ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠨᠠᠮ᠎ᠤ᠋ᠨ ᠲᠥᠯᠥᠭᠡᠯᠡᠭᠴᠢ᠎ᠶ᠋ᠢᠨ ᠰᠤᠷᠪᠤᠯᠵᠢᠯᠠᠭ᠎ᠠ

2021-11-30 09:31:40

ᠵᠣᠬᠢᠶᠠᠭ᠍ᠴᠢ᠄ ​ᠬᠠᠨ ᠱᠢᠤᠸᠠᠢ ᠷᠦ᠋ ᠣᠩᠱᠢᠭ᠍ᠰᠠᠨ ᠣᠳᠠᠭ᠎ᠠ᠄ 3



QQ截图20211130093402.jpg


ᠥᠪᠥᠷ ᠮᠣᠩᠭᠣᠯ ᠪᠣᠯ ᠮᠠᠨ᠎ᠤ ᠤᠯᠤᠰ ᠎ᠤᠨ ᠬᠠᠮᠤᠭ ᠎ᠤᠨ ᠡᠷᠲᠡ ᠪᠠᠢᠭᠤᠯᠤᠭ᠍ᠳᠠᠭ᠍ᠰᠠᠨ ᠦᠨᠳᠦᠰᠦᠲᠡᠨ ᠎ᠦ ᠥᠪᠡᠷᠲᠡᠭᠡᠨ ᠵᠠᠰᠠᠬᠤ ᠣᠷᠣᠨ ᠮᠥᠨ᠂ ᠦᠨᠳᠦᠰᠦᠲᠡᠨ ᠎ᠦ ᠪᠦᠯᠬᠦᠮᠳᠡᠯ ᠎ᠢ ᠠᠬᠢᠭᠤᠯᠬᠤ ᠲᠠᠯ᠎ᠠ᠎ᠪᠠᠷ ᠢᠷᠠᠭᠤ ᠠᠯᠳᠠᠷᠲᠤ ᠤᠯᠠᠮᠵᠢᠯᠠᠯ᠎ᠲᠠᠶ᠂ ᠣᠷᠳᠣ ᠬᠤᠭᠤᠴᠠᠭᠠᠨ ᠎ᠤ ᠲᠤᠷᠰᠢ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠎ᠤ᠋ ᠡᠷᠬᠢᠮ ᠳᠡᠭᠡᠳᠦ ᠢᠷᠠᠭᠤ ᠠᠯᠳᠠᠷ᠎ᠲᠠᠶ ᠶᠤᠮ᠃

ᠤᠷᠳᠤᠰ ᠬᠤᠳᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠸᠠᠩ ᠵᠢᠶᠠᠨ ᠲᠥᠯᠥᠭᠡᠯᠡᠭ᠌ᠴᠢ ᠬᠠᠷᠢᠭᠤᠴᠠᠯᠭ᠎ᠠ ᠬᠦᠨᠳᠦ ᠭᠡᠳᠡᠭ ᠎ᠢᠶᠡᠨ ᠭᠦᠨ ᠣᠢᠯᠠᠭᠠᠨ᠎ᠠ᠃ ᠲᠡᠷᠡ᠄ 《ᠬᠤᠢᠰᠢᠲᠠ ᠳᠤᠮᠳᠠᠳᠤ ᠎ᠶ᠋ᠢᠨ ᠦᠨᠳᠦᠰᠦᠲᠡᠨ ᠎ᠦ ᠬᠠᠮᠲᠤ ᠎ᠶ᠋ᠢᠨ ᠴᠣᠭ᠍ᠴᠠ ᠎ᠶ᠋ᠢᠨ ᠤᠬᠠᠮᠰᠠᠷ ᠎ᠢ ᠪᠠᠲᠤ ᠴᠣᠭ᠍ᠴᠠᠯᠠᠬᠤ ᠡᠨᠡ ᠬᠦ᠌ ᠭᠣᠣᠯ ᠰᠢᠵᠢᠮ᠎ᠲᠡᠶ ᠨᠢᠭ᠍ᠲᠠ ᠤᠶᠠᠯᠳᠤᠭᠤᠯᠤᠨ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ ᠎ᠦ ᠠᠵᠢᠯ ᠎ᠢ ᠰᠠᠢᠲᠤᠷ ᠬᠢᠵᠦ᠍᠂ 〈ᠵᠢᠱ᠌ᠢᠶᠡᠴᠢ ᠥᠪᠡᠷᠲᠡᠭᠡᠨ ᠵᠠᠰᠠᠬᠤ ᠣᠷᠣᠨ〉 ᠎ᠤ᠋ ᠡᠷᠬᠢᠮ ᠳᠡᠭᠡᠳᠦ ᠢᠷᠠᠭᠤ ᠠᠯᠳᠠᠷ ᠎ᠢ ᠰᠠᠢᠲᠤᠷ ᠬᠠᠮᠠᠭᠠᠯᠠᠬᠤ ᠎ᠳᠤ ᠭᠡᠷᠡᠯ ᠭᠢᠯᠪᠠᠭ᠎ᠠ ᠨᠡᠮᠡᠷᠢᠯᠡᠨ᠎ᠡ᠃ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠡᠭᠦᠳᠦᠨ ᠪᠠᠢᠭᠤᠯᠤᠯᠲᠠ᠎ᠶ᠋ᠢ᠎ᠭᠦᠨᠵᠡᠭᠡᠢ᠎ᠥᠷᠨᠢᠭᠦᠯᠬᠦ᠌᠎ᠳᠦ᠎ᠠᠭᠤᠯᠤᠭ᠍ᠳᠠᠬᠤᠨ᠎ᠢ᠎ᠬᠦᠴᠦᠯᠡᠨ ᠭᠦᠨᠵᠡᠭᠡᠢᠷᠡᠭᠦᠯᠵᠦ᠍᠂ ᠬᠡᠯᠪᠡᠷᠢ᠎ᠶ᠋ᠢ ᠪᠠᠶᠠᠯᠢᠭ᠍ᠵᠢᠭᠤᠯᠵᠤ᠂ ᠠᠷᠭ᠎ᠠ᠎ᠶ᠋ᠢᠨ ᠱᠢᠨ᠎ᠡ ᠎ᠶ᠋ᠢ ᠡᠭᠦᠳᠬᠦ᠌ ᠬᠡᠷᠡᠭ᠌ᠲᠡᠢ᠃ ᠡᠭᠦᠳᠦᠨ ᠪᠠᠢᠭᠤᠯᠤᠯᠲᠠ᠎ᠶ᠋ᠢᠨ ᠥᠷᠭᠡᠨ ᠳᠡᠯᠭᠡᠷ ᠴᠢᠨᠠᠷ ᠢ᠋ ᠳᠣᠪᠣᠢᠯᠭᠠᠵᠤ᠂ ᠡᠭᠦᠳᠦᠨ ᠪᠠᠢᠭᠤᠯᠤᠯᠲᠠ ᠎ᠶ᠋ᠢᠨ ᠪᠣᠳᠠᠲᠤ ᠦᠷ᠎ᠡ ᠪᠦᠲᠦᠮᠵᠢᠳᠦ ᠴᠢᠨᠠᠷ ᠢ᠋ ᠴᠢᠩᠭᠠᠳᠭᠠᠨ᠂ ᠡᠭᠦᠳᠦᠨ ᠪᠠᠢᠭᠤᠯᠤᠯᠲᠠ᠎ᠶ᠋ᠢᠨ ᠤᠷᠲᠤ ᠬᠤᠭᠤᠴᠠᠭᠠᠲᠤ ᠴᠢᠨᠠᠷ ᠢ᠋ ᠴᠢᠬᠤᠯᠠᠴᠢᠯᠠᠵᠤ᠂ ᠪᠦᠬᠦ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ ᠎ᠶ᠋ᠢᠨ ᠵᠢᠱ᠌ᠢᠶ᠎ᠡ ᠦᠵᠡᠭᠦᠯᠬᠦ᠌ ᠬᠣᠱᠢᠭᠤ᠎ᠲᠠᠶ ᠵᠠᠯᠭᠠᠯᠳᠤᠬᠤ᠎ᠶ᠋ᠢ ᠦᠨᠡᠨ ᠬᠦ᠌ ᠪᠠᠲᠤᠯᠠᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠠᠮᠲᠤ ᠪᠠᠷ ᠪᠦᠯᠬᠦᠮᠳᠡᠨ ᠲᠡᠮᠡᠴᠡᠵᠦ᠍᠂ ᠬᠠᠮᠲᠤ ᠪᠠᠷ ᠴᠡᠴᠡᠭ᠌ᠯᠡᠨ ᠬᠥᠭ᠌ᠵᠢᠬᠦ᠌ ᠎ᠶ᠋ᠢ ᠠᠬᠢᠭᠤᠯᠤᠨ᠎ᠠ》 ᠭᠡᠵᠦ ᠪᠠᠢᠯ᠎ᠠ ᠃

ᠦᠦᠱᠢᠨ ᠬᠣᠱᠢᠭᠤ ᠨᠢ ᠥᠪᠥᠷ ᠮᠣᠩᠭᠣᠯ ᠱᠠᠨᠰᠢ ᠨᠢᠩᠱᠢᠶᠠ ᠎ᠶ᠋ᠢᠨ ᠠᠭᠤᠯᠵᠠᠷ ᠣᠷᠣᠨ ᠎ᠳᠤ ᠪᠠᠢᠷᠢᠯᠠᠵᠤ᠂ ᠤᠯᠠᠨ ᠵᠦᠢᠯ ᠎ᠦᠨ ᠰᠣᠶᠣᠯ ᠡᠨᠳᠡ ᠠᠭᠤᠰᠤᠯᠴᠠᠨ ᠬᠠᠷᠢᠯᠴᠠᠨ ᠲᠤᠯᠢᠳᠠᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ ᠡᠨᠳᠡ ᠰᠣᠯᠢᠯᠴᠠᠭ᠎ᠠ ᠬᠢᠵᠦ᠍ ᠬᠠᠷᠢᠯᠴᠠᠨ ᠨᠡᠪᠲᠡᠷᠡᠯᠴᠡᠵᠦ᠍᠂ ᠢᠷᠠᠭᠤ ᠠᠯᠳᠠᠷᠲᠤ ᠦᠨᠳᠦᠰᠦᠲᠡᠨ᠎ᠦ ᠪᠦᠯᠬᠦᠮᠳᠡᠯ᠎ᠦᠨ ᠤᠯᠠᠮᠵᠢᠯᠠᠯ᠎ᠲᠠᠶ ᠶᠤᠮ᠃ ᠣᠢᠷ᠎ᠠ᠎ᠶ᠋ᠢᠨ ᠵᠢᠯ᠎ᠡᠴᠡ ᠨᠠᠭᠠᠰᠢ᠂ ᠦᠦᠱᠢᠨ ᠬᠣᠱᠢᠭᠤ ᠦᠨᠳᠦᠰᠦᠲᠡᠨ᠎ᠨᠦᠭᠦᠳ᠎ᠦᠨ ᠬᠠᠮᠲᠤ᠎ᠪᠠᠷ ᠨᠡᠢᠭᠡᠮ ᠵᠢᠷᠤᠮ ᠎ᠤᠨ ᠣᠳᠣᠬᠢᠴᠢᠯᠠᠯᠲᠠ ᠲᠡᠢᠰᠢ ᠵᠠᠮᠨᠠᠬᠤ ᠎ᠶ᠋ᠢ ᠠᠬᠢᠭᠤᠯᠬᠤ ᠲᠠᠯ᠎ᠠ᠎ᠪᠠᠷ ᠡᠭᠦᠷᠭᠡ ᠬᠠᠷᠢᠭᠤᠴᠠᠯᠭ᠎ᠠ ᠡᠭᠦᠷᠭᠡᠯᠡᠵᠦ᠍᠂ ᠬᠤᠪᠢ ᠨᠡᠮᠡᠷᠢ ᠦᠵᠡᠭᠦᠯᠵᠦ᠍᠂ ᠠᠮᠢ ᠠᠬᠤᠶ ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠬᠦᠯᠬᠦ ᠪᠠᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ ᠎ᠶ᠋ᠢᠨ ᠱᠢᠨ᠎ᠡ ᠵᠠᠮ ᠎ᠢᠶᠠᠷ ᠡᠷᠡᠰ ᠭᠤᠢᠪᠢᠰᠢ ᠥᠬᠡᠶ ᠵᠠᠮᠨᠠᠵᠤ᠂ ᠨᠢᠭᠡᠳᠦᠭᠡᠷ᠂ ᠬᠣᠶᠠᠳᠤᠭᠠᠷ᠂ ᠭᠤᠷᠪᠠᠳᠤᠭᠠᠷ ᠠᠵᠤ ᠦᠶ᠋ᠯᠡᠰ᠎ᠦᠨ ᠠᠭᠤᠰᠤᠯᠴᠠᠨ ᠬᠥᠭ᠌ᠵᠢᠬᠦ᠌᠎ᠶ᠋ᠢ ᠲᠦᠷᠭᠡᠳᠭᠡᠨ ᠠᠬᠢᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠬᠦ᠌ ᠎ᠶ᠋ᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠲᠠᠶ ᠪᠦᠲᠦᠮᠵᠢᠲᠡᠶ ᠵᠣᠯᠭᠠᠭᠤᠯᠬᠤ᠎ᠶ᠋ᠢ ᠠᠬᠢᠭᠤᠯᠵᠤ᠂ ᠴᠢᠨᠠᠷ ᠰᠠᠢᠲᠠᠶ 《ᠪᠣᠬᠢᠷᠲᠤᠯ ᠥᠬᠡᠶ ᠦᠦᠱᠢᠨ》 ᠎ᠢ᠋ ᠴᠢᠷᠮᠠᠢᠨ ᠪᠠᠢᠭᠤᠯᠵᠤ᠂ ᠦᠨᠳᠦᠰᠦᠲᠡᠨ ᠎ᠦ ᠠᠵᠢᠯ ᠎ᠤᠨ ᠪᠣᠳᠠᠰ ᠎ᠤᠨ ᠰᠠᠭᠤᠷᠢ᠎ᠶ᠋ᠢ ᠪᠠᠲᠤ ᠴᠣᠭ᠍ᠴᠠᠯᠠᠪᠠ᠃

ᠸᠠᠩ ᠵᠢᠶᠠᠨ᠂ ᠬᠤᠢᠰᠢᠲᠠ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠎ᠤᠨ ᠲᠥᠷᠥ ᠎ᠶ᠋ᠢᠨ ᠪᠣᠳᠣᠯᠭ᠎ᠠ ᠠᠷᠭ᠎ᠠ ᠬᠡᠮᠵᠢᠶ᠎ᠡ ᠎ᠶ᠋ᠢ ᠦᠷᠭᠦᠯᠵᠢᠯᠡᠨ ᠪᠦᠷᠢᠨᠱᠢᠭᠦᠯᠵᠦ᠍᠂ ᠬᠠᠷᠢᠯᠴᠠᠨ ᠠᠭᠤᠰᠤᠯᠴᠠᠬᠤ ᠮᠠᠶᠢᠭ᠎ᠤᠨ ᠨᠡᠢᠭᠡᠮ᠎ᠦᠨ ᠪᠦᠲᠦᠴᠡ ᠪᠠ ᠨᠡᠢᠭᠡᠮ ᠲᠣᠭᠣᠷᠢᠭ ᠎ᠤᠨ ᠣᠷᠴᠢᠨ ᠲᠣᠭᠣᠷᠢᠨ᠎ᠢ ᠪᠠᠢᠭᠤᠯᠵᠤ᠂ 《ᠬᠠᠪᠰᠤᠷᠤᠯᠴᠠᠭ᠎ᠠ ᠪᠠᠢᠭᠤᠯᠬᠤ》᠂ 《ᠭᠠᠷ ᠭᠠᠷ ᠎ᠢᠶᠠᠨ ᠬᠣᠯᠪᠣᠬᠤ》᠂ 《ᠰᠡᠳᠭᠢᠯ ᠵᠢᠷᠦᠬᠡ᠎ᠪᠡᠨ ᠬᠣᠯᠪᠣᠬᠤ》᠂ 《ᠨᠢᠭᠡ ᠬᠡᠷ ᠎ᠦᠨ ᠬᠥᠮᠦᠨ ᠮᠡᠲᠦ ᠳᠣᠲᠣᠨᠣ ᠪᠠᠢᠬᠤ》 ᠠᠵᠢᠯᠯᠠᠭ᠎ᠠ᠎ᠶᠢ ᠥᠷᠨᠢᠭᠦᠯᠵᠦ᠍᠂ ᠬᠣᠲᠠ ᠎ᠶ᠋ᠢᠨ ᠦᠨᠳᠦᠰᠦᠲᠡᠨ ᠎ᠦ ᠠᠵᠢᠯ ᠎ᠢ ᠯᠠᠪᠳᠠᠭᠤᠨ ᠪᠠᠲᠤᠲᠠᠶ ᠰᠠᠢᠲᠤᠷ ᠬᠢᠵᠦ᠍᠂ ᠦᠨᠳᠦᠰᠦᠲᠡᠨ᠎ᠨᠦᠭᠦᠳ᠎ᠦᠨ ᠣᠷᠣᠨ ᠵᠠᠶ᠂ ᠰᠣᠶᠣᠯ᠂ ᠠᠵᠤ ᠠᠬᠤᠶ᠂ ᠨᠡᠢᠭᠡᠮ᠂ ᠰᠡᠳᠭᠢᠴᠡ ᠵᠡᠷᠭᠡ ᠲᠠᠯ᠎ᠠ᠎ᠪᠠᠷ ᠪᠥᠬᠥ᠌ ᠲᠠᠯ᠎ᠠ᠎ᠪᠠᠷ ᠠᠭᠤᠰᠤᠯᠴᠠᠬᠤ ᠎ᠶ᠋ᠢ ᠠᠬᠢᠭᠤᠯᠵᠤ᠂ ᠦᠨᠳᠦᠰᠦᠲᠡᠨ᠎ᠦ ᠪᠦᠯᠬᠦᠮᠳᠡᠯ ᠎ᠦᠨ ᠴᠡᠴᠡᠬᠡᠰ᠎ᠢ ᠪᠠᠢᠩᠭᠤ ᠳᠡᠯᠭᠡᠷᠡᠭᠦᠯᠦᠨ᠎ᠡ ᠭᠡᠵᠦ᠍ ᠢᠯᠡᠳᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面