ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠨᠠᠮ᠎ᠤ᠋ᠨ ᠲᠥᠯᠥᠭᠡᠯᠡᠭᠴᠢ᠎ᠶ᠋ᠢᠨ ᠰᠤᠷᠪᠤᠯᠵᠢᠯᠠᠭ᠎ᠠ

2021-11-29 12:47:39

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠱᠢᠯᠢ᠎ᠶ᠋ᠢᠨ ᠭᠣᠣᠯ ᠠᠢᠮᠠᠭ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠲᠥᠯᠥᠭᠡᠯᠡᠭ᠌ᠴᠢ ᠦᠨᠢᠷᠴᠡᠴᠡᠭ᠄《ᠦᠨᠳᠦᠰᠦᠨ ᠱᠠᠲᠤᠨ᠎ᠤ ᠲᠥᠯᠥᠭᠡᠯᠡᠭ᠌ᠴᠢ᠎ᠶ᠋ᠢᠨ ᠬᠤᠪᠢ᠎ᠪᠠᠷ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠳᠤ ᠣᠷᠣᠯᠴᠠᠭ᠍ᠰᠠᠨ᠎ᠳᠠᠭᠠᠨ ᠪᠢ ᠮᠠᠰᠢ ᠣᠮᠣᠭ᠍ᠰᠢᠵᠤ ᠪᠠᠢᠨ᠎ᠠ᠃ ᠶᠡᠬᠡ ᠬᠤᠷᠠᠯ᠎ᠤᠨ ᠢᠯᠡᠳᠭᠡᠯ᠎ᠳᠦ ᠥᠩᠭᠡᠷᠡᠭ᠌ᠰᠡᠨ ᠲᠠᠪᠤᠨ ᠵᠢᠯ᠎ᠳᠦ ᠣᠯᠤᠭ᠍ᠰᠠᠨ ᠠᠮᠵᠢᠯᠲᠠ ᠪᠦᠲᠦᠮᠵᠢ᠎ᠶ᠋ᠢ ᠪᠤᠰᠤᠳᠴᠢ᠎ᠪᠠᠷ ᠳ᠋ᠦᠩᠨᠡᠵᠦ᠂ ᠢᠷᠡᠬᠦ᠌ ᠲᠠᠪᠤᠨ ᠵᠢᠯ᠎ᠦᠨ ᠵᠢᠷᠤᠭ ᠲᠥᠯᠥᠪᠯᠡᠭᠡ᠎ᠶ᠋ᠢ ᠵᠢᠷᠤᠭ᠍ᠯᠠᠵᠤ᠂ ᠢᠯᠡᠳᠭᠡᠯ᠎ᠦᠨ ᠭᠣᠣᠯ ᠰᠡᠳᠦᠪ ᠢᠯᠡ ᠲᠣᠳᠣ᠂ ᠭᠣᠣᠯᠳᠠᠯᠭ᠎ᠠ ᠲᠤᠪᠤᠢ᠌ᠮ᠎ᠠ᠂ ᠠᠭᠤᠯᠭ᠎ᠠ ᠨᠠᠷᠢᠨ ᠪᠣᠳᠠᠲᠠᠢ ᠪᠠᠢᠵᠤ᠂ ᠬᠦᠮᠦᠰ᠎ᠤᠨ ᠰᠡᠳᠭᠢᠯ᠎ᠢ ᠵᠤᠷᠢᠭᠵᠢᠭᠤᠯᠤᠨ ᠬᠥᠭ᠌ᠵᠢᠭᠡᠪᠡ》 ᠭᠡᠵᠡᠢ᠃

ᠦᠨᠢᠷᠴᠡᠴᠡᠭ᠂ ᠢᠯᠡᠳᠭᠡᠯ᠎ᠳᠦ ᠳᠤᠷᠠᠳᠤᠭ᠍ᠰᠠᠨ《ᠨᠢᠳᠦᠨ ᠴᠡᠴᠡᠭᠡᠢ ᠪᠡᠨ ᠬᠠᠮᠠᠭᠠᠯᠠᠬᠤ ᠰᠢᠬ ᠠᠮᠢ ᠠᠬᠤᠶ ᠣᠷᠴᠢᠨ ᠠᠬᠤᠶ᠎ᠶ᠋ᠢ ᠬᠠᠮᠠᠭᠠᠯᠠᠬᠤ》 ᠵᠡᠷᠭᠡ ᠠᠭᠤᠯᠭ᠎ᠠ ᠨᠢ ᠴᠥᠮ ᠥᠷᠭᠡᠨ ᠣᠯᠠᠨ ᠮᠠᠯᠴᠢᠳ᠎ᠤᠨ ᠦᠶ᠋ᠯᠡᠳᠪᠦᠷᠢᠯᠡᠯ ᠠᠮᠢᠳᠤᠷᠠᠯ᠎ᠲᠠᠶ ᠨᠢᠭ᠍ᠲᠠ ᠬᠣᠯᠪᠣᠭ᠎ᠠ᠎ᠲᠠᠶ ᠶᠤᠮ᠃ ᠪᠢ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ᠎ᠪᠠᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠲᠠᠶ ᠨᠢᠭᠡᠳᠭᠡᠵᠦ᠍ ᠂ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠮᠠᠯᠵᠢᠬᠤ ᠲᠠᠷᠢᠶᠠᠯᠠᠬᠤ ᠣᠷᠣᠨ᠎ᠳᠠᠭᠠᠨ ᠳᠡᠮᠵᠢᠭᠤᠯᠵᠦ᠂ ᠨᠤᠲᠤᠭ ᠪᠡᠯᠴᠢᠭᠡᠷ᠎ᠦᠨ ᠠᠮᠢ ᠠᠬᠤᠢ᠎ᠶ᠋ᠢ ᠬᠠᠮᠠᠭᠠᠯᠠᠬᠤ ᠪᠠ ᠮᠠᠯᠴᠢᠳ᠎ᠤᠨ ᠣᠷᠣᠯᠭ᠎ᠠ᠎ᠶ᠋ᠢᠨ ᠨᠡᠮᠡᠭ᠌ᠳᠡᠯ᠎ᠢ ᠠᠬᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠪᠣᠳᠠᠲᠤ ᠠᠵᠢᠯᠯᠠᠭ᠎ᠠ᠎ᠪᠠᠷ᠎ᠢᠶᠠᠨ ᠡᠬᠡᠯ ᠵᠢᠷ᠎ᠦᠨ ᠠᠵᠢᠯ᠎ᠤᠨ ᠪᠠᠢᠷᠢ ᠳᠡᠭᠡᠷ᠎ᠡ ᠬᠡᠷᠡᠯ ᠭᠢᠯᠪᠠᠭ᠎ᠠ᠎ᠪᠠᠨ ᠰᠠᠴᠤᠷᠠᠭᠤᠯᠤᠨ᠎ᠠ ᠭᠡᠵᠤ ᠢᠯᠡᠳᠭᠡᠪᠡ᠃


微信图片_20211129125116.jpg

ᠱᠢᠯᠢ᠎ᠶ᠋ᠢᠨ ᠭᠣᠣᠯ ᠠᠢᠮᠠᠭ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠠᠷᠠᠳ᠎ᠤᠨ

ᠲᠦᠯᠦᠬᠡᠯᠡᠭᠴᠢ ᠥᠨᠢᠷᠴᠡᠴᠡᠭ (ᠰᠤᠷᠪᠤᠯᠵᠢᠯᠠᠭᠴᠢ ᠮᠡᠷᠭᠡᠨᠪᠢᠯᠢᠭ ᠰᠡᠬᠦᠳᠡᠷᠯᠡᠪᠡ)

ᠢᠷᠡᠯᠳᠡ᠄ ᠲᠠᠯ᠎ᠠ ᠨᠤᠳᠤᠭ ᠰᠢᠯᠵᠢᠶ᠎ᠠ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面