2021-11-30 09:45:26
ᠽᠠᠩ ᠵᠸ᠋ ᠴᠢᠶᠠᠩ᠄ ᠵᠢᠭᠤᠯᠴᠢᠯᠠᠯ ᠤᠨ ᠡᠬᠢ ᠪᠠᠶᠠᠯᠢᠭ ᠡᠯᠪᠡᠭ ᠳᠡᠯᠪᠡᠭ ᠪᠠᠢᠬᠤ ᠳᠠᠪᠠᠭᠤᠯᠢᠭ ᠵᠢᠡᠨ ᠪᠠᠳᠠᠷᠠᠭᠤᠯᠵᠤ᠂ ᠪᠥᠬᠥ᠌ ᠣᠷᠣᠨ ᠪᠦᠰᠡᠶ᠋ᠢᠨ ᠵᠢᠭᠤᠯᠴᠢᠯᠠᠯ ᠤᠨ ᠵᠢᠱ᠌ᠢᠶᠡ ᠦᠵᠡᠭᠦᠯᠬᠦ᠌ ᠣᠷᠣᠨ ᠢ ᠡᠭᠦᠳᠦᠨ ᠪᠠᠢᠭᠤᠯᠵᠤ᠂ ᠵᠢᠭᠤᠯᠴᠢᠯᠠᠯ ᠤᠨ ᠠᠵᠤ ᠦᠶ᠋ᠯᠡᠰ ᠦᠨ ᠶᠡᠬᠡ ᠡᠴᠡ ᠬᠦᠴᠦᠷᠬᠡᠭ ᠳᠠᠢᠰᠢ ᠬᠤᠪᠢᠷᠠᠬᠤᠶ᠋ᠢ ᠠᠬᠢᠭᠤᠯᠤᠨᠠ᠃ ᠭᠦᠨ ᠵᠤᠵᠠᠭᠠᠨ ᠲᠡᠦᠬᠡ ᠰᠣᠶᠣᠯ ᠤᠨ ᠡᠬᠢ ᠪᠠᠶᠠᠯᠢᠭ ᠢ ᠭᠦᠨᠵᠡᠭᠡᠶ ᠠᠭᠤᠳᠠᠯᠵᠤ᠂ ᠬᠠᠮᠠᠭᠠᠯᠠᠭ᠍ᠰᠠᠨ ᠰᠠᠭᠤᠷᠢᠨ ᠳᠡᠭᠡᠷᠡ ᠨᠡᠭᠡᠭᠡᠨ ᠠᠱᠢᠭ᠍ᠯᠠᠬᠤ ᠠᠵᠢᠯ ᠢ ᠰᠠᠢ᠍ᠢᠲᠤᠷ ᠬᠢᠨᠡ᠃ ᠨᠠᠮ ᠤᠨ ᠲᠥᠯᠥᠭᠡᠯᠡᠭ᠌ᠴᠢᠳᠦᠨ ᠶᠡᠬᠡ ᠬᠤᠷᠠᠯ ᠤᠨ ᠵᠣᠷᠢᠭ ᠰᠠᠨᠠᠭᠠᠶ᠋ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠠᠯᠠ ᠪᠠᠷ ᠡᠭᠦᠷᠭᠡ ᠬᠠᠷᠢᠭᠤᠴᠠᠯᠭᠠᠪᠠᠨ ᠰᠠᠢᠲᠤᠷ ᠭᠦᠢᠴᠡᠳᠭᠡᠵᠦ᠍᠂ ᠨᠠᠮ ᠤᠨ ᠲᠥᠯᠥᠭᠡᠯᠡᠭ᠌ᠴᠢ ᠶ᠋ᠢᠨ ᠦᠨᠳᠦᠰᠦᠨ ᠱᠠᠲᠤᠨᠤ ᠨᠠᠮᠤᠨ ᠡᠭᠦᠷᠲᠡᠶ ᠬᠠᠷᠢᠯᠴᠠᠬᠤ ᠲᠣᠭ᠍ᠲᠠᠴᠠ ᠶ᠋ᠢ ᠪᠠᠢᠭᠤᠯᠵᠤ᠂ ᠨᠠᠮᠤᠨ ᠲᠥᠯᠥᠭᠡᠯᠡᠭ᠌ᠴᠢᠳ ᠦᠨ ᠶᠡᠬᠡ ᠬᠤᠷᠠᠯ ᠤᠨ ᠵᠣᠷᠢᠭ ᠰᠠᠨᠠᠭᠠ ᠶ᠋ᠢ ᠦᠨᠳᠦᠰᠦᠨ ᠱᠠᠲᠤᠨ ᠳᠤ ᠨᠠᠢᠳᠠᠪᠤᠷᠢᠵᠢᠭᠤᠯᠬᠤ ᠶ᠋ᠢ ᠠᠬᠢᠭᠤᠯᠤᠨᠠ᠃
ᠵᠠᠩ ᠹᠦ᠋ ᠱᠠᠨ᠄ ᠦᠨᠳᠦᠰᠦᠨ ᠱᠠᠲᠤᠨ ᠤ ᠨᠠᠮ ᠤᠨ ᠲᠥᠯᠥᠭᠡᠯᠡᠭ᠌ᠴᠢ ᠪᠣᠯᠤᠭ᠍ᠰᠠᠨ ᠤ ᠬᠤᠪᠢᠳᠤ᠂ ᠱᠢᠶᠠᠩ ᠪᠠᠯᠭᠠᠰᠤᠨᠤ ᠠᠵᠢᠯ ᠤᠨ ᠪᠣᠳᠠᠲᠠᠢᠲᠠᠶ ᠪᠠᠨ ᠤᠶᠠᠯᠳᠤᠭᠤᠯᠵᠤ᠂ ᠪᠣᠬᠢᠷᠲᠤᠯ ᠦᠭᠡᠢ ᠠᠵᠤ ᠦᠢᠯᠡᠰ ᠦᠨ ᠬᠥᠭ᠌ᠵᠢᠯᠲᠡᠶ᠋ᠢ ᠰᠠᠢᠲᠤᠷ ᠠᠳᠭᠤᠵᠤ᠂ ᠦᠨᠳᠦᠰᠦᠨ ᠱᠠᠲᠤᠨᠤ ᠨᠠᠮᠤᠨ ᠵᠣᠬᠢᠶᠠᠨ ᠪᠠᠢᠭᠤᠯᠤᠯᠲᠠ ᠶ᠋ᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠶᠠᠳᠠᠭᠤᠠᠴᠠᠠᠩᠭᠢᠵᠢᠷᠠᠭᠤᠯᠬᠤᠪᠣᠭᠣᠮᠲᠠ ᠱᠢᠪᠲᠤᠯᠤᠭᠰᠠᠨ ᠦᠷᠡ ᠪᠦᠲᠦᠭᠡᠯᠢ ᠪᠡᠬᠢᠵᠢᠭᠦᠯᠵᠦ᠍᠂ ᠬᠠᠮᠲᠤᠶ᠋ᠢᠨ ᠠᠵᠤ ᠠᠬᠤᠢᠶ᠋ᠢ ᠪᠤᠵᠠᠭᠠᠢᠷᠠᠭᠤᠯᠵᠤ᠂ ᠳᠤᠮᠳᠠᠳᠤᠶ᠋ᠢᠨ ᠦᠨᠳᠦᠰᠦᠲᠡᠨᠦ ᠬᠠᠮᠲᠤᠶ᠋ᠢᠨ ᠴᠣᠭ᠍ᠴᠠᠶ᠋ᠢᠨ ᠤᠬᠠᠮᠰᠠᠷ ᠢ ᠪᠠᠲᠤ ᠴᠤᠬᠴᠠᠯᠠᠬᠤ ᠪᠠᠷ ᠭᠣᠣᠯ ᠰᠢᠵᠢᠮ ᠪᠣᠯᠭᠠᠨ ᠡᠯᠡ ᠵᠦᠢᠯᠦᠨ ᠠᠵᠢᠯᠢ ᠰᠠᠢᠲᠤᠷ ᠠᠳᠭᠤᠵᠤ᠂ ᠪᠣᠳᠠᠲᠤ ᠠᠵᠢᠯᠯᠠᠭᠠ ᠪᠠᠷ ᠢᠶᠠᠨ ᠦᠵᠡᠰᠭᠦᠯᠡᠩᠲᠦ ᠰᠠᠢᠬᠠᠨ ᠥᠪᠥᠷ ᠮᠣᠩᠭᠣᠯᠢ ᠪᠦᠳᠦᠭᠡᠨ ᠪᠠᠢᠭᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠡᠨ ᠦᠵᠡᠭᠦᠯᠦᠨᠡ᠃
ᠨᠢᠦ ᠴᠢᠩ ᠴᠦᠨ᠄《ᠬᠠᠷᠢᠭᠤᠴᠠᠯᠭᠠ ᠪᠣᠯ ᠳᠠᠷᠤᠢ ᠶᠡᠬᠡ ᠲᠠᠯᠠ᠂ ᠡᠭᠦᠷᠭᠡ ᠪᠣᠯ ᠳᠠᠷᠤᠢ ᠬᠥᠳᠡᠯᠭᠡᠬᠦ᠌ ᠬᠦᠴᠦᠨ ᠮᠥᠨ》 ᠭᠡᠰᠡᠨ ᠨᠠᠨᠳᠢᠨ ᠨᠠᠢᠳᠠᠯᠭᠠ ᠶ᠋ᠢ ᠪᠠᠲᠤ ᠴᠡᠭᠡᠵᠢᠯᠡᠵᠦ᠍᠂ ᠨᠠᠩ ᠬᠦᠴᠦᠲᠡᠶ ᠪᠦᠲᠦᠮᠵᠢᠲᠡᠶ ᠠᠷᠭᠠ ᠬᠡᠮᠵᠢᠶᠡ ᠠᠪᠴᠤ᠌ ᠪᠠᠢᠭᠠᠳ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ᠍ ᠶ᠋ᠢᠨ ᠦᠶ᠋ᠯᠡᠰᠦᠨ ᠴᠢᠨᠠᠷ ᠰᠠᠢᠲᠠᠶ ᠬᠥᠭ᠌ᠵᠢᠯᠲᠡ ᠶ᠋ᠢ ᠠᠬᠢᠭᠤᠯᠵᠤ᠂ ᠠᠷᠠᠳ ᠣᠯᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ᠍ ᠶ᠋ᠢᠨ ᠬᠡᠷᠡᠭ᠌ᠴᠡᠭᠡ ᠶ᠋ᠢ ᠨᠠᠩ ᠰᠠᠢᠲᠤᠷ ᠬᠠᠩᠭᠠᠨᠠ᠃
ᠳ᠋ᠤᠸᠠᠨ ᠷᠦᠢ ᠬᠤᠢ᠄ ᠤᠰᠤᠨ ᠠᠱᠢᠭ᠍ᠯᠠᠯᠲᠠ ᠶ᠋ᠢᠨ ᠱᠢᠰᠲ᠋ᠧᠮᠦᠨ ᠨᠠᠮᠤᠨ ᠲᠥᠯᠥᠭᠡᠯᠡᠭ᠌ᠴᠢ ᠪᠣᠯᠤᠭ᠍ᠰᠠᠨ ᠤ ᠬᠤᠪᠢ ᠳᠤ᠂ ᠨᠠᠮ ᠤᠨ ᠲᠥᠯᠥᠭᠡᠯᠡᠭ᠌ᠴᠢᠳ ᠦᠨ ᠶᠡᠬᠡ ᠬᠤᠷᠠᠯ ᠤᠨ ᠵᠣᠷᠢᠭ ᠰᠠᠨᠠᠭᠠ ᠶ᠋ᠢ ᠰᠤᠷᠤᠯᠴᠠᠨ ᠣᠢᠯᠠᠭᠠᠬᠤ ᠳᠡᠭᠡᠷᠡ ᠬᠦᠴᠦ᠍ ᠲᠠᠯᠪᠢᠵᠤ᠂ ᠡᠭᠦᠷᠭᠡ ᠬᠠᠷᠢᠭᠤᠴᠠᠯᠭᠠ ᠪᠠᠨ ᠭᠦᠢᠴᠡᠳᠭᠡᠬᠦ᠌ ᠲᠠᠯᠠ ᠪᠠᠷ ᠪᠣᠳᠠᠲᠤ ᠦᠷᠡ ᠪᠦᠲᠦᠮᠵᠢ ᠭᠠᠷᠭᠠᠵᠤ᠂ ᠣᠨᠴᠠᠭᠠᠢᠯᠠᠨ ᠢᠯᠡᠳᠭᠡᠯᠳᠡᠬᠢ ᠤᠰᠤᠨ ᠤ ᠡᠬᠢ ᠪᠠᠶᠠᠯᠢᠬ ᠢ ᠠᠱᠢᠭ᠍ᠯᠠᠬᠤ ᠪᠠ ᠭᠣᠣᠯ ᠮᠥᠷᠡᠨ ᠨᠠᠭᠤᠷ ᠴᠥᠭᠥᠷᠥᠮ ᠢ ᠬᠠᠮᠢᠶᠠᠷᠤᠨ ᠬᠠᠮᠠᠭᠠᠯᠠᠬᠤ ᠵᠡᠷᠭᠡ ᠱᠠᠭᠠᠷᠳᠠᠯᠭᠠ ᠶ᠋ᠢ ᠨᠠᠷᠢᠨ ᠬᠢᠨᠠᠮᠠᠭᠠᠢ ᠰᠠᠢᠲᠤᠷ ᠨᠠᠢᠳᠠᠪᠤᠷᠢᠵᠢᠭᠤᠯᠵᠤ᠂ ᠤᠰᠤᠨᠤ ᠡᠬᠢ ᠪᠠᠶᠠᠯᠢᠭᠤᠨ ᠬᠠᠲᠠᠭᠤ ᠬᠢᠵᠠᠭᠠᠷᠯᠠᠯᠤᠨ ᠳᠦᠷᠢᠮᠦᠨ ᠦᠢᠯᠡᠳᠦᠯ ᠴᠢᠳᠠᠪᠤᠷᠢᠶ᠋ᠢ ᠭᠦᠢᠴᠡᠳ ᠪᠠᠳᠠᠷᠠᠭᠤᠯᠵᠤ᠂ ᠤᠰᠤᠨᠤ ᠠᠮᠤᠷ ᠲᠦᠪᠱᠢᠨ᠂ ᠤᠰᠤᠨ ᠤ ᠠᠮᠢ ᠠᠬᠤᠢ ᠶ᠋ᠢ ᠵᠠᠰᠠᠬᠤ ᠴᠢᠳᠠᠪᠤᠷᠢ ᠶ᠋ᠢ ᠪᠦᠬᠦ᠌ ᠲᠠᠯᠠ ᠪᠠᠷ ᠳᠡᠭᠡᠭ᠌ᠰᠢᠯᠡᠭᠦᠯᠵᠦ᠍᠂ ᠲᠤᠰᠭᠠᠢᠵᠢᠭ᠍ᠰᠠᠨ ᠬᠠᠮᠢᠶᠠᠷᠤᠯᠲᠠ ᠶ᠋ᠢᠨ ᠲᠦᠪᠱᠢᠨᠢ ᠦᠨᠡᠨ ᠬᠦ᠌ ᠳᠡᠭᠡᠭ᠌ᠰᠢᠯᠡᠭᠦᠯᠦᠨᠡ᠃
ᠲᠠᠨ ᠬᠤᠸᠠ᠄ ᠠᠷᠠᠳᠤᠨ ᠠᠮᠢᠳᠤᠷᠠᠯ ᠤᠨ ᠠᠵᠠ ᠵᠢᠷᠭᠠᠯ ᠢ ᠨᠡᠮᠡᠭ᠌ᠳᠡᠭᠦᠯᠬᠦ᠌ ᠪᠡᠷ ᠬᠦᠳᠤᠯᠤᠮᠵᠢ ᠪᠤᠯᠭᠠᠵᠤ᠂ ᠶᠠᠳᠠᠭᠤᠠᠴᠠ ᠠᠩᠭᠢᠵᠢᠷᠠᠭᠤᠯᠬᠤ ᠪᠣᠭᠣᠮᠲᠠ ᠱᠢᠪᠲᠤᠯᠬᠤ ᠦᠷᠡ ᠪᠦᠲᠦᠭᠡᠯᠢ ᠦᠷᠭᠦᠯᠵᠢᠯᠡᠨ ᠪᠡᠬᠢᠵᠢᠭᠦᠯᠦᠨ ᠥᠷᠭᠡᠳᠭᠡᠵᠦ᠍᠂ ᠪᠡᠭᠡᠵᠢᠩ ᠥᠪᠥᠷ ᠮᠣᠩᠭᠣᠯ ᠤᠨ ᠬᠠᠮᠵᠢᠯᠴᠠᠭᠠ ᠶ᠋ᠢ ᠭᠦᠨᠵᠡᠭᠡᠢᠷᠡᠭᠦᠯᠵᠦ᠍᠂ ᠬᠥᠳᠡᠭᠡ ᠲᠣᠰᠭᠣᠨ ᠢ ᠬᠥᠭ᠌ᠵᠢᠭᠦᠯᠦᠨ ᠮᠠᠨᠳᠤᠭᠤᠯᠬᠤ ᠶ᠋ᠢ ᠪᠦᠬᠦ᠌ ᠲᠠᠯᠠ ᠪᠠᠷ ᠠᠬᠢᠭᠤᠯᠵᠤ᠂ ᠰᠠᠭᠤᠭᠠᠯᠢ ᠠᠷᠠᠳᠤᠨ ᠣᠷᠣᠯᠭᠠ ᠶ᠋ᠢ ᠦᠷᠭᠦᠯᠵᠢᠯᠡᠨ ᠨᠡᠢᠳᠡᠮ ᠨᠡᠮᠡᠭ᠌ᠳᠡᠭᠦᠯᠬᠦ᠌ ᠲᠣᠭ᠍ᠲᠠᠴᠠᠶ᠋ᠢ ᠪᠠᠢᠭᠤᠯᠵᠤ᠂ ᠤᠯᠠᠨ ᠲᠦᠮᠡᠨᠦ ᠠᠩᠬᠠᠷᠴᠤ᠌ ᠬᠠᠯᠠᠮᠵᠢᠯᠠᠵᠤ ᠪᠠᠢᠭᠠ ᠳᠤᠪᠤᠢ᠌ᠮᠠ ᠠᠰᠠᠭᠤᠳᠠᠯ ᠢ ᠱᠢᠢᠳᠪᠦᠷᠢᠯᠡᠵᠦ᠍᠂ ᠬᠤᠳᠠ ᠬᠥᠳᠡᠭᠡ ᠶ᠋ᠢᠨ ᠤᠯᠠᠨ ᠨᠡᠢᠲᠡ ᠶ᠋ᠢᠨ ᠦᠢᠯᠡᠴᠢᠯᠡᠭᠡᠨ ᠦ ᠶᠠᠰᠤ ᠴᠢᠨᠠᠷ ᠢ ᠲᠡᠬᠡᠭᠰᠢᠯᠡᠬᠦᠯᠤᠨᠠ᠃
ᠵᠢᠨ ᠶᠦᠩ ᠯᠢ᠄ ᠨᠠᠮ ᠤᠨ ᠲᠥᠯᠥᠭᠡᠯᠡᠭ᠌ᠴᠢᠳ ᠦᠨ ᠶᠡᠬᠡ ᠬᠤᠷᠠᠯ ᠤᠨ ᠵᠣᠷᠢᠭ ᠰᠠᠨᠠᠭᠠ ᠶ᠋ᠢ ᠭᠦᠨᠵᠡᠭᠡᠶ ᠰᠤᠷᠤᠯᠴᠠᠨ ᠤᠬᠠᠭᠤᠯᠤᠨ ᠲᠤᠭᠤᠰᠢᠯᠠᠭᠤᠯᠵᠤ᠂ ᠲᠦᠷᠦᠯ ᠵᠦᠢᠯ ᠦᠨ ᠪᠦᠳᠦᠬᠡᠨ ᠪᠠᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ᠂ ᠮᠠᠯᠤᠨ ᠠᠱᠢᠭ ᠱᠢᠮᠡ ᠲᠠᠷᠢᠶᠠᠯᠠᠩᠤᠨ ᠪᠦᠲᠦᠭᠡᠭ᠌ᠳᠡᠬᠦᠨ ᠢ ᠦᠢᠯᠡᠳᠪᠦᠷᠢᠯᠡᠵᠦ᠍ ᠡᠳ᠋ᠱᠢᠭᠦᠯᠬᠦ᠌ ᠵᠡᠷᠭᠡ ᠲᠠᠯᠠ ᠪᠠᠷ ᠬᠢ ᠠᠬᠢᠴᠠᠪᠠᠨ ᠲᠦᠷᠭᠡᠳᠭᠡᠵᠦ᠍᠂ ᠡᠷᠴᠢᠮ ᠢᠶᠡᠨ ᠴᠢᠩᠭᠠᠷᠠᠭᠤᠯᠵᠤ᠂ ᠤᠶᠤᠨᠲᠤ ᠬᠤᠳᠠ ᠶ᠋ᠢᠨ ᠪᠦᠳᠦᠬᠡᠨ ᠪᠠᠢᠭᠤᠯᠤᠯᠲᠠᠶ᠋ᠢ ᠠᠬᠢᠭᠤᠯᠵᠤ᠂ ᠬᠤᠳᠠᠶ᠋ᠢᠨ ᠠᠮᠢᠳᠤᠷᠠᠯᠤᠨ ᠴᠢᠨᠠᠷ ᠴᠢᠨᠰᠠᠭᠠ ᠶ᠋ᠢ ᠳᠡᠭᠡᠭ᠌ᠰᠢᠯᠡᠭᠦᠯᠵᠦ᠍᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠢᠭᠤᠯᠤᠯᠲᠠᠶ᠋ᠢᠨ ᠴᠣᠭ᠍ᠴᠠᠯᠠᠯᠲᠠᠶ᠋ᠢ ᠴᠢᠩᠭᠠᠳᠭᠠᠵᠤ᠂ ᠦᠨᠳᠦᠰᠦᠨ ᠱᠠᠲᠤᠨ ᠤ ᠵᠠᠰᠠᠯᠲᠠᠶ᠋ᠢᠨ ᠴᠢᠳᠠᠪᠤᠷᠢ ᠪᠣᠯᠤᠨ ᠵᠠᠰᠠᠯᠲᠠ ᠶ᠋ᠢᠨ ᠲᠦᠪᠱᠢᠨᠢ ᠳᠡᠭᠡᠭ᠌ᠰᠢᠯᠡᠭᠦᠯᠵᠦ᠍᠂ ᠴᠤᠭ ᠪᠠᠳᠠᠷᠠᠩᠭᠤᠢ ᠲᠡᠮᠡᠴᠡᠯᠦᠨ ᠳᠦᠷᠰᠦ ᠪᠠᠢᠳᠠᠯ ᠢᠶᠠᠷ ᠡᠨᠡ ᠵᠢᠯ ᠦᠨ ᠠᠵᠢᠯ ᠵᠢᠡᠨ ᠰᠠᠢᠲᠤᠷ ᠠᠳᠭᠤᠵᠤ᠂ ᠢᠷᠡᠬᠦ᠌ ᠵᠢᠯ ᠦᠨ ᠠᠵᠢᠯ ᠵᠢᠡᠨ ᠰᠠᠢ᠌ᠨ ᠡᠬᠢᠯᠡᠯᠲᠡᠲᠡᠶ ᠪᠤᠯᠭᠠᠨᠠ᠃
ᠸᠸᠨ ᠴᠤᠸᠠᠩ ᠄ ᠠᠷᠠᠳ ᠢᠷᠭᠡᠳ ᠦᠨ ᠣᠷᠣᠯᠭᠠ ᠶ᠋ᠢ ᠨᠡᠮᠡᠭ᠌ᠳᠡᠭᠦᠯᠬᠦ᠌ ᠶ᠋ᠢ ᠠᠳᠭᠤᠵᠤ᠂ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠤ ᠡᠷᠴᠢᠮ ᠵᠢᠡᠨ ᠴᠢᠩᠭᠠᠷᠠᠭᠤᠯᠤᠨ᠂ ᠲᠡᠵᠢᠭᠡᠨ ᠦᠷᠡᠵᠢᠭᠦᠯᠬᠦ᠌ ᠲᠣᠮᠣ ᠡᠷᠦᠬᠡ ᠶ᠋ᠢ ᠬᠥᠲᠥᠯᠦᠨ ᠵᠢᠯᠣᠭᠣᠳᠴᠤ᠌ ᠲᠡᠳᠬᠦᠨ ᠳᠡᠮᠵᠢᠵᠦ᠍᠂ ᠲᠠᠷᠢᠶᠠᠴᠢᠳ ᠤᠨ ᠣᠷᠣᠯᠭᠠ ᠶ᠋ᠢ ᠨᠡᠮᠡᠭ᠌ᠳᠡᠭᠦᠯᠬᠦ᠌ ᠶ᠋ᠢ ᠳᠠᠢᠴᠢᠯᠠᠨ᠂ 《ᠠᠷᠠᠳ ᠢ ᠪᠠᠶᠠᠵᠢᠭᠤᠯᠵᠤ ᠪᠠᠯᠭᠠᠰᠤ ᠶ᠋ᠢ ᠬᠦᠴᠦᠷᠬᠡᠭ᠌ᠵᠢᠭᠦᠯᠬᠦ᠌》 ᠠᠵᠢᠯ ᠢ ᠰᠠᠢᠲᠤᠷ ᠬᠢᠨᠠ᠃
( ᠲᠤᠰ ᠰᠤᠨᠢᠨᠤ ᠰᠤᠷᠪᠤᠯᠵᠢᠯᠠᠭ᠍ᠴᠢ ᠬᠠᠨ ᠱᠢᠤᠸᠠᠢ ᠷᠦ᠋ ᠡᠮᠬᠢᠯᠡᠪᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨᠠ
ᠣᠷᠴᠢᠭᠤᠯᠤᠭ᠍ᠴᠢ᠄




ᠰᠢᠭᠦᠮᠵᠢ ᠠᠯᠠᠭᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃