ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠮᠡᠳᠡᠭᠡᠯᠡᠯ

2021-11-30 09:06:08

ᠵᠣᠬᠢᠶᠠᠭ᠍ᠴᠢ᠄ ᠪᠠᠢ ᠳ᠋ᠠᠨ ᠣᠩᠱᠢᠭ᠍ᠰᠠᠨ ᠣᠳᠠᠭ᠎ᠠ᠄ 3

ᠱᠢ ᠲᠠᠢ ᠹᠸᠩ ᠬᠤᠷᠠᠯ ᠢ᠋ ᠡᠷᠬᠢᠯᠡᠪᠡ

11 ᠰᠠᠷ᠎ᠠ᠎ᠶ᠋ᠢᠨ 29 ᠤ᠋ ᠦᠳᠡ᠎ᠶ᠋ᠢᠨ ᠡᠮᠦᠨ᠎ᠡ᠂ ᠳᠤᠮᠳᠠᠳᠤ ᠤᠯᠤᠰ ᠎ᠤᠨ ᠡᠪ ᠬᠠᠮᠲᠤ ᠨᠠᠮ ᠎ᠤᠨ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ ᠳᠥᠷᠪᠡᠳᠦᠭᠡᠷ ᠤᠳᠠᠭ᠎ᠠ ᠎ᠶ᠋ᠢᠨ ᠬᠤᠷᠠᠯ ᠬᠢᠪᠡ᠃

ᠱ᠌ᠢ᠎ᠲᠡᠶ ᠹᠸᠩ ᠬᠤᠷᠠᠯ᠎ᠢ ᠡᠷᠬᠢᠯᠡᠵᠡᠢ᠃

ᠬᠤᠷᠠᠯ ᠡᠴᠡ᠂ ᠥᠪᠡᠷᠲᠡᠭᠡᠨ ᠵᠠᠰᠠᠬᠤ ᠣᠷᠣᠨ ᠎ᠤ ᠠᠷᠪᠠᠨ ᠨᠢᠭᠡᠳᠦᠭᠡᠷ ᠬᠤᠭᠤᠴᠠᠭᠠᠨ ᠎ᠤ ᠨᠠᠮ᠎ᠤᠨ ᠬᠤᠷᠢᠶᠠᠨ᠎ᠤ ᠭᠡᠱᠢᠭᠦᠨ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠰᠠᠬᠢᠯᠭ᠎ᠠ ᠪᠠᠲᠤ ᠪᠠᠢᠴᠠᠭᠠᠬᠤ ᠬᠤᠷᠢᠶᠠᠨ᠎ᠤ ᠭᠡᠱᠢᠭᠦᠨ᠎ᠦ ᠵᠢᠱ᠌ᠢᠭ᠌ᠳᠡᠭ᠌ᠰᠡᠳ᠎ᠤᠨ ᠪᠡᠯᠡᠳᠬᠡᠯ ᠰᠣᠩᠭᠣᠭᠤᠯᠢ ᠵᠢᠨ ᠦᠷ᠎ᠡ ᠳ᠋ᠦᠩ ᠎ᠦᠨ ᠲᠤᠬᠠᠢ ᠶᠡᠷᠦᠩᠬᠡᠢ ᠪᠢᠯᠧᠲ ᠬᠢᠨᠠᠭ᠍ᠴᠢ ᠎ᠶ᠋ᠢᠨ ᠬᠠᠷᠢᠭᠤ ᠮᠡᠳᠡᠭᠦᠯᠦᠯᠲᠡ ᠎ᠶ᠋ᠢ ᠰᠣᠨᠣᠰᠪᠠ᠃ ᠥᠪᠡᠷᠲᠡᠭᠡᠨ ᠵᠠᠰᠠᠬᠤ ᠣᠷᠣᠨ ᠎ᠤ ᠠᠷᠪᠠᠨ ᠨᠢᠭᠡᠳᠦᠭᠡᠷ ᠬᠤᠭᠤᠴᠠᠭᠠᠨ ᠎ᠤ ᠨᠠᠮ ᠎ᠤᠨ ᠬᠣᠷᠢᠶᠠᠨ᠎ᠤ ᠭᠡᠱᠢᠭᠦᠨ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ ᠎ᠤ ᠰᠠᠬᠢᠯᠭ᠎ᠠ ᠪᠠᠲᠤ ᠪᠠᠢᠴᠠᠭᠠᠬᠤ ᠬᠤᠷᠢᠶᠠᠨ᠎ᠤ ᠭᠡᠱᠢᠭᠦᠨ ᠎ᠦ ᠵᠢᠱ᠌ᠢᠭ᠌ᠳᠡᠭ᠌ᠰᠡᠳ ᠎ᠦᠨ ᠨᠡᠷᠡᠰ ᠎ᠢ ᠪᠠᠲᠤᠯᠠᠵᠤ᠂ ᠡᠨᠡ ᠬᠣᠶᠠᠷ ᠨᠡᠷᠡᠰ᠎ᠢ ᠬᠣᠶᠠᠳᠤᠭᠠᠷ ᠤᠳᠠᠭ᠎ᠠ ᠢ᠋ᠢᠨ ᠪᠦᠬᠦᠳᠡ ᠬᠤᠷᠠᠯ᠎ᠳᠤ ᠳᠡᠪᠱᠢᠭᠦᠯᠤᠨ ᠰᠣᠩᠭᠣᠭᠤᠯᠬᠤ ᠪᠡᠷ ᠲᠤᠬᠲᠠᠵᠠᠢ᠃ ᠥᠪᠡᠷᠲᠡᠭᠡᠨ ᠵᠠᠰᠠᠬᠤ ᠣᠷᠣᠨ ᠎ᠤ ᠠᠷᠪᠠᠨ ᠨᠢᠭᠡᠳᠦᠭᠡᠷ ᠬᠤᠭᠤᠴᠠᠭᠠᠨ ᠎ᠤ ᠨᠠᠮ ᠎ᠤᠨ ᠬᠣᠷᠢᠶᠠᠨ ᠎ᠤ ᠣᠷᠣᠯᠠᠭ᠍ᠴᠢ ᠭᠡᠱᠢᠭᠦᠨ ᠎ᠦ ᠵᠢᠱ᠌ᠢᠭ᠌ᠳᠡᠭ᠌ᠰᠠᠳ ᠤ᠋ᠨ ᠪᠡᠯᠡᠳᠭᠡᠯ ᠰᠣᠩᠭᠣᠭᠤᠯᠢ ᠎ᠶ᠋ᠢᠨ ᠨᠡᠷᠡᠰ ᠢ᠋ ᠪᠠᠲᠤᠯᠠᠵᠤ ᠂ ᠨᠡᠷᠡᠰ ᠎ᠢ ᠡᠯ᠎ᠡ ᠲᠥᠯᠥᠭᠡᠯᠡᠭ᠌ᠴᠢᠳ ᠎ᠦᠨ ᠪᠦᠯᠬᠦᠮ ᠎ᠳᠦ ᠳᠡᠪᠱᠢᠭᠦᠯᠤᠨ ᠪᠡᠯᠡᠳᠭᠡᠯ ᠰᠣᠩᠭᠣᠭᠤᠯᠢ ᠬᠢᠯᠭᠡᠬᠦ᠌᠎ᠪᠡᠷ ᠲᠣᠭ᠍ᠲᠠᠪᠠ᠃

ᠬᠤᠷᠠᠯ ᠡᠴᠡ᠂ ᠥᠪᠡᠷᠲᠡᠭᠡᠨ ᠵᠠᠰᠠᠬᠤ ᠣᠷᠣᠨ ᠎ᠤ ᠠᠷᠪᠠᠳᠤᠭᠠᠷ ᠬᠤᠭᠤᠴᠠᠭᠠᠨ ᠎ᠤ ᠨᠠᠮ ᠎ᠤᠨ ᠬᠣᠷᠢᠶᠠᠨ ᠤ᠋ ᠢᠯᠡᠳᠬᠡᠯ᠂ ᠥᠪᠡᠷᠲᠡᠭᠡᠨ ᠵᠠᠰᠠᠬᠤ ᠣᠷᠣᠨ ᠎ᠤ ᠠᠷᠪᠠᠳᠤᠭᠠᠷ ᠬᠤᠭᠤᠴᠠᠭᠠᠨ ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠠᠵᠢᠯ᠎ᠤᠨ ᠮᠡᠳᠡᠭᠦᠯᠦᠯᠲᠡ᠎ᠳᠦ ᠵᠠᠰᠠᠪᠤᠷᠢ ᠣᠷᠣᠭᠤᠯᠤᠭ᠍ᠰᠠᠨ ᠪᠠᠢᠳᠠᠯ ᠎ᠤᠨ ᠲᠤᠬᠠᠢ ᠶᠡᠬᠡ ᠬᠤᠷᠠᠯ ᠎ᠤᠨ ᠨᠠᠷᠢᠨ ᠪᠢᠴᠢᠭ ᠎ᠦᠨ ᠭᠠᠵᠠᠷ ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠪᠠ᠃ ᠥᠪᠡᠷᠲᠡᠭᠡᠨ ᠵᠠᠰᠠᠬᠤ ᠣᠷᠣᠨ ᠎ᠤ ᠠᠷᠪᠠᠨ ᠨᠢᠭᠡᠳᠦᠭᠡᠷ ᠤᠳᠠᠭ᠎ᠠ ᠎ᠶ᠋ᠢᠨ ᠨᠠᠮ ᠎ᠤᠨ ᠲᠥᠯᠥᠭᠡᠯᠡᠭ᠌ᠴᠢᠳ ᠎ᠦᠨ ᠶᠡᠬᠡ ᠬᠤᠷᠠᠯ ᠎ᠤᠨ ᠥᠪᠡᠷᠲᠡᠭᠡᠨ ᠵᠠᠰᠠᠬᠤ ᠣᠷᠣᠨ ᠎ᠤ ᠠᠷᠪᠠᠳᠤᠭᠠᠷ ᠬᠤᠭᠤᠴᠠᠭᠠᠨ ᠎ᠤ ᠨᠠᠮ ᠎ᠤᠨ ᠬᠣᠷᠢᠶᠠᠨ ᠎ᠤ ᠢᠯᠡᠳᠬᠡᠯ ᠤ᠋ᠨ ᠲᠤᠬᠠᠢ ᠱᠢᠢᠳᠪᠦᠷᠢ(ᠲᠥᠰᠦᠯ)᠂ ᠥᠪᠡᠷᠲᠡᠭᠡᠨ ᠵᠠᠰᠠᠬᠤ ᠣᠷᠣᠨ ᠎ᠤ ᠠᠷᠪᠠᠨ ᠨᠢᠭᠡᠳᠦᠭᠡᠷ ᠤᠳᠠᠭ᠎ᠠ ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠳᠤᠭᠠᠷ ᠬᠤᠭᠤᠴᠠᠭᠠᠨ ᠤ᠋ ᠰᠠᠬᠢᠯᠭ᠎ᠠ ᠪᠠᠲᠤ ᠪᠠᠢᠴᠠᠭᠠᠬᠤ ᠬᠣᠷᠢᠶᠠᠨ ᠎ᠤ ᠠᠵᠢᠯ᠎ᠤᠨ ᠮᠡᠳᠡᠭᠦᠯᠦᠯᠲᠡ ᠎ᠶ᠋ᠢᠨ ᠲᠤᠬᠠᠢ ᠱᠢᠢᠳᠪᠦᠷᠢ (ᠲᠥᠰᠦᠯ ) ᠵᠢ ᠬᠢᠨᠠᠨ ᠵᠥᠪᠯᠡᠵᠦ᠍ ᠪᠠᠲᠤᠯᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠤᠶᠠᠨ᠍ᠦ᠌ᠨᠳᠦᠰᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面