2021-11-29 06:39:58

11 ᠰᠠᠷ᠎ᠠ ᠵᠢᠨ 28 ᠤ᠋ ᠦᠳᠡ ᠵᠢᠨ ᠡᠮᠦᠨ᠎ᠠ᠂ ᠱᠢ ᠲᠠᠢ ᠹᠸᠩ ᠤᠯᠠᠭᠠᠨᠬᠠᠳᠠ ᠬᠤᠳᠠ ᠵᠢᠨ ᠲᠦᠯᠦᠭᠡᠯᠡᠭᠴᠢᠳ ᠤ᠋ᠨ ᠪᠦᠯᠬᠦᠮ᠎ᠤᠨ ᠬᠢᠨ ᠲᠠᠢ ᠬᠠᠮᠳᠦ ᠪᠡᠷ ᠨᠠᠮ᠎ᠤᠨ ᠲᠦᠯᠦᠭᠡᠯᠡᠭᠴᠢᠳ ᠤ᠋ᠨ ᠶᠡᠬᠡ ᠬᠤᠷᠠᠯ᠎ᠤᠨ ᠢᠯᠡᠳᠭᠡᠯ ᠢ᠋ ᠬᠢᠨᠡᠨ ᠵᠦᠪᠯᠡᠵᠠᠢ᠃
ᠰᠤᠷᠪᠤᠯᠵᠢᠯᠠᠭᠴᠢ ᠶᠤᠸᠠᠨ ᠶᠦᠩ ᠬᠤᠩ ᠰᠡᠭᠦᠳᠡᠷᠯᠡᠪᠡ
11 ᠰᠠᠷ᠎ᠠ᠎ᠶ᠋ᠢᠨ 28 ᠤ᠋ ᠡᠳᠦᠷ᠂ ᠱ᠌ᠢ᠎ᠲᠡᠶ ᠹᠸᠩ ᠤᠯᠠᠭᠠᠨᠬᠠᠳᠠ ᠬᠤᠳᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠪᠠ᠃ ᠲᠡᠷᠡ᠂ ᠡᠯ᠎ᠡ ᠱᠠᠲᠤᠨ᠎ᠤ᠎ᠬᠢᠨ ᠤᠬᠠᠮᠰᠠᠷ᠎ᠡᠴᠡ᠎ᠪᠠᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠡᠴᠡ ᠲᠣᠳᠣᠷᠬᠠᠢᠯᠠᠭ᠍ᠰᠠᠨ ᠴᠢᠭ᠌ᠯᠡᠯ ᠪᠣᠯᠤᠨ ᠪᠠᠢᠷᠢᠱᠢᠭᠤᠯᠤᠯᠲᠠ᠎ᠶ᠋ᠢᠨ ᠳᠤᠤᠷ᠎ᠠ ᠲᠣᠰ ᠭᠠᠵᠠᠷ ᠣᠷᠣᠨ᠎ᠤ᠎ᠪᠠᠨ ᠠᠵᠢᠯ᠎ᠢ ᠰᠤᠳᠤᠯᠤᠨ ᠠᠬᠢᠭᠤᠯᠵᠤ᠂ ᠪᠣᠳᠠᠲᠤ ᠪᠠᠢᠳᠠᠯᠳ᠋ᠠᠭᠠᠨ ᠰᠠᠭᠤᠷᠢᠯᠠᠨ ᠡᠯ᠎ᠡ ᠵᠦᠶ᠋ᠯ᠎ᠦᠨ ᠠᠵᠢᠯ᠎ᠤᠨ ᠠᠷᠭ᠎ᠠ ᠬᠡᠮᠵᠢᠶ᠎ᠡ᠎ᠶ᠋ᠢ ᠭᠦᠨᠵᠡᠭᠡᠢᠷᠡᠭᠦᠯᠦᠨ ᠰᠦᠪᠡᠭᠴᠢᠯᠡᠵᠤ ᠪᠣᠳᠠᠲᠠᠶ ᠠᠳᠭᠤᠵᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠬᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠯᠠᠪᠳᠠᠭᠤᠨ ᠪᠠᠲᠤᠲᠠᠶ ᠰᠠᠢᠲᠤᠷ ᠵᠠᠮᠨᠠᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃
ᠬᠤᠷᠠᠯ᠎ᠤᠨ ᠲᠠᠯᠠᠪᠠᠢ ᠬᠦᠷ ᠬᠥᠭ᠌ᠵᠢᠶᠡᠨ᠎ᠢᠶᠡᠷ ᠪᠢᠯᠬᠠᠵᠤ᠂ ᠵᠢᠨ ᠵᠢᠶᠠᠩ ᠪᠥᠸᠧ᠂ ᠸᠠᠨ ᠴᠤᠤ ᠴᠢ᠂ ᠸᠠᠩ ᠸᠠᠩ ᠱᠧᠩ ᠂ ᠴᠧᠨ ᠵᠠᠨ ᠶᠢᠩ ᠂ ᠵᠤᠤ ᠵᠢᠩ ᠸᠠᠩ᠂ ᠵᠤᠤ ᠰᠸ᠋ ᠫᠢᠩ ᠵᠡᠷᠭᠡ ᠲᠥᠯᠥᠭᠡᠯᠡᠭ᠌ᠴᠢ ᠢᠳᠡᠪᠬᠢᠲᠡᠢ᠎ᠪᠡᠷ ᠦᠭᠡ ᠬᠡᠯᠡᠵᠦ᠍᠂ ᠲᠠᠨᠢᠯᠲᠠ ᠣᠢᠯᠠᠭᠠᠯᠲᠠ᠎ᠪᠠᠨ ᠠᠭᠤᠵᠢᠷᠠᠲᠠᠯ᠎ᠠ ᠶᠠᠷᠢᠯᠴᠠᠪᠠ᠃ ᠣᠯᠠᠨ᠎ᠤ ᠶᠠᠷᠢᠬᠤ ᠵᠢ ᠨᠠᠷᠢᠨ ᠬᠢᠨᠠᠮᠠᠭᠠᠶ ᠰᠣᠨᠣᠰᠤᠭ᠍ᠰᠠᠨ᠎ᠤ ᠳᠠᠷᠠᠭ᠎ᠠ ᠱ᠌ᠢ᠎ᠲᠡᠶ ᠹᠸᠩ ᠶᠡᠬᠡ ᠬᠤᠷᠠᠯ᠎ᠳᠤ ᠳᠡᠪᠱᠢᠭᠦᠯᠵᠦ᠍ ᠬᠢᠨᠠᠨ ᠵᠥᠪᠯᠡᠭᠦᠯᠦᠭ᠌ᠰᠡᠨ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠠᠵᠢᠯ᠎ᠤᠨ ᠮᠡᠳᠡᠭᠦᠯᠦᠯᠲᠡ᠎ᠨᠢ ᠪᠥᠬᠥ᠌ ᠲᠠᠯ᠎ᠠ᠎ᠳᠤ ᠵᠣᠭ᠍ᠰᠣᠵᠤ᠂ ᠭᠤᠤᠯ ᠰᠡᠳᠦᠪ᠎ᠨᠢ ᠢᠯᠡ ᠲᠣᠳᠣ᠂ ᠠᠵᠢᠯ᠎ᠢᠶᠠᠨ ᠳ᠋ᠦᠩᠨᠡᠭ᠌ᠰᠡᠨ᠎ᠨᠢ ᠪᠤᠰᠤᠳᠴᠢ ᠪᠥᠭᠡᠳ ᠪᠣᠳᠠᠲᠠᠶ᠂ ᠪᠠᠢᠷᠢᠯᠠᠭᠤᠯᠤᠭ᠍ᠰᠠᠨ ᠡᠭᠦᠷᠭᠡ᠎ᠨᠢ ᠲᠣᠳᠣᠷᠬᠠᠶ ᠪᠥᠭᠡᠳ ᠪᠣᠳᠠᠲᠠᠶ ᠪᠠᠢᠵᠤ᠂ ᠪᠥᠬᠥ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠦᠷᠭᠦᠯᠵᠢᠯᠡᠨ ᠭᠦᠨᠵᠡᠭᠡᠢᠷᠡᠭᠦᠯᠬᠦ᠌ ᠡᠷᠡᠰ ᠪᠠᠳᠤ ᠢᠳᠡᠬᠡᠯ ᠵᠣᠷᠢᠭ᠎ᠢ ᠭᠦᠶ᠋ᠴᠡᠳ ᠢᠯᠡᠷᠡᠭᠦᠯᠵᠦ᠍᠂ ᠴᠢᠩᠭ᠎ᠠ ᠪᠠᠢᠬᠤ ᠭᠤᠤᠯ ᠬᠥᠭ ᠠᠶᠠᠰ᠎ᠢ ᠣᠷᠳᠣ ᠬᠤᠭᠤᠴᠠᠭ᠎ᠠ᠎ᠪᠠᠷ ᠪᠠᠷᠢᠮᠲᠠᠯᠠᠬᠤ ᠢᠯᠡ ᠲᠣᠳᠣ ᠣᠪᠣᠷ᠎ᠢ ᠢᠯᠡᠷᠡᠭᠦᠯᠪᠡ᠂ ᠪᠢ ᠪᠦᠷᠢᠮᠦᠰᠦᠨ ᠵᠥᠪᠱᠢᠶᠡᠷᠡᠨ᠎ᠡ ᠭᠡᠵᠤ ᠬᠡᠯᠡᠪᠡ᠃
ᠱ᠌ᠢ᠎ᠲᠡᠶ ᠹᠸᠩ ᠂ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ᠎ᠳᠦ ᠳᠤᠷᠠᠳᠤᠭ᠍ᠰᠠᠨ ᠬᠠᠷᠠᠯᠲᠠ ᠡᠭᠦᠷᠭᠡ ᠶ᠋ᠢ ᠪᠡᠶᠡᠯᠡᠭᠦᠯᠬᠦ᠌᠎ᠳᠦ ᠵᠠᠩᠭᠢᠯᠠᠭ᠎ᠠ ᠨᠢ ᠣᠷᠣᠨ ᠳᠠᠶᠠᠭᠠᠷ᠎ᠢᠶᠠᠨ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠨᠠᠢᠳᠠᠪᠤᠷᠢᠵᠢᠭᠤᠯᠤᠯᠲᠠ᠎ᠶ᠋ᠢ ᠰᠠᠢᠲᠤᠷ ᠠᠳᠭᠤᠬᠤ᠎ᠳᠤ ᠪᠤᠢ᠃ ᠤᠯᠠᠭᠠᠨᠬᠠᠳᠠ ᠬᠤᠳᠠ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠤᠬᠢᠷᠠᠭᠤᠯᠤᠯᠳᠠ ᠪᠠᠢᠷᠢᠯᠠᠭᠤᠯᠤᠯᠲᠠ᠎ᠶ᠋ᠢᠨ ᠲᠣᠭᠣᠷᠢᠨ ᠳᠤ᠂ ᠲᠤᠰ ᠪᠡᠶ᠎ᠡ᠎ᠶ᠋ᠢᠨ ᠬᠥᠭ᠌ᠵᠢᠯᠲᠡ᠎ᠶ᠋ᠢᠨ ᠪᠣᠳᠠᠲᠤ ᠪᠠᠢᠳᠠᠯ᠎ᠳᠠᠭᠠᠨ ᠰᠠᠭᠤᠷᠢᠯᠠᠵᠤ᠂ ᠬᠠᠮᠢᠭ᠎ᠠ᠎ᠡᠴᠡ ᠭᠠᠷᠳᠠᠬᠤ᠂ ᠬᠠᠮᠢᠭᠠᠰᠢ᠎ᠪᠠᠨ ᠬᠦᠴᠦᠯᠡᠬᠦ᠌ ᠵᠢ ᠴᠢᠨᠠᠭᠰᠢᠳᠠ ᠵᠦᠪ ᠤᠨᠤᠪᠴᠢᠳᠠᠢ ᠪᠤᠯᠭᠠᠵᠤ᠂ ᠠᠵᠤ ᠠᠬᠤᠢ ᠨᠡᠢᠭᠡᠮ ᠪᠣᠯᠤᠨ ᠨᠠᠮ᠎ᠤᠨ ᠪᠠᠢᠭᠤᠯᠤᠯᠲᠠ᠎ᠶ᠋ᠢᠨ ᠡᠯ᠎ᠡ ᠵᠦᠢᠯ᠎ᠦᠨ ᠠᠵᠢᠯ ᠦᠢᠯᠡᠰ᠎ᠦᠨ ᠬᠥᠭ᠌ᠵᠢᠯᠲᠡ᠎ᠶ᠋ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭ᠌ᠲᠡᠢ᠃ ᠪᠣᠬᠢᠷᠲᠤᠯ ᠦᠭᠡᠢ᠎ᠪᠡᠷ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠭᠦᠯᠵᠦ ᠤᠳᠤ ᠦᠶ᠎ᠡ᠎ᠶ᠋ᠢᠨ ᠠᠵᠤ ᠦᠢᠯᠡᠰ᠎ᠦᠨ ᠱᠢᠰᠲ᠋ᠧᠮ᠎ᠦᠨ ᠪᠠᠢᠭᠤᠯᠤᠯᠲᠠ᠎ᠶ᠋ᠢ ᠠᠬᠢᠭᠤᠯᠬᠤ ᠲᠠᠯ᠎ᠠ᠎ᠪᠠᠷ ᠨᠡᠩ ᠶᠡᠬᠡ ᠠᠯᠬᠤᠮ᠎ᠢ ᠠᠯᠬᠤᠵᠤ᠂ ᠭᠣᠣᠯᠯᠠᠬᠤ ᠠᠵᠤ ᠦᠢᠯᠡᠰ᠎ᠢ ᠪᠤᠢᠵᠢᠭᠤᠯᠤᠨ ᠱᠢᠯᠢᠳᠡᠭ᠌ᠵᠢᠭᠦᠯᠵᠤ ᠦᠷ᠎ᠡ ᠠᠱᠢᠭ᠎ᠢ ᠨᠡᠮᠡᠭ᠌ᠳᠡᠭᠦᠯᠬᠦ᠌ ᠠᠵᠢᠯᠯᠠᠭ᠎ᠠ᠎ᠶ᠋ᠢ ᠶᠡᠬᠡᠪᠡᠷ ᠬᠡᠷᠡᠭ᠌ᠵᠢᠭᠦᠯᠦᠨ᠂ ᠲᠠᠷᠢᠶᠠᠯᠠᠩ ᠮᠠᠯ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠲᠡᠰ ᠳᠠᠪᠬᠤᠷᠭ᠎ᠠ ᠪᠠ ᠲᠦᠪᠱᠢᠨ᠎ᠢ ᠬᠦᠴᠦᠯᠡᠨ ᠳᠡᠭᠡᠭ᠌ᠰᠢᠯᠡᠭᠦᠯᠵᠦ᠍ ᠂ ᠠᠷᠭ᠎ᠠ ᠪᠦᠬᠦᠨ᠎ᠢ ᠰᠦᠪᠡᠭ᠌ᠴᠢᠯᠡᠨ ᠵᠢᠭᠤᠯᠴᠢᠯᠠᠯ᠎ᠤᠨ ᠦᠢᠯᠡᠰ᠎ᠦᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌ ᠂ ᠲᠡᠰ ᠳᠡᠪᠱᠢᠭᠦᠯᠬᠦ᠎ᠶ᠋ᠢ ᠠᠬᠢᠭᠤᠯᠵᠤ᠂ ᠱᠢᠨ᠎ᠡ ᠡᠨᠧᠷᠭᠢ᠎ᠶ᠋ᠢᠨ ᠠᠵᠤ ᠦᠢᠯᠡᠰ᠎ᠢ ᠢᠳᠡᠪᠬᠢᠲᠡᠢ ᠬᠥᠭ᠌ᠵᠢᠭᠦᠯᠦᠨ᠂ ᠠᠵᠤ ᠠᠬᠤᠢ᠎ᠶ᠋ᠢᠨ ᠬᠥᠭ᠌ᠵᠢᠯᠲᠡ᠎ᠶ᠋ᠢ ᠡᠬᠢ ᠪᠠᠶᠠᠯᠢᠭ᠎ᠲᠤ ᠲᠦᠱᠢᠭ᠌ᠯᠡᠬᠦ᠌ ᠬᠡᠯᠪᠡᠷᠢ᠎ᠡᠴᠡ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠡᠯᠪᠡᠷᠢ ᠲᠡᠢᠰᠢ ᠬᠤᠪᠢᠷᠠᠭᠤᠯᠬᠤ᠂ ᠪᠦᠳᠦᠭᠦᠯᠢᠭ ᠪᠦᠬᠡᠳ ᠶᠡᠬᠡ ᠨᠡᠭᠦᠷᠡᠰᠦᠲᠥ᠋ᠷᠥᠭ᠌ᠴᠢᠲᠦ ᠬᠡᠯᠪᠡᠷᠢ ᠡᠴᠡ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠳᠤ ᠬᠡᠯᠪᠡᠷᠢ ᠲᠡᠢᠰᠢ ᠬᠤᠪᠢᠷᠠᠭᠤᠯᠬᠤ᠂ ᠲᠠᠷᠠᠬᠠᠢ ᠪᠤᠳᠠᠷᠬᠠᠢ ᠦᠷ᠎ᠡ ᠠᠱᠢᠭ ᠳᠣᠣᠷ᠎ᠠ ᠬᠡᠯᠪᠡᠷᠢ᠎ᠡᠴᠡ ᠡᠷᠴᠢᠮᠯᠢᠭ ᠥᠨᠳᠥᠷ ᠪᠦᠲᠦᠮᠵᠢᠲᠡᠢ ᠬᠡᠯᠪᠡᠷᠢ ᠲᠡᠢᠰᠢ ᠬᠤᠪᠢᠷᠠᠭᠤᠯᠬᠤ᠎ᠶ᠋ᠢ ᠪᠦᠬᠦ᠌ ᠬᠦᠴᠦᠨ᠎ᠢᠶᠡᠷ᠎ᠢᠶᠡᠨ ᠠᠬᠢᠭᠤᠯᠬᠤ ᠬᠡᠷᠡᠭ᠌ᠲᠡᠢ᠃ 《ᠵᠤᠢᠷᠠᠢ ᠣᠳᠣᠨ ᠤᠷᠤᠨ》 ᠢ᠋ ᠪᠠᠢᠭᠤᠯᠬᠤ ᠬᠠᠷᠠᠯᠲᠠ ᠵᠢᠨ ᠲᠤᠭᠤᠷᠢᠨ ᠳ᠋ᠤᠣᠷᠣᠨ ᠪᠦᠰᠡ᠎ᠶ᠋ᠢᠨ ᠲᠥᠪ ᠬᠣᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠠᠵᠠ ᠲᠣᠬᠢᠶᠠᠯ᠎ᠢ ᠠᠮᠵᠢᠨ᠂ ᠪᠠᠢᠷᠢ ᠲᠣᠭ᠍ᠲᠠᠭᠠᠯᠲᠠ᠎ᠪᠠᠨ ᠣᠨᠣᠪᠴᠢᠲᠠᠶ ᠡᠵᠡᠮᠳᠡᠵᠦ᠍᠂ ᠪᠠᠷᠢᠮᠵᠢᠶ᠎ᠠ᠎ᠪᠠᠨ ᠲᠣᠳᠣᠷᠬᠠᠢᠯᠠᠨ᠂ ᠰᠤᠳᠤᠯᠤᠨ ᠲᠥᠯᠥᠪᠵᠢᠭᠦᠯᠬᠦ᠌᠎ᠪᠡᠨ ᠴᠢᠩᠭᠠᠳᠭᠠᠵᠤ᠂ ᠪᠥᠲᠥᠭᠡᠨ ᠪᠠᠢᠭᠤᠯᠬᠤ ᠠᠯᠬᠤᠭ᠎ᠠ᠎ᠪᠠᠨ ᠲᠦᠷᠭᠡᠳᠭᠡᠨ᠂ ᠬᠣᠲᠠ᠎ᠶ᠋ᠢᠨ ᠰᠠᠭᠤᠷᠢ ᠲᠥᠬᠥᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠦᠨᠡᠨ ᠬᠦ᠌ ᠴᠢᠩᠭᠠᠳᠭᠠᠵᠤ᠂ ᠠᠵᠤ ᠦᠶ᠋ᠯᠡᠰ ᠪᠠ ᠬᠣᠲᠠ᠎ᠶ᠋ᠢ ᠠᠭᠤᠰᠤᠯᠴᠠᠭᠤᠯᠤᠨ ᠬᠥᠭ᠌ᠵᠢᠭᠦᠯᠬᠦ᠌᠎ᠶ᠋ᠢ ᠱᠢᠨᠵᠢᠯᠡᠬᠦ᠌ ᠤᠬᠠᠭᠠᠨᠴᠢ᠎ᠪᠠᠷ ᠰᠠᠢᠲᠤᠷ ᠠᠳᠭᠤᠨ᠂ ᠡᠬᠢ ᠪᠠᠶᠠᠯᠢᠭ ᠢ᠋ ᠲᠥᠪᠯᠡᠷᠡᠭᠦᠯᠵᠤ ᠲᠠᠷᠬᠠᠭᠠᠬᠤ᠂ ᠡᠯᠧᠮᠧᠨ᠋ᠲ ᠢ᠋ ᠠᠭᠤᠰᠤᠯᠴᠠᠭᠤᠯᠤᠨ ᠨᠡᠪᠲᠡᠷᠡᠯᠴᠡᠬᠦᠯᠬᠦ᠎ᠶ᠋ᠢ ᠬᠦᠴᠦᠯᠡᠨ ᠠᠬᠢᠭᠤᠯᠵᠤ᠂ ᠬᠣᠲᠠ᠎ᠶ᠋ᠢᠨ ᠨᠥᠯᠥᠭᠡᠯᠡᠨ ᠳᠠᠢᠴᠢᠯᠠᠬᠤ ᠴᠢᠳᠠᠪᠤᠷᠢ᠎ᠶ᠋ᠢ ᠲᠠᠰᠤᠷᠠᠯᠲᠠ ᠥᠬᠡᠶ ᠴᠢᠩᠭᠠᠳᠭᠠᠨ᠂ ᠤᠯᠠᠭᠠᠨᠬᠠᠳᠠ ᠬᠣᠲᠠ᠎ᠶ᠋ᠢ ᠪᠥᠬᠥ᠌ ᠤᠯᠤᠰ᠎ᠤᠨ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠠᠭᠤᠰᠤᠯᠴᠠᠭᠤᠯᠬᠤ ᠳᠤᠮᠳᠠ ᠨᠠᠩ ᠶᠡᠬᠡ ᠠᠮᠢᠵᠢᠷᠠᠯ᠎ᠤᠨ ᠬᠦᠴᠦᠨ ᠲᠠᠢ ᠪᠤᠯᠭᠠᠬᠤ ᠬᠡᠷᠡᠭ᠌ᠲᠡᠶ᠃ ᠬᠡᠬᠦᠳᠡᠭ ᠴᠡᠭᠡᠵᠢᠨ ᠳ᠋ᠡᠭᠡᠨ《ᠤᠯᠤᠰ᠎ᠤᠨ ᠶᠡᠬᠡ ᠶᠠᠪᠤᠳᠠᠯ》 ᠢ᠋ ᠪᠤᠳᠤᠯᠬᠢᠯᠠᠬᠤ ᠪᠠᠬᠳᠠᠭᠠᠮᠵᠢ ᠪᠣᠯᠤᠨ ᠡᠭᠦᠷᠭᠡᠯᠡᠯ ᠵᠢᠡᠷ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ ᠵᠠᠰᠠᠯᠲᠠ᠎ᠶ᠋ᠢ ᠦᠷᠭᠦᠯᠵᠢᠯᠡᠨ ᠬᠦᠴᠦᠯᠡᠨ ᠰᠠᠢᠲᠤᠷ ᠠᠳᠭᠤᠵᠤ᠂ ᠨᠤᠲᠤᠭ ᠪᠡᠯᠴᠢᠭᠡᠷ ᠪᠣᠯᠤᠨ ᠤᠢ ᠱᠢᠭᠤᠢ᠎ᠶ᠋ᠢ ᠬᠠᠮᠠᠭᠠᠯᠠᠬᠤ᠎ᠶ᠋ᠢ ᠲᠡᠷᠢᠭᠦᠨ ᠴᠢᠬᠤᠯᠠ ᠡᠭᠦᠷᠭᠡ ᠪᠣᠯᠭᠠᠵᠤ᠂ ᠦᠨᠳᠦᠰᠦᠨ ᠨᠤᠲᠤᠭ ᠪᠡᠯᠴᠢᠭᠡᠷ᠎ᠢ ᠬᠠᠮᠠᠭᠠᠯᠠᠬᠤ ᠪᠠ ᠮᠠᠯ ᠪᠡᠯᠴᠢᠭᠡᠷ᠎ᠦᠨ ᠲᠡᠩᠴᠡᠭᠦᠷᠢ᠎ᠶ᠋ᠢ ᠪᠠᠲᠤᠯᠠᠬᠤ᠂ ᠪᠡᠯᠴᠢᠭᠡᠷᠯᠡᠭᠦᠯᠬᠦ᠌᠎ᠶ᠋ᠢ ᠵᠣᠭ᠍ᠰᠣᠭᠠᠵᠤ ᠪᠡᠯᠴᠢᠭᠡᠷ᠎ᠢ ᠰᠡᠷᠭᠦᠭᠡᠬᠦ᠌ ᠵᠡᠷᠭᠡ ᠲᠦᠷᠢᠮ᠎ᠢ ᠴᠢᠩᠭ᠎ᠠ ᠬᠡᠷᠡᠭ᠌ᠵᠢᠭᠦᠯᠵᠦ᠍᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠶᠡᠷᠦᠩᠬᠡᠢᠯᠡᠨ ᠵᠠᠰᠠᠬᠤ᠂ ᠱᠢᠰᠲ᠋ᠧᠮ᠎ᠲᠡᠶ ᠵᠠᠰᠠᠬᠤ᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠰᠤ ᠬᠡᠷᠡᠭ᠌ᠯᠡᠬᠦ᠌ ᠬᠡᠯᠪᠡᠷᠢ᠎ᠶ᠋ᠢ ᠡᠷᠴᠢᠮᠵᠢᠭᠦᠯᠦᠨ ᠥᠨᠳᠥᠷ ᠪᠦᠲᠦᠮᠵᠢᠲᠡᠢ ᠪᠣᠯᠭᠠᠬᠤ ᠲᠡᠢᠰᠢ ᠬᠤᠪᠢᠷᠠᠭᠤᠯᠬᠤ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠭᠦᠨᠵᠡᠭᠡᠢ ᠰᠠᠢᠲᠤᠷ ᠬᠢᠵᠦ᠍᠂ ᠣᠷᠴᠢᠨ ᠲᠣᠭᠣᠷᠢᠨ᠎ᠤ 《ᠳᠠᠷᠤᠭᠠᠰᠤ 》 ᠶ᠋ᠢ ᠦᠷᠭᠦᠯᠵᠢᠯᠡᠨ ᠬᠥᠩᠭᠡᠷᠡᠭᠦᠯᠵᠦ᠂ ᠠᠮᠢ ᠠᠬᠤᠢ᠎ᠶ᠋ᠢᠨ 《ᠪᠠᠭ᠍ᠲᠠᠭᠠᠮᠵᠢ᠎ᠶ᠋ᠢ ᠨᠡᠮᠡᠭ᠌ᠳᠡᠭᠦᠯᠬᠦ》 ᠬᠡᠷᠡᠭᠳᠡᠢ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠣᠣᠯ ᠱᠢᠵᠢᠮ᠎ᠲᠡᠶ ᠨᠢᠭ᠍ᠲᠠ ᠤᠶᠠᠯᠳᠤᠭᠤᠯᠤᠨ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠂ ᠤᠯᠤᠰ ᠣᠷᠣᠨ᠎ᠤ ᠨᠢᠭᠡᠳᠦᠯ᠂ ᠦᠨᠳᠦᠰᠦᠲᠡᠨ᠎ᠦ ᠪᠦᠯᠬᠦᠮᠳᠡᠯ᠎ᠢ ᠬᠠᠮᠠᠭᠠᠯᠠᠬᠤ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠢᠮᠠᠭᠳᠠ ᠪᠠᠲᠤ ᠴᠡᠭᠡᠵᠢᠯᠡᠨ᠂ ᠮᠥᠷᠥᠨ᠎ᠳᠡᠭᠡᠨ ᠡᠭᠦᠷᠴᠦ᠂ ᠡᠷᠡᠰ ᠪᠠᠳᠤ ᠪᠡᠷ ᠤᠯᠤᠰ ᠲᠦᠷᠦ ᠵᠢᠨ ᠲᠠᠯ᠎ᠠ ᠡᠴᠡ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠢ ᠦᠵᠡᠬᠦ ᠪᠠ ᠠᠬᠢᠭᠤᠯᠵᠤ᠂ ᠦᠨᠡᠨ ᠪᠤᠳᠠᠳᠠᠢ᠂ ᠮᠡᠳᠡᠭᠳᠡᠮ᠎ᠡ᠂ ᠪᠦᠲᠦᠮᠵᠢᠲᠡᠶ ᠪᠡᠷ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠬᠥᠮᠦᠵᠢᠯ᠎ᠢ ᠰᠠᠢᠲᠤᠷ ᠥᠷᠨᠢᠭᠦᠯᠵᠦ᠂ ᠬᠡᠯᠪᠡᠷᠢᠯ᠎ᠢ ᠵᠠᠯᠠᠷᠠᠭᠤᠯᠵᠤ ᠴᠢᠭ᠌ᠯᠡᠯ᠎ᠢ ᠵᠦᠪ ᠪᠤᠯᠭᠠᠬᠤ᠎ᠶ᠋ᠢ ᠦᠷᠭᠦᠯᠵᠢᠯᠡᠨ ᠭᠦᠨᠵᠡᠭᠡᠶ ᠠᠬᠢᠭᠤᠯᠵᠤ᠂ ᠲᠣᠪᠣᠢᠮ᠎ᠠ ᠠᠰᠠᠭᠤᠳᠠᠯ᠎ᠢ ᠬᠦᠴᠦᠯᠡᠨ ᠱᠢᠶ᠋ᠳᠪᠦᠷᠢᠯᠡᠵᠦ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ ᠠᠵᠢᠯ᠎ᠢ ᠦᠨᠡᠨ ᠬᠦ᠌ ᠪᠣᠳᠠᠲᠠᠢ ᠬᠢᠬᠦ᠌᠂ ᠨᠠᠷᠢᠨ ᠵᠦᠢᠯᠡᠰ ᠲᠤ᠌ ᠨᠠᠢᠳᠠᠪᠦᠷᠢᠵᠢᠭᠤᠯᠬᠤ ᠵᠢ ᠪᠡᠶᠡᠯᠡᠭᠦᠯᠵᠦ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠰᠠᠢᠲᠤᠷ ᠬᠠᠮᠠᠭᠠᠯᠠᠬᠤ᠎ᠶ᠋ᠢᠨ ᠲᠥᠯᠥᠭᠡ ᠭᠡᠷᠡᠯ ᠭᠢᠯᠪᠠᠭ᠎ᠠ ᠨᠡᠮᠡᠷᠢᠯᠡᠬᠦ ᠬᠡᠷᠡᠭᠳᠡᠢ ᠭᠡᠵᠤ ᠵᠢᠭᠠᠵᠤ ᠭᠠᠷᠭᠠᠪᠠ᠃
ᠱ᠌ᠢ᠎ᠲᠡᠶ ᠹᠸᠩ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠠᠵᠢᠯ᠎ᠢ ᠯᠠᠪᠳᠠᠭᠤᠨ ᠪᠠᠲᠤᠲᠠᠶ ᠭᠦᠨᠵᠡᠭᠡᠶ ᠰᠠᠢᠲᠤᠷ ᠠᠳᠭᠤᠵᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠬᠤ ᠬᠠᠯᠠᠭᠤᠨ ᠥᠷᠨᠢᠯᠲᠡ᠎ᠪᠡᠷ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠱᠢᠨ᠎ᠡ ᠥᠷᠨᠢᠯᠲᠡ ᠵᠢ ᠪᠤᠢ ᠪᠤᠯᠭᠠᠵᠤ᠂ ᠥᠷᠭᠡᠨ ᠣᠯᠠᠨ ᠨᠠᠮ᠎ᠤᠨ ᠭᠡᠱᠢᠭᠦᠨ᠂ ᠺᠠᠳ᠋ᠷ᠎ᠢ ᠬᠥᠲᠥᠯᠥᠨ ᠵᠢᠯᠣᠭᠣᠳᠴᠤ᠌ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠥᠩᠭᠡᠷᠡᠯᠲᠡ᠎ᠡᠴᠡ ᠣᠶᠤᠨ ᠤᠬᠠᠭᠠᠨ ᠪᠠ ᠬᠦᠴᠦᠨ ᠴᠢᠳᠠᠯ᠎ᠢ ᠦᠨᠡᠨ ᠬᠦ᠌ ᠱᠢᠩᠭᠡᠭᠡᠨ ᠠᠪᠴᠤ᠌᠂ 《ᠬᠣᠶᠠᠷ᠎ᠢ ᠬᠠᠮᠠᠭᠠᠯᠠᠬᠤ》᠎ᠶ᠋ᠢ ᠦᠶ᠋ᠯᠡᠳᠦᠯᠭᠡᠵᠢᠭᠦᠯᠬᠦ᠌ ᠤᠯᠤᠰ ᠲᠥᠷᠥ᠎ᠶ᠋ᠢᠨ ᠤᠬᠠᠮᠰᠠᠷ᠂ ᠦᠵᠡᠯ ᠰᠠᠨᠠᠭᠠᠨ᠎ᠤ ᠤᠬᠠᠮᠰᠠᠷ ᠪᠠ ᠠᠵᠢᠯᠯᠠᠭᠠᠨ᠎ᠤ ᠤᠬᠠᠮᠰᠠᠷ᠎ᠢᠶᠠᠨ ᠲᠠᠰᠤᠷᠠᠯᠲᠠ ᠥᠬᠡᠶ ᠴᠢᠩᠭᠠᠳᠭᠠᠵᠤ᠂ ᠨᠠᠩ ᠴᠣᠭ ᠪᠠᠳᠠᠷᠠᠩᠭᠤᠶ ᠲᠡᠮᠡᠴᠡᠯ᠎ᠦᠨ ᠢᠳᠡᠬᠡᠯ ᠵᠣᠷᠢᠭ᠎ᠢᠶᠠᠷ ᠱᠢᠨ᠎ᠡ ᠠᠶᠠᠨ᠎ᠳᠤ ᠡᠷᠡᠮᠡᠬᠡᠢᠯᠡᠨ ᠤᠷᠤᠭ᠍ᠰᠢᠯᠠᠵᠤ᠂ ᠱᠢᠨ᠎ᠡ ᠴᠠᠭ ᠦᠶ᠎ᠡ᠎ᠳᠦ ᠭᠠᠪᠢᠶ᠎ᠠ ᠪᠠᠢᠭᠤᠯᠬᠤ ᠬᠡᠷᠡᠭ᠌ᠲᠡᠶ ᠭᠡᠵᠤ ᠴᠢᠬᠤᠯᠠᠴᠢᠯᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃