2021-11-29 08:11:54
ᠵᠠᠩ ᠱᠢᠶᠠᠩ ᠳ᠋ᠦᠩ᠄ ᠲᠣᠭᠠᠴᠢᠯᠠᠭ᠍ᠰᠠᠨ ᠠᠵᠤ ᠠᠬᠤᠶ᠎ᠶ᠋ᠢ ᠬᠥᠭ᠌ᠵᠢᠭᠦᠯᠬᠦ᠌᠎ᠳᠦ 《ᠳᠥᠷᠪᠡᠨ ᠠᠩᠬᠠᠷᠤᠯ᠎ᠢᠶᠠᠨ ᠲᠥᠪᠯᠡᠷᠡᠭᠦᠯᠬᠦ᠌ 》 ᠳᠡᠭᠡᠷ᠎ᠡ ᠬᠦᠴᠦ ᠲᠠᠯᠪᠢᠬᠤ ᠢ᠋ᠢ ᠰᠠᠨᠠᠭᠤᠯᠵᠤ ᠪᠠᠢᠨ᠎ᠠ᠂ ᠲᠤᠬᠠᠢᠯᠠᠪᠠᠯ ᠲᠤᠭ᠎ᠠ ᠪᠠᠷᠢᠮᠳᠠ ᠢ᠋ᠢᠨ ᠠᠵᠤ ᠦᠢᠯᠡᠰᠵᠢᠯᠲᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠠᠵᠤ ᠦᠶ᠋ᠯᠡᠰ᠎ᠦᠨ ᠴᠢᠳᠠᠪᠤᠷᠢ ᠲᠠᠰ᠎ᠢ ᠥᠨᠳᠥᠷ ᠪᠦᠲᠦᠮᠵᠢᠲᠡᠶ᠎ᠪᠡᠷ ᠳᠡᠭᠡᠭ᠌ᠰᠢᠯᠡᠭᠦᠯᠤᠨ᠎ᠠ; ᠠᠵᠤ ᠦᠢᠯᠡᠰ᠎ᠦᠨ ᠲᠣᠭᠠᠴᠢᠯᠠᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠲᠣᠭᠠᠴᠢᠯᠠᠯᠲᠠ᠎ᠪᠠᠷ ᠬᠦᠳᠡᠯᠭᠡᠬᠦ ᠡᠨᠧᠷᠭᠢ ᠨᠡᠮᠡᠷᠢᠯᠡᠬᠦ᠎ᠶ᠋ᠢ ᠯᠠᠪᠳᠠᠭᠤᠨ᠎ᠢᠶᠠᠷ ᠴᠢᠩᠭᠠᠳᠭᠠᠨ᠎ᠠ; ᠲᠣᠭᠠᠴᠢᠯᠠᠭ᠍ᠰᠠᠨ ᠵᠠᠰᠠᠭ᠎ᠤᠨ ᠣᠷᠳᠣᠨ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠥᠨᠳᠥᠷ ᠲᠦᠪᠱᠢᠨ ᠪᠦᠬᠦᠢ ᠣᠶᠤᠨᠴᠢ ᠵᠠᠰᠠᠯᠲᠠ᠎ᠳᠤ ᠬᠦᠴᠦᠨ ᠨᠡᠮᠡᠷᠢᠯᠡᠨ᠎ᠡ ; ᠲᠣᠭᠠᠴᠢᠯᠠᠭ᠍ᠰᠠᠨ ᠨᠡᠢᠭᠡᠮ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠬᠡᠷᠡᠭ᠌ᠯᠡᠭᠡᠨ᠎ᠦ ᠦᠢᠯᠡᠴᠢᠯᠡᠭᠡᠨ᠎ᠦ ᠲᠦᠪᠱᠢᠨ᠎ᠢ ᠳᠡᠭᠡᠭ᠌ᠰᠢᠯᠡᠭᠦᠯᠦᠨ᠎ᠡ᠃
ᠯᠢ ᠵᠥᠩ ᠺᠠᠶ ᠄ ᠲᠣᠭᠠᠴᠢᠯᠠᠭ᠍ᠰᠠᠨ ᠬᠡᠯᠪᠡᠷᠢ ᠢ᠋ᠢᠨ ᠦᠭᠡᠷᠡᠴᠢᠯᠡᠯᠳᠡ᠎ᠶ᠋ᠢ ᠠᠬᠢᠭᠤᠯᠵᠤ᠂ 《 5G+ ᠤᠶᠤᠨᠴᠢ ᠠᠭᠤᠷᠬᠠᠶ 》᠂ 《 5G+ ᠵᠢᠯᠣᠭᠣᠴᠢ ᠥᠬᠡᠶ ᠮᠠᠰᠢᠨ》᠂ 《 5G+ ᠠᠵᠤ ᠦᠶ᠋ᠯᠡᠳᠪᠦᠷᠢ᠎ᠶ᠋ᠢᠨ ᠢᠨᠲ᠋ᠧᠷ ᠰᠦᠯᠵᠢᠶ᠎ᠡ》ᠵᠡᠷᠭᠡ ᠲᠠᠯ᠎ᠠ᠎ᠶ᠋ᠢᠨ ᠲᠣᠭᠠᠴᠢᠯᠠᠭ᠍ᠰᠠᠨ ᠬᠥᠭ᠌ᠵᠢᠯᠲᠡ᠎ᠶ᠋ᠢ ᠭᠤᠤᠯᠳᠠᠯᠭ᠎ᠠ᠎ᠲᠠᠶ ᠠᠬᠢᠭᠤᠯᠤᠨ᠎ᠠ᠃
ᠸᠠᠩ ᠵᠢᠨ ᠪᠦᠦ᠄ ᠳᠥᠷᠪᠡᠨ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠰᠠᠢᠲᠤᠷ ᠠᠳᠭᠤᠬᠤ ᠬᠡᠷᠡᠭ᠌ᠲᠡᠶ ᠄ ᠨᠢᠭᠡ᠎ᠳᠦ ᠲᠡᠦᠬᠡ᠎ᠶ᠋ᠢᠨ ᠠᠵᠠ ᠲᠣᠬᠢᠶᠠᠯ᠎ᠢ ᠡᠵᠡᠮᠳᠡᠵᠦ᠍᠂ ᠱᠢᠨ᠎ᠡ ᠡᠨᠧᠷᠭᠢ᠎ᠶ᠋ᠢ ᠶᠡᠬᠡᠪᠡᠷ ᠬᠥᠭ᠌ᠵᠢᠭᠦᠯᠤᠨ᠎ᠠ᠃ ᠬᠣᠶᠠᠷ᠎ᠲᠤ᠂ ᠪᠠᠢᠯᠳᠤᠬᠤ ᠪᠣᠳᠣᠯᠭ᠎ᠠ᠎ᠶ᠋ᠢᠨ ᠲᠣᠭ᠍ᠲᠠᠯ ᠬᠦᠴᠦᠨ ᠢ᠋ᠢᠡᠨ ᠪᠠᠲᠤᠯᠠᠵᠤ᠂ ᠡᠨᠧᠷᠭᠢ᠎ᠶ᠋ᠢᠨ ᠪᠣᠬᠢᠷᠲᠤᠯ ᠥᠬᠡᠶ᠎ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠤᠨ᠎ᠠ᠃ ᠭᠤᠷᠪᠠ᠎ᠳᠤ᠂ ᠬᠥᠭ᠌ᠵᠢᠯᠲᠡ᠎ᠶ᠋ᠢᠨ ᠳᠠᠪᠠᠭᠤᠯᠢᠭ ᠢ᠋ᠢᠡᠨ ᠦᠷᠭᠡᠳᠭᠡᠵᠦ᠂ ᠠᠵᠤ ᠦᠢᠯᠡᠰ ᠢ᠋ ᠨᠢᠭᠡᠳᠦᠯᠲᠡᠢ ᠲᠥᠯᠥᠪᠵᠢᠭᠦᠯᠬᠦ᠎ᠶ᠋ᠢ ᠰᠠᠢᠲᠤᠷ ᠠᠳᠭᠤᠨ᠎ᠠ᠃ ᠳᠥᠷᠪᠡ᠎ᠳᠦ᠂ ᠬᠠᠷᠢᠭᠤᠴᠠᠯᠭ᠎ᠠ ᠡᠭᠦᠷᠭᠡᠯᠡᠯ᠎ᠢᠶᠡᠨ ᠴᠢᠩᠭᠠᠳᠭᠠᠵᠤ᠂ ᠡᠨᠧᠷᠭᠢ᠎ᠶ᠋ᠢᠨ ᠪᠠᠲᠤᠯᠠᠭ᠎ᠠ᠎ᠶ᠋ᠢᠨ ᠴᠢᠳᠠᠪᠤᠷᠢ᠎ᠪᠠᠨ ᠳᠡᠭᠡᠭ᠌ᠰᠢᠯᠡᠭᠦᠯᠦᠨ᠎ᠡ᠃
ᠸᠠᠩ ᠯᠢ ᠵᠢᠶᠠ᠄ ᠤᠯᠤᠰ᠎ᠤᠨ ᠥᠮᠴᠢᠯᠡᠯ᠎ᠦᠨ ᠠᠵᠤ ᠠᠬᠤᠢᠯᠠᠯ ᠪᠣᠯᠤᠭ᠍ᠰᠠᠨ᠎ᠤ ᠬᠤᠪᠢ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠢᠮᠠᠭ᠍ᠲᠠ ᠪᠠᠷᠢᠮᠲᠠᠯᠠᠵᠤ᠂ ᠤᠶᠤᠨᠴᠢ ᠦᠶ᠋ᠯᠡᠳᠪᠦᠷᠢ᠎ᠶ᠋ᠢ ᠱᠠᠯᠠᠪᠳᠠᠨ ᠪᠠᠢᠭᠤᠯᠵᠤ᠂ ᠲᠣᠨᠣᠭ᠍ᠯᠠᠯ᠎ᠤᠨ ᠮᠡᠷᠭᠡᠵᠢᠯ᠎ᠦᠨ ᠰᠠᠢᠵᠢᠷᠠᠯᠲᠠ᠎ᠶ᠋ᠢ ᠠᠬᠢᠭᠤᠯᠵᠤ᠂ ᠪᠡᠶ᠎ᠡ᠎ᠪᠡᠨ ᠳᠠᠭᠠᠭᠠᠵᠤ ᠱᠢᠨ᠎ᠡ᠎ᠶ᠋ᠢ ᠡᠭᠦᠳᠬᠦ᠌ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠠᠵᠤ ᠠᠬᠤᠢᠯᠠᠯ᠎ᠤᠨ ᠪᠦᠲᠦᠴᠡ᠎ᠶ᠋ᠢᠨ ᠲᠣᠬᠢᠷᠠᠭᠤᠯᠤᠯᠲᠠ ᠪᠠ ᠠᠵᠤ ᠦᠶ᠋ᠯᠡᠰ᠎ᠦᠨ ᠲᠠᠰ ᠳᠡᠪᠱᠢᠬᠦ᠌᠎ᠶ᠋ᠢ ᠠᠬᠢᠭᠤᠯᠵᠤ᠂ ᠬᠥᠭ᠌ᠵᠢᠯᠲᠡ᠎ᠶ᠋ᠢᠨ 《 ᠱᠢᠨ᠎ᠡ ᠬᠥᠳᠡᠯᠭᠡᠭᠦᠷ 》 ᠢ᠋ ᠪᠤᠢ ᠪᠤᠯᠭᠠᠬᠤ ᠪᠡᠷ ᠬᠦᠴᠦᠯᠡᠨ ᠴᠢᠷᠮᠠᠢᠨ᠎ᠠ᠃
ᠡᠸ᠋ ᠰᠢ ᠴᠦᠨ᠄ ᠥᠪᠡᠷᠲᠡᠭᠡᠨ ᠵᠠᠰᠠᠬᠤ ᠣᠷᠣᠨ᠎ᠤ ᠰᠦ᠋ ᠢ᠋ᠢᠨ ᠦᠶ᠋ᠯᠡᠰ᠎ᠦᠨ ᠬᠥᠭ᠌ᠵᠢᠯᠲᠡ᠎ᠶ᠋ᠢᠨ ᠪᠣᠳᠠᠲᠤ ᠪᠠᠢᠳᠠᠯ᠎ᠲᠠᠶ ᠤᠶᠠᠯᠳᠤᠭᠤᠯᠵᠤ᠂ ᠠᠵᠤ ᠦᠶ᠋ᠯᠡᠰ᠎ᠦᠨ ᠬᠡᠯᠬᠢᠶ᠎ᠡ᠎ᠶ᠋ᠢ ᠲᠣᠭ᠍ᠲᠠᠪᠤᠷᠢᠵᠢᠭᠤᠯᠵᠤ ᠱᠢᠯᠢᠳᠡᠭ᠌ᠵᠢᠭᠦᠯᠦᠨ ᠳᠡᠰ ᠳᠡᠪᠰᠢᠭᠦᠯᠬᠦ ᠲᠤᠬᠠᠶ᠂ ᠪᠢᠳᠡ ᠭᠤᠷᠪᠠᠨ ᠲᠠᠯ᠎ᠠ᠎ᠪᠠᠷ ᠭᠤᠤᠯᠳᠠᠯᠭ᠎ᠠ᠎ᠲᠠᠶ ᠬᠦᠴᠦᠯᠡᠬᠦ᠌ ᠪᠣᠯᠤᠨ᠎ᠠ᠃ ᠨᠢᠭᠡ᠎ᠳᠦ᠂ ᠡᠪᠡᠰᠦ ᠲᠠᠷᠢᠬᠤ ᠭᠣᠭ᠍ᠴᠣᠭ᠎ᠠ ᠳᠡᠭᠡᠷ᠎ᠡ᠂ 《 ᠪᠣᠭᠣᠮᠢ 》 ᠵᠢᠨ ᠠᠰᠠᠭᠤᠳᠠᠯ᠎ᠢ ᠰᠠᠢᠲᠤᠷ ᠰᠢᠢᠳᠪᠤᠷᠢᠯᠡᠨ᠎ᠠ᠃ ᠬᠣᠶᠠᠷ᠎ᠲᠤ᠂ ᠦᠬᠡᠷ ᠲᠡᠵᠢᠭᠡᠬᠦ᠌ ᠭᠤᠭᠴᠤᠭ᠎ᠠ ᠳᠡᠭᠡᠷ᠎ᠡ᠂ ᠪᠡᠶ᠎ᠡ᠎ᠪᠡᠨ ᠳᠠᠭᠠᠭᠠᠵᠤ ᠡᠵᠡᠮᠳᠡᠵᠦ᠍ ᠪᠣᠯᠬᠤ᠎ᠶ᠋ᠢ ᠪᠡᠶᠡᠯᠡᠭᠦᠯᠬᠦ᠌ ᠵᠠᠩᠭᠢᠯᠠᠭ᠎ᠠ᠎ᠶ᠋ᠢ ᠠᠳᠭᠤᠨ᠎ᠠ᠃ ᠭᠤᠷᠪᠠ᠎ᠳᠤ᠂ ᠰᠦ᠋ ᠦᠢᠯᠡᠳᠪᠤᠷᠢᠯᠡᠬᠦ ᠭᠣᠭ᠍ᠴᠣᠭ᠎ᠠ᠎ᠳᠤ ᠳᠤᠲᠠᠭᠤᠳᠠᠯ᠎ᠢᠶᠠᠨ ᠨᠥᠬᠥᠪᠥᠷᠢᠯᠡᠬᠦ᠌ ᠠᠰᠠᠭᠤᠳᠠᠯ᠎ᠢ ᠰᠠᠢᠲᠤᠷ ᠱᠢᠶ᠋ᠳᠪᠦᠷᠢᠯᠡᠨ᠎ᠡ᠃
ᠼᠣᠣ ᠬᠣᠩ᠄ ᠣᠷᠣᠨ᠎ᠤ ᠲᠥᠪ᠎ᠦᠨ ᠳᠡᠭᠡᠳᠦ ᠵᠡᠷᠭᠡ᠎ᠶ᠋ᠢᠨ ᠠᠵᠢᠯ ᠮᠡᠷᠭᠡᠵᠢᠯ᠎ᠦᠨ ᠰᠤᠷᠭᠠᠭᠤᠯᠢ᠎ᠶ᠋ᠢᠨ ᠨᠠᠮ᠎ᠤᠨ ᠲᠥᠯᠥᠭᠡᠯᠡᠭ᠌ᠴᠢ ᠪᠣᠯᠤᠭ᠍ᠰᠠᠨ᠎ᠤ ᠬᠤᠪᠢ᠎ᠳᠤ᠂ ᠨᠠᠮ᠎ᠤᠨ ᠲᠥᠯᠥᠭᠡ ᠬᠥᠮᠦᠨ ᠬᠥᠮᠦᠵᠢᠭᠦᠯᠬᠦ᠌᠂ ᠤᠯᠤᠰ᠎ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ᠌᠎ᠶ᠋ᠢ ᠢᠮᠠᠭ᠍ᠲᠠ ᠪᠠᠷᠢᠮᠲᠠᠯᠠᠵᠤ᠂ ᠶᠣᠰᠣ ᠰᠤᠷᠲᠠᠬᠤᠨ᠎ᠢᠶᠠᠷ ᠬᠥᠮᠦᠨ ᠬᠥᠮᠦᠵᠢᠭᠦᠯᠬᠦ᠌ ᠦᠨᠳᠦᠰᠦᠨ ᠡᠭᠦᠷᠭᠡ᠎ᠶ᠋ᠢ ᠨᠠᠢᠳᠠᠪᠤᠷᠢᠵᠢᠭᠤᠯᠤᠨ᠎ᠠ᠃ ᠨᠢᠭᠡ᠎ᠳᠦ᠂ ᠠᠷᠠᠳ ᠲᠦᠮᠡᠨ᠎ᠳᠦ ᠲᠠᠭᠠᠱᠢᠶᠠᠭ᠍ᠳᠠᠭ᠍ᠰᠠᠨ ᠰᠤᠷᠭᠠᠨ ᠬᠥᠮᠦᠵᠢᠯ᠎ᠢ ᠰᠠᠢᠲᠤᠷ ᠡᠷᠭᠢᠯᠡᠬᠦ᠌᠎ᠳᠦ ᠬᠦᠴᠦᠨ ᠴᠢᠳᠠᠯ᠎ᠢᠶᠠᠨ ᠡᠷᠭᠦᠨ᠎ᠡ᠃ ᠬᠣᠶᠠᠷ᠎ᠲᠤ᠂ ᠠᠵᠢᠯᠯᠠᠬᠤ ᠠᠮᠢᠳᠤᠷᠠᠬᠤ᠎ᠳᠤ ᠲᠣᠬᠢᠷᠠᠮᠵᠢᠲᠠᠶ ᠱᠢᠨ᠎ᠡ ᠬᠡᠯᠪᠡᠷᠢ᠎ᠶ᠋ᠢᠨ ᠬᠣᠲᠠ᠎ᠶ᠋ᠢ ᠪᠦᠲᠦᠭᠡᠨ ᠪᠠᠢᠭᠣᠯᠬᠣ ᠯᠣᠭ᠎ᠠ ᠨᠠᠩ ᠰᠠᠢᠲᠣᠷ ᠤᠶᠠᠯᠳᠤᠭᠤᠯᠵᠤ᠂ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠬᠥᠭ᠌ᠵᠢᠯᠲᠡ᠎ᠶ᠋ᠢᠨ 《ᠬᠥᠳᠡᠯᠭᠡᠬᠦ᠌ ᠬᠦᠴᠦᠨ᠎ᠦ ᠰᠤᠷᠪᠤᠯᠵᠢ》ᠪᠣᠯᠬᠤ᠎ᠪᠠᠷ ᠴᠢᠷᠮᠠᠢᠨ᠎ᠠ᠃ ᠭᠤᠷᠪᠠ᠎ᠳᠤ᠂ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠲᠣᠲᠣᠭᠠᠲᠣ ᠠᠭᠣᠯᠬᠣᠨ ᠮᠠᠶᠢᠭ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠪᠥᠬᠥ᠌ ᠬᠦᠴᠦᠨ᠎ᠢᠶᠡᠷ ᠠᠬᠢᠭᠤᠯᠤᠨ᠎ᠠ᠃
ᠵᠠᠩ ᠶᠦᠩ ᠴᠢᠣᠸᠠᠨ᠄ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠡᠯ᠎ᠡ ᠵᠦᠢᠯ᠎ᠦᠨ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠪᠣᠳᠠᠲᠠᠢ ᠨᠠᠷᠢᠯᠢᠭ ᠨᠠᠢᠳᠠᠪᠤᠷᠢᠵᠢᠭᠤᠯᠤᠨ᠎ᠠ᠃ ᠨᠢᠭᠡ᠎ᠳᠦ᠂ ᠠᠮᠢ ᠠᠬᠤᠶ᠎ᠶ᠋ᠢᠨ ᠠᠵᠤ ᠦᠢᠯᠡᠰᠵᠢᠯᠲᠡ᠂ ᠠᠵᠤ ᠦᠶ᠋ᠯᠡᠰ᠎ᠦᠨ ᠠᠮᠢ ᠠᠬᠤᠢᠵᠢᠯᠲᠠᠶ᠋ᠢ ᠠᠬᠢᠭᠤᠯᠤᠨ᠎ᠠ᠃ ᠬᠣᠶᠠᠷ᠎ᠲᠤ᠂《 ᠨᠢᠭᠡ ᠲᠣᠰᠭᠣᠨ ᠳᠤ ᠨᠢᠭᠡ ᠲᠥᠷᠥᠯ ᠲᠡᠮᠲᠡᠭ》 ᠢ᠋ ᠴᠢᠷᠮᠠᠢᠨ ᠪᠤᠵᠠᠭᠠᠢᠷᠠᠭᠤᠯᠤᠨ᠎ᠠ᠃ ᠭᠤᠷᠪᠠ᠎ᠳᠤ᠂ ᠮᠠᠯᠴᠢᠨ ᠲᠠᠷᠢᠶᠠᠴᠢᠳ᠎ᠢ ᠠᠵᠤ ᠦᠶ᠋ᠯᠡᠰ᠎ᠦᠨ ᠬᠡᠯᠬᠢᠶ᠎ᠡ᠎ᠳᠦ ᠴᠢᠩᠭ᠎ᠠ ᠣᠶᠠᠯᠲᠣᠭᠣᠯᠬᠣ᠎ᠪᠠᠷ ᠳᠠᠮᠵᠢᠭᠤᠯᠤᠨ ᠣᠷᠣᠯᠭ᠎ᠠ᠎ᠶ᠋ᠢᠨ ᠨᠡᠮᠡᠭᠳᠡᠯ᠎ᠢ ᠦᠷᠭᠦᠯᠵᠢᠯᠡᠨ ᠠᠬᠢᠭᠤᠯᠤᠨ᠎ᠠ᠃
( ᠰᠣᠷᠪᠣᠯᠵᠢᠯᠠᠬᠴᠢ ᠾᠦ᠋ᠧᠧ ᠰᠢᠶᠣᠣ ᠴᠢᠩ ᠬᠠᠨ ᠰᠢᠣᠸᠠᠢ ᠷᠦ᠋ ᠡᠮᠬᠢᠳᠭᠡᠪᠡ )
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃