ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠨᠠᠮ᠎ᠤ᠋ᠨ ᠲᠥᠯᠥᠭᠡᠯᠡᠭᠴᠢ᠎ᠶ᠋ᠢᠨ ᠰᠤᠷᠪᠤᠯᠵᠢᠯᠠᠭ᠎ᠠ

2021-11-30 10:36:27

ᠵᠣᠬᠢᠶᠠᠭ᠍ᠴᠢ᠄ ​ᠳ᠋ᠠᠶ ᠬᠣᠩ ᠣᠩᠱᠢᠭ᠍ᠰᠠᠨ ᠣᠳᠠᠭ᠎ᠠ᠄ 3


QQ截图20211130103747.jpg


ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠦᠨ ᠤᠢ᠎ᠶ᠋ᠢᠨ ᠲᠠᠱᠢᠷᠠᠮ᠎ᠳᠤ᠂ ᠮᠠᠨ᠎ᠤ ᠤᠯᠤᠰ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠵᠢᠡᠨ ᠡᠬᠢᠯᠡᠬᠦᠯᠦᠭᠰᠡᠨ ᠴᠢᠬᠤᠯᠠ ᠴᠠᠭ ᠮᠥᠴᠡ᠎ᠳᠦ ᠬᠤᠷᠠᠯᠳᠤᠭ᠍ᠰᠠᠨ ᠨᠢᠭᠡ ᠤᠳᠠᠭ᠎ᠠ᠎ᠶ᠋ᠢᠨ ᠲᠤᠢᠯ᠎ᠤᠨ ᠴᠢᠬᠤᠯᠠ ᠶᠡᠬᠡ ᠬᠤᠷᠠᠯ ᠪᠣᠯᠤᠨ᠎ᠠ᠃

ᠾᠧ ᠬᠠᠢ ᠳ᠋ᠦᠩ ᠲᠥᠯᠥᠭᠡᠯᠡᠭ᠌ᠴᠢ᠂ ᠬᠥᠬᠡᠬᠣᠲᠠ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠤᠢ᠍ᠢᠯᠠᠭᠠᠭ᠍ᠰᠠᠨ ᠰᠠᠭᠤᠷᠢᠨ ᠳᠡᠭᠡᠷ᠎ᠡ᠂ ᠪᠦᠬᠦ᠌ ᠣᠷᠣᠨ᠂ ᠪᠦᠬᠦ᠌ ᠤᠯᠤᠰ᠎ᠤᠨ ᠬᠥᠭ᠌ᠵᠢᠯᠲᠡ᠎ᠶ᠋ᠢᠨ ᠶᠡᠬᠡ ᠲᠠᠯ᠎ᠠ᠎ᠳᠠᠬᠢ ᠣᠷᠣᠨ᠎ᠤ ᠲᠥᠪ᠎ᠦᠨ ᠪᠠᠢᠷᠢ ᠲᠣᠭ᠍ᠲᠠᠭᠠᠯᠲᠠ᠎ᠶ᠋ᠢ ᠤᠯᠠᠮ ᠴᠢᠨᠠᠭ᠍ᠰᠢᠳᠠ ᠡᠵᠡᠮᠳᠡᠨ᠎ᠡ᠃ ᠣᠷᠣᠨ ᠪᠦᠰᠡ᠎ᠶ᠋ᠢᠨ ᠬᠠᠮᠵᠢᠯᠴᠠᠭ᠎ᠠ᠎ᠶ᠋ᠢᠨ ᠲᠠᠯ᠎ᠠ᠎ᠪᠠᠷ᠂ 《ᠣᠷᠣᠨ᠎ᠤ ᠲᠥᠪ᠎ᠦᠨ ᠬᠣᠲᠠ᠎ᠶ᠋ᠢᠨ ᠲᠤᠭᠤᠷᠢᠬ》᠂ ᠬᠥᠬᠡᠬᠣᠲᠠ ᠪᠤᠭᠤᠲᠤ ᠣᠷᠳᠣᠰ ᠤᠯᠠᠭᠠᠨᠴᠠᠪ᠎ᠤᠨ《ᠨᠢᠭᠡ ᠴᠠᠭ᠎ᠤᠨ ᠬᠣᠲᠠ᠎ᠶ᠋ᠢᠨ ᠲᠤᠭᠤᠷᠢᠬ》᠂ ᠪᠡᠭᠡᠵᠢᠩ ᠲᠢᠶᠠᠨᠵᠢᠨ ᠾᠧᠪᠧᠶ᠎ᠶ᠋ᠢᠨ 《ᠬᠣᠶᠠᠷ ᠴᠠᠭ᠎ᠤᠨ ᠠᠵᠤ ᠠᠬᠤᠶ᠎ᠶ᠋ᠢᠨ ᠲᠤᠭᠤᠷᠢᠬ》᠂ ᠣᠷᠣᠰ ᠮᠣᠩᠭᠣᠯ ᠧᠦ᠋ᠷᠣᠫᠠ᠎ᠳᠤ ᠬᠠᠨᠳᠤᠭᠤᠯᠤᠭ᠍ᠰᠠᠨ《ᠭᠠᠳᠠᠭᠠᠳᠤ ᠨᠡᠭᠡᠭᠡᠯᠲᠡ᠎ᠶ᠋ᠢᠨ ᠲᠤᠭᠤᠷᠢᠬ》᠎ᠢ᠋ ᠲᠦᠷᠭᠡᠳᠭᠡᠨ ᠪᠠᠢᠭᠤᠯᠤᠨ᠎ᠠ; ᠳᠠᠢ᠌ᠴᠢᠯᠠᠨ ᠳᠠᠭᠠᠭᠤᠯᠬᠤ ᠲᠠᠯ᠎ᠠ᠎ᠪᠠᠷ᠂ ᠣᠷᠣᠨ ᠪᠦᠰᠡ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠂ ᠵᠠᠮ ᠬᠠᠷᠢᠯᠴᠠᠭ᠎ᠠ ᠪᠠᠷᠠᠭᠠᠨ᠎ᠤ ᠭᠦᠢᠯᠭᠡᠭᠡ ᠵᠢᠨ ᠲᠥᠪ᠂ ᠤᠳᠤ ᠦᠶ᠎ᠡ᠎ᠶ᠋ᠢᠨ ᠬᠡᠷᠡᠭ᠌ᠯᠡᠭᠡᠨ᠎ᠦ ᠲᠥᠪ᠂ ᠰᠡᠯᠡᠭᠦᠴᠡᠨ ᠠᠮᠠᠷᠠᠬᠤ ᠲᠥᠪ᠎ᠢ ᠪᠦᠬᠦ᠌ ᠬᠦᠴᠦᠨ᠎ᠢᠶᠡᠷ᠎ᠢᠶᠡᠨ ᠪᠠᠢᠭᠤᠯᠤᠨ᠎ᠠ ; ᠠᠵᠤ ᠦᠶ᠋ᠯᠡᠰ᠎ᠢ ᠲᠥᠯᠥᠪᠵᠢᠭᠦᠯᠬᠦ᠌ ᠲᠠᠯ᠎ᠠ᠎ᠪᠠᠷ᠂ ᠪᠣᠬᠢᠷᠲᠤᠯ ᠥᠬᠡᠶ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠡᠳ᠋ᠱᠢᠭᠦᠯᠬᠦ᠌᠂ ᠴᠡᠪᠡᠷ ᠡᠨᠧᠷᠭᠢ᠂ ᠣᠳᠣ ᠦᠶ᠎ᠠ ᠵᠢᠨ ᠠᠵᠤ ᠦᠶ᠋ᠯᠡᠳᠪᠦᠷᠢ᠂ ᠱᠢᠨ᠎ᠡ ᠮᠠᠲ᠋ᠧᠷᠢᠶᠠᠯ ᠪᠠ ᠣᠲᠣ ᠦᠶ᠎ᠡ᠎ᠶ᠋ᠢᠨ ᠮᠠᠰᠢᠨ ᠲᠤᠨᠤᠬᠯᠠᠯ ᠦᠶ᠋ᠯᠡᠳᠬᠦ᠌᠂ ᠠᠮᠢᠳᠤ ᠪᠣᠳᠠᠰ᠎ᠤᠨ ᠡᠮ ᠡᠮᠨᠡᠯᠭᠡ᠂ ᠡᠯᠧᠺᠲ᠋ᠷᠣᠨ ᠮᠡᠳᠡᠭᠡ ᠵᠠᠩᠭᠢ᠎ᠶ᠋ᠢᠨ ᠮᠡᠷᠭᠡᠵᠢᠯ ᠵᠡᠷᠭᠡ 《 ᠵᠢᠷᠭᠤᠭᠠᠨ ᠶᠡᠬᠡ ᠠᠵᠤ ᠦᠶ᠋ᠯᠡᠰ᠎ᠦᠨ ᠪᠦᠯᠦᠭ᠌ᠵᠢᠯ》 ᠎ᠢ᠋ ᠭᠤᠤᠯᠳᠠᠯᠭ᠎ᠠ᠎ᠲᠠᠶ ᠪᠣᠢᠵᠢᠭᠤᠯᠤᠨ᠎ᠠ; ᠠᠮᠢ ᠠᠬᠤᠢ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠲᠠᠯ᠎ᠠ᠎ᠪᠠᠷ᠂ 《 ᠠᠭᠤᠯᠠ ᠨᠢᠷᠤᠭᠤ ᠭᠤᠤᠯ ᠨᠠᠭᠤᠷ᠎ᠢ ᠵᠠᠰᠠᠬᠤ ᠭᠤᠷᠪᠠᠨ ᠶᠡᠬᠡ ᠠᠵᠢᠯᠯᠠᠭ᠎ᠠ》 ᠪᠣᠯᠤᠨ 《ᠬᠦᠬᠡ ᠣᠭ᠍ᠲᠠᠷᠭᠤᠢ ᠬᠥᠬᠡᠮᠳᠦᠭ ᠤᠰᠤ ᠴᠡᠪᠡᠷ ᠬᠥᠷᠥᠰᠥ᠎ᠶ᠋ᠢ ᠬᠠᠮᠠᠭᠠᠯᠠᠬᠤ ᠭᠤᠷᠪᠠᠨ ᠶᠡᠬᠡ ᠳᠠᠢᠯᠠᠯᠳᠤᠭᠠᠨ》 ᠎ᠢ᠋ ᠭᠣᠣᠯᠳᠠᠯᠭ᠎ᠠ᠎ᠲᠠᠶ ᠬᠡᠷᠡᠭ᠌ᠵᠢᠭᠦᠯᠦᠨ᠎ᠡ; ᠬᠤᠲᠠ ᠬᠥᠳᠡᠭᠡ᠎ᠶ᠋ᠢ ᠬᠦᠭᠵᠢᠬᠦᠯᠬᠦ ᠲᠠᠯ᠎ᠠ᠎ᠪᠠᠷ᠂ ᠣᠷᠣᠱᠢᠨ ᠰᠠᠭᠤᠷᠢᠰᠢᠬᠤ᠎ᠳᠤ ᠲᠣᠬᠢᠷᠠᠮᠵᠢᠲᠠᠢ᠂ ᠠᠵᠢᠯ ᠦᠢᠯᠡᠰ ᠡᠷᠬᠢᠯᠡᠬᠦ᠌᠎ᠳᠦ ᠲᠣᠬᠢᠷᠠᠮᠵᠢᠲᠠᠢ᠂ ᠰᠤᠷᠭᠠᠨ ᠬᠦᠮᠦᠵᠢᠯ᠎ᠬᠦᠷᠳᠡᠬᠦ ᠳ᠋ᠤ ᠲᠣᠬᠢᠷᠠᠮᠵᠢᠲᠠᠢ᠂ ᠨᠠᠰᠤᠵᠢᠯ᠎ᠤᠨ ᠠᠰᠠᠷᠠᠮᠵᠢ ᠳ᠋ᠤ ᠲᠣᠬᠢᠷᠠᠮᠵᠢᠲᠠᠢ᠂ ᠵᠢᠭᠤᠯᠴᠢᠯᠠᠬᠤ᠎ᠳᠤ ᠲᠣᠬᠢᠷᠠᠮᠵᠢᠲᠠᠢ ᠴᠢᠨᠠᠷ ᠰᠠᠢᠲᠠᠢ ᠬᠤᠲᠠ᠎ᠶ᠋ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠤᠨ᠎ᠠ᠃《ᠣᠷᠣᠨ᠎ᠤ ᠲᠥᠪ᠎ᠤ᠋ᠨ ᠤᠬᠠᠮᠰᠠᠷ》 ᠎ᠢ᠋ ᠪᠠᠲᠤ ᠪᠠᠬᠢ ᠪᠣᠶ ᠪᠣᠯᠭᠠᠵᠤ᠂ 《 ᠲᠡᠷᠢᠭᠦᠨ᠎ᠦ᠎ᠬᠢ᠎ᠪᠡᠷ ᠪᠠᠷᠢᠮᠵᠢᠶ᠎ᠠ ᠪᠣᠯᠭᠠᠵᠤ᠂ ᠲᠦᠷᠦᠬᠦᠨ ᠳ᠋ᠦ ᠤᠷᠤᠬᠤ ᠪᠡᠷ ᠬᠦᠴᠦᠯᠡᠨ ᠴᠢᠷᠮᠠᠢᠬᠤ᠂ ᠪᠥᠬᠥ᠌ ᠣᠷᠣᠨ᠎ᠢ ᠬᠥᠲᠥᠯᠥᠨ ᠳᠠᠭᠠᠭᠤᠯᠬᠤ》 ᠪᠠᠷ ᠬᠠᠷᠠᠯᠲᠠ ᠪᠣᠯᠭᠠᠵᠤ᠂ ᠣᠷᠣᠨ᠎ᠤ ᠲᠥᠪ ᠤ᠋ᠨ ᠴᠢᠳᠠᠮᠵᠢ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠬᠥᠭ᠌ᠵᠢᠯᠲᠡ᠎ᠶ᠋ᠢᠨ ᠣᠷᠴᠢᠨ ᠨᠦᠬᠦᠴᠡᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠴᠢᠨᠠᠷ ᠰᠠᠢᠲᠠᠶ ᠬᠥᠭ᠌ᠵᠢᠯᠲᠡ᠎ᠶ᠋ᠢ ᠤᠷᠢᠳ᠎ᠢᠶᠠᠷ ᠪᠡᠶᠡᠯᠡᠭᠦᠯᠵᠦ᠍᠂ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠦᠨᠡᠨ ᠬᠦ᠌ 《 ᠦᠵᠡᠰᠭᠦᠯᠡᠩᠲᠦ ᠰᠠᠢᠬᠠᠨ ᠬᠥᠬᠡᠬᠣᠲᠠ᠂ ᠲᠠᠯ᠎ᠠ ᠨᠤᠲᠤᠭ᠎ᠤᠨ ᠲᠣᠮᠣ ᠬᠣᠲᠠ》 ᠎ᠶ᠋ᠢ ᠪᠥᠲᠥᠭᠡᠨ ᠪᠠᠢᠭᠤᠯᠬᠤ ᠠᠮᠢᠳᠤᠯᠢᠭ ᠦᠶ᠋ᠯᠡᠳᠦᠯᠭᠡ ᠪᠣᠯᠭᠠᠨ ᠬᠤᠪᠢᠷᠠᠭᠤᠯᠤᠨ᠎ᠠ ᠬᠡᠵᠦ ᠪᠠᠢᠯ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面