ᠭᠣᠣᠯ ᠰᠡᠳᠦᠪᠲᠦ ᠮᠡᠳᠡᠭᠡᠯᠡᠯ > ᠦᠨᠳᠦᠰᠦᠲᠡᠨ᠎ᠦ᠌ ᠪᠦᠯᠬᠦᠮᠳᠡᠯ ᠳᠡᠪᠰᠢᠯᠲᠡ᠎ᠶ᠋ᠢ ᠠᠬᠢᠭᠤᠯᠬᠤ ᠬᠠᠤᠯᠢ᠎ᠶ᠋ᠢ ᠰᠠᠢᠲᠤᠷ ᠤᠬᠠᠭᠤᠯᠤᠨ ᠲᠤᠭᠤᠰᠢᠯᠠᠭᠤᠯᠤᠶ᠎ᠠ

2026-09-12 12:38:11

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ》 (ᠳᠣᠷᠣᠭᠰᠢ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ ᠭᠡᠵᠦ᠍ ᠳᠥᠭᠥᠮᠴᠢᠯᠡᠨ᠎ᠡ) ᠵᠢ ᠬᠡᠷᠡᠭᠵᠢᠭᠦᠯᠦᠭᠰᠡᠨ᠎ᠡᠴᠡ ᠨᠠᠭᠠᠰᠢ᠂ ᠪᠠᠶᠠᠨᠨᠠᠭᠤᠷ ᠬᠤᠲᠠ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ᠎ᠶᠢ ᠴᠢᠬᠤᠯᠠ ᠶᠡᠬᠡ ᠤᠯᠤᠰ ᠲᠦᠷᠦ᠎ᠶᠢᠨ ᠡᠭᠦᠷᠭᠡ ᠪᠣᠯᠭᠠᠵᠤ᠂ ᠨᠢᠭᠡᠳᠦᠯᠲᠡᠢ ᠲᠥᠯᠥᠪᠵᠢᠭᠦᠯᠦᠨ ᠪᠠᠶ᠋ᠢᠷᠢᠯᠠᠭᠤᠯᠬᠤ᠂ ᠳᠡᠰ ᠬᠤᠪᠢᠶᠠᠨ ᠠᠬᠢᠭᠤᠯᠬᠤ᠎ᠶᠢ ᠪᠠᠷᠢᠮᠲᠠᠯᠠᠵᠤ᠂ ᠪᠦᠬᠦ᠌ ᠲᠠᠯ᠎ᠠ᠎ᠶᠢᠨ᠂ ᠤᠯᠠᠨ ᠳᠡᠰ ᠳᠠᠪᠬᠤᠷᠭ᠎ᠠ᠎ᠶᠢᠨ᠂ ᠪᠠᠶ᠋ᠢᠩᠭᠤᠵᠢᠭᠰᠠᠨ ᠤᠬᠠᠭᠤᠯᠤᠨ ᠲᠤᠭᠤᠰᠢᠯᠠᠭᠤᠯᠬᠤ ᠰᠢᠰᠲ᠋ᠧᠮ᠎ᠢ ᠪᠠᠶ᠋ᠢᠭᠤᠯᠵᠤ᠂ ᠪᠦᠬᠦ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠵᠢᠱ᠌ᠢᠶ᠎ᠡ ᠦᠵᠡᠭᠦᠯᠬᠦ᠌ ᠬᠤᠲᠠ᠎ᠶᠢᠨ ᠡᠭᠦᠳᠦᠨ ᠪᠠᠶ᠋ᠢᠭᠤᠯᠤᠯᠲᠠ᠎ᠶᠢᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠬᠦ᠌᠎ᠳᠦ ᠬᠠᠤᠯᠢ ᠪᠡᠷ ᠵᠠᠰᠠᠬᠤ ᠰᠠᠭᠤᠷᠢ᠎ᠶᠢ ᠪᠡᠬᠢᠵᠢᠭᠦᠯᠵᠡᠢ᠃

ᠦᠨᠳᠦᠷ ᠪᠠᠷᠢᠮᠵᠢᠶ᠎ᠠ ᠪᠡᠷ ᠣᠯᠠᠨ ᠲᠠᠯ᠎ᠠ᠎ᠠᠴᠠ ᠬᠦᠴᠦᠯᠡᠵᠦ᠍ ᠬᠠᠤᠯᠢ᠎ᠪᠠᠷ ᠵᠠᠰᠠᠬᠤ ᠪᠠᠶ᠋ᠢᠭᠤᠯᠤᠯᠲᠠ᠎ᠶᠢᠨ ᠦᠵᠡᠯ ᠰᠠᠨᠠᠭᠠᠨ᠎ᠤ ᠰᠠᠭᠤᠷᠢ᠎ᠶᠢ ᠪᠡᠬᠢᠵᠢᠭᠦᠯᠪᠠ

ᠪᠠᠶᠠᠨᠨᠠᠭᠤᠷ ᠬᠣᠲᠠ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ᠎ᠶᠢ ᠡᠳᠦᠷ ᠲᠤᠲᠤᠮ᠎ᠤᠨ ᠴᠢᠬᠤᠯᠠ ᠵᠥᠪᠯᠡᠬᠦ᠌ ᠵᠦᠢᠯ᠎ᠳᠡᠭᠡᠨ ᠣᠷᠣᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ ᠭᠤᠤᠯ ᠱᠤᠭᠤᠮ᠎ᠤᠨ ᠬᠠᠷᠢᠭᠤᠴᠠᠯᠭ᠎ᠠ᠎ᠶᠢᠨ ᠨᠠᠷᠢᠨ ᠲᠠᠨᠭᠰᠠ᠎ᠶᠢ ᠨᠢᠭᠡ ᠴᠤᠬᠴᠠᠵᠢᠭᠤᠯᠤᠨ ᠨᠠᠶ᠋ᠢᠳᠠᠪᠤᠷᠢᠵᠢᠭᠤᠯᠵᠤ᠂ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠵᠢᠱ᠌ᠢᠶ᠎ᠡ ᠦᠵᠡᠭᠦᠯᠬᠦ᠌ ᠬᠣᠲᠠ᠎ᠶᠢᠨ ᠡᠭᠦᠳᠦᠨ ᠪᠠᠶ᠋ᠢᠭᠤᠯᠤᠯᠲᠠ᠎ᠶᠢᠨ ᠦᠷ᠎ᠡ ᠪᠦᠲᠦᠭᠡᠯ᠎ᠢ ᠪᠡᠬᠢᠵᠢᠭᠦᠯᠦᠨ ᠳᠡᠭᠡᠭᠰᠢᠯᠡᠭᠦᠯᠬᠦ᠌᠎ᠶᠢ ᠨᠢᠭᠡ ᠴᠤᠬᠴᠠᠵᠢᠭᠤᠯᠤᠨ ᠠᠬᠢᠭᠤᠯᠪᠠ᠃ ᠨᠢᠭᠡ᠎ᠳᠦ᠂ ᠵᠢᠱ᠌ᠢᠶ᠎ᠡ ᠦᠵᠡᠭᠦᠯᠦᠨ ᠬᠥᠲᠥᠯᠥᠨ ᠳᠠᠭᠠᠭᠤᠯᠬᠤ᠎ᠶᠢ ᠴᠢᠩᠭᠠᠳᠬᠠᠵᠤ᠂ 《ᠵᠠᠩᠭᠢᠯᠠᠭ᠎ᠠ᠎ᠶᠢᠨ ᠴᠥᠭᠡᠨ ᠲᠣᠭᠠᠲᠠᠨ》 ᠢ᠋ ᠰᠠᠶ᠋ᠢᠲᠤᠷ ᠠᠳᠬᠤᠵᠤ ᠰᠤᠷᠤᠯᠴᠠᠯᠭ᠎ᠠ᠎ᠶᠢ ᠳᠠᠶ᠋ᠢᠴᠢᠯᠠᠪᠠ᠃ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢ ᠠᠬᠢᠭᠤᠯᠬᠤ ᠬᠠᠤᠯᠢ᠎ᠶᠢ ᠡᠯ᠎ᠡ ᠱᠠᠲᠤᠨ᠎ᠤ ᠨᠠᠮ᠎ᠤᠨ ᠬᠣᠷᠢᠢ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠵᠢᠨ ᠤᠨᠤᠯ ᠰᠤᠷᠤᠯᠴᠠᠬᠤ ᠭᠣᠣᠯ ᠳᠤᠭᠤᠶ᠋ᠢᠯᠠᠩ᠂ 《ᠭᠤᠷᠪᠠᠨ ᠬᠤᠷᠠᠯ ᠨᠢᠭᠡ ᠬᠢᠴᠢᠶᠡᠯ》᠂ ᠭᠣᠣᠯ ᠰᠡᠳᠦᠪᠲᠦ᠍ ᠨᠠᠮ᠎ᠤᠨ ᠡᠳᠦᠷᠯᠢᠭ᠎ᠦᠨ ᠴᠢᠬᠤᠯᠠ ᠠᠭᠤᠯᠭ᠎ᠠ᠎ᠳᠤ ᠣᠷᠣᠭᠤᠯᠪᠠ᠃ ᠲᠥᠪ᠎ᠦᠨ ᠦᠨᠳᠦᠰᠦᠲᠡᠨ᠎ᠦ ᠶᠡᠬᠡ ᠰᠤᠷᠭᠠᠭᠤᠯᠢ᠎ᠶᠢᠨ ᠫᠷᠣᠹᠧᠰᠰᠤᠷ᠎ᠢ ᠤᠷᠢᠵᠤ᠂ ᠬᠣᠲᠠ᠎ᠶᠢᠨ ᠨᠠᠮ᠎ᠤᠨ ᠬᠣᠷᠢᠶ᠎ᠠ ᠵᠢᠨ ᠣᠨᠣᠯ ᠰᠤᠷᠤᠯᠴᠠᠬᠤ ᠭᠤᠤᠯ ᠳᠤᠭᠤᠶ᠋ᠢᠯᠠᠩ᠎ᠤᠨ ᠰᠤᠷᠤᠯᠴᠠᠯᠭ᠎ᠠ᠎ᠵᠢ ᠲᠤᠰᠬᠠᠶ ᠰᠡᠳᠦᠪ᠎ᠢᠶᠡᠷ ᠬᠠᠪᠰᠤᠷᠤᠨ ᠵᠢᠯᠣᠭᠣᠳᠪᠠ᠃ ᠤᠬᠠᠭᠤᠯᠭ᠎ᠠ᠂ ᠤᠯᠤᠰ ᠲᠦᠷᠦ᠍ ᠬᠠᠤᠯᠢ ᠴᠠᠭᠠᠵᠠ᠎ᠶᠢᠨ ᠰᠢᠰᠲ᠋ᠧᠮ᠎ᠤᠨ ᠬᠢᠨ ᠲᠥᠪ᠎ᠦᠨ ᠦᠨᠳᠦᠰᠦᠲᠡᠨ᠎ᠦ ᠺᠠᠳ᠋ᠷ᠎ᠤᠨ ᠳᠡᠭᠡᠳᠦ ᠰᠤᠷᠭᠠᠭᠤᠯᠢ᠎ᠳᠤ 2 ᠬᠤᠭᠤᠴᠠᠭᠠᠨ᠎ᠤ ᠲᠤᠰᠬᠠᠢ ᠰᠡᠳᠦᠪᠲᠦ᠍ ᠪᠣᠯᠪᠠᠰᠤᠷᠠᠯ᠎ᠤᠨ ᠠᠩᠬᠢ ᠡᠷᠬᠢᠯᠡᠪᠡ᠃ ᠡᠯ᠎ᠡ ᠰᠠᠯᠠᠭ᠎ᠠ ᠮᠥᠴᠢᠷ᠎ᠤᠨ ᠬᠢᠨ ᠤᠯᠤᠰ᠂ ᠥᠪᠡᠷᠲᠡᠭᠡᠨ ᠵᠠᠰᠠᠬᠤ ᠣᠷᠣᠨ᠎ᠤ᠋ ᠬᠠᠮᠢᠶ᠎ᠠ ᠪᠥᠬᠥᠢ ᠬᠦᠷᠢᠶᠡᠨ ᠤ᠋ ᠲᠤᠰᠬᠠᠢ ᠮᠡᠷᠭᠡᠵᠢᠯᠲᠡᠨ ᠡᠷᠳᠡᠮᠲᠡᠨ ᠎ᠢ᠋ ᠤᠷᠢᠵᠤ ᠲᠤᠰᠬᠠᠢ ᠰᠡᠳᠦᠪ᠎ᠢᠶᠡᠷ ᠬᠢᠴᠢᠶᠡᠯ ᠤᠷᠤᠭᠤᠯᠪᠠ᠃ ᠬᠣᠲᠠ᠎ᠶᠢᠨ ᠨᠠᠮ᠎ᠤᠨ ᠬᠣᠷᠢᠶ᠎ᠠ ᠵᠢᠨ ᠨᠠᠮ᠎ᠤᠨ ᠰᠤᠷᠭᠠᠭᠤᠯᠢ 50 ᠬᠤᠭᠤᠴᠠᠭᠠᠨ᠎ᠤ ᠭᠤᠤᠯ ᠪᠤᠯᠬᠤ ᠰᠤᠷᠤᠯᠴᠠᠯᠭ᠎ᠠ ᠵᠢᠨ ᠠᠩᠭᠢ ᠳ᠋ᠤ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢᠨ ᠵᠢᠭᠠᠨ ᠰᠤᠷᠭᠠᠯᠲᠠ᠎ᠶᠢᠨ ᠬᠢᠴᠢᠶᠡᠯ ᠲᠤᠬᠢᠷᠠᠭᠤᠯᠵᠤ᠂ 5300 ᠭᠠᠷᠤᠶ ᠺᠠᠳ᠋ᠷ᠎ᠢ ᠬᠠᠮᠤᠷᠴᠠᠢ᠃ ᠬᠣᠶᠠᠷ᠎ᠲᠤ᠌᠂ ᠤᠬᠠᠭᠤᠯᠤᠨ ᠲᠠᠶ᠋ᠢᠯᠪᠤᠷᠢᠯᠠᠯᠳᠠ᠎ᠶᠢ ᠪᠣᠳᠠᠲᠠᠶ᠋ᠢᠵᠢᠭᠤᠯᠵᠤ᠂ 《ᠵᠣᠩᠬᠢᠯᠠᠬᠤ ᠣᠯᠠᠨ ᠲᠣᠭᠠᠲᠠᠨ》᠎ᠢ᠋ ᠪᠦᠬᠦᠨ᠎ᠢ ᠬᠠᠮᠤᠷᠤᠭᠤᠯᠪᠠ᠃ ᠨᠠᠮ᠎ᠤᠨ ᠰᠤᠷᠭᠠᠭᠤᠯᠢ᠎ᠶᠢᠨ 10 ᠰᠢᠯᠢᠳᠡᠭ ᠪᠠᠭᠰᠢ᠎ᠶᠢ ᠰᠣᠩᠭᠣᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢᠨ ᠲᠤᠰᠬᠠᠶ ᠰᠡᠳᠦᠪᠲᠦ᠍ ᠪᠣᠯᠪᠠᠰᠤᠷᠠᠯ᠎ᠳᠤ ᠣᠷᠣᠯᠴᠠᠭᠤᠯᠪᠠ᠃ ᠬᠣᠰᠢᠭᠤ ᠰᠢᠶᠠᠨ (ᠬᠣᠲᠠ᠂ ᠲᠣᠭᠣᠷᠢᠭ) ᠬᠣᠶᠠᠷ ᠱᠠᠲᠤᠨ᠎ᠤ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢᠨ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠢ ᠵᠣᠬᠢᠶᠠᠨ ᠪᠠᠶ᠋ᠢᠭᠤᠯᠵᠤ᠂ ᠤᠬᠠᠭᠤᠯᠤᠨ ᠲᠠᠶ᠋ᠢᠯᠪᠤᠷᠢᠯᠠᠬᠤ ᠠᠭᠤᠯᠭ᠎ᠠ᠎ᠶᠢ ᠨᠢᠭᠡᠳᠦᠯᠲᠡᠶ ᠵᠢᠷᠤᠮᠵᠢᠭᠤᠯᠤᠨ᠂ ᠤᠬᠠᠭᠤᠯᠤᠨ ᠲᠠᠶ᠋ᠢᠯᠪᠤᠷᠢᠯᠠᠬᠤ ᠭᠤᠤᠯᠳᠠᠯᠭ᠎ᠠ ᠎ᠶᠢ ᠨᠠᠷᠢᠯᠢᠬᠵᠢᠭᠤᠯᠵᠤ᠂ ᠭᠠᠴᠠᠭ᠎ᠠ ᠲᠣᠰᠬᠣᠨ᠂ ᠨᠡᠶ᠋ᠢᠭᠡᠮ ᠲᠣᠭᠣᠷᠢᠭ᠎ᠲᠤ᠌ ᠭᠦᠨᠵᠡᠭᠡᠶ᠋ᠢᠷᠡᠨ ᠤᠬᠠᠭᠤᠯᠤᠨ ᠲᠠᠶ᠋ᠢᠯᠪᠤᠷᠢᠯᠠᠵᠤ᠂ 2.1 ᠲᠦᠮᠡ ᠭᠠᠷᠤᠶ ᠬᠥᠮᠦᠨ᠎ᠢ ᠬᠠᠮᠤᠷᠴᠠᠢ᠃

ᠱᠠᠲᠤ᠌ ᠬᠤᠪᠢᠶᠠᠨ ᠲᠥᠷᠥᠯ ᠬᠤᠪᠢᠶᠠᠵᠤ ᠨᠠᠷᠢᠯᠢᠭ ᠤᠨᠤᠴᠠᠳᠠᠢ ᠤᠬᠠᠭᠤᠯᠵᠤ ᠬᠠᠤᠯᠢ᠎ᠪᠠᠷ ᠵᠠᠰᠠᠬᠤ ᠵᠣᠷᠢᠭ ᠰᠠᠨᠠᠭ᠎ᠠ᠎ᠶᠢ ᠬᠦᠮᠦᠰ᠎ᠤᠨ ᠰᠡᠳᠬᠢᠯ ᠳ᠋ᠤ ᠰᠠᠭᠤᠭᠳᠠᠭᠤᠯᠵᠤ ᠲᠠᠷᠢᠬᠢᠨ᠎ᠳᠤ ᠬᠠᠳᠠᠩᠰᠢᠭᠤᠯᠬᠤ᠎ᠶᠢ ᠠᠬᠢᠭᠤᠯᠪᠠ

《ᠦᠨᠳᠦᠰᠦᠲᠡᠨ᠎ᠦ ᠲᠥᠷᠥ᠎ᠶᠢᠨ ᠪᠣᠳᠣᠯᠭ᠎ᠠ᠎ᠶᠢᠨ ᠤᠬᠠᠭᠤᠯᠭ᠎ᠠ᠎ᠶᠢᠨ ᠰᠠᠷ᠎ᠠ》᠂ 《ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠠᠵᠢᠯᠯᠠᠭ᠎ᠠ᠎ᠶᠢᠨ ᠰᠠᠷ᠎ᠠ》 ᠪᠠᠷ ᠠᠵᠠ ᠲᠣᠬᠢᠶᠠᠯ ᠪᠣᠯᠭᠠᠵᠤ᠂ ᠵᠢᠱ᠌ᠢᠶ᠎ᠡ ᠦᠵᠡᠭᠦᠯᠦᠨ ᠬᠥᠲᠥᠯᠥᠨ ᠳᠠᠭᠠᠭᠤᠯᠬᠤ᠂ ᠪᠥᠬᠥ᠌ ᠣᠷᠣᠨ ᠪᠦᠰᠡ᠎ᠪᠡᠷ ᠬᠣᠯᠪᠣᠭᠠᠯᠠᠨ ᠬᠥᠳᠡᠯᠦᠯᠴᠡᠬᠦ᠌᠂ ᠲᠥᠷᠥᠯ ᠬᠤᠪᠢᠶᠠᠨ ᠵᠢᠭᠠᠨ ᠰᠤᠷᠭᠠᠬᠤ᠎ᠶᠢ ᠪᠠᠷᠢᠮᠲᠠᠯᠠᠵᠤ᠂ ᠡᠯ᠎ᠡ ᠲᠥᠷᠥᠯ᠎ᠦᠨ ᠤᠬᠠᠭᠤᠯᠭ᠎ᠠ᠎ᠶᠢᠨ ᠡᠬᠢ ᠪᠠᠶᠠᠯᠢᠭ᠎ᠢ ᠨᠢᠭᠡᠳᠦᠯᠲᠡᠶ ᠲᠥᠯᠥᠪᠵᠢᠬᠦᠯᠦᠨ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢ 《9 + N ᠳ᠋ᠤ ᠤᠷᠤᠭᠤᠯᠬᠤ》 ᠵᠢ ᠢᠳᠡᠪᠬᠢᠲᠡᠶ ᠠᠬᠢᠭᠤᠯᠵᠤ᠂ ᠬᠠᠤᠯᠢ ᠴᠠᠭᠠᠵᠠ᠎ᠶᠢ ᠦᠨᠡᠨ ᠬᠦ᠌ ᠣᠯᠠᠨ ᠲᠦᠮᠡᠨ᠎ᠦ ᠳᠡᠷᠭᠡᠳᠡ ᠬᠦᠷᠭᠡᠵᠦ᠍᠂ ᠣᠯᠠᠨ ᠲᠦᠮᠡᠨ᠎ᠦ ᠰᠡᠳᠬᠢᠯ᠎ᠳᠦ ᠬᠠᠳᠠᠩᠰᠢᠭᠤᠯᠪᠠ᠃ ᠪᠠᠶ᠋ᠢᠭᠤᠯᠭ᠎ᠠ᠎ᠳᠤ᠂ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢ ᠠᠬᠢᠭᠤᠯᠬᠤ ᠬᠠᠤᠯᠢ ᠎ᠶᠢ ᠭᠣᠣᠯ ᠰᠡᠳᠦᠪᠲᠦ᠍ ᠨᠠᠮ᠎ᠤᠨ ᠡᠳᠦᠷᠯᠢᠭ᠎ᠤᠨ ᠠᠵᠢᠯᠯᠠᠭ᠎ᠠ᠂ ᠲᠥᠪᠯᠡᠷᠡᠭᠦᠯᠦᠨ ᠰᠤᠷᠤᠯᠴᠠᠬᠤ ᠵᠢᠨ ᠴᠢᠬᠤᠯᠠ ᠠᠭᠤᠯᠭ᠎ᠠ ᠪᠣᠯᠭᠠᠵᠤ᠂ ᠤᠭ ᠵᠣᠬᠢᠶᠠᠯ᠎ᠢ ᠰᠤᠳᠤᠯᠤᠨ ᠤᠩᠰᠢᠬᠤ᠂ ᠲᠤᠰᠬᠠᠢ ᠰᠡᠳᠦᠪ᠎ᠢᠶᠡᠷ ᠰᠤᠳᠤᠯᠤᠨ ᠶᠠᠷᠢᠯᠴᠠᠬᠤ ᠵᠡᠷᠭᠡ ᠠᠷᠭ᠎ᠠ ᠬᠡᠯᠪᠡᠷᠢ᠎ᠪᠡᠷ ᠳᠠᠮᠵᠢᠭᠤᠯᠤᠨ᠂ ᠨᠠᠮ᠎ᠤᠨ ᠭᠡᠰᠢᠭᠦᠨ ᠺᠠᠳ᠋ᠷᠴᠤᠳ᠎ᠢ ᠤᠬᠠᠮᠰᠠᠷ᠎ᠠᠴᠠ᠎ᠪᠠᠨ ᠬᠠᠤᠯᠢ ᠴᠠᠭᠠᠵᠠ ᠲᠣᠭᠲᠠᠭᠠᠯ᠎ᠢ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ᠌ ᠪᠦᠬᠦ᠌ ᠶᠠᠪᠤᠴᠠ᠎ᠳᠤ ᠨᠠᠶ᠋ᠢᠳᠠᠪᠤᠷᠢᠵᠢᠭᠤᠯᠵᠤ᠂ ᠬᠠᠤᠯᠢ᠎ᠪᠠᠷ ᠵᠠᠰᠠᠬᠤ ᠱᠠᠭᠠᠷᠳᠠᠯᠭ᠎ᠠ᠎ᠶᠢ ᠲᠤᠬᠠᠶ᠋ᠢᠯᠠᠭᠰᠠᠨ ᠠᠵᠢᠯ᠎ᠳᠠᠭᠠᠨ ᠠᠭᠤᠰᠬᠠᠬᠤ ᠵᠢ ᠴᠢᠨᠠᠭᠰᠢᠳᠠ ᠴᠢᠩᠭᠠᠳᠬᠠᠪᠠ᠃ ᠣᠳᠣᠬᠠᠨ ᠪᠣᠯᠲᠠᠯ᠎ᠠ᠂ ᠲᠥᠪᠯᠡᠷᠡᠭᠦᠯᠦᠨ ᠰᠤᠷᠤᠯᠴᠠᠬᠤ᠂ ᠲᠤᠰᠬᠠᠶ ᠰᠡᠳᠦᠪ᠎ᠢᠶᠡᠷ ᠰᠤᠳᠤᠯᠤᠨ ᠶᠠᠷᠢᠯᠴᠠᠬᠤ᠂ ᠨᠣᠮ ᠤᠩᠰᠢᠵᠤ ᠰᠣᠯᠢᠯᠴᠠᠬᠤ ᠵᠡᠷᠭᠡ ᠠᠵᠢᠯᠯᠠᠭ᠎ᠠ᠎ᠶᠢ 400 ᠭᠠᠷᠤᠶ ᠤᠳᠠᠭ᠎ᠠ ᠥᠷᠨᠢᠭᠦᠯᠪᠡ᠃ ᠮᠠᠯᠵᠢᠬᠤ ᠲᠠᠷᠢᠶᠠᠯᠠᠬᠤ ᠣᠷᠣᠨ᠂ ᠨᠡᠶ᠋ᠢᠭᠡᠮ ᠲᠣᠭᠣᠷᠢᠭ᠎ᠲᠤ᠌ ᠰᠤᠮᠤ ᠰᠢᠶᠠᠩ ᠪᠠᠯᠭᠠᠰᠤ᠂ ᠵᠡᠭᠡᠯᠢ ᠭᠤᠳᠤᠮᠵᠢ᠎ᠶᠢᠨ ᠬᠡᠷᠡᠭ ᠡᠷᠬᠢᠯᠡᠬᠦ᠌ ᠭᠠᠵᠠᠷ᠎ᠤᠨ ᠦᠨᠳᠦᠰᠦᠲᠡᠨ ᠎ᠦ ᠠᠵᠢᠯ᠎ᠤᠨ ᠺᠠᠳ᠋ᠷ᠎ᠢ ᠵᠣᠬᠢᠶᠠᠨ ᠪᠠᠶ᠋ᠢᠭᠤᠯᠵᠤ᠂ ᠦᠨᠳᠦᠰᠦᠲᠡᠨ᠎ᠦ ᠬᠡᠷᠡᠭ ᠶᠠᠪᠤᠳᠠᠯ᠎ᠢ ᠵᠠᠰᠠᠬᠤ ᠪᠠ ᠦᠨᠳᠦᠰᠦᠲᠡᠨ᠎ᠦ ᠬᠦᠷᠢᠶᠡᠨ᠎ᠳᠡᠬᠢ ᠲᠦᠭᠰᠢᠭᠦᠷᠢ᠎ᠶᠢᠨ ᠬᠡᠮ ᠰᠤᠭᠤᠭ᠎ᠢ ᠰᠡᠷᠭᠡᠶ᠋ᠢᠯᠡᠨ ᠠᠷᠢᠯᠭᠠᠬᠤ ᠴᠢᠳᠠᠪᠤᠷᠢ ᠎ᠶᠢ ᠳᠡᠭᠡᠭᠰᠢᠯᠡᠭᠦᠯᠬᠦ᠌ ᠪᠣᠯᠪᠠᠰᠤᠷᠠᠯ᠎ᠳᠤ ᠣᠷᠣᠯᠴᠠᠭᠤᠯᠪᠠ᠃ ᠦᠨᠳᠦᠰᠦᠨ ᠱᠠᠲᠤᠨ᠎ᠤ ᠤᠬᠠᠭᠤᠯᠤᠨ ᠲᠠᠶ᠋ᠢᠯᠪᠤᠷᠢᠯᠠᠬᠤ ᠲᠠᠯᠠᠪᠤᠷ ᠭᠠᠵᠠᠷ᠎ᠢ ᠠᠰᠢᠭᠯᠠᠨ᠂ ᠰᠢᠨ᠎ᠡ ᠴᠠᠭ ᠦᠶ᠎ᠡ᠎ᠶᠢᠨ ᠪᠣᠯᠪᠠᠰᠤᠨ᠎ᠤ ᠦᠢᠯᠡᠳᠦᠯᠭᠡ᠎ᠶᠢᠨ ᠰᠠᠶ᠋ᠢᠨ ᠳᠤᠷᠠᠴᠤᠳ᠂ 《ᠬᠠᠤᠯᠢ ᠮᠡᠳᠡᠳᠡᠭ ᠬᠥᠮᠦᠨ》 ᠵᠡᠷᠭᠡ᠎ᠶᠢ ᠵᠣᠬᠢᠶᠠᠨ ᠪᠠᠶ᠋ᠢᠭᠤᠯᠵᠤ ᠲᠠᠷᠢᠶᠠᠨ ᠭᠠᠵᠠᠷ᠂ ᠰᠠᠭᠤᠭᠠᠯᠢ ᠠᠷᠠᠳ᠎ᠤᠨ ᠬᠦᠷᠢᠶ᠎ᠡ ᠬᠠᠰᠢᠶ᠎ᠠ᠂ ᠬᠢᠯᠢ᠎ᠶᠢᠨ ᠬᠠᠷᠠᠭᠤᠯ᠎ᠤᠨ ᠭᠠᠵᠠᠷ᠎ᠲᠤ᠌ ᠭᠦᠨᠵᠡᠭᠡᠶ᠋ᠢᠷᠡᠭᠦᠯᠦᠨ᠂ ᠬᠠᠤᠯᠢ ᠲᠦᠭᠡᠮᠡᠯᠵᠢᠭᠦᠯᠬᠦ᠌ ᠰᠢᠷᠢᠰ ᠠᠵᠢᠯᠯᠠᠭ᠎ᠠ ᠥᠷᠨᠢᠭᠦᠯᠪᠡ᠃ ᠣᠳᠣᠬᠠᠨ ᠪᠣᠯᠲᠠᠯ᠎ᠠ᠂ 《ᠣᠯᠠᠨ ᠲᠦᠮᠡᠨ ᠡᠴᠡ ᠤᠯᠠᠨ ᠲᠦᠮᠡᠨ᠎ᠳᠦ ᠶᠠᠷᠢᠵᠤ ᠥᠭᠬᠦ᠌》 ᠵᠡᠷᠭᠡ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ᠎ᠶᠢ ᠨᠡᠶ᠋ᠢᠲᠡ 1900 ᠭᠠᠷᠤᠶ ᠲᠠᠯᠠᠪᠠᠶ ᠤᠳᠠᠭ᠎ᠠ ᠥᠷᠨᠢᠭᠦᠯᠪᠡ᠃ ᠰᠤᠷᠭᠠᠭᠤᠯᠢ᠎ᠳᠤ᠂ ᠪᠦᠬᠦ᠌ ᠬᠤᠳᠠ᠎ᠶᠢᠨ ᠡᠯ᠎ᠡ ᠳᠤᠮᠳᠠᠳᠤ ᠪᠠᠭ᠎ᠠ ᠰᠤᠷᠭᠠᠭᠤᠯᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠤ ᠴᠤᠭᠴᠠᠯᠠᠬᠤ ᠬᠥᠮᠦᠵᠢᠯ᠎ᠢ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ᠂ ᠰᠤᠷᠭᠠᠭᠤᠯᠢ᠎ᠶᠢᠨ ᠬᠦᠷᠢᠶᠡᠨ᠎ᠦ ᠰᠣᠶᠣᠯ ᠪᠣᠯᠤᠨ ᠦᠢᠯᠡᠳᠦᠯᠭᠡ᠎ᠶᠢᠨ ᠠᠵᠢᠯᠯᠠᠭ᠎ᠠ᠎ᠳᠤ ᠪᠦᠷᠢᠮᠦᠰᠦᠨ ᠠᠭᠤᠰᠤᠯᠴᠠᠭᠤᠯᠵᠤ᠂ ᠰᠤᠷᠭᠠᠭᠤᠯᠢ ᠡᠬᠢᠯᠡᠭᠰᠡᠨ ᠠᠨᠭᠬᠠᠨ᠎ᠤ ᠬᠢᠴᠢᠶᠡᠯ᠂ ᠤᠯᠤᠰ᠎ᠤᠨ ᠲᠤᠭ᠎ᠤᠨ ᠳᠣᠣᠷᠠᠬᠢ ᠶᠠᠷᠢᠶ᠎ᠠ ᠢᠯᠡᠳᠭᠡᠯ᠂ ᠭᠣᠣᠯ ᠰᠡᠳᠦᠪᠲᠦ᠍ ᠠᠩᠬᠢ᠎ᠶᠢᠨ ᠬᠤᠷᠠᠯ᠂ ᠮᠡᠳᠡᠯᠭᠡ᠎ᠶᠢᠨ ᠤᠷᠤᠯᠳᠤᠭᠠᠨ᠂ ᠰᠤᠷᠭᠠᠭᠤᠯᠢ᠎ᠶᠢᠨ ᠬᠦᠷᠢᠶᠡᠨ᠎ᠦ ᠠᠨᠠᠷ᠎ᠤᠨ ᠰᠣᠶᠣᠯ᠎ᠤᠨ ᠠᠵᠢᠯᠯᠠᠭ᠎ᠠ᠎ᠵᠡᠷᠭᠡ ᠪᠡᠷ ᠠᠴᠢᠶᠠᠯᠠᠪᠤᠷᠢ ᠪᠤᠯᠭᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠭᠦᠨ ᠦᠨᠳᠦᠰᠦᠯᠡᠭᠦᠯᠪᠠ᠃ ᠣᠳᠣᠬᠠᠨ ᠪᠣᠯᠲᠠᠯ᠎ᠠ᠂ ᠪᠥᠬᠥ᠌ ᠬᠣᠲᠠ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢᠨ ᠤᠬᠠᠭᠤᠯᠭ᠎ᠠ ᠬᠥᠮᠦᠵᠢᠯ᠎ᠦᠨ ᠠᠵᠢᠯᠯᠠᠭ᠎ᠠ᠎ᠶᠢ ᠨᠡᠶ᠋ᠢᠲᠡ 2210 ᠭᠠᠷᠤᠶ ᠲᠠᠯᠠᠪᠠᠶ ᠤᠳᠠᠭ᠎ᠠ ᠵᠣᠬᠢᠶᠠᠨ ᠪᠠᠶ᠋ᠢᠭᠤᠯᠤᠨ ᠥᠷᠨᠢᠭᠦᠯᠵᠦ᠍᠂ 25 ᠲᠦᠮᠡ ᠭᠠᠷᠤᠶ ᠬᠥᠮᠦᠨ᠎ᠢ ᠬᠠᠮᠤᠷᠴᠠᠶ᠃

ᠠᠴᠢᠶᠠᠯᠠᠪᠤᠷᠢ᠎ᠶᠢ ᠪᠠᠶᠠᠯᠢᠭ᠍ᠵᠢᠭᠤᠯᠵᠤ ᠣᠯᠠᠨ ᠲᠠᠯ᠎ᠠ᠎ᠪᠠᠷ ᠬᠣᠯᠪᠤᠭᠠᠯᠠᠨ ᠬᠥᠳᠡᠯᠦᠯᠴᠡᠵᠦ ᠬᠠᠤᠯᠢ ᠪᠡᠷ ᠵᠠᠰᠠᠬᠤ ᠭᠦᠨ ᠵᠤᠵᠠᠭᠠᠨ ᠠᠭᠤᠷ ᠠᠮᠢᠰᠬᠤᠯ᠎ᠢ ᠪᠣᠶ ᠪᠣᠯᠭᠠᠪᠠ

ᠲᠣᠭᠲᠠᠮᠠᠯ ᠵᠢᠭ᠍ᠰᠠᠭᠠᠯ᠎ᠤᠨ ᠭᠠᠵᠠᠷ ᠬᠢᠭᠡᠳ ᠨᠡᠭᠦᠳᠡᠯ ᠤᠬᠠᠭᠤᠯᠭ᠎ᠠ᠎ᠶᠢ ᠵᠡᠷᠭᠡ ᠳ᠋ᠦ᠍ᠨᠢ ᠴᠢᠬᠤᠯᠠᠴᠢᠯᠠᠵᠤ᠂ ᠤᠯᠠᠮᠵᠢᠯᠠᠯᠲᠤ ᠵᠠᠭᠤᠴᠢᠯᠠᠭᠤᠷ ᠬᠢᠭᠡᠳ ᠰᠢᠨ᠎ᠡ ᠵᠠᠭᠤᠴᠢᠯᠠᠭᠤᠷ ᠵᠡᠷᠭᠡ ᠪᠡᠷ ᠬᠦᠴᠦᠯᠡᠬᠦ᠎ᠶᠢ ᠪᠠᠷᠢᠮᠲᠠᠯᠠᠨ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢᠨ ᠤᠬᠠᠭᠤᠯᠭ᠎ᠠ᠎ᠶᠢᠨ ᠬᠠᠮᠤᠷᠬᠤ ᠬᠡᠪᠴᠢᠶ᠎ᠡ ᠪᠠ ᠨᠥᠯᠥᠭᠡᠯᠡᠬᠦ ᠬᠦᠴᠦᠨ᠎ᠢ ᠲᠠᠰᠤᠷᠠᠯᠲᠠ ᠦᠭᠡᠢ ᠥᠷᠭᠡᠳᠬᠡᠪᠡ᠃ ᠨᠢᠭᠡ᠎ᠳᠦ ᠪᠥᠬᠥ ᠣᠷᠣᠨ ᠪᠦᠰᠡ᠎ᠶᠢᠨ ᠤᠬᠠᠭᠤᠯᠭ᠎ᠠ᠎ᠶᠢᠨ ᠵᠢᠭ᠍ᠰᠠᠭᠠᠯ᠎ᠤᠨ ᠭᠠᠵᠠᠷ᠎ᠢ ᠪᠠᠢᠭᠤᠯᠤᠨ ᠬᠦᠴᠦᠷᠬᠡᠭᠵᠢᠭᠦᠯᠪᠡ᠃ ᠥᠪᠥᠷ ᠮᠣᠩᠭᠣᠯ᠎ᠤᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠲᠡᠦᠬᠡ᠎ᠶᠢᠨ ᠳᠤᠷᠠᠰᠬᠠᠯᠲᠤ ᠵᠦᠢᠯᠡᠰ ᠡᠷᠲᠡᠨ᠎ᠦ ᠨᠣᠮ ᠪᠢᠴᠢᠭ᠎ᠦᠨ ᠲᠣᠭᠣᠷᠢᠨ ᠦᠵᠡᠭᠦᠯᠭᠡ (ᠪᠠᠶᠠᠨᠨᠠᠭᠤᠷ ᠦᠷᠲᠡᠭᠡ)᠎ᠵᠢ ᠳᠠᠭᠠᠭᠠᠴᠢᠯᠠᠨ ᠡᠷᠬᠢᠯᠡᠵᠦ᠂ ᠲᠡᠦᠬᠡ᠎ᠶᠢᠨ ᠳᠤᠷᠠᠰᠬᠠᠯᠲᠤ ᠵᠦᠢᠯᠡᠰ ᠡᠷᠲᠡᠨ᠎ᠦ ᠨᠣᠮ ᠪᠢᠴᠢᠭ᠎ᠢᠶᠡᠷ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡ᠎ᠵᠢ ᠲᠠᠢᠯᠪᠤᠷᠢᠯᠠᠪᠠ᠃ ᠪᠦᠬᠦ ᠬᠣᠲᠠ᠎ᠶᠢᠨ ᠭᠣᠣᠯ ᠵᠠᠮ᠂ ᠴᠡᠴᠡᠷᠯᠢᠭ ᠠᠭᠤᠳᠠᠮ ᠲᠠᠯᠠᠪᠠᠢ᠂ ᠭᠠᠴᠠᠭ᠎ᠠ ᠲᠣᠰᠬᠣᠨ᠂ ᠨᠡᠢᠭᠡᠮ ᠲᠣᠭᠣᠷᠢᠭ᠋᠂ ᠵᠢᠭᠤᠯᠴᠢᠯᠠᠯ᠎ᠤᠨ ᠦᠵᠡᠮᠵᠢ᠎ᠶᠢᠨ ᠣᠷᠣᠨ᠂ ᠦᠢᠯᠡᠴᠢᠯᠡᠭᠡᠨ᠎ᠦ ᠴᠣᠩᠬᠣᠪᠴᠢ ᠵᠡᠷᠭᠡ ᠣᠯᠠᠨ ᠨᠡᠢᠲᠡ᠎ᠶᠢᠨ ᠲᠠᠯᠠᠪᠤᠷ᠎ᠲᠤ ᠬᠠᠤᠯᠢ ᠲᠦᠭᠡᠮᠡᠯᠵᠢᠭᠦᠯᠬᠦ ᠨᠡᠢᠲᠡ᠎ᠶᠢᠨ ᠠᠰᠠᠷᠠᠮᠵᠢ᠎ᠶᠢᠨ ᠵᠠᠷ ᠲᠠᠯᠪᠢᠵᠠᠢ᠃ ᠪᠣᠷᠣᠳᠣᠬᠣᠢ᠎ᠶᠢᠨ ᠰᠣᠶᠣᠯ ᠤᠷᠠᠯᠢᠭ᠋᠎ᠤᠨ ᠨᠠᠢᠷ᠂ ᠪᠠᠷᠠᠭᠤᠨ ᠬᠡᠰᠡᠭ᠎ᠦᠨ ᠭᠠᠵᠠᠷ ᠣᠷᠣᠨ᠎ᠤ ᠠᠷᠠᠳ᠎ᠤᠨ ᠳᠠᠭᠤᠤ᠎ᠶᠢᠨ ᠴᠤᠭᠯᠠᠭᠠᠨ ᠵᠡᠷᠭᠡ ᠠᠵᠢᠯᠯᠠᠭ᠎ᠠ᠎ᠳᠤ ᠲᠦᠰᠢᠭᠯᠡᠨ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢᠨ ᠤᠬᠠᠭᠤᠯᠭ᠎ᠠ᠎ᠶᠢ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠣᠶᠤᠨ᠎ᠤ ᠰᠣᠶᠣᠯ᠎ᠤᠨ ᠠᠮᠢᠳᠤᠷᠠᠯ᠎ᠳᠤ ᠠᠭᠤᠰᠬᠠᠨ ᠣᠷᠣᠭᠤᠯᠵᠤ᠂ ᠬᠣᠲᠠ ᠬᠥᠳᠡᠭᠡ᠎ᠶᠢᠨ ᠰᠠᠭᠤᠭᠠᠯᠢ ᠠᠷᠠᠳ᠂ ᠬᠢᠯᠢ᠎ᠶᠢᠨ ᠬᠠᠮᠠᠭᠠᠯᠠᠯᠲᠠ᠎ᠶᠢᠨ ᠳᠠᠷᠤᠭ᠎ᠠ ᠪᠠᠢᠯᠳᠤᠭ᠍ᠴᠢᠳ᠎ᠲᠤ ᠬᠠᠨᠳᠤᠭᠤᠯᠤᠨ᠂ ᠬᠠᠤᠯᠢ ᠴᠠᠭᠠᠵᠠ ᠵᠢ ᠭᠡᠷ᠎ᠲᠦ ᠨᠢ ᠬᠦᠷᠭᠡᠬᠦ ᠠᠵᠢᠯᠯᠠᠭ᠎ᠠ᠎ᠥᠷᠨᠢᠭᠦᠯᠪᠡ᠃ ᠬᠣᠶᠠᠷ᠎ᠲᠤ ᠰᠦᠯᠵᠢᠶᠡᠨ ᠳᠡᠭᠡᠷᠡᠬᠢ ᠰᠢᠨ᠎ᠡ ᠵᠠᠭᠤᠴᠢᠯᠠᠭᠤᠷ᠎ᠤᠨ ᠬᠠᠤᠯᠢ ᠲᠦᠭᠡᠮᠡᠯᠵᠢᠭᠦᠯᠬᠦ ᠳᠠᠮᠵᠢᠭᠤᠯᠭ᠎ᠠ᠎ᠶᠢ ᠰᠢᠯᠢᠳᠡᠭᠵᠢᠭᠦᠯᠪᠡ᠃ ᠬᠣᠲᠠ᠎ᠶᠢᠨ ᠱᠠᠲᠤᠨ᠎ᠤ ᠬᠠᠮ ᠵᠠᠭᠤᠴᠢᠯᠠᠭᠤᠷ᠂ ᠵᠠᠰᠠᠭ ᠤ᠋ᠨ ᠶᠠᠪᠤᠳᠠᠯ᠎ᠤᠨ ᠤᠯᠠᠨ ᠨᠡᠶ᠋ᠢᠲᠡ᠎ᠶᠢᠨ ᠳ᠋ᠤᠭᠠᠷ᠎ᠲᠤ 《ᠪᠠᠶᠠᠨᠨᠠᠭᠤᠷ·ᠤᠯᠠᠭᠠᠨ ᠠᠨᠠᠷ》 ᠤ᠋ᠨ ᠣᠨᠴᠠᠯᠢᠭ᠍ᠲᠤ ᠪᠤᠯᠤᠩ ᠭᠠᠷᠭᠠᠵᠤ᠂ ᠲᠣᠮᠣ᠌ ᠬᠡᠯᠪᠡᠷᠢ᠎ᠶᠢᠨ ᠬᠠᠮ ᠵᠠᠭᠤᠴᠢᠯᠠᠭᠤᠷ᠎ᠤᠨ ᠲᠤᠰᠬᠠᠢ ᠰᠡᠳᠦᠪᠲᠦ ᠫᠷᠣᠭ᠌ᠷᠠᠮ 《ᠰᠡᠳᠬᠢᠯ ᠨᠢᠭᠡᠳᠦᠨ ᠰᠦᠭ ᠰᠦᠨᠡᠰᠦ᠎ᠶᠢ ᠱᠤᠭᠤᠨᠠᠮ》᠂ 《ᠠᠨᠠᠷ᠎ᠤᠨ ᠬᠡᠦᠬᠡᠯᠳᠡᠢ》 AI ᠬᠠᠤᠯᠢ ᠲᠦᠭᠡᠮᠡᠯᠵᠢᠭᠦᠯᠬᠦ ᠺᠠᠷᠲ᠋ᠣᠨ ᠵᠢᠷᠤᠭ᠂ ᠪᠢᠴᠢᠯ ᠸᠢᠳᠢᠤ᠋᠂ ᠬᠠᠤᠯᠢ ᠲᠦᠭᠡᠮᠡᠯᠵᠢᠭᠦᠯᠬᠦ ᠵᠠᠷᠯᠠᠯ ᠵᠢᠴᠢ ᠲᠣᠭᠠᠴᠢᠯᠠᠭᠰᠠᠨ ᠰᠤᠶᠤᠯ᠎ᠤᠨ ᠪᠦᠳᠦᠭᠡᠯᠴᠢ ᠦᠢᠯᠡᠳᠬᠦᠨ᠂ ᠱᠣᠭ ᠵᠢᠷᠤᠭ ᠵᠢᠡᠷ ᠲᠠᠢᠯᠬᠤᠢ᠂ ᠬᠠᠤᠯᠢ ᠵᠤᠷᠪᠤᠰ᠎ᠤᠨ ᠲᠠᠢᠯᠤᠮᠵᠢ ᠵᠡᠷᠭᠡ ᠠᠭᠤᠯᠭ᠎ᠠ᠎ᠶᠢ ᠨᠡᠢᠳᠡᠯᠡᠵᠦ᠂ 《ᠬᠤᠷᠤᠭᠤᠨ ᠦᠵᠦᠭᠦᠷ᠎ᠲᠡᠬᠢ ᠬᠠᠤᠯᠢ ᠲᠦᠭᠡᠮᠡᠯᠵᠢᠭᠦᠯᠬᠦ ᠬᠢᠴᠢᠶᠡᠯ᠎ᠦᠨ ᠲᠠᠩᠬᠢᠮ》 ᠢ᠋ ᠪᠠᠢᠭᠤᠯᠪᠠ᠃

ᠦᠷᠭᠦᠯᠵᠢᠯᠡᠨ ᠭᠦᠨᠵᠡᠭᠡᠢᠷᠡᠭᠦᠯᠵᠦ ᠣᠷᠳᠣ᠌ ᠬᠤᠭᠤᠴᠠᠭ᠎ᠠ ᠪᠡᠷ ᠪᠦᠲᠦᠮᠵᠢᠲᠡᠶ ᠤᠬᠠᠭᠤᠯᠵᠤ ᠬᠠᠤᠯᠢ ᠴᠠᠭᠠᠵᠠ ᠵᠢᠨ ᠤᠬᠠᠭᠤᠯᠭ᠎ᠠ ᠵᠢ ᠭᠦᠨᠵᠡᠭᠡᠢᠷᠡᠭᠦᠯᠦᠨ ᠪᠣᠳᠠᠲᠠᠢᠵᠢᠭᠤᠯᠪᠠ

ᠪᠠᠶᠠᠨᠨᠠᠭᠤᠷ ᠬᠣᠲᠠ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠵᠢᠱ᠌ᠢᠶ᠎ᠡ ᠦᠵᠡᠭᠦᠯᠬᠦ ᠬᠣᠲᠠ᠎ᠶᠢᠨ ᠡᠭᠦᠳᠦᠨ ᠪᠠᠢᠭᠤᠯᠤᠯᠳᠠ ᠵᠢᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠵᠦ᠂ ᠰᠤᠷᠤᠯᠴᠠᠯᠭ᠎ᠠ ᠬᠥᠮᠦᠵᠢᠯ᠎ᠢ ᠭᠦᠨᠵᠡᠭᠡᠢᠷᠡᠭᠦᠯᠬᠦ᠂ ᠬᠠᠤᠯᠢ ᠴᠠᠭᠠᠵᠠ᠎ᠶᠢᠨ ᠤᠬᠠᠭᠤᠯᠭ᠎ᠠ᠎ᠶᠢᠨ ᠰᠢᠨ᠎ᠡ᠎ᠶᠢ ᠡᠭᠦᠳᠬᠦ᠂ ᠬᠠᠤᠯᠢ ᠪᠡᠷ ᠵᠠᠰᠠᠬᠤ ᠦᠢᠯᠡᠳᠦᠯᠭᠡ᠎ᠶᠢ ᠴᠢᠩᠭᠠᠳᠬᠠᠬᠤ ᠵᠡᠷᠭᠡ ᠭᠤᠷᠪᠠᠨ ᠲᠠᠯ᠎ᠠ᠎ᠪᠠᠷ ᠭᠣᠣᠯᠳᠠᠯᠭ᠎ᠠ ᠪᠣᠯᠭᠠᠵᠤ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢ ᠲᠤᠭᠤᠰᠢᠯᠠᠭᠤᠯᠤᠨ ᠬᠡᠷᠡᠭᠵᠢᠭᠦᠯᠬᠦ᠎ᠶᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶᠢ ᠠᠬᠢᠭᠤᠯᠪᠠ᠃ ᠨᠢᠭᠡ᠎ᠳᠦ ᠰᠤᠷᠤᠯᠴᠠᠯᠭ᠎ᠠ ᠬᠥᠮᠦᠵᠢᠯ᠎ᠢ ᠭᠦᠨᠵᠡᠭᠡᠢᠷᠡᠭᠦᠯᠪᠠ᠃ ᠤᠳᠤᠷᠢᠳᠬᠤ ᠺᠠᠳ᠋ᠷ ᠲᠦᠷᠦᠭᠦᠯᠡᠨ ᠬᠠᠤᠯᠢ᠎ᠪᠠᠷ ᠵᠠᠰᠠᠬᠤ ᠬᠢᠴᠢᠶᠡᠯ ᠣᠷᠣᠬᠤ᠂ ᠬᠠᠤᠯᠢ᠎ᠪᠠᠷ ᠵᠠᠰᠠᠬᠤ ᠦᠢᠯᠡᠳᠦᠯᠭᠡ᠎ᠳᠦ ᠣᠷᠣᠯᠴᠠᠬᠤ᠎ᠶᠢ ᠪᠠᠷᠢᠮᠲᠠᠯᠠᠵᠤ᠂ ᠵᠢᠱ᠌ᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ᠎ᠢ ᠭᠦᠢᠴᠡᠳ ᠪᠠᠳᠠᠷᠠᠭᠤᠯᠪᠠ᠃ ᠲᠤᠰᠬᠠᠢ ᠰᠡᠳᠦᠪᠲᠦ ᠨᠣᠮ ᠤᠩᠰᠢᠬᠤ ᠠᠩᠭᠢ᠂ ᠬᠠᠤᠯᠢ᠎ᠪᠠᠷ ᠵᠠᠰᠠᠬᠤ ᠲᠠᠢᠯᠤᠮᠵᠢ᠂ ᠮᠡᠳᠡᠯᠭᠡ᠎ᠶᠢᠨ ᠤᠷᠤᠯᠳᠤᠭᠠᠨ ᠵᠡᠷᠭᠡ ᠣᠯᠠᠨ ᠵᠦᠢᠯ᠎ᠦᠨ ᠬᠡᠯᠪᠡᠷᠢ᠎ᠶᠢ ᠶᠡᠷᠦᠩᠬᠡᠢᠯᠡᠨ ᠬᠡᠷᠡᠭᠯᠡᠵᠦ᠂ ᠰᠤᠷᠤᠯᠴᠠᠬᠤ ᠠᠴᠢᠶᠠᠯᠠᠪᠤᠷᠢ᠎ᠶᠢ ᠪᠠᠶᠠᠯᠢᠭ᠍ᠵᠢᠭᠤᠯᠪᠠ᠃ 《ᠬᠠᠤᠯᠢ ᠪᠡᠷ ᠵᠠᠰᠠᠬᠤ ᠤᠯᠠᠭᠠᠨᠮᠥ᠋ᠴᠢᠷ》᠂ 《ᠬᠠᠤᠯᠢ ᠴᠠᠭᠠᠵᠠ᠎ᠶᠢ ᠬᠥᠳᠡᠭᠡ ᠲᠣᠰᠬᠣᠨ᠎ᠳᠤ ᠬᠦᠷᠭᠡᠬᠦ》 ᠵᠡᠷᠭᠡ ᠲᠦᠷᠦᠯ ᠲᠡᠮᠳᠡᠭᠳᠦ ᠠᠵᠢᠯᠯᠠᠭ᠎ᠠ᠎ᠳᠤ ᠲᠦᠰᠢᠭᠯᠡᠨ᠂ ᠺᠠᠳ᠋ᠷ ᠣᠯᠠᠨ ᠲᠦᠮᠡᠨ᠎ᠦ ᠬᠠᠤᠯᠢ ᠪᠡᠷ ᠵᠠᠰᠠᠬᠤ ᠬᠡᠪ ᠪᠣᠯᠪᠠᠰᠤᠷᠠᠯ᠎ᠢ ᠲᠠᠰᠤᠷᠠᠯᠲᠠ ᠦᠭᠡᠢ ᠴᠢᠩᠭᠠᠳᠬᠠᠪᠠ᠃ ᠬᠣᠶᠠᠷ᠎ᠲᠤ ᠬᠠᠤᠯᠢ ᠴᠠᠭᠠᠵᠠ᠎ᠶᠢᠨ ᠤᠬᠠᠭᠤᠯᠭ᠎ᠠ᠎ᠶᠢᠨ ᠰᠢᠨ᠎ᠡ᠎ᠶᠢ ᠡᠭᠦᠳᠪᠡ᠃ ᠬᠣᠲᠠ ᠪᠠᠯᠭᠠᠰᠤ᠂ ᠮᠠᠯᠵᠢᠬᠤ ᠲᠠᠷᠢᠶᠠᠯᠠᠬᠤ ᠣᠷᠣᠨ ᠪᠠ ᠬᠢᠯᠢ ᠬᠢᠵᠠᠭᠠᠷ ᠣᠷᠣᠨ᠎ᠤ ᠪᠣᠳᠠᠲᠤ ᠪᠠᠢᠳᠠᠯ᠎ᠳᠤ ᠰᠠᠭᠤᠷᠢᠯᠠᠨ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠤᠬᠠᠭᠤᠯᠭ᠎ᠠ᠎ᠶᠢᠨ ᠭᠠᠷᠠᠭ ᠵᠡᠷᠭᠡ ᠴᠢᠬᠤᠯᠠ ᠵᠠᠩᠭᠢᠯᠠᠭ᠎ᠠ᠎ᠶᠢᠨ ᠴᠡᠭ᠎ᠲᠦ ᠤᠯᠠᠭᠠᠨᠮᠥ᠋ᠴᠢᠷ᠂ ᠡᠭᠡᠯ ᠠᠷᠠᠳ᠎ᠤᠨ ᠤᠬᠠᠭᠤᠯᠤᠨ ᠲᠠᠢᠯᠪᠤᠷᠢᠯᠠᠬᠤ ᠪᠠ ᠰᠢᠨ᠎ᠡ ᠵᠠᠭᠤᠴᠢᠯᠠᠭᠤᠷ᠎ᠤᠨ ᠲᠠᠪᠴᠠᠩ᠎ᠤᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢᠨ ᠤᠬᠠᠭᠤᠯᠭ᠎ᠠ᠎ᠶᠢ ᠭᠦᠨᠵᠡᠭᠡᠢ ᠠᠬᠢᠭᠤᠯᠪᠠ᠃ ᠭᠤᠷᠪᠠ᠎ᠳᠤ ᠬᠠᠤᠯᠢ᠎ᠪᠠᠷ ᠵᠠᠰᠠᠬᠤ ᠦᠢᠯᠡᠳᠦᠯᠭᠡ᠎ᠶᠢ ᠴᠢᠩᠭᠠᠳᠬᠠᠪᠠ᠃ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ ᠵᠢᠨ ᠱᠠᠭᠠᠷᠳᠠᠯᠭ᠎ᠠ᠎ᠶᠢ ᠦᠨᠳᠦᠰᠦᠲᠡᠨ᠎ᠦ ᠠᠵᠢᠯ᠎ᠤᠨ ᠪᠥᠬᠥ ᠶᠠᠪᠤᠴᠠ᠎ᠳᠤ ᠲᠤᠭᠤᠰᠢᠯᠠᠭᠤᠯᠵᠤ᠂ ᠬᠠᠤᠯᠢ᠎ᠪᠠᠷ ᠵᠠᠰᠠᠬᠤ ᠤᠬᠠᠭᠤᠯᠭ᠎ᠠ᠎ᠶᠢᠨ ᠦᠷ᠎ᠡ ᠪᠦᠲᠦᠮᠵᠢ᠎ᠶᠢ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠠᠵᠢᠯ᠎ᠤᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ᠎ᠶᠢ ᠠᠬᠢᠭᠤᠯᠪᠠ᠃ ᠡᠯᠡᠰᠦ ᠵᠢ ᠵᠠᠰᠠᠨ ᠡᠯᠡᠰᠦᠷᠭᠡᠭᠵᠢᠯ ᠢ᠋ ᠰᠡᠷᠭᠡᠢᠯᠡᠬᠦ᠂ 《ᠮᠠᠯ ᠠᠵᠤ ᠠᠬᠤᠢ ᠲᠠᠷᠢᠶᠠᠯᠠᠩ᠎ᠤᠨ ᠬᠠᠪᠰᠤᠷᠤᠯᠴᠠᠭ᠎ᠠ ᠪᠠᠢᠭᠤᠯᠬᠤ》 ᠵᠡᠷᠭᠡ ᠰᠢᠨ᠎ᠡ ᠴᠠᠭ ᠦᠶ᠎ᠡ᠎ᠶᠢᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠦᠯᠢᠭᠡᠷ᠎ᠢ ᠭᠦᠨᠵᠡᠭᠡᠢ ᠠᠭᠤᠳᠠᠯᠤᠨ ᠰᠠᠢᠲᠤᠷ ᠶᠠᠷᠢᠵᠤ᠂ 《ᠠᠨᠠᠷ ᠤ᠋ᠨ ᠦᠷ᠎ᠡ ᠨᠢᠬᠳᠠᠷᠠᠨ᠂ ᠰᠡᠳᠬᠢᠯ ᠨᠢᠭᠡᠳᠦᠨ ᠬᠦᠰᠡᠯ ᠵᠡᠭᠦᠳᠦ᠎ᠪᠡᠨ ᠲᠡᠷᠭᠡᠯᠰᠢᠭᠦᠯᠬᠦ〈ᠠᠷᠪᠠᠨ ᠨᠢᠭᠡ〉 ᠵᠢᠨ ᠢᠨᠵᠧᠨᠧᠷᠢᠩ》 ᠢ᠋ ᠦᠷᠭᠦᠯᠵᠢᠯᠡᠨ ᠬᠡᠷᠡᠭᠵᠢᠭᠦᠯᠵᠦ᠂ ᠰᠢᠨ᠎ᠡ ᠴᠠᠭ ᠦᠶ᠎ᠡ᠎ᠶᠢᠨ ᠬᠢᠯᠢ ᠬᠢᠵᠠᠭᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ᠎ᠶᠢ ᠭᠦᠨᠵᠡᠭᠡᠢᠷᠡᠭᠦᠯᠪᠠ᠃ ᠤᠷᠠᠳ᠎ᠤᠨ ᠳᠤᠮᠳᠠᠳᠤ ᠬᠣᠰᠢᠭᠤ᠂ ᠦᠶᠤᠸᠠᠨ ᠰᠢᠶᠠᠨ᠎ᠤ ᠬᠠᠮᠲᠤ᠎ᠶᠢᠨ ᠣᠳᠣᠬᠢᠴᠢᠯᠠᠯᠲᠠ᠎ᠶᠢᠨ ᠲᠤᠷᠰᠢᠯᠲᠠ᠎ᠶᠢᠨ ᠴᠡᠭ᠎ᠦᠨ ᠪᠦᠲᠦᠭᠡᠨ ᠪᠠᠢᠭᠤᠯᠤᠯᠲᠠ᠎ᠶᠢ ᠯᠠᠪᠳᠠᠭᠤᠨ ᠪᠠᠲᠤᠲᠠᠢ ᠠᠬᠢᠭᠤᠯᠪᠠ᠃ ᠳᠥᠷᠪᠡ᠎ᠳᠦ ᠡᠯ᠎ᠡ ᠲᠠᠯ᠎ᠠ᠎ᠶᠢᠨ ᠠᠵᠢᠯ᠎ᠤᠨ ᠬᠠᠷᠢᠭᠤᠴᠠᠯᠭ᠎ᠠ᠎ᠶᠢ ᠦᠷᠭᠦᠯᠵᠢᠯᠡᠨ ᠪᠣᠳᠠᠲᠠᠢᠵᠢᠭᠤᠯᠪᠠ᠃ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢᠯᠠᠩ)᠎ᠵᠢᠨ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠴᠢᠩᠭᠠᠳᠬᠠᠨ ᠪᠣᠳᠠᠲᠠᠢᠵᠢᠭᠤᠯᠵᠤ᠂ ᠠᠵᠢᠯ᠎ᠤᠨ ᠰᠢᠰᠲᠧᠮ᠎ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠱᠠᠯᠠᠪᠳᠠᠭᠤᠯᠤᠨ ᠵᠢᠯᠤᠭᠣᠳᠬᠤ ᠡᠷᠴᠢᠮ᠎ᠢᠶᠡᠨ ᠴᠢᠩᠭᠠᠷᠠᠭᠤᠯᠵᠤ᠂ ᠬᠠᠤᠯᠢ ᠴᠠᠭᠠᠵᠠ᠎ᠶᠢᠨ ᠱᠠᠭᠠᠷᠳᠠᠯᠭ᠎ᠠ᠎ᠶᠢ ᠡᠯ᠎ᠡ ᠬᠦᠷᠢᠶ᠎ᠡ ᠴᠠᠷᠠᠭ᠎ᠠ᠂ ᠡᠯ᠎ᠡ ᠠᠵᠢᠯ ᠲᠥᠷᠥᠯ᠎ᠳᠦ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶᠢ ᠠᠬᠢᠭᠤᠯᠵᠤ᠂ ᠪᠠᠶᠠᠨᠨᠠᠭᠤᠷ ᠬᠣᠲᠠ᠎ᠶᠢᠨ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠳᠦ ᠪᠠᠲᠤ ᠴᠢᠩᠭ᠎ᠠ ᠬᠠᠤᠯᠢ ᠪᠡᠷ ᠵᠠᠰᠠᠬᠤ ᠪᠠᠲᠤᠯᠠᠭ᠎ᠠ ᠬᠠᠩᠭᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面