ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠨᠠᠮ᠎ᠤ᠋ᠨ ᠲᠥᠯᠥᠭᠡᠯᠡᠭᠴᠢ᠎ᠶ᠋ᠢᠨ ᠰᠤᠷᠪᠤᠯᠵᠢᠯᠠᠭ᠎ᠠ

2021-12-01 08:50:30

ᠵᠣᠬᠢᠶᠠᠭ᠍ᠴᠢ᠄ ᠹᠸᠩ ᠱᠢᠤᠸᠠᠢ ᠢᠦᠶ ᠣᠩᠱᠢᠭ᠍ᠰᠠᠨ ᠣᠳᠠᠭ᠎ᠠ᠄ 3

ᠥᠪᠥᠷ ᠮᠣᠩᠭᠣᠯ᠎ᠤᠨ ᠶᠡᠬᠡ ᠰᠤᠷᠭᠠᠭᠤᠯᠢ᠎ᠠᠴᠠ ᠬᠦᠷᠦᠯᠴᠡᠨ ᠢᠷᠡᠭ᠌ᠰᠡᠨ ᠯᠢᠦ ᡁᠢ ᠢᠦᠢ ᠲᠥᠯᠥᠭᠡᠯᠡᠭ᠌ᠴᠢ᠄ 《ᠶᠡᠬᠡ ᠬᠤᠷᠠᠯ ᠨᠢ ᠲᠤᠭ᠎ᠢ ᠥᠨᠳᠥᠷ ᠮᠠᠨᠳᠤᠭᠤᠯᠤᠨ᠂ ᠪᠠᠲᠤ ᠴᠢᠩᠭ᠎ᠠ ᠤᠯᠤᠰ ᠲᠦᠷᠦ᠍᠎ᠶ᠋ᠢᠨ ᠬᠠᠷᠢᠭᠤᠴᠠᠯᠭᠠᠲᠤ ᠰᠡᠳᠭᠢᠯᠭᠡ᠎ᠲᠡᠶ ᠪᠠᠢᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠂ ᠪᠣᠳᠠᠲᠤ ᠠᠵᠢᠯᠯᠠᠭ᠎ᠠ᠎ᠪᠠᠷ᠎ᠢᠶᠠᠨ 〈ᠵᠢᠱ᠌ᠢᠶᠡᠴᠢ ᠥᠪᠡᠷᠲᠡᠭᠡᠨ ᠵᠠᠰᠠᠬᠤ ᠣᠷᠣᠨ〉᠎ᠤ᠋ ᠡᠷᠬᠢᠮ ᠳᠡᠭᠡᠳᠦ ᠢᠷᠠᠭᠤ ᠠᠯᠳᠠᠷ᠎ᠢ ᠬᠠᠮᠠᠭᠠᠯᠠᠬᠤ ᠢᠲᠡᠭᠡᠯ ᠵᠣᠷᠢᠭ᠎ᠢ ᠢᠯᠡᠷᠡᠭᠦᠯᠪᠡ; ᠶᠡᠬᠡ ᠬᠤᠷᠠᠯ᠎ᠠᠴᠠ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠨ᠂ ᠳᠡᠭᠡᠳᠦ ᠬᠡᠮᠵᠢᠶᠡᠨ᠎ᠦ ᠲᠡᠦᠬᠡᠨ ᠬᠠᠷᠢᠭᠤᠴᠠᠯᠭᠠᠳᠤ ᠰᠡᠳᠭᠢᠯᠭᠡ ᠪᠡᠷ᠂ ᠶᠡᠷᠦᠩᠬᠡᠢ ᠱᠦᠵᠢ ᠰᠢ᠎ᠶ᠋ᠢᠨ ᠫᠢᠩ᠎ᠦᠨ ᠥᠪᠡᠷᠲᠡᠭᠡᠨ ᠵᠠᠰᠠᠬᠤ ᠣᠷᠣᠨ᠎ᠳᠤ ᠲᠣᠭ᠍ᠲᠠᠭᠠᠵᠤ ᠥᠭ᠌ᠭᠦᠭ᠌ᠰᠡᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠠᠵᠢᠯᠯᠠᠭᠠᠨ᠎ᠤ ᠬᠥᠲᠥᠯᠪᠦᠷᠢ᠎ᠶ᠋ᠢ ᠡᠷᠡᠰ ᠵᠢᠷᠤᠮᠯᠠᠨ᠂ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠱᠢᠨ᠎ᠡ ᠪᠠᠢᠳᠠᠯ᠎ᠢ ᠡᠭᠦᠳᠬᠦ᠌ ᠡᠷᠴᠢ ᠵᠣᠷᠢᠭ᠎ᠢ ᠢᠯᠡᠷᠡᠭᠦᠯᠪᠡ》 ᠬᠡᠵᠤ ᠪᠠᠢᠯ᠎ᠠ᠃


1904771_wangxia_1638289272085_s.jpg


ᠡᠨᠡ ᠤᠳᠠᠭ᠎ᠠ᠎ᠶ᠋ᠢᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠬᠡᠷᠬᠢᠨ ᠪᠣᠳᠠᠲᠠᠢ ᠠᠵᠢᠯᠯᠠᠭ᠎ᠠ᠎ᠳᠠᠭᠠᠨ ᠠᠭᠤᠰᠤᠯᠴᠠᠭᠤᠯᠬᠤ ᠲᠤᠬᠠᠢ ᠲᠡᠷᠡ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠬᠥᠲᠥᠯᠪᠦᠷᠢ ᠪᠣᠯᠭᠠᠬᠤ᠎ᠶ᠋ᠢ ᠪᠠᠷᠢᠮᠲᠠᠯᠠᠨ᠂ ᠶᠣᠰᠣ ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠬᠦ᠌ ᠦᠢᠯᠡᠳᠦᠯᠭᠡ ᠳᠤᠮᠳᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠣᠶᠤᠨ ᠰᠠᠨᠠᠭᠠᠨ᠎ᠤ ᠭᠡᠷ ᠣᠷᠣᠨ᠎ᠤ ᠪᠦᠲᠦᠭᠡᠨ ᠪᠠᠢᠭᠤᠯᠤᠯᠲᠠ᠎ᠶ᠋ᠢ ᠠᠬᠢᠭᠤᠯᠵᠤ᠂ ᠣᠨᠣᠯ᠎ᠤᠨ ᠰᠤᠳᠤᠯᠭᠠᠨ ᠪᠠ ᠤᠬᠠᠭᠤᠯᠭ᠎ᠠ ᠬᠥᠮᠦᠵᠢᠯ᠎ᠢ ᠴᠢᠩᠭᠠᠳᠭᠠᠨ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠪᠠ ᠬᠥᠮᠦᠵᠢᠭᠦᠯᠬᠦ᠌ ᠠᠵᠢᠯ᠎ᠢ ᠥᠷᠭᠡᠨ ᠳᠡᠯᠭᠡᠷ ᠭᠦᠨᠵᠡᠭᠡᠢ ᠥᠷᠨᠢᠭᠦᠯᠵᠦ᠍᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠦᠭ᠌ᠴᠢ᠂ ᠳᠠᠭᠠᠭᠤᠯᠤᠭ᠍ᠴᠢ ᠪᠣᠯᠬᠤ᠎ᠪᠠᠷ ᠴᠢᠷᠮᠠᠢᠨ᠎ᠠ; ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ ᠰᠤᠷᠭᠠᠨ ᠬᠥᠮᠦᠵᠢᠯ᠎ᠦᠨ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠂ ᠰᠤᠷᠭᠠᠭᠤᠯᠢ ᠡᠷᠭᠢᠯᠡᠬᠦ᠌ ᠬᠥᠳᠡᠯᠭᠡᠬᠦ᠌ ᠬᠦᠴᠦᠨ ᠪᠠ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠍᠂ ᠴᠢᠨᠠᠷ ᠰᠠᠢᠲᠠᠶ ᠰᠤᠷᠭᠠᠨ ᠬᠥᠮᠦᠵᠢᠯ᠎ᠦᠨ ᠱᠢᠰᠲ᠋ᠧᠮ᠎ᠢ ᠪᠠᠢᠭᠤᠯᠬᠤ᠎ᠳᠤ ᠢᠳᠡᠪᠬᠢᠲᠡᠶ ᠴᠤᠤᠷᠢᠶᠠᠳᠤᠨ ᠳᠠᠭᠠᠬᠤ ᠪᠠ ᠦᠷ᠎ᠡ ᠪᠦᠲᠦᠮᠵᠢ ᠰᠠᠢᠲᠠᠶ ᠰᠥᠪᠡᠭ᠌ᠴᠢᠯᠡᠯᠲᠡ ᠬᠢᠨ᠎ᠠ; ᠢᠳᠡᠪᠬᠢᠲᠡᠢ ᠪᠥᠭᠡᠳ ᠰᠠᠨᠠᠭᠠᠴᠢᠯᠠᠭ᠎ᠠ᠎ᠠᠴᠠ᠎ᠪᠠᠨ ᠪᠦᠲᠦᠮᠵᠢᠲᠡᠢ᠎ᠪᠡᠷ ᠶᠡᠬᠡ ᠲᠠᠯ᠎ᠠ᠎ᠳᠤ ᠦᠢᠯᠡᠴᠢᠯᠡᠵᠦ᠍᠂ ᠪᠦᠬᠦ᠌ ᠲᠠᠯ᠎ᠠ᠎ᠳᠤ ᠠᠭᠤᠰᠤᠯᠴᠠᠨ᠂ ᠱᠢᠨ᠎ᠡ ᠪᠠᠢᠳᠠᠯ᠎ᠢ᠎ᠲᠦᠷᠭᠡᠳᠭᠡᠨ᠎ᠠᠬᠢᠭᠤᠯᠵᠤ᠂ ᠠᠮᠢᠳᠤ ᠪᠣᠳᠠᠰ᠂ ᠬᠢᠮᠢ ᠬᠢᠭᠡᠳ ᠬᠢᠮᠢ ᠵᠢᠨ ᠢᠨᠵᠸᠨ᠋ᠸᠷᠢᠩ ᠵᠡᠷᠭᠡ ᠬᠢᠴᠢᠶᠡᠯ ᠱᠢᠨᠵᠢᠯᠡᠭᠡᠨ᠎ᠦ ᠰᠦᠷᠦᠭ᠌ᠵᠢᠯ᠎ᠢ ᠵᠣᠬᠢᠶᠠᠨ ᠪᠠᠢᠭᠤᠯᠤᠨ ᠨᠢᠭᠡᠳᠦᠯᠲᠡᠢ᠎ᠲᠥᠯᠥᠪᠯᠡᠨ ᠠᠬᠢᠭᠤᠯᠵᠤ᠂᠎ᠥᠪᠡᠷᠲᠡᠭᠡᠨ ᠵᠠᠰᠠᠬᠤ ᠣᠷᠣᠨ᠎ᠤ ᠣᠨᠴᠠᠯᠢᠭ᠍ᠲᠤ ᠠᠵᠤ ᠦᠢᠯᠡᠰ᠎ᠯᠦᠭᠡ᠎ᠵᠣᠯᠭᠠᠭᠤᠯᠵᠤ᠂ ᠣᠷᠣᠨ ᠨᠤᠲᠤᠭ ᠪᠠ ᠠᠵᠤ ᠠᠬᠤᠢᠯᠠᠯ᠎ᠯᠤᠭ᠎ᠠ ᠦᠢᠯᠡᠳᠪᠦᠷᠢᠯᠡᠬᠦ᠌ ᠵᠢᠭᠠᠬᠤ ᠎ᠰᠤᠳᠤᠯᠬᠤ ᠰᠠᠭᠤᠷᠢᠨ᠎ᠢ ᠪᠠᠢᠭᠤᠯᠤᠨ᠂ ᠵᠠᠩᠭᠢᠯᠠᠭ᠎ᠠ᠎ᠶ᠋ᠢᠨ ᠭᠣᠣᠯᠯᠠᠬᠤ ᠬᠦᠷᠢᠶᠡᠨ᠎ᠳᠤ᠎ᠱᠢᠨᠵᠢᠯᠡᠬᠦ᠌᠎ᠤᠬᠠᠭᠠᠨ᠎ᠤ᠎ᠰᠤᠳᠤᠯᠭᠠᠨ᠎ᠤ ᠪᠣᠭᠣᠮᠲᠠ ᠱᠢᠪᠲᠤᠯᠤᠯᠳᠠ᠎ᠶ᠋ᠢ ᠥᠷᠨᠢᠭᠦᠯᠵᠦ᠍᠂ ᠱᠢᠨ᠎ᠡ᠎ᠶ᠋ᠢ ᠡᠭᠦᠳᠬᠦ᠌ ᠬᠡᠯᠪᠡᠷᠢ᠎ᠶ᠋ᠢᠨ ᠥᠪᠥᠷ ᠮᠣᠩᠭᠣᠯ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠡᠷ ᠮᠠᠯ ᠠᠵᠤ ᠠᠬᠤᠢ ᠲᠠᠷᠢᠶᠠᠯᠠᠩ ᠢ᠋ ᠬᠥᠭ᠌ᠵᠢᠭᠦᠯᠬᠦ᠌᠂ ᠲᠡᠷᠢᠭᠦᠨ᠎ᠦ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢᠲᠠᠨ ᠪᠠ ᠱᠢᠨ᠎ᠡ᠎ᠶ᠋ᠢ ᠡᠭᠦᠳᠬᠦ᠌ ᠪᠦᠯᠬᠦᠮ ᠨᠡᠢᠲᠡ᠎ᠶ᠋ᠢ ᠬᠥᠲᠥᠯᠥᠨ ᠬᠥᠮᠥᠵᠢᠬᠥᠯᠬᠥ ᠢᠨᠵᠧᠨᠧᠷᠢᠩ᠎ᠢ ᠬᠡᠷᠡᠭ᠌ᠵᠢᠭᠦᠯᠬᠦ᠌ ᠳᠤᠮᠳᠠ ᠣᠶᠤᠨ᠎ᠤ ᠲᠤᠯᠭᠠᠭᠤᠷᠢᠯᠠᠯ ᠬᠠᠩᠭᠠᠨ᠎ᠠ ᠬᠡᠵᠤ ᠢᠯᠡᠷᠬᠡᠢᠯᠡᠪᠡ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面