2026-09-06 12:00:39
《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ》 (ᠳᠣᠷᠣᠭ᠍ᠰᠢ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ ᠭᠡᠵᠦ ᠲᠦᠬᠦᠮᠴᠢᠯᠡᠨ᠎ᠡ)ᠵᠢ ᠨᠡᠢᠲᠡᠯᠡᠨ ᠬᠡᠷᠡᠭᠵᠢᠭᠦᠯᠦᠭᠰᠡᠨ᠎ᠡᠴᠡ ᠨᠠᠭᠠᠰᠢ᠂ ᠰᠢᠯᠢ᠎ᠶᠢᠨ ᠭᠣᠣᠯ ᠠᠢᠮᠠᠭ᠎ᠤᠨ ᠡᠯ᠎ᠡ ᠬᠣᠰᠢᠭᠤ ᠰᠢᠶᠠᠨ(ᠬᠣᠲᠠ᠂ ᠲᠣᠭᠣᠷᠢᠭ᠋)᠂ ᠠᠢᠮᠠᠭ᠎ᠤᠨ ᠰᠢᠭᠤᠳ ᠬᠠᠷᠢᠶ᠎ᠠ ᠪᠠᠢᠭᠤᠯᠭ᠎ᠠ᠂ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠂ ᠶᠡᠬᠡ ᠳᠡᠭᠡᠳᠦ ᠰᠤᠷᠭᠠᠭᠤᠯᠢ᠂ ᠠᠵᠢᠯ ᠲᠥᠷᠥᠯ᠎ᠦᠨ ᠭᠣᠣᠯ ᠴᠣᠭᠴᠠ ᠬᠠᠮᠵᠢᠯᠴᠠᠨ ᠬᠣᠯᠪᠤᠭᠠᠯᠠᠨ ᠬᠥᠳᠡᠯᠦᠯᠴᠡᠬᠦ᠎ᠶᠢ ᠪᠠᠷᠢᠮᠲᠠᠯᠠᠵᠤ᠂ ᠬᠠᠤᠯᠢ ᠲᠦᠭᠡᠮᠡᠯᠵᠢᠭᠦᠯᠬᠦ ᠪᠠ ᠬᠠᠤᠯᠢ ᠶᠣᠰᠣᠭᠠᠷ ᠵᠠᠰᠠᠬᠤ᠎ᠶᠢ ᠬᠠᠷᠢᠯᠴᠠᠨ ᠤᠶᠠᠯᠳᠤᠭᠤᠯᠬᠤ᠂ ᠰᠦᠯᠵᠢᠶᠡᠨ ᠳᠡᠭᠡᠷ᠎ᠠ ᠪᠠ ᠪᠤᠳᠠᠲᠤ ᠴᠤᠭᠴᠠᠵᠢᠨ ᠤᠬᠠᠭᠤᠯᠭ᠎ᠠ᠎ᠶᠢ ᠬᠠᠷᠢᠯᠴᠠᠨ ᠨᠢᠭᠡᠳᠦᠯᠲᠡᠢ ᠲᠥᠯᠥᠪᠵᠢᠭᠦᠯᠬᠦ᠂ ᠺᠠᠳ᠋ᠷ᠎ᠤᠨ ᠰᠤᠳᠤᠯᠤᠨ ᠰᠤᠷᠤᠯᠴᠠᠬᠤ ᠪᠠ ᠣᠯᠠᠨ ᠲᠦᠮᠡᠨ᠎ᠳᠤ ᠲᠦᠭᠡᠮᠡᠯᠵᠢᠭᠦᠯᠬᠦ᠎ᠶᠢ ᠵᠡᠷᠭᠡ᠎ᠪᠡᠷ ᠠᠬᠢᠭᠤᠯᠬᠤ᠎ᠵᠢ ᠪᠠᠷᠢᠮᠲᠠᠯᠠᠵᠤ᠂ ᠰᠤᠷᠤᠯᠴᠠᠯᠭ᠎ᠠ ᠤᠬᠠᠭᠤᠯᠭ᠎ᠠ᠎ᠶᠢᠨ ᠠᠵᠢᠯ᠎ᠢ ᠲᠠᠰ ᠳᠠᠪᠬᠤᠷᠭ᠎ᠠ ᠲᠥᠷᠥᠯ ᠬᠤᠪᠢᠶᠠᠵᠤ᠂ ᠪᠥᠬᠥ ᠣᠷᠣᠨ ᠪᠦᠰᠡ᠎ᠳᠦ ᠨᠡᠢᠳᠡᠮ ᠥᠷᠨᠢᠭᠦᠯᠵᠦ᠂ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ᠎ᠦ ᠬᠠᠤᠯᠢ ᠪᠡᠷ ᠵᠠᠰᠠᠬᠤ ᠬᠡᠪ ᠪᠣᠯᠪᠠᠰᠤᠷᠠᠯ᠎ᠢ ᠦᠷᠭᠦᠯᠵᠢᠯᠡᠨ ᠳᠡᠭᠡᠭᠰᠢᠯᠡᠭᠦᠯᠵᠦ᠂ ᠬᠠᠤᠯᠢ ᠴᠠᠭᠠᠵᠠ᠎ᠶᠢ ᠪᠥᠬᠥ ᠲᠠᠯ᠎ᠠ᠎ᠪᠠᠷ ᠪᠦᠲᠦᠮᠵᠢᠲᠡᠶ ᠬᠡᠷᠡᠭᠵᠢᠭᠦᠯᠬᠦ᠎ᠳᠦ ᠰᠠᠢᠨ ᠰᠠᠢᠬᠠᠨ ᠠᠭᠤᠷ ᠠᠮᠢᠰᠬᠤᠯ᠎ᠢ ᠪᠤᠢ ᠪᠤᠯᠭᠠᠪᠠ᠃
ᠨᠢᠭᠡᠳᠦᠯᠲᠡᠢ ᠲᠥᠯᠥᠪᠵᠢᠭᠦᠯᠦᠨ ᠪᠠᠢᠷᠢᠯᠠᠭᠤᠯᠵᠤ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ᠎ᠶᠢᠨ ᠬᠠᠷᠢᠭᠤᠴᠠᠯᠭ᠎ᠠ᠎ᠵᠢ ᠪᠣᠳᠠᠲᠠᠢᠵᠢᠭᠤᠯᠪᠠ
ᠠᠢᠮᠠᠭ᠎ᠤᠨ ᠦᠨᠳᠦᠰᠦᠲᠡᠨ᠎ᠦ ᠬᠡᠷᠡᠭ ᠡᠷᠬᠢᠯᠡᠬᠦ ᠵᠥᠪᠯᠡᠯ ᠲᠦᠷᠦᠭᠦᠯᠡᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ᠎ᠤᠨ ᠲᠥᠰᠥᠯ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ 8 ᠵᠦᠢᠯ᠎ᠦᠨ ᠭᠣᠣᠯᠳᠠᠯᠭ᠎ᠠ᠎ᠲᠠᠢ ᠡᠭᠦᠷᠭᠡ᠎ᠶᠢ ᠲᠣᠳᠣᠷᠬᠠᠢᠯᠠᠨ᠂ ᠰᠠᠯᠠᠭ᠎ᠠ ᠮᠥᠴᠢᠷ᠎ᠦᠨ ᠲᠤᠰᠢᠶᠠᠯ ᠬᠠᠷᠢᠭᠤᠴᠠᠯᠭ᠎ᠠ᠎ᠶᠢ ᠨᠠᠷᠢᠯᠢᠭ᠍ᠵᠢᠭᠤᠯᠵᠤ᠂ ᠳᠡᠭᠡᠳᠦ ᠳᠣᠣᠷᠠᠳᠤ ᠱᠠᠲᠤ ᠪᠡᠷ᠎ᠵᠢᠡᠨ ᠬᠤᠯᠪᠤᠯᠳᠤᠨ ᠨᠡᠪᠲᠡᠷᠡᠯᠴᠡᠭᠦᠯᠦᠭᠰᠡᠨ᠂ ᠵᠡᠷᠭᠡ᠎ᠪᠡᠷ ᠠᠳᠬᠤᠨ ᠬᠠᠮᠲᠤ᠎ᠪᠠᠷ ᠬᠠᠮᠢᠶᠠᠷᠤᠭᠰᠠᠨ ᠪᠥᠬᠥ ᠣᠷᠣᠨ ᠪᠦᠰᠡ᠎ᠶᠢᠨ ᠬᠠᠤᠯᠢ ᠲᠦᠭᠡᠮᠡᠯᠵᠢᠭᠦᠯᠬᠦ ᠪᠠᠢᠷᠢᠰᠢᠯ᠎ᠢ ᠪᠠᠢᠭᠤᠯᠪᠠ᠃ ᠡᠯ᠎ᠡ ᠭᠠᠵᠠᠷ ᠡᠯ᠎ᠡ ᠨᠢᠭᠡᠴᠢ᠎ᠶᠢᠨ ᠬᠢᠨ ᠨᠠᠢᠳᠠᠪᠤᠷᠢᠵᠢᠭᠤᠯᠬᠤ ᠠᠷᠭ᠎ᠠ ᠬᠡᠮᠵᠢᠶ᠎ᠡ᠎ᠶᠢ ᠵᠡᠷᠭᠡ᠎ᠪᠡᠷ ᠨᠠᠷᠢᠯᠢᠭ᠍ᠵᠢᠭᠤᠯᠵᠤ᠂ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢ ᠠᠬᠢᠭᠤᠯᠬᠤ ᠬᠠᠤᠯᠢ᠎ᠶᠢ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢᠯᠠᠩ) ᠵᠢᠨ ᠤᠨᠤᠯ ᠰᠤᠷᠤᠯᠴᠠᠬᠤ ᠭᠣᠣᠯ ᠳᠤᠭᠤᠢᠯᠠᠩ᠂ 《ᠭᠤᠷᠪᠠᠨ ᠬᠤᠷᠠᠯ ᠨᠢᠭᠡ ᠬᠢᠴᠢᠶᠡᠯ》᠂ ᠭᠣᠣᠯ ᠰᠡᠳᠦᠪᠲᠦ ᠨᠠᠮ᠎ᠤᠨ ᠡᠳᠦᠷ ᠵᠢᠴᠢ ᠺᠠᠳ᠋ᠷ᠎ᠤᠨ ᠬᠠᠤᠯᠢ ᠪᠡᠷ ᠵᠠᠰᠠᠬᠤ ᠬᠥᠮᠦᠵᠢᠯ ᠪᠣᠯᠪᠠᠰᠤᠷᠠᠯ᠎ᠤᠨ ᠵᠠᠪᠠᠯ ᠰᠤᠷᠬᠤ ᠬᠢᠴᠢᠶᠡᠯ᠎ᠳᠦ ᠣᠷᠣᠭᠤᠯᠵᠤ᠂ ᠨᠠᠮ᠎ᠤᠨ ᠭᠡᠰᠢᠭᠦᠨ ᠺᠠᠳ᠋ᠷ᠎ᠤᠨ ᠬᠠᠤᠯᠢ᠎ᠶᠢ ᠰᠤᠷᠤᠯᠴᠠᠬᠤ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ᠎ᠶᠢ ᠴᠢᠩᠭ᠎ᠠ ᠨᠠᠢᠳᠠᠪᠤᠷᠢᠵᠢᠭᠤᠯᠪᠠ᠃ ᠠᠢᠮᠠᠭ᠎ᠤᠨ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ ᠵᠡᠷᠭᠡ ᠠᠢᠮᠠᠭ᠎ᠤᠨ ᠰᠢᠭᠤᠳ ᠬᠠᠷᠢᠶ᠎ᠠ ᠰᠠᠯᠠᠭ᠎ᠠ ᠮᠥᠴᠢᠷ ᠲᠤᠰᠬᠠᠢ ᠰᠡᠳᠦᠪ᠎ᠢᠶᠡᠷ ᠰᠤᠳᠤᠯᠤᠨ ᠪᠠᠢᠷᠢᠯᠠᠭᠤᠯᠵᠤ᠂ ᠬᠠᠤᠯᠢ ᠲᠦᠭᠡᠮᠡᠯᠵᠢᠭᠦᠯᠬᠦ ᠠᠵᠢᠯ᠎ᠤᠨ ᠲᠥᠯᠥᠪᠯᠡᠭᠡ᠎ᠶᠢ ᠲᠣᠭᠲᠠᠭᠠᠵᠤ᠂ ᠠᠢᠮᠠᠭ᠎ᠤᠨ ᠨᠠᠮ᠎ᠤᠨ ᠬᠣᠷᠢᠶᠠᠨ᠎ᠤ ᠨᠠᠮ᠎ᠤᠨ ᠰᠤᠷᠭᠠᠭᠤᠯᠢ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢ ᠭᠣᠣᠯ ᠴᠣᠭᠴᠠ᠎ᠶᠢᠨ ᠠᠩᠭᠢ᠎ᠶᠢᠨ ᠵᠢᠭᠠᠨ ᠰᠤᠷᠭᠠᠯᠲᠠ᠎ᠶᠢᠨ ᠬᠢᠴᠢᠶᠡᠯ᠎ᠳᠦ ᠣᠷᠣᠭᠤᠯᠤᠭᠰᠠᠨ ᠪᠥᠭᠡᠳ ᠰᠢᠨᠵᠢᠯᠡᠬᠦ ᠤᠬᠠᠭᠠᠨ᠎ᠤ ᠰᠤᠳᠤᠯᠭᠠᠨ᠎ᠤ ᠲᠤᠰᠬᠠᠢ ᠰᠡᠳᠦᠪ ᠭᠠᠷᠭᠠᠵᠤ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢ ᠪᠥᠬᠥ ᠠᠢᠮᠠᠭ᠎ᠲᠤ ᠨᠠᠢᠳᠠᠪᠤᠷᠢᠵᠢᠭᠤᠯᠬᠤ᠎ᠳᠤ ᠪᠠᠲᠤ ᠴᠢᠩᠭ᠎ᠠ ᠳᠦᠷᠢᠮ᠎ᠦᠨ ᠲᠤᠯᠭᠠᠭᠤᠷᠢᠯᠠᠯ ᠬᠠᠩᠭᠠᠪᠠ᠃
ᠳᠠᠪᠬᠤᠷᠭ᠎ᠠ ᠬᠤᠪᠢᠶᠠᠨ ᠣᠨᠣᠴᠠᠲᠠᠢ ᠪᠠᠷ ᠬᠠᠤᠯᠢ ᠶᠢ ᠰᠤᠷᠤᠯᠴᠠᠵᠤ᠂ ᠺᠠᠳ᠋ᠷᠴᠤᠳ᠎ᠤᠨ ᠦᠨᠳᠦᠰᠦᠲᠡᠨ᠎ᠦ ᠬᠡᠷᠡᠭ ᠶᠠᠪᠤᠳᠠᠯ᠎ᠢ ᠬᠠᠤᠯᠢ᠎ᠶᠤᠰᠤᠭᠠᠷ ᠵᠠᠰᠠᠬᠤ ᠴᠢᠳᠠᠪᠤᠷᠢ ᠵᠢ ᠳᠡᠭᠡᠭᠰᠢᠯᠡᠭᠦᠯᠪᠡ
ᠠᠯᠪᠠᠨ ᠲᠤᠰᠢᠶᠠᠯᠲᠠᠨ᠎ᠤ ᠬᠠᠤᠯᠢ᠎ᠪᠠᠷ ᠵᠠᠰᠠᠬᠤ ᠴᠢᠳᠠᠪᠤᠷᠢ᠎ᠶᠢ ᠳᠡᠭᠡᠭᠰᠢᠯᠡᠭᠦᠯᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠲᠠᠰ ᠳᠠᠪᠬᠤᠷᠭ᠎ᠠ ᠬᠤᠪᠢᠶᠠᠨ᠂ ᠬᠦᠷᠢᠶ᠎ᠡ ᠬᠡᠪᠴᠢᠶ᠎ᠡ ᠬᠤᠪᠢᠶᠠᠨ ᠰᠢᠰᠲᠧᠮ᠎ᠲᠠᠢ ᠪᠡᠷ ᠬᠠᠤᠯᠢᠰᠤᠷᠬᠤ ᠪᠣᠯᠪᠠᠰᠤᠷᠠᠯ᠎ᠢ ᠵᠣᠬᠢᠶᠠᠨ ᠪᠠᠢᠭᠤᠯᠵᠤ᠂ ᠺᠠᠳ᠋ᠷᠴᠤᠳ᠎ᠤᠨ ᠬᠠᠤᠯᠢ ᠴᠠᠭᠠᠵᠠ᠎ᠶᠢᠨ ᠵᠦᠢᠯ ᠵᠤᠷᠪᠤᠰ᠎ᠢ ᠨᠡᠪᠲᠡᠷᠬᠡᠢ ᠣᠢᠯᠠᠭᠠᠬᠤ᠂ ᠬᠠᠤᠯᠢ᠎ᠪᠠᠷ ᠵᠠᠰᠠᠬᠤ ᠰᠡᠳᠬᠢᠬᠦᠢ᠎ᠶᠢ ᠪᠠᠲᠤ ᠪᠣᠶ ᠪᠣᠯᠭᠠᠬᠤ᠎ᠵᠢ ᠠᠬᠢᠭᠤᠯᠪᠠ᠃ ᠨᠢᠭᠡ᠎ᠳᠦ᠂ ᠤᠳᠤᠷᠢᠳᠬᠤ ᠺᠠᠳ᠋ᠷᠴᠤᠳ᠎ᠤᠨ ᠲᠤᠰᠬᠠᠢ ᠰᠡᠳᠦᠪ᠎ᠢᠶᠡᠷ ᠰᠤᠳᠤᠯᠤᠨ ᠰᠤᠷᠤᠯᠴᠠᠬᠤ᠎ᠶᠢ ᠪᠣᠳᠠᠲᠠᠢ ᠠᠳᠬᠤᠪᠠ᠃ ᠠᠢᠮᠠᠭ᠎ᠤᠨ ᠦᠨᠳᠦᠰᠦᠲᠡᠨ᠎ᠦ ᠬᠡᠷᠡᠭ ᠡᠷᠬᠢᠯᠡᠬᠦ ᠵᠥᠪᠯᠡᠯ 50 ᠭᠠᠷᠤᠢ ᠦᠨᠳᠦᠰᠦᠲᠡᠨ᠎ᠦ ᠠᠵᠢᠯ᠎ᠤᠨ ᠺᠠᠳ᠋ᠷ᠂ ᠲᠤᠬᠠᠢᠯᠠᠭᠰᠠᠨ ᠠᠵᠢᠯ᠎ᠤᠨ ᠭᠣᠣᠯᠯᠠᠭ᠍ᠴᠢ᠎ᠶᠢ ᠵᠣᠬᠢᠶᠠᠨ ᠪᠠᠢᠭᠤᠯᠵᠤ ᠲᠥᠪ᠎ᠦᠨ ᠦᠨᠳᠦᠰᠦᠲᠡᠨ᠎ᠦ ᠺᠠᠳ᠋ᠷ᠎ᠤᠨ ᠳᠡᠭᠡᠳᠦ ᠰᠤᠷᠭᠠᠭᠤᠯᠢ᠎ᠳᠤ ᠣᠴᠢᠭᠤᠯᠤᠨ ᠠᠵᠢᠯ᠎ᠡᠴᠡ ᠨᠢ ᠰᠠᠯᠭᠠᠵᠤ ᠪᠣᠯᠪᠠᠰᠤᠷᠠᠯ᠎ᠳᠤ ᠣᠷᠣᠯᠴᠠᠭᠤᠯᠵᠤ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢ ᠲᠤᠰᠬᠠᠢ ᠰᠡᠳᠦᠪ᠎ᠢᠶᠡᠷ ᠰᠤᠷᠤᠯᠴᠠᠭᠤᠯᠪᠠ᠃ ᠰᠦᠯᠵᠢᠶᠡᠨ ᠳᠡᠭᠡᠷ᠎ᠡ ᠪᠠ ᠪᠤᠳᠠᠲᠤ ᠴᠤᠭᠴᠠᠳᠤ ᠬᠠᠮᠲᠤᠷᠠᠨ ᠲᠤᠰᠬᠠᠢ ᠰᠡᠳᠦᠪᠲᠦ ᠤᠬᠠᠭᠤᠯᠤᠨ ᠲᠠᠢᠯᠪᠤᠷᠢᠯᠠᠯᠲᠠ ᠬᠢᠵᠦ᠂ ᠤᠯᠤᠰ᠎ᠤᠨ ᠦᠨᠳᠦᠰᠦᠲᠡᠨ᠎ᠦ ᠬᠡᠷᠡᠭ ᠡᠷᠭᠢᠯᠡᠬᠦ ᠵᠥᠪᠯᠡᠯ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠎ᠢ ᠤᠷᠢᠵᠤ ᠠᠢᠮᠠᠭ᠂ ᠬᠣᠰᠢᠭᠤ᠂ ᠰᠤᠮᠤ᠂ ᠭᠠᠴᠠᠭ᠎ᠠ ᠳᠥᠷᠪᠡᠨ ᠱᠠᠲᠤᠨ᠎ᠤ ᠮᠢᠩᠭ᠎ᠠ ᠭᠠᠷᠤᠢ ᠺᠠᠳ᠋ᠷ᠎ᠲᠦ ᠬᠠᠮᠲᠦ ᠪᠡᠷ ᠬᠢᠴᠢᠶᠡᠯ ᠣᠷᠣᠭᠤᠯᠪᠠ᠃ ᠬᠣᠶᠠᠷ᠎ᠲᠤ᠂ ᠬᠠᠨᠳᠤᠯᠭ᠎ᠠ ᠲᠠᠢ ᠪᠡᠷ ᠬᠠᠤᠯᠢ᠎ᠪᠠᠷ ᠵᠠᠰᠠᠬᠤ ᠰᠤᠷᠤᠯᠴᠠᠯᠭ᠎ᠠ ᠥᠷᠨᠢᠭᠦᠯᠪᠡ᠃ ᠠᠢᠮᠠᠭ᠎ᠤᠨ ᠡᠳ᠋᠎ᠦᠨ ᠵᠠᠰᠠᠭ᠎ᠤᠨ ᠲᠣᠪᠴᠢᠶ᠎ᠠ᠂ ᠮᠠᠯ ᠠᠵᠤ ᠠᠬᠤᠢ᠎ᠲᠠᠷᠢᠶᠠᠯᠠᠩ᠎ᠤᠨ ᠲᠣᠪᠴᠢᠶ᠎ᠠ᠂ ᠬᠢᠨᠠᠨ ᠪᠤᠳᠤᠬᠤ ᠲᠣᠪᠴᠢᠶ᠎ᠠ ᠵᠡᠷᠭᠡ ᠰᠠᠯᠠᠭ᠎ᠠ ᠮᠥᠴᠢᠷ ᠲᠤᠰᠬᠠᠢ ᠰᠡᠳᠦᠪᠲᠦ ᠨᠠᠮ᠎ᠤᠨ ᠬᠢᠴᠢᠶᠡᠯ᠂ ᠬᠠᠤᠯᠢ ᠴᠠᠭᠠᠵᠠ᠎ᠶᠢᠨ ᠮᠡᠳᠡᠯᠭᠡ᠎ᠶᠢᠨ ᠰᠢᠯᠭᠠᠯᠲᠠ ᠪᠠ ᠲᠥᠪᠯᠡᠷᠡᠭᠦᠯᠦᠨ ᠰᠤᠳᠤᠯᠤᠨ ᠰᠤᠷᠤᠯᠴᠠᠬᠤ ᠠᠵᠢᠯ᠎ᠢ ᠥᠷᠨᠢᠭᠦᠯᠪᠡ; ᠠᠢᠮᠠᠭ᠎ᠤᠨ ᠪᠠᠢᠭᠠᠯᠢ᠎ᠶᠢᠨ ᠡᠬᠢ ᠪᠠᠶᠠᠯᠢᠭ᠋᠎ᠤᠨ ᠲᠣᠪᠴᠢᠶ᠎ᠠ ᠥᠷᠯᠥᠭᠡ᠎ᠶᠢᠨ ᠬᠤᠷᠠᠯ᠂ ᠰᠠᠯᠠᠭ᠎ᠠ ᠲᠠᠰᠤᠭ᠎ᠤᠨ ᠲᠣᠭᠲᠠᠮᠠᠯ ᠬᠤᠷᠠᠯ᠎ᠳᠤ ᠲᠦᠰᠢᠭᠯᠡᠨ ᠠᠵᠢᠯᠲᠠᠨ ᠠᠵᠢᠯᠴᠢᠨ᠎ᠢ ᠵᠣᠬᠢᠶᠠᠨ ᠪᠠᠢᠭᠤᠯᠵᠤ ᠵᠤᠷᠪᠤᠰ ᠳᠠᠷᠠᠭᠠᠯᠠᠨ ᠬᠠᠤᠯᠢ ᠲᠣᠭᠲᠠᠭᠠᠯ᠎ᠢ ᠰᠤᠳᠤᠯᠤᠨ ᠤᠩᠰᠢᠪᠠ;ᠠᠢᠮᠠᠭ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠵᠢᠨ ᠳᠠᠢᠴᠢᠯᠠᠯᠲᠠ᠎ᠵᠢᠨ ᠠᠯᠪᠠᠨ ᠭᠡᠷ ᠰᠣᠯᠢᠯᠴᠠᠭ᠎ᠠ ᠶᠠᠷᠢᠯᠴᠠᠭ᠎ᠠ ᠥᠷᠨᠢᠭᠦᠯᠵᠦ᠂ ᠬᠠᠤᠯᠢ ᠪᠡᠷ ᠵᠠᠰᠠᠬᠤ ᠱᠠᠭᠠᠷᠳᠠᠯᠭ᠎ᠠ᠎ᠶᠢ ᠲᠤᠬᠠᠢᠯᠠᠭᠰᠠᠨ ᠠᠵᠢᠯ᠎ᠤᠨ ᠪᠥᠬᠥ ᠶᠠᠪᠤᠴᠠ᠎ᠳᠤ ᠣᠷᠣᠭᠤᠯᠬᠤ᠎ᠶᠢ ᠠᠬᠢᠭᠤᠯᠪᠠ; ᠠᠢᠮᠠᠭ᠎ᠤᠨ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠂ ᠠᠢᠮᠠᠭ᠎ᠤᠨ ᠨᠠᠮ᠎ᠤᠨ ᠬᠣᠷᠢᠶᠠᠨ᠎ᠤ ᠨᠠᠮ᠎ᠤᠨ ᠰᠤᠷᠭᠠᠭᠤᠯᠢ ᠡᠴᠡ ᠨᠠᠮ᠎ᠤᠨ ᠭᠠᠳᠠᠨᠠᠬᠢ ᠺᠠᠳ᠋ᠷ᠂ ᠠᠷᠠᠳ᠎ᠤᠨ ᠡᠵᠡᠩᠨᠡᠯᠲᠡ᠎ᠵᠢᠨ ᠠᠵᠤ ᠠᠬᠤᠢ᠎ᠶᠢᠨ ᠬᠥᠮᠥᠰ᠎ᠲᠦ ᠬᠠᠨᠳᠤᠭᠤᠯᠤᠨ ᠬᠠᠤᠯᠢ᠎ᠪᠠᠷ ᠵᠠᠰᠠᠬᠤ ᠲᠤᠰᠬᠠᠢ ᠰᠡᠳᠦᠪᠲᠦ ᠪᠣᠯᠪᠠᠰᠤᠷᠠᠯ᠎ᠤᠨ ᠠᠩᠭᠢ ᠡᠷᠭᠢᠯᠡᠵᠦ᠂ ᠨᠡᠶ᠋ᠢᠲᠡ ᠮᠢᠩᠭ᠎ᠠ ᠭᠠᠷᠤᠢ ᠬᠥᠮᠥᠨ᠎ᠢ ᠬᠠᠮᠤᠷᠤᠭᠰᠠᠨ ᠪᠠᠢᠨ᠎ᠠ᠃ ᠭᠤᠷᠪᠠ᠎ᠳᠤ᠂ ᠦᠨᠳᠦᠰᠦᠨ ᠱᠠᠲᠤᠨ᠎ᠤ ᠬᠠᠤᠯᠢ ᠲᠦᠭᠡᠮᠡᠯᠵᠢᠭᠦᠯᠬᠦ ᠡᠩᠨᠡᠭᠡ᠎ᠶᠢ ᠪᠠᠢᠭᠤᠯᠤᠨ ᠬᠦᠴᠦᠷᠬᠡᠭᠵᠢᠭᠦᠯᠪᠡ᠃ ᠡᠯ᠎ᠡ ᠬᠣᠰᠢᠭᠤ ᠰᠢᠶᠠᠨ ᠡᠴᠡ ᠨᠠᠮ᠎ᠤᠨ ᠰᠤᠷᠭᠠᠭᠤᠯᠢ᠎ᠶᠢᠨ ᠪᠠᠭ᠍ᠰᠢ᠂ ᠬᠠᠤᠯᠢ ᠴᠠᠭᠠᠵᠠ᠎ᠶᠢᠨ ᠺᠠᠳ᠋ᠷ ᠴᠠᠭᠳᠠᠭ᠎ᠠ᠂ ᠬᠠᠤᠯᠢᠴᠢ᠂ ᠭᠠᠴᠠᠭᠠᠨ᠎ᠤ 《ᠬᠠᠤᠯᠢ ᠴᠠᠭᠠᠵᠠ᠎ᠵᠢ ᠰᠠᠢᠨ ᠮᠡᠳᠡᠳᠡᠭ ᠬᠥᠮᠥᠨ 》 ᠢ᠋ ᠡᠮᠬᠢᠯᠡᠨ᠂ 《ᠠᠨᠠᠷ᠎ᠤᠨ ᠦᠷ᠎ᠡ᠎ᠶᠢᠨ ᠰᠠᠢᠨ ᠳᠤᠷ᠎ᠠ᠎ᠶᠢᠨ ᠦᠢᠯᠡᠴᠢᠯᠡᠭᠡᠨ᠎ᠦ ᠠᠩᠭᠢ》 ᠵᠢ ᠵᠣᠬᠢᠶᠠᠨ ᠪᠠᠢᠭᠤᠯᠵᠤ᠂ ᠲᠥᠪᠯᠡᠷᠡᠭᠦᠯᠦᠨ ᠬᠢᠴᠢᠶᠡᠯ ᠪᠡᠯᠡᠳᠬᠡᠬᠦ᠂ ᠬᠡᠷᠡᠭ᠎ᠦᠨ ᠵᠢᠱ᠌ᠢᠶ᠎ᠡ᠎ᠪᠡᠷ ᠵᠢᠭᠠᠨ ᠰᠤᠷᠭᠠᠬᠤ᠎ᠪᠠᠷ ᠳᠠᠮᠵᠢᠭᠤᠯᠤᠨ ᠤᠬᠠᠭᠤᠯᠤᠨ ᠲᠠᠢᠯᠪᠤᠷᠢᠯᠠᠬᠤ ᠴᠢᠳᠠᠪᠤᠷᠢ᠎ᠵᠢ ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ᠎ᠳᠤ ᠦᠨᠳᠦᠰᠦᠯᠡᠭᠰᠡᠨ᠂ ᠣᠯᠠᠨ ᠲᠦᠮᠡᠨ᠎ᠲᠠᠢ ᠣᠢᠷᠠᠲᠤᠭᠰᠠᠨ ᠲᠤᠬᠠᠢ᠎ᠶᠢᠨ ᠭᠠᠵᠠᠷ᠎ᠤᠨ ᠬᠠᠤᠯᠢ ᠴᠠᠭᠠᠵᠠ᠎ᠵᠢᠨ ᠮᠡᠳᠡᠯᠭᠡ ᠲᠦᠭᠡᠮᠡᠯᠵᠢᠭᠦᠯᠬᠦ ᠡᠩᠨᠡᠭᠡ᠎ᠶᠢ ᠪᠠᠢᠭᠤᠯᠪᠠ᠃
ᠰᠦᠯᠵᠢᠶᠡᠨ ᠳᠡᠭᠡᠷ᠎ᠡ ᠪᠠ ᠪᠤᠳᠠᠲᠤ ᠴᠤᠭᠴᠠ ᠬᠣᠶᠠᠷ ᠲᠠᠯ᠎ᠠ᠎ᠪᠠᠷ ᠬᠦᠴᠦᠯᠡᠵᠦ᠂ ᠬᠠᠤᠯᠢ ᠪᠡᠷ ᠵᠠᠰᠠᠬᠤ ᠤᠬᠠᠭᠤᠯᠭ᠎ᠠ᠎ᠶᠢᠨ ᠪᠦᠷᠬᠦᠴᠡ᠎ᠶᠢ ᠥᠷᠭᠡᠳᠬᠡᠪᠡ
ᠰᠦᠯᠵᠢᠶᠡᠨ ᠳᠡᠭᠡᠷᠡᠬᠢ ᠰᠢᠨ᠎ᠡ ᠵᠠᠭᠤᠴᠢᠯᠠᠭᠤᠷ᠎ᠤᠨ ᠵᠢᠭ᠍ᠰᠠᠭᠠᠯ ᠬᠢᠭᠡᠳ ᠪᠣᠳᠠᠲᠤ ᠴᠣᠭᠴᠠ᠎ᠶᠢᠨ ᠤᠬᠠᠭᠤᠯᠭ᠎ᠠ᠎ᠶᠢᠨ ᠵᠢᠭ᠍ᠰᠠᠭᠠᠯ᠎ᠤᠨ ᠭᠠᠵᠠᠷ᠎ᠢ ᠨᠢᠭᠡᠳᠦᠯᠲᠡᠢ ᠲᠥᠯᠥᠪᠵᠢᠭᠦᠯᠵᠦ᠂ ᠬᠠᠤᠯᠢ ᠲᠦᠭᠡᠮᠡᠯᠵᠢᠭᠦᠯᠬᠦ᠎ᠶᠢ ᠨᠡᠢᠳᠡᠮ ᠪᠦᠷᠬᠦᠭᠦᠯᠬᠦ᠎ᠶᠢ ᠪᠠᠢᠩᠭᠤᠵᠢᠭᠤᠯᠤᠨ ᠥᠷᠨᠢᠭᠦᠯᠵᠦ᠂ ᠬᠠᠤᠯᠢ ᠴᠠᠭᠠᠵᠠ᠎ᠶᠢ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ 《ᠡᠴᠦᠰ᠎ᠦᠨ ᠨᠢᠭᠡ ᠺᠢᠯᠣᠮᠧᠲᠷ》 ᠢ᠋ ᠨᠡᠪᠲᠡᠷᠡᠭᠦᠯᠪᠡ᠃ ᠰᠦᠯᠵᠢᠶᠡᠨ ᠳᠡᠭᠡᠷ᠎ᠡ᠂ ᠠᠢᠮᠠᠭ᠎ᠤᠨ ᠦᠨᠳᠦᠰᠦᠲᠡᠨ᠎ᠦ ᠬᠡᠷᠡᠭ ᠡᠷᠬᠢᠯᠡᠬᠦ ᠵᠥᠪᠯᠡᠯ ᠠᠯᠪᠠᠨ᠎ᠤ ᠲᠠᠯ᠎ᠠ᠎ᠵᠢᠨ ᠵᠢᠷᠬᠢᠶ᠎ᠡ᠎ᠵᠢᠨ ᠣᠯᠠᠨ ᠨᠡᠶ᠋ᠢᠲᠡ᠎ᠶᠢᠨ ᠳ᠋ᠤᠭᠠᠷ᠎ᠲᠤ ᠲᠦᠰᠢᠭᠯᠡᠨ ᠬᠠᠤᠯᠢ ᠴᠠᠭᠠᠵᠠ᠎ᠶᠢᠨ ᠲᠠᠢᠯᠤᠮᠵᠢ᠂ ᠣᠬᠣᠷ ᠸᠢᠳᠢᠤ᠋ ᠵᠢᠴᠢ ᠬᠠᠤᠯᠢ ᠲᠦᠭᠡᠮᠡᠯᠵᠢᠭᠦᠯᠬᠦ ᠬᠦᠳᠡᠯᠦᠩᠬᠦᠢ ᠪᠠᠢᠳᠠᠯ᠎ᠢ ᠮᠡᠳᠡᠭᠡᠯᠡᠪᠡ; ᠠᠢᠮᠠᠭ᠎ᠤᠨ ᠬᠠᠤᠯᠢ ᠴᠠᠭᠠᠵᠠ᠎ᠶᠢᠨ ᠲᠣᠪᠴᠢᠶ᠎ᠠ 12348 ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠲᠤ ᠬᠠᠤᠯᠢ ᠲᠦᠭᠡᠮᠡᠯᠵᠢᠭᠦᠯᠬᠦ ᠲᠤᠰᠬᠠᠢ ᠪᠤᠯᠤᠩ ᠭᠠᠷᠭᠠᠵᠤ᠂ ᠰᠦᠯᠵᠢᠶᠡᠨ ᠳᠡᠭᠡᠷᠡᠬᠢ ᠮᠡᠳᠡᠯᠭᠡ᠎ᠶᠢᠨ ᠥᠷᠢᠰᠦᠯᠳᠦᠭᠡᠨ ᠦᠷᠨᠢᠭᠦᠯᠪᠡ; ᠡᠯ᠎ᠡ ᠬᠣᠰᠢᠭᠤ ᠰᠢᠶᠠᠨ(ᠬᠣᠲᠠ᠂ ᠲᠣᠭᠣᠷᠢᠭ᠋)᠎ᠤ᠋ ᠬᠠᠮ ᠵᠠᠭᠤᠴᠢᠯᠠᠭᠤᠷ᠎ᠤᠨ ᠲᠥᠪ᠎ᠲᠦ 《ᠠᠨᠠᠷ᠎ᠤᠨ ᠦᠷ᠎ᠡ᠎ᠶᠢᠨ ᠪᠢᠴᠢᠯ ᠬᠢᠴᠢᠶᠡᠯ᠎ᠦᠨ ᠲᠠᠩᠬᠢᠮ》 ᠤ᠋ᠨ ᠲᠤᠰᠬᠠᠢ ᠪᠤᠯᠤᠩ ᠭᠠᠷᠭᠠᠵᠤ᠂ ᠬᠠᠤᠯᠢ ᠴᠠᠭᠠᠵᠠ᠎ᠶᠢᠨ ᠵᠢᠷᠤᠭ ᠪᠢᠴᠢᠭ ᠵᠡᠷᠭᠡ᠎ᠶᠢ ᠦᠷᠭᠦᠯᠵᠢᠯᠡᠨ ᠲᠠᠨᠢᠯᠴᠠᠭᠤᠯᠤᠨ ᠬᠦᠷᠭᠡᠪᠡ; ᠤᠯᠠᠭᠠᠢ ᠬᠠᠮᠢᠶᠠᠷᠤᠯᠲᠠ᠎ᠶᠢᠨ ᠣᠷᠣᠨ᠂ ᠰᠢᠯᠤᠭᠤᠨ ᠬᠥᠬᠡ ᠬᠣᠰᠢᠭᠤ᠂ ᠪᠠᠷᠠᠭᠤᠨ ᠦᠵᠦᠮᠦᠴᠢᠨ ᠬᠣᠰᠢᠭᠤ ᠸᠢᠳᠢᠤ᠋ ᠳ᠋ᠤᠭᠠᠷ ᠵᠢᠴᠢ ᠵᠠᠰᠠᠭ᠎ᠤᠨ ᠶᠠᠪᠤᠳᠠᠯ᠎ᠤᠨ ᠣᠯᠠᠨ ᠨᠡᠶ᠋ᠢᠲᠡ᠎ᠶᠢᠨ ᠳ᠋ᠤᠭᠠᠷ᠎ᠲᠤ ᠲᠦᠰᠢᠭᠯᠡᠨ ᠬᠠᠤᠯᠢ ᠲᠦᠭᠡᠮᠡᠯᠵᠢᠭᠦᠯᠬᠦ ᠠᠭᠤᠯᠭ᠎ᠠ᠎ᠶᠢ ᠦᠷᠭᠦᠯᠵᠢᠯᠡᠨ ᠨᠡᠢᠲᠡᠯᠡᠵᠦ᠂ ᠪᠦᠬᠦᠯᠢ ᠡᠳᠦᠷ᠎ᠢᠶᠡᠷ᠂ ᠲᠠᠰᠤᠯᠳᠠᠭᠤᠯᠤᠯ ᠦᠭᠡᠢ᠎ᠪᠡᠷ ᠤᠬᠠᠭᠤᠯᠬᠤ᠎ᠶᠢ ᠪᠡᠶᠡᠯᠡᠭᠦᠯᠪᠡ᠃ ᠪᠤᠳᠠᠲᠤ ᠴᠤᠭᠴᠠᠳᠤ᠂ ᠡᠯ᠎ᠡ ᠭᠠᠵᠠᠷ ᠣᠷᠣᠨ 《ᠦᠨᠳᠦᠰᠦᠲᠡᠨ᠎ᠦ ᠲᠥᠷᠥ᠎ᠶᠢᠨ ᠪᠣᠳᠣᠯᠭ᠎ᠠ᠎ᠶᠢᠨ ᠤᠬᠠᠭᠤᠯᠭ᠎ᠠ᠎ᠶᠢᠨ ᠰᠠᠷ᠎ᠠ》᠂ 《ᠦᠨᠳᠦᠰᠦᠲᠡᠨ᠎ᠦ ᠬᠠᠤᠯᠢ᠎ᠪᠠᠷ ᠵᠠᠰᠠᠬᠤ ᠤᠬᠠᠭᠤᠯᠭ᠎ᠠ᠎ᠶᠢᠨ ᠭᠠᠷᠠᠭ》 ᠲᠤ᠌ ᠲᠦᠰᠢᠭᠯᠡᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢᠨ 《9 + N ᠳᠠᠪᠰᠢᠬᠤ》 ᠠᠵᠢᠯᠯᠠᠭ᠎ᠠ᠎ᠶᠢ ᠭᠦᠨᠵᠡᠭᠡᠢ ᠥᠷᠨᠢᠭᠦᠯᠵᠦ᠂ ᠭᠣᠣᠯᠳᠠᠯᠭ᠎ᠠ᠎ᠲᠠᠢ ᠬᠦᠷᠢᠶ᠎ᠡ᠂ ᠭᠣᠣᠯᠳᠠᠯᠭ᠎ᠠ᠎ᠲᠠᠢ ᠲᠠᠯᠠᠪᠤᠷ᠎ᠲᠤ ᠬᠠᠤᠯᠢ ᠲᠦᠭᠡᠮᠡᠯᠵᠢᠭᠦᠯᠬᠦ᠎ᠶᠢ ᠪᠦᠬᠦᠨ᠎ᠢ ᠪᠦᠷᠬᠦᠭᠦᠯᠬᠦ᠎ᠶᠢ ᠪᠡᠶᠡᠯᠡᠭᠦᠯᠪᠡ᠃ ᠡᠯ᠎ᠡ ᠬᠣᠰᠢᠭᠤ ᠰᠢᠶᠠᠨ(ᠬᠣᠲᠠ᠂ ᠲᠣᠭᠣᠷᠢᠭ᠋)᠎ᠨᠤᠭᠤᠳ ᠲᠤᠰ ᠲᠤᠰ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠡᠷᠬᠢᠯᠡᠵᠦ᠂ ᠬᠠᠤᠯᠢ ᠴᠠᠭᠠᠵᠠ᠎ᠶᠢᠨ ᠯᠠᠪᠯᠠᠭ᠎ᠠ ᠥᠭᠬᠦ ᠲᠠᠪᠴᠠᠩ᠂ ᠭᠣᠣᠯ ᠰᠡᠳᠦᠪᠲᠦ ᠦᠵᠡᠭᠦᠯᠭᠡ᠎ᠶᠢᠨ ᠰᠠᠮᠪᠠᠷ᠎ᠠ ᠪᠣᠯᠣᠨ ᠤᠬᠠᠭᠤᠯᠭ᠎ᠠ᠎ᠶᠢᠨ ᠲᠤᠰᠬᠠᠢ ᠲᠣᠭᠣᠷᠢᠭ᠋ ᠭᠠᠷᠭᠠᠵᠤ᠂ ᠬᠠᠤᠯᠢ ᠲᠦᠭᠡᠮᠡᠯᠵᠢᠭᠦᠯᠬᠦ ᠭᠠᠷ ᠠᠪᠤᠯᠭ᠎ᠠ ᠬᠢᠭᠡᠳ ᠬᠠᠤᠯᠢ ᠴᠠᠭᠠᠵᠠ᠎ᠶᠢᠨ ᠰᠣᠶᠣᠯ᠎ᠤᠨ ᠡᠭᠦᠳᠦᠯᠲᠡ᠎ᠶᠢᠨ ᠦᠢᠯᠡᠳᠬᠦᠨ ᠲᠠᠷᠬᠠᠭᠠᠪᠠ; ᠡᠯ᠎ᠡ ᠭᠠᠵᠠᠷ᠎ᠤᠨ ᠬᠢᠨ ᠬᠣᠲᠠ ᠪᠠᠯᠭᠠᠰᠤᠨ᠎ᠤ ᠠᠭᠤᠳᠠᠮ ᠲᠠᠯᠠᠪᠠᠶ᠂ ᠰᠢᠨ᠎ᠡ ᠴᠠᠭ ᠦᠶ᠎ᠡ᠎ᠶᠢᠨ ᠪᠣᠯᠪᠠᠰᠤᠨ᠎ᠤ ᠦᠢᠯᠡᠳᠦᠯᠭᠡ᠎ᠶᠢᠨ ᠭᠠᠵᠠᠷ(ᠥᠷᠲᠡᠭᠡ)᠂ ᠭᠠᠴᠠᠭᠠᠨ᠎ᠤ ᠰᠣᠶᠣᠯ᠎ᠤᠨ ᠠᠵᠢᠯᠯᠠᠭᠠᠨ᠎ᠤ ᠲᠠᠰᠤᠭ ᠵᠡᠷᠭᠡ᠎ᠳᠦ ᠲᠦᠰᠢᠭᠯᠡᠨ ᠬᠠᠤᠯᠢ ᠴᠠᠭᠠᠵᠠ᠎ᠶᠢᠨ ᠤᠬᠠᠭᠤᠯᠭ᠎ᠠ᠎ᠶᠢᠨ ᠵᠠᠷᠯᠠᠯ ᠨᠠᠭᠠᠵᠤ᠂ ᠬᠠᠤᠯᠢ ᠴᠠᠭᠠᠵᠠ᠎ᠶᠢᠨ ᠮᠡᠳᠡᠯᠭᠡ᠎ᠶᠢ ᠣᠯᠠᠨ ᠲᠦᠮᠡᠨ᠎ᠦ ᠳᠡᠷᠭᠡᠳᠡ ᠰᠢᠭᠤᠳ ᠳᠠᠮᠵᠢᠭᠤᠯᠪᠠ᠃
ᠬᠠᠤᠯᠢ ᠲᠦᠭᠡᠮᠡᠯᠵᠢᠭᠦᠯᠬᠦ ᠠᠴᠢᠶᠠᠯᠠᠪᠤᠷᠢ᠎ᠶᠢᠨ ᠰᠢᠨ᠎ᠡ᠎ᠶᠢ ᠡᠭᠦᠳᠴᠦ᠂ ᠬᠠᠤᠯᠢ᠎ᠪᠠᠷ ᠵᠠᠰᠠᠬᠤ ᠤᠬᠠᠭᠤᠯᠭ᠎ᠠ᠎ᠶᠢ ᠨᠢᠳᠤᠨ ᠳ᠋ᠦ ᠦᠵᠡᠭᠳᠡᠮ᠎ᠡ ᠭᠠᠷ ᠲᠦ᠍ ᠪᠠᠷᠢᠬᠳᠠᠮ᠎ᠠ ᠦᠷ᠎ᠡ ᠪᠦᠲᠦᠮᠵᠢᠲᠡᠢ ᠪᠣᠯᠭᠠᠬᠤ᠎ᠶᠢ ᠠᠬᠢᠭᠤᠯᠪᠠ
ᠡᠯ᠎ᠡ ᠭᠠᠵᠠᠷ ᠡᠯ᠎ᠡ ᠨᠢᠭᠡᠴᠢ᠎ᠶᠢᠨ ᠬᠢᠨ ᠠᠵᠢᠯ ᠲᠦᠷᠦᠯ ᠪᠣᠯᠣᠨ ᠣᠷᠣᠨ ᠪᠦᠰᠡ᠎ᠶᠢᠨ ᠣᠨᠴᠠᠯᠢᠭ᠋᠎ᠲᠤ ᠪᠠᠨ ᠰᠠᠭᠤᠷᠢᠯᠠᠵᠤ᠂ ᠬᠠᠤᠯᠢ ᠴᠠᠭᠠᠵᠠ᠎ᠶᠢᠨ ᠤᠬᠠᠭᠤᠯᠭ᠎ᠠ ᠪᠣᠯᠣᠨ ᠤᠯᠠᠨ ᠲᠦᠮᠡᠨ᠎ᠦ ᠰᠣᠶᠣᠯ ᠪᠡᠶ᠎ᠡ᠎ᠶᠢᠨ ᠲᠠᠮᠢᠷ᠎ᠤᠨ ᠠᠵᠢᠯᠯᠠᠭ᠎ᠠ ᠂ ᠦᠨᠳᠦᠰᠦᠨ ᠱᠠᠲᠤᠨ᠎ᠤ ᠵᠠᠰᠠᠯᠲᠠ᠂ ᠠᠵᠤ ᠦᠢᠯᠡᠰ᠎ᠦᠨ ᠬᠥᠭᠵᠢᠯᠲᠡ᠂ ᠰᠣᠶᠣᠯ᠎ᠤᠨ ᠤᠯᠠᠮᠵᠢᠯᠠᠯ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠬᠠᠤᠯᠢ ᠪᠡᠷ ᠵᠠᠰᠠᠬᠤ ᠣᠢᠯᠠᠭᠠᠭᠳᠠᠬᠤᠨ᠎ᠢ ᠬᠥᠮᠥᠰ᠎ᠦᠨ ᠰᠡᠳᠬᠢᠯ᠎ᠳᠦ ᠬᠠᠳᠠᠩᠰᠢᠭᠤᠯᠪᠠ᠃ ᠨᠢᠭᠡ᠎ᠳᠦ᠂ ᠬᠠᠤᠯᠢ᠎ᠪᠠᠷ ᠵᠠᠰᠠᠬᠤ ᠤᠬᠠᠭᠤᠯᠭ᠎ᠠ᠎ᠶᠢ ᠰᠣᠶᠣᠯ ᠪᠡᠶ᠎ᠡ᠎ᠵᠢᠨ ᠲᠠᠮᠢᠷ᠎ᠤᠨ ᠠᠵᠢᠯᠯᠠᠭ᠎ᠠ᠎ᠳᠤ ᠰᠢᠭᠢᠳᠬᠡᠪᠡ᠃ ᠪᠥᠬᠥ ᠤᠯᠤᠰ᠎ᠤᠨ 《ᠦᠨᠳᠦᠰᠦᠲᠡᠨ᠎ᠤ ᠪᠡᠶ᠎ᠡ ᠲᠠᠮᠢᠷ ᠬᠤᠨᠳᠠᠭᠠᠲᠤ》 ᠦᠨᠳᠦᠰᠦᠲᠡᠨ᠎ᠦ ᠮᠠᠶᠢᠭ᠋᠎ᠤᠨ ᠪᠥᠬᠡ᠎ᠶᠢᠨ ᠤᠷᠤᠯᠳᠤᠭᠠᠨ᠎ᠢ ᠳᠠᠭᠠᠭᠠᠨ ᠡᠷᠭᠢᠯᠡᠬᠦ᠎ᠳᠦ ᠲᠦᠰᠢᠭᠯᠡᠨ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢᠨ ᠤᠬᠠᠭᠤᠯᠭ᠎ᠠ᠎ᠶᠢ ᠤᠷᠠᠨ ᠰᠠᠢᠬᠠᠨ᠎ᠤ ᠦᠵᠡᠭᠦᠯᠭᠡ᠎ᠶᠢᠨ ᠲᠣᠭᠯᠠᠯᠲᠠ ᠪᠠ ᠤᠷᠤᠯᠳᠤᠭᠠᠨ᠎ᠤ ᠲᠠᠯᠠᠪᠤᠷ᠎ᠤᠨ ᠠᠭᠤᠷ ᠠᠮᠢᠰᠬᠤᠯ᠎ᠤᠨ ᠪᠠᠢᠷᠢᠯᠠᠭᠤᠯᠤᠯᠲᠠ᠎ᠳᠤ ᠠᠭᠤᠰᠬᠠᠨ ᠣᠷᠣᠭᠤᠯᠪᠠ; ᠲᠠᠢᠪᠤᠰᠧ ᠬᠣᠰᠢᠭᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ᠎ᠶᠢ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠵᠡᠭᠦᠯᠭᠡ᠂ ᠬᠤᠶᠠᠷ ᠬᠦᠮᠦᠨ᠎ᠤ ᠡᠯᠭᠦᠯᠴᠡᠭᠡ ᠵᠦᠴᠦᠭᠡ᠎ᠳᠦ ᠠᠭᠤᠰᠬᠠᠨ ᠣᠷᠣᠭᠤᠯᠪᠠ; ᠪᠠᠷᠠᠭᠤᠨ ᠦᠵᠦᠮᠦᠴᠢᠨ ᠬᠣᠰᠢᠭᠤ《ᠬᠣᠯᠪᠣᠭ᠎ᠠ + ᠬᠠᠤᠯᠢ ᠲᠦᠭᠡᠮᠡᠯᠵᠢᠭᠦᠯᠬᠦ》 ᠲᠠᠯ᠎ᠠ ᠨᠤᠲᠤᠭ᠎ᠤᠨ ᠤᠬᠠᠭᠤᠯᠤᠨ ᠲᠠᠢᠯᠪᠤᠷᠢᠯᠠᠬᠤ ᠵᠠᠭᠪᠤᠷ᠎ᠤᠨ ᠰᠢᠨ᠎ᠡ᠎ᠶᠢ ᠡᠭᠦᠳᠪᠡ; ᠡᠯ᠎ᠡ ᠬᠣᠰᠢᠭᠤ ᠰᠢᠶᠠᠨ᠎ᠤ ᠤᠯᠠᠭᠠᠨᠮᠥ᠋ᠴᠢᠷ 《ᠤᠷᠠᠨ ᠰᠠᠢᠬᠠᠨ᠎ᠤ ᠲᠣᠭᠯᠠᠯᠲᠠ + ᠬᠠᠤᠯᠢ ᠪᠡᠷ ᠵᠠᠰᠠᠬᠤ ᠮᠡᠳᠡᠯᠭᠡ᠎ᠵᠢᠨ ᠠᠰᠠᠭᠤᠯᠲᠠ ᠬᠠᠷᠢᠭᠤᠯᠲᠠ》ᠵᠢᠨ ᠲᠣᠭᠣᠷᠢᠨ ᠳᠦ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠵᠦ ᠂ ᠣᠯᠠᠨ ᠲᠦᠮᠡᠨ᠎ᠦ ᠦᠵᠡᠵᠦ ᠰᠣᠨᠢᠷᠬᠠᠬᠤ ᠳᠤᠷᠠᠲᠠᠢ ᠠᠷᠭ᠎ᠠ ᠬᠡᠯᠪᠡᠷᠢ᠎ᠪᠡᠷ ᠬᠠᠤᠯᠢ ᠴᠠᠭᠠᠵᠠ᠎ᠶᠢᠨ ᠵᠦᠢᠯ ᠵᠤᠷᠪᠤᠰ᠎ᠢ ᠲᠠᠢᠯᠪᠤᠷᠢᠯᠠᠪᠠ᠃ ᠬᠣᠶᠠᠷ᠎ᠲᠤ᠂ ᠣᠨᠴᠠᠯᠢᠭ᠍ᠲᠤ ᠠᠬᠤᠢ ᠦᠵᠡᠭᠳᠡᠯᠲᠦ ᠬᠦᠨ ᠰᠠᠭᠤᠭᠳᠠᠯᠳᠦ ᠬᠠᠤᠯᠢ ᠲᠦᠭᠡᠮᠡᠯᠵᠢᠭᠦᠯᠬᠦ ᠬᠡᠯᠪᠡᠷᠢ᠎ᠶᠢ ᠡᠭᠦᠳᠪᠡ᠃ ᠠᠢᠮᠠᠭ᠎ᠤᠨ ᠮᠠᠯ ᠠᠵᠤ ᠠᠬᠤᠢ ᠲᠠᠷᠢᠶᠠᠯᠠᠩ᠎ᠤᠨ ᠲᠣᠪᠴᠢᠶ᠎ᠠ ᠲᠠᠷᠢᠶᠠᠯᠠᠩ᠎ᠤᠨ ᠮᠡᠷᠭᠡᠵᠢᠯ᠎ᠢ ᠳᠡᠯᠭᠡᠷᠡᠭᠦᠯᠬᠦ ᠵᠡᠷᠭᠡ ᠠᠵᠢᠯ᠎ᠲᠠᠢ ᠵᠡᠷᠭᠡ᠎ᠳ᠋ᠤᠨᠢ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢ ᠤᠬᠠᠭᠤᠯᠤᠨ ᠲᠠᠢᠯᠪᠤᠷᠢᠯᠠᠪᠠ; ᠠᠪᠠᠭ᠎ᠠ ᠬᠣᠰᠢᠭᠤ ᠮᠦᠽᠧᠢ᠎ᠳᠦ ᠲᠦᠰᠢᠭᠯᠡᠨ ᠬᠠᠤᠯᠢ ᠴᠠᠭᠠᠵᠠ᠎ᠶᠢᠨ ᠲᠤᠰᠬᠠᠢ ᠰᠡᠳᠦᠪᠲᠦ ᠰᠤᠳᠤᠯᠤᠨ ᠰᠤᠷᠤᠯᠴᠠᠬᠤ ᠠᠵᠢᠯᠯᠠᠭ᠎ᠠ ᠥᠷᠨᠢᠭᠦᠯᠪᠡ; ᠰᠢᠯᠤᠭᠤᠨ ᠬᠥᠪᠡᠭᠡᠲᠦ ᠴᠠᠭᠠᠨ ᠬᠣᠰᠢᠭᠤ ᠠᠷᠠᠳ᠎ᠤᠨ ᠡᠵᠡᠩᠨᠡᠯᠲᠡ᠎ᠵᠢᠨ ᠠᠵᠤ ᠠᠬᠤᠢᠯᠠᠯ᠎ᠳᠤ ᠴᠢᠭᠯᠡᠭᠦᠯᠦᠨ ᠬᠠᠤᠯᠢ ᠲᠦᠭᠡᠮᠡᠯᠵᠢᠭᠦᠯᠬᠦ ᠰᠣᠨᠢᠷᠬᠠᠯᠲᠤ ᠪᠡᠶ᠎ᠡ᠎ᠶᠢᠨ ᠲᠠᠮᠢᠷ᠎ᠤᠨ ᠴᠤᠭᠯᠠᠭᠠᠨ ᠡᠷᠭᠢᠯᠡᠵᠦ᠂ ᠬᠠᠤᠯᠢ᠎ᠪᠠᠷ ᠵᠠᠰᠠᠬᠤ ᠤᠬᠠᠭᠤᠯᠭ᠎ᠠ᠎ᠶᠢ ᠭᠠᠭᠴᠠ ᠴᠢᠭᠯᠡᠯ᠎ᠢᠶᠡᠷ ᠤᠬᠠᠭᠤᠯᠵᠤ ᠪᠠᠢᠭᠰᠠᠨ᠎ᠡᠴᠡ ᠬᠣᠣᠰ ᠴᠢᠭᠯᠡᠯ᠎ᠢᠶᠡᠷ ᠬᠥᠳᠡᠯᠦᠯᠴᠡᠬᠦ ᠳᠠᠢᠰᠢ ᠬᠤᠪᠢᠷᠠᠭᠤᠯᠬᠤ᠎ᠶᠢ ᠪᠡᠶᠡᠯᠡᠭᠦᠯᠪᠡ᠃ ᠭᠤᠷᠪᠠ᠎ᠳᠤ᠂ ᠡᠭᠦᠷᠭᠡ ᠴᠢᠳᠠᠪᠬᠢ᠎ᠳᠠᠭᠠᠨ ᠰᠠᠭᠤᠷᠢᠯᠠᠨ ᠠᠭᠤᠰᠤᠯᠴᠠᠭᠤᠯᠤᠨ ᠬᠠᠤᠯᠢ ᠲᠦᠭᠡᠮᠡᠯᠵᠢᠭᠦᠯᠬᠦ ᠶᠢ ᠠᠬᠢᠭᠤᠯᠪᠠ᠃ ᠪᠥᠬᠥ ᠠᠢᠮᠠᠭ᠎ᠤᠨ ᠡᠯ᠎ᠡ ᠳᠤᠮᠳᠠᠳᠤ ᠪᠠᠭ᠎ᠠ ᠰᠤᠷᠭᠠᠭᠤᠯᠢ ᠵᠢᠴᠢ ᠰᠢᠯᠢ᠎ᠶᠢᠨ ᠭᠣᠣᠯ᠎ᠤᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠦᠨᠳᠦᠰᠦᠲᠡᠨ᠎ᠦ ᠪᠦᠯᠬᠦᠮᠳᠡᠯ᠎ᠦᠨ ᠬᠠᠤᠯᠢ᠎ᠪᠠᠷ ᠵᠠᠰᠠᠬᠤ ᠬᠢᠴᠢᠶᠡᠯ᠎ᠦᠨ ᠲᠠᠩᠬᠢᠮ ᠨᠡᠭᠡᠭᠡᠵᠦ᠂ ᠭᠣᠣᠯ ᠰᠡᠳᠦᠪᠲᠦ ᠠᠩᠭᠢ᠎ᠶᠢᠨ ᠬᠤᠷᠠᠯ ᠂ ᠲᠣᠭ ᠮᠠᠨᠳᠤᠭᠤᠯᠬᠤ ᠶᠣᠰᠣᠯᠠᠯ᠂ ᠪᠢᠴᠢᠮᠡᠯ ᠰᠤᠨᠢᠨ᠂ ᠰᠤᠳᠤᠯᠤᠨ ᠰᠤᠷᠤᠯᠴᠠᠬᠤ ᠦᠢᠯᠡᠳᠦᠯᠭᠡ ᠵᠡᠷᠭᠡ᠎ᠳᠦ ᠲᠦᠰᠢᠭᠯᠡᠨ ᠪᠠᠢᠩᠭᠤᠵᠢᠭ᠍ᠰᠠᠨ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠥᠷᠨᠢᠭᠦᠯᠪᠡ᠃ ᠠᠢᠮᠠᠭ᠎ᠤᠨ ᠡᠳ᠋᠎ᠦᠨ ᠵᠠᠰᠠᠭ᠎ᠤᠨ ᠲᠣᠪᠴᠢᠶ᠎ᠠ ᠲᠤᠰᠬᠠᠢ ᠵᠠᠷᠤᠳᠠᠯ᠎ᠢ ᠨᠢᠭᠡᠳᠦᠯᠲᠡᠢ ᠲᠥᠯᠥᠪᠵᠢᠭᠦᠯᠵᠦ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ᠎ᠦᠨ ᠠᠵᠢᠯ᠎ᠢ ᠪᠠᠲᠤᠯᠠᠪᠠ; ᠠᠢᠮᠠᠭ᠎ᠤᠨ ᠪᠠᠢᠭᠠᠯᠢ᠎ᠶᠢᠨ ᠡᠬᠢ ᠪᠠᠶᠠᠯᠢᠭ᠋᠎ᠤᠨ ᠲᠣᠪᠴᠢᠶ᠎ᠠ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢᠨ ᠤᠬᠠᠭᠤᠯᠭ᠎ᠠ ᠶᠢ ᠲᠠᠷᠢᠶᠠᠨ ᠭᠠᠵᠠᠷ᠎ᠤᠨ ᠬᠠᠮᠠᠭᠠᠯᠠᠯᠲᠠ᠂ ᠥᠯᠥ ᠬᠥᠳᠡᠯᠬᠦ ᠬᠥᠷᠥᠩᠭᠡ᠎ᠶᠢᠨ ᠴᠣᠩᠬᠣᠪᠴᠢ ᠦᠢᠯᠡᠴᠢᠯᠡᠭᠡ᠎ᠲᠠᠢ ᠤᠶᠠᠯᠳᠤᠭᠤᠯᠪᠠ; ᠠᠢᠮᠠᠭ᠎ᠤᠨ ᠮᠣᠩᠭᠣᠯ ᠡᠮᠨᠡᠯᠭᠡ᠎ᠶᠢᠨ ᠬᠣᠷᠢᠶ᠎ᠠ ᠨᠢ ᠬᠣᠣᠰ ᠬᠡᠯᠡ᠎ᠪᠡᠷ ᠣᠨᠣᠰᠢᠯᠠᠨ ᠡᠮᠨᠡᠬᠦ ᠦᠢᠯᠡᠴᠢᠯᠡᠭᠡ᠎ᠳᠦ ᠲᠦᠰᠢᠭᠯᠡᠨ᠂ ᠡᠪᠡᠳᠴᠢᠨ ᠦᠵᠡᠭᠦᠯᠬᠦ ᠣᠯᠠᠨ ᠲᠦᠮᠡᠨ᠎ᠳᠦ ᠬᠠᠨᠳᠤᠭᠤᠯᠤᠨ ᠬᠠᠤᠯᠢ ᠲᠦᠭᠡᠮᠡᠯᠵᠢᠭᠦᠯᠬᠦ ᠶᠢ ᠪᠠᠢᠩᠭᠤᠵᠢᠭᠤᠯᠵᠤ᠂ ᠲᠤᠬᠠᠢᠯᠠᠭᠰᠠᠨ ᠠᠵᠢᠯ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ ᠪᠠ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢ ᠨᠢᠭᠡ ᠴᠣᠭᠴᠠᠵᠢᠭᠤᠯᠤᠨ ᠠᠬᠢᠭᠤᠯᠬᠤ᠎ᠶᠢ ᠪᠡᠶᠡᠯᠡᠭᠦᠯᠪᠡ᠃
ᠲᠠᠷᠠᠭᠠᠴᠢ᠎ᠶᠢᠨ ᠠᠯᠬᠤᠮ᠎ᠳᠤ᠂ ᠰᠢᠯᠢ᠎ᠶᠢᠨ ᠭᠣᠣᠯ ᠠᠢᠮᠠᠭ ᠬᠠᠤᠯᠢ ᠲᠦᠭᠡᠮᠡᠯᠵᠢᠭᠦᠯᠬᠦ ᠪᠠᠢᠩᠭᠤᠵᠢᠭ᠍ᠰᠠᠨ ᠲᠣᠭᠲᠡᠴᠡ᠎ᠶᠢ ᠦᠷᠭᠦᠯᠵᠢᠯᠡᠨ ᠪᠦᠷᠢᠨᠰᠢᠭᠦᠯᠵᠦ᠂ ᠬᠠᠤᠯᠢ ᠲᠦᠭᠡᠮᠡᠯᠵᠢᠭᠦᠯᠬᠦ ᠠᠴᠢᠶᠠᠯᠠᠪᠤᠷᠢ᠎ᠶᠢᠨ ᠰᠢᠨ᠎ᠡ᠎ᠶᠢ ᠡᠭᠦᠳᠴᠦ᠂ ᠦᠨᠳᠦᠰᠦᠨ ᠱᠠᠲᠤᠨ᠎ᠤ ᠬᠠᠤᠯᠢ ᠲᠦᠭᠡᠮᠡᠯᠵᠢᠭᠦᠯᠬᠦ ᠠᠭᠤᠯᠭ᠎ᠠ᠎ᠶᠢᠨ ᠬᠠᠩᠭᠠᠯᠭ᠎ᠠ᠎ᠶᠢ ᠪᠠᠶᠠᠯᠢᠭ᠍ᠵᠢᠭᠤᠯᠵᠤ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢ ᠭᠦᠨᠵᠡᠭᠡᠢ ᠲᠤᠭᠤᠰᠢᠯᠠᠭᠤᠯᠤᠨ ᠬᠡᠷᠡᠭᠵᠢᠭᠦᠯᠬᠦ᠎ᠶᠢ ᠠᠬᠢᠭᠤᠯᠵᠤ᠂ ᠪᠠᠲᠤ ᠴᠢᠩᠭ᠎ᠠ ᠬᠠᠤᠯᠢ᠎ᠪᠠᠷ ᠵᠠᠰᠠᠬᠤ᠎ᠪᠠᠷ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠪᠠᠲᠤᠯᠠᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠭᠰᠠᠨ ᠰᠢᠯᠢ᠎ᠶᠢᠨ ᠭᠣᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠵᠦ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠴᠡᠴᠡᠭᠡᠰ᠎ᠢ ᠥᠷᠭᠡᠨ ᠠᠭᠤᠳᠠᠮ ᠲᠠᠯ᠎ᠠ ᠨᠤᠲᠤᠭ᠎ᠲᠤ ᠭᠣᠢᠳᠠ ᠰᠠᠢᠬᠠᠨ ᠳᠡᠯᠭᠡᠷᠡᠭᠦᠯᠦᠨ᠎ᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃