ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠮᠡᠳᠡᠭᠡᠯᠡᠯ

2021-11-30 09:34:11

ᠵᠣᠬᠢᠶᠠᠭ᠍ᠴᠢ᠄ ᠪᠠᠢ ᠳ᠋ᠠᠨ ᠣᠩᠱᠢᠭ᠍ᠰᠠᠨ ᠣᠳᠠᠭ᠎ᠠ᠄ 3

ᠤᠢ᠍ᠢᠷ᠎ᠠ᠎ᠶ᠋ᠢᠨ ᠡᠳᠦᠷ᠎ᠦᠳ᠎ᠲᠦ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢᠳ ᠳᠤᠭᠤᠢᠯᠠᠩ ᠬᠤᠪᠢᠶᠠᠵᠤ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠠᠵᠢᠯ᠎ᠤᠨ ᠮᠡᠳᠡᠭᠦᠯᠦᠯᠲᠡ᠎ᠶ᠋ᠢ ᠬᠢᠨᠠᠨ ᠵᠥᠪᠯᠡᠵᠦ᠍᠂ ᠣᠯᠤᠯᠲᠠ ᠲᠦᠷᠦᠭ᠌ᠳᠡᠯ᠎ᠢᠶᠡᠨ ᠠᠭᠤᠵᠢᠷᠠᠲᠠᠯ᠎ᠠ ᠶᠠᠷᠢᠯᠴᠠᠵᠤ᠂ ᠰᠠᠨᠠᠯ ᠰᠠᠨᠠᠭᠤᠯᠭ᠎ᠠ ᠲᠤᠷᠠᠳᠴᠤ᠂ ᠲᠤᠬᠠᠢ᠎ᠶ᠋ᠢᠨ ᠲᠠᠯᠠᠪᠠᠢ᠎ᠶ᠋ᠢᠨ ᠠᠭᠤᠷ ᠠᠮᠢᠰᠭᠤᠯ ᠬᠦᠷ ᠬᠥᠭ᠌ᠵᠢᠶᠡᠨᠲᠡᠢ ᠪᠠᠢᠯ᠎ᠠ᠃

ᠲᠥᠯᠥᠭᠡᠯᠡᠭ᠌ᠴᠢᠳ ᠬᠢᠨᠠᠨ ᠵᠦᠪᠯᠡᠬᠦ᠎ᠳ᠋ᠡᠭᠡᠨ᠂ ᠲᠠᠪᠤᠨ ᠵᠢᠯ᠎ᠦᠨ ᠲᠤᠷᠰᠢ᠂ ᠪᠦᠬᠦ᠌ ᠣᠷᠣᠨ᠎ᠤ ᠡᠯ᠎ᠡ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ ᠨᠠᠮ᠎ᠤᠨ ᠲᠥᠪ ᠬᠣᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠵᠤ᠂ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠤᠯᠤᠰ᠎ᠤᠨ ᠬᠢᠨᠠᠨ ᠪᠠᠢᠴᠠᠭᠠᠬᠤ ᠵᠥᠪᠯᠡᠯ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠵᠢᠯ᠎ᠤᠨ ᠱᠠᠭᠠᠷᠳᠠᠯᠭ᠎ᠠ ᠶᠣᠰᠣᠭᠠᠷ᠂ ᠨᠠᠮ᠎ᠤᠨ ᠳᠦᠷᠢᠮ ᠪᠠ ᠦᠨᠳᠦᠰᠦᠨ ᠬᠠᠤᠯᠢ᠎ᠡᠴᠡ ᠣᠯᠭᠣᠭ᠍ᠰᠠᠨ ᠲᠤᠱᠢᠶᠠᠯ ᠬᠠᠷᠢᠭᠤᠴᠠᠯᠭ᠎ᠠ᠎ᠪᠠᠨ ᠦᠨᠡᠨᠴᠢ᠎ᠪᠡᠷ ᠭᠦᠢᠴᠡᠳᠭᠡᠵᠤ᠂ ᠬᠢᠨᠠᠯᠲᠠ ᠲᠠᠯᠪᠢᠬᠤ ᠪᠠᠲᠤᠯᠠᠬᠤ ᠭᠦᠶ᠋ᠴᠡᠳᠭᠡᠬᠦ᠌᠂ ᠲᠡᠭᠦᠯᠳᠡᠷᠵᠢᠭᠦᠯᠬᠦ ᠬᠥᠭ᠌ᠵᠢᠭᠦᠯᠬᠦ᠌ ᠠᠬᠢᠭᠤᠯᠬᠤ ᠦᠢᠯᠡᠳᠦᠯ᠎ᠢ ᠦᠨᠡᠨ ᠬᠦ᠌ ᠪᠠᠳᠠᠷᠠᠭᠤᠯᠵᠤ᠂ ᠢᠯᠵᠠᠷᠠᠯ᠎ᠤᠨ ᠠᠷᠬᠠᠭ ᠭᠡᠮ᠎ᠢ ᠬᠦᠴᠤᠯᠡᠨ ᠠᠷᠢᠯᠭᠠᠵᠤ᠂ ᠰᠤᠷᠲᠠᠯ᠎ᠤᠨ ᠠᠷᠬᠠᠭ ᠭᠡᠮ᠎ᠢ ᠬᠦᠴᠦᠯᠡᠨ ᠵᠠᠯᠠᠷᠠᠭᠤᠯᠵᠤ᠂ ᠨᠠᠮ᠎ᠤᠨ ᠰᠤᠷᠲᠠᠯ ᠵᠠᠰᠠᠭ᠎ᠤᠨ ᠰᠤᠷᠲᠠᠯ᠎ᠳᠤ ᠢᠳᠡᠪᠬᠢᠲᠡᠶ ᠬᠤᠪᠢᠷᠠᠯᠲᠠ ᠭᠠᠷᠴᠤ᠂ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢ ᠠᠬᠤᠶ ᠢᠯᠡᠳᠲᠡ ᠰᠠᠢᠵᠢᠷᠠᠵᠤ᠂ ᠮᠠᠨ᠎ᠤ ᠣᠷᠣᠨ᠎ᠤ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠵᠤ᠂ ᠣᠳᠣᠬᠢᠴᠢᠯᠠᠭ᠍ᠰᠠᠨ ᠥᠪᠥᠷ ᠮᠣᠩᠭᠣᠯ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ ᠰᠠᠢ᠌ᠨ ᠡᠬᠢᠯᠡᠯᠲᠡ᠎ᠲᠡᠶ ᠪᠣᠯᠬᠤ᠎ᠳᠤ ᠪᠠᠲᠤ ᠴᠢᠩᠭ᠎ᠠ ᠤᠯᠤᠰ ᠲᠦᠷᠦ᠍᠎ᠶ᠋ᠢᠨ ᠪᠠᠲᠤᠯᠠᠭ᠎ᠠ ᠬᠠᠩᠭᠠᠵᠠᠢ ᠭᠡᠵᠤ ᠦᠵᠡᠵᠡᠭᠡᠪᠡ᠃

《ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠠᠵᠢᠯ᠎ᠤᠨ ᠮᠡᠳᠡᠭᠦᠯᠦᠯᠲᠡ ᠨᠢ ᠠᠮᠵᠢᠯᠲᠠ ᠪᠦᠲᠦᠮᠵᠢ᠎ᠶ᠋ᠢ ᠳ᠋ᠦᠩᠨᠡᠬᠦ᠌᠎ᠳᠡᠭᠡᠨ ᠦᠨᠡᠨ᠎ᠡᠴᠡ ᠵᠥᠪ᠎ᠢ ᠡᠷᠢᠵᠦ᠍᠂ ᠪᠤᠰᠤᠳᠴᠢ ᠪᠥᠭᠡᠳ ᠪᠦᠬᠦ᠌ ᠲᠠᠯ᠎ᠠ ᠵᠢᠨ ᠪᠠᠢᠵᠤ᠂ ᠢᠷᠡᠭᠡᠳᠦᠢ᠎ᠶ᠋ᠢᠨ ᠲᠠᠪᠤᠨ ᠵᠢᠯ᠎ᠦᠨ ᠠᠵᠢᠯ᠎ᠢ ᠪᠤᠰᠤᠳᠴᠢ᠂ ᠱᠢᠨᠵᠢᠯᠡᠬᠦ᠌ ᠤᠬᠠᠭᠠᠨᠴᠢ᠂ ᠣᠨᠣᠪᠴᠢᠲᠠᠢ ᠪᠠᠢᠷᠢᠯᠠᠭᠤᠯᠪᠠ》᠃ ᠵᠠᠩ ᠪᠢᠶᠤᠤ ᠲᠥᠯᠥᠭᠡᠯᠡᠭ᠌ᠴᠢ᠂ ᠥᠩᠭᠡᠷᠡᠭ᠌ᠰᠡᠨ ᠲᠠᠪᠤᠨ ᠵᠢᠯ᠎ᠳᠦ ᠪᠥᠬᠥ᠌ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ ᠬᠢᠨᠠᠯᠲᠠ ᠲᠠᠯᠪᠢᠵᠤ ᠪᠠᠲᠤᠯᠠᠨ ᠬᠡᠷᠡᠭ᠌ᠵᠢᠭᠦᠯᠬᠦ᠌᠂ ᠲᠡᠭᠦᠯᠳᠡᠷᠵᠢᠭᠦᠯᠦᠨ ᠬᠥᠭ᠌ᠵᠢᠭᠦᠯᠬᠦ᠌ ᠶ᠋ᠢ ᠠᠬᠢᠭᠤᠯᠬᠤ ᠦᠶ᠋ᠯᠡᠳᠦᠯ᠎ᠢᠶᠡᠨ ᠦᠨᠡᠨ ᠬᠦ᠌ ᠪᠠᠳᠠᠷᠠᠭᠤᠯᠵᠤ᠂ ᠤᠯᠤᠰ ᠲᠥᠷᠥ᠎ᠶ᠋ᠢᠨ ᠬᠢᠨᠠᠯᠲᠠ ᠲᠠᠯᠪᠢᠯᠳᠠ᠎ᠶ᠋ᠢ ᠪᠠᠢᠩᠭᠤᠵᠢᠭᠤᠯᠤᠨ ᠥᠷᠨᠢᠭᠦᠯᠵᠦ᠍᠂ 《ᠢᠯᠵᠠᠷᠠᠬᠤ ᠡᠴᠡ ᠵᠢᠷᠦᠬᠡᠱᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ᠎ᠶ᠋ᠢ ᠪᠤᠳᠤᠬᠤ ᠦᠭᠡᠢ》ᠪᠠᠢᠬᠤ ᠶ᠋ᠢ ᠨᠢᠭᠡ ᠴᠣᠭ᠍ᠴᠠᠵᠢᠭᠤᠯᠤᠨ ᠠᠬᠢᠭᠤᠯᠵᠤ᠂ ᠬᠢᠨᠠᠨ ᠪᠠᠢᠴᠠᠭᠠᠬᠤ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠪᠥᠬᠥ᠌ ᠣᠷᠣᠨ᠎ᠤ ᠨᠠᠮ᠎ᠤᠨ ᠰᠤᠷᠲᠠᠯ ᠵᠠᠰᠠᠭ᠎ᠤᠨ ᠰᠤᠷᠲᠠᠯ᠎ᠳᠤ ᠢᠳᠡᠪᠬᠢᠲᠡᠶ ᠬᠤᠪᠢᠷᠠᠯᠲᠠ ᠭᠠᠷᠴᠤ᠌᠂ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢ ᠠᠬᠤᠶ ᠢᠯᠡᠳᠲᠡ ᠰᠠᠢᠵᠢᠷᠠᠵᠠᠢ ᠭᠡᠵᠤ ᠦᠵᠡᠪᠡ᠃

ᠵᠠᠩ ᠯᠢ ᠬᠤᠸᠠ ᠲᠥᠯᠥᠭᠡᠯᠡᠭ᠌ᠴᠢ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠠᠵᠢᠯ᠎ᠤᠨ ᠮᠡᠳᠡᠭᠦᠯᠦᠯᠲᠡ ᠨᠢ ᠪᠥᠬᠥ᠌ ᠣᠷᠣᠨ᠎ᠤ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ ᠪᠣᠯᠤᠨ ᠢᠯᠵᠠᠷᠠᠯ᠎ᠢ ᠡᠰᠡᠷᠭᠦᠴᠡᠬᠦ᠌ ᠲᠡᠮᠡᠴᠡᠯ᠎ᠦᠨ ᠪᠣᠳᠠᠲᠤ ᠪᠠᠢᠳᠠᠯ᠎ᠲᠠᠶ ᠨᠢᠭ᠍ᠲᠠ ᠤᠶᠠᠯᠳᠤᠵᠤ᠂ ᠠᠮᠵᠢᠯᠲᠠ᠎ᠪᠠᠨ ᠡᠷᠭᠢᠴᠡᠭᠦᠯᠵᠦ᠍᠂ ᠠᠵᠢᠯ᠎ᠢᠶᠠᠨ ᠪᠠᠢᠷᠢᠯᠠᠭᠤᠯᠵᠤ᠂ ᠬᠥᠲᠥᠯᠥᠨ ᠳᠠᠭᠠᠭᠤᠯᠬᠤ ᠴᠢᠨᠠᠷ᠂ ᠬᠡᠷᠡᠭ᠌ᠵᠢᠭᠦᠯᠬᠦ᠌ ᠴᠢᠨᠠᠷ᠎ᠢᠶᠠᠷ ᠮᠠᠰᠢ ᠴᠢᠩᠭ᠎ᠠ ᠪᠠᠢᠨ᠎ᠠ ᠭᠡᠵᠤ ᠢᠯᠡᠳᠭᠡᠪᠡ᠃

ᠲᠥᠯᠥᠭᠡᠯᠡᠭ᠌ᠴᠢᠳ᠂ ᠥᠪᠡᠷᠲᠡᠭᠡᠨ ᠵᠠᠰᠠᠬᠤ ᠣᠷᠣᠨ᠎ᠤ ᠠᠷᠪᠠᠳᠤᠭᠠᠷ ᠬᠤᠭᠤᠴᠠᠭᠠᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠠᠵᠢᠯ᠎ᠤᠨ ᠮᠡᠳᠡᠭᠦᠯᠦᠯᠲᠡ᠎ᠨᠢ ᠦᠨᠳᠦᠷ ᠲᠦᠪᠰᠢᠨ᠎ᠤ ᠪᠦᠭᠡᠳ ᠭᠦᠨ ᠭᠦᠨᠵᠡᠭᠡᠢ ᠪᠠᠢᠵᠤ᠂ ᠠᠮᠵᠢᠯᠲᠠ ᠪᠦᠲᠦᠮᠵᠢ᠎ᠪᠡᠨ ᠪᠤᠰᠤᠳᠴᠢ ᠪᠥᠭᠡᠳ ᠪᠥᠬᠥ᠌ ᠲᠠᠯ᠎ᠠ ᠪᠡᠷ ᠳ᠋ᠦᠩᠨᠡᠵᠦ᠂ ᠲᠤᠷᠱᠢᠯᠭ᠎ᠠ ᠵᠢᠨ ᠰᠡᠩᠬᠡᠷᠡᠭᠦᠯᠦᠯ ᠮᠠᠰᠢ ᠡᠷᠬᠢᠮ ᠨᠠᠨᠳᠢᠨ᠂ ᠠᠵᠢᠯ᠎ᠤᠨ ᠰᠠᠨᠠᠭᠤᠯᠭ᠎ᠠ᠎ᠨᠢ ᠪᠣᠳᠠᠲᠠᠶ᠎ᠶ᠋ᠢ ᠡᠷᠬᠢᠮᠯᠡᠭ᠌ᠰᠡᠨ ᠪᠠᠢᠨ᠎ᠠ᠃ ᠮᠡᠳᠡᠭᠦᠯᠦᠯᠲᠡ᠎ᠳᠦ ᠥᠪᠡᠷᠲᠡᠭᠡᠨ ᠵᠠᠰᠠᠬᠤ ᠣᠷᠣᠨ᠎ᠤ ᠠᠷᠪᠠᠳᠤᠭᠠᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠡᠴᠡ ᠨᠠᠭᠠᠱᠢᠬᠢ᠂ ᠮᠠᠨ᠎ᠤ ᠣᠷᠣᠨ᠎ᠤ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ ᠪᠣᠯᠤᠨ ᠢᠯᠵᠡᠷᠡᠯ᠎ᠢ ᠡᠰᠡᠷᠭᠦᠴᠡᠬᠦ᠌ ᠠᠵᠢᠯ᠎ᠤᠨ ᠣᠯᠤᠭ᠍ᠰᠠᠨ ᠠᠮᠵᠢᠯᠲᠠ᠎ᠶ᠋ᠢ ᠪᠦᠬᠦ᠌ ᠲᠠᠯ᠎ᠠ᠎ᠪᠠᠷ ᠡᠷᠭᠢᠴᠡᠭᠦᠯᠵᠦ᠍᠂ ᠲᠠᠪᠤᠨ ᠵᠢᠯ᠎ᠦᠨ ᠲᠤᠷᠱᠢᠬᠢ ᠰᠤᠷᠲᠠᠯ᠎ᠢ ᠴᠡᠭ᠌ᠴᠡᠯᠡᠨ ᠰᠠᠬᠢᠯᠭ᠎ᠠ ᠪᠠᠲᠤ᠎ᠶ᠋ᠢ ᠴᠢᠩᠳᠠᠯᠠᠬᠰᠠᠨ ᠦᠢᠯᠡᠳᠦᠯᠭᠡ᠎ᠶ᠋ᠢᠨ ᠲᠤᠷᠱᠢᠯᠭ᠎ᠠ᠎ᠶ᠋ᠢ ᠭᠦᠨᠵᠡᠭᠡᠢ ᠳ᠋ᠦᠩᠨᠡᠵᠦ᠍᠂ ᠬᠣᠢᠱᠢᠳᠠ᠎ᠶ᠋ᠢᠨ ᠲᠠᠪᠤᠨ ᠵᠢᠯ᠎ᠦᠨ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ᠎ᠤᠨ ᠲᠤᠬᠢᠷᠠᠭᠤᠯᠤᠯᠳᠠ ᠪᠠᠢᠷᠢᠯᠠᠭᠤᠯᠤᠯᠲᠠ᠎ᠶ᠋ᠢ ᠳᠤᠷᠠᠳᠴᠤ᠌᠂ ᠮᠠᠨ᠎ᠤ ᠣᠷᠣᠨ᠎ᠤ ᠱᠢᠨ᠎ᠡ ᠪᠠᠢᠳᠠᠯ ᠳᠣᠣᠷ᠎ᠠ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ ᠪᠣᠯᠤᠨ ᠢᠯᠵᠡᠷᠡᠯ᠎ᠢ ᠡᠰᠡᠷᠭᠦᠴᠡᠬᠦ᠌ ᠠᠵᠢᠯ᠎ᠢ ᠠᠬᠢᠭᠤᠯᠬᠤ᠎ᠳᠤ ᠴᠢᠭ᠌ᠯᠡᠯ᠎ᠢ ᠵᠢᠭᠠᠵᠤ᠂ ᠡᠷᠴᠢ ᠵᠣᠷᠢᠭ᠎ᠢ ᠬᠥᠪᠴᠢᠯᠡᠵᠠᠢ ᠭᠡᠵᠤ ᠰᠠᠨᠠᠯ ᠨᠢᠭᠡᠳᠠᠢ ᠦᠵᠡᠵᠡᠭᠡᠪᠡ᠃

ᠯᠢᠦ ᠬᠠᠶ ᠲᠤᠤ ᠲᠥᠯᠥᠭᠡᠯᠡᠭ᠌ᠴᠢ᠂ ᠲᠠᠷᠠᠭᠠᠴᠢ᠎ᠶ᠋ᠢᠨ ᠠᠯᠬᠤᠮ᠎ᠳᠤ ᠨᠠᠮ᠎ᠤᠨ ᠲᠥᠪ ᠬᠣᠷᠢᠶᠠᠨ᠎ᠤ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠵᠤ᠂ ᠤᠯᠤᠰ ᠲᠥᠷᠥ᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠦᠨ᠂《ᠤᠯᠤᠰ᠎ᠤᠨ ᠶᠡᠬᠡ ᠶᠠᠪᠤᠳᠠᠯ》 ᠢ᠋ ᠰᠡᠳᠭᠢᠯ᠎ᠳᠡᠭᠡᠨ ᠪᠤᠳᠤᠵᠤ᠂ ᠤᠯᠤᠰ ᠲᠥᠷᠥ᠎ᠶ᠋ᠢᠨ ᠪᠠᠢᠭᠤᠯᠤᠯᠲᠠ᠎ᠶ᠋ᠢ ᠴᠢᠩᠭᠠᠳᠭᠠᠨ᠂ ᠤᠯᠤᠰ ᠲᠥᠷᠥ᠎ᠶ᠋ᠢᠨ ᠬᠢᠨᠠᠯᠲᠠ᠎ᠶ᠋ᠢ ᠴᠢᠩᠭᠠᠳᠭᠠᠵᠤ᠂ ᠨᠠᠮ ᠪᠠ ᠤᠯᠤᠰ᠎ᠤᠨ ᠠᠵᠢᠯ ᠬᠠᠮᠢᠭ᠎ᠠ ᠬᠦᠷᠲᠡᠯ᠎ᠡ ᠠᠬᠢᠪᠠᠯ᠂ ᠬᠢᠨᠠᠯᠲᠠ ᠪᠠᠢᠴᠠᠭᠠᠯᠲᠠ ᠲᠡᠨᠳᠡ ᠬᠦᠷᠲᠡᠯ᠎ᠡ ᠲᠠᠭᠠᠬᠤ ᠶ᠋ᠢ ᠪᠠᠷᠢᠮᠲᠠᠯᠠᠨ᠂ ᠤᠯᠤᠰ ᠲᠥᠷᠥ᠎ᠶ᠋ᠢᠨ ᠦᠨᠳᠦᠷᠴᠡ᠎ᠡᠴᠡ ᠡᠯ᠎ᠡ ᠵᠦᠶ᠋ᠯ᠎ᠦᠨ ᠠᠵᠢᠯ᠎ᠢ ᠬᠢᠨᠠᠯᠲᠠ ᠲᠠᠯᠪᠢᠵᠤ ᠨᠠᠢᠳᠠᠪᠤᠷᠢᠵᠢᠭᠤᠯᠬᠤ᠎ᠶ᠋ᠢ ᠲᠠᠨᠢᠵᠤ ᠰᠠᠢᠲᠤᠷ ᠠᠳᠭᠤᠬᠤ᠎ᠶ᠋ᠢ ᠦᠨᠡᠨ ᠬᠦ᠌ ᠪᠡᠶᠡᠯᠡᠭᠦᠯᠤᠨ᠎ᠠ ᠭᠡᠵᠤ ᠢᠯᠡᠳᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠤᠶᠠᠨ᠍ᠦ᠌ᠨᠳᠦᠰᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面