ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠨᠠᠮ᠎ᠤ᠋ᠨ ᠲᠥᠯᠥᠭᠡᠯᠡᠭᠴᠢ᠎ᠶ᠋ᠢᠨ ᠰᠤᠷᠪᠤᠯᠵᠢᠯᠠᠭ᠎ᠠ

2021-11-30 09:25:32

ᠵᠣᠬᠢᠶᠠᠭ᠍ᠴᠢ᠄ ​ᠹᠧᠩ ᠱᠢᠤᠸᠠᠢ ᠢᠦᠶ ᠣᠩᠱᠢᠭ᠍ᠰᠠᠨ ᠣᠳᠠᠭ᠎ᠠ᠄ 3


QQ截图20211130092845.jpg


ᠼᠠᠢ ᠮᠢᠩ ᠪᠣᠯ ᠬᠢᠩᠭᠠᠨ ᠠᠢᠮᠠᠭ ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠨᠡᠲᠦᠭᠡᠷ ᠪᠠᠯᠭᠠᠰᠤ ᠎ᠶ᠋ᠢᠨ ᠨᠠᠮ᠎ᠤᠨ ᠲᠥᠯᠥᠭᠡᠯᠡᠭ᠌ᠴᠢ ᠪᠣᠯᠤᠨ᠎ᠠ᠃ ᠲᠡᠷᠡ᠄ 《ᠨᠡᠳᠦᠭᠡᠷ ᠪᠠᠯᠭᠠᠰᠤ᠎ᠶᠢᠨ ᠡᠳᠡᠭᠡᠷ ᠵᠢᠯ ᠎ᠦᠨ ᠠᠵᠤ ᠠᠬᠤᠢ ᠨᠡᠢᠭᠡᠮ ᠎ᠦᠨ ᠬᠥᠭ᠌ᠵᠢᠯᠲᠡ ᠎ᠶ᠋ᠢᠨ ᠣᠯᠤᠭ᠍ᠰᠠᠨ ᠠᠮᠵᠢᠯᠲᠠ ᠪᠦᠲᠦᠮᠵᠢ ᠨᠢ ᠴᠥᠮ ᠦᠨᠳᠦᠰᠦᠲᠡᠨ᠎ᠦ ᠪᠦᠯᠬᠦᠮᠳᠡᠯ ᠎ᠦᠨ ᠠᠵᠢᠯ᠎ᠤᠨ ᠪᠠᠲᠤ ᠰᠠᠭᠤᠷᠢ᠎ᠠᠴᠠ ᠠᠱᠢᠭ ᠬᠦᠷᠳᠡᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠠᠵᠢᠯ ᠠᠮᠢᠳᠤᠷᠠᠯ ᠳᠤᠮᠳᠠ᠎ᠪᠠᠨ ᠬᠡᠨ ᠠᠯᠢᠨ᠎ᠠᠴᠠ᠎ᠪᠠᠨ ᠰᠠᠯᠵᠤ ᠴᠢᠳᠠᠬᠤ ᠦᠭᠡᠢ ᠶᠡᠬᠡ ᠪᠦᠯᠬᠦᠮᠳᠡᠯ᠎ᠦᠨ ᠠᠭᠤᠷ ᠠᠮᠢᠰᠭᠤᠯ᠎ᠠᠴᠠ ᠠᠱᠢᠭ ᠬᠦᠷᠳᠡᠭᠰᠡᠨ ᠡᠴᠡ ᠪᠤᠯᠵᠠᠢ》 ᠭᠡᠪᠡ᠃

ᠨᠡᠲᠦᠭᠡᠷ ᠪᠠᠯᠭᠠᠰᠤ ᠪᠣᠯ ᠣᠯᠠᠨ ᠦᠨᠳᠦᠰᠦᠲᠡᠨ ᠲᠥᠪᠯᠡᠷᠡᠨ ᠰᠠᠭᠤᠷᠢᠰᠢᠭ᠍ᠰᠠᠨ ᠨᠡᠢᠲᠡᠯᠢᠭ ᠣᠷᠣᠨ ᠮᠥᠨ᠂ ᠦᠨᠳᠦᠰᠦᠲᠡᠨ ᠎ᠦ ᠬᠥᠮᠦᠨ ᠠᠮᠠ ᠨᠢ ᠪᠥᠬᠥ᠌ ᠪᠠᠯᠭᠠᠰᠤᠨ ᠎ᠤ ᠪᠥᠬᠥ᠌ ᠬᠥᠮᠦᠨ ᠠᠮᠠ᠎ᠶ᠋ᠢᠨ 42%᠎ᠢ᠋ ᠡᠵᠡᠯᠡᠨ᠎ᠡ᠃ ᠡᠨᠳᠡ ᠬᠢᠲᠠᠳ᠂ ᠮᠣᠩᠭᠣᠯ᠂ ᠮᠠᠨᠵᠤ᠂ ᠬᠣᠲᠣᠩ᠂ ᠵᠤᠸᠠᠩ᠂ ᠰᠣᠯᠣᠩᠭᠣᠰ᠂ ᠳᠠᠭᠤᠷ᠂ ᠣᠷᠣᠰ ᠵᠡᠷᠭᠡ ᠦᠨᠳᠦᠰᠦᠲᠡᠨ ᠠᠮᠢᠳᠤᠷᠠᠵᠤ ᠪᠠᠢᠳᠠᠭ᠃

ᠼᠠᠢ ᠮᠢᠩ᠄ 《ᠬᠢᠩᠭᠠᠨ ᠠᠢᠮᠠᠭ ᠪᠣᠯ ᠬᠤᠪᠢᠰᠭᠠᠯ ᠎ᠤᠨ ᠱᠢᠮᠡᠯᠢᠭ ᠬᠥᠷᠥᠰᠥ᠍ ᠪᠠᠢᠵᠦ᠂ ᠦᠨᠳᠦᠰᠦᠲᠡᠨ ᠎ᠦ ᠪᠦᠯᠬᠦᠮᠳᠡᠯ᠎ᠦᠨ ᠢᠷᠠᠭᠤ ᠠᠯᠳᠠᠷᠲᠤ ᠤᠯᠠᠮᠵᠢᠯᠠᠯ᠎ᠲᠠᠶ ᠶᠤᠮ᠃ ᠨᠡᠲᠦᠭᠡᠷ ᠪᠠᠯᠭᠠᠰᠤ ᠎ᠶᠢᠨ ᠡᠯ᠎ᠡ ᠦᠨᠳᠦᠰᠦᠲᠡᠨ ᠣᠷᠳᠣ ᠬᠤᠭᠤᠴᠠᠭᠠᠨ ᠎ᠤ ᠲᠤᠷᠰᠢ ᠬᠠᠮᠲᠤ ᠰᠠᠭᠤᠷᠢᠱᠢᠵᠤ᠂ ᠬᠠᠮᠲᠤ᠎ᠪᠠᠷ ᠰᠤᠷᠤᠯᠴᠠᠵᠤ᠂ ᠬᠠᠮᠲᠤ᠎ᠪᠠᠷ ᠠᠵᠢᠯᠯᠠᠵᠤ᠂ ᠬᠠᠮᠲᠤ᠎ᠪᠠᠷ ᠵᠢᠷᠭᠠᠵᠤ᠂ ᠬᠠᠮᠲᠤ᠎ᠪᠠᠷ ᠴᠡᠴᠡᠭ᠌ᠯᠡᠨ ᠬᠥᠭ᠌ᠵᠢᠭ᠌ᠰᠡᠨ ᠪᠠᠢᠳᠠᠯ᠎ᠢ ᠪᠦᠷᠢᠯᠳᠦᠬᠦᠯᠪᠡ᠃ ᠡᠨᠡ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ ᠎ᠳᠦ ᠳᠤᠷᠠᠳᠤᠭ᠍ᠰᠠᠨ ᠳᠤᠮᠳᠠᠳᠤ ᠎ᠶ᠋ᠢᠨ ᠦᠨᠳᠦᠰᠦᠲᠡᠨ᠎ᠦ ᠬᠠᠮᠲᠤ ᠎ᠶ᠋ᠢᠨ ᠴᠣᠭ᠍ᠴᠠ ᠎ᠶ᠋ᠢᠨ ᠤᠬᠠᠮᠰᠠᠷ ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠬᠤ᠎ᠶ᠋ᠢ ᠪᠠᠷᠢᠮᠲᠠᠯᠠᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ ᠎ᠦ ᠠᠵᠢᠯ ᠎ᠤᠨ ᠴᠢᠨᠠᠷ ᠰᠠᠢᠲᠠᠢ ᠬᠥᠭ᠌ᠵᠢᠯᠲᠡ ᠎ᠶ᠋ᠢ ᠠᠬᠢᠭᠤᠯᠬᠤ ᠨᠢ ᠪᠢᠳᠡᠨ ᠎ᠦ ᠦᠨᠳᠦᠰᠦᠲᠡᠨ᠎ᠦ ᠠᠵᠢᠯ᠎ᠢ᠎ᠰᠠᠢᠲᠤᠷ ᠬᠢᠬᠦ᠌᠂ ᠴᠢᠨᠠᠷ ᠰᠠᠢᠲᠠᠢ ᠬᠥᠭ᠌ᠵᠢᠯᠲᠡ ᠎ᠶ᠋ᠢ ᠪᠡᠶᠡᠯᠡᠭᠦᠯᠬᠦ᠌᠎ᠳᠦ ᠤᠷᠤᠭ᠍ᠰᠢᠯᠠᠯᠲᠠ᠎ᠶ᠋ᠢᠨ ᠴᠢᠭ᠌ᠯᠡᠯ ᠎ᠢ ᠲᠣᠳᠣᠷᠬᠠᠢ ᠵᠢᠭᠠᠵᠤ ᠥᠭ᠌ᠴᠡᠢ᠃ ᠦᠨᠳᠦᠰᠦᠲᠡᠨ᠎ᠦ ᠠᠵᠢᠯ ᠎ᠢ ᠰᠠᠢᠲᠤᠷ ᠬᠢᠬᠦ᠌ ᠨᠢ ᠡᠭᠡ ᠣᠷᠣᠨ᠎ᠤ ᠨᠢᠭᠡᠳᠦᠯ ᠪᠠ ᠬᠢᠯᠢ ᠬᠢᠵᠠᠭᠠᠷ ᠎ᠤᠨ ᠪᠡᠬᠢᠵᠢᠯ ᠎ᠳᠦ ᠬᠣᠯᠪᠣᠭ᠍ᠳᠠᠵᠤ᠂ ᠦᠨᠳᠦᠰᠦᠲᠡᠨ ᠎ᠦ ᠪᠦᠯᠬᠦᠮᠳᠡᠯ ᠪᠠ ᠨᠡᠢᠭᠡᠮ ᠎ᠦᠨ ᠲᠣᠭ᠍ᠲᠠᠭᠤᠨ ᠪᠠᠢᠳᠠᠯ ᠎ᠳᠤ ᠬᠣᠯᠪᠣᠭ᠍ᠳᠠᠵᠤ᠂ ᠤᠯᠤᠰ ᠣᠷᠣᠨ᠎ᠤ ᠥᠨᠢ ᠤᠳᠠᠭᠠᠨ ᠠᠮᠤᠷ ᠲᠦᠪᠱᠢᠨ ᠪᠠᠢᠬᠤ ᠪᠠ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ ᠎ᠳᠤ ᠬᠣᠯᠪᠣᠭ᠍ᠳᠠᠵᠤ ᠪᠠᠢᠳᠠᠭ᠃ ᠦᠨᠳᠦᠰᠦᠨ ᠱᠠᠲᠤᠨ ᠎ᠤ ᠨᠢᠭᠡᠨ ᠺᠠᠳ᠋ᠷ ᠪᠣᠯᠤᠭ᠍ᠰᠠᠨ ᠎ᠤ ᠬᠤᠪᠢ ᠎ᠳᠤ ᠪᠢ ᠡᠭᠦᠷᠭᠡ ᠢᠷᠠᠭᠤ ᠠᠯᠳᠠᠷ ᠲᠠᠢ᠂ ᠬᠠᠷᠢᠭᠤᠴᠠᠯᠭ᠎ᠠ ᠬᠠᠲᠠᠭᠤ ᠪᠡᠷᠬᠡ ᠭᠡᠳᠡᠭ᠎ᠢᠶᠡᠨ ᠭᠦᠨᠵᠡᠭᠡᠢ ᠣᠢᠯᠠᠭᠠᠵᠤ ᠪᠠᠢᠨ᠎ᠠ᠃ ᠦᠨᠳᠦᠰᠦᠨ ᠱᠠᠲᠤᠨ ᠎ᠤ ᠺᠠᠳ᠋ᠷ ᠤᠯᠠᠨ ᠲᠦᠮᠡᠨ ᠎ᠳᠦ ᠠᠪᠴᠤ᠌ ᠬᠡᠯᠡᠪᠡᠯ᠂ ᠪᠢᠳᠡᠨ ᠎ᠳᠦ ᠰᠠᠢ᠌ᠨ ᠰᠠᠢᠬᠠᠨ ᠠᠮᠢᠳᠤᠷᠠᠯ ᠎ᠤᠨ ᠬᠦᠰᠡᠯ ᠡᠷᠡᠮᠡᠯᠵᠡᠯ ᠪᠤᠢ᠂ ᠢᠯᠠᠩᠭᠤᠶ᠎ᠠ ᠬᠥᠳᠡᠭᠡ ᠲᠣᠰᠭᠣᠨ ᠎ᠢ ᠬᠥᠭ᠌ᠵᠢᠭᠦᠯᠦᠨ ᠮᠠᠨᠳᠤᠭᠤᠯᠬᠤ ᠪᠦᠷᠢᠢ᠎ᠡ ᠎ᠶ᠋ᠢ ᠬᠠᠩᠭᠢᠨᠠᠭᠤᠯᠤᠭ᠍ᠰᠠᠨ ᠎ᠤ ᠲᠠᠷᠠᠭ᠎ᠠ᠂ ᠪᠢᠳᠡ ᠨᠡᠩ ᠰᠡᠳᠭᠢᠯ ᠎ᠢᠶᠡᠨ ᠨᠢᠭᠡᠳᠭᠡᠨ ᠬᠦᠴᠦ᠍ ᠎ᠪᠡᠨ ᠬᠠᠮᠲᠤᠳᠭᠠᠵᠤ᠂ ᠵᠠᠮ ᠨᠡᠭᠡᠭᠡᠨ ᠱᠢᠨ᠎ᠡ ᠎ᠶ᠋ᠢ ᠡᠭᠦᠳᠴᠦ᠍᠂ ᠬᠠᠮᠲᠤ ᠎ᠪᠠᠷ ᠬᠥᠭ᠌ᠵᠢᠵᠦ᠍᠂ ᠬᠠᠮᠲᠤ᠎ᠪᠠᠷ ᠴᠢᠨᠡᠭᠡᠯᠢᠭ᠌ᠵᠢᠬᠦ᠌ ᠬᠠᠷᠠᠯᠲᠠ᠎ᠶ᠋ᠢ ᠪᠡᠶᠡᠯᠡᠭᠦᠯᠪᠡ᠃ ᠳᠠᠷᠠᠭᠠᠴᠢ᠎ᠶ᠋ᠢᠨ ᠠᠯᠬᠤᠮ᠎ᠳᠤ᠂ ᠪᠢᠳᠡ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠢ ᠳᠠᠢ᠌ᠴᠢᠯᠠᠨ ᠬᠠᠮᠲᠤ᠎ᠪᠠᠷ ᠪᠠᠶᠠᠵᠢᠬᠤ᠎ᠪᠠᠷ ᠬᠠᠷᠠᠯᠲᠠ ᠪᠣᠯᠭᠠᠵᠤ᠂ ᠠᠵᠤ ᠦᠢᠯᠡᠰ᠎ᠦᠨ ᠬᠥᠭ᠌ᠵᠢᠯᠲᠡ᠎ᠶ᠋ᠢ ᠠᠬᠢᠭᠤᠯᠤᠨ᠎ᠠ᠃ 〈ᠨᠢᠭᠡ ᠲᠣᠰᠭᠣᠨ ᠨᠢᠭᠡ ᠣᠨᠴᠠᠯᠢᠭ᠂ ᠨᠢᠭᠡ ᠲᠣᠰᠭᠣᠨ ᠨᠢᠭᠡ ᠲᠦᠷᠦᠯ ᠲᠡᠮᠳᠡᠭ〉᠎ᠤ᠋ᠨ ᠬᠥᠭ᠌ᠵᠢᠯᠲᠡ ᠎ᠶ᠋ᠢᠨ ᠰᠡᠳᠭᠢᠴᠡ ᠶᠣᠰᠣᠭᠠᠷ᠂ ᠨᠠᠮ ᠎ᠤᠨ ᠪᠠᠢᠭᠤᠯᠤᠯᠲᠠ᠎ᠪᠠᠷ ᠠᠵᠤ᠎ᠠᠬᠤᠶ᠎ᠨᠡᠢᠭᠡᠮ᠎ᠦᠨ᠎ᠬᠥᠭ᠌ᠵᠢᠯᠲᠡ᠎ᠶ᠋ᠢᠨ᠎ᠪᠦᠬᠦ᠌᠎ᠲᠠᠯ᠎ᠠ᠎ᠶ᠋ᠢ ᠶᠡᠷᠦᠩᠬᠡᠢᠯᠡᠨ ᠵᠢᠯᠣᠭᠣᠳᠣᠭᠤᠯᠬᠤ᠎ᠶ᠋ᠢ ᠪᠠᠷᠢᠮᠲᠠᠯᠠᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ ᠎ᠶ᠋ᠢ ᠠᠬᠢᠭᠤᠯᠬᠤ ᠶᠠᠪᠤᠴᠠ᠎ᠳᠤ ᠠᠵᠤ ᠠᠬᠤᠶ ᠎ᠶ᠋ᠢᠨ ᠨᠡᠮᠡᠭ᠌ᠳᠡᠯ᠎ᠢ ᠲᠠᠰᠤᠷᠠᠯᠲᠠ ᠤᠢ᠍ᠭᠡᠢ ᠠᠬᠢᠭᠤᠯᠤᠨ᠎ᠠ᠃ ᠵᠢᠮᠢᠰ᠎ᠦᠨ ᠦᠢᠯᠡᠰ᠂ ᠲᠠᠯᠬ᠎ᠠ᠎ᠶ᠋ᠢᠨ᠎ᠦᠢᠯᠡᠰ᠎ᠬᠣᠶᠠᠷ ᠣᠨᠴᠠᠯᠢᠭ᠍ᠲᠤ ᠠᠵᠤ ᠦᠢᠯᠡᠰ ᠎ᠦᠨ ᠲᠠᠯ᠎ᠠ᠎ᠪᠠᠷ ᠱᠢᠪᠲᠤᠯᠤᠯᠲᠠ᠎ᠲᠠᠶ ᠬᠥᠭ᠌ᠵᠢᠯᠲᠡ ᠎ᠶ᠋ᠢ ᠪᠡᠶᠡᠯᠡᠭᠦᠯᠵᠦ᠍᠂ ᠡᠯᠳᠡᠪ ᠠᠮᠤ ᠪᠤᠷᠴᠠᠭ ᠡᠳ᠋ᠱᠢᠭᠦᠯᠬᠦ᠌᠂ ᠮᠢᠬᠠᠨ ᠎ᠤ ᠦᠬᠡᠷ ᠲᠡᠵᠢᠭᠡᠨ ᠦᠷᠡᠵᠢᠭᠦᠯᠬᠦ᠌᠂ ᠭᠠᠷ ᠨᠡᠬᠡᠮᠡᠯ ᠵᠡᠷᠭᠡ ᠬᠦᠷᠢᠶ᠎ᠡ ᠬᠠᠱᠢᠶᠠᠨ ᠎ᠤ ᠠᠵᠤ ᠠᠬᠤᠢ ᠎ᠶ᠋ᠢᠨ ᠲᠠᠯ᠎ᠠ᠎ᠪᠠᠷ ᠬᠡᠪᠴᠢᠶᠡᠵᠢᠭ᠌ᠰᠡᠨ ᠦᠢᠯᠡᠳᠪᠦᠷᠢᠯᠡᠯ ᠎ᠢ ᠪᠦᠷᠢᠯᠳᠦᠭᠦᠯᠦᠨ᠎ᠡ᠃ ᠡᠭᠦᠨ᠎ᠦ ᠬᠠᠮᠲᠤ ᠥᠷᠭᠡᠨ ᠣᠯᠠᠨ ᠠᠵᠤ ᠦᠶ᠋ᠯᠡᠰ ᠎ᠦᠨ ᠳᠠᠭᠠᠭᠤᠯᠤᠭ᠍ᠴᠢ ᠪᠠ ᠠᠷᠠᠳ᠎ᠠᠴᠠ ᠡᠵᠡᠩᠨᠡᠭ᠌ᠰᠡᠨ ᠠᠵᠤ ᠠᠬᠤᠢᠯᠠᠯᠲᠠᠨ ᠎ᠤ ᠲᠣᠰ ᠪᠡᠶ᠎ᠡ ᠎ᠶ᠋ᠢᠨ ᠳᠠᠪᠠᠭᠤᠯᠢᠭ ᠲᠦ᠍ ᠰᠠᠭᠤᠷᠢᠯᠠᠵᠤ᠂ ᠪᠥᠬᠥ᠌ ᠪᠠᠯᠭᠠᠰᠤᠨ ᠎ᠤ ᠣᠯᠠᠨ ᠲᠦᠮᠡᠨ ᠎ᠢ ᠳᠠᠢᠴᠢᠯᠠᠨ ᠬᠠᠮᠲᠤ ᠎ᠪᠠᠷ ᠪᠠᠶᠠᠵᠢᠬᠤ ᠎ᠶ᠋ᠢ ᠢᠳᠡᠪᠬᠢᠲᠡᠶ ᠵᠣᠷᠢᠭ᠍ᠵᠢᠭᠤᠯᠤᠨ᠎ᠠ》 ᠭᠡᠵᠦ ᠪᠠᠢᠯ᠎ᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面