2021-11-29 08:09:31
《ᠢᠯᠢ ᠪᠦᠯᠦᠭᠯᠡᠯ ᠲᠣᠭᠠᠴᠢᠯᠠᠭ᠍ᠰᠠᠨ ᠮᠡᠷᠭᠡᠵᠢᠯ᠎ᠢ ᠬᠡᠷᠡᠭ᠌ᠯᠡᠨ ᠠᠵᠤ ᠦᠶ᠋ᠯᠡᠰ᠎ᠦᠨ ᠬᠡᠯᠬᠢᠶ᠎ᠡ᠎ᠪᠡᠨ ᠲᠠᠰ ᠳᠡᠪᠱᠢᠭᠦᠯᠵᠦ᠍᠂ ᠱᠢᠨ᠎ᠡ᠎ᠶ᠋ᠢ ᠡᠭᠦᠳᠬᠦ᠌ ᠬᠡᠯᠬᠢᠶ᠎ᠡ᠎ᠪᠡᠨ ᠪᠠᠢᠷᠢᠱᠢᠭᠤᠯᠵᠤ᠂ ᠬᠠᠩᠭᠠᠯᠭ᠎ᠠ᠎ᠶ᠋ᠢᠨ ᠬᠡᠯᠬᠢᠶ᠎ᠡ᠎ᠪᠡᠨ ᠱᠢᠯᠢᠳᠡᠭ᠌ᠵᠢᠭᠦᠯᠤᠨ᠂ ᠥᠷᠲᠡᠭ᠎ᠦᠨ ᠬᠡᠯᠬᠢᠶ᠎ᠡ᠎ᠪᠡᠨ ᠳᠡᠭᠡᠭ᠌ᠰᠢᠯᠡᠭᠦᠯᠵᠦ᠍᠂ ᠲᠣᠭᠠᠴᠢᠯᠠᠭ᠍ᠰᠠᠨ ᠮᠡᠷᠭᠡᠵᠢᠯ᠎ᠦᠨ ᠱᠢᠰᠲ᠋ᠧᠮ᠂ ᠲᠣᠭᠠᠴᠢᠯᠠᠭ᠍ᠰᠠᠨ ᠡᠬᠢ ᠪᠠᠶᠠᠯᠢᠭ᠎ᠤᠨ ᠱᠢᠰᠲ᠋ᠧᠮ᠂ ᠲᠣᠭᠠᠴᠢᠯᠠᠭ᠍ᠰᠠᠨ ᠴᠢᠳᠠᠪᠤᠷᠢᠲᠠᠨ᠎ᠤ ᠡᠩᠨᠡᠭᠡ᠎ᠪᠡᠷ ᠪᠥᠬᠥ᠌ ᠬᠡᠯᠬᠢᠶ᠎ᠡ᠎ᠶ᠋ᠢ ᠬᠠᠮᠤᠷᠤᠭ᠍ᠰᠠᠨ᠂ ᠪᠥᠬᠥ᠌ ᠠᠬᠤᠢ ᠲᠠᠯᠠᠪᠠᠶ᠎ᠳᠤ ᠨᠡᠪᠴᠢᠭ᠌ᠰᠡᠨ᠂ ᠪᠥᠬᠥ᠌ ᠲᠠᠯ᠎ᠠ᠎ᠪᠠᠷ ᠬᠤᠷᠰᠢᠯᠴᠠᠭᠰᠠᠨ᠂ ᠪᠥᠬᠥ᠌ ᠲᠥᠷᠥᠯ ᠵᠦᠶ᠋ᠯ᠎ᠢ ᠬᠠᠮᠲᠤ᠎ᠪᠠᠷ ᠡᠳ᠋ᠯᠡᠭᠰᠡᠨ 〈ᠳᠥᠷᠪᠡᠨ ᠪᠥᠬᠥ᠌ ᠡᠵᠡᠩᠨᠡᠯᠲᠡ᠎ᠶ᠋ᠢᠨ ᠱᠢᠰᠲ᠋ᠧᠮ〉᠎ᠢ᠋ ᠴᠤᠭᠴᠠᠯᠠᠵᠤ᠂ ᠳᠤᠮᠳᠠᠳᠤ ᠤᠯᠤᠰ᠎ᠤᠨ ᠰᠦ ᠢ᠋ᠢᠨ ᠦᠶ᠋ᠯᠡᠰ᠎ᠦᠨ ᠲᠣᠭᠠᠴᠢᠯᠠᠭ᠍ᠰᠠᠨ ᠲᠦᠪᠱᠢᠨ᠎ᠢ ᠲᠠᠰᠤᠷᠠᠯᠲᠠ ᠥᠬᠡᠶ ᠬᠦᠲᠦᠯᠦᠨ ᠳᠠᠭᠠᠭᠤᠯᠵᠤ ᠳᠡᠭᠡᠭᠰᠢᠯᠡᠭᠦᠯᠪᠡ》ᠭᠡᠵᠦ᠍ ᠬᠥᠬᠡᠬᠣᠲᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠵᠠᠩ ᠵᠢᠶᠠᠨ ᠴᠢᠦ ᠲᠥᠯᠥᠭᠡᠯᠡᠭ᠌ᠴᠢ ᠬᠡᠯᠡᠪᠡ᠃

ᠵᠠᠩ ᠵᠢᠶᠠᠨ ᠴᠢᠦ᠍ᠶ᠋ᠢᠨ ᠦᠵᠡᠬᠦ᠌᠎ᠪᠡᠷ᠂ ᠲᠣᠭᠠᠴᠢᠯᠠᠯᠳᠠ᠎ᠶᠢᠨ ᠲᠦᠯᠬᠢᠴᠡ ᠳᠤᠤᠷ᠎ᠠ᠂ ᠰᠦ ᠢ᠋ᠢᠨ ᠦᠶ᠋ᠯᠡᠰ᠎ᠦᠨ ᠡᠵᠡᠩᠨᠡᠨ ᠪᠣᠷᠣᠯᠠᠭᠤᠯᠬᠤ ᠵᠠᠭ᠍ᠪᠤᠷ᠎ᠲᠤ ᠰᠦᠯᠵᠢᠶᠡᠨ ᠳᠡᠭᠡᠷ᠎ᠠ ᠪᠠ ᠪᠤᠳᠠᠳᠤ ᠴᠤᠭᠴᠠ ᠢ᠋ᠢᠨ ᠭᠦᠨᠵᠡᠭᠡᠶ ᠠᠭᠤᠰᠤᠯᠴᠠᠯ᠂ ᠪᠥᠬᠥ᠌ ᠠᠬᠤᠢ ᠲᠠᠯᠠᠪᠠᠶ᠎ᠶ᠋ᠢᠨ ᠬᠥᠭ᠌ᠵᠢᠯᠲᠡ᠎ᠶ᠋ᠢᠨ ᠬᠠᠨᠳᠤᠰᠢ ᠢᠯᠡᠷᠡᠵᠦ᠍᠂ 《 ᠪᠥᠬᠥ᠌ ᠠᠷᠭ᠎ᠠ ᠵᠠᠮ᠎ᠢᠶᠠᠷ ᠡᠵᠡᠩᠨᠡᠨ ᠪᠣᠷᠣᠯᠠᠭᠤᠯᠬᠤ 》 ᠢ᠋ᠢᠨ ᠥᠷᠲᠡᠭ ᠶᠠᠪᠤᠬᠤ ᠲᠤᠳᠤᠮ ᠲᠣᠪᠣᠢᠮ᠎ᠠ ᠪᠤᠯᠪᠠ᠃ ᠲᠡᠭᠦᠨ᠎ᠦ ᠲᠠᠨᠢᠯᠴᠠᠭᠤᠯᠤᠭ᠍ᠰᠠᠨ᠎ᠢᠶᠠᠷ᠂ ᠢᠯᠢ ᠪᠦᠯᠦᠭᠯᠡᠯ ᠡᠯ᠎ᠡ ᠲᠥᠷᠥᠯ᠎ᠦᠨ ᠲᠣᠭ᠎ᠠ ᠪᠠᠷᠢᠮᠲᠠ᠎ᠶ᠋ᠢᠨ ᠥᠷᠲᠡᠭ᠎ᠢ ᠭᠦᠨᠵᠡᠭᠡᠶ ᠪᠠᠳᠠᠷᠠᠭᠤᠯᠤᠨ᠂ ᠨᠡᠢᠲᠡ᠎ᠶ᠋ᠢᠨ ᠤᠷᠤᠰᠴᠠ᠎ᠶ᠋ᠢ ᠴᠢᠬᠤᠯᠠᠴᠢᠯᠠᠵᠤ᠂ ᠭᠤᠷᠪᠠᠳᠠᠬᠢ ᠡᠲᠡᠭᠡᠳ᠎ᠤ᠋ᠨ ᠬᠤᠰᠢᠭᠤᠴᠢ ᠡᠯᠧᠺᠲ᠋ᠷᠣᠨ ᠬᠤᠳᠠᠯᠳᠤᠭ᠎ᠠ᠂ ᠵᠠᠭᠤᠴᠢᠯᠠᠭᠤᠷ᠎ᠤᠨ ᠲᠠᠪᠴᠠᠩ᠎ᠲᠠᠶ ᠪᠥᠬᠥ᠌ ᠲᠠᠯ᠎ᠠ᠎ᠪᠠᠷ ᠬᠠᠮᠲᠤᠷᠠᠯᠴᠠᠬᠤ᠎ᠶᠢᠨ ᠬᠠᠮᠳᠤ ᠪᠠᠰᠠ ᠬᠤᠪᠢ᠎ᠶ᠋ᠢᠨ ᠤᠷᠤᠰᠴᠠ᠎ᠶ᠋ᠢ ᠨᠡᠭᠡᠭᠡᠨ ᠬᠥᠭ᠌ᠵᠢᠭᠦᠯᠬᠦ᠎ᠶ᠋ᠢ ᠴᠢᠬᠤᠯᠠᠴᠢᠯᠠᠵᠤ᠂ ᠬᠡᠷᠡᠭ᠌ᠯᠡᠭ᠌ᠴᠢᠳ᠎ᠲᠡᠶ ᠨᠢᠭ᠍ᠲᠠ ᠬᠠᠷᠢᠯᠴᠠᠵᠤ᠂ ᠢᠲᠡᠭᠡᠯ ᠪᠠ ᠨᠠᠢᠷ ᠰᠡᠳᠭᠢᠯᠭᠡ ᠲᠠᠢ ᠪᠤᠯᠤᠯᠴᠠᠪᠠ᠃
ᠳᠤᠮᠳᠠᠳᠤ ᠤᠯᠤᠰ᠎ᠤᠨ ᠰᠦ ᠢ᠋ᠢᠨ ᠦᠢᠯᠡᠰ᠎ᠦᠨ ᠲᠣᠭᠠᠴᠢᠯᠠᠭ᠍ᠰᠠᠨ ᠬᠡᠯᠪᠡᠷᠢ᠎ᠶ᠋ᠢᠨ ᠦᠭᠡᠷᠡᠴᠢᠯᠡᠯᠳᠡ ᠨᠢ ᠥᠷᠭᠡᠨ ᠤᠯᠠᠨ ᠬᠡᠷᠡᠭ᠌ᠯᠡᠭ᠌ᠴᠢᠳ᠎ᠲᠦ ᠤᠯᠠᠮ ᠡᠴᠡ ᠤᠯᠠᠨ ᠨᠢᠳᠤᠨ᠎ᠳᠦ ᠦᠵᠡᠭ᠌ᠳᠡᠵᠦ ᠭᠠᠷ᠎ᠲᠤ ᠪᠠᠷᠢᠭ᠍ᠳᠠᠮ᠎ᠠ᠂ ᠬᠦᠷᠳᠡᠵᠦ ᠳᠡᠢᠯᠬᠦ ᠮᠡᠳᠡᠷᠡᠵᠦ ᠳᠡᠢᠯᠬᠦ ᠲᠣᠭᠠᠴᠢᠯᠠᠭ᠍ᠰᠠᠨ ᠡᠯᠧᠮᠧᠨ᠋ᠲ᠎ᠢ ᠡᠭᠦᠳᠴᠦ᠍ ᠥᠭ᠌ᠴᠡᠢ᠃ ᠢᠯᠢ᠎ᠶ᠋ᠢᠨ ᠪᠤᠢ ᠪᠦᠬᠦᠢ ᠦᠢᠯᠡᠳᠬᠦᠨ ᠨᠢ ᠴᠥᠮ ᠲᠣᠭᠠᠴᠢᠯᠠᠭ᠍ᠰᠠᠨ ᠮᠡᠷᠭᠡᠵᠢᠯ᠎ᠤᠨ ᠦᠷ᠎ᠡ ᠪᠦᠲᠦᠭᠡᠯ᠎ᠢ ᠭᠦᠢᠴᠡᠳ ᠠᠱᠢᠭ᠍ᠯᠠᠵᠤ᠂ ᠰᠤᠳᠤᠯᠤᠨ ᠨᠡᠭᠡᠭᠡᠬᠦ᠌᠂ ᠦᠢᠯᠡᠳᠪᠦᠷᠢᠯᠡᠬᠦ᠌᠂ ᠭᠦᠢᠯᠭᠡᠭᠡᠬᠦ᠌᠂ ᠦᠢᠯᠡᠴᠢᠯᠡᠬᠦ᠌ ᠵᠡᠷᠭᠡ ᠭᠣᠭ᠍ᠴᠣᠭ᠎ᠠ᠎ᠳᠤ ᠥᠪᠡᠷ᠎ᠦᠨ ᠦᠷᠳᠡᠭ᠎ᠢ ᠪᠠᠭᠤᠷᠠᠭᠤᠯᠤᠨ ᠦᠷ᠎ᠡ ᠠᠱᠢᠭ᠎ᠢ ᠨᠡᠮᠡᠭ᠌ᠳᠡᠭᠦᠯᠵᠦ᠍᠂ ᠨᠡᠩ ᠤᠯᠠᠨ ᠬᠡᠷᠡᠭ᠌ᠯᠡᠭ᠌ᠴᠢᠳ᠎ᠲᠦ ᠲᠣᠭᠠᠴᠢᠯᠠᠭ᠍ᠰᠠᠨ ᠬᠡᠯᠪᠡᠷᠢ ᠢ᠋ᠢᠨ ᠦᠭᠡᠷᠡᠴᠢᠯᠡᠯᠳᠡ ᠳᠤᠮᠳᠠ ᠬᠥᠭ᠌ᠵᠢᠯᠲᠡ᠎ᠶ᠋ᠢᠨ ᠠᠱᠢᠭ᠎ᠢ ᠬᠠᠮᠲᠤ᠎ᠪᠠᠷ ᠡᠳ᠋ᠯᠡᠭᠦᠯᠵᠦ᠍᠂ ᠡᠷᠡᠭᠦᠯ ᠠᠮᠢᠳᠤᠷᠠᠯ᠎ᠢ ᠬᠠᠮᠲᠤ᠎ᠪᠠᠷ ᠡᠳ᠋ᠯᠡᠭᠦᠯᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃