ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠨᠠᠮ᠎ᠤ᠋ᠨ ᠲᠥᠯᠥᠭᠡᠯᠡᠭᠴᠢ᠎ᠶ᠋ᠢᠨ ᠰᠤᠷᠪᠤᠯᠵᠢᠯᠠᠭ᠎ᠠ

2021-11-29 08:06:07

ᠵᠣᠬᠢᠶᠠᠭ᠍ᠴᠢ᠄ ᠾᠦᠧᠧ ᠱᠢᠶᠤᠤ ᠴᠢᠩ ᠣᠩᠱᠢᠭ᠍ᠰᠠᠨ ᠣᠳᠠᠭ᠎ᠠ᠄ 3


QQ图片20211129080625.png


《ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠠᠴᠠ ᠮᠠᠨ᠎ᠤ ᠣᠷᠣᠨ᠎ᠤ ᠢᠷᠡᠭᠡᠳᠦᠢ᠎ᠶ᠋ᠢᠨ ᠲᠠᠪᠤᠨ ᠵᠢᠯ᠎ᠦᠨ ᠲᠣᠭᠠᠴᠢᠯᠠᠭ᠍ᠰᠠᠨ ᠠᠵᠤ ᠠᠬᠤᠢ᠎ᠶ᠋ᠢᠨ ᠬᠥᠭ᠌ᠵᠢᠯᠲᠡ᠎ᠳᠦ ᠪᠦᠬᠦ᠌ ᠲᠠᠯ᠎ᠠ᠎ᠶ᠋ᠢᠨ ᠪᠠᠢᠷᠢᠯᠠᠭᠤᠯᠤᠯᠲᠠ ᠪᠠ ᠲᠥᠯᠥᠪᠵᠢᠭᠦᠯᠭᠡ ᠬᠢᠵᠡᠢ᠂ ᠬᠠᠢᠯᠠᠷ ᠲᠣᠭᠣᠷᠢᠭ ᠬᠥᠭ᠌ᠵᠢᠯᠲᠡ᠎ᠶ᠋ᠢᠨ ᠠᠵᠠ ᠲᠣᠬᠢᠶᠠᠯ᠎ᠢ ᠴᠢᠩᠭ᠎ᠠ ᠠᠳᠭᠤᠵᠤ᠂ ᠲᠣᠭᠠᠴᠢᠯᠠᠭ᠍ᠰᠠᠨ ᠠᠵᠤ ᠠᠬᠤᠢ᠎ᠶ᠋ᠢᠨ ᠱᠢᠨ᠎ᠡ ᠡᠵᠡᠩᠨᠡᠯᠲᠡ᠎ᠶ᠋ᠢᠨ ᠬᠡᠯᠪᠡᠷᠢ᠎ᠶ᠋ᠢ ᠴᠢᠨᠠᠭ᠍ᠰᠢᠳᠠ ᠪᠣᠢᠵᠢᠭᠤᠯᠵᠤ᠂ ᠲᠣᠭ᠎ᠠ ᠪᠠᠷᠢᠮᠲᠠ᠎ᠶ᠋ᠢᠨ ᠭᠦᠢᠯᠭᠡᠭᠡ᠎ᠪᠡᠷ ᠡᠳ᠋ ᠪᠠᠷᠠᠭᠠᠨ᠎ᠤ ᠭᠦᠢᠯᠭᠡᠭᠡ᠂ ᠴᠢᠳᠠᠪᠤᠷᠢᠲᠠᠨ᠎ᠤ ᠭᠦᠢᠯᠭᠡᠭᠡ᠂ ᠮᠡᠷᠭᠡᠵᠢᠯ᠎ᠦᠨ ᠭᠦᠢᠯᠭᠡᠭᠡ᠂ ᠪᠡᠯᠡ ᠮᠥᠩᠭᠥᠨ᠎ᠦ ᠭᠦᠢᠯᠭᠡᠭᠡ᠎ᠶ᠋ᠢ ᠬᠦᠳᠦᠯᠥᠨ ᠳᠠᠭᠠᠭᠤᠯᠵᠤ᠂ ᠠᠵᠤ ᠦᠢᠯᠡᠰ᠎ᠦᠨ ᠬᠡᠯᠬᠢᠶ᠎ᠡ᠎ᠳᠦ ᠬᠤᠯᠪᠤᠭᠳᠠᠭᠰᠠᠨ ᠪᠠ ᠠᠵᠢᠯ ᠲᠦᠷᠦᠯ ᠠᠯᠤᠰᠯᠠᠨ ᠠᠭᠤᠰᠤᠯᠴᠠᠭ᠍ᠰᠠᠨ ᠲᠣᠭᠠᠴᠢᠯᠠᠭ᠍ᠰᠠᠨ ᠠᠮᠢ ᠠᠬᠤᠢ᠎ᠶ᠋ᠢᠨ ᠱᠢᠰᠲᠸᠮ᠎ᠢ ᠪᠦᠷᠢᠯᠳᠦᠭᠦᠯᠬᠦ᠌ ᠬᠡᠷᠡᠭ᠌ᠲᠡᠢ》ᠭᠡᠵᠦ᠍ ᠬᠥᠯᠥᠨ ᠪᠣᠢᠷ ᠬᠣᠲᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠶᠠᠩ ᠵᠢᠶᠧ ᠲᠥᠯᠥᠭᠡᠯᠡᠭ᠌ᠴᠢ ᠰᠤᠷᠪᠤᠯᠵᠢᠯᠠᠭ᠎ᠠ ᠬᠦᠯᠢᠶᠡᠬᠦ᠌ ᠎ᠳᠡᠭᠡᠨ ᠬᠡᠯᠡᠵᠡᠶ᠃

ᠶᠠᠩ ᠵᠢᠶᠧ ᠢᠯᠡᠷᠬᠡᠢᠯᠡᠬᠦ᠌᠎ᠳᠡᠭᠡᠨ᠂ ᠬᠤᠢᠰᠢᠳᠡ ᠵᠢᠨ ᠲᠠᠪᠤᠨ ᠵᠢᠯ ᠎ᠳᠦ ᠬᠠᠢᠯᠠᠷ ᠲᠣᠭᠣᠷᠢᠭ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭ᠌ᠵᠢᠬᠦᠯᠬᠦ ᠵᠠᠮ᠎ᠢᠶᠠᠷ ᠡᠷᠡᠰ ᠭᠤᠢᠪᠢᠰᠢ ᠥᠬᠡᠶ ᠵᠠᠮᠨᠠᠵᠤ᠂ 《ᠤᠯᠤᠰ᠎ᠤᠨ ᠲᠣᠭᠠᠴᠢᠯᠠᠭ᠍ᠰᠠᠨ ᠠᠵᠤ ᠠᠬᠤᠶ᠎ᠶ᠋ᠢᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠵᠢᠱ᠌ᠢᠶ᠎ᠡ ᠦᠵᠡᠭᠦᠯᠬᠦ᠌ ᠣᠷᠣᠨ》 ᠢ᠋ ᠡᠭᠦᠳᠦᠨ ᠪᠠᠢᠭᠤᠯᠬᠤ ᠪᠠ 《ᠲᠣᠭᠠᠴᠢᠯᠠᠯᠲᠠ᠎ᠪᠠᠷ ᠬᠦᠳᠡᠯᠭᠡᠬᠦ ᠡᠨᠧᠷᠭᠢ ᠨᠡᠮᠡᠷᠢᠯᠡᠬᠦ》 ᠠᠵᠢᠯᠯᠠᠭ᠎ᠠ᠎ᠶ᠋ᠢ ᠬᠡᠷᠡᠭᠵᠢᠭᠦᠯᠬᠦ᠎ᠶ᠋ᠢ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠤᠱᠢᠯᠠᠭᠤᠯᠬᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠎ᠶ᠋ᠢᠨ ᠴᠢᠬᠤᠯᠠ ᠪᠦᠷᠢᠯᠳᠦᠬᠦᠨ ᠬᠡᠰᠡᠭ ᠪᠤᠯᠭᠠᠵᠤ᠂ 《ᠬᠠᠢᠯᠠᠷ᠎ᠤᠨ ᠲᠣᠮᠣ ᠳ᠋ᠠᠢᠲ᠋ᠠ᠎ᠶ᠋ᠢᠨ ᠲᠥᠪ》᠎ᠵᠢᠡᠷ ᠲᠠᠭᠠᠭᠤᠯᠤᠭᠴᠢ ᠪᠣᠯᠭᠠᠵᠤ᠂ ᠲᠣᠭᠠᠴᠢᠯᠠᠭ᠍ᠰᠠᠨ ᠠᠵᠤ ᠠᠬᠤᠶ ᠪᠣᠯᠤᠨ ᠪᠣᠳᠠᠲᠤ ᠴᠣᠭ᠍ᠴᠠ᠎ᠶ᠋ᠢᠨ ᠠᠵᠤ ᠠᠬᠤᠶ᠎ᠶ᠋ᠢᠨ ᠭᠦᠨᠵᠡᠭᠡᠶ ᠠᠭᠤᠰᠤᠯᠴᠠᠯ᠎ᠢ ᠬᠥᠲᠥᠯᠥᠨ ᠵᠢᠯᠣᠭᠣᠤᠨᠴᠤ᠂ 5G ᠰᠠᠭᠤᠷᠢ ᠥᠷᠲᠡᠭᠡ᠂ ᠡᠭᠦᠯᠡᠨ ᠪᠤᠳᠦᠯᠳᠠ᠂ ᠳ᠋ᠠᠢᠲ᠋ᠠ᠎ᠶ᠋ᠢᠨ ᠲᠥᠪ᠂ ᠪᠠᠷᠠᠭᠠᠨ᠎ᠤ ᠰᠦᠯᠵᠢᠶ᠎ᠡ᠂ ᠢᠨᠲ᠋ᠧᠷ ᠰᠦᠯᠵᠢᠶ᠎ᠡ ᠵᠡᠷᠭᠡ ᠮᠡᠳᠡᠭᠡ ᠵᠠᠩᠭᠢ᠎ᠶ᠋ᠢᠨ ᠰᠠᠭᠤᠷᠢ ᠲᠥᠬᠥᠭᠡᠷᠦᠮᠵᠢ ᠎ᠶ᠋ᠢ ᠲᠦᠷᠭᠡᠨ ᠪᠠᠢᠷᠢᠱᠢᠭᠤᠯᠵᠤ᠂ ᠲᠣᠭ᠎ᠠ ᠪᠠᠷᠢᠮᠲᠠ᠎ᠶ᠋ᠢᠨ ᠲᠥᠪ᠂ ᠵᠣᠬᠢᠶᠠᠮᠠᠯ ᠤᠶᠤᠨ᠎ᠤ ᠴᠢᠳᠠᠪᠤᠷᠢ ᠵᠢᠨ ᠬᠡᠷᠡᠭ᠌ᠯᠡᠯᠲᠡ᠂ ᠡᠭᠦᠯᠡᠨ ᠦᠶ᠋ᠯᠡᠴᠢᠯᠡᠭᠡ᠎ᠪᠡᠷ ᠭᠤᠤᠯᠳᠠᠯᠭ᠎ᠠ ᠪᠣᠯᠭᠠᠭ᠍ᠰᠠᠨ ᠨᠢᠭᠡ ᠪᠦᠯᠦᠭ ᠰᠠᠢᠨ ᠲᠥᠷᠥᠯ ᠵᠦᠶ᠋ᠯ᠎ᠢ ᠢᠳᠡᠪᠬᠢᠲᠡᠶ᠎ᠪᠡᠷ ᠠᠬᠢᠭᠤᠯᠵᠤ᠂ ᠲᠤᠮᠤ ᠲᠦᠷᠦᠯ ᠵᠦᠢᠯ᠎ᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠤᠯᠵᠤ᠂ ᠲᠣᠭᠠᠴᠢᠯᠠᠭ᠍ᠰᠠᠨ ᠠᠵᠤ ᠦᠶ᠋ᠯᠡᠰ᠎ᠦᠨ ᠬᠡᠯᠬᠢᠶ᠎ᠡ᠎ᠶ᠋ᠢᠨ ᠬᠡᠪᠴᠢᠶ᠎ᠡ᠎ᠶ᠋ᠢᠨ ᠲᠥᠪᠯᠡᠷᠡᠬᠦᠯᠬᠦ ᠦᠶ᠋ᠯᠡᠳᠦᠯ᠎ᠢ ᠯᠠᠪᠳᠠᠭᠤᠨ᠎ᠢᠶᠠᠷ ᠪᠦᠷᠢᠯᠳᠦᠭᠦᠯᠦᠨ᠂ ᠮᠠᠨ᠎ᠤ ᠣᠷᠣᠨ᠎ᠤ ᠪᠣᠬᠢᠷᠲᠤᠯ ᠥᠬᠡᠶ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌᠎ᠶ᠋ᠢ ᠲᠦᠷᠭᠡᠳᠭᠡᠨ ᠪᠡᠶᠡᠯᠡᠭᠦᠯᠬᠦ᠌᠎ᠳᠦ ᠨᠠᠩ ᠶᠡᠬᠡ ᠬᠤᠪᠢ ᠨᠡᠮᠡᠷᠢ ᠦᠵᠡᠭᠦᠯᠬᠦ᠌ ᠬᠡᠷᠡᠭ᠌ᠲᠡᠶ ᠬᠡᠵᠤ ᠪᠠᠢᠯ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面