ᠭᠣᠣᠯ ᠰᠡᠳᠦᠪᠲᠦ ᠮᠡᠳᠡᠭᠡᠯᠡᠯ > ᠦᠨᠳᠦᠰᠦᠲᠡᠨ᠎ᠦ᠌ ᠪᠦᠯᠬᠦᠮᠳᠡᠯ ᠳᠡᠪᠰᠢᠯᠲᠡ᠎ᠶ᠋ᠢ ᠠᠬᠢᠭᠤᠯᠬᠤ ᠬᠠᠤᠯᠢ᠎ᠶ᠋ᠢ ᠰᠠᠢᠲᠤᠷ ᠤᠬᠠᠭᠤᠯᠤᠨ ᠲᠤᠭᠤᠰᠢᠯᠠᠭᠤᠯᠤᠶ᠎ᠠ

2026-09-07 09:27:50

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

— ᠤᠯᠠᠭᠠᠨᠬᠠᠳᠠ ᠬᠤᠳᠠ ᠤᠯᠠᠨ ᠲᠠᠯ᠎ᠠ ᠡᠴᠡ ᠬᠦᠴᠦᠯᠡᠵᠦ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢ ᠠᠬᠢᠭᠤᠯᠬᠤ ᠬᠠᠤᠯᠢ᠎ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠵᠢ ᠬᠦᠨᠵᠡᠭᠡᠢᠷᠡᠭᠦᠯᠦᠨ ᠪᠤᠲᠠᠲᠠᠢᠵᠢᠭᠤᠯᠬᠤ ᠵᠢ ᠠᠬᠢᠭᠤᠯᠪᠠ


《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ》 (ᠳᠣᠷᠣᠭ᠍ᠰᠢ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ ᠭᠡᠵᠦ ᠲᠣᠪᠴᠢᠯᠠᠨ᠎ᠠ) ᠵᠢ ᠨᠡᠢᠲᠡᠯᠡᠨ ᠬᠡᠷᠡᠭᠵᠢᠭᠦᠯᠦᠭᠰᠡᠨ᠎ᠡᠴᠡ ᠨᠠᠭᠠᠰᠢ᠂ ᠤᠯᠠᠭᠠᠨᠬᠠᠳᠠ ᠬᠣᠲᠠ ᠶᠡᠷᠦᠩᠬᠡᠢ ᠱᠦᠵᠢ ᠰᠢ᠎ᠶᠢᠨ ᠫᠢᠩ᠎ᠤᠨ ᠦᠨᠳᠦᠰᠦᠲᠡᠨ᠎ᠦ ᠠᠵᠢᠯ᠎ᠢ ᠴᠢᠩᠭᠠᠳᠬᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢ ᠪᠦᠬᠦ ᠲᠠᠯ᠎ᠠ᠎ᠪᠠᠷ ᠲᠤᠭᠤᠰᠢᠯᠠᠭᠤᠯᠤᠨ ᠬᠡᠷᠡᠭᠵᠢᠭᠦᠯᠵᠦ᠂ ᠰᠢᠰᠲᠧᠮ᠎ᠲᠠᠢ᠎ᠪᠡᠷ ᠲᠥᠯᠥᠪᠵᠢᠭᠦᠯᠤᠨ᠂ ᠥᠨᠳᠥᠷ ᠪᠠᠢᠷᠢᠨ᠎ᠳᠤ ᠠᠬᠢᠭᠤᠯᠵᠤ᠂ ᠱᠠᠲᠤ ᠬᠤᠪᠢᠶᠠᠨ ᠵᠢᠭᠠᠨ ᠰᠤᠷᠭᠠᠵᠤ᠂ ᠨᠠᠷᠢᠯᠢᠭ᠋ ᠣᠨᠣᠴᠠᠲᠠᠢ᠎ᠪᠠᠷ ᠳᠤᠰᠤᠯᠭᠠᠨ ᠤᠰᠤᠯᠠᠵᠤ᠂ ᠬᠥᠮᠥᠰ᠎ᠦᠨ ᠰᠡᠳᠬᠢᠯ᠎ᠳᠦ ᠰᠢᠭᠤᠳ ᠬᠦᠷᠭᠡᠬᠦ ᠤᠬᠠᠭᠤᠯᠤᠨ ᠲᠠᠢᠯᠪᠤᠷᠢᠯᠠᠯᠲᠠ᠂ ᠪᠦᠬᠦ ᠲᠠᠯ᠎ᠠ ᠢ᠋ᠢᠨ ᠰᠢᠰᠲᠧᠮ᠎ᠲᠠᠢ ᠰᠤᠷᠤᠯᠴᠠᠯᠭ᠎ᠠ᠂ ᠦᠨᠳᠦᠰᠦᠨ ᠱᠠᠲᠤᠨ᠎ᠳᠤ ᠬᠦᠷᠭᠡᠬᠦ ᠬᠠᠤᠯᠢ ᠴᠠᠭᠠᠵᠠ᠎ᠶᠢᠨ ᠤᠩᠰᠢᠬᠤ ᠪᠢᠴᠢᠭ᠎ᠤᠳ ᠢ᠋ᠢᠡᠷ ᠪᠦᠬᠦ ᠬᠤᠳᠠ ᠲᠠᠶᠠᠭᠠᠷ ᠲᠸ᠋ ᠬᠠᠤᠯᠢ᠎ᠶᠢ ᠬᠦᠨᠳᠦᠳᠬᠡᠬᠦ ᠬᠠᠤᠯᠢ᠎ᠶᠢ ᠰᠤᠷᠤᠯᠴᠠᠬᠤ ᠬᠠᠤᠯᠢ᠎ᠶᠢ ᠰᠠᠬᠢᠬᠤ ᠬᠠᠤᠯᠢ᠎ᠶᠢ ᠬᠡᠷᠡᠭᠯᠡᠬᠦ ᠬᠠᠯᠠᠭᠤᠨ ᠥᠷᠨᠢᠯᠲᠡ᠎ᠭᠠᠷᠭᠠᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠬᠤ ᠲᠡᠷᠢᠭᠦᠨ᠎ᠦ ᠬᠤᠳᠠ᠎ᠶᠢ ᠲᠦᠷᠭᠡᠨ ᠪᠠᠶ᠋ᠢᠭᠤᠯᠬᠤ᠎ᠳᠤ ᠪᠠᠲᠤ ᠪᠡᠬᠢ ᠬᠠᠤᠯᠢ ᠪᠡᠷ ᠵᠠᠰᠠᠬᠤ ᠰᠠᠭᠤᠷᠢ ᠲᠠᠯᠪᠢᠵᠠᠢ᠃

ᠱᠠᠲᠤ ᠬᠤᠪᠢᠶᠠᠨ ᠵᠢᠭᠠᠨ ᠰᠤᠷᠭᠠᠵᠤ᠂ ᠬᠠᠤᠯᠢ᠎ᠪᠠᠷ ᠵᠠᠰᠠᠬᠤ ᠲᠠᠭᠤᠨ᠎ᠢ ᠬᠣᠲᠠ ᠬᠥᠳᠡᠭᠡ᠎ᠳᠦ ᠴᠤᠤᠷᠢᠶᠠᠳᠤᠭᠤᠯᠪᠠ

ᠤᠯᠠᠭᠠᠨᠬᠠᠳᠠ ᠬᠤᠳᠠ᠎ᠶᠢᠨ ᠬᠢᠨ ᠲᠡᠰ ᠳᠦᠷᠦᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ᠎ᠶᠢ ᠪᠠᠷᠢᠮᠲᠠᠯᠠᠵᠤ᠂ ᠠᠳᠠᠯᠢ ᠪᠤᠰᠤ ᠪᠦᠯᠬᠦᠮ ᠨᠡᠢᠲᠡ᠎ᠳᠤ ᠴᠢᠭᠯᠡᠭᠦᠯᠦᠨ ᠰᠤᠷᠤᠯᠴᠠᠵᠤ ᠤᠬᠠᠭᠤᠯᠬᠤ ᠠᠷᠭ᠎ᠠ ᠬᠡᠯᠪᠡᠷᠢ᠎ᠶᠢ ᠲᠣᠭᠲᠠᠭᠠᠨ᠂ ᠦᠨᠳᠦᠰᠦᠲᠡᠨ᠎ᠦ ᠪᠦᠯᠬᠦᠮᠳᠡᠯ ᠳᠠᠪᠰᠢᠯᠳᠠ᠎ᠶᠢ ᠠᠬᠢᠭᠤᠯᠬᠤ ᠬᠠᠤᠯᠢ ᠢ᠋ᠢᠨ ᠰᠤᠷᠤᠯᠴᠠᠯᠭ᠎ᠠ ᠤᠬᠠᠭᠤᠯᠭ᠎ᠠ᠎ᠶᠢ 《ᠶᠡᠬᠡ ᠤᠰᠤ᠎ᠪᠠᠷ ᠪᠢᠯᠬᠠᠭᠤᠯᠤᠨ ᠤᠰᠤᠯᠠᠬᠤ》 ᠡᠴᠡ 《ᠤᠨᠢᠨ ᠳᠡᠭᠡᠷ᠎ᠡ ᠨᠢ ᠳᠤᠰᠤᠯᠭᠠᠨ ᠤᠰᠤᠯᠠᠬᠤ》 ᠲᠡᠢᠰᠢ ᠬᠤᠪᠢᠷᠠᠭᠤᠯᠬᠤ᠎ᠶᠢ ᠠᠬᠢᠭᠤᠯᠵᠤ᠂ ᠬᠠᠤᠯᠢ ᠪᠡᠷ ᠵᠠᠰᠬᠠᠤ ᠳᠠᠭᠤᠨ᠎ᠢ ᠡᠯ᠎ᠡ ᠬᠦᠷᠢᠶ᠎ᠡ᠎ᠳᠦ ᠪᠦᠷᠬᠦᠭᠦᠯᠤᠨ᠂ ᠬᠠᠮᠤᠭ᠎ᠤᠨ ᠦᠨᠳᠦᠰᠦᠨ ᠱᠠᠲᠤᠨ᠎ᠳᠤ ᠳᠠᠮᠵᠢᠭᠤᠯᠬᠤ᠎ᠶᠢ ᠪᠠᠲᠤᠯᠠᠵᠠᠢ᠃ ᠨᠢᠭᠡ᠎ᠳᠦ 《ᠵᠠᠩᠭᠢᠯᠠᠭ᠎ᠠ᠎ᠶᠢᠨ ᠴᠥᠭᠡᠨ ᠲᠣᠭᠠᠲᠠᠨ》 ᠢ᠋ ᠠᠳᠬᠤᠪᠠ᠃ 《ᠤᠯᠠᠭᠠᠨᠬᠠᠳᠠ᠎ᠶᠢᠨ ᠺᠠᠳ᠋ᠷᠴᠤᠳ᠎ᠤᠨ ᠬᠢᠴᠢᠶᠡᠯ᠎ᠦᠨ ᠲᠠᠩᠬᠢᠮ》 ᠤ᠋ᠨ ᠲᠠᠪᠴᠠᠩ᠎ᠳᠤ ᠲᠦᠰᠢᠭᠯᠡᠨ᠂ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ᠎ᠶᠢᠨ ᠬᠡᠯᠪᠡᠷᠢ᠎ᠪᠡᠷ ᠮᠢᠩᠭᠠᠨ ᠺᠠᠳ᠋ᠷ ᠬᠠᠮᠲᠦ ᠪᠡᠷ 《ᠪᠠᠲᠦ ᠴᠤᠬᠴᠠᠯᠠᠬᠤ》 ᠬᠢᠴᠢᠶᠡᠯ ᠣᠷᠣᠬᠤ᠎ᠶᠢ ᠪᠡᠶᠡᠯᠡᠭᠦᠯᠵᠦ᠂ ᠡᠯ᠎ᠡ ᠱᠠᠲᠤᠨ᠎ᠤ ᠤᠳᠤᠷᠢᠳᠬᠤ ᠺᠠᠳ᠋ᠷᠴᠤᠳ᠎ᠤᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢᠨ ᠭᠣᠣᠯ ᠴᠢᠬᠤᠯᠠ ᠠᠭᠤᠯᠭ᠎ᠠ᠂ ᠵᠣᠷᠢᠭ᠋ ᠰᠠᠨᠠᠭᠠᠨ᠎ᠤ ᠮᠥᠨ ᠴᠢᠨᠠᠷ ᠪᠠ ᠭᠣᠣᠯ ᠠᠭᠤᠯᠭ᠎ᠠ᠎ᠶᠢ ᠣᠨᠣᠪᠴᠢᠲᠠᠶ ᠣᠢᠯᠠᠭᠠᠬᠤ᠎ᠶᠢ ᠠᠬᠢᠭᠤᠯᠪᠠ᠃ ᠬᠤᠳᠠ᠎ᠶᠢᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠪᠣᠯᠣᠨ ᠬᠤᠳᠠ᠎ᠶᠢᠨ ᠠᠷᠠᠳ᠎ᠤᠨ ᠵᠥᠪᠯᠡᠯ ᠬᠠᠮᠲᠤᠷᠠᠨ ᠲᠤᠰᠬᠠᠢ ᠰᠡᠳᠦᠪᠲᠦ ᠰᠤᠷᠤᠯᠴᠠᠯᠭ᠎ᠠ᠎ᠶᠢᠨ ᠬᠤᠷᠠᠯ ᠡᠷᠬᠢᠯᠡᠵᠦ᠂ ᠪᠦᠬᠦ ᠬᠤᠳᠠ᠎ᠶᠢᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠂ ᠦᠨᠳᠦᠰᠦᠲᠡᠨ᠎ᠦ ᠠᠵᠢᠯ᠎ᠤᠨ ᠺᠠᠳ᠋ᠷ ᠵᠢᠴᠢ ᠡᠯ᠎ᠡ ᠬᠦᠷᠢᠶᠡᠨ᠎ᠦ ᠲᠥᠯᠥᠭᠡᠯᠡᠭᠴᠢ ᠨᠡᠢ᠍ᠢᠳᠡ 1000 ᠭᠠᠷᠤᠢ ᠬᠥᠮᠥᠨ ᠨᠢᠭᠡ ᠲᠠᠩᠬᠢᠮ᠎ᠳᠤ ᠴᠤᠭᠯᠠᠷᠠᠨ᠂ ᠬᠠᠤᠯᠢ ᠴᠠᠭᠠᠵᠠ᠎ᠶᠢᠨ ᠵᠦᠢᠯ ᠵᠤᠷᠪᠤᠰ᠎ᠢ ᠰᠢᠰᠲᠧᠮ᠎ᠲᠠᠢ᠎ᠪᠡᠷ ᠰᠤᠳᠤᠯᠤᠨ ᠰᠤᠷᠤᠯᠴᠠᠪᠠ᠃ ᠬᠣᠲᠠ᠎ᠶᠢᠨ ᠱᠠᠲᠤᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠤᠷᠢᠳ ᠬᠣᠵᠢᠳ ᠠᠷᠤ ᠬᠣᠷᠴᠢᠨ ᠬᠣᠰᠢᠭᠤ᠂ ᠪᠠᠭᠠᠷᠢᠨ ᠵᠡᠭᠦᠨ ᠬᠣᠰᠢᠭᠤ᠂ ᠪᠠᠭᠠᠷᠢᠨ ᠪᠠᠷᠠᠭᠤᠨ ᠬᠣᠰᠢᠭᠤ ᠵᠡᠷᠭᠡ 7 ᠬᠣᠰᠢᠭᠤ ᠰᠢᠶᠠᠨ ᠲᠣᠭᠣᠷᠢᠭ᠋᠎ᠲᠤ ᠭᠦᠨᠵᠡᠭᠡᠢᠷᠡᠨ ᠲᠤᠰᠬᠠᠢ ᠰᠡᠳᠦᠪᠲᠦ ᠤᠬᠠᠭᠤᠯᠤᠨ ᠲᠠᠢᠯᠪᠤᠷᠢᠯᠠᠯᠲᠠ ᠥᠷᠨᠢᠭᠦᠯᠵᠦ᠂ ᠬᠠᠤᠯᠢ ᠲᠣᠭᠲᠠᠭᠠᠯᠲᠠ᠎ᠶᠢᠨ ᠠᠬᠤᠢ ᠪᠠᠢᠳᠠᠯ᠂ ᠭᠣᠣᠯ ᠴᠢᠬᠤᠯᠠ ᠠᠭᠤᠯᠭ᠎ᠠ᠂ ᠭᠣᠣᠯᠳᠠᠯᠭ᠎ᠠ᠎ᠲᠠᠢ ᠵᠦᠢᠯ ᠵᠤᠷᠪᠤᠰ ᠪᠠ ᠦᠢᠯᠡᠳᠦᠯᠭᠡ᠎ᠶᠢᠨ ᠱᠠᠭᠠᠷᠳᠠᠯᠭ᠎ᠠ᠎ᠶᠢᠨ ᠲᠣᠭᠣᠷᠢᠨ᠎ᠳᠤ ᠰᠢᠰᠲᠧᠮ᠎ᠲᠠᠢ ᠲᠠᠢᠯᠤᠮᠵᠢ ᠬᠢᠵᠦ᠂ ᠨᠡᠶ᠋ᠢᠲᠡ 800 ᠭᠠᠷᠤᠢ ᠺᠠᠳ᠋ᠷ ᠠᠵᠢᠯᠲᠠᠨ᠎ᠢ ᠬᠠᠮᠤᠷᠤᠬᠰᠠᠨ ᠪᠠᠢᠨ᠎ᠠ᠃ ᠭᠦᠨᠵᠡᠭᠡᠢ ᠰᠤᠷᠤᠯᠴᠠᠵᠤ ᠨᠢᠮᠪᠠᠢ ᠤᠬᠠᠪᠤᠷᠢᠯᠠᠬᠤ ᠳᠤᠮᠳᠠ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ ᠨᠢ ᠪᠥᠬᠥ ᠬᠣᠲᠠ᠎ᠶᠢᠨ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ᠎ᠦ ᠰᠡᠳᠬᠢᠯ᠎ᠳᠦ ᠠᠯᠬᠤᠮ ᠠᠯᠬᠤᠮ᠎ᠢᠶᠠᠷ ᠦᠨᠳᠦᠰᠦᠯᠡᠪᠡ᠃ ᠬᠣᠶᠠᠷ᠎ᠲᠤ 《ᠵᠣᠩᠬᠢᠯᠠᠬᠤ ᠤᠯᠠᠨ ᠲᠣᠭᠠᠳᠠᠨ》 ᠳ᠋ᠤ ᠬᠠᠨᠳᠤᠭᠤᠯᠪᠠ᠃ ᠡᠯ᠎ᠡ ᠬᠣᠰᠢᠭᠤ ᠰᠢᠶᠠᠨ ᠲᠣᠭᠣᠷᠢᠭ᠋ ᠨᠢ ᠲᠣᠰ ᠱᠠᠲᠤᠨ᠎ᠤ ᠤᠬᠠᠭᠤᠯᠤᠨ ᠲᠠᠢᠯᠪᠤᠷᠢᠯᠠᠬᠤ ᠡᠩᠨᠡᠭᠡ᠎ᠶᠢ ᠲᠣᠰ ᠲᠣᠰ ᠵᠣᠬᠢᠶᠠᠨ ᠪᠠᠢᠭᠤᠯᠵᠤ᠂ ᠤᠬᠠᠭᠤᠯᠤᠨ ᠲᠠᠢᠯᠪᠤᠷᠢᠯᠠᠬᠤ ᠬᠦᠷᠢᠶ᠎ᠡ ᠴᠠᠷᠠᠭ᠎ᠠ᠎ᠶᠢ ᠰᠤᠮᠤ ᠰᠢᠶᠠᠩ ᠪᠠᠯᠭᠠᠰᠤ᠂ ᠨᠡᠢᠭᠡᠮ ᠲᠣᠭᠣᠷᠢᠭ᠋᠂ ᠠᠵᠤ ᠠᠬᠤᠢᠯᠠᠯ᠂ ᠰᠤᠷᠭᠠᠭᠤᠯᠢ᠎ᠳᠤ ᠬᠦᠷᠲᠡᠯ᠎ᠡ ᠤᠷᠲᠤᠳᠬᠠᠪᠠ᠃ ᠤᠯᠠᠭᠠᠨᠬᠠᠳᠠ ᠶᠡᠬᠡ ᠰᠤᠷᠭᠠᠭᠤᠯᠢ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠎ᠢ ᠤᠷᠢᠵᠤ 300 ᠭᠠᠷᠤᠢ ᠪᠠᠭ᠍ᠰᠢ ᠰᠤᠷᠤᠭ᠍ᠴᠢᠳ᠎ᠤᠨ ᠲᠥᠯᠥᠭᠡᠯᠡᠭᠴᠢ᠎ᠳᠦ ᠲᠤᠰᠬᠠᠢ ᠰᠡᠳᠦᠪᠲᠦ ᠬᠠᠪᠰᠤᠷᠤᠨ ᠵᠢᠯᠣᠭᠣᠳᠤᠯᠭ᠎ᠠ ᠬᠢᠯᠭᠡᠪᠡ᠃ ᠨᠢᠩᠴᠧᠩ ᠰᠢᠶᠠᠨ᠎ᠤ 《ᠤᠯᠠᠭᠠᠨ ᠠᠨᠠᠷ》 ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠬᠢᠨ《ᠰᠠᠨᠳᠠᠯᠢ᠎ᠶᠢᠨ ᠬᠤᠷᠠᠯ》᠂ 《ᠬᠦᠷᠢᠶᠡᠨ ᠬᠠᠰᠢᠶᠠᠨ᠎ᠦ ᠬᠢᠴᠢᠶᠡᠯ᠎ᠦᠨ ᠲᠠᠩᠬᠢᠮ》᠂ 《ᠲᠠᠷᠢᠶᠠᠨ ᠭᠠᠵᠠᠷ᠎ᠤᠨ ᠪᠢᠴᠢᠯ ᠤᠬᠠᠭᠤᠯᠤᠨ ᠲᠠᠢᠯᠪᠤᠷᠢᠯᠠᠯᠲᠠ》 ᠵᠡᠷᠭᠡ ᠬᠡᠯᠪᠡᠷᠢ᠂ ᠲᠦᠭᠦᠮ ᠣᠢᠯᠠᠭᠠᠮᠵᠢᠲᠠᠢ ᠨᠤᠲᠤᠭ᠎ᠤᠨ ᠬᠡᠯᠡ ᠎ᠪᠡᠷ ᠬᠠᠤᠯᠢ ᠴᠠᠭᠠᠵᠠ᠎ᠶᠢᠨ ᠭᠣᠣᠯ ᠵᠦᠢᠯ ᠵᠤᠷᠪᠤᠰ᠎ᠢ ᠲᠠᠢᠯᠪᠤᠷᠢᠯᠠᠨ᠂ ᠬᠠᠤᠯᠢ ᠴᠠᠭᠠᠵᠠ᠎ᠶᠢ ᠤᠯᠠᠨ ᠲᠦᠮᠡᠨ᠎ᠦ ᠳᠡᠷᠭᠡᠳᠡ ᠬᠦᠷᠭᠡᠵᠡᠢ᠃ ᠰᠦᠩᠱᠠᠨ ᠲᠣᠭᠣᠷᠢᠭ᠋᠎ᠤᠨ ᠲᠢᠶᠸ ᠳ᠋ᠦᠩ ᠵᠡᠭᠡᠯᠢ ᠭᠤᠳᠤᠮᠵᠢ᠎ᠳᠤ 《ᠤᠯᠠᠭᠠᠨ ᠠᠨᠠᠷ ᠨᠡᠭᠦᠳᠡᠯ ᠬᠢᠴᠢᠶᠡᠯ᠎ᠦᠨ ᠲᠠᠩᠬᠢᠮ》 ᠢ᠋ ᠲᠤᠬᠢᠷᠠᠭᠤᠯᠤᠨ᠂ ᠬᠠᠤᠯᠢᠴᠢ᠎ᠶᠢ ᠤᠷᠢᠵᠤ ᠵᠦᠢᠯ ᠵᠤᠷᠪᠤᠰ᠎ᠢ ᠭᠦᠨᠵᠡᠭᠡᠢ ᠲᠠᠢᠯᠪᠤᠷᠢᠯᠠᠵᠦ᠂ ᠰᠠᠭᠤᠭᠠᠯᠢ ᠠᠷᠠᠳ ᠭᠡᠷ᠎ᠦᠨ ᠡᠭᠦᠳᠡᠨ᠎ᠳᠡᠭᠡᠷ᠎ᠡ ᠪᠠᠨ ᠬᠠᠤᠯᠢ ᠴᠠᠭᠠᠵᠠ᠎ᠶᠢᠨ ᠮᠡᠳᠡᠯᠭᠡ᠎ᠶᠢ ᠡᠵᠡᠮᠰᠢᠪᠡ᠃ ᠬᠠᠷᠠᠴᠢᠨ ᠬᠣᠰᠢᠭᠤᠨ᠎ᠤ ᠬᠦᠩ᠎ᠤᠨ ᠬᠤᠷᠤᠭ᠎ᠠ ᠪᠠᠯᠭᠠᠰᠤᠨ᠎ᠤ ᠬᠢᠨ ᠬᠠᠤᠯᠢᠴᠢ᠎ᠪᠠᠨ ᠵᠣᠬᠢᠶᠠᠨ ᠪᠠᠢᠭᠤᠯᠵᠤ ᠤᠯᠠᠨ ᠲᠦᠮᠡᠨ᠎ᠤ ᠮᠠᠳᠠᠭ᠎ᠲᠠᠢ ᠠᠰᠠᠭᠤᠳᠠᠯ ᠢ᠋ ᠬᠠᠷᠢᠭᠤᠯᠤᠨ ᠲᠥᠭᠡᠷᠢᠭᠳᠡᠯ ᠢ᠋ ᠨᠢ ᠳᠡᠶ᠋ᠢᠯᠵᠦ᠂ ᠬᠠᠤᠯᠢ᠎ᠪᠠᠷ ᠵᠠᠰᠠᠬᠤ ᠲᠠᠭᠤᠨ ᠢ᠋ ᠤᠯᠠᠭᠠᠨᠬᠠᠳᠠ᠎ᠶᠢᠨ ᠡᠬᠡ ᠭᠠᠵᠠᠷ᠎ᠲᠤ ᠬᠠᠩᠭᠢᠨᠠᠭᠤᠯᠪᠠ ᠃

ᠬᠠᠤᠯᠢ᠎ᠪᠠᠷ ᠬᠥᠳᠡᠭᠡ ᠲᠣᠰᠬᠣᠨ᠎ᠢ ᠬᠦᠭᠵᠢᠬᠦᠯᠤᠨ ᠮᠠᠨᠳᠤᠭᠤᠯᠵᠦ᠂ ᠬᠠᠤᠯᠢ᠎ᠪᠠᠷ ᠵᠠᠰᠠᠬᠤ ᠰᠤᠶᠤᠯ ᠤ᠋ᠨ ᠰᠤᠲᠠᠰᠤ ᠪᠠᠷ ᠬᠦᠰᠠᠯ ᠡᠷᠠᠮᠠᠯᠵᠠᠯ ᠤ᠋ᠨ ᠬᠦᠲᠠᠬᠡ ᠨᠤᠲᠤᠭ᠎ᠢ ᠤᠮᠲᠠᠯᠠᠪᠠ

ᠤᠯᠠᠭᠠᠨᠬᠠᠳᠠ ᠬᠣᠲᠠ ᠵᠢᠨ ᠬᠢᠨ 《ᠬᠠᠤᠯᠢ᠎ᠶᠢ ᠬᠥᠳᠡᠭᠡ ᠲᠣᠰᠬᠣᠨ᠎ᠳᠤ ᠬᠦᠷᠭᠡᠬᠦ》 ᠪᠠᠷ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢ ᠦᠨᠳᠦᠰᠦᠨ ᠱᠠᠲᠤᠨ᠎ᠳᠤ ᠦᠨᠳᠦᠰᠦᠯᠡᠭᠦᠯᠬᠦ ᠴᠢᠬᠤᠯᠠ ᠭᠠᠷᠳᠠᠴᠠ ᠪᠣᠯᠭᠠᠵᠤ᠂ ᠰᠦᠩᠱᠠᠨ ᠲᠣᠭᠣᠷᠢᠭ᠋᠎ᠤᠨ ᠳ᠋ᠠᠩ ᠫᠦ ᠳᠢ ᠮᠠᠨᠵᠤ ᠦᠨᠳᠦᠰᠦᠲᠡᠨ᠎ᠦ ᠰᠢᠶᠠᠩ ᠪᠣᠯᠣᠨ ᠬᠠᠷᠠᠴᠢᠨ ᠬᠣᠰᠢᠭᠤᠨ᠎ᠤ ᠱᠢ ᠵᠢᠶᠠ ᠮᠠᠨᠵᠤ ᠦᠨᠳᠦᠰᠦᠲᠡᠨ᠎ᠦ ᠰᠢᠶᠠᠩ᠎ᠢᠶᠠᠷ ᠭᠣᠣᠯᠳᠠᠯᠭ᠎ᠠ᠎ᠲᠠᠢ ᠭᠠᠵᠠᠷ ᠣᠷᠣᠨ ᠪᠣᠯᠭᠠᠵᠤ᠂ ᠪᠥᠬᠥ ᠬᠣᠲᠠ᠎ᠶᠢᠨ 153 ᠰᠤᠮᠤ ᠰᠢᠶᠠᠩ ᠪᠠᠯᠭᠠᠰᠤᠨ᠎ᠳᠤ ᠬᠠᠨᠳᠤᠭᠤᠯᠤᠨ᠂ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠨ ᠬᠠᠤᠯᠢ》᠂ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ》 ᠵᠡᠷᠭᠡ ᠲᠥᠷᠥ᠎ᠶᠢᠨ ᠪᠣᠳᠣᠯᠭ᠎ᠠ ᠬᠠᠤᠯᠢ ᠲᠣᠭᠲᠠᠭᠠᠯ ᠰᠤᠷᠤᠯᠴᠠᠬᠤ ᠮᠠᠲᠧᠷᠢᠶᠠᠯ᠎ᠢ ᠭᠠᠴᠠᠭ᠎ᠠ ᠲᠣᠰᠬᠣᠨ᠎ᠤ ᠨᠢᠭᠡᠳᠦᠭᠡᠷ ᠹᠷᠣᠨᠲ᠎ᠲᠤ ᠲᠣᠬᠢᠷᠠᠭᠤᠯᠤᠨ ᠬᠦᠷᠭᠡᠵᠦ᠂ ᠦᠨᠳᠦᠰᠦᠨ ᠱᠠᠲᠤᠨ᠎ᠤ ᠺᠠᠳ᠋ᠷ ᠪᠣᠯᠣᠨ ᠲᠣᠰᠬᠣᠨ᠎ᠤ ᠠᠷᠠᠳ᠎ᠤᠨ ᠭᠡᠷ᠎ᠦᠨ ᠡᠭᠦᠳᠡᠨ ᠳ᠋ᠡᠬᠡᠨ ᠴᠠᠭ ᠲᠤᠬᠠᠢ ᠳ᠋ᠤᠨᠢ ᠦᠵᠡᠵᠦ ᠰᠤᠷᠤᠯᠴᠠᠬᠤ᠎ᠶᠢ ᠦᠨᠡᠨ ᠬᠦ᠌ ᠪᠠᠲᠤᠯᠠᠪᠠ᠃ ᠰᠦᠩᠱᠠᠨ ᠲᠣᠭᠣᠷᠢᠭ᠋᠎ᠤᠨ ᠭᠤᠸᠠᠨ ᠵᠢᠶᠠ ᠶᠢᠩ ᠲᠣᠰᠬᠣᠨ᠎ᠳᠤ᠂ ᠠᠵᠢᠯᠲᠠᠳ ᠵᠥᠪᠯᠡᠯᠭᠡ ᠥᠭᠬᠦ ᠦᠢᠯᠡᠴᠢᠯᠡᠭᠡᠨ᠎ᠦ ᠲᠠᠪᠴᠠᠩ ᠪᠠᠢᠭᠤᠯᠵᠤ᠂ ᠤᠬᠠᠭᠤᠯᠭ᠎ᠠ᠎ᠶᠢᠨ ᠮᠠᠲᠧᠷᠢᠶᠠᠯ ᠲᠠᠷᠬᠠᠭᠠᠵᠤ᠂ ᠣᠯᠠᠨ ᠲᠦᠮᠡᠨ᠎ᠦ ᠬᠠᠯᠠᠮᠵᠢᠯᠠᠨ ᠠᠩᠬᠠᠷᠴᠤ ᠪᠠᠢᠭ᠎ᠠ ᠠᠭᠤᠯᠭ᠎ᠠ᠎ᠶᠢᠨ ᠲᠣᠭᠣᠷᠢᠨ᠎ᠳᠤ ᠨᠢᠭᠡᠳ ᠨᠢᠭᠡ᠎ᠪᠡᠷ ᠠᠰᠠᠭᠤᠯᠲᠠ᠎ᠶᠢ ᠬᠠᠷᠢᠭᠤᠯᠦᠨ ᠲᠥᠭᠡᠷᠢᠭᠳᠡᠯ᠎ᠢ ᠨᠢ ᠲᠠᠢᠯᠵᠤ᠂ ᠣᠯᠠᠨ᠎ᠢ ᠬᠥᠲᠥᠯᠥᠨ ᠵᠢᠯᠤᠭᠣᠳᠴᠤ ᠬᠠᠤᠯᠢ ᠶᠤᠰᠤᠭᠠᠷ ᠠᠵᠢᠯ ᠶᠠᠪᠤᠳᠠᠯ ᠬᠦᠢᠴᠡᠳᠬᠡᠵᠤ᠂ ᠤᠴᠢᠷ ᠶᠠᠪᠤᠲᠠᠯ ᠲᠤᠯᠭᠠᠷᠠᠪᠠᠯ ᠬᠠᠤᠯᠢ᠎ᠶᠢ ᠡᠷᠢᠵᠦ᠂ ᠠᠰᠠᠭᠤᠳᠠᠯ᠎ᠢ ᠰᠢᠢᠳᠪᠦᠷᠢᠯᠡᠬᠦ᠎ᠳᠦ ᠬᠠᠤᠯᠢ᠎ᠶᠢ ᠬᠡᠷᠡᠭᠯᠡᠵᠦ᠂ ᠵᠥᠷᠢᠴᠡᠯ᠎ᠢ ᠠᠷᠢᠯᠭᠠᠬᠤ᠎ᠳᠤ ᠬᠠᠤᠯᠢ᠎ᠳᠤ ᠲᠦᠰᠢᠭᠯᠡᠨ᠎ᠠ᠃ ᠬᠡᠰᠢᠭᠲᠡᠨ ᠬᠣᠰᠢᠭᠤᠨ᠎ᠤ ᠬᠠᠭᠤᠷᠠᠢ ᠬᠦᠷᠢᠶ᠎ᠡ ᠰᠤᠮᠤ ᠭᠠᠴᠠᠭ᠎ᠠ ᠲᠣᠰᠬᠣᠨ᠎ᠤ ᠤᠳᠤᠷᠢᠳᠤᠯᠭ᠎ᠠ᠂ ᠭᠠᠴᠠᠭ᠎ᠠ (ᠨᠡᠢᠭᠡᠮ ᠲᠣᠭᠣᠷᠢᠭ᠋) ᠵᠢᠨ 《ᠬᠣᠶᠠᠷ ᠵᠥᠪᠯᠡᠯ》 ᠪᠠ ᠰᠤᠮᠤᠨ᠎ᠤ ᠪᠥᠬᠥ ᠺᠠᠳ᠋ᠷ᠎ᠢᠶᠠᠷ ᠪᠦᠷᠢᠯᠳᠦᠭᠰᠡᠨ ᠤᠬᠠᠭᠤᠯᠬᠤ ᠡᠩᠨᠡᠭᠡ᠎ᠶᠢ ᠵᠣᠬᠢᠶᠠᠨ ᠪᠠᠢᠭᠤᠯᠵᠤ᠂ ᠮᠠᠯᠴᠢᠨ ᠡᠷᠦᠬᠡ᠎ᠳᠦ ᠭᠦᠨᠵᠡᠭᠡᠢᠷᠡᠨ ᠬᠠᠤᠯᠢ ᠴᠠᠭᠠᠵᠠ᠎ᠶᠢᠨ ᠵᠦᠢᠯ ᠵᠤᠷᠪᠤᠰ᠎ᠢ ᠨᠠᠷᠢᠨ ᠨᠢᠮᠪᠠᠢ ᠲᠠᠢᠯᠪᠤᠷᠢᠯᠠᠵᠠᠢ᠃ ᠬᠠᠤᠯᠢ ᠪᠠᠷ ᠵᠠᠰᠠᠬᠤ ᠦᠷ᠎ᠡ ᠥᠷᠭᠡᠨ ᠠᠭᠤᠳᠠᠮ ᠬᠥᠳᠡᠭᠡ ᠲᠣᠰᠬᠣᠨ᠎ᠳᠤ ᠦᠨᠲᠤᠰᠤ ᠬᠠᠳᠬᠤᠨ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠠᠤᠯᠢ ᠪᠠᠷ ᠵᠠᠰᠠᠬᠤ ᠤᠬᠠᠮᠰᠠᠷ ᠦᠨᠡᠨ ᠬᠦ᠌ ᠳᠡᠭᠡᠭᠰᠢᠯᠡᠪᠡ᠃

ᠠᠭᠤᠰᠤᠯᠴᠠᠭᠤᠯᠤᠨ ᠰᠢᠨ᠎ᠡ᠎ᠶᠢ ᠡᠭᠦᠳᠴᠦ᠂ ᠣᠯᠠᠨ ᠡᠰᠢᠲᠦ ᠬᠣᠯᠪᠤᠭᠠᠯᠠᠨ ᠬᠥᠳᠡᠯᠦᠯᠴᠡᠬᠦ ᠳᠤᠮᠳᠠ ᠬᠠᠤᠯᠢ ᠪᠠᠷ ᠵᠠᠰᠠᠬᠤ ᠤᠷᠴᠢᠨ ᠠᠬᠤᠢ ᠵᠢ ᠪᠣᠶ ᠪᠣᠯᠭᠠᠪᠠ

ᠤᠯᠠᠭᠠᠨᠬᠠᠳᠠ ᠬᠣᠲᠠ ᠵᠢᠨ ᠬᠢᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢᠨ ᠤᠬᠠᠭᠤᠯᠭ᠎ᠠ᠎ᠶᠢ ᠡᠳᠦᠷ ᠲᠤᠲᠤᠮ᠎ᠤᠨ ᠠᠵᠢᠯ ᠬᠢᠭᠡᠳ ᠣᠯᠠᠨ ᠲᠦᠮᠡᠨ᠎ᠦ ᠠᠮᠢᠳᠤᠷᠠᠯ᠎ᠳᠤ ᠠᠭᠤᠰᠤᠯᠴᠠᠭᠤᠯᠬᠤ᠎ᠶᠢ ᠴᠢᠬᠤᠯᠠᠴᠢᠯᠠᠵᠤ᠂ ᠣᠯᠠᠨ ᠲᠠᠯ᠎ᠠ᠎ᠪᠠᠷ ᠬᠦᠴᠦᠯᠡᠵᠦ᠂ ᠣᠯᠠᠨ ᠠᠷᠭ᠎ᠠ ᠬᠡᠮᠵᠢᠶ᠎ᠡ᠎ᠶᠢ ᠵᠡᠷᠭᠡ᠎ᠪᠡᠷ ᠬᠡᠷᠡᠭᠯᠡᠨ᠂ ᠭᠦᠨ ᠵᠤᠵᠠᠭᠠᠨ ᠬᠠᠤᠯᠢ ᠪᠠᠷ ᠵᠠᠰᠠᠬᠤ ᠠᠭᠤᠷ ᠠᠮᠢᠰᠬᠤᠯ᠎ᠢ ᠪᠣᠶ ᠪᠣᠯᠭᠠᠵᠠᠢ᠃ 《ᠦᠨᠳᠦᠰᠦᠲᠡᠨ᠎ᠦ ᠲᠥᠷᠥ᠎ᠶᠢᠨ ᠪᠣᠳᠣᠯᠭ᠎ᠠ᠎ᠶᠢᠨ ᠤᠬᠠᠭᠤᠯᠭ᠎ᠠ᠎ᠶᠢᠨ ᠰᠠᠷ᠎ᠠ》 ᠵᠢᠨ ᠬᠤᠭᠤᠴᠠᠭᠠᠨ᠎ᠳᠤ᠂ ᠬᠣᠲᠠ᠎ᠶᠢᠨ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ ᠵᠡᠷᠭᠡ ᠰᠠᠯᠠᠭ᠎ᠠ ᠮᠥᠴᠢᠷ ᠬᠣᠯᠪᠤᠭᠠᠯᠠᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ᠎ᠢᠶᠠᠷ ᠭᠣᠣᠯ ᠠᠭᠤᠯᠭ᠎ᠠ ᠪᠣᠯᠭᠠᠭᠰᠠᠨ ᠮᠡᠳᠡᠯᠭᠡ᠎ᠶᠢᠨ ᠤᠷᠤᠯᠳᠤᠭᠠᠨ ᠡᠷᠭᠢᠯᠡᠵᠦ᠂ ᠪᠥᠬᠥ ᠬᠣᠲᠠ᠎ᠶᠢᠨ 18 ᠲᠥᠯᠥᠭᠡᠯᠡᠭᠴᠢ᠎ᠵᠢᠨ ᠠᠩᠭᠢ ᠬᠠᠮᠲᠤ᠎ᠪᠠᠷ ᠤᠷᠤᠯᠳᠤᠵᠤ᠂ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ᠎ᠦ ᠬᠠᠤᠯᠢ ᠰᠤᠷᠬᠤ ᠬᠠᠯᠠᠭᠤᠨ ᠤᠷᠮ᠎ᠠ᠎ᠶᠢ ᠪᠦᠲᠦᠮᠵᠢᠲᠡᠶ ᠬᠥᠭᠵᠢᠭᠡᠪᠡ᠃ ᠡᠯ᠎ᠡ ᠬᠣᠰᠢᠭᠤ ᠰᠢᠶᠠᠨ ᠲᠣᠭᠣᠷᠢᠭ᠋ ᠵᠢᠴᠢ ᠬᠣᠲᠠ᠎ᠶᠢᠨ ᠨᠠᠮ᠎ᠤᠨ ᠬᠣᠷᠢᠶ᠎ᠠ ᠵᠢᠨ ᠭᠡᠰᠢᠭᠦᠨ ᠨᠢᠭᠡᠴᠢ ᠰᠡᠳᠦᠪ ᠬᠠᠷᠢᠭᠤᠯᠬᠤ ᠥᠷᠢᠰᠦᠯᠳᠦᠭᠡᠨ᠎ᠦ ᠤᠷᠤᠯᠳᠤᠭᠠᠨ ᠵᠡᠷᠭᠡ ᠠᠵᠢᠯᠯᠠᠭ᠎ᠠ᠎ᠶᠢ ᠥᠷᠭᠡᠨ᠎ᠢᠶᠡᠷ ᠥᠷᠨᠢᠭᠦᠯᠵᠦ᠂ ᠬᠠᠤᠯᠢ ᠴᠠᠭᠠᠵᠠ᠎ᠶᠢᠨ ᠰᠤᠷᠤᠯᠴᠠᠯᠭ᠎ᠠ᠎ᠶᠢ ᠪᠠᠢᠭᠤᠯᠭ᠎ᠠ᠎ᠠᠴᠠ ᠦᠨᠳᠦᠰᠦᠨ ᠱᠠᠲᠤᠨ᠎ᠳᠤ ᠬᠦᠷᠲᠡᠯ᠎ᠡ᠂ ᠺᠠᠳ᠋ᠷ᠎ᠠᠴᠠ ᠣᠯᠠᠨ ᠲᠦᠮᠡᠨ᠎ᠳᠦ ᠬᠦᠷᠲᠡᠯ᠎ᠡ ᠥᠷᠭᠡᠳᠬᠡᠪᠡ᠃ ᠡᠯ᠎ᠡ ᠭᠠᠵᠠᠷ ᠣᠷᠣᠨ ᠨᠡᠢᠭᠡᠮ ᠲᠣᠭᠣᠷᠢᠭ᠋᠂ ᠠᠵᠤ ᠠᠬᠤᠢᠯᠠᠯ᠂ ᠠᠭᠤᠳᠠᠮ ᠲᠠᠯᠠᠪᠠᠶ ᠵᠡᠷᠭᠡ᠎ᠳᠦ ᠭᠦᠨᠵᠡᠭᠡᠢᠷᠡᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ᠎ᠶᠢ ᠲᠥᠪᠯᠡᠷᠡᠭᠦᠯᠦᠨ ᠥᠷᠨᠢᠭᠦᠯᠵᠦ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢᠨ ᠮᠡᠳᠡᠯᠭᠡ᠎ᠶᠢᠨ ᠤᠩᠰᠢᠬᠤ ᠪᠢᠴᠢᠭ᠂ ᠤᠬᠠᠭᠤᠯᠭ᠎ᠠ᠎ᠶᠢᠨ ᠵᠠᠷᠯᠠᠯ ᠵᠡᠷᠭᠡ᠎ᠶᠢ ᠨᠡᠶ᠋ᠢᠲᠡ 20 ᠲᠦᠮᠡ ᠭᠠᠷᠤᠢ ᠬᠤᠪᠢ ᠲᠠᠷᠬᠠᠭᠠᠵᠤ᠂ ᠬᠠᠤᠯᠢ ᠴᠠᠭᠠᠵᠠ᠎ᠶᠢᠨ ᠮᠡᠳᠡᠯᠭᠡ᠎ᠶᠢᠨ ᠣᠢᠯᠠᠭᠠᠬᠤ ᠨᠣᠷᠮ᠎ᠠ ᠪᠠ ᠬᠠᠮᠤᠷᠬᠤ ᠬᠡᠪᠴᠢᠶ᠎ᠡ᠎ᠶᠢ ᠪᠦᠲᠦᠮᠵᠢᠲᠡᠶ ᠳᠡᠭᠡᠭᠰᠢᠯᠡᠭᠦᠯᠵᠠᠢ᠃ ᠡᠭᠦᠨ᠎ᠦ ᠬᠠᠮᠲᠤ᠂ ᠰᠦᠯᠵᠢᠶᠡᠨ ᠳᠡᠭᠡᠷ᠎ᠡ ᠬᠣᠯᠪᠤᠭᠠᠯᠠᠨ ᠬᠥᠳᠡᠯᠦᠯᠴᠡᠵᠦ ᠪᠣᠰᠣᠭ᠎ᠠ ᠴᠣᠭᠴᠠᠲᠤ ᠬᠠᠤᠯᠢ ᠲᠦᠭᠡᠮᠡᠯᠵᠢᠭᠦᠯᠬᠦ ᠵᠢᠭ᠍ᠰᠠᠭᠠᠯ᠎ᠢ ᠪᠠᠢᠭᠤᠯᠪᠠ᠃ ᠬᠣᠲᠠ᠎ᠶᠢᠨ ᠦᠨᠲᠤᠰᠤᠲᠠᠨ ᠤ᠋ ᠬᠡᠷᠡᠭ ᠡᠷᠬᠢᠯᠡᠬᠦ ᠵᠦᠪᠯᠡᠯ ᠡᠴᠠ ᠣᠯᠠᠨ ᠨᠡᠶ᠋ᠢᠲᠡ᠎ᠶᠢᠨ ᠳ᠋ᠤᠭᠠᠷ᠎ᠲᠤ ᠬᠠᠤᠯᠢ ᠲᠦᠭᠡᠮᠡᠯᠵᠢᠭᠦᠯᠬᠦ ᠲᠤᠰᠬᠠᠢ ᠪᠤᠯᠤᠩ ᠭᠠᠷᠭᠠᠵᠤ᠂ 《〈ᡂᠢ ᠯᠦᠩ ᠡᠯ〉 ᠲᠠᠨ᠎ᠢ ᠲᠠᠭᠠᠭᠤᠯᠤᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢ ᠰᠤᠷᠤᠯᠴᠠᠬᠤ》 ᠺᠠᠷᠲ᠋ᠣᠨ ᠪᠢᠴᠢᠯ ᠸᠢᠳᠢᠤ᠋ ᠭᠠᠷᠭᠠᠪᠠ; ᠪᠠᠭᠠᠷᠢᠨ ᠪᠠᠷᠠᠭᠤᠨ ᠬᠣᠰᠢᠭᠤᠨ᠎ᠤ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ 《ᠦᠨᠳᠦᠰᠦᠲᠡᠨ᠎ᠦ ᠲᠥᠷᠥ᠎ᠶᠢᠨ ᠪᠣᠳᠣᠯᠭ᠎ᠠ᠎ᠶᠢᠨ ᠤᠬᠠᠭᠤᠯᠭ᠎ᠠ᠎ᠶᠢᠨ ᠰᠠᠷ᠎ᠠ·ᠡᠭᠦᠯᠡᠨ ᠬᠢᠴᠢᠶᠡᠯ᠎ᠦᠨ ᠲᠠᠩᠬᠢᠮ》 ᠲᠤᠰᠬᠠᠢ ᠪᠤᠯᠤᠩ᠎ᠢ 12 ᠬᠤᠭᠤᠴᠠᠭ᠎ᠠ ᠨᠡᠭᠡᠭᠡᠵᠠᠢ; ᠨᠢᠩᠴᠧᠩ ᠰᠢᠶᠠᠨ ᠰᠦᠯᠵᠢᠶᠡᠨ ᠳᠡᠭᠡᠷ᠎ᠡ ᠱᠠᠩᠨᠠᠯ᠎ᠲᠠᠢ ᠥᠷᠢᠰᠦᠯᠳᠦᠨ ᠬᠠᠷᠢᠭᠤᠯᠬᠤ ᠠᠵᠢᠯᠯᠠᠭ᠎ᠠ ᠥᠷᠨᠢᠭᠦᠯᠵᠦ᠂ 1.3 ᠲᠦᠮᠡ ᠭᠠᠷᠤᠢ ᠬᠥᠮᠥᠨ ᠣᠷᠣᠯᠴᠠᠭᠰᠠᠨ ᠪᠥᠭᠡᠳ ᠨᠡᠶ᠋ᠢᠲᠡ᠎ᠶᠢᠨ ᠠᠰᠠᠷᠠᠮᠵᠢ᠎ᠶᠢᠨ ᠣᠬᠣᠷ ᠮᠡᠳᠡᠭᠡ ᠵᠢ 5000 ᠭᠠᠷᠤᠢ ᠢᠯᠡᠭᠡᠵᠦ᠂ ᠤᠬᠠᠭᠤᠯᠭ᠎ᠠ᠎ᠶᠢᠨ ᠮᠡᠳᠡᠭᠡ ᠵᠠᠩᠭᠢ᠎ᠶᠢ ᠨᠠᠷᠢᠯᠢᠭ᠋ ᠣᠨᠣᠴᠠᠲᠠᠢ᠎ᠪᠠᠷ ᠬᠦᠷᠭᠡᠬᠦ᠂ ᠥᠷᠭᠡᠨ᠎ᠢᠶᠡᠷ ᠬᠠᠮᠤᠷᠬᠤ᠎ᠶᠢ ᠪᠡᠶᠡᠯᠡᠭᠦᠯᠪᠡ᠃

ᠲᠠᠷᠠᠭᠠᠴᠢ᠎ᠪᠡᠷ᠂ ᠤᠯᠠᠭᠠᠨᠬᠠᠳᠠ ᠬᠣᠲᠠ᠎ᠶᠢᠨ ᠦᠨᠳᠦᠰᠦᠲᠡᠨ᠎ᠦ ᠬᠡᠷᠡᠭ ᠡᠷᠭᠢᠯᠡᠬᠦ ᠵᠥᠪᠯᠡᠯ ᠤ᠋ᠨ ᠬᠢᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ᠎ᠢ ᠦᠷᠭᠦᠯᠵᠢᠯᠡᠨ ᠭᠦᠨᠵᠡᠭᠡᠢᠷᠡᠭᠦᠯᠵᠦ᠂ ᠠᠭᠤᠯᠭ᠎ᠠ᠎ᠪᠠᠨ ᠲᠠᠰᠤᠷᠠᠯᠲᠠ ᠦᠭᠡᠢ ᠪᠠᠶᠠᠯᠢᠭ᠍ᠵᠢᠭᠤᠯᠤᠨ᠂ ᠠᠷᠭ᠎ᠠ ᠬᠡᠯᠪᠡᠷᠢ ᠠᠴᠢᠶᠠᠯᠠᠪᠤᠷᠢ᠎ᠪᠠᠨ ᠰᠢᠨᠡᠴᠢᠯᠡᠵᠦ᠂ ᠬᠠᠮᠤᠷᠬᠤ ᠬᠡᠪᠴᠢᠶ᠎ᠡ᠎ᠪᠡᠨ ᠥᠷᠭᠡᠳᠬᠡᠨ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠢᠭᠡᠳ ᠦᠨᠳᠦᠰᠦᠨ ᠱᠠᠲᠤᠨ᠎ᠤ ᠵᠠᠰᠠᠯᠲᠠ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠦᠨᠳᠦᠰᠦᠲᠡᠨ᠎ᠦ ᠬᠡᠷᠡᠭ ᠶᠠᠪᠤᠳᠠᠯ᠎ᠤᠨ ᠵᠠᠰᠠᠯᠲᠠ᠎ᠶᠢᠨ ᠰᠢᠰᠲᠧᠮ ᠪᠣᠯᠣᠨ ᠵᠠᠰᠠᠯᠲᠠ᠎ᠶᠢᠨ ᠴᠢᠳᠠᠪᠤᠷᠢ᠎ᠶᠢᠨ ᠣᠳᠣᠬᠢᠴᠢᠯᠠᠯᠲᠠ᠎ᠶᠢᠨ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ ᠴᠡᠴᠡᠬᠡᠰ ᠬᠢᠬᠡᠳ ᠪᠦᠯᠬᠦᠮᠳᠡᠯ᠎ᠦᠨ ᠴᠡᠴᠡᠬᠡᠰ᠎ᠢ᠋ ᠤᠯᠠᠭᠠᠨᠬᠠᠳᠠ᠎ᠶᠢᠨ ᠡᠬᠡ ᠭᠠᠵᠠᠷ᠎ᠲᠤ ᠦᠷᠭᠡᠨ ᠵᠢᠡᠷ ᠳᠡᠯᠭᠡᠷᠡᠭᠦᠯᠵᠦ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠦᠷᠭᠦᠯᠵᠢᠯᠡᠨ ᠰᠠᠢᠲᠤᠷ ᠪᠦᠲᠦᠭᠡᠨ ᠪᠠᠶ᠋ᠢᠭᠤᠯᠬᠤ᠎ᠳᠤ ᠰᠦᠷ ᠳᠠᠯᠠᠢᠴᠠᠲᠠᠢ ᠬᠦᠴᠦᠨ ᠴᠢᠳᠠᠯ᠎ᠢ ᠨᠢᠭ᠍ᠲᠠᠷᠠᠭᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面