2021-11-30 10:40:40

《ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ᠎ᠳᠡᠬᠢ ᠵᠢᠭᠤᠯᠴᠢᠯᠠᠯ᠎ᠤᠨ ᠦᠢᠯᠡᠰ᠎ᠦᠨ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠢ ᠥᠭᠡᠷᠡᠴᠢᠯᠡᠯᠲᠡ᠎ᠶ᠋ᠢ ᠲᠦᠷᠭᠡᠳᠭᠡᠬᠦ᠌ ᠲᠤᠬᠠᠢ ᠪᠠᠢᠷᠢᠯᠠᠭᠤᠯᠤᠯᠲᠠ ᠨᠢ ᠬᠢᠩᠭᠠᠨ ᠠᠢᠮᠠᠭ᠎ᠤᠨ ᠵᠢᠭᠤᠯᠴᠢᠯᠠᠯ᠎ᠤᠨ ᠲᠥᠬᠥᠭᠡᠷᠦᠮᠵᠢ᠎ᠶ᠋ᠢ ᠲᠡᠭᠦᠯᠳᠡᠷᠵᠢᠭᠦᠯᠬᠦ᠌᠂ ᠵᠢᠭᠤᠯᠴᠢᠯᠠᠯ᠎ᠤᠨ ᠦᠢᠯᠡᠰ᠎ᠢ ᠪᠠᠶᠠᠯᠢᠭ᠍ᠵᠢᠭᠤᠯᠬᠤ᠂ ᠵᠢᠭᠤᠯᠴᠢᠯᠠᠯ᠎ᠤᠨ ᠦᠢᠯᠡᠳᠬᠦᠨ᠎ᠦ ᠬᠠᠩᠭᠠᠯᠭ᠎ᠠ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠳᠦ ᠴᠢᠭ᠌ᠯᠡᠯ᠎ᠢ ᠲᠣᠳᠣᠷᠬᠠᠢ ᠵᠢᠭᠠᠵᠤ ᠵᠢᠷᠤᠮᠯᠠᠯ ᠬᠠᠩᠭᠠᠵᠠᠢ》ᠭᠡᠵᠦ ᠬᠢᠩᠭᠠᠨ ᠠᠢᠮᠠᠭ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠲᠥᠯᠥᠭᠡᠯᠡᠭ᠌ᠴᠢ ᠰᠦᠬᠡ ᠰᠤᠷᠪᠤᠯᠵᠢᠯᠠᠭ᠎ᠠ ᠬᠦᠯᠢᠶᠡᠬᠦ᠌᠎ᠳᠡᠭᠡᠨ ᠬᠡᠯᠡᠪᠡ᠃
ᠰᠦᠬᠡ᠂ ᠬᠢᠩᠭᠠᠨ ᠠᠢᠮᠠᠭ ᠪᠣᠯ ᠤᠯᠤᠰ᠎ᠤᠨ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠵᠢᠱ᠌ᠢᠢ᠎ᠡ ᠦᠵᠡᠭᠦᠯᠬᠦ᠌ ᠠᠢᠮᠠᠭ ᠪᠣᠯᠤᠨ᠎ᠠ᠂ ᠤᠯᠤᠰ᠎ᠤᠨ《ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ》 ᠭᠡᠬᠦ᠌ ᠦᠢᠯᠡᠳᠦᠯᠭᠡ᠎ᠶ᠋ᠢᠨ ᠱᠢᠨ᠎ᠡ᠎ᠶ᠋ᠢ ᠡᠭᠦᠳᠬᠦ᠌ ᠰᠠᠭᠤᠷᠢᠨ ᠮᠦᠨ᠂ 6 ᠲᠦᠮᠡᠨ ᠲᠡᠭ᠌ᠰᠢ ᠳᠥᠷᠪᠡᠯᠵᠢᠨ ᠺᠢᠯᠤᠮᠸᠲᠷ᠎ᠤᠨ ᠨᠤᠲᠤᠭ ᠳᠡᠪᠢᠰᠭᠡᠷ᠎ᠦᠨ ᠬᠠᠭᠠᠰ ᠨᠢ ᠲᠠᠯ᠎ᠠ ᠨᠤᠲᠤᠭ᠂ ᠭᠤᠷᠪᠠᠨ᠎ᠤ ᠨᠢᠭᠡ ᠨᠢ ᠤᠢ ᠱᠢᠭᠤᠢ᠂ ᠠᠷᠪᠠᠨ᠎ᠤ ᠨᠢᠭᠡ᠎ᠨᠢ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ ᠪᠤᠯᠤᠨ᠎ᠠ᠂ ᠪᠠᠢᠭᠠᠯᠢ᠎ᠶ᠋ᠢᠨ ᠦᠩᠭᠡ ᠦᠵᠡᠮᠵᠢ ᠭᠣᠢᠳᠠ ᠰᠠᠢᠬᠠᠨ᠂ ᠣᠷᠣᠨ ᠨᠤᠳᠤᠭ᠎ᠤᠨ ᠰᠣᠶᠣᠯ ᠡᠯᠪᠡᠭ ᠪᠠᠶᠠᠯᠢᠭ᠂ ᠠᠷᠠᠳ᠎ᠤᠨ ᠵᠠᠩ ᠦᠢᠯᠡ ᠥᠪᠡᠷᠮᠢᠴᠡ ᠰᠠᠢᠬᠠᠨ ᠪᠠᠢᠳᠠᠭ᠃ ᠵᠢᠭᠤᠯᠴᠢᠯᠠᠯ᠎ᠤᠨ ᠦᠢᠯᠡᠰ ᠪᠣᠯ ᠬᠢᠩᠭᠠᠨ ᠠᠢᠮᠠᠭ᠎ᠤᠨ ᠭᠣᠣᠯᠳᠠᠯᠭ᠎ᠠ᠎ᠲᠠᠶ ᠪᠣᠢᠵᠢᠭᠤᠯᠤᠨ ᠬᠥᠭ᠌ᠵᠢᠭᠦᠯᠬᠦ᠌ ᠳᠠᠪᠠᠭᠤᠯᠢᠭ ᠪᠦᠬᠦᠢ ᠣᠨᠴᠠᠯᠢᠭ᠍ᠲᠤ ᠠᠵᠤ ᠦᠢᠯᠡᠰ ᠪᠣᠯᠤᠨ᠎ᠠ ᠭᠡᠵᠦ ᠪᠠᠢᠯ᠎ᠠ᠃
ᠰᠦᠬᠡ᠂ᠬᠢᠩᠭᠠᠨᠠᠢᠮᠠᠭᠵᠦᠷᠢᠶᠡᠴᠢᠯᠡᠭ᠌ᠰᠡᠨ ᠳᠡᠭᠡᠳᠦ ᠲᠡᠰᠵᠢᠭ᠌ᠰᠡᠨ ᠬᠥᠭ᠌ᠵᠢᠯᠲᠡ᠎ᠶ᠋ᠢᠨ ᠪᠠᠢᠷᠢ ᠲᠣᠭ᠍ᠲᠠᠭᠠᠯᠲᠠ᠎ᠶ᠋ᠢ ᠪᠠᠷᠢᠮᠲᠠᠯᠠᠬᠤ᠂ ᠪᠦᠬᠦ᠌ ᠣᠷᠣᠨ ᠪᠦᠰᠡ᠂ ᠪᠦᠬᠦ᠌ ᠤᠯᠠᠷᠢᠯ᠂ ᠪᠦᠬᠦ᠌ ᠠᠷᠠᠳ᠂ ᠪᠦᠷᠢᠨᠡᠵᠡᠩᠨᠡᠯᠲᠡᠶ᠋ᠢᠨ ᠪᠠᠢᠳᠠᠯ᠂ ᠪᠦᠬᠦ᠌ ᠡᠯᠧᠮᠧᠨ᠋ᠲ ᠦᠨ ᠵᠢᠭᠤᠯᠴᠢᠯᠠᠯ᠎ᠢ ᠬᠦᠭᠵᠢᠬᠦᠯᠬᠦ ᠪᠡᠷ ᠭᠠᠷᠳᠠᠴᠠ ᠪᠣᠯᠭᠠᠵᠤ᠂ ᠬᠢᠩᠭᠠᠨ ᠠᠢᠮᠠᠭ᠎ᠤᠨ ᠵᠢᠭᠤᠯᠴᠢᠯᠠᠯ ᠢ᠋ ᠷᠠᠱᠢᠶᠠᠨ᠎ᠤ 《ᠬᠦᠪᠴᠢ ᠤᠢ ᠷᠠᠱᠢᠶᠠᠨ ᠤᠰᠤ》 ᠡᠴᠡ ᠤᠯᠠᠭᠠᠨᠬᠣᠲᠠ᠎ᠶ᠋ᠢᠨ《ᠬᠤᠪᠢᠰᠭᠠᠯ ᠤ᠋ᠨ ᠤᠷᠤᠨ ᠤ᠋ ᠵᠢᠭᠤᠯᠴᠢᠯᠠᠯ》ᠬᠦᠷᠲᠡᠯ᠎ᠡ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ 《ᠪᠠᠳᠤᠴᠠᠭᠠᠨ ᠰᠤᠯᠤᠩᠭᠠᠷᠠᠭᠰᠠᠨ ᠠᠳᠤᠭᠤᠨ ᠤ ᠨᠤᠳᠤᠭ》 ᠡᠴᠡ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ 《ᠬᠠᠩᠭᠠᠢ ᠨᠤᠲᠤᠭ》 ᠬᠦᠷᠲᠡᠯ᠎ᠡ᠂ ᠵᠠᠯᠠᠢᠳ ᠬᠣᠱᠢᠭᠤᠨ᠎ᠤ 《ᠪᠤᠭᠳᠠ ᠠᠭᠤᠯᠠᠨ ᠤ᠋ ᠬᠣᠪᠣᠷ ᠱᠢᠪᠠᠭᠤᠳ》 ᠡᠴᠡ ᠲᠦᠴᠢᠦᠸᠠᠨ ᠱᠢᠶᠠᠨ᠎ᠤ 《ᠴᠦᠨ ᠵᠧᠦ᠍᠎ᠶ᠋ᠢᠨ ᠡᠷᠲᠡᠨ᠎ᠦ ᠬᠤᠳᠠ》 ᠬᠦᠷᠲᠡᠯ᠎ᠡ᠂ ᠡᠮᠦᠨ᠎ᠡ᠎ᠡᠴᠡ ᠤᠮᠠᠷ᠎ᠠ ᠬᠦᠷᠲᠡᠯ᠎ᠡ ᠪᠦᠷ ᠬᠦᠷ ᠬᠦᠭᠵᠢᠶᠡᠨᠳᠡᠢ᠂ ᠵᠢᠯ᠎ᠦᠨ ᠳᠥᠷᠪᠡᠨ ᠤᠯᠠᠷᠢᠯ᠎ᠳᠤ ᠪᠦᠷ ᠬᠦᠭᠵᠢᠯ ᠪᠠᠳᠠᠷᠠᠩᠭᠤᠢ ᠪᠤᠯᠭᠠᠨ᠂ ᠬᠢᠩᠭᠠᠨ ᠠᠢᠮᠠᠭ᠎ᠤᠨ ᠪᠦᠬᠦ᠌ ᠣᠷᠣᠨ ᠪᠦᠰᠡ᠎ᠶ᠋ᠢ ᠲᠣᠮᠣ ᠦᠵᠡᠮᠵᠢ᠎ᠶ᠋ᠢᠨ ᠣᠷᠣᠨ᠂ ᠲᠤᠮᠤ ᠵᠤᠭ᠎ᠠ ᠰᠡᠯᠡᠭᠦᠴᠡᠯ᠎ᠦᠨ ᠤᠷᠤᠨ᠂ ᠳᠤᠮᠤ ᠠᠮᠠᠷᠠᠨ ᠵᠢᠭᠤᠯᠴᠢᠯᠠᠬᠤ ᠤᠷᠤᠨ ᠪᠤᠯᠭᠠᠨ ᠪᠦᠲᠦᠭᠡᠨ ᠪᠠᠢᠭᠤᠯᠤᠨ᠎ᠠ ᠭᠡᠵᠦ ᠢᠯᠡᠳᠭᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃