᠯ᠎ᠤ᠋ᠨ ᠴᠢᠨᠠᠷ ᠳᠠᠢ ᠪᠣᠯᠵᠠᠢ︔ᠶᠡᠷᠦᠩᠬᠡᠢ ᠱᠦᠵᠢ ᠱ᠋ᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ 《ᠲᠠᠪᠤᠨ ᠴᠢᠬᠤᠯᠠ ᠶᠡᠬᠡ ᠤᠯᠤᠰ ᠲᠥᠷᠥ ᠵᠢᠨ ᠬᠠᠷᠢᠭᠤᠴᠠᠯᠭ᠎ᠠ》 ᠵᠢ ᠡᠷᠬᠡᠪᠱᠢ ᠡᠭᠦᠷᠭᠡᠯᠡᠭᠦ ᠳᠤᠬᠠᠢ ᠳᠤᠳᠤᠷᠬᠠᠢ ᠳᠤᠷᠠᠳᠤᠨ᠂ ᠤᠬᠠᠮᠰᠠᠷ ᠡᠴᠡ ᠪᠠᠨ ᠱ᠋ᠢ ᠵᠢᠨ ᠫᠢᠩ ᠨᠥᠬᠥᠷ ᠢ᠋ᠶ᠋ᠡᠷ ᠭᠣᠣᠯ ᠪᠣᠯᠭᠠᠭᠰᠠᠨ ᠨᠠᠮ᠎ᠤ᠋ᠨ ᠲᠥᠪ ᠬᠣᠷᠢᠢ᠎ᠠ ᠳᠠᠢ ᠳᠡᠭᠡᠳᠦ ᠬᠡᠮᠵᠢᠢ᠎ᠡ ᠪᠡᠷ ᠨᠢᠭᠡᠳᠦᠯᠲᠡᠢ ᠪᠠᠢᠯᠭᠠᠵᠤ᠂ ᠮᠠᠱᠢ ᠴᠢᠩᠭ᠎ᠠ ᠤᠯᠤᠰ ᠲᠥᠷᠥ ᠵᠢᠨ ᠴᠢᠨᠠᠷ᠂ ᠴᠢᠭᠯᠡᠯᠲᠦ ᠴᠢᠨᠠᠷ ᠳᠠᠢ ᠪᠤᠯᠵᠠᠢ︔ᠦᠨᠡᠨ᠎ᠡᠴᠡ ᠵᠥᠪ ᠢ᠋ ᠡᠷᠢᠨ ᠠᠮᠵᠢᠯᠲᠠ ᠪᠠᠨ ᠳ᠋ᠦᠩᠨᠡᠵᠦ᠂ ᠵᠥᠷᠢᠴᠡᠯ ᠠᠰᠠᠭᠤᠳᠠᠯ ᠪᠣᠯᠤᠨ ᠠᠵᠢᠯ᠎ᠤ᠋ᠨ ᠵᠥᠷᠢᠢ᠎ᠡ᠎ᠳ᠋ᠦ᠍ ᠰᠡᠷᠭᠡᠭ ᠢ᠋ᠶ᠋ᠡᠷ ᠱᠢᠭᠤᠳ ᠬᠠᠨᠳᠤᠵᠤ᠂ ᠲᠤᠷᠱᠢᠯᠭ᠎ᠠ ᠪᠠᠨ ᠳ᠋ᠦᠩᠨᠡᠨ ᠬᠡᠷᠡᠭᠯᠡᠵᠤ᠂ ᠠᠰᠠᠭᠤᠳᠠᠯ ᠎ᠳ᠋ᠤ ᠵᠦᠪ᠎ᠵᠢᠡᠷ ᠬᠠᠨᠳᠤᠨ ᠱᠢᠢᠳᠪᠦᠷᠢᠯᠡᠬᠦ ᠤᠯᠤᠰ ᠲᠥᠷᠥ ᠵᠢᠨ ᠤᠬᠠᠮᠰᠠᠷ ᠪᠣᠯᠤᠨ ᠡᠭᠦᠷᠭᠡ ᠬᠠᠷᠢᠭᠤᠴᠠᠯᠭ᠎ᠠ ᠵᠢ ᠭᠦᠢᠴᠡᠳ ᠢᠯᠡᠷᠡᠭᠦᠯᠵᠦ᠂ ᠮᠠᠱᠢ ᠴᠢᠩᠭ᠎ᠠ ᠦᠢᠯᠡᠳᠦᠯᠭᠡ ᠵᠢᠨ ᠴᠢᠨᠠᠷᠲᠠᠢ ᠵᠢᠯᠣᠭᠣᠳᠬᠤ ᠴᠢᠨᠠᠷᠲᠠᠢ ᠪᠤᠯᠵᠠᠢ ᠭᠡᠵᠤ ᠵᠢᠭᠠᠵᠤ ᠭᠠᠷᠭᠠᠪᠠ ᠃

ᠯᠢᠨ ᠱᠤᠤ ᠴᠦᠨ᠂ ᠨᠠᠮ᠎ᠤ᠋ᠨ ᠲᠥᠯᠥᠭᠡᠯᠡᠭᠴᠢᠳ ᠤ᠋ᠨ ᠶᠡᠬᠡ ᠬᠤᠷᠠᠯ᠎ᠤ᠋ᠨ ᠢᠯᠡᠳᠭᠡᠯ ᠢ᠋ ᠰᠤᠷᠤᠯᠴᠠᠬᠤ ᠵᠢᠨ ᠵᠠᠩᠭᠢᠯᠠᠭ᠎ᠠ ᠨᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠵᠢ ᠰᠠᠢᠲᠤᠷ ᠠᠳᠭᠤᠬᠤ ᠳ᠋ᠤ ᠪᠣᠢ᠃ ᠦᠵᠡᠯ ᠰᠠᠨᠠᠭ᠎ᠠ ᠲᠠᠨᠢᠯᠲᠠ ᠪᠠᠨ ᠳᠡᠭᠡᠭᠱᠢᠯᠡᠭᠦᠯᠵᠦ ᠨᠠᠢᠳᠠᠪᠤᠷᠢᠵᠢᠭᠤᠯᠤᠯᠲᠠ ᠵᠢ ᠠᠳᠭᠤᠵᠤ᠂ ᠠᠮᠢ ᠠᠬᠤᠢ ᠵᠢ ᠤᠷᠢᠳ ᠵᠢᠡᠷ ᠪᠤᠳᠤᠯᠬᠢᠯᠠᠬᠤ ᠪᠣᠬᠢᠷᠲᠤᠯ ᠦᠭᠡᠢ ᠬᠦᠭᠵᠢᠭᠦᠯᠬᠦ ᠪᠡᠷ ᠤᠳᠤᠷᠢᠳᠤᠮᠵᠢ ᠪᠣᠯᠭᠠᠭᠰᠠᠨ ᠴᠢᠨᠠᠷ ᠰᠠᠢᠲᠠᠢ ᠬᠥᠭᠵᠢᠯᠲᠡ ᠵᠢᠨ ᠱᠢᠨ᠎ᠡ ᠵᠠᠮ ᠢ᠋ᠶ᠋ᠠᠷ ᠡᠷᠡᠰ ᠭᠤᠢᠪᠢᠱᠢ ᠦᠭᠡᠢ ᠵᠠᠮᠨᠠᠵᠤ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭᠴᠠ ᠵᠢᠨ ᠤᠬᠠᠮᠰᠠᠷ ᠢ᠋ ᠪᠦᠬᠦ ᠲᠠᠯ᠎ᠠ᠎ᠪᠠᠷ ᠪᠠᠲᠤ ᠴᠤᠭᠴᠠᠯᠠᠵᠤ ᠂ 《ᠬᠣᠶᠠᠷ ᠬᠠᠯᠬᠠᠪᠴᠢ》 ᠵᠢ ᠪᠠᠳᠤ ᠴᠤᠭᠴᠠᠯᠠᠬᠤ ᠠᠵᠢᠯ᠎ᠤ᠋ᠨ ᠲᠦᠪᠱᠢᠨ ᠢ᠋ᠶ᠋ᠡᠨ ᠲᠠᠰᠤᠷᠠᠯᠲᠠ ᠦᠭᠡᠢ ᠳᠡᠭᠡᠭᠱᠢᠯᠡᠭᠦᠯᠬᠦ ᠬᠡᠷᠡᠭᠲᠡᠢ᠃ ᠪᠣᠳᠠᠲᠠᠢ ᠳᠠᠢ ᠪᠠᠨ ᠤᠶᠠᠯᠳᠤᠭᠤᠯᠤᠨ᠂ ᠭᠣᠣᠯᠳᠠᠯᠭ᠎ᠠ ᠪᠠᠨ ᠳᠣᠪᠣᠢᠯᠭᠠᠨ ᠨᠠᠢᠳᠠᠪᠤᠷᠢᠵᠢᠭᠤᠯᠤᠯᠲᠠ ᠵᠢ ᠠᠳᠭᠤᠵᠤ᠂ ᠭᠠᠵᠠᠷ ᠣᠷᠣᠨ᠎ᠤ᠋ ᠪᠠᠢᠳᠠᠯ᠎ᠳ᠋ᠠᠭᠠᠨ ᠲᠣᠬᠢᠷᠠᠭᠤᠯᠤᠨ 《 ᠬᠣᠶᠠᠷ ᠰᠠᠭᠤᠷᠢᠨ 》 ᠂ 《 ᠨᠢᠭᠡ ᠪᠡᠬᠢᠯᠡᠯᠲᠡ》 ᠵᠢ ᠪᠦᠲᠦᠭᠡᠨ ᠪᠠᠢᠭᠤᠯᠬᠤ ᠬᠡᠷᠡᠭᠲᠡᠢ᠃ ᠦᠨᠡᠨ ᠢ᠋ ᠪᠠᠷᠢᠮᠲᠠᠯᠠᠨ ᠪᠣᠳᠠᠲᠠᠢ ᠵᠢ ᠡᠷᠬᠢᠮᠯᠡᠬᠦ ᠵᠢ ᠪᠠᠷᠢᠮᠲᠠᠯᠠᠵᠤ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠨ ᠨᠠᠢᠳᠠᠪᠤᠷᠢᠵᠢᠭᠤᠯᠤᠯᠲᠠ ᠵᠢ ᠪᠦᠬᠦ ᠲᠠᠯ᠎ᠠ ᠪᠡᠷ ᠰᠠᠢᠳᠤᠷ ᠠᠳᠭᠤᠬᠤ ᠬᠡᠷᠡᠭᠲᠡᠢ᠃ ᠺᠠᠳ᠋ᠷ᠎ᠤ᠋ᠨ ᠡᠩᠨᠡᠭᠡᠨ ᠤ᠋ ᠪᠠᠢᠭᠤᠯᠤᠯᠲᠠ ᠵᠢᠨ ᠨᠠᠢᠳᠠᠪᠤᠷᠢᠵᠢᠭᠤᠯᠤᠯᠲᠠ ᠵᠢ ᠴᠢᠡᠭᠭ᠎ᠠ ᠠᠳᠭᠤᠵᠤ᠂ ᠤᠯᠤᠰ ᠲᠥᠷᠥ ᠵᠢᠨ ᠠᠮᠢ ᠠᠬᠤᠢ ᠵᠢ ᠦᠷᠭᠦᠯᠵᠢᠯᠡᠨ ᠰᠡᠷᠭᠦᠭᠡᠨ ᠴᠡᠪᠡᠷᠱᠢᠭᠦᠯᠵᠦ ᠂ ᠡᠯ᠎ᠡ ᠱᠠᠲᠤᠨ᠎ᠤ᠋ ᠤᠳᠤᠷᠢᠳᠬᠤ ᠺᠠᠳ᠋ᠷ ᠡᠨᠡ ᠬᠦ᠌ 《ᠵᠠᠩᠭᠢᠯᠠᠭ᠎ᠠ ᠵᠢᠨ ᠴᠥᠭᠡᠨ ᠲᠣᠭᠠᠲᠠᠨ》 ᠢ᠋ ᠠᠳᠭᠤᠵᠤ ᠂ ᠨᠠᠮ᠎ᠤ᠋ᠨ ᠲᠥᠯᠥᠭᠡᠯᠡᠭᠴᠢᠳ ᠤ᠋ᠨ ᠶᠡᠬᠡ ᠬᠤᠷᠠᠯ᠎ᠤ᠋ᠨ ᠵᠣᠷᠢᠭ ᠰᠠᠨᠠᠭ᠎ᠠ ᠵᠢ ᠪᠤᠳᠠᠳᠠᠢ᠎ᠳᠤ ᠨᠠᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠪᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面