ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠮᠡᠳᠡᠭᠡᠯᠡᠯ

2021-12-01 08:47:45

ᠵᠣᠬᠢᠶᠠᠭ᠍ᠴᠢ᠄ ​ᠵᠠᠩ ᠺᠦᠢ ᠣᠩᠱᠢᠭ᠍ᠰᠠᠨ ᠣᠳᠠᠭ᠎ᠠ᠄ 3

11 ᠰᠠᠷ᠎ᠠ᠎ᠶ᠋ᠢᠨ 30᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠠᠮᠵᠢᠯᠲᠠ᠎ᠲᠠᠶ ᠲᠡᠭᠦᠰᠦᠭ᠌ᠰᠡᠨ᠎ᠦ ᠳᠠᠷᠠᠭ᠎ᠠ᠂ ᠱ᠌ᠢ᠎ᠲᠡᠶ ᠹᠸᠩ ᠰᠣᠨᠢᠨ ᠮᠡᠳᠡᠭᠡ ᠤᠬᠠᠭᠤᠯᠭ᠎ᠠ᠎ᠶ᠋ᠢᠨ ᠡᠮᠦᠨ᠎ᠡ ᠹᠷᠣᠨᠲ᠎ᠲᠤ᠎ᠠᠵᠢᠯᠯᠠᠵᠤ᠎ᠪᠠᠢᠭ᠎ᠠ᠎ᠠᠵᠢᠯᠲᠠᠳ᠎ᠢ᠎ᠳᠣᠲᠣᠨᠣ᠎ᠪᠠᠷ᠎ᠡᠷᠬᠢᠨ᠎ᠦᠵᠡᠵᠦ᠍ ᠲᠣᠬᠣᠨᠢᠭᠤᠯᠪᠠ᠃

ᠱ᠌ᠢ ᠲᠠᠢ ᠹᠸᠩ ᠤᠷᠢᠳ ᠬᠣᠵᠢᠳ ᠥᠪᠥᠷ ᠮᠣᠩᠭᠣᠯ᠎ᠤᠨ ᠡᠳᠦᠷ᠎ᠦᠨ ᠰᠣᠨᠢᠨ᠎ᠤ ᠬᠣᠷᠢᠶ᠎ᠠ᠂ ᠦᠶ᠋ᠯᠡᠳᠦᠯᠭᠡ ᠰᠡᠳᠬᠦᠯ᠎ᠦᠨ ᠬᠣᠷᠢᠶ᠎ᠠ᠂ ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶ᠎ᠠ᠎ᠵᠢᠨ᠎ᠨᠡᠪᠲᠡᠷᠡᠭᠦᠯᠭᠡ᠎ᠶ᠋ᠢᠨ᠎ᠲᠣᠭᠣᠷᠢᠭ᠎ᠲᠤ᠎ᠬᠦᠷᠴᠦ᠍᠂ ᠣᠯᠠᠨ᠎ᠤ ᠱᠢᠷᠭᠠᠭᠤ ᠬᠥᠳᠡᠯᠮᠦᠷᠢ᠎ᠳᠦ ᠲᠠᠯᠠᠷᠬᠠᠵᠤ ᠪᠠᠢᠬᠤ᠎ᠪᠠᠨ ᠢᠯᠡᠳᠭᠡᠵᠦ᠍᠂ ᠣᠯᠠᠨ᠎ᠤ ᠭᠠᠷᠮᠠᠭᠠᠢᠯᠠᠨ ᠠᠵᠢᠯᠯᠠᠵᠦ ᠪᠠᠢᠭ᠎ᠠ ᠵᠢ ᠭᠦᠶ᠋ᠴᠡᠳ ᠨᠤᠲᠠᠯᠠᠪᠠ᠃

ᠱ᠌ᠢ᠎ᠲᠡᠶ ᠹᠸᠩ᠂᠎ᠡᠨᠡ᠎ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠴᠠᠭ ᠣᠬᠣᠷ᠂ ᠡᠭᠦᠷᠭᠡ ᠬᠦᠨᠳᠦ ᠪᠠᠢᠵᠥ᠂ ᠶᠡᠬᠡ ᠬᠤᠷᠠᠯ᠎ᠤᠨ ᠠᠮᠵᠢᠯᠲᠠ᠎ᠲᠠᠶ ᠲᠡᠭᠦᠰᠦᠭᠰᠡᠨ ᠳ᠋ᠦ ᠵᠠᠭᠤᠴᠢᠯᠠᠭᠤᠷ᠎ᠤᠨ ᠰᠤᠷᠪᠤᠯᠵᠢᠯᠠᠭ᠍ᠴᠢᠳ᠎ᠤᠨ ᠬᠦᠴᠦ᠍ ᠬᠥᠯᠥᠰᠥ᠍ ᠱᠢᠩᠭᠡᠵᠦ᠍ ᠪᠠᠢᠨ᠎ᠠ᠃ ᠬᠡᠳᠦᠨ ᠡᠳᠦᠷ᠎ᠦᠨ᠎ᠲᠤᠷᠰᠢ᠂᠎ᠰᠣᠨᠢᠨ᠎ᠮᠡᠳᠡᠭᠡᠨ᠎ᠦ᠎ᠠᠵᠢᠯᠲᠠᠳ᠎ᠡᠳᠦᠷᠵᠢᠨ᠎ᠰᠥᠨᠢᠵᠢᠨ᠎ᠨᠣᠢᠷ ᠬᠣᠭᠣᠯᠠ᠎ᠪᠠᠨ ᠤᠮᠠᠷᠲᠠᠨ ᠠᠵᠢᠯᠯᠠᠵᠤ᠂ ᠭᠣᠢᠳᠠ ᠰᠠᠢᠬᠠᠨ ᠤᠯᠠᠨ ᠮᠡᠳᠡᠭᠡᠯᠡᠯ ᠭᠠᠷᠭᠠᠪᠠ᠂ ᠢᠯᠠᠩᠭᠤᠶ᠎ᠠ ᠱᠢᠨ᠎ᠡ ᠵᠠᠭᠤᠴᠢᠯᠠᠭᠤᠷ᠎ᠤᠨ ᠮᠡᠳᠡᠭᠡᠯᠡᠯ᠎ᠦᠨ ᠭᠣᠣᠯ ᠰᠡᠳᠦᠪ ᠨᠢ ᠢᠯᠡ ᠲᠣᠳᠣ᠂ ᠬᠡᠯᠪᠡᠷᠢ ᠨᠢ ᠠᠮᠢᠳᠤᠯᠢᠭ᠂ ᠨᠡᠢᠲᠡᠯᠡᠭᠰᠡᠨ ᠨᠢ ᠲᠦᠷᠭᠡᠨ ᠪᠠᠢᠵᠥ᠂ ᠬᠥᠮᠦᠰ᠎ᠲᠦ ᠭᠦᠨ ᠰᠠᠭᠤᠭ᠍ᠳᠠᠯ ᠥᠭ᠌ᠴᠦ᠂ ᠮᠠᠰᠢ ᠰᠠᠢ᠌ᠨ ᠤᠬᠠᠭᠤᠯᠭ᠎ᠠ᠎ᠶ᠋ᠢᠨ ᠦᠷ᠎ᠡ ᠪᠦᠲᠦᠮᠵᠢ ᠣᠯᠵᠤ᠂ ᠬᠦᠨ ᠵᠤᠵᠠᠭᠠᠨ ᠠᠭᠤᠷ ᠠᠮᠢᠰᠭᠤᠯ᠎ᠢ᠎ᠪᠤᠢ᠎ᠪᠣᠯᠭᠠᠪᠠ᠃᠎ᠡᠨᠡ᠎ᠤᠳᠠᠭ᠎ᠠ᠎ᠶ᠋ᠢᠨ᠎ᠤᠬᠠᠭᠤᠯᠭ᠎ᠠ᠎ᠮᠡᠳᠡᠭᠡᠯᠡᠯ᠎ᠳᠦ᠂ ᠤᠯᠠᠨ᠎ᠢᠶᠠᠷ᠎ᠢᠶᠠᠨ ᠬᠤᠷᠠᠯ᠎ᠤᠨ ᠲᠠᠯᠠᠪᠠᠢ᠎ᠶ᠋ᠢᠨ ᠳᠣᠲᠣᠨ᠎ᠠ ᠭᠠᠳᠠᠨ᠎ᠠ ᠴᠦᠮ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠢ ᠬᠠᠯᠠᠮᠵᠢᠯᠠᠨ ᠠᠩᠬᠠᠷᠬᠤ ᠴᠢᠩᠭ᠎ᠠ ᠲᠤᠯᠭᠠᠮ ᠬᠠᠷᠢᠭᠤᠴᠠᠯᠭ᠎ᠠ ᠡᠭᠦᠷᠭᠡᠯᠡᠯ ᠪᠠ ᠴᠠᠭᠠᠷᠠᠭ᠍ᠰᠠᠨ ᠲᠤᠰᠭᠠᠢ ᠮᠡᠷᠭᠡᠵᠢᠯ᠎ᠦᠨ ᠬᠡᠪ ᠪᠣᠯᠪᠠᠰᠤᠷᠠᠯ᠎ᠢ ᠢᠯᠡᠷᠡᠭᠦᠯᠪᠡ᠃ ᠥᠷᠭᠡᠨ ᠤᠯᠠᠨ ᠰᠣᠨᠢᠨ ᠮᠡᠳᠡᠭᠡᠨ᠎ᠦ ᠠᠵᠢᠯᠳᠠᠨ ᠴᠢᠷᠮᠠᠢᠭ᠍ᠰᠠᠨ ᠳᠡᠭᠡᠷ᠎ᠡ᠎ᠪᠡᠨ ᠴᠢᠷᠮᠠᠢᠵᠤ᠂ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠦᠨᠡᠨ ᠬᠦ᠌ ᠰᠠᠢᠲᠤᠷ ᠤᠬᠠᠭᠤᠯᠤᠨ ᠲᠤᠭᠤᠰᠢᠯᠠᠭᠤᠯᠵᠤ᠂᠎ᠨᠡᠩ ᠬᠦᠴᠦᠯᠡᠨ ᠴᠢᠷᠮᠠᠢᠵᠤ ᠪᠠᠢᠭᠠᠳ ᠰᠣᠨᠢᠨ ᠮᠡᠳᠡᠭᠡ ᠤᠬᠠᠭᠤᠯᠭ᠎ᠠ᠎ᠶ᠋ᠢᠨ ᠠᠵᠢᠯ᠎ᠢ ᠰᠠᠢᠲᠤᠷ ᠬᠢᠵᠦ᠍᠂ ᠦᠵᠡᠰᠭᠦᠯᠡᠩᠲᠦ ᠰᠠᠢᠬᠠᠨ ᠥᠪᠥᠷ ᠮᠣᠩᠭᠣᠯ ᠵᠢᠡᠨ ᠪᠦᠳᠦᠭᠡᠨ ᠪᠠᠢᠭᠤᠯᠵᠤ᠂ ᠠᠭᠤᠤ ᠶᠡᠬᠡ ᠳᠤᠮᠳᠠᠳᠤ᠎ᠶ᠋ᠢᠨ ᠵᠡᠭᠦᠳᠦ᠍᠎ᠪᠡᠨ ᠬᠠᠮᠲᠤ᠎ᠪᠠᠷ ᠲᠡᠷᠭᠡᠯᠱᠢᠭᠦᠯᠬᠦ᠌᠎ᠳᠦ ᠨᠡᠩ ᠶᠡᠬᠡ ᠱᠢᠨ᠎ᠡ ᠬᠤᠪᠢ ᠨᠡᠮᠡᠷᠢ ᠦᠵᠡᠭᠦᠯᠬᠦ᠌᠎ᠶ᠋ᠢ ᠬᠦᠰᠡᠵᠦ᠍ ᠪᠠᠢᠨ᠎ᠠ ᠬᠡᠪᠡ᠃

ᠵᠧᠩ ᠬᠣᠩ ᠹᠠᠨ᠂ ᠳ᠋ᠢᠩ ᠱᠢᠤ ᠹᠸᠩ ᠬᠠᠮᠲᠤ ᠪᠣᠯᠭᠣᠭᠠᠨ ᠦᠵᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面