ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠨᠠᠮ᠎ᠤ᠋ᠨ ᠲᠥᠯᠥᠭᠡᠯᠡᠭᠴᠢ᠎ᠶ᠋ᠢᠨ ᠰᠤᠷᠪᠤᠯᠵᠢᠯᠠᠭ᠎ᠠ

2021-11-30 10:19:58

ᠵᠣᠬᠢᠶᠠᠭ᠍ᠴᠢ᠄ ​ ᠴᠠᠢ ᠰᠧ ᠶᠤᠸᠠᠨ ᠣᠩᠱᠢᠭ᠍ᠰᠠᠨ ᠣᠳᠠᠭ᠎ᠠ᠄ 3

​ᠮᠸᠩ ᠱᠢᠶᠠᠨ ᠳ᠋ᠦᠩ ᠲᠥᠯᠥᠭᠡᠯᠡᠭ᠌ᠴᠢ ᠄ ᠣᠷᠣᠨ ᠪᠦᠰᠡ᠎ᠶ᠋ᠢᠨ ᠲᠥᠪ ᠬᠣᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ 《ᠬᠤᠤᠰ ᠬᠣᠲᠠ᠎ᠶ᠋ᠢᠨ ᠲᠡᠮᠳᠡᠭ᠌ᠯᠡᠯ 》 ᠎ᠢ᠋ ᠰᠠᠢᠲᠤᠷ ᠪᠢᠴᠢᠭᠯᠡᠨ᠎ᠡ

QQ截图20211130103547.jpg


ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ᠎ᠳᠦ᠂ ᠬᠥᠮᠦᠨ᠎ᠢᠶᠡᠷ ᠭᠤᠤᠯ ᠪᠣᠯᠭᠠᠭ᠍ᠰᠠᠨ ᠱᠢᠨ᠎ᠡ ᠬᠡᠯᠪᠡᠷᠢ᠎ᠶ᠋ᠢᠨ ᠬᠣᠲᠠ ᠪᠠᠯᠭᠠᠰᠤᠵᠢᠯᠲᠠ᠎ᠶ᠋ᠢ ᠭᠦᠨᠵᠡᠭᠡᠶ ᠠᠬᠢᠭᠤᠯᠵᠤ᠂ ᠬᠥᠬᠡᠬᠣᠲᠠ ᠪᠤᠭᠤᠲᠤ ᠣᠷᠳᠣᠰ ᠤᠯᠠᠭᠠᠨᠴᠠᠪ᠎ᠤᠨ ᠬᠣᠲᠠ᠎ᠶ᠋ᠢᠨ ᠪᠦᠯᠦᠭ᠌ᠵᠢᠯ ᠪᠠ ᠤᠯᠠᠭᠠᠨᠬᠠᠳᠠ᠂ ᠲᠦᠩᠯᠢᠶᠣᠤ᠎ᠶ᠋ᠢᠨ 《ᠵᠦᠢᠷᠡᠢ ᠣᠳᠣᠨ ᠣᠷᠣᠨ》 ᠢ᠋ ᠭᠤᠤᠯᠳᠠᠯᠭ᠎ᠠ᠎ᠲᠠᠶ ᠪᠥᠲᠥᠭᠡᠨ ᠪᠠᠢᠭᠤᠯᠤᠨ᠎ᠠ ᠭᠡᠵᠦ᠍ ᠳᠤᠷᠠᠳᠪᠠ᠃ ᠲᠦᠷᠦᠭᠦᠬᠡᠨ ᠲᠦᠩᠯᠢᠶᠣᠤ ᠬᠣᠲᠠ᠎ᠶ᠋ᠢᠨ ᠲᠥᠯᠥᠭᠡᠯᠡᠭ᠌ᠴᠢᠳ ᠎ᠦᠨ ᠪᠦᠯᠬᠦᠮ᠎ᠦᠨ ᠮᠸᠩ ᠱᠢᠶᠠᠨ ᠳ᠋ᠦᠩ ᠲᠥᠯᠥᠭᠡᠯᠡᠭ᠌ᠴᠢ ᠲᠦᠩᠯᠢᠶᠣᠤ ᠬᠣᠲᠠ᠎ᠶ᠋ᠢᠨ ᠣᠷᠣᠨ ᠪᠦᠰᠡ᠎ᠶ᠋ᠢᠨ ᠲᠥᠪ ᠬᠣᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢ ᠬᠡᠷᠬᠢᠨ ᠠᠬᠢᠭᠤᠯᠬᠤ ᠵᠢᠴᠢ ᠤᠯᠠᠭᠠᠨᠬᠠᠳᠠ ᠬᠣᠲᠠ ᠯᠤᠭ᠎ᠠ ᠵᠢᠨ ᠡᠯ᠎ᠡ ᠬᠦᠷᠢᠶᠡᠨ᠎ᠳᠡᠬᠢ ᠬᠠᠮᠲᠤᠷᠠᠯᠴᠠᠭ᠎ᠠ ᠰᠣᠯᠢᠯᠴᠠᠭ᠎ᠠ᠎ᠶ᠋ᠢ ᠬᠡᠷᠬᠢᠨ ᠭᠦᠨᠵᠡᠭᠡᠢᠷᠡᠭᠦᠯᠬᠦ᠌ ᠲᠤᠬᠠᠶ ᠰᠤᠷᠪᠤᠯᠵᠢᠯᠠᠭ᠍ᠴᠢ᠎ᠶ᠋ᠢᠨ ᠲᠤᠰᠭᠠᠶ ᠰᠤᠷᠪᠤᠯᠵᠢᠯᠠᠭ᠎ᠠ᠎ᠶ᠋ᠢ ᠬᠦᠯᠢᠶᠡᠪᠡ᠃

ᠮᠸᠩ ᠱᠢᠶᠠᠨ ᠳ᠋ᠦᠩ᠂ ᠣᠷᠣᠨ ᠪᠦᠰᠡ᠎ᠶ᠋ᠢᠨ ᠲᠥᠪ ᠬᠣᠲᠠ᠎ᠶ᠋ᠢ ᠪᠥᠲᠥᠭᠡᠨ ᠪᠠᠢᠭᠤᠯᠬᠤ ᠪᠣᠯ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠡᠴᠡ ᠱᠢᠨ᠎ᠡ ᠴᠠᠭ ᠦᠶ᠎ᠡ ᠵᠢᠨ ᠲᠦᠩᠯᠢᠶᠣᠤ ᠎ᠳᠤ ᠎ᠣᠯᠭᠣᠭ᠍ᠰᠠᠨ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠮᠥᠨ᠃ ᠲᠦᠩᠯᠢᠶᠣᠤ ᠬᠣᠲᠠ ᠵᠢᠨ ᠬᠢᠨ ᠲᠣᠰ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠵᠤ᠂ ᠲᠦᠩᠯᠢᠶᠣᠤ᠎ᠶ᠋ᠢᠨ ᠶᠡᠷᠦᠩᠬᠡᠢᠯᠡᠭ᠌ᠰᠡᠨ ᠪᠣᠳᠠᠲᠤ ᠬᠦᠴᠦᠨ᠎ᠢ ᠦᠨᠡᠨ ᠬᠦ᠌ ᠳᠡᠭᠡᠭ᠌ᠰᠢᠯᠡᠭᠦᠯᠵᠦ᠍᠂ ᠣᠷᠣᠨ ᠪᠦᠰᠡ᠎ᠶ᠋ᠢᠨ ᠬᠥᠭ᠌ᠵᠢᠯᠲᠡ᠎ᠶ᠋ᠢ ᠲᠥᠪᠯᠡᠷᠡᠭᠦᠯᠬᠦ᠌᠂ ᠨᠥᠯᠥᠭᠡᠯᠡᠬᠦ᠌ ᠪᠠ ᠳᠠᠢᠴᠢᠯᠠᠬᠤ ᠴᠢᠳᠠᠮᠵᠢ ᠪᠠᠨ ᠲᠠᠰᠤᠷᠠᠯᠲᠠ ᠥᠬᠡᠶ ᠴᠢᠩᠭᠠᠳᠭᠠᠬᠤ ᠪᠣᠯᠤᠨ᠎ᠠ᠃ ᠨᠢᠭᠡ᠎ᠳᠦ᠂ ᠳᠠᠪᠠᠭᠤᠯᠢᠭ ᠠᠵᠤ ᠦᠢᠯᠡᠰ᠎ᠦᠨ ᠥᠷᠢᠰᠥᠯᠳᠦᠬᠦ᠌ ᠬᠦᠴᠦᠨ᠎ᠢ ᠲᠦᠷᠭᠡᠳᠭᠡᠨ ᠳᠡᠭᠡᠭ᠌ᠰᠢᠯᠡᠭᠦᠯᠦᠨ᠎ᠡ᠃ 《ᠬᠣᠲᠠ》᠎ᠶ᠋ᠢ ᠰᠠᠢᠲᠤᠷ ᠪᠦᠲᠦᠭᠡᠨ ᠪᠠᠢᠭᠤᠯᠬᠤ᠂ 《ᠬᠣᠲᠠ》᠎ᠶ᠋ᠢ ᠰᠠᠢᠲᠤᠷ ᠬᠥᠭᠵᠢᠬᠥᠯᠬᠥ ᠶᠡᠷᠦᠩᠬᠡᠶ ᠰᠡᠳᠭᠢᠴᠡ ᠶᠣᠰᠣᠭᠠᠷ᠂ ᠣᠨᠴᠠᠯᠢᠭ᠍ᠲᠤ ᠭᠣᠣᠯᠯᠠᠬᠤ ᠠᠵᠤ ᠦᠢᠯᠡᠰ᠎ᠦᠨ ᠬᠥᠭ᠌ᠵᠢᠯᠲᠡ᠎ᠶ᠋ᠢ ᠠᠬᠢᠭᠤᠯᠵᠤ᠂ ᠠᠵᠤ ᠦᠢᠯᠡᠰ ᠬᠣᠲᠠ ᠬᠥᠮᠦᠨ᠎ᠦ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠵᠤ᠂ 《ᠣᠭᠣᠷᠴᠣᠭ ᠬᠠᠷᠢᠶ᠎ᠠ ᠭᠠᠵᠠᠷ᠎ᠤᠨ ᠠᠵᠤ ᠠᠬᠤᠶ》᠎ᠶ᠋ᠢᠨ ᠬᠥᠭ᠌ᠵᠢᠯᠲᠡ᠎ᠶ᠋ᠢ ᠠᠬᠢᠭᠤᠯᠵᠤ᠂ ᠬᠣᠲᠠ᠎ᠶ᠋ᠢᠨ ᠠᠵᠤ ᠦᠢᠯᠡᠰ᠎ᠦᠨ ᠲᠥᠪᠯᠡᠷᠡᠬᠦ᠌ ᠴᠢᠳᠠᠪᠤᠷᠢ᠎ᠶ᠋ᠢ ᠴᠢᠩᠭᠠᠷᠠᠭᠤᠯᠤᠨ᠂ ᠭᠣᠣᠯ ᠬᠣᠲᠠ ᠲᠣᠭᠣᠷᠢᠭ᠎ᠤᠨ ᠳᠠᠭᠠᠭᠤᠯᠤᠬᠴᠢ ᠵᠢᠨ᠎ᠳᠠᠢᠴᠢᠯᠠᠬᠤ᠎ᠦᠢᠯᠡᠳᠦᠯ᠎ᠢ᠎ᠳᠡᠭᠡᠭ᠌ᠰᠢᠯᠡᠭᠦᠯᠦᠨ᠎ᠡ᠃᠎ᠬᠣᠶᠠᠷ᠎ᠲᠤ᠂᠎ᠰᠠᠭᠤᠷᠢ ᠲᠥᠬᠥᠭᠡᠷᠦᠮᠵᠢ᠎ᠶ᠋ᠢᠨ ᠲᠤᠯᠭᠠᠭᠤᠷᠢᠯᠠᠬᠤ ᠬᠦᠴᠦᠨ᠎ᠢ ᠲᠦᠷᠭᠡᠳᠭᠡᠨ ᠳᠡᠭᠡᠭ᠌ᠰᠢᠯᠡᠭᠦᠯᠦᠨ᠎ᠡ᠃ ᠬᠣᠲᠠ᠎ᠶ᠋ᠢᠨ ᠬᠥᠭ᠌ᠵᠢᠯᠲᠡ᠎ᠶ᠋ᠢᠨ ᠦᠢᠯᠠᠭᠠᠬᠳᠠᠬᠤᠨ᠎ᠤ ᠱᠢᠨ᠎ᠡ᠎ᠶ᠋ᠢ ᠡᠭᠦᠳᠴᠦ᠍᠂ ᠬᠣᠲᠠ᠎ᠶ᠋ᠢᠨ ᠬᠠᠮᠢᠶᠠᠷᠤᠯᠲᠠ᠎ᠶ᠋ᠢᠨ ᠪᠠᠢᠭᠤᠯᠤᠮᠵᠢ ᠪᠠ ᠪᠠᠯᠠ ᠣᠷᠣᠭᠤᠯᠵᠤ ᠪᠠᠯᠠ ᠬᠤᠷᠠᠮᠳᠤᠭᠤᠯᠬᠤ ᠥᠭᠡᠷᠡᠴᠢᠯᠡᠯᠲᠡ᠎ᠶ᠋ᠢ ᠢᠳᠡᠪᠬᠢᠲᠡᠶ ᠠᠬᠢᠭᠤᠯᠤᠨ᠂ ᠬᠣᠲᠠ᠎ᠶ᠋ᠢᠨ ᠪᠡᠶ᠎ᠡ᠎ᠶ᠋ᠢᠨ ᠪᠠᠢᠴᠠᠭᠠᠯᠲᠠ᠎ᠶ᠋ᠢ ᠭᠦᠨᠵᠡᠭᠡᠶ ᠥᠷᠨᠢᠭᠦᠯᠵᠦ᠍᠂ ᠬᠠᠭᠤᠴᠢᠨ ᠬᠣᠲᠠ᠎ᠶ᠋ᠢ ᠥᠭᠡᠷᠡᠴᠢᠯᠡᠨ ᠱᠢᠨᠡᠳᠭᠡᠬᠦ᠌᠎ᠶ᠋ᠢ ᠲᠦᠷᠭᠡᠳᠭᠡᠨ᠂ ᠱᠢᠨ᠎ᠡ ᠲᠣᠭᠣᠷᠢᠭ᠎ᠲᠦ ᠳᠡᠭᠡᠳᠦ ᠲᠠᠰ᠎ᠤᠨ ᠴᠢᠳᠠᠮᠵᠢ ᠣᠯᠭᠣᠬᠤ᠎ᠶ᠋ᠢ ᠲᠦᠷᠭᠡᠳᠭᠡᠵᠦ᠍᠂᠎ᠬᠣᠲᠠ᠎ᠶ᠋ᠢᠨ᠎ᠨᠠᠷᠢᠯᠢᠬ᠍ᠵᠢᠭᠤᠯᠤᠭ᠍ᠰᠠᠨ ᠬᠠᠮᠢᠶᠠᠷᠤᠯᠲᠠ᠎ᠶ᠋ᠢᠨ ᠬᠢᠷᠢ ᠬᠡᠮᠵᠢᠶ᠎ᠡ᠎ᠶ᠋ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠦᠨ᠎ᠡ᠃ ᠭᠤᠷᠪᠠ᠎ᠳᠤ᠂ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠬᠠᠩᠭᠠᠯᠭ᠎ᠠ᠎ᠶ᠋ᠢᠨ ᠬᠦᠴᠦᠨ᠎ᠢ ᠲᠦᠷᠭᠡᠳᠭᠡᠨ ᠳᠡᠭᠡᠭ᠌ᠰᠢᠯᠡᠭᠦᠯᠦᠨ᠎ᠡ᠃ ᠭᠤᠤᠯᠳᠠᠯᠭ᠎ᠠ ᠎ᠲᠠᠶ ᠬᠤᠳᠠᠯᠳᠤᠭᠠᠨ᠎ᠤ ᠲᠣᠭᠣᠷᠢᠭ᠎ᠤᠨ ᠦᠶ᠋ᠯᠡᠴᠢᠯᠡᠭᠡᠨ᠎ᠦ ᠴᠢᠳᠠᠮᠵᠢ᠎ᠶ᠋ᠢ ᠴᠢᠩᠭᠠᠷᠠᠭᠤᠯᠵᠤ᠂ ᠰᠤᠷᠭᠠᠨ ᠬᠥᠮᠦᠵᠢᠯ ᠡᠷᠡᠭᠦᠯ ᠬᠠᠮᠠᠭᠠᠯᠠᠯ᠎ᠤᠨ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢ᠎ᠱᠢᠯᠢᠳᠡᠭ᠌ᠵᠢᠭᠦᠯᠦᠨ᠂ ᠰᠣᠶᠣᠯ᠂ ᠪᠡᠶ᠎ᠡ᠎ᠶ᠋ᠢᠨ ᠲᠠᠮᠢᠷ᠂ ᠡᠷᠡᠭᠦᠯᠵᠢᠯ ᠰᠤᠪᠢᠯᠠᠯᠲᠠ ᠵᠡᠷᠭᠡ ᠬᠦᠷᠢᠶᠡᠨ᠎ᠳᠡᠬᠢ ᠶᠡᠷᠦᠩᠬᠡᠢᠯᠡᠭ᠌ᠰᠡᠨ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠴᠢᠨᠠᠷ ᠰᠠᠢᠲᠠᠶ ᠠᠮᠢᠳᠤᠷᠠᠯ᠎ᠤᠨ ᠲᠣᠭᠣᠷᠢᠭ᠂ ᠥᠨᠳᠥᠷ ᠦᠷ᠎ᠡ ᠪᠦᠲᠦᠮᠵᠢᠲᠡᠶ ᠨᠡᠢᠭᠡᠮ ᠲᠣᠭᠣᠷᠢᠭ᠎ᠤᠨ ᠦᠶ᠋ᠯᠡᠴᠢᠯᠡᠭᠡᠨ᠎ᠦ ᠲᠣᠭᠣᠷᠢᠭ᠎ᠢ ᠪᠥᠲᠥᠭᠡᠨ ᠪᠠᠢᠭᠤᠯᠵᠤ᠂ ᠬᠣᠲᠠ᠎ᠶ᠋ᠢᠨ ᠠᠭᠤᠯᠤᠭ᠍ᠳᠠᠬᠤᠨ᠎ᠤ ᠬᠡᠪ ᠴᠢᠨᠠᠷ ᠪᠠ ᠶᠡᠷᠦᠩᠬᠡᠢᠯᠡᠭ᠌ᠰᠡᠨ ᠦᠶ᠋ᠯᠡᠴᠢᠯᠡᠭᠡᠨ᠎ᠦ ᠴᠢᠳᠠᠪᠤᠷᠢ᠎ᠶ᠋ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠬᠦ ᠭᠡᠷᠡᠭᠲᠡᠢ ᠬᠡᠵᠥ ᠦᠵᠡᠪᠡ᠃

ᠤᠯᠠᠭᠠᠨᠬᠠᠳᠠ ᠬᠤᠳᠠ᠎ᠲᠠᠶ ᠬᠡᠷᠬᠢᠨ ᠭᠠᠷ ᠬᠣᠯᠪᠣᠨ ᠬᠠᠮᠲᠤᠷᠠᠯᠴᠠᠬᠤ ᠲᠤᠬᠠᠢ ᠮᠸᠩ ᠱᠢᠶᠠᠨ᠎ᠳ᠋ᠦᠩ᠂᠎ᠡᠨᠡ ᠵᠤᠨ ᠬᠣᠶᠠᠷ ᠭᠠᠵᠠᠷ᠎ᠤᠨ ᠬᠢᠨ《ᠬᠠᠮᠵᠢᠯᠴᠠᠨ ᠬᠥᠭ᠌ᠵᠢᠬᠦ᠌ ᠬᠠᠮᠲᠤᠷᠠᠯᠴᠠᠭᠠᠨ᠎ᠤ ᠰᠠᠨᠠᠮᠵᠢ᠎ᠶ᠋ᠢᠨ ᠪᠢᠴᠢᠭ》ᠲᠸ᠋ ᠭᠠᠷ᠎ᠤᠨ ᠦᠰᠦᠭ ᠵᠢᠷᠤᠪᠠ᠃ ᠬᠤᠢᠰᠢᠳᠠ ᠪᠢᠳᠡ ᠡᠯ᠎ᠡ ᠬᠦᠷᠢᠶᠡᠨ᠎ᠳᠡᠬᠢ ᠬᠠᠮᠲᠤᠷᠠᠯᠴᠠᠭ᠎ᠠ ᠰᠣᠯᠢᠯᠴᠠᠭ᠎ᠠ᠎ᠶ᠋ᠢᠨ ᠭᠦᠨᠵᠡᠭᠡᠶ ᠨᠠᠢᠳᠠᠪᠤᠷᠢᠵᠢᠭᠤᠯᠤᠯᠲᠠ᠎ᠶ᠋ᠢ ᠠᠬᠢᠭᠤᠯᠵᠤ᠂ ᠣᠷᠣᠨ ᠪᠦᠰᠡ᠎ᠶ᠋ᠢᠨ ᠲᠥᠪ ᠬᠣᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ《ᠬᠣᠤᠰ ᠬᠣᠲᠠ᠎ᠶ᠋ᠢᠨ ᠲᠡᠮᠳᠡᠭ᠌ᠯᠡᠯ》 ᠎ᠢ᠋ ᠬᠠᠮᠲᠤ᠎ᠪᠠᠷ ᠰᠠᠢᠲᠤᠷ ᠪᠢᠴᠢᠭᠯᠡᠨ᠎ᠠ᠃ ᠨᠢᠭᠡ᠎ᠳᠦ᠂ ᠰᠠᠭᠤᠷᠢ ᠲᠥᠬᠥᠭᠡᠷᠦᠮᠵᠢ᠎ᠶ᠋ᠢᠨ ᠬᠠᠷᠢᠯᠴᠠᠨ ᠬᠣᠯᠪᠣᠭᠠᠯᠠᠵᠤ ᠬᠠᠮᠲᠤ᠎ᠪᠠᠷ ᠪᠠᠢᠭᠤᠯᠬᠤ᠎ᠶ᠋ᠢ ᠠᠬᠢᠭᠤᠯᠤᠨ᠎ᠠ᠃ 《ᠤᠮᠠᠷᠠᠲᠤ ᠵᠢᠨ ᠭᠤᠷᠪᠠᠨ ᠤᠷᠤᠨ》ᠤ᠋ ᠳᠦᠷᠬᠡᠨ᠎ᠤ ᠲᠡᠮᠦᠷ ᠵᠠᠮ᠎ᠤᠨ ᠱᠢᠨ᠎ᠡ ᠨᠡᠪᠲᠡᠷᠡᠬᠦ᠌ ᠵᠠᠮ ᠪᠠ ᠵᠡᠭᠦᠨ ᠬᠣᠢᠲᠤ᠎ᠶ᠋ᠢᠨ ᠬᠠᠭᠤᠷᠠᠶ ᠲᠡᠯᠡᠶ᠎ᠶ᠋ᠢᠨ ᠱᠢᠨ᠎ᠡ ᠨᠡᠪᠲᠡᠷᠡᠬᠦ᠌ ᠵᠠᠮ᠎ᠤᠨ ᠪᠥᠲᠥᠭᠡᠨ ᠪᠠᠢᠭᠤᠯᠤᠯᠲᠠ᠎ᠶ᠋ᠢ ᠢᠳᠡᠪᠬᠢᠲᠡᠶ ᠭᠤᠶᠤᠴᠢᠯᠡᠨ ᠤᠯᠬᠤ ᠪᠠ ᠬᠠᠮᠲᠤ ᠪᠠᠷ ᠠᠬᠢᠭᠤᠯᠵᠤ᠂ ᠲᠡᠮᠦᠷ ᠵᠠᠮ᠂ ᠵᠠᠰᠠᠮᠠᠯ ᠵᠠᠮ᠂ ᠴᠠᠬᠢᠯᠭᠠᠨ ᠬᠦᠴᠦ ᠂ ᠨᠡᠢᠳᠡᠮ᠎ᠤᠨ ᠬᠡᠷᠡᠭ᠌ᠯᠡᠭᠡᠨ᠎ᠦ ᠠᠭᠠᠷ᠎ᠤᠨ ᠠᠶᠠᠯᠠᠯ ᠵᠡᠷᠭᠡ ᠡᠯ᠎ᠡ ᠲᠥᠷᠥᠯ᠎ᠦᠨ ᠰᠠᠭᠤᠷᠢ ᠲᠦᠬᠦᠬᠡᠷᠦᠮᠵᠢ᠎ᠶ᠋ᠢᠨ ᠬᠠᠷᠢᠯᠴᠠᠨ ᠬᠣᠯᠪᠣᠭᠠᠯᠠᠵᠤ ᠬᠠᠷᠢᠯᠴᠠᠨ ᠨᠡᠪᠲᠡᠷᠡᠯᠴᠡᠬᠦ᠌᠎ᠶ᠋ᠢ ᠲᠦᠷᠭᠡᠳᠭᠡᠨ ᠪᠡᠶᠡᠯᠡᠭᠦᠯᠦᠨ᠎ᠡ᠃ ᠬᠣᠶᠠᠷ᠎ᠲᠤ᠂ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠤᠷᠰᠢᠯᠴᠠᠵᠤ ᠬᠠᠮᠲᠤ᠎ᠪᠠᠷ ᠵᠠᠰᠠᠬᠤ᠎ᠶ᠋ᠢ ᠠᠬᠢᠭᠤᠯᠤᠨ᠎ᠠ᠃ ᠪᠠᠷᠠᠭᠤᠨ ᠯᠢᠶᠣᠤᠾᠧ ᠭᠣᠣᠯ᠎ᠤᠨ ᠰᠠᠪᠠ ᠭᠠᠵᠠᠷ᠎ᠤᠨ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠨᠢᠭᠡ ᠴᠣᠭ᠍ᠴᠠᠵᠢᠭᠤᠯᠤᠨ ᠬᠠᠮᠠᠭᠠᠯᠠᠬᠤ ᠪᠠ ᠰᠡᠷᠭᠦᠭᠡᠬᠦ᠌ ᠢᠨᠵᠧᠨᠧᠷᠢᠩ᠎ᠢ ᠰᠠᠢᠲᠤᠷ ᠬᠡᠷᠡᠭ᠌ᠵᠢᠭᠦᠯᠵᠦ᠍᠂ ᠥᠪᠥᠷ ᠮᠣᠩᠭᠣᠯ᠎ᠤᠨ ᠵᠡᠭᠦᠨ ᠬᠡᠰᠡᠭ᠎ᠦᠨ ᠭᠠᠵᠠᠷ ᠣᠷᠣᠨ᠎ᠤ ᠠᠮᠢ ᠠᠬᠤᠶ᠎ᠶ᠋ᠢ ᠬᠠᠮᠠᠭᠠᠯᠠᠨ ᠰᠡᠷᠭᠦᠭᠡᠬᠦ᠌ ᠬᠠᠮᠲᠤᠷᠠᠯᠴᠠᠭᠠᠨ᠎ᠤ ᠦᠯᠢᠭᠡᠷ ᠳᠠᠭᠤᠷᠢᠶᠠᠯ ᠣᠷᠣᠨ᠂ ᠵᠢᠱ᠌ᠢᠶ᠎ᠡ ᠦᠵᠡᠭᠦᠯᠬᠦ᠌ ᠣᠷᠣᠨ᠎ᠢ ᠪᠤᠶ ᠪᠣᠯᠭᠠᠨ᠎ᠠ᠃ ᠭᠤᠷᠪᠠ᠎ᠳᠤ᠂ ᠠᠵᠤ᠎ᠦᠢᠯᠡᠰ᠎ᠦᠨ᠎ᠲᠡᠰ᠎ᠲᠡᠪᠱᠢᠯᠳᠡ᠎ᠶ᠋ᠢᠨ᠎ᠬᠠᠷᠢᠯᠴᠠᠨ᠎ᠠᠬᠢᠭᠤᠯᠵᠤ ᠬᠠᠮᠲᠤ᠎ᠪᠠᠷ ᠤᠷᠤᠭ᠍ᠰᠢᠯᠠᠬᠤ᠎ᠶ᠋ᠢ ᠠᠬᠢᠭᠤᠯᠤᠨ᠎ᠠ᠃ ᠠᠵᠤ ᠦᠢᠯᠡᠰ᠎ᠦᠨ ᠱᠢᠯᠵᠢᠯᠲᠡ᠎ᠶ᠋ᠢ ᠵᠠᠯᠭᠠᠵᠤ ᠠᠪᠬᠤ ᠵᠢᠱ᠌ᠢᠶ᠎ᠡ ᠦᠵᠡᠭᠦᠯᠬᠦ᠌ ᠤᠷᠤᠨ᠎ᠤ ᠪᠦᠲᠦᠭᠡᠨ ᠪᠠᠢᠭᠤᠯᠤᠯᠲᠠ᠎ᠶ᠋ᠢ ᠬᠠᠮᠵᠢᠯᠴᠠᠨ ᠠᠬᠢᠭᠤᠯᠵᠤ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠡᠳ᠋ᠱᠢᠭᠦᠯᠬᠦ᠌᠂ ᠠᠮᠢᠳᠤ ᠪᠣᠳᠠᠰ᠎ᠤᠨ ᠡᠮ ᠡᠮᠨᠡᠯᠭᠡ᠂ ᠪᠣᠬᠢᠷᠲᠤᠯ ᠦᠭᠡᠶ ᠱᠢᠨ᠎ᠡ ᠮᠠᠲ᠋ᠧᠷᠢᠶᠠᠯ ᠵᠡᠷᠭᠡ ᠠᠵᠤ ᠦᠢᠯᠡᠰ᠎ᠦᠨ ᠬᠥᠭ᠌ᠵᠢᠯᠲᠡ᠎ᠶ᠋ᠢᠨ ᠲᠠᠯ᠎ᠠ᠎ᠪᠠᠷ ᠬᠣᠯᠪᠣᠯᠳᠤᠭᠤᠯᠤᠨ ᠲᠥᠬᠥᠷᠵᠢᠭᠦᠯᠬᠦ᠌᠂ ᠴᠢᠳᠠᠮᠵᠢ᠎ᠪᠠᠨ ᠬᠠᠷᠢᠯᠴᠠᠨ ᠨᠥᠬᠥᠪᠥᠷᠢᠯᠡᠬᠦ᠌᠎ᠶ᠋ᠢ ᠴᠢᠷᠮᠠᠢᠨ ᠪᠡᠶᠡᠯᠡᠭᠦᠯᠵᠦ᠍᠂ ᠬᠠᠷᠢᠯᠴᠠᠨ ᠠᠭᠤᠰᠤᠯᠴᠠᠭ᠍ᠰᠠᠨ᠂ ᠬᠠᠷᠢᠯᠴᠠᠨ ᠠᠬᠢᠭᠤᠯᠤᠭ᠍ᠰᠠᠨ ᠬᠠᠮᠵᠢᠯᠴᠠᠨ ᠬᠥᠭ᠌ᠵᠢᠬᠦ ᠪᠠᠢᠳᠠᠯ᠎ᠢ ᠪᠤᠶ ᠪᠣᠯᠭᠠᠨ᠎ᠠ᠃ ᠳᠥᠷᠪᠡ᠎ᠳᠦ᠂ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠬᠠᠷᠢᠯᠴᠠᠨ ᠨᠡᠪᠲᠡᠷᠡᠯᠴᠡᠵᠦ᠍ ᠬᠠᠮᠲᠤ᠎ᠪᠠᠷ ᠡᠳ᠋ᠯᠡᠬᠦ᠌᠎ᠶ᠋ᠢ ᠠᠬᠢᠭᠤᠯᠤᠨ᠎ᠠ᠃ ᠬᠠᠮᠲᠤᠷᠠᠯᠴᠠᠭᠠᠨ᠎ᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠬᠠᠮᠲᠤᠷᠠᠯᠴᠠᠭᠠᠨ᠎ᠤ ᠠᠭᠤᠯᠤᠭ᠍ᠳᠠᠬᠤᠨ᠎ᠢ ᠭᠦᠨᠵᠡᠭᠡᠢᠷᠡᠭᠦᠯᠵᠦ᠍᠂ ᠬᠣᠶᠠᠷ ᠭᠠᠵᠠᠷ᠎ᠤᠨ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠣᠷᠣᠨ ᠰᠠᠭᠤᠴᠠ᠂ ᠨᠡᠢᠭᠡᠮ᠎ᠦᠨ ᠪᠠᠲᠤᠯᠠᠭ᠎ᠠ ᠵᠡᠷᠭᠡ ᠤᠯᠠᠨ ᠨᠡᠢᠲᠡ᠎ᠶ᠋ᠢᠨ ᠦᠢᠯᠡᠴᠢᠯᠡᠭᠡᠨ᠎ᠦ ᠬᠦᠷᠢᠶᠡᠨ᠎ᠳᠦ ᠨᠢᠭ᠍ᠲᠠ ᠬᠠᠮᠵᠢᠯᠴᠠᠬᠤ᠎ᠶ᠋ᠢ ᠠᠬᠢᠭᠤᠯᠵᠤ᠂ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ᠌᠂ ᠬᠤᠷᠱᠢᠯᠴᠠᠨ ᠬᠥᠭ᠌ᠵᠢᠬᠦ ᠳᠤᠮᠳᠠ ᠬᠣᠶᠠᠷ ᠭᠠᠵᠠᠷ᠎ᠤᠨ ᠠᠷᠠᠳ ᠲᠦᠮᠡᠨ᠎ᠳᠦ ᠨᠡᠩ ᠰᠠᠢ᠌ᠨ ᠪᠤᠶᠠᠨ ᠦᠢᠯᠡᠳᠦᠨ᠎ᠡ ᠬᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面