2021-11-29 13:00:02
11 ᠰᠠᠷ᠎ᠠ᠎ᠶ᠋ᠢᠨ 28 ᠤ᠋ ᠦᠳᠡ᠎ᠶ᠋ᠢᠨ ᠬᠣᠢᠨ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ ᠭᠤᠷᠪᠠᠳᠤᠭᠠᠷ ᠤᠳᠠᠭ᠎ᠠ᠎ᠶ᠋ᠢᠨ ᠬᠤᠷᠠᠯ ᠬᠢᠪᠡ ᠃
ᠱ᠌ᠢ᠎ᠲᠡᠶ ᠹᠸᠩ ᠬᠤᠷᠠᠯ᠎ᠢ ᠡᠷᠬᠢᠯᠡᠵᠠᠢ ᠃
ᠬᠤᠷᠠᠯ᠎ᠠᠴᠠ ᠡᠯ᠎ᠡ ᠲᠥᠯᠥᠭᠡᠯᠡᠭ᠌ᠴᠢᠳ᠎ᠦᠨ ᠪᠦᠯᠬᠦᠮ(ᠳᠤᠭᠤᠢᠯᠠᠩ) ᠤ᠋ᠨ ᠥᠪᠡᠷᠲᠡᠭᠡᠨ ᠵᠠᠰᠠᠬᠤ ᠣᠷᠣᠨ᠎ᠤ ᠠᠷᠪᠠᠳᠤᠭᠠᠷ ᠬᠤᠭᠤᠴᠠᠭᠠᠨ᠎ᠤ ᠨᠠᠮ᠎ᠤᠨ ᠬᠣᠷᠢᠶᠠᠨ᠎ᠤ ᠢᠯᠡᠳᠭᠡᠯ᠂ ᠥᠪᠡᠷᠲᠡᠭᠡᠨ ᠵᠠᠰᠠᠬᠤ ᠣᠷᠣᠨ᠎ᠤ ᠠᠷᠪᠠᠳᠤᠭᠠᠷ ᠬᠤᠭᠤᠴᠠᠭᠠᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠠᠵᠢᠯ᠎ᠤᠨ ᠮᠡᠳᠡᠭᠦᠯᠦᠯᠲᠡ᠎ᠶ᠋ᠢ ᠶᠠᠷᠢᠯᠴᠠᠭ᠍ᠰᠠᠨ ᠪᠠᠢᠳᠠᠯ᠎ᠤᠨ ᠲᠤᠬᠠᠢ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠪᠠ᠃
ᠬᠤᠷᠠᠯ᠎ᠠᠴᠠ ᠡᠯ᠎ᠡ ᠲᠥᠯᠥᠭᠡᠯᠡᠭ᠌ᠴᠢᠳ᠎ᠦᠨ ᠪᠦᠯᠬᠦᠮ(ᠳᠤᠭᠤᠢᠯᠠᠩ)᠎ᠤ᠋ᠨ ᠶᠡᠬᠡ ᠬᠤᠷᠠᠯ᠎ᠤᠨ ᠰᠣᠩᠭᠣᠭᠤᠯᠢ᠎ᠶ᠋ᠢᠨ ᠠᠷᠭ᠎ᠠ (ᠲᠥᠰᠦᠯ) ᠵᠢ ᠶᠠᠷᠢᠯᠴᠠᠬᠰᠠᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ ᠰᠤᠨᠤᠰᠴᠤ᠂ ᠶᠡᠬᠡ ᠬᠤᠷᠠᠯ᠎ᠤᠨ ᠰᠣᠩᠭᠣᠭᠤᠯᠢ᠎ᠶ᠋ᠢᠨ ᠠᠷᠭ᠎ᠠ᠎ᠶ᠋ᠢ ᠪᠠᠲᠤᠯᠠᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠨᠠᠮ᠎ᠤᠨ ᠬᠣᠷᠢᠶ᠎ᠠ ᠵᠢᠨ ᠭᠡᠱᠢᠭᠦᠨ᠂ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠵᠢᠨ ᠭᠡᠱᠢᠭᠦᠨ᠎ᠦ ᠵᠢᠱ᠌ᠢᠭ᠌ᠳᠡᠭ᠌ᠴᠢ ᠵᠢᠨ ᠪᠡᠯᠡᠳᠭᠡᠯ ᠰᠣᠩᠭᠣᠭᠤᠯᠢ᠎ᠶ᠋ᠢᠨ ᠨᠡᠷᠡᠰ᠎ᠢ ᠪᠠᠲᠤᠯᠠᠪᠠ ᠃
ᠬᠤᠷᠠᠯ᠎ᠠᠴᠠ ᠶᠡᠬᠡ ᠬᠤᠷᠠᠯ᠎ᠤᠨ ᠶᠡᠷᠦᠩᠬᠡᠢ ᠪᠢᠯᠧᠲ ᠬᠢᠨᠠᠭ᠍ᠴᠢ᠂ ᠳᠡᠳ᠋ ᠶᠡᠷᠦᠩᠬᠡᠢ ᠪᠢᠯᠧᠲ ᠬᠢᠨᠠᠭ᠍ᠴᠢ ᠪᠠ ᠪᠢᠯᠧᠲ ᠬᠢᠨᠠᠭ᠍ᠴᠢ᠎ᠶ᠋ᠢᠨ ᠨᠡᠷᠡᠰ᠎ᠢ ᠪᠠᠲᠤᠯᠠᠵᠤ᠂ ᠶᠡᠬᠡ ᠬᠤᠷᠠᠯ᠎ᠤᠨ ᠪᠢᠯᠸᠲ ᠪᠦᠷᠢᠳᠭᠡᠭᠴᠢ᠎ᠶ᠋ᠢᠨ ᠨᠡᠷᠡᠰ᠎ᠢ ᠨᠡᠢᠲᠡᠯᠡᠪᠡ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃