ᠭᠣᠣᠯ ᠰᠡᠳᠦᠪᠲᠦ ᠮᠡᠳᠡᠭᠡᠯᠡᠯ > ᠤᠷᠲᠤ ᠵᠠᠮ᠎ᠤ᠋ᠨ ᠠᠶᠠᠨ ᠳᠠᠢᠨ

2026-10-21 10:53:59

ᠵᠣᠬᠢᠶᠠᠭ᠍ᠴᠢ᠄ ​ᠵᠦᠩ ᠬᠤᠸᠠ᠎ᠯᠦ᠋ᠨ ᠣᠩᠱᠢᠭ᠍ᠰᠠᠨ ᠣᠳᠠᠭ᠎ᠠ᠄ 3

ᠤᠷᠳᠤ ᠵᠠᠮ᠎ᠤᠨ ᠠᠶᠠᠨ ᠲᠠᠢ᠌ᠨ᠂ ᠨᠢᠭᠡᠨ ᠢᠵᠢ ᠰᠦᠷ ᠵᠢᠪᠬᠤᠯᠠᠩᠲᠤ᠌ ᠪᠠᠭᠠᠲᠤᠷᠯᠢᠭ ᠲᠤᠤᠯᠢᠰ᠂ ᠨᠢᠭᠡᠨ ᠵᠤᠷᠪᠤᠰ ᠬᠠᠲᠠᠭᠤᠵᠢᠨ ᠲᠠᠪᠳᠠᠬᠳᠠᠵᠤ ᠪᠤᠯᠤᠳ ᠪᠤᠯᠵᠤ ᠪᠤᠯᠪᠠᠰᠤᠷᠠᠭᠤᠯᠤᠬᠳᠠᠨ ᠡᠷᠡᠯᠬᠡᠭᠯᠡᠨ ᠤᠷᠤᠭᠰᠢᠯᠠᠭᠰᠠᠨ ᠵᠠᠮ ᠮᠥᠨ᠃

《ᠤᠯᠠᠭᠠᠨ ᠴᠡᠷᠢᠭ ᠠᠶᠠᠨ ᠲᠠᠢ᠌ᠨ᠎ᠦ ᠬᠦᠴᠢᠷ ᠪᠡᠷᠬᠡᠰᠢᠶᠠᠯ᠎ᠡᠴᠡ ᠠᠶᠤᠬᠤ ᠦᠭᠡᠢ᠂ ᠲᠦᠮᠡᠨ ᠤᠰᠤ ᠮᠢᠩᠭᠠᠨ ᠠᠭᠤᠯᠠ᠎ᠶᠢ ᠠᠵᠢᠭ ᠦᠭᠡᠢ ᠳᠤᠭᠤᠯᠪᠠ》᠃ 1934 ᠣᠨ᠎ᠤ 10 ᠰᠠᠷ᠎ᠠ᠎ᠡᠴᠡ 1936 ᠣᠨ᠎ᠤ 10 ᠰᠠᠷ᠎ᠠ ᠪᠣᠯᠲᠠᠯ᠎ᠠ᠂ ᠳᠤᠮᠳᠠᠳᠤ ᠤᠯᠤᠰ᠎ᠤᠨ ᠡᠪ ᠬᠠᠮᠲᠤ᠌ ᠨᠠᠮ ᠡᠴᠡ ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ᠎ᠤ ᠤᠯᠠᠭᠠᠨ ᠴᠡᠷᠢᠭ᠎ᠢ ᠤᠳᠤᠷᠢᠳᠤᠨ ᠶᠠᠫᠣᠨ᠎ᠢ ᠡᠰᠡᠷᠭᠦᠴᠡᠵᠦ᠍ ᠮᠥᠬᠥᠯ᠎ᠡᠴᠡ ᠠᠪᠤᠷᠠᠬᠤ ᠲᠤᠭ᠎ᠢ ᠥᠨᠳᠥᠷ ᠮᠠᠨᠳᠤᠭᠤᠯᠵᠤ᠂ ᠠᠷᠪᠠᠨ ᠬᠡᠳᠦᠨ ᠮᠤᠵᠢ᠎ᠶᠢ ᠰᠤᠨᠳᠠᠯᠠᠵᠤ᠂ ᠬᠡᠳᠦᠨ ᠲᠦᠮᠡᠨ ᠭᠠᠵᠠᠷ ᠠᠶᠠᠯᠠᠵᠤ᠂ ᠮᠢᠩᠭᠠᠨ ᠪᠡᠷᠬᠡ ᠲᠦᠮᠡᠨ ᠪᠠᠷᠲᠠᠭ᠎ᠠ᠎ᠶᠢ ᠢᠯᠠᠨ ᠳᠠᠪᠠᠵᠤ᠂ ᠯᠤᠲᠤ᠌ ᠶᠡᠬᠡ ᠦᠷᠡᠭᠳᠡᠯ ᠰᠦᠢᠳᠦᠯ ᠭᠠᠷᠭᠠᠵᠤ᠂ ᠳᠡᠯᠡᠬᠡᠢ ᠳ᠋ᠠᠬᠢᠨ᠎ᠢ ᠳᠣᠩᠰᠣᠯᠭᠠᠭᠰᠠᠨ᠂ ᠲᠡᠦᠬᠡᠨ ᠬᠠᠭᠤᠳᠠᠰᠤᠨ᠎ᠠ ᠬᠡᠷᠡᠯᠳᠦᠨ ᠲᠡᠮᠳᠡᠭᠯᠡᠭᠳᠡᠭᠰᠡᠨ ᠤᠷᠲᠤ᠌ ᠵᠠᠮ᠎ᠤᠨ ᠠᠶᠠᠨ ᠳᠠᠢ᠌ᠨ᠎ᠤ ᠢᠯᠠᠯᠲᠠ ᠵᠢ ᠲᠠᠮᠠᠴᠡᠨ ᠤᠯᠪᠠ᠃

90 ᠵᠢᠯ᠎ᠦᠨ ᠳᠠᠷᠠᠭ᠎ᠠ ᠲᠠᠬᠢᠨ ᠡᠷᠭᠢᠴᠡᠭᠦᠯᠬᠦᠶ᠎ᠡ᠂ ᠤᠷᠲᠤ᠌ ᠵᠠᠮ᠎ᠤᠨ ᠠᠶᠠᠨ ᠲᠠᠶ᠋ᠢᠨ᠎ᠦ ᠢᠯᠠᠯᠲᠠ ᠪᠣᠯ ᠨᠢᠭᠡᠨ ᠲᠡᠦᠬᠡ᠎ᠶᠢᠨ ᠰᠢᠨ᠎ᠡ ᠭᠠᠷᠤᠭ᠎ᠠ ᠮᠥᠨ᠃ ᠲᠡᠷᠡ ᠦᠶ᠎ᠡ᠎ᠡᠴᠡ ᠡᠬᠢᠯᠡᠨ᠂ ᠮᠠᠨ᠎ᠤ ᠨᠠᠮ ᠥᠷᠭᠡᠨ ᠤᠯᠠᠨ ᠠᠷᠠᠳ ᠲᠦᠮᠡᠨ᠎ᠢ ᠤᠳᠤᠷᠢᠳᠤᠨ ᠳᠤᠮᠳᠠᠳᠤ ᠤᠯᠤᠰ᠎ᠤᠨ ᠬᠤᠪᠢᠰᠬᠠᠯ᠎ᠤᠨ ᠰᠦᠷ ᠳᠠᠯᠠᠶ᠋ᠢᠴᠠᠲᠠᠢ ᠰᠢᠨ᠎ᠡ ᠬᠠᠭᠤᠳᠠᠰᠤ᠎ᠶᠢ ᠪᠢᠴᠢᠭᠯᠡᠵᠦ᠍᠂ ᠥᠷᠭᠡᠨ ᠠᠭᠤᠳᠠᠮ ᠴᠠᠭ ᠣᠷᠣᠨ ᠵᠠᠢ᠎ᠳᠤ ᠬᠥᠮᠦᠨ᠎ᠦ ᠶᠢᠷᠲᠢᠨᠴᠦ᠎ᠶᠢᠨ ᠰᠢᠨ᠎ᠡ ᠭᠠᠶ᠋ᠢᠬᠠᠮᠰᠢᠭ᠎ᠢ ᠲᠠᠰᠤᠷᠠᠯᠳᠠ ᠦᠭᠡᠢ ᠡᠭᠦᠳᠦᠨ ᠪᠦᠲᠦᠭᠡᠵᠡᠢ᠃ ᠥᠨᠥᠳᠦᠷ᠎ᠦᠨ ᠳᠤᠮᠳᠠᠳᠤ ᠤᠯᠤᠰ᠎ᠤᠨ ᠲᠠᠪᠰᠢᠯᠳᠠ ᠪᠠ ᠬᠥᠭᠵᠢᠯᠲᠡ ᠪᠣᠯ ᠳᠠᠷᠤᠢ ᠤᠷᠳᠤ ᠵᠠᠮ᠎ᠤᠨ ᠠᠶᠠᠨ ᠲᠠᠢ᠌ᠨ᠎ᠤ ᠲᠤᠮᠳᠠ᠎ᠡᠴᠡ ᠶᠠᠪᠤᠵᠤ ᠢᠷᠡᠭᠰᠡᠨ ᠶᠤᠮ᠃

ᠤᠷᠳᠤ ᠤᠳᠠᠭᠠᠨ ᠠᠶᠠᠨ᠎ᠤ ᠵᠠᠮ᠎ᠢ ᠲᠤᠭᠤᠯᠵᠤ᠂ ᠪᠢᠳᠡ ᠨᠢᠭᠡᠨᠲᠡ ᠲᠦᠮᠡᠨ ᠤᠰᠤ ᠮᠢᠩᠭᠠᠨ ᠠᠭᠤᠯᠠ᠎ᠶᠢ ᠲᠠᠪᠠᠪᠠ; ᠢᠷᠡᠭᠡᠳᠦᠢ ᠵᠢᠨ ᠵᠠᠮ ᠠᠯᠤᠰ ᠬᠤᠯᠠ᠂ ᠪᠢᠳᠡ ᠦᠷᠭᠦᠯᠵᠢᠯᠡᠨ ᠬᠦᠴᠢᠷ ᠪᠡᠷᠭᠡᠰᠢᠶᠡᠯ᠎ᠢ ᠢᠯᠠᠨ ᠲᠠᠪᠠᠵᠤ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠭᠡᠭᠡᠨ ᠰᠠᠷᠠᠭᠤᠯ ᠢᠷᠡᠭᠡᠳᠦᠢ ᠲᠡᠢᠰᠢ ᠢᠳᠡᠷᠡᠭᠦᠨ ᠠᠯᠬᠤᠭ᠎ᠠ ᠪᠡᠷ ᠤᠷᠤᠭᠰᠢᠯᠠᠬᠤ ᠴᠢᠬᠤᠯᠠᠲᠠᠢ᠃

ᠰᠢᠨ᠎ᠡ ᠠᠶᠠᠨ ᠪᠣᠯ ᠢᠷᠠᠭᠤ ᠠᠯᠳᠠᠷ ᠪᠠ ᠬᠦᠰᠡᠯ ᠵᠡᠭᠦᠳᠦ᠎ᠪᠡᠷ ᠪᠢᠯᠬᠠᠭᠰᠠᠨ  ᠤᠷᠳᠤ ᠵᠠᠮ᠎ᠤᠨ ᠠᠶᠠᠨ ᠳᠠᠢ᠌ᠨ ᠮᠥᠨ᠃ ᠶᠡᠷᠦᠩᠬᠡᠢ ᠱᠦᠵᠢ ᠰᠢ ᠵᠢᠨ ᠫᠢᠩ᠎ᠦᠨ ᠲᠥᠪ ᠴᠢᠩᠭ᠎ᠠ ᠲᠤᠩᠬᠠᠭᠯᠠᠯ ᠨᠢ ᠬᠥᠮᠦᠰ᠎ᠢ ᠵᠣᠷᠢᠭᠵᠢᠭᠤᠯᠤᠨ ᠤᠷᠤᠭᠰᠢᠯᠠᠭᠤᠯᠤᠨ᠎ᠠ᠄ 《ᠪᠢᠳᠡᠨ᠎ᠤ ᠠᠵᠢᠯ ᠦᠢᠯᠡᠰ  ᠶᠠᠮᠠᠷ ᠬᠡᠮᠵᠢᠶᠡᠨ᠎ᠳᠦ ᠬᠦᠷᠲᠡᠯ᠎ᠡ ᠬᠦᠭᠵᠢᠭᠰᠡᠨ ᠴᠦ᠍᠂ ᠪᠢᠳᠡ ᠬᠡᠳᠦᠢ ᠶᠡᠬᠡ ᠠᠮᠵᠢᠯᠲᠠ ᠣᠯᠤᠭᠰᠠᠨ ᠴᠤ᠌᠂ ᠪᠢᠳᠡ ᠴᠥᠮ  ᠤᠷᠳᠤ ᠵᠠᠮ᠎ᠤᠨ ᠠᠶᠠᠨ ᠲᠠᠢ᠌ᠨ᠎ᠦ ᠠᠭᠤᠤ ᠶᠡᠬᠡ ᠵᠣᠷᠢᠭ ᠰᠠᠨᠠᠭ᠎ᠠ᠎ᠶᠢ ᠶᠡᠬᠡ᠎ᠪᠡᠷ ᠪᠠᠳᠠᠷᠠᠭᠤᠯᠵᠤ᠂ ᠰᠢᠨ᠎ᠡ ᠤᠷᠳᠤ ᠵᠠᠮ᠎ᠤᠨ ᠠᠶᠠᠨ ᠲᠠᠢ᠌ᠨ᠎ᠦ ᠵᠠᠮ᠎ᠢᠶᠡᠷ ᠦᠷᠭᠦᠯᠵᠢᠯᠡᠨ ᠡᠷᠡᠯᠬᠡᠭᠯᠡᠨ ᠤᠷᠤᠭᠰᠢᠯᠠᠬᠤ ᠬᠡᠷᠡᠭᠲᠡᠢ》᠃

(ᠨᠢᠭᠡ)

《ᠲᠡᠳᠡᠨ᠎ᠤ ᠪᠦᠷᠢᠮᠦᠰᠦᠨ ᠰᠢᠳᠤᠷᠭᠤ ᠶᠣᠰᠣᠨ᠎ᠤ ᠭᠡᠵᠦ᠍ ᠦᠵᠡᠭᠰᠡᠨ ᠠᠵᠢᠯ ᠦᠢᠯᠡᠰ᠎ᠤᠨ᠎ᠢᠶᠡᠨ ᠲᠦᠯᠦᠭᠡ ᠠᠯᠢᠪᠠ ᠪᠠᠨ ᠵᠤᠷᠢᠭᠤᠯᠵᠤ ᠵᠢᠳᠭᠦᠭᠰᠡᠨ ᠲᠡᠳᠡᠭᠡᠷ ᠬᠥᠮᠦᠰ᠎ᠦᠨ ᠪᠡᠶ᠎ᠡ ᠳᠡᠭᠡᠷ᠎ᠡ ᠡᠴᠡ ᠪᠢ ᠠᠮᠢᠵᠢᠷᠠᠯ᠎ᠤᠨ ᠬᠦᠴᠦᠨ᠎ᠢᠶᠡᠷ ᠪᠢᠯᠬᠠᠮ᠎ᠠ ᠬᠦᠰᠡᠯ ᠡᠷᠡᠮᠡᠯᠵᠡᠯ᠂ ᠬᠠᠯᠠᠭᠤᠨ ᠰᠡᠳᠬᠢᠯᠭᠡ ᠪᠠ ᠬᠥᠮᠦᠨ ᠲᠥᠷᠥᠯᠬᠢᠲᠡᠨ᠎ᠦ ᠢᠯᠠᠭᠳᠠᠰᠢ ᠦᠭᠡᠢ ᠬᠦᠴᠦᠨ ᠴᠢᠳᠠᠯ᠎ᠢ ᠴᠢᠩᠭ᠎ᠠ ᠤᠯᠵᠤ ᠮᠡᠳᠡᠷᠡᠪᠡ》᠃ 90 ᠵᠢᠯ᠎ᠦᠨ ᠡᠮᠦᠨ᠎ᠡ᠂ ᠱᠠᠨᠰᠢ᠎ᠶᠢᠨ ᠬᠣᠶ᠋ᠢᠲᠤ᠌ ᠬᠡᠰᠡᠭ᠎ᠦᠨ ᠰᠢᠷ᠎ᠠ ᠬᠥᠷᠥᠰᠥᠲᠦ᠍ ᠥᠨᠳᠥᠷᠯᠢᠭ᠎ᠲᠦ᠍᠂ ᠠᠮᠧᠷᠢᠺᠠ᠎ᠶᠢᠨ ᠰᠤᠷᠪᠤᠯᠵᠢᠯᠠᠭᠴᠢ ᠠᠢ᠌ᠳ᠋ᠸᠵᠢᠶᠠ·ᠰᠸᠨᠦ᠋ᠧᠧ ᠲᠦᠮᠡᠨ ᠭᠠᠵᠠᠷ᠎ᠤᠨ ᠤᠷᠳᠤ ᠵᠠᠮ᠎ᠤᠨ ᠠᠶᠠᠨ ᠵᠠᠮ᠎ᠢ ᠰᠠᠶᠢᠬᠠᠨ ᠳᠤᠭᠤᠯᠤᠭᠰᠠᠨ ᠤᠯᠠᠭᠠᠨ ᠴᠡᠷᠢᠭ᠎ᠦᠨ ᠳᠠᠷᠤᠭ᠎ᠠ ᠪᠠᠶ᠋ᠢᠯᠳᠤᠭᠴᠢᠳ᠎ᠲᠠᠶ ᠥᠷᠭᠡᠨ᠎ᠢᠶᠡᠷ ᠬᠠᠷᠢᠯᠴᠠᠭᠰᠠᠨ᠎ᠤ ᠳᠠᠷᠠᠭ᠎ᠠ᠂ ᠳᠤᠮᠳᠠᠳᠤ ᠤᠯᠤᠰ᠎ᠤᠨ ᠡᠪ ᠬᠠᠮᠲᠤᠴᠤᠳ᠎ᠲᠤ᠌ ᠪᠠᠢᠳᠠᠭ 《ᠳᠣᠷᠣᠨᠠᠳᠠᠬᠢᠨ᠎ᠤ ᠰᠢᠳᠢ ᠬᠦᠴᠦᠨ》᠎ᠢ᠋ ᠡᠷᠬᠡ ᠦᠬᠡᠢ ᠮᠡᠳᠡᠷᠡᠵᠦ᠂ ᠡᠨᠡ ᠪᠣᠯ ᠡᠷᠲᠡᠨ᠎ᠦ ᠳᠤᠮᠳᠠᠳᠤ ᠤᠯᠤᠰ᠎ᠤᠨ 《ᠤᠯᠤᠰ᠎ᠢᠶᠠᠨ ᠮᠠᠨᠳᠤᠭᠤᠯᠬᠤ ᠭᠡᠷᠡᠯ ᠭᠢᠯᠪᠠᠭ᠎ᠠ》 ᠭᠡᠵᠦ᠍ ᠪᠠᠲᠤᠲᠠᠢ ᠬᠡᠯᠡᠵᠤ ᠪᠢᠯᠡ᠃

ᠤᠷᠳᠤ ᠵᠠᠮ᠎ᠤᠨ ᠠᠶᠠᠨ ᠲᠠᠢ᠌ᠨ᠎ᠦ ᠲᠡᠦᠬᠡ᠎ᠶᠢ ᠡᠷᠭᠢᠴᠡᠭᠦᠯᠬᠦᠶ᠎ᠡ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠨᠤᠲᠠᠯᠠᠯᠲᠠ ᠨᠢ ᠬᠥᠮᠦᠰ᠎ᠢ ᠭᠦᠨ ᠪᠤᠳᠤᠯᠭᠠᠰᠢᠷᠠᠭᠤᠯᠤᠨ᠎ᠠ — 《ᠤᠷᠳᠤ ᠵᠠᠮ᠎ᠤᠨ ᠠᠶᠠᠨ ᠲᠠᠢ᠌ᠨ᠎ᠢ ᠦᠩᠭᠡᠷᠡᠭᠦᠯᠦᠭᠡᠳ᠂ ᠨᠠᠮ ᠪᠣᠯᠤᠨ ᠤᠯᠠᠭᠠᠨ ᠴᠡᠷᠢᠭ ᠪᠠᠭᠤᠷᠠᠢ ᠪᠣᠯᠤᠭᠰᠠᠨ ᠪᠢᠰᠢ᠂ ᠬᠠᠷᠢᠨ ᠨᠡᠩ ᠬᠦᠴᠦᠷᠬᠡᠭ ᠪᠣᠯᠵᠠᠢ》᠃ ᠣᠷᠳᠣ ᠵᠠᠮ᠎ᠤᠨ ᠠᠶᠠᠨ ᠲᠡᠶ᠋ᠢᠨ ᠭᠡᠬᠦ᠌ ᠡᠨᠡ ᠬᠦ᠌ ᠬᠥᠮᠦᠨ ᠲᠥᠷᠥᠯᠬᠢᠲᠡᠨ᠎ᠦ ᠲᠡᠦᠬᠡᠨ ᠳᠡᠭᠡᠷᠡᠬᠢ ᠠᠭᠤᠤ ᠶᠡᠬᠡ ᠦᠢᠯᠡ ᠠᠵᠢᠯᠯᠠᠭ᠎ᠠ᠎ᠨᠢ ᠳᠡᠯᠡᠬᠡᠶ ᠳ᠋ᠠᠬᠢᠨ᠎ᠤ ᠬᠥᠮᠦᠰ᠎ᠢ ᠲᠤᠶ᠋ᠢᠯ᠎ᠤᠨ ᠶᠡᠬᠡ᠎ᠪᠡᠷ ᠳᠣᠩᠰᠣᠯᠭᠠᠭᠰᠠᠨ᠎ᠢᠶᠠᠷ ᠪᠠᠷᠠᠬᠤ ᠥᠬᠡᠶ ᠨᠠᠩ ᠴᠤ᠌ ᠭᠦᠨ ᠪᠤᠳᠤᠯᠭᠠᠰᠢᠷᠠᠯ᠎ᠢ ᠡᠭᠦᠰᠭᠡᠭᠰᠡᠨ ᠪᠠᠢᠨ᠎ᠠ᠄ ᠵᠠᠭᠤᠨ ᠲᠦᠮᠡ ᠭᠠᠷᠤᠶ ᠳᠠᠶ᠋ᠢᠰᠤᠨ᠎ᠤ ᠪᠦᠰᠡᠯᠡᠯᠲᠡ ᠨᠡᠬᠡᠮᠵᠢᠯᠡᠯ ᠬᠠᠰᠢᠯᠲᠠ ᠬᠤᠷᠢᠭᠯᠠᠯᠲᠠ ᠵᠢᠴᠢ ᠪᠠᠶ᠋ᠢᠭᠠᠯᠢ᠎ᠶᠢᠨ ᠣᠷᠴᠢᠨ ᠲᠣᠭᠣᠷᠢᠨ ᠲᠤᠶ᠋ᠢᠯ᠎ᠤᠨ ᠬᠠᠳᠠᠭᠤ ᠪᠡᠷᠭᠡ ᠵᠡᠷᠭᠡ ᠯᠤᠲᠤ᠌ ᠶᠡᠬᠡ ᠬᠠᠯᠠ ᠵᠣᠪᠠᠯᠠᠩ᠎ᠤᠨ ᠡᠮᠦᠨ᠎ᠡ᠂ ᠤᠯᠠᠭᠠᠨ ᠴᠡᠷᠢᠭ ᠶᠠᠭᠠᠬᠢᠭᠠᠳ ᠪᠤᠲᠠᠷᠠᠨ ᠰᠠᠷᠨᠢᠬᠤ ᠦᠭᠡᠢ ᠪᠦᠬᠡᠳ ᠴᠣᠬᠢᠭᠳᠠᠨ ᠢᠯᠠᠭᠳᠠᠬᠤ ᠥᠬᠡᠶ ᠪᠠᠢᠵᠤ᠂ ᠭᠡᠳᠡᠷᠭᠦ᠎ᠪᠡᠨ ᠪᠠᠶ᠋ᠢᠯᠳᠤᠬᠤ ᠲᠤᠲᠤᠮ ᠬᠦᠴᠦᠷᠬᠡᠭᠵᠢᠵᠦ᠍᠂ ᠡᠪᠳᠡᠷᠡᠰᠢ ᠥᠬᠡᠶ ᠪᠠᠲᠤ᠌ ᠪᠠᠬᠢ ᠪᠣᠯᠣᠳ ᠲᠡᠮᠦᠷ᠎ᠦᠨ ᠡᠩᠨᠡᠭᠡ ᠪᠣᠯᠤᠭᠰᠠᠨ ᠪᠣᠶ?

ᠲᠡᠦᠬᠡ᠂ ᠡᠨᠡ ᠠᠰᠠᠭᠤᠯᠳᠠ ᠵᠢᠨ ᠬᠠᠷᠢᠭᠤᠯᠲᠠ᠎ᠶᠢ ᠨᠢᠭᠡᠨᠲᠡ ᠣᠨ ᠵᠢᠯ᠎ᠦᠨ ᠤᠷᠳᠤ ᠬᠠᠭᠤᠳᠠᠰᠤᠨ᠎ᠳᠤ ᠪᠢᠴᠢᠵᠦ᠍ ᠤᠷᠤᠭᠤᠯᠤᠨ᠂ ᠬᠥᠮᠦᠰ᠎ᠦᠨ ᠰᠡᠳᠬᠢᠯ᠎ᠦᠨ ᠭᠦᠨ᠎ᠳᠦ ᠪᠢᠴᠢᠭᠯᠡᠵᠡᠢ᠃

《ᠨᠡᠩ ᠬᠦᠴᠦᠷᠬᠡᠭ》 ᠭᠡᠳᠡᠭ ᠨᠢ ᠦᠨᠡᠨ ᠶᠣᠰᠣᠨ᠎ᠤ ᠬᠦᠴᠦᠨ᠎ᠢ ᠨᠡᠩ ᠭᠦᠢᠴᠡᠳ ᠢᠯᠡᠷᠡᠭᠦᠯᠵᠦ᠂ ᠮᠠᠨ᠎ᠤ ᠨᠠᠮ ᠳᠤᠮᠳᠠᠳᠤ ᠤᠯᠤᠰ᠎ᠤᠨ ᠬᠤᠪᠢᠰᠬᠠᠯ᠎ᠤᠨ ᠵᠥᠪ ᠵᠠᠮ᠎ᠢ ᠡᠷᠢᠵᠤ ᠣᠯᠤᠨ᠂ ᠡᠨᠡ ᠬᠦ᠌ ᠵᠠᠮ᠎ᠢ ᠵᠢᠭᠠᠭᠰᠠᠨ ᠵᠥᠪ ᠤᠨᠤᠯ᠎ᠢ ᠡᠷᠢᠨ ᠣᠯᠵᠤ᠂ ᠮᠠᠷᠺᠰ ᠯᠧᠨᠢᠨ᠎ᠦ ᠦᠵᠡᠯ᠎ᠦᠨ ᠦᠨᠳᠦᠰᠦᠨ ᠤᠭ ᠶᠤᠰᠤ ᠵᠢ ᠳᠤᠮᠳᠠᠳᠤ ᠤᠯᠤᠰ᠎ᠤᠨ ᠬᠤᠪᠢᠰᠬᠠᠯ᠎ᠤᠨ ᠪᠣᠳᠠᠲᠤ᠌ ᠪᠠᠶ᠋ᠢᠳᠠᠯ᠎ᠲᠠᠶ ᠤᠶᠠᠯᠳᠤᠭᠤᠯᠵᠤ᠂ ᠳᠤᠮᠳᠠᠳᠤ ᠤᠯᠤᠰ᠎ᠤᠨ ᠬᠤᠪᠢᠰᠬᠠᠯ᠎ᠤᠨ ᠴᠢᠬᠤᠯᠠ ᠶᠡᠬᠡ ᠠᠰᠠᠭᠤᠳᠠᠯ᠎ᠢ ᠪᠡᠶ᠎ᠡ᠎ᠪᠡᠨ ᠳᠠᠭᠠᠭᠠᠵᠤ ᠡᠵᠡᠨ ᠮᠡᠳᠡᠨ ᠰᠢ᠌ᠳᠪᠦᠷᠢᠯᠡᠵᠦ᠍᠂ ᠦᠨᠡᠨ ᠶᠣᠰᠣ᠎ᠶᠢ ᠬᠥᠭᠡᠭᠡᠴᠡᠯᠳᠦᠬᠦ᠌᠂ ᠦᠨᠡᠨ ᠶᠣᠰᠣ᠎ᠶᠢ ᠪᠠᠷᠢᠮᠲᠠᠯᠠᠬᠤ ᠰᠠᠭᠤᠷᠢᠨ ᠳᠡᠭᠡᠷ᠎ᠡ ᠪᠦᠬᠦ᠌ ᠨᠠᠮ᠎ᠤᠨ ᠤᠷᠢᠳ ᠡᠮᠦᠨ᠎ᠡ ᠪᠠᠶ᠋ᠢᠭ᠎ᠠ ᠦᠭᠡᠢ ᠪᠦᠯᠬᠦᠮᠳᠡᠯ᠂ ᠤᠯᠠᠭᠠᠨ ᠴᠡᠷᠢᠭ᠎ᠦᠨ ᠤᠷᠢᠳ ᠡᠮᠦᠨ᠎ᠡ ᠪᠠᠶ᠋ᠢᠭ᠎ᠠ ᠦᠭᠡᠢ ᠪᠦᠯᠬᠦᠮᠳᠡᠯ᠎ᠢ ᠪᠡᠶᠡᠯᠡᠭᠦᠯᠦᠭᠰᠡᠨ᠎ᠳᠦ ᠪᠤᠢ; ᠨᠠᠮ ᠡᠴᠡ ᠲᠡᠦᠬᠡ᠎ᠶᠢᠨ ᠶᠡᠬᠡ ᠬᠠᠨᠳᠤᠰᠢ᠎ᠶᠢᠨ ᠲᠤᠬᠠᠢ ᠡᠵᠡᠮᠳᠡᠭᠰᠡᠨ ᠲᠠᠯ᠎ᠠ ᠪᠡᠷ ᠨᠡᠩ ᠬᠦᠴᠦᠲᠡᠢ ᠪᠤᠯᠵᠥ᠍᠂ ᠮᠠᠨ᠎ᠤ ᠨᠠᠮ ᠪᠦᠬᠦ᠌ ᠦᠨᠳᠦᠰᠦᠲᠡᠨ ᠪᠦᠯᠬᠦᠮᠳᠡᠵᠦ ᠶᠠᠫᠣᠨ᠎ᠢ ᠡᠰᠡᠷᠭᠦᠴᠡᠬᠦ᠌ ᠶᠡᠬᠡ ᠲᠤᠭ᠎ᠢ ᠥᠨᠳᠥᠷ ᠮᠠᠨᠳᠤᠭᠤᠯᠵᠤ᠂ ᠶᠠᠫᠣᠨ᠎ᠢ ᠡᠰᠡᠷᠭᠦᠴᠡᠬᠦ᠌ ᠦᠨᠳᠦᠰᠦᠲᠡᠨ᠎ᠦ ᠨᠢᠭᠡᠳᠦᠮᠡᠯ ᠹᠷᠣᠨᠲ᠎ᠤᠨ ᠪᠦᠷᠢᠯᠳᠦᠬᠦ᠌᠎ᠶᠢ ᠠᠬᠢᠭᠤᠯᠵᠤ᠂ ᠪᠦᠬᠦ᠌ ᠦᠨᠳᠦᠰᠦᠲᠡᠨ᠎ᠦ ᠰᠡᠬᠡᠭᠡᠷᠡᠯᠲᠡ ᠪᠣᠯᠤᠨ ᠡᠷᠡᠯᠬᠡᠭᠯᠡᠨ ᠪᠣᠰᠴᠤ ᠲᠡᠮᠡᠴᠡᠬᠦ ᠪᠦᠷᠢᠢ᠎ᠡ᠎ᠶᠢ ᠬᠠᠩᠭᠢᠨᠠᠭᠤᠯᠵᠤ᠂ ᠪᠦᠯᠬᠦᠮᠳᠡᠨ ᠨᠢᠭᠡᠳᠴᠦ᠍ ᠶᠠᠫᠣᠨ᠎ᠢ ᠡᠰᠡᠷᠭᠦᠴᠡᠵᠦ᠍᠂ ᠬᠠᠮᠲᠤ᠎ᠪᠠᠷ ᠭᠠᠳᠠᠭᠠᠳᠤ᠎ᠳᠤ ᠬᠠᠨᠳᠤᠬᠤ ᠬᠦᠴᠦᠷᠬᠡᠭ ᠶᠡᠬᠡ ᠬᠦᠴᠦᠨ᠎ᠢ ᠨᠢᠭᠲᠠᠷᠠᠭᠤᠯᠤᠭᠰᠠᠨ᠎ᠳᠤ ᠪᠤᠢ; ᠠᠷᠠᠳ᠎ᠤᠨ ᠰᠡᠳᠬᠢᠯ᠎ᠦᠨ ᠦᠨᠳᠦᠰᠦ ᠰᠠᠭᠤᠷᠢ ᠨᠡᠩ ᠪᠠᠲᠤ᠌ ᠪᠡᠬᠢ ᠪᠤᠯᠵᠤ᠂ ᠮᠠᠨ᠎ᠤ ᠨᠠᠮ ᠢᠮᠠᠭᠲᠠ ᠠᠷᠠᠳ ᠲᠦᠮᠡᠨ᠎ᠦ ᠳᠤᠮᠳᠠ ᠦᠨᠳᠦᠰᠦᠯᠡᠵᠦ᠍᠂ ᠤᠯᠠᠨ ᠲᠦᠮᠡᠨ᠎ᠲᠡᠶ ᠬᠠᠷᠢᠯᠴᠠᠵᠤ᠂ ᠤᠯᠠᠨ ᠲᠦᠮᠡᠨ᠎ᠳᠦ ᠤᠬᠠᠭᠤᠯᠭ᠎ᠠ ᠬᠢᠵᠦ᠍᠂ ᠤᠯᠠᠨ ᠲᠦᠮᠡᠨ᠎ᠢ ᠵᠡᠪᠰᠡᠭᠯᠡᠵᠦ᠍᠂ ᠤᠯᠠᠨ ᠲᠦᠮᠡᠨ᠎ᠲᠡᠶ ᠪᠦᠯᠬᠦᠮᠳᠡᠵᠦ᠍᠂ ᠤᠯᠠᠨ ᠲᠦᠮᠡᠨ᠎ᠳᠦ ᠲᠦᠰᠢᠭᠯᠡᠵᠦ᠍᠂ ᠠᠷᠠᠳ ᠤᠯᠠᠨ᠎ᠤ ᠦᠨᠡᠨ ᠰᠡᠳᠬᠢᠯ᠎ᠦᠨ ᠬᠦᠷᠢᠶᠡᠯᠡᠯ ᠪᠠ ᠳᠡᠮᠵᠢᠯᠭᠡ᠎ᠶᠢ ᠤᠯᠤᠭᠰᠠᠨ᠎ᠳᠤ ᠪᠤᠢ; ᠲᠡᠮᠡᠴᠡᠯ᠎ᠦᠨ ᠵᠣᠷᠢᠭ ᠰᠠᠨᠠᠭ᠎ᠠ ᠨᠡᠩ ᠴᠤᠭ ᠪᠠᠳᠠᠷᠠᠩᠭᠤᠢ᠂ ᠲᠡᠮᠡᠴᠡᠯ᠎ᠦᠨ ᠴᠢᠳᠠᠪᠤᠷᠢ ᠲᠠᠰᠤᠷᠠᠯᠲᠠ ᠦᠭᠡᠢ ᠴᠢᠩᠭᠠᠷᠠᠵᠤ᠂ ᠮᠠᠨ᠎ᠤ ᠨᠠᠮ ᠬᠦᠴᠦᠷᠬᠡᠭ ᠳᠠᠶ᠋ᠢᠰᠤᠨ᠎ᠳᠤ ᠰᠢᠭᠤᠳ ᠬᠠᠨᠳᠤᠵᠤ᠂ ᠴᠢᠰᠤᠲᠤ᠌ ᠪᠠᠶ᠋ᠢᠯᠳᠤᠭᠠᠨ ᠬᠢᠬᠦ᠌᠎ᠡᠴᠡ ᠠᠶᠤᠬᠤ ᠦᠭᠡᠢ ᠰᠥᠰᠥ᠍ ᠵᠣᠷᠢᠭ᠎ᠲᠠᠶ ᠮᠥᠷᠲᠡᠭᠡᠨ ᠪᠠᠰᠠ ᠴᠠᠭ᠎ᠢ ᠦᠵᠡᠨ ᠪᠠᠶ᠋ᠢᠳᠠᠯ᠎ᠢ ᠰᠢᠨᠵᠢᠵᠦ᠍᠂ ᠤᠶᠠᠨ ᠬᠠᠳᠠᠨ᠎ᠠᠮᠢᠳᠤᠯᠢᠭ᠎ᠢᠶᠡᠷ ᠲᠠᠮᠡᠴᠡᠵᠤ ᠢᠯᠠᠯᠲᠠ ᠤᠯᠬᠤ ᠤᠶᠤᠨ ᠤᠬᠠᠭᠠᠨ᠎ᠲᠠᠶ ᠪᠠᠶ᠋ᠢᠬᠤ᠎ᠳᠤ ᠪᠤᠢ;  ᠨᠠᠮ᠎ᠤᠨ ᠪᠡᠶ᠎ᠡ ᠴᠤᠬᠴᠠ ᠨᠡᠩ ᠡᠷᠡᠭᠦᠯ ᠴᠢᠬᠢᠷᠠᠭ᠂ ᠮᠠᠨ᠎ᠤ ᠨᠠᠮ ᠤᠷᠳᠤ ᠵᠠᠮ᠎ᠤᠨ ᠠᠶᠠᠨ ᠲᠠᠢ᠌ᠨ᠎ᠦ ᠳᠤᠮᠳᠠ ᠲᠤᠰ ᠪᠡᠶ᠎ᠡ᠎ᠶᠢᠨ ᠪᠠᠶ᠋ᠢᠭᠤᠯᠤᠯᠲᠠ᠎ᠪᠠᠨ ᠢᠮᠠᠭᠲᠠ ᠴᠢᠬᠤᠯᠠᠴᠢᠯᠠᠵᠤ᠂ ᠵᠣᠷᠢᠭᠲᠠᠢ᠎ᠪᠠᠷ ᠥᠪᠡᠷ ᠪᠡᠶ᠎ᠡ ᠵᠢᠨ ᠬᠤᠪᠢᠰᠬᠠᠯ ᠬᠢᠵᠦ᠍᠂ ᠥᠷᠨᠢᠭᠦᠨ ᠪᠠᠳᠠᠷᠠᠩᠭᠤᠢ ᠠᠮᠢᠵᠢᠷᠠᠯ᠎ᠤᠨ ᠬᠦᠴᠦᠨ᠎ᠢᠶᠡᠨ ᠪᠠᠳᠠᠷᠠᠭᠤᠯᠤᠭᠰᠠᠨ᠎ᠳᠤ ᠪᠤᠢ᠃

ᠤᠷᠳᠤ ᠵᠠᠮ᠎ᠤᠨ ᠠᠶᠠᠨ ᠲᠠᠢ᠌ᠨ ᠪᠣᠯ ᠵᠠᠯᠠᠭᠤ ᠨᠠᠰᠤᠨ᠎ᠤ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠨᠢᠭᠡ ᠤᠳᠠᠭᠠᠨ᠎ᠤ ᠲᠤᠶ᠋ᠢᠯ᠎ᠤᠨ ᠭᠦᠨ ᠭᠦᠨᠵᠡᠭᠡᠢ ᠬᠤᠪᠢᠰᠬᠠᠯᠲᠤ᠌ ᠴᠢᠨᠠᠷᠲᠠᠢ ᠳᠠᠪᠲᠠᠠ ᠪᠤᠯᠪᠠᠰᠤᠷᠠᠯᠳᠠ ᠮᠥᠨ᠂ ᠴᠢᠰᠤ ᠮᠢᠬ᠎ᠠ ᠪᠡᠷ᠎ᠢᠶᠡᠨ ᠭᠠᠯ ᠤᠰᠤᠨ᠎ᠤ ᠰᠢᠯᠭᠠᠯᠲᠠ ᠵᠢ ᠦᠩᠭᠡᠷᠡᠬᠡᠵᠤ ᠨᠠᠮ᠎ᠤᠨ ᠰᠢᠯᠢᠳᠡᠭ ᠣᠨᠴᠠᠯᠢᠭ ᠰᠢᠨᠵᠢ᠎ᠶᠢ ᠳᠠᠪᠲᠠᠨ ᠪᠣᠯᠪᠠᠰᠤᠷᠠᠭᠤᠯᠵᠤ᠂ ᠮᠠᠨ᠎ᠤ ᠨᠠᠮ᠎ᠤᠨ ᠪᠠᠯᠴᠢᠷ ᠨᠠᠰᠤᠨ᠎ᠡᠴᠡ᠎ᠪᠠᠨ ᠪᠣᠯᠪᠠᠰᠤᠷᠠᠩᠭᠤᠢ ᠪᠤᠯᠵᠤ᠂ ᠠᠷᠠᠳ᠎ᠤᠨ ᠴᠡᠷᠢᠭ ᠠᠩᠭᠢ ᠪᠠᠭᠤᠷᠠᠢ ᠪᠠᠭ᠎ᠠ᠎ᠡᠴᠡ᠎ᠪᠠᠨ ᠬᠦᠴᠦᠷᠬᠡᠭᠵᠢᠵᠦ᠍᠂ ᠳᠤᠮᠳᠠᠳᠤ ᠤᠯᠤᠰ᠎ᠤᠨ ᠬᠤᠪᠢᠰᠬᠠᠯ᠎ᠤᠨ ᠦᠢᠯᠡᠰ ᠨᠤᠭᠤᠷᠠᠯ ᠪᠦᠳᠦᠷᠢᠯ᠎ᠡᠴᠡ ᠢᠯᠠᠯᠲᠠ ᠵᠦᠭ ᠤᠷᠤᠭᠰᠢᠯᠠᠭᠰᠠᠨ ᠠᠭᠤᠤ ᠶᠡᠬᠡ ᠡᠷᠭᠢᠯᠲᠡ᠎ᠶᠢ ᠪᠡᠶᠡᠯᠡᠭᠦᠯᠦᠭᠰᠡᠨ ᠶᠤᠮ᠃ 《ᠤᠷᠳᠤ ᠵᠠᠮ᠎ᠤᠨ ᠠᠶᠠᠨ ᠲᠠᠢ᠌ᠨ ᠳᠠᠭᠤᠰᠤᠮᠠᠭᠴᠠ᠂ ᠰᠢᠨ᠎ᠡ ᠪᠠᠶ᠋ᠢᠳᠠᠯ ᠲᠠᠷᠤᠢᠬᠠᠨ ᠡᠬᠢᠯᠡᠪᠡ》᠃  ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠲᠡᠦᠬᠡᠨ ᠠᠶᠠᠨ᠎ᠳᠤ᠂ ᠤᠷᠳᠤ ᠵᠠᠮ᠎ᠤᠨ ᠠᠶᠠᠨ ᠲᠠᠢ᠌ᠨ ᠪᠣᠯ ᠳᠤᠮᠳᠠᠳᠤ ᠤᠯᠤᠰ᠎ᠤᠨ ᠡᠪ ᠬᠠᠮᠲᠤ᠌ ᠨᠠᠮ ᠪᠣᠯᠤᠨ ᠤᠯᠠᠭᠠᠨ ᠴᠡᠷᠢᠭ᠎ᠦᠨ ᠪᠢᠴᠢᠭᠯᠡᠭᠰᠡᠨ ᠢᠷᠠᠭᠤ ᠭᠠᠶ᠋ᠢᠬᠠᠮᠰᠢᠭᠲᠤ᠌ ᠲᠤᠤᠯᠢᠰ ᠪᠣᠯᠤᠨ᠎ᠠ᠂ ᠨᠢᠬᠡᠨ ᠰᠠᠭᠤᠷᠢ ᠥᠨᠳᠥᠷ ᠰᠦᠷᠯᠢᠭ ᠲᠡᠦᠬᠡ᠎ᠶᠢᠨ ᠦᠷᠯᠦᠭ ᠬᠥᠰᠢᠢ᠎ᠡ ᠪᠣᠯᠤᠨ᠎ᠠ᠃

ᠲᠦᠮᠡᠨ ᠭᠠᠵᠠᠷ᠎ᠤᠨ ᠠᠶᠠᠨ ᠵᠠᠮ᠂ ᠵᠣᠷᠢᠭ ᠰᠠᠨᠠᠭ᠎ᠠ ᠨᠢ ᠦᠨᠢᠳᠡ ᠮᠥᠩᠬᠡᠷᠡᠨ᠎ᠡ᠃ ᠤᠷᠳᠤ ᠵᠠᠮ᠎ᠤᠨ ᠠᠶᠠᠨ ᠲᠠᠢ᠌ᠨ᠎ᠡᠴᠡ ᠪᠢᠳᠡᠨ᠎ᠳᠦ ᠦᠯᠡᠳᠡᠭᠡᠵᠦ᠍ ᠥᠭᠭᠦᠭᠰᠡᠨ ᠬᠠᠮᠤᠭ᠎ᠤᠨ ᠡᠷᠬᠢᠮ ᠨᠠᠨᠳᠢᠨ ᠤᠶᠤᠨ ᠰᠠᠨᠠᠭᠠᠨ᠎ᠤ ᠥᠪ ᠬᠦᠷᠦᠨᠭᠭᠡ ᠪᠣᠯ ᠳᠠᠷᠤᠢ ᠳᠤᠮᠳᠠᠳᠤ ᠤᠯᠤᠰ᠎ᠤᠨ ᠡᠪ ᠬᠠᠮᠲᠤᠴᠤᠳ ᠪᠠ ᠤᠯᠠᠭᠠᠨ ᠴᠡᠷᠢᠭ᠎ᠦᠨ ᠳᠠᠷᠤᠭ᠎ᠠ ᠪᠠᠶ᠋ᠢᠯᠳᠤᠭᠴᠢᠳ᠎ᠤᠨ ᠠᠮᠢ ᠨᠠᠰᠤ ᠪᠠ ᠬᠠᠯᠠᠭᠤᠨ ᠴᠢᠰᠤ᠎ᠪᠠᠷ᠎ᠢᠶᠠᠨ ᠴᠣᠭᠴᠠᠯᠠᠭᠰᠠᠨ ᠤᠷᠳᠤ ᠵᠠᠮ᠎ᠤᠨ ᠠᠶᠠᠨ ᠲᠠᠢ᠌ᠨ᠎ᠦ ᠠᠭᠤᠤ ᠶᠡᠬᠡ ᠵᠣᠷᠢᠭ ᠰᠠᠨᠠᠭ᠎ᠠ ᠪᠣᠯᠤᠨ᠎ᠠ᠃ ᠣᠶ᠋ᠢᠯᠤᠨ ᠳᠠᠪᠠᠯᠭᠠᠯᠠᠬᠤ ᠲᠡᠦᠬᠡ᠎ᠶᠢᠨ ᠤᠷᠳᠤ ᠠᠶᠠᠨ᠎ᠳᠤ᠂ ᠤᠷᠳᠤ ᠵᠠᠮ᠎ᠤᠨ ᠠᠶᠠᠨ ᠲᠠᠢ᠌ᠨ᠎ᠦ ᠠᠭᠤᠤ ᠶᠡᠬᠡ ᠵᠣᠷᠢᠭ ᠰᠠᠨᠠᠭ᠎ᠠ ᠨᠢ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠬᠤᠪᠢᠰᠬᠠᠯ᠎ᠤᠨ ᠤᠳᠤᠮᠰᠢᠯ ᠪᠣᠯᠤᠨ ᠤᠶᠤᠨ ᠰᠠᠨᠠᠭᠠᠨ᠎ᠤ ᠴᠠᠳᠢᠭ᠎ᠤᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ᠎ᠤ ᠬᠤᠪᠢ᠎ᠳᠤ᠂ ᠨᠢᠭᠡᠨᠲᠡ ᠳᠤᠮᠳᠠᠳᠤ᠎ᠶᠢᠨ ᠦᠨᠳᠦᠰᠦᠲᠡᠨ᠎ᠦ ᠠᠮᠢᠨ ᠰᠤᠳᠠᠰᠤ ᠪᠣᠯᠤᠨ ᠰᠦᠭ ᠰᠦᠨᠡᠰᠦᠨ᠎ᠳᠦ ᠭᠦᠨ ᠠᠭᠤᠰᠴᠤ᠂ ᠳᠤᠮᠳᠠᠳᠤ ᠤᠯᠤᠰ᠎ᠤᠨ ᠠᠷᠠᠳ ᠲᠦᠮᠡᠨ᠎ᠦ ᠲᠠᠰᠤᠷᠠᠯᠳᠠ ᠦᠭᠡᠢ ᠬᠦᠴᠢᠷ᠎ᠢ ᠲᠤᠭᠤᠯᠤᠨ ᠪᠡᠷᠬᠡ᠎ᠶᠢ ᠳᠠᠪᠠᠬᠤ᠂ ᠢᠯᠠᠯᠲᠠ᠎ᠡᠴᠡ ᠢᠯᠠᠯᠲᠠ ᠲᠡᠢᠰᠢ ᠤᠷᠤᠭᠰᠢᠯᠠᠬᠤ᠎ᠶᠢ ᠵᠣᠷᠢᠭᠵᠢᠭᠤᠯᠤᠨ ᠤᠷᠮᠠᠰᠢᠭᠤᠯᠬᠤ ᠬᠦᠴᠦᠷᠬᠡᠭ ᠶᠡᠬᠡ ᠤᠶᠤᠨ ᠰᠠᠨᠠᠭᠠᠨ᠎ᠤ ᠬᠥᠳᠡᠯᠭᠡᠬᠦ᠌ ᠬᠦᠴᠦᠨ ᠪᠣᠯᠤᠭᠰᠠᠨ ᠪᠠᠶ᠋ᠢᠨ᠎ᠠ᠃

ᠤᠯᠠᠭᠠᠨ ᠲᠤᠭ ᠨᠠᠮᠢᠷᠠᠨ ᠨᠠᠮᠢᠷᠠᠬᠰᠠᠭᠠᠷ᠂ ᠤᠷᠤᠭᠰᠢᠯᠠᠯᠲᠠ ᠵᠢᠨ ᠠᠶᠠᠨ ᠰᠠᠷᠠᠭᠤᠯ ᠲᠠᠷᠳᠠᠩ᠃ ᠰᠠᠯᠬᠢ ᠪᠣᠷᠣᠭᠠᠨ᠎ᠢ ᠰᠦᠷᠦᠨ ᠤᠷᠤᠭᠰᠢᠯᠠᠬᠤ ᠶᠠᠪᠤᠴᠠ᠎ᠳᠤ᠂ ᠲᠡᠮᠡᠴᠡᠯ᠎ᠦᠨ ᠲᠤᠭ᠎ᠤᠨ ᠬᠡᠷᠡᠯ ᠬᠢᠯᠪᠠᠭ᠎ᠠ ᠲᠡᠷᠡ ᠬᠡᠪ᠎ᠢᠶᠡᠷ᠎ᠢᠶᠡᠨ ᠬᠢᠯᠡᠯᠵᠠᠵᠤ᠂ ᠤᠶᠤᠨ ᠰᠠᠨᠠᠭᠠᠨ᠎ᠤ ᠬᠦᠴᠦᠨ ᠴᠢᠳᠠᠯ ᠶᠠᠪᠤᠬᠤ ᠲᠤᠳᠤᠮ ᠰᠢᠨᠡᠳᠦᠨ᠎ᠡ ᠁

(ᠬᠣᠶᠠᠷ)

ᠡᠨᠡ ᠪᠣᠯ ᠳᠤᠮᠳᠠᠳᠤ ᠤᠯᠤᠰ᠎ᠤᠨ ᠬᠤᠪᠢᠰᠬᠠᠯ᠎ᠤᠨ ᠬᠤᠪᠢ ᠵᠠᠶᠠᠭ᠎ᠠ᠎ᠶᠢ ᠬᠤᠪᠢᠷᠠᠭᠤᠯᠤᠭᠰᠠᠨ ᠭᠤᠷᠪᠠᠨ ᠡᠳᠦᠷ᠃ 1935 ᠣᠨ᠎ᠤ 1 ᠰᠠᠷ᠎ᠠ᠎ᠶᠢᠨ 15 ᠎ᠤ᠋ ᠡᠳᠦᠷ᠎ᠡᠴᠡ 17 ᠎ᠤ᠋ ᠡᠳᠦᠷ ᠪᠣᠯᠲᠠᠯ᠎ᠠ᠂ ᠨᠠᠮ᠎ᠤᠨ ᠲᠥᠪ ᠬᠣᠷᠢᠶ᠎ᠠ ᠡᠴᠡ ᠽᠦᠨ  ᠢ ᠵᠢᠨ ᠬᠤᠷᠠᠯᠳᠤᠭᠠᠨ᠎ᠢ ᠬᠤᠷᠠᠯᠳᠤᠭᠤᠯᠵᠤ᠂ ᠲᠤᠬᠠᠶ᠎ᠶᠢᠨ ᠦᠶ᠎ᠡ᠎ᠶᠢᠨ ᠰᠢᠢᠳᠪᠦᠷᠢᠯᠡᠭᠴᠢ ᠠᠴᠢ ᠬᠣᠯᠪᠣᠭᠳᠠᠯ᠎ᠲᠠᠶ ᠴᠡᠷᠢᠭ᠎ᠦᠨ ᠶᠠᠪᠤᠳᠠᠯ ᠪᠣᠯᠤᠨ ᠵᠣᠬᠢᠶᠠᠨ ᠪᠠᠶ᠋ᠢᠭᠤᠯᠤᠯᠲᠠ᠎ᠶᠢᠨ ᠠᠰᠠᠭᠤᠳᠠᠯ᠎ᠢ ᠲᠥᠪᠯᠡᠷᠡᠬᠦᠯᠦᠨ ᠰᠢᠢᠳᠪᠦᠷᠢᠯᠡᠵᠡᠶ᠃ ᠬᠡᠳᠦᠶ᠋ᠢᠪᠡᠷ ᠡᠨᠡ ᠵᠢᠯ᠎ᠦᠨ  ᠬᠢᠨᠢ 2 ᠰᠠᠷ᠎ᠠ᠎ᠶᠢᠨ 5 ᠎ᠤ᠋ ᠡᠳᠦᠷ ᠬᠠᠪᠤᠷ᠎ᠤᠨ ᠠᠭᠤᠷ ᠤᠷᠤᠬᠤ ᠪᠣᠯᠪᠠᠴᠤ᠌ ᠤᠷᠳᠤ ᠵᠠᠮ᠎ᠤᠨ ᠠᠶᠠᠨ ᠲᠠᠢ᠌ᠨ᠎ᠦ ᠵᠠᠮ ᠳᠡᠭᠡᠷᠡᠬᠢ ᠨᠠᠮ ᠪᠠ ᠤᠯᠠᠭᠠᠨ ᠴᠡᠷᠢᠭ᠎ᠲᠦ᠍ ᠠᠪᠴᠤ᠌ ᠬᠡᠯᠡᠪᠡᠯ 《ᠬᠠᠪᠤᠷ》 ᠨᠢᠭᠡᠨᠲᠡ ᠬᠦᠷᠴᠦ᠍ ᠢᠷᠡᠭᠰᠡᠨ ᠪᠠᠢᠵᠠᠢ᠃

ᠲᠠᠪᠤᠳᠤᠭᠠᠷ ᠤᠳᠠᠭᠠᠨ᠎ᠤ 《ᠪᠦᠰᠡᠯᠡᠨ ᠤᠰᠠᠳᠬᠠᠯᠲᠠ》 ᠵᠢ ᠡᠰᠡᠷᠭᠦᠴᠡᠭᠡᠳ ᠢᠯᠠᠭᠳᠠᠭᠰᠠᠨ ᠪᠠ ᠤᠷᠳᠤ ᠵᠠᠮ᠎ᠤᠨ ᠠᠶᠠᠨ ᠲᠠᠢ᠌ᠨ᠎ᠦ ᠡᠬᠢᠨ᠎ᠦ ᠦᠶ᠎ᠡ᠎ᠳᠦ ᠬᠦᠨᠳᠦ ᠨᠣᠴᠢᠲᠠᠢ ᠨᠤᠭᠤᠷᠠᠯ ᠪᠦᠳᠦᠷᠢᠯ᠎ᠳᠦ ᠤᠴᠠᠷᠠᠭᠰᠠᠨ ᠲᠡᠦᠬᠡᠨ ᠵᠠᠩᠭᠢᠯᠠᠭ᠎ᠠ᠎ᠶᠢᠨ ᠦᠶ᠎ᠡ᠎ᠳᠦ᠂ ᠽᠦᠨ  ᠢ ᠵᠢᠨ ᠬᠤᠷᠠᠯᠳᠤᠭᠠᠨ ᠨᠢ ᠬᠡᠷᠡᠭ ᠳᠡᠭᠡᠷ᠎ᠡ᠎ᠪᠡᠨ ᠮᠠᠤ ᠽᠸ ᠳ᠋ᠦᠩ ᠨᠥᠬᠥᠷ᠎ᠦᠨ ᠨᠠᠮ᠎ᠤᠨ ᠲᠥᠪ ᠬᠣᠷᠢᠢ᠎ᠠ ᠪᠠ ᠤᠯᠠᠭᠠᠨ ᠴᠡᠷᠢᠭ᠎ᠲᠡᠬᠢ ᠤᠳᠤᠷᠢᠳᠬᠤ ᠪᠠᠶ᠋ᠢᠷᠢ ᠰᠠᠭᠤᠷᠢ᠎ᠶᠢ ᠲᠣᠭᠲᠠᠭᠠᠵᠤ᠂ ᠮᠠᠤ ᠽᠸ ᠳ᠋ᠦᠩ ᠨᠥᠬᠥᠷ᠎ᠢᠶᠡᠷ ᠭᠣᠣᠯ ᠲᠥᠯᠥᠭᠡᠯᠡᠭᠴᠢ᠎ᠪᠡᠨ ᠪᠣᠯᠭᠠᠭᠰᠠᠨ ᠮᠠᠷᠺᠰ᠎ᠤᠨ ᠦᠵᠡᠯ᠎ᠦᠨ ᠵᠥᠪ ᠱᠤᠭᠤᠮ᠎ᠤᠨ ᠨᠠᠮ᠎ᠤᠨ ᠲᠥᠪ ᠬᠤᠷᠢᠶᠠᠨ᠎ᠳᠠᠬᠢ ᠤᠳᠤᠷᠢᠳᠬᠤ ᠪᠠᠶ᠋ᠢᠷᠢ ᠰᠠᠭᠤᠷᠢ᠎ᠶᠢ ᠡᠬᠢᠯᠡᠨ ᠲᠣᠭᠲᠠᠭᠠᠵᠤ᠂ ᠮᠠᠤ ᠽᠸ ᠳ᠋ᠦᠩ ᠨᠥᠬᠥᠷ᠎ᠢᠶᠡᠷ ᠭᠣᠣᠯ ᠪᠤᠯᠭᠠᠭᠰᠠᠨ ᠨᠠᠮ᠎ᠤᠨ ᠨᠢᠭᠡᠳᠦᠭᠡᠷ ᠦᠶ᠎ᠡ᠎ᠶᠢᠨ ᠲᠥᠪ ᠬᠤᠷᠢᠶ᠎ᠠ ᠵᠢᠨ ᠤᠳᠤᠷᠢᠳᠬᠤ ᠬᠠᠮᠲᠤ᠎ᠶᠢ ᠡᠬᠢᠯᠡᠨ ᠪᠦᠷᠢᠯᠳᠦᠭᠦᠯᠵᠦ᠍᠂ ᠨᠠᠮ᠎ᠤᠨ ᠪᠡᠶ᠎ᠡ᠎ᠪᠡᠨ ᠳᠠᠭᠠᠭᠠᠵᠤ ᠡᠵᠡᠨ ᠮᠡᠳᠡᠨ ᠳᠤᠮᠳᠠᠳᠤ ᠤᠯᠤᠰ᠎ᠤᠨ ᠬᠤᠪᠢᠰᠬᠠᠯ᠎ᠤᠨ ᠪᠣᠳᠠᠲᠠᠢ ᠠᠰᠠᠭᠤᠳᠠᠯ᠎ᠢ ᠰᠢ᠌ᠳᠪᠦᠷᠢᠯᠡᠬᠦ᠌ ᠰᠢᠨ᠎ᠡ ᠱᠠᠳᠤ ᠦᠶ᠎ᠡ᠎ᠶᠢ ᠨᠡᠭᠡᠭᠡᠵᠦ᠍᠂ ᠬᠠᠮᠤᠭ᠎ᠤᠨ ᠠᠶᠤᠯ ᠲᠦᠭᠰᠢᠭᠦᠷᠢ ᠲᠠᠢ ᠪᠠᠴᠢᠮ ᠵᠠᠩᠭᠢᠯᠠᠭ᠎ᠠ᠎ᠶᠢᠨ ᠦᠶ᠎ᠡ᠎ᠳᠦ ᠨᠠᠮ᠎ᠢ ᠠᠪᠤᠷᠠᠵᠤ᠂ ᠤᠯᠠᠭᠠᠨ ᠴᠡᠷᠢᠭ᠎ᠢ ᠠᠪᠤᠷᠠᠵᠤ᠂ ᠳᠤᠮᠳᠠᠳᠤ ᠤᠯᠤᠰ᠎ᠤᠨ ᠬᠤᠪᠢᠰᠬᠠᠯ᠎ᠢ ᠠᠪᠤᠷᠠᠵᠠᠢ᠃ ᠡᠨᠡ ᠪᠣᠯ ᠨᠠᠮ᠎ᠤᠨ ᠲᠡᠦᠬᠡᠨ ᠳᠡᠭᠡᠷᠡᠬᠢ ᠨᠢᠭᠡᠨ ᠦᠬᠦᠵᠦ᠍ ᠰᠡᠭᠡᠬᠦ᠌᠎ᠳᠦ ᠬᠣᠯᠪᠣᠭᠳᠠᠬᠰᠠᠨ ᠡᠷᠭᠢᠯᠲᠡ ᠵᠢᠨ ᠴᠡᠭ ᠮᠥᠨ᠃

ᠽᠦᠨ  ᠢ ᠵᠢᠨ ᠬᠤᠷᠠᠯᠳᠤᠭᠠᠨ᠎ᠡᠴᠡ ᠡᠬᠢᠯᠡᠨ᠂ ᠮᠠᠨ᠎ᠤ ᠨᠠᠮ᠎ᠤᠨ ᠡᠷᠡᠰ ᠴᠢᠩᠭ᠎ᠠ ᠤᠳᠤᠷᠢᠳᠬᠤ ᠭᠣᠣᠯᠯᠠᠭᠴᠢ᠂ ᠪᠣᠯᠪᠠᠰᠤᠷᠠᠩᠭᠤᠢ ᠤᠳᠤᠷᠢᠳᠬᠤ ᠬᠠᠮᠲᠤ᠌ ᠠᠯᠬᠤᠮ ᠠᠯᠬᠤᠮ᠎ᠢᠶᠠᠷ ᠪᠦᠷᠢᠯᠳᠦᠵᠦ᠍᠂ ᠳᠤᠮᠳᠠᠳᠤ ᠤᠯᠤᠰ᠎ᠤᠨ ᠬᠤᠪᠢᠰᠬᠠᠯ᠎ᠤᠨ ᠳᠦᠷᠰᠦ ᠪᠠᠶ᠋ᠢᠳᠠᠯ ᠴᠣ ᠰᠢᠨ᠎ᠡ ᠪᠠᠶ᠋ᠢᠳᠠᠯ᠎ᠲᠠᠶ ᠪᠤᠯᠵᠤ᠂ ᠨᠠᠮ ᠪᠠ ᠬᠤᠪᠢᠰᠬᠠᠯ᠎ᠤᠨ ᠦᠢᠯᠡᠰ ᠲᠠᠰᠤᠷᠠᠯᠳᠠ ᠦᠭᠡᠢ ᠰᠢᠨ᠎ᠡ ᠪᠠᠶ᠋ᠢᠳᠠᠯ᠎ᠢ ᠨᠡᠭᠡᠭᠡᠪᠡ᠃ ᠨᠢᠭᠡ ᠤᠯᠤᠰ᠂ ᠨᠢᠭᠡ ᠲᠦᠷᠦ᠎ᠶᠢᠨ ᠨᠠᠮ᠎ᠳᠤ ᠤᠳᠤᠷᠢᠳᠬᠤ ᠭᠣᠣᠯᠯᠠᠭᠴᠢ ᠪᠣᠯ ᠲᠤᠶ᠋ᠢᠯ᠎ᠤᠨ ᠴᠢᠬᠤᠯᠠ ᠶᠤᠮ ᠭᠡᠳᠡᠭ᠎ᠢ ᠲᠡᠤᠬᠡ ᠪᠠ ᠦᠢᠯᠡᠳᠦᠯᠭᠡ ᠭᠦᠨᠵᠡᠭᠡᠢ ᠬᠠᠷᠠᠭᠤᠯᠵᠠᠢ᠃

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠳᠡᠯᠡᠬᠡᠢ᠎ᠶᠢᠨ ᠪᠠᠶ᠋ᠢᠳᠠᠯ ᠪᠣᠯᠤᠨ ᠪᠡᠷᠬᠡ ᠬᠠᠲᠠᠭᠤᠵᠢᠯᠲᠠᠢ ᠨᠦᠰᠡᠷ ᠬᠦᠨᠳᠦ ᠤᠯᠤᠰ᠎ᠤᠨ ᠳᠣᠲᠣᠭᠠᠳᠤ᠎ᠶᠢᠨ ᠥᠭᠡᠷᠡᠴᠢᠯᠡᠯᠲᠡ ᠬᠥᠭᠵᠢᠯᠲᠡ ᠲᠣᠭᠲᠠᠭᠤᠨ᠎ᠤ ᠡᠭᠦᠷᠭᠡ᠎ᠶᠢᠨ ᠡᠮᠦᠨ᠎ᠡ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠢ᠎ᠠ ᠴᠠᠭ᠎ᠢ ᠦᠵᠡᠨ ᠪᠠᠶ᠋ᠢᠳᠠᠯ᠎ᠢ ᠰᠢᠨᠵᠢᠵᠦ᠍᠂ ᠡᠷᠡᠰ ᠰᠢᠭᠤᠷᠬᠠᠢ᠎ᠪᠠᠷ ᠰᠣᠩᠭᠣᠯᠲᠠ ᠬᠢᠵᠦ᠍᠂ ᠵᠣᠷᠢᠭᠲᠠᠢ᠎ᠪᠠᠷ ᠤᠷᠤᠭᠰᠢᠯᠠᠵᠤ᠂ ᠬᠦᠴᠢᠷ᠎ᠢ ᠲᠤᠭᠤᠯᠤᠨ ᠪᠡᠷᠬᠡ᠎ᠶᠢ ᠳᠠᠪᠠᠵᠤ᠂ ᠪᠦᠬᠦ᠌ ᠨᠠᠮ ᠪᠦᠬᠦ᠌ ᠴᠡᠷᠢᠭ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠤᠷᠳᠤ ᠬᠤᠭᠤᠴᠠᠭ᠎ᠠ᠎ᠪᠠᠷ ᠰᠢ᠌ᠳᠪᠦᠷᠢᠯᠡᠵᠦ᠍ ᠳᠡᠶ᠋ᠢᠯᠦᠭᠡᠳᠦᠢ ᠪᠠᠶ᠋ᠢᠭᠰᠠᠨ ᠮᠠᠰᠢ ᠤᠯᠠᠨ ᠬᠦᠴᠢᠷ ᠠᠰᠠᠭᠤᠳᠠᠯ᠎ᠢ ᠰᠢ᠌ᠳᠪᠦᠷᠢᠯᠡᠵᠦ᠍᠂ ᠠᠯᠤᠰ ᠬᠡᠳᠤ᠎ᠳᠦ ᠬᠣᠯᠪᠣᠭᠳᠠᠬᠤ ᠮᠠᠰᠢ ᠤᠯᠠᠨ ᠶᠡᠬᠡ ᠶᠠᠪᠤᠳᠠᠯ ᠴᠢᠬᠤᠯᠠ ᠶᠠᠪᠤᠳᠠᠯ᠎ᠢ ᠬᠢᠵᠤ ᠪᠦᠲᠦᠭᠡᠨ᠂ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠲᠡᠦᠬᠡᠲᠦ᠍ ᠴᠢᠨᠠᠷᠲᠠᠢ ᠠᠮᠵᠢᠯᠲᠠ ᠤᠯᠬᠤ᠂ ᠲᠡᠦᠬᠡᠲᠦ᠍ ᠴᠢᠨᠠᠷᠲᠠᠢ ᠬᠤᠪᠢᠰᠤᠯᠲᠠ ᠭᠠᠷᠬᠤ᠎ᠶᠢ ᠠᠬᠢᠭᠤᠯᠵᠤ᠂ ᠠᠵᠤ ᠠᠬᠤᠢ᠎ᠶᠢᠨ ᠲᠦᠷᠭᠡᠨ ᠬᠥᠭᠵᠢᠯᠲᠡ ᠪᠣᠯᠤᠨ ᠨᠡᠶ᠋ᠢᠭᠡᠮ᠎ᠦᠨ ᠤᠷᠳᠤ ᠬᠤᠭᠤᠴᠠᠭᠠᠨ᠎ᠤ ᠲᠣᠭᠲᠠᠭᠤᠨ ᠵᠡᠷᠬᠡ ᠬᠣᠶᠠᠷ ᠶᠡᠬᠡ ᠭᠠᠶ᠋ᠢᠬᠠᠮᠰᠢᠭ᠎ᠤᠨ ᠰᠢᠨ᠎ᠡ ᠬᠠᠭᠤᠳᠠᠰᠤ ᠵᠢ ᠦᠷᠭᠦᠯᠵᠢᠯᠡᠨ ᠪᠢᠴᠢᠭᠯᠡᠪᠡ᠃

ᠰᠢᠨ᠎ᠡ ᠴᠠᠭ ᠦᠶ᠎ᠡ᠎ᠶᠢᠨ ᠠᠭᠤᠤ ᠶᠡᠬᠡ ᠦᠢᠯᠡᠳᠦᠯᠭᠡ ᠳᠤᠮᠳᠠ᠂ ᠨᠢᠭᠡᠨ ᠬᠠᠮᠲᠤ᠎ᠶᠢᠨ ᠲᠠᠨᠢᠯᠲᠠ ᠬᠢᠵᠠᠭᠠᠯᠠᠰᠢ ᠦᠭᠡᠢ ᠡᠷᠡᠰ ᠪᠠᠲᠤ᠌᠂ ᠲᠠᠷᠤᠢ᠄ 《ᠬᠣᠶᠠᠷ᠎ᠢ ᠲᠣᠭᠲᠠᠭᠠᠭᠰᠠᠨ》 ᠨᠢ ᠰᠢᠨ᠎ᠡ ᠴᠠᠭ ᠦᠶ᠎ᠡ᠎ᠶᠢᠨ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭᠵᠢᠯᠲᠡ᠎ᠳᠤ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠲᠡᠦᠬᠡᠨ ᠠᠬᠢᠴᠠ᠎ᠶᠢ ᠠᠬᠢᠭᠤᠯᠬᠤ᠎ᠳᠤ ᠰᠢ᠌ᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠲᠠᠶ ᠶᠤᠮ᠂ ᠪᠢᠳᠡᠨ᠎ᠦ ᠰᠢᠨ᠎ᠡ ᠠᠶᠠᠨ᠎ᠳᠠᠭᠠᠨ ᠰᠢᠨ᠎ᠡ ᠲᠡᠦᠬᠡ᠎ᠶᠢᠨ ᠠᠭᠤᠤ ᠦᠢᠯᠡᠰ᠎ᠢ ᠡᠭᠦᠳᠦᠨ ᠪᠦᠳᠦᠬᠡᠬᠦ ᠵᠢᠨ ᠦᠨᠳᠦᠰᠦᠨ ᠪᠠᠲᠤᠯᠠᠭ᠎ᠠ ᠪᠣᠯᠤᠨ᠎ᠠ᠃

ᠳ᠋ᠧᠩ ᠰᠢᠶᠣᠣ ᠫᠢᠩ᠎ᠦᠨ ᠥᠬᠢᠨ ᠨᠢ ᠠᠪᠤ ᠡᠴᠡ᠎ᠪᠠᠨ᠄ 《ᠤᠷᠲᠤ ᠵᠠᠮ᠎ᠤᠨ ᠠᠶᠠᠨ ᠳᠠᠶ᠋ᠢᠨ᠎ᠦ ᠦᠶ᠎ᠡ᠎ᠳᠦ ᠲᠠ ᠶᠠᠮᠠᠷ ᠶᠠᠮᠠᠷ ᠠᠵᠢᠯ ᠬᠢᠭᠰᠡᠨ ᠪᠤᠶ?》 ᠭᠡᠵᠦ ᠠᠰᠠᠭᠤᠵᠤ ᠦᠩᠬᠡᠷᠡᠪᠡ᠃ ᠳ᠋ᠧᠩ ᠰᠢᠶᠣᠣ ᠫᠢᠩ ᠨᠥᠬᠥᠷ᠄ 《ᠳᠠᠭᠠᠭᠠᠳ ᠯᠠ ᠶᠠᠪᠤᠬᠰᠠᠨ!》 ᠭᠡᠵᠦ ᠦᠴᠦᠬᠡᠨ ᠴᠤ᠌ ᠡᠷᠡᠭᠡᠯᠵᠡᠯ ᠦᠭᠡᠢ᠎ᠪᠡᠷ ᠬᠠᠷᠢᠭᠤᠯᠵᠠᠢ᠃ ᠬᠤᠪᠢᠰᠬᠠᠯ᠎ᠤᠨ ᠤᠷᠳᠤ ᠤᠳᠠᠭᠠᠨ ᠵᠠᠮ ᠳᠡᠭᠡᠷ᠎ᠡ᠂ ᠮᠠᠨ᠎ᠤ ᠴᠡᠷᠢᠭ᠎ᠦᠨ ᠳᠠᠷᠤᠭ᠎ᠠ ᠪᠠᠢᠯᠳᠤᠭ᠍ᠴᠢᠳ᠎ᠤᠨ ᠬᠠᠮᠤᠭ᠎ᠤᠨ ᠤᠯᠠᠨ ᠶᠠᠷᠢᠵᠤ ᠦᠨᠭᠭᠡᠷᠡᠭᠰᠡᠨ ᠦᠬᠡ ᠬᠡᠪᠡᠯ᠄ ᠨᠠᠮ᠎ᠢᠶᠠᠨ ᠲᠠᠭᠠᠵᠤ ᠶᠠᠪᠤᠳᠠᠭ ᠯᠠ ᠶᠤᠮ ᠪᠣᠯ ᠯᠠᠪᠲᠠᠢ ᠢᠯᠠᠯᠲᠠ ᠣᠯᠵᠤ ᠴᠢᠳᠠᠨ᠎ᠠ ᠭᠡᠰᠡᠨ ᠦᠭᠡ ᠪᠤᠯᠤᠨ᠎ᠠ᠃ ᠨᠠᠮ᠎ᠤᠨ ᠤᠳᠤᠷᠢᠳᠤᠯᠭ᠎ᠠ ᠪᠣᠯ ᠢᠮᠠᠭᠲᠠ ᠨᠠᠮ ᠪᠠ ᠠᠷᠠᠳ ᠲᠦᠮᠡᠨ᠎ᠦ ᠦᠢᠯᠡᠰ᠎ᠦᠨ ᠠᠮᠵᠢᠯᠲᠠ ᠣᠯᠬᠤ᠎ᠶᠢᠨ ᠦᠨᠳᠦᠰᠦᠨ ᠪᠠᠲᠤᠯᠠᠭ᠎ᠠ ᠮᠥᠨ᠃ ᠥᠨᠥᠳᠥᠷ᠎ᠦᠨ ᠤᠷᠳᠤ ᠵᠠᠮ᠎ᠤᠨ ᠠᠶᠠᠨ ᠲᠠᠢ᠍ᠢᠨ᠎ᠢ ᠰᠠᠢᠲᠤᠷ ᠬᠢᠬᠦ᠎ᠳᠦ᠂ ᠡᠷᠬᠡᠪᠰᠢ ᠨᠠᠮ᠎ᠤᠨ ᠤᠳᠤᠷᠢᠳᠤᠯᠭ᠎ᠠ᠎ᠶᠢ ᠴᠢᠩᠭᠠᠳᠬᠠᠵᠤ᠂ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠪᠠᠷᠢᠮᠲᠠᠯᠠᠵᠤ᠂ ᠨᠠᠮ᠎ᠤᠨ ᠪᠠᠢᠭᠤᠯᠤᠯᠲᠠ᠎ᠶᠢᠨ ᠰᠢᠨ᠎ᠡ ᠠᠭᠤᠤ ᠶᠡᠬᠡ ᠢᠨᠵᠧᠨᠧᠷᠢᠩ᠎ᠢ ᠠᠬᠢᠭᠤᠯᠬᠤ᠎ᠶᠢᠨ ᠲᠥᠯᠥᠭᠡ ᠵᠣᠷᠢᠭ᠋ ᠰᠢᠭᠤᠳᠤᠨ ᠲᠡᠮᠡᠴᠡᠬᠦ ᠬᠡᠷᠡᠭᠲᠡᠢ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠭᠦᠳᠡ ᠬᠤᠷᠠᠯ᠎ᠢ 10 ᠰᠠᠷ᠎ᠠ᠎ᠶᠢᠨ 26᠎ᠡᠴᠡ 29 ᠤ᠋ ᠡᠳᠦᠷ ᠪᠤᠯᠲᠠᠯ᠎ᠠ ᠪᠡᠭᠡᠵᠢᠩ᠎ᠳᠦ ᠬᠤᠷᠠᠯᠳᠤᠭᠤᠯᠤᠨ᠎ᠠ᠂ ᠨᠢᠭᠡᠨ ᠴᠢᠬᠤᠯᠠ ᠵᠥᠪᠯᠡᠬᠦ ᠵᠦᠢᠯ ᠪᠣᠯ ᠳᠠᠷᠤᠢ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠣᠷᠳᠣ᠌ ᠬᠤᠭᠤᠴᠠᠭ᠎ᠠ᠎ᠪᠠᠷ ᠪᠠᠷᠢᠮᠲᠠᠯᠠᠨ ᠠᠬᠢᠭᠤᠯᠬᠤ ᠴᠢᠬᠤᠯᠠ ᠶᠡᠬᠡ ᠠᠰᠠᠭᠤᠳᠠᠯ᠎ᠤᠳ᠎ᠢ ᠰᠤᠳᠤᠯᠬᠤ ᠶᠠᠪᠤᠳᠠᠯ ᠪᠣᠯᠣᠨ᠎ᠠ᠃ ᠵᠠᠭᠤ ᠭᠠᠷᠤᠢ ᠵᠢᠯ᠎ᠦᠨ ᠲᠡᠮᠡᠴᠡᠯ᠎ᠦᠨ ᠶᠠᠪᠤᠴᠠ᠎ᠶᠢ ᠥᠩᠭᠡᠷᠡᠭᠦᠯᠦᠭᠰᠡᠨ ᠳᠤᠮᠳᠠᠳᠤ ᠤᠯᠤᠰ᠎ᠤᠨ ᠡᠪ ᠬᠠᠮᠲᠤ ᠨᠠᠮ᠂ ᠲᠡᠮᠦᠷ᠎ᠢ ᠳᠠᠪᠲᠠᠬᠤ᠎ᠳᠤ ᠥᠪᠡᠷ᠎ᠢᠶᠡᠨ ᠵᠠᠪᠠᠯ ᠬᠠᠲᠠᠭᠤ ᠪᠠᠢᠬᠤ ᠬᠡᠷᠡᠭᠲᠡᠢ ᠭᠡᠳᠡᠭ᠎ᠢ ᠰᠡᠷᠭᠡᠭ᠎ᠢᠶᠡᠷ ᠲᠠᠨᠢᠵᠤ᠂ ᠴᠠᠭ ᠦᠶ᠎ᠡ᠎ᠶᠢᠨ ᠬᠥᠭᠵᠢᠯᠲᠡ᠎ᠶᠢᠨ ᠱᠠᠭᠠᠷᠳᠠᠯᠭ᠎ᠠ᠎ᠪᠠᠷ ᠲᠠᠰᠤᠷᠠᠯᠲᠠ ᠦᠭᠡᠢ ᠥᠪᠡᠷ᠎ᠢ᠎ᠪᠡᠨ ᠬᠢᠨᠠᠨ ᠰᠢᠨᠵᠢᠵᠦ᠂ ᠴᠢᠩᠭ᠎ᠠ ᠬᠦᠴᠦᠳᠡᠢ ᠰᠠᠨᠠᠭᠠᠰᠢᠷᠠᠬᠤ ᠤᠬᠠᠮᠰᠠᠷ᠎ᠢᠶᠠᠷ ᠥᠪᠡᠷ᠎ᠢ᠎ᠪᠡᠨ ᠰᠡᠷᠡᠮᠵᠢᠯᠡᠭᠦᠯᠵᠦ᠂ ᠥᠪᠡᠷ᠎ᠦᠨ ᠪᠡᠶ᠎ᠡ᠎ᠳᠡᠭᠡᠨ ᠬᠤᠪᠢᠰᠬᠠᠯ ᠬᠢᠬᠦ ᠵᠣᠷᠢᠭ᠋ ᠰᠠᠨᠠᠭ᠎ᠠ᠎ᠪᠠᠷ ᠥᠪᠡᠷ᠎ᠢ᠎ᠪᠡᠨ ᠲᠡᠭᠦᠯᠳᠡᠷᠵᠢᠭᠦᠯᠪᠠ᠃ ᠰᠢ᠎ᠶᠢᠨ ᠫᠢᠩ ᠨᠥᠬᠥᠷ᠎ᠢᠶᠡᠷ ᠭᠣᠣᠯ ᠪᠤᠯᠭᠠᠬ᠍ᠰᠠᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ᠎ᠶᠢᠨ ᠫᠢᠩ ᠤ᠋ᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭᠠᠨ᠎ᠤ ᠰᠢᠨᠵᠢᠯᠡᠬᠦ ᠤᠬᠠᠭᠠᠨᠴᠢ ᠵᠢᠯᠣᠭᠣᠳᠤᠯᠭ᠎ᠠ ᠳᠣᠣᠷ᠎ᠠ᠂ ᠨᠡᠩ ᠥᠨᠳᠥᠷ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠶ᠎ᠡ᠎ᠪᠡᠷ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠠᠬᠢᠭᠤᠯᠪᠠᠯ᠂ ᠮᠠᠨ᠎ᠤ ᠨᠠᠮ᠎ᠢ ᠨᠡᠩ ᠪᠠᠲᠤ ᠴᠢᠩᠭ᠎ᠠ ᠬᠦᠴᠦᠨ᠎ᠲᠠᠢ ᠪᠣᠯᠭᠠᠨ ᠪᠠᠢᠭᠤᠯᠵᠤ᠂ ᠲᠦᠭ ᠲᠦᠮᠡᠨ ᠠᠷᠠᠳ ᠲᠦᠮᠡᠨ᠎ᠢ ᠤᠯᠠᠮ ᠢᠯᠡᠭᠦᠦ ᠨᠠᠮ᠎ᠤᠨ ᠲᠤᠭ᠎ᠤᠨ ᠳᠣᠣᠷ᠎ᠠ ᠪᠦᠯᠬᠦᠮᠳᠡᠭᠦᠯᠦᠨ 《ᠪᠠᠲᠤ ᠬᠠᠳᠠᠭᠤ ᠪᠣᠯᠣᠳ ᠲᠡᠮᠦᠷ》 ᠪᠣᠯᠭᠠᠨ ᠨᠢᠭ᠍ᠲᠠᠷᠠᠭᠤᠯᠵᠤ᠂ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠵᠤ᠂ ᠰᠢᠨ᠎ᠡ ᠠᠭᠤᠤ ᠶᠡᠬᠡ ᠲᠡᠮᠡᠴᠡᠯ᠎ᠢᠶᠡᠷ᠎ᠲᠡᠦᠬᠡ᠎ᠶᠢᠨ ᠭᠡᠷᠡᠯ ᠰᠠᠴᠤᠷᠠᠩᠭᠤᠢ ᠰᠢᠨ᠎ᠠ ᠠᠮᠵᠢᠯᠲᠠ᠎ᠶᠢ ᠡᠭᠦᠳᠬᠦ ᠨᠢ ᠯᠠᠪᠳᠠᠢ᠃    

(ᠭᠤᠷᠪᠠ)  

《ᠬᠡᠴᠢᠨᠠᠨ ᠡᠷᠡᠯᠬᠡᠭ ᠪᠠᠭᠠᠲᠤᠷᠯᠢᠭ ᠪᠤᠢ! ᠴᠧᠨ ᠱᠦ᠍ ᠰᠢᠶᠠᠩ ᠪᠣᠯ ᠪᠡᠶ᠎ᠡ ᠦᠷᠡᠭᠳᠡᠭᠰᠡᠨ ᠪᠠᠭᠠᠲᠤᠷᠴᠤᠳ᠎ᠤᠨ ᠳᠣᠲᠣᠷᠠᠬᠢ ᠮᠠᠰᠢ ᠨᠡᠢᠲᠡᠯᠢᠭ ᠨᠢᠭᠡ ᠨᠢ ᠶᠤᠮ》᠃ 2021 ᠣᠨ᠎ᠤ 4 ᠰᠠᠷ᠎ᠠ᠎ᠳᠤ᠂ ᠶᠡᠷᠦᠩᠬᠡᠢ ᠱᠦᠵᠢ ᠰᠢ᠎ᠶᠢᠨ ᠫᠢᠩ ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠍ᠢᠨ᠎ᠦ ᠰᠢᠶᠠᠩᠵᠢᠶᠠᠩ᠎ᠤᠨ ᠳᠠᠢᠯᠠᠯᠳᠤᠭᠠᠨ᠎ᠤ ᠳᠤᠷᠠᠰᠬᠠᠯ᠎ᠤᠨ ᠣᠷᠳᠣᠨ᠎ᠳᠤ ᠬᠦᠷᠴᠦ᠂ ᠲᠤᠰᠤᠨ ᠪᠤᠳᠤᠭ᠎ᠤᠨ ᠵᠢᠷᠤᠭ 《ᠴᠧᠨ ᠱᠦ᠍ ᠰᠢᠶᠠᠩ》 ᠤ᠋ᠨ ᠡᠮᠦᠨ᠎ᠡ ᠤᠳᠠᠲᠠᠯ᠎ᠠ ᠰᠢᠷᠳᠡᠨ ᠵᠤᠬᠰᠤᠵᠤ ᠪᠢᠯᠠ᠃   

ᠬᠡᠴᠢᠨᠡᠨ ᠡᠷᠡᠯᠬᠡᠭ ᠪᠠᠭᠠᠲᠤᠷᠯᠢᠭ᠋ ᠠᠵᠢ! ᠴᠧᠨ ᠱᠦ᠍ ᠰᠢᠶᠠᠩ ᠡᠷᠡᠰ ᠰᠢᠭᠤᠷᠬᠠᠢ ᠪᠡᠷ ᠵᠣᠷᠢᠭ᠋ ᠵᠢᠨᠨ ᠢᠯᠡᠳᠬᠡᠵᠦ᠂ ᠦᠬᠦᠬᠦ ᠡᠴᠡ ᠪᠢᠰᠢ ᠨᠤᠭᠤᠷᠠᠬᠤ ᠦᠭᠡᠢ ᠪᠠᠢᠵᠤ᠂ 29 ᠨᠠᠰᠤᠲᠠᠢ ᠠᠮᠢ ᠨᠠᠰᠤ᠎ᠪᠠᠷ᠎ᠢᠶᠠᠨ《ᠰᠤᠪᠢᠶᠠᠳ ᠵᠠᠰᠠᠭ᠎ᠦᠨ ᠲᠥᠯᠥᠭᠡ ᠡᠴᠦᠰ᠎ᠦᠨ ᠨᠢᠭᠡ ᠳᠤᠰᠤᠯ ᠴᠢᠰᠤ᠎ᠪᠠᠨ ᠤᠷᠤᠰᠬᠠᠬᠤ》 ᠡᠷᠡᠰ ᠪᠠᠲᠤ ᠲᠠᠩᠭᠠᠷᠢᠭ᠋᠎ᠢᠶᠠᠨ ᠦᠢᠯᠡᠳᠦᠯᠭᠡᠵᠢᠭᠦᠯᠵᠡᠢ᠃ ᠮᠠᠭᠲᠠᠨ ᠳᠠᠭᠤᠯᠠᠭᠤᠰᠢᠲᠠᠢ ᠪᠠᠭᠠᠲᠤᠷᠯᠢᠭ᠋ ᠦᠢᠯᠡ ᠠᠵᠢᠯᠯᠠᠭ᠎ᠠ ᠨᠢ ᠶᠡᠷᠦ ᠨᠢ ᠬᠥᠮᠥᠰ᠎ᠦᠨ ᠰᠡᠳᠬᠢᠯ᠎ᠦᠨ ᠭᠦᠨ ᠳ᠋ᠸ᠋ ᠰᠢᠷᠦᠬᠦᠨ ᠳᠠᠪᠠᠯᠭᠠᠨ᠎ᠢ ᠡᠬᠦᠰᠭᠡᠵᠤ᠂ ᠦᠶ᠎ᠡ ᠦᠶ᠎ᠡ᠎ᠶᠢᠨ ᠬᠥᠮᠥᠰ᠎ᠢ ᠵᠣᠷᠢᠭ᠍ᠵᠢᠭᠤᠯᠵᠤ ᠢᠷᠡᠵᠡᠢ᠃ᠳᠡᠭᠡᠷ᠎ᠡ ᠵᠠᠭᠤᠨ᠎ᠤ ᠨᠠᠶᠠᠭᠠᠳ ᠣᠨ᠎ᠳᠤ ᠤᠷᠳᠤ ᠵᠠᠮ᠎ᠤᠨ ᠠᠶᠠᠨ ᠲᠠᠢ᠍ᠢᠨ᠎ᠦ ᠵᠠᠮ᠎ᠢᠶᠠᠷ ᠲᠠᠭᠢᠨ ᠶᠠᠪᠤᠬᠰᠠᠨ ᠠᠮᠧᠷᠢᠺᠠ᠎ᠶᠢᠨ ᠵᠣᠬᠢᠶᠠᠯᠴᠢ ᠰᠠᠤᠽᠪᠦ᠋ᠧᠧᠷᠢ᠄ 《ᠤᠷᠳᠤ ᠵᠠᠮ᠎ᠤᠨ ᠠᠶᠠᠨ ᠲᠠᠢ᠍ᠢᠨ᠎ᠦ ᠦᠯᠢᠭᠡᠷ᠎ᠢ ᠤᠩᠰᠢᠪᠠᠯ ᠬᠥᠮᠥᠨ ᠲᠥᠷᠥᠯᠬᠢᠲᠡᠨ᠎ᠦ ᠤᠶᠤᠨ ᠰᠠᠨᠠᠭ᠎ᠠ᠎ᠵᠢᠨ ᠰᠦᠷ ᠬᠦᠴᠦᠨ ᠬᠢᠵᠠᠭᠠᠯᠠᠰᠢ ᠦᠭᠡᠢ ᠶᠡᠬᠡ ᠭᠡᠳᠡᠭ᠎ᠢ ᠬᠥᠮᠥᠰ᠎ᠲᠦ ᠳᠠᠬᠢᠨᠲᠠ ᠲᠠᠨᠢᠭᠤᠯᠬᠤ ᠶᠤᠮ》 ᠭᠡᠵᠦ ᠰᠡᠳᠬᠢᠯ ᠳᠣᠭᠳᠣᠯᠤᠨ ᠬᠡᠯᠡᠵᠤ ᠪᠢᠯᠡ᠃ ᠡᠨᠡ ᠨᠢ ᠶᠠᠮᠠᠷ ᠨᠢᠭᠡᠨ ᠵᠦᠢᠯ᠎ᠤᠨ ᠬᠦᠴᠦᠨ ᠪᠤᠢ? ᠬᠦᠴᠢᠷ ᠪᠡᠷᠬᠡᠰᠢᠶᠡᠯ᠎ᠦᠨ ᠳᠤᠮᠳᠠ 《ᠬᠤᠪᠢᠰᠬᠠᠯ ᠯᠠᠪᠲᠠᠢ ᠢᠯᠠᠯᠳᠠ ᠣᠯᠣᠨ᠎ᠠ》 ᠭᠡᠳᠡᠭ᠎ᠢ ᠢᠮᠠᠭᠲᠠ ᠪᠠᠲᠤ ᠢᠲᠡᠭᠡᠬᠦ ᠵᠠᠪᠠᠯ ᠢᠯᠠᠬᠤ ᠢᠲᠡᠭᠡᠯ ᠵᠣᠷᠢᠭ᠋ ᠮᠥᠨ᠂ 《ᠠᠵᠢᠯᠴᠢᠨ ᠲᠠᠷᠢᠶᠠᠴᠢᠨ᠎ᠤ ᠴᠢᠯᠦᠭᠡᠯᠡᠯᠲᠡ᠎ᠶᠢᠨ ᠲᠥᠯᠥᠭᠡ ᠳᠤᠷᠠᠲᠠᠶ᠎ᠠ ᠠᠮᠢ ᠪᠡᠶ᠎ᠡ᠎ᠪᠡᠨ ᠵᠣᠷᠢᠭᠤᠯᠬᠤ》 ᠦᠪᠡᠷ᠎ᠢ ᠪᠠᠨ ᠦᠷᠡᠭᠳᠡᠭᠦᠯᠬᠦ ᠵᠣᠷᠢᠭ᠋ ᠰᠠᠨᠠᠭ᠎ᠠ ᠮᠥᠨ᠂ 《ᠮᠢᠩᠭ᠎ᠠ ᠲᠦᠮᠡᠨ ᠤᠳᠠᠭ᠎ᠠ ᠳᠠᠪᠲᠠᠬᠳᠠᠨ ᠪᠤᠯᠪᠠᠰᠤᠷᠠᠵᠤ ᠬᠦᠴᠢᠷ ᠪᠡᠷᠬᠡᠰᠢᠶᠡᠯ ᠡᠴᠡ ᠠᠶᠤᠬᠤ ᠦᠭᠡᠢ》 ᠡᠷᠡᠰ ᠬᠠᠲᠠᠭᠤ ᠰᠥᠰᠥ ᠵᠣᠷᠢᠭ᠋ ᠮᠥᠨ᠂ 《ᠦᠵᠢᠶᠠᠩ᠎ᠤᠨ ᠪᠠᠢᠭᠠᠯᠢ᠎ᠶᠢᠨ ᠪᠡᠷᠬᠡ ᠪᠠᠷᠳᠠᠭ᠎ᠠ ᠬᠡᠳᠦᠢ ᠶᠡᠬᠡ ᠪᠤᠯᠪᠠᠴᠤ ᠤᠯᠠᠭᠠᠨ ᠴᠡᠷᠢᠭ᠎ᠦᠨ ᠳᠣᠪᠲᠣᠯᠤᠨ ᠥᠩᠭᠡᠷᠡᠬᠦ᠎ᠶᠢ ᠬᠣᠷᠢᠭ᠍ᠯᠠᠵᠤ ᠳᠡᠶ᠋ᠢᠯᠭᠦ ᠦᠭᠡᠢ》 ᠪᠠᠭᠠᠲᠤᠷᠯᠢᠭ᠋ ᠰᠥᠰᠥ ᠵᠣᠷᠢᠭ᠋ ᠮᠥᠨ᠃

ᠬᠠᠬᠢᠷ ᠬᠦᠢᠲᠡᠨ ᠰᠥᠨᠢ ᠡᠵᠡᠭᠦᠢ ᠲᠠᠯ᠎ᠠ᠎ᠳᠤ ᠳᠦᠷᠡᠯᠵᠡᠨ ᠨᠣᠴᠣᠬᠤ ᠲᠦᠳᠡᠭ ᠭᠠᠯ᠂ ᠥᠨᠳᠥᠷ ᠠᠭᠤᠯᠠ ᠴᠠᠰᠤᠲᠤ ᠳᠠᠪᠠᠭ᠎ᠠ᠎ᠳᠤ ᠨᠠᠮᠢᠷᠠᠭ᠎ᠠ ᠤᠯᠠᠭᠠᠨ ᠲᠤᠭ᠂ ᠨᠤᠭᠤ ᠭᠠᠵᠠᠷ ᠰᠢᠪᠡᠷ ᠪᠠᠯᠴᠢᠭ᠋᠎ᠤᠨ ᠳᠤᠮᠳᠠᠭᠤᠷ ᠡᠷᠡᠯᠬᠡᠭᠯᠡᠨ ᠤᠷᠤᠭᠰᠢᠯᠠᠭ᠎ᠠ ᠴᠡᠷᠢᠭ ᠠᠩᠭᠢ᠂ ᠴᠡᠷᠢᠭ᠎ᠦᠨ ᠮᠠᠯᠠᠭᠠᠢ᠎ᠶᠢᠨ ᠳᠡᠭᠡᠷᠡᠬᠢ ᠭᠡᠷᠡᠯ ᠰᠠᠴᠤᠷᠠᠭᠰᠠᠨ ᠤᠯᠠᠭᠠᠨ ᠤᠳᠤ ᠁ ᠲᠦᠮᠡᠨ ᠪᠡᠷᠬᠡ ᠮᠢᠩᠭᠠᠨ ᠪᠠᠷᠳᠠᠭ᠎ᠠ ᠪᠡᠷ ᠲᠦᠬᠦᠷᠦᠭᠰᠡᠨ᠎ᠤᠷᠳᠤ ᠵᠠᠮ᠎ᠤᠨ ᠠᠶᠠᠨ ᠲᠠᠢ᠍ᠢᠨ᠎ᠳᠦ᠂ ᠡᠷᠬᠢᠮ ᠳᠡᠭᠡᠳᠦ ᠬᠦᠰᠡᠯᠡᠩ᠂ ᠡᠷᠡᠰ ᠪᠠᠲᠤ ᠢᠲᠡᠭᠡᠯ ᠵᠣᠷᠢᠭ᠋ ᠨᠢ ᠤᠯᠠᠭᠠᠨ ᠴᠡᠷᠢᠭ᠎ᠢ ᠵᠣᠷᠢᠭ᠍ᠵᠢᠭᠤᠯᠤᠨ ᠵᠢᠯᠤᠭᠣᠳᠴᠤ ᠵᠠᠮ ᠲᠤᠵᠢ ᠤᠷᠤᠭᠰᠢᠯᠠᠭᠤᠯᠤᠬᠰᠠᠨ ᠶᠤᠮ᠃      

ᠵᠠᠷᠢᠮ ᠬᠦᠮᠦᠨ 《ᠤᠷᠲᠤ ᠵᠠᠮ᠎ᠤᠨ ᠠᠶᠠᠨ ᠳᠠᠶ᠋ᠢᠨ᠎ᠦ ᠮᠥᠴᠡᠯᠭᠡ ᠳᠠᠭᠤᠤ》 ᠵᠢᠨ ᠦᠭᠡ ᠵᠢ ᠵᠣᠬᠢᠶᠠᠭ᠍ᠴᠢ ᠰᠢᠶᠣᠣ ᠬᠤᠸᠠ ᠵᠠᠩᠵᠤᠨ ᠡᠴᠡ᠄ 《ᠤᠷᠲᠤ ᠵᠠᠮ᠎ᠤᠨ ᠠᠶᠠᠨ ᠳᠠᠶ᠋ᠢᠨ᠎ᠦ ᠮᠥᠴᠡᠯᠭᠡ ᠳᠠᠭᠤᠤ》 ᠲᠡᠶ᠋ᠢᠮᠦ ᠤᠷᠲᠤ᠂ ᠲᠠ ᠠᠯᠢ ᠬᠡᠰᠡᠭ᠎ᠢ ᠨᠢ ᠬᠠᠮᠤᠭ ᠡᠴᠡ ᠪᠠᠬᠠᠷᠬᠠᠳᠠᠭ ᠪᠤᠶ ᠭᠡᠵᠦ  ᠠᠰᠠᠭᠤᠵᠤ ᠥᠩᠭᠡᠷᠡᠭᠰᠡᠨ ᠶᠤᠮ᠃ ᠲᠡᠷᠡ᠄ 《ᠬᠤᠪᠢᠰᠬᠠᠯ᠎ᠤᠨ ᠬᠦᠰᠡᠯᠡᠩ ᠶᠠᠭᠤᠨ ᠡᠴᠡ ᠴᠤ᠌ ᠡᠷᠬᠢᠮ ᠳᠡᠭᠡᠳᠦ》 ᠭᠡᠵᠦ ᠠᠮᠠᠨ᠎ᠤ ᠠᠶ᠎ᠠ᠎ᠪᠠᠷ᠎ᠢᠶᠠᠨ ᠬᠡᠯᠡᠵᠤ ᠪᠢᠯᠡ᠃ ᠪᠠᠲᠤ ᠢᠲᠡᠭᠡᠬᠦ ᠤᠴᠢᠷ ᠡᠴᠡ ᠭᠡᠮᠰᠢᠯ ᠦᠭᠡᠢ ᠰᠣᠩᠭᠣᠯᠲᠠ ᠭᠡᠵᠦ ᠪᠠᠢᠳᠠᠭ; ᠦᠨᠡᠨᠴᠢ ᠰᠢᠳᠤᠷᠭᠤ ᠤᠴᠢᠷ ᠡᠴᠡ ᠶᠠᠭᠤᠨ ᠡᠴᠡ ᠴᠤ᠌ ᠠᠶᠤᠬᠤ ᠦᠭᠡᠢ ᠦᠷᠡᠭᠳᠡᠯ ᠰᠦᠢᠳᠦᠯ ᠭᠡᠵᠦ ᠪᠠᠢᠳᠠᠭ; ᠢᠲᠡᠭᠡᠯ ᠪᠢᠰᠢᠷᠡᠯ ᠲᠠᠢ ᠤᠴᠢᠷ ᠡᠴᠡ ᠬᠢᠵᠠᠭᠠᠯᠠᠰᠢ ᠦᠭᠡᠢ ᠬᠦᠴᠦᠨ ᠴᠢᠳᠠᠯ ᠭᠡᠵᠦ ᠪᠠᠢᠳᠠᠭ᠃ ᠤᠷᠳᠤ ᠵᠠᠮ᠎ᠤᠨ ᠠᠶᠠᠨ ᠲᠠᠢ᠍ᠢᠨ᠎ᠦ ᠢᠯᠠᠯᠲᠠ ᠪᠣᠯ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠬᠦᠰᠡᠯᠡᠩ᠎ᠦᠨ ᠬᠢᠨᠢ ᠢᠯᠠᠯᠲᠠ ᠮᠥᠨ᠂ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠢᠲᠡᠭᠡᠯ ᠪᠢᠰᠢᠷᠡᠯ᠎ᠦᠨ  ᠬᠢᠨᠢ ᠢᠯᠠᠯᠲᠠ ᠮᠥᠨ᠃    

《ᠴᠢᠯᠠᠭᠤ ᠪᠠᠢᠬᠰᠠᠨ ᠬᠤᠢᠨ᠎ᠠ ᠭᠠᠯ᠎ᠤᠨ ᠣᠴᠢ ᠤᠨᠳᠠᠷᠠᠰᠢ ᠦᠭᠡᠢ ᠶᠤᠮ》᠃ ᠢᠲᠡᠭᠡᠯ ᠪᠢᠰᠢᠷᠡᠯ᠎ᠦᠨ ᠣᠴᠢ᠎ᠶᠢ ᠰᠠᠴᠤᠳᠠᠭ ᠯᠠ ᠶᠤᠮ ᠪᠤᠯ ᠯᠠᠪᠳᠠᠶ ᠠᠭᠤᠯᠠ ᠵᠢ ᠰᠢᠲᠠᠭᠠᠬᠤ ᠭᠠᠯ ᠪᠤᠯᠤᠨ ᠲᠦᠷᠡᠯᠵᠡᠵᠦ᠂ ᠦᠶ᠎ᠡ ᠦᠶ᠎ᠡ᠎ᠶᠢᠨ ᠬᠥᠮᠥᠰ᠎ᠦᠨ ᠤᠷᠤᠭᠰᠢᠯᠠᠬᠤ ᠵᠠᠮ᠎ᠢ ᠭᠡᠷᠡᠯᠳᠦᠭᠦᠯᠦᠨ᠎ᠡ᠃ ᠶᠡᠷᠦᠩᠬᠡᠢ ᠱᠦᠵᠢ ᠰᠢ ᠵᠢᠨ ᠫᠢᠩ᠄ 《ᠥᠩᠭᠡᠷᠡᠭᠰᠡᠨ᠎ᠳᠦ ᠴᠦ᠍ ᠲᠡᠷᠡ᠂ ᠣᠲᠣ᠌ ᠬᠡᠰᠡᠨ ᠴᠤ᠌ ᠲᠡᠷᠡ᠂ ᠢᠷᠡᠭᠡᠳᠦᠢ᠎ᠳᠦ ᠴᠦ᠍ ᠲᠡᠷᠡ᠂ ᠮᠠᠷᠺᠰ᠎ᠤᠨ ᠦᠵᠡᠯ᠎ᠦᠨ ᠲᠤᠬᠠᠢ ᠢᠲᠡᠭᠡᠯ ᠪᠢᠰᠢᠷᠡᠯ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠲᠤᠬᠠᠢ ᠢᠲᠡᠭᠡᠯ ᠵᠣᠷᠢᠭ᠋᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠳᠤᠮᠳᠠᠳᠤ ᠵᠢᠨ ᠵᠡᠭᠦᠳᠦ᠎ᠶᠢ ᠪᠡᠶᠡᠯᠡᠭᠦᠯᠬᠦ ᠲᠤᠬᠠᠢ ᠢᠲᠡᠭᠡᠯ ᠵᠣᠷᠢᠭ᠋ ᠪᠣᠯ ᠴᠥᠮ ᠳᠤᠮᠳᠠᠳᠤ ᠤᠯᠤᠰ᠎ᠤᠨ ᠠᠷᠠᠳ ᠲᠦᠮᠡᠨ᠎ᠦ ᠪᠣᠰᠴᠤ ᠵᠣᠭᠰᠣᠭᠰᠠᠨ᠂ ᠪᠠᠶᠠᠵᠢᠭ᠍ᠰᠠᠨ᠂ ᠬᠦᠴᠦᠷᠬᠡᠭᠵᠢᠬᠦ ᠵᠢ ᠬᠦᠳᠦᠯᠦᠨ ᠵᠢᠯᠤᠭᠤᠳᠴᠤ ᠲᠤᠯᠭᠠᠭᠤᠷᠢᠯᠠᠬᠰᠠᠨ ᠬᠦᠴᠦᠷᠬᠡᠭ ᠶᠡᠬᠡ ᠣᠶᠤᠨ ᠰᠠᠨᠠᠭᠠᠨ᠎ᠤ ᠬᠦᠴᠦᠨ ᠮᠥᠨ》ᠭᠡᠵᠦ ᠴᠢᠬᠤᠯᠠᠴᠢᠯᠠᠪᠠ᠃    

ᠥᠨᠥᠳᠥᠷ᠂ ᠪᠢᠳᠡ ᠠᠯᠢ ᠡᠷᠲᠡ ᠲᠠᠢ᠍ᠢᠨ᠎ᠦ ᠭᠠᠯ ᠳᠦᠷᠡᠯᠵᠡᠨ ᠨᠣᠴᠣᠬᠰᠠᠨ ᠠᠶᠤᠯ ᠲᠦᠭᠰᠢᠭᠦᠷᠢᠲᠦ ᠪᠠᠢᠳᠠᠯ ᠡᠴᠡ ᠬᠣᠯᠠᠳᠠᠵᠤ᠂ ᠤᠷᠳᠤ ᠬᠤᠭᠤᠴᠠᠭ᠎ᠠ᠎ᠪᠠᠷ ᠡᠩᠬᠡ ᠲᠠᠢᠪᠤᠩ ᠠᠮᠢᠳᠤᠷᠠᠯ᠎ᠢ ᠡᠳ᠋ᠯᠡᠵᠤ ᠪᠠᠢᠭ᠎ᠠ ᠪᠣᠯᠬᠣᠷ ᠬᠦᠰᠡᠯᠡᠩ ᠪᠠ ᠢᠲᠡᠭᠡᠯ ᠵᠣᠷᠢᠭ᠋᠎ᠢᠶᠠᠨ ᠠᠯᠳᠠᠭᠰᠠᠨ 《ᠶᠠᠰᠤ ᠵᠥᠭᠡᠯᠡᠷᠡᠬᠦ ᠡᠪᠡᠳᠴᠢᠨ》 ᠳ᠋ᠦ᠍ ᠬᠠᠮᠤᠭ᠎ᠤᠨ ᠠᠮᠠᠷᠬᠠᠨ ᠨᠡᠷᠪᠡᠭᠳᠡᠳᠡᠭ᠂ ᠡᠢᠮᠦ ᠡᠴᠡ ᠬᠦᠰᠡᠯᠡᠩ᠎ᠦᠨ ᠲᠤᠭ᠎ᠢ ᠥᠨᠳᠥᠷ ᠮᠠᠨᠳᠤᠭᠤᠯᠵᠤ᠂ ᠢᠲᠡᠭᠡᠯ ᠪᠢᠰᠢᠷᠡᠯ᠎ᠦᠨ ᠬᠦᠴᠦᠨ᠎ᠢ ᠨᠢᠭ᠍ᠲᠠᠷᠠᠭᠤᠯᠬᠤ ᠶᠠᠪᠤᠳᠠᠯ ᠨᠡᠩ ᠴᠢᠬᠤᠯᠠ ᠪᠣᠯᠵᠤ ᠪᠤᠢ᠃ ᠬᠦᠰᠡᠯᠡᠩ ᠢᠲᠡᠭᠡᠯ ᠪᠢᠰᠢᠷᠡᠯ᠎ᠢᠶᠡᠨ ᠪᠠᠲᠤᠳᠬᠠᠬᠤ᠎ᠳᠤ᠂ ᠵᠠᠮ ᠵᠢᠨᠨ ᠬᠤᠪᠢᠷᠠᠭᠤᠯᠬᠤ ᠦᠭᠡᠢ᠂ ᠵᠣᠷᠢᠭ᠋᠎ᠢᠶᠠᠨ ᠬᠤᠪᠢᠷᠠᠭᠤᠯᠬᠤ ᠦᠭᠡᠢ ᠪᠠᠲᠤ ᠬᠦᠴᠦᠨ᠎ᠢ ᠪᠠᠷᠢᠮᠲᠠᠯᠠᠵᠤ᠂ ᠬᠦᠴᠦᠷᠬᠡᠭᠵᠢᠬᠦ᠎ᠪᠡᠷ ᠬᠦᠴᠦᠯᠡᠨ ᠴᠢᠷᠮᠠᠢᠬᠤ᠂ ᠴᠤᠭ ᠪᠠᠳᠠᠷᠠᠩᠭᠤᠢ ᠥᠭᠡᠳᠡᠯᠡᠨ ᠳᠠᠪᠰᠢᠬᠤ ᠰᠡᠳᠬᠢᠯ᠎ᠦᠨ ᠬᠦᠴᠦᠨ᠎ᠢ ᠬᠠᠳᠠᠭᠠᠯᠠᠵᠤ᠂ ᠠᠵᠢᠯ ᠬᠢᠵᠦ ᠦᠢᠯᠡᠰ ᠪᠣᠰᠬᠠᠬᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠬᠥᠳᠡᠯᠭᠡᠬᠦ ᠬᠦᠴᠦᠨ᠎ᠢ ᠬᠥᠭᠵᠢᠭᠡᠵᠦ᠂ ᠤᠯᠠᠨ᠎ᠤ ᠵᠣᠷᠢᠭ᠋᠎ᠢ ᠨᠢᠬᠡᠳᠬᠡᠨ᠂ ᠠᠭᠤᠤ ᠦᠢᠯᠡᠰ᠎ᠢ ᠬᠠᠮᠲᠤ ᠪᠠᠷ ᠴᠣᠭᠴᠠᠯᠠᠬᠤ ᠬᠠᠮᠲᠤᠷᠠᠯ ᠬᠦᠴᠦᠨ᠎ᠢ ᠪᠦᠷᠢᠯᠳᠦᠭᠦᠯᠬᠦ ᠬᠡᠷᠡᠭᠲᠡᠢ᠃      

ᠤᠷᠳᠤ ᠵᠠᠮ᠎ᠤᠨ ᠠᠶᠠᠨ ᠲᠠᠢ᠍ᠢᠨ ᠨᠢ ᠨᠢᠭᠡᠨᠲᠡ ᠡᠯ᠎ᠡ ᠶᠡᠬᠡ ᠲᠢᠪ᠎ᠲᠦ ᠨᠢᠭᠡ ᠵᠦᠢᠯ᠎ᠦᠨ ᠪᠡᠯᠭᠡ ᠲᠡᠮᠳᠡᠭ ᠪᠣᠯᠪᠠ᠂ ᠬᠥᠮᠥᠨ ᠲᠥᠷᠥᠯᠬᠢᠲᠡᠨ ᠡᠷᠡᠰ ᠵᠣᠷᠢᠭ᠋ ᠪᠠ ᠬᠠᠳᠠᠨ ᠰᠦᠰᠦ ᠲᠡᠢ ᠪᠠᠢᠳᠠᠭ ᠯᠠ ᠶᠤᠮ ᠪᠣᠯ ᠥᠪᠡᠷ᠎ᠦᠨ ᠬᠠᠷᠠᠯᠲᠠ᠎ᠪᠠᠨ ᠪᠡᠶᠡᠯᠡᠭᠦᠯᠵᠦ ᠴᠢᠳᠠᠨ᠎ᠠ ᠭᠡᠵᠦ ᠭᠠᠳᠠᠭᠠᠳᠤ᠎ᠶᠢᠨ ᠵᠠᠷᠢᠮ ᠡᠷᠳᠡᠮᠲᠡᠳ ᠶᠠᠷᠢᠵᠤ ᠪᠢᠯᠠ᠃ ᠰᠡᠳᠬᠢᠯ ᠵᠢᠷᠦᠬᠡᠨ᠎ᠳᠡᠭᠡᠨ ᠢᠲᠡᠭᠡᠯ ᠪᠢᠰᠢᠷᠡᠯ᠎ᠲᠠᠢ ᠯᠠ ᠪᠤᠯ ᠬᠥᠯ᠎ᠤᠨ ᠤᠯᠠ ᠲᠤᠤᠷ᠎ᠠ ᠡᠴᠡ ᠬᠦᠴᠦᠨ ᠴᠢᠳᠠᠯ ᠤᠨᠳᠤᠷᠳᠠᠭ᠃ ᠬᠦᠰᠡᠯᠡᠩ᠎ᠦᠨ ᠭᠡᠷᠡᠯ᠎ᠢᠶᠡᠷ ᠲᠡᠮᠡᠴᠡᠯ᠎ᠦᠨ ᠵᠠᠮ᠎ᠢᠶᠠᠨ ᠭᠡᠷᠡᠯᠳᠦᠭᠦᠯᠵᠦ᠂ ᠢᠲᠡᠭᠡᠯ ᠪᠢᠰᠢᠷᠡᠯ᠎ᠦᠨ ᠬᠦᠴᠦᠨ᠎ᠢᠶᠡᠷ ᠰᠠᠢᠨ ᠰᠠᠢᠬᠠᠨ ᠢᠷᠡᠭᠡᠳᠦᠢ᠎ᠪᠡᠨ ᠴᠣᠭᠴᠠᠯᠠᠪᠠᠯ᠂ ᠪᠢᠳᠡ ᠵᠥᠪ ᠴᠢᠭᠯᠡᠯ᠎ᠢᠶᠡᠷ ᠯᠠᠪᠳᠠᠭᠤᠨ᠎ᠢᠶᠠᠷ ᠬᠤᠯᠠ ᠠᠶᠠᠯᠠᠵᠤ᠂ ᠬᠦᠰᠡᠯ ᠵᠡᠭᠦᠳᠦ᠎ᠶᠢᠨ ᠲᠡᠷᠲᠡᠭᠡ ᠡᠷᠭᠢ᠎ᠳᠦ ᠬᠦᠷᠴᠦ ᠴᠢᠳᠠᠬᠤ ᠨᠢ ᠯᠠᠪᠳᠠᠢ᠃   

 (ᠲᠦᠷᠪᠡ)   

 《ᠴᠢ ᠬᠠᠮᠢᠭᠠᠬᠢ ᠬᠥᠮᠥᠨ ᠪᠤᠶ?》 1934 ᠣᠨ᠎ᠤ 11 ᠰᠠᠷ᠎ᠠ᠎ᠳᠤ᠂ ᠲᠦᠩ ᠭᠦ ᠯᠢᠩ᠎ᠦᠨ ᠬᠣᠷᠢᠭ᠍ᠯᠠᠨ ᠴᠣᠬᠢᠬᠤ ᠲᠠᠢᠯᠠᠯᠳᠤᠭᠠᠨ ᠳᠠᠭᠤᠰᠤᠭᠰᠠᠨ᠎ᠤ ᠲᠠᠷᠠᠭ᠎ᠠ᠂ ᠨᠤᠲᠤᠭ᠎ᠤᠨ ᠠᠬ᠎ᠠ ᠳᠡᠭᠦᠦ ᠨᠠᠷ ᠨᠢᠭᠡᠨ ᠬᠦᠨᠳᠦ ᠰᠢᠷᠬᠠᠲᠤᠭᠰᠠᠨ ᠤᠯᠠᠭᠠᠨ ᠴᠡᠷᠢᠭ᠎ᠦᠨ ᠪᠠᠢᠯᠳᠤᠭ᠍ᠴᠢ ᠡᠴᠡ ᠢᠩᠬᠢᠵᠤ ᠪᠠᠴᠢᠮ ᠠᠰᠠᠭᠤᠭᠰᠠᠨ᠎ᠳᠤ᠂ ᠲᠡᠷᠡ᠄ 《ᠲᠡᠯᠡᠬᠡᠢ ᠳ᠋ᠡᠬᠢᠨ᠎ᠤ ᠨᠢᠬᠡᠨ ᠬᠥᠮᠥᠨ》 ᠭᠡᠵᠦ ᠬᠠᠷᠢᠭᠤᠯᠪᠠ᠃ ᠣᠬᠣᠷᠬᠠᠨ ᠬᠡᠳᠦᠬᠡᠨ ᠦᠰᠦᠭ ᠨᠢ ᠡᠪ ᠬᠠᠮᠲᠤᠴᠤᠳ᠎ᠤᠨ ᠴᠥᠬᠥᠷᠡᠰᠢ ᠦᠭᠡᠢ ᠲᠡᠮᠡᠴᠡᠬᠦ ᠤᠭ ᠰᠠᠨᠠᠭ᠎ᠠ᠎ᠶᠢ ᠢᠯᠡᠳᠬᠡᠵᠡᠢ ︱ ᠳᠡᠯᠡᠬᠡᠢ ᠳ᠋ᠠᠬᠢᠨ᠎ᠤ ᠬᠥᠮᠥᠰ᠎ᠲᠦ ᠰᠠᠢᠨ ᠰᠠᠢᠬᠠᠨ ᠠᠮᠢᠳᠤᠷᠠᠯ᠎ᠢ ᠡᠳ᠋ᠯᠡᠬᠦᠯᠬᠦ ᠵᠢᠨ ᠲᠦᠯᠦᠭᠡ᠃    

 ᠶᠠᠮᠠᠷ ᠶᠠᠩᠵᠤ᠎ᠶᠢᠨ ᠴᠡᠷᠢᠭ ᠠᠩᠬᠢ ᠨᠢ ᠠᠷᠠᠳ ᠤᠯᠠᠨ᠎ᠳᠦ 《ᠪᠤᠷᠬᠠᠨ᠎ᠤ ᠴᠡᠷᠢᠭ》᠂ 《ᠲᠡᠭᠷᠢ᠎ᠶᠢᠨ ᠳᠣᠣᠷᠠᠬᠢ ᠬᠠᠮᠤᠭ᠎ᠤᠨ ᠰᠠᠢᠨ ᠴᠡᠷᠢᠭ》 ᠭᠡᠵᠦ ᠨᠡᠷᠡᠯᠡᠭᠳᠡᠳᠡᠭ ᠪᠤᠢ? ᠲᠡᠳᠡ ᠰᠠᠬᠢᠯᠭ᠎ᠠ ᠪᠠᠲᠤ᠎ᠪᠠᠷ ᠴᠢᠩᠭ᠎ᠠ᠂ ᠠᠷᠠᠳ  ᠲᠦᠮᠡᠨ᠎ᠤ ᠠᠰᠢᠭ ᠲᠤᠰᠠ ᠳ᠋ᠸ᠋ ᠥᠴᠥᠬᠡᠨ ᠲᠡᠳᠦᠢ ᠬᠠᠯᠳᠠᠬᠤ ᠦᠬᠡᠢ᠂ ᠥᠪᠡᠷ᠎ᠢᠶᠡᠨ ᠥᠯᠥᠰᠴᠦ ᠥᠯᠪᠡᠷᠬᠦ ᠡᠴᠡ ᠪᠢᠰᠢ ᠤᠯᠠᠨ ᠲᠦᠮᠡᠨ᠎ᠦ ᠨᠢᠭᠡ ᠮᠥᠬᠥᠯᠢᠭ ᠠᠮᠤ ᠪᠤᠳᠠᠭ᠎ᠠ᠎ᠶᠢ ᠴᠤ᠌ ᠵᠦᠬᠡᠷ ᠠᠪᠬᠤ ᠦᠭᠡᠢ; ᠲᠡᠳᠡ ᠶᠠᠳᠠᠭᠤ ᠵᠦᠳᠡᠭᠦᠦ ᠬᠥᠳᠡᠯᠮᠦᠷᠢᠴᠢᠨ ᠲᠦᠮᠡᠨ᠎ᠢ ᠰᠡᠳᠬᠢᠯ ᠳ᠋ᠡᠬᠡᠨ ᠪᠤᠳᠤᠵᠦ᠂ ᠰᠠᠨᠠᠭᠠᠴᠢᠯᠠᠭ᠎ᠠ ᠡᠴᠡ᠎ᠪᠠᠨ ᠶᠠᠳᠠᠭᠤᠴᠤᠳ᠎ᠢ ᠲᠡᠳᠬᠦᠵᠦ᠂ ᠤᠯᠠᠨ ᠲᠦᠮᠡᠨ᠎ᠢ ᠬᠠᠮᠠᠭᠠᠯᠠᠬᠤ᠎ᠶᠢᠨ ᠲᠥᠯᠥᠭᠡ ᠥᠪᠡᠷ᠎ᠢ᠎ᠪᠡᠨ ᠦᠷᠡᠭᠳᠡᠭᠦᠯᠬᠦ ᠡᠴᠡ ᠪᠤᠴᠠᠬᠤ ᠦᠭᠡᠢ; ᠳᠡᠳᠡ ᠠᠷᠠᠳ᠎ᠤᠨ ᠰᠡᠳᠬᠢᠯ᠎ᠢ ᠶᠡᠬᠡᠳᠡ ᠣᠯᠵᠤ᠂ ᠤᠯᠠᠭᠠᠨ ᠴᠡᠷᠢᠭ 《ᠡᠩ᠎ᠦᠨ ᠶᠠᠳᠠᠭᠤ ᠵᠦᠳᠡᠭᠦᠦ ᠠᠷᠠᠳ ᠤᠯᠠᠨ᠎ᠳ᠋ᠸ᠋ ᠠᠰᠢᠭ᠋ ᠦᠭᠡᠢ ᠶᠠᠪᠤᠳᠠᠯ᠎ᠢ ᠦᠴᠦᠬᠡᠨ ᠲᠡᠳᠦᠢ ᠬᠢᠬᠦ ᠦᠭᠡᠢ》᠂ ᠠᠷᠠᠳ ᠤᠯᠠᠨ᠎ᠤ 《ᠣᠯᠠᠩᠬᠢ ᠨᠢ ᠲᠡᠳᠡᠨ᠎ᠦ ᠤᠬᠠᠭᠤᠯᠭ᠎ᠠ᠎ᠳᠤ ᠨᠥᠯᠥᠭᠡᠯᠡᠭᠳᠡᠭᠰᠡᠨ》 ᠭᠡᠳᠡᠭ᠎ᠢ ᠳᠠᠢᠰᠤᠨ ᠭᠦᠷᠲᠡᠯ᠎ᠡ ᠮᠡᠳᠡᠷᠡᠵᠡᠢ᠃      

ᠶᠠᠮᠠᠷ ᠶᠠᠩᠵᠤ᠎ᠶᠢᠨ ᠠᠷᠠᠳ ᠲᠦᠮᠡᠨ ᠨᠢ ᠤᠯᠠᠭᠠᠨ ᠴᠡᠷᠢᠭ᠎ᠦᠨ ᠪᠠᠢᠯᠳᠤᠭ᠍ᠴᠢᠳ᠎ᠲᠤ 《ᠮᠠᠨ᠎ᠤ ᠡᠴᠢᠭᠡ ᠡᠬᠡ 》 ᠭᠡᠵᠦ ᠨᠡᠷᠡᠯᠡᠭᠳᠡᠭᠰᠡᠨ ᠪᠤᠢ? ᠤᠯᠠᠭᠠᠨ ᠴᠡᠷᠢᠭ᠎ᠢ ᠲᠤᠰᠠᠯᠠᠵᠤ ᠬᠥᠪᠥᠮᠡᠯ ᠬᠥᠭᠥᠷᠭᠡ ᠵᠢ ᠲᠠᠯᠪᠢᠬᠤ᠎ᠶᠢᠨ ᠲᠥᠯᠥᠭᠡ᠂ ᠬᠥᠮᠥᠰ ᠬᠣᠢᠨ᠎ᠠ ᠬᠣᠢᠨ᠎ᠠ ᠡᠴᠡ᠎ᠪᠠᠨ ᠡᠭᠦᠳᠡᠨ᠎ᠦ ᠬᠠᠪᠲᠠᠰᠤ᠎ᠪᠠᠨ ᠪᠠᠭᠤᠯᠭᠠᠵᠤ᠂ ᠮᠣᠳᠣᠨ ᠮᠠᠲᠧᠷᠢᠶᠠᠯ ᠬᠠᠨᠳᠢᠪᠯᠡᠵᠤ᠂ ᠵᠠᠷᠢᠮ ᠨᠠᠰᠤᠲᠠᠨ ᠥᠪᠡᠷ᠎ᠦᠨ ᠠᠪᠰᠠ᠎ᠶᠢᠨ ᠮᠤᠳᠤ ᠪᠠᠨ ᠴᠤ᠌ ᠬᠠᠷᠠᠮᠨᠠᠯ ᠦᠬᠡᠢ ᠡᠷᠬᠦᠵᠡᠢ; ᠨᠤᠲᠤᠭ᠎ᠤᠨ ᠠᠬ᠎ᠠ ᠳᠡᠭᠦᠦ ᠨᠠᠷ ᠢᠳᠡᠵᠦ ᠡᠮᠦᠰᠬᠦ᠎ᠪᠡᠨ ᠠᠷᠪᠢᠯᠠᠵᠤ ᠤᠯᠠᠭᠠᠨ ᠴᠡᠷᠢᠭ᠎ᠲᠦ ᠠᠮᠢᠳᠤᠷᠠᠯ᠎ᠤᠨ ᠡᠳ᠋ ᠪᠣᠳᠠᠰ ᠬᠠᠩᠭᠠᠵᠤ᠂ ᠤᠯᠠᠭᠠᠨ ᠴᠡᠷᠢᠭ᠎ᠦᠨ ᠰᠢᠷᠬᠠᠲᠤᠭᠰᠠᠳ᠎ᠢ ᠠᠮᠢ ᠪᠡᠶ᠎ᠡ᠎ᠪᠡᠨ ᠴᠦᠯᠡᠨ ᠠᠪᠤᠷᠠᠨ ᠲᠤᠰᠠᠯᠠᠪᠠ; ᠣᠩᠭᠣᠴᠠᠨ᠎ᠤ ᠠᠵᠢᠯᠴᠢᠳ ᠠᠮᠢ ᠨᠠᠰᠤᠨ᠎ᠤ᠎ᠪᠠᠨ ᠠᠶᠤᠯ ᠲᠦᠭᠰᠢᠭᠦᠷᠢ᠎ᠶᠢ ᠬᠠᠢᠬᠤᠷᠤᠯ ᠦᠭᠡᠢ᠎ᠪᠡᠷ ᠤᠯᠠᠭᠠᠨ ᠴᠡᠷᠢᠭ᠎ᠢ ᠬᠠᠪᠰᠤᠷᠴᠤ ᠰᠢᠷᠦᠬᠦᠨ ᠤᠷᠤᠰᠬᠠᠯ᠎ᠢ ᠰᠦᠷᠦᠨ ᠭᠣᠣᠯ᠎ᠢ ᠭᠡᠲᠦᠯᠦᠬᠦᠯᠪᠡ ᠁      

ᠤᠯᠠᠭᠠᠨ ᠴᠡᠷᠢᠭ ᠠᠷᠠᠳ ᠲᠦᠮᠡᠨ᠎ᠢᠶᠡᠨ ᠬᠠᠢᠷᠠᠯᠠᠵᠤ᠂ ᠠᠷᠠᠳ ᠲᠦᠮᠡᠨ ᠨᠢ ᠤᠯᠠᠭᠠᠨ ᠴᠡᠷᠢᠭ᠎ᠢᠶᠡᠨ ᠬᠠᠢᠷᠠᠯᠠᠵᠤ᠂ ᠦᠬᠦᠵᠦ ᠰᠡᠭᠡᠭᠦ᠎ᠪᠡᠨ ᠬᠠᠮᠳᠤᠳᠬᠠᠨ᠂ ᠬᠤᠪᠢ ᠵᠠᠶᠠᠭ᠎ᠠ᠎ᠪᠠᠨ ᠬᠤᠯᠪᠤᠵᠤ᠂ ᠰᠦᠷ ᠳᠠᠯᠠᠢᠴᠠᠲᠠᠢ ᠬᠦᠴᠦᠨ᠎ᠢ ᠨᠢᠭ᠍ᠲᠠᠷᠠᠭᠤᠯᠵᠤ᠂ ᠲᠦᠨᠡᠷ ᠬᠠᠷᠠᠩᠭᠤᠢ᠎ᠶᠢ ᠦᠯᠳᠡᠵᠤ᠂ ᠣᠴᠢ᠎ᠶᠢᠨ ᠭᠠᠯ ᠲᠦᠷᠡᠯᠵᠡᠵᠤ ᠠᠭᠤᠯᠠ ᠵᠢ ᠰᠢᠳᠠᠭᠠᠪᠠ᠃ ᠤᠷᠳᠤ ᠵᠠᠮ᠎ᠤᠨ ᠠᠶᠠᠨ ᠲᠠᠢ᠍ᠢᠨ᠎ᠦ ᠵᠠᠮ᠎ᠳᠤ᠂ ᠤᠯᠠᠭᠠᠨ ᠴᠡᠷᠢᠭ᠎ᠲᠦ ᠲᠣᠭᠲᠠᠮᠠᠯ ᠠᠷᠤ ᠲᠠᠯ᠎ᠠ ᠵᠢᠨ ᠦᠢᠯᠡᠴᠢᠯᠡᠬᠡ ᠭᠡᠵᠦ ᠦᠭᠡᠢ᠂ ᠠᠷᠠᠳ ᠲᠦᠮᠡᠨ ᠪᠤᠯ ᠳᠠᠷᠤᠢ ᠤᠯᠠᠭᠠᠨ ᠴᠡᠷᠢᠭ᠎ᠤᠨ ᠬᠠᠮᠤᠭ᠎ᠤᠨ ᠨᠠᠢᠳᠠᠪᠤᠷᠢᠲᠠᠢ ᠠᠷᠤ ᠲᠠᠯ᠎ᠠ ᠪᠣᠯᠣᠨ᠎ᠠ᠃ ᠠᠷᠠᠳ᠎ᠤᠨ ᠰᠡᠳᠬᠢᠯ ᠪᠣᠯ ᠤᠯᠠᠭᠠᠨ ᠴᠡᠷᠢᠭ᠎ᠦᠨ ᠡᠭᠦᠷᠢᠳᠡ᠎ᠶᠢᠨ 《ᠰᠠᠭᠤᠷᠢᠨ ᠭᠠᠵᠠᠷ》 ᠮᠥᠨ᠃    

《ᠵᠢᠨ ᠴᠠᠩ ᠠᠬ᠎ᠠ ᠬᠡᠷᠪᠡ ᠡᠳᠡᠭᠡᠷ᠎ᠢ ᠣᠯᠵᠤ ᠦᠵᠡᠭᠰᠡᠨ ᠪᠣᠯ ᠬᠡᠳᠦᠢ ᠰᠠᠢᠬᠠᠨ ᠪᠤᠶ?》 ᠡᠨᠡ ᠵᠢᠯ᠎ᠦᠨ 8 ᠰᠠᠷ᠎ᠠ᠎ᠳᠤ᠂ 108 ᠨᠠᠰᠤᠲᠠᠢ ᠤᠯᠠᠭᠠᠨ ᠴᠡᠷᠢᠭ᠎ᠦᠨ ᠨᠥᠭᠴᠢᠭᠰᠡᠨ ᠪᠠᠭᠠᠲᠤᠷ᠎ᠤᠨ ᠪᠡᠯᠪᠡᠰᠦᠨ ᠡᠬᠡᠨᠡᠷ ᠳ᠋ᠤᠸᠠᠨ ᠭᠦᠢ ᠰᠢᠸ᠋ ᠨᠠᠰᠤᠲᠠᠨ ᠨᠠᠰᠤ ᠪᠠᠷᠠᠪᠠ᠃ ᠲᠡᠷᠡ ᠠᠮᠢᠳᠤ ᠰᠡᠷᠡᠭᠦᠨ ᠪᠠᠢᠬᠤ᠎ᠳᠠᠭᠠᠨ ᠲᠢᠶᠠᠨ ᠠᠨ ᠮᠧᠨ ᠲᠠᠯᠠᠪᠠᠢ᠎ᠪᠠᠷ ᠲᠣᠭᠣᠷᠢᠨ ᠦᠵᠡᠵᠦ ᠬᠡᠯᠡᠭᠰᠡᠨ ᠡᠨᠡ ᠦᠭᠡ ᠵᠢ ᠰᠤᠨᠤᠰᠤᠬᠰᠠᠨ ᠪᠦᠬᠦᠳᠡ ᠦᠪᠡᠷ᠎ᠤᠨ ᠡᠷᠬᠡ ᠦᠬᠡᠢ ᠨᠢᠯᠪᠤᠰᠤ ᠪᠦᠮᠪᠦᠷᠢᠬᠦᠯᠦᠨ᠎ᠡ᠃ ᠤᠷᠲᠤ ᠤᠳᠠᠭᠠᠨ ᠬᠦᠯᠢᠶᠡᠯᠲᠡ ᠪᠠ ᠰᠠᠬᠢᠨ ᠪᠠᠷᠠᠯᠠᠯ᠎ᠤᠨ ᠳᠤᠮᠳᠠ᠂ ᠲᠤᠬᠠᠢ᠎ᠶᠢᠨ ᠵᠢᠯ ᠠᠶᠠᠨ ᠲᠠᠢᠨ᠎ᠳ᠋ᠸ᠋ ᠮᠣᠷᠳᠠᠭᠰᠠᠨ ᠲᠡᠬᠦᠨ᠎ᠤ᠎ᠬᠠᠢᠷᠠᠳᠤ ᠬᠦᠮᠦᠨ ᠨᠢ ᠬᠠᠷᠢᠵᠤ ᠢᠷᠡᠵᠦ ᠳᠡᠢᠯᠦᠭᠰᠡᠨ ᠦᠭᠡᠢ᠃ ᠬᠡᠬᠦ ᠳ᠋ᠡᠬᠡᠨ ᠲᠡᠳᠡᠨ᠎ᠤ ᠰᠦᠭ ᠰᠦᠨᠡᠰᠤ ᠵᠢ ᠲᠠᠢᠳᠬᠤᠷᠠᠭᠤᠯᠬᠤ ᠶᠠᠪᠤᠳᠠᠯ ᠬᠡᠪᠡᠯ ᠲᠡᠳᠡᠭᠡᠷ ᠤᠯᠠᠨ ᠦᠷᠡᠭᠳᠡᠭᠰᠡᠨ ᠪᠠᠭᠠᠲᠤᠷᠴᠤᠳ᠎ᠤᠨ ᠬᠦᠰᠡᠨ ᠮᠥᠷᠥᠭᠡᠳᠴᠦ ᠪᠠᠢᠬᠰᠠᠨ 《ᠬᠠᠢᠷᠠᠯᠠᠯᠳᠠᠢ ᠳᠤᠮᠳᠠᠳᠤ ᠤᠯᠤᠰ》ᠨᠢ  ᠪᠣᠳᠠᠲᠤ ᠠᠬᠤᠢ ᠪᠤᠯᠵᠤ ᠪᠡᠶᠡᠯᠡᠭᠳᠡᠨ᠂ 《ᠡᠨᠡ ᠬᠦ᠌ ᠪᠠᠳᠠᠷᠠᠯᠲᠤ ᠡᠷᠢᠨ ᠨᠢ ᠲᠠᠨ᠎ᠤ ᠰᠠᠨᠠᠭᠰᠠᠨ ᠯᠤᠭ᠎ᠠ ᠠᠳᠠᠯᠢ ᠪᠣᠯᠵᠠᠢ!》᠃      

ᠵᠢᠶᠠᠩᠰᠢ᠎ᠶᠢᠨ ᠢᠦᠢ ᠳᠥ᠎ᠳᠦ᠂ ᠰᠧᠯᠧᠨ᠎ᠳ᠋ᠸ᠋ ᠰᠠᠭᠤᠷᠢᠯᠠᠬᠰᠠᠨ ᠠᠵᠤ ᠦᠢᠯᠡᠰ᠎ᠦᠨ ᠬᠦᠷᠢᠶᠡᠯᠡᠩ᠎ᠤᠳ ᠨᠢ ᠲᠣᠰᠬᠣᠨ᠎ᠤ ᠠᠷᠠᠳ᠎ᠢ ᠲᠠᠢ᠍ᠢᠴᠢᠯᠠᠨ ᠣᠷᠣᠯᠭ᠎ᠠ᠎ᠶᠢ ᠨᠢ ᠨᠡᠮᠡᠭᠳᠡᠭᠦᠯᠦᠨ ᠪᠠᠶᠠᠵᠢᠭᠤᠯᠪᠠ; ᠭᠦᠢᠵᠧᠦ᠎ᠶᠢᠨ ᠠᠭᠤᠯᠠᠰ᠎ᠤᠨ ᠬᠣᠭᠣᠷᠣᠨᠳᠤ᠂ ᠲᠤᠬᠠᠢ᠎ᠶᠢᠨ ᠵᠢᠯ᠎ᠦᠨ ᠤᠯᠠᠭᠠᠨ ᠴᠡᠷᠢᠭ᠎ᠦᠨ ᠴᠢᠰᠤ᠎ᠪᠠᠨ ᠤᠷᠤᠰᠬᠠᠨ ᠪᠠᠲᠤ ᠰᠠᠬᠢᠵᠤ ᠪᠠᠢᠭᠰᠠᠨ ᠬᠤᠸᠠᠵᠢᠶᠠᠩ ᠮᠥᠷᠡᠨ᠎ᠦ ᠲᠡᠮᠦᠷ ᠭᠢᠨᠵᠢᠳᠤ  ᠬᠥᠭᠥᠷᠭᠡ ᠡᠴᠡ ᠲᠡᠮᠡᠢ ᠬᠤᠯᠠ ᠦᠭᠡᠢ᠂ 《ᠬᠥᠨᠳᠡᠯᠡᠨ ᠭᠤᠯᠳᠤ ᠪᠡᠷ᠎ᠢᠶᠡᠨ ᠴᠦᠮ ᠳᠡᠯᠡᠬᠡᠢ᠎ᠶᠢᠨ ᠨᠢᠭᠡᠳᠦᠭᠡᠷ》 ᠪᠤᠯᠬᠤ ᠬᠤᠸᠠᠵᠢᠶᠠᠩ ᠮᠥᠷᠡᠨ᠎ᠦ ᠬᠠᠪᠴᠢᠯ᠎ᠤᠨ ᠶᠡᠬᠡ ᠬᠥᠭᠥᠷᠭᠡ ᠬᠥᠭᠵᠢᠯᠲᠡ᠎ᠶᠢᠨ ᠰᠢᠨ᠎ᠡ ᠵᠠᠮ᠎ᠢ ᠨᠡᠭᠡᠭᠡᠪᠠ; ᠭᠠᠨᠰᠤ᠎ᠶᠢᠨ ᠬᠤᠢ ᠨᠢᠩ᠂ ᠨᠢᠩᠰᠢᠶᠠ᠎ᠶᠢᠨ ᠵᠢᠶᠠᠩ᠎ᠲᠠᠢ ᠪᠦᠦ᠎ᠳᠦ᠂ ᠥᠩᠭᠡᠷᠡᠭᠰᠡᠨ᠎ᠳᠦ 《ᠲᠠᠴᠢᠷ ᠨᠢᠮᠭᠡᠨ ᠵᠢᠨᠷ᠎ᠢᠶᠡᠨ ᠳᠡᠯᠡᠬᠡᠢ ᠳ᠋ᠠᠬᠢᠨ᠎ᠳᠦ ᠠᠯᠳᠠᠷᠰᠢᠬᠰᠠᠨ》 ᠨᠤᠲᠤᠭ ᠳᠡᠪᠢᠰᠬᠡᠷ ᠡᠳᠦᠭᠡ ᠠᠵᠤ ᠦᠢᠯᠡᠰ ᠬᠥᠭᠵᠢᠨ ᠮᠠᠨᠳᠤᠵᠤ᠂ ᠠᠷᠠᠳ᠎ᠤᠨ ᠠᠮᠢᠳᠤᠷᠠᠯ ᠦᠬᠡᠳᠡᠯᠡᠨ ᠰᠠᠢᠵᠢᠷᠠᠬᠰᠠᠨ ᠰᠢᠨ᠎ᠡ ᠪᠠᠢᠳᠠᠯ ᠢᠯᠡᠷᠡᠵᠡᠢ ᠁ ᠤᠯᠠᠭᠠᠨ ᠴᠡᠷᠢᠭ᠎ᠦᠨ ᠲᠤᠬᠠᠢ᠎ᠶᠢᠨ ᠵᠢᠯ᠎ᠳᠦ ᠴᠢᠰᠤ᠎ᠪᠠᠨ ᠤᠷᠤᠰᠬᠠᠨ ᠠᠮᠢ ᠪᠡᠶ᠎ᠡ᠎ᠪᠡᠨ ᠦᠷᠡᠭᠳᠡᠭᠦᠯᠦᠨ ᠪᠠᠢᠵᠤ ᠬᠠᠮᠠᠭᠠᠯᠠᠬᠰᠠᠨ 《ᠲᠦᠷᠦ ᠬᠦᠷᠦᠨ》ᠪᠣᠯ ᠶᠠᠭ ᠥᠨᠥᠳᠥᠷ᠎ᠦᠨ ᠠᠷᠠᠳ ᠲᠦᠮᠡᠨ᠎ᠦ ᠡᠷᠬᠡ ᠮᠡᠳᠡᠵᠦ ᠡᠵᠡᠨ ᠰᠠᠭᠤᠭᠰᠠᠨ ᠲᠦᠷᠦ ᠬᠦᠷᠦᠨ ᠪᠣᠯᠣᠨ᠎ᠠ᠂ ᠲᠦᠭ ᠲᠦᠮᠡᠨ ᠠᠷᠠᠳ ᠲᠦᠮᠡᠨ᠎ᠦ ᠠᠮᠤᠷ ᠵᠢᠮᠤᠷ ᠠᠵᠤ ᠲᠦᠷᠦᠵᠤ ᠪᠠᠢᠭ᠎ᠠ ᠳᠡᠯᠡᠬᠡᠢ ᠳ᠋ᠠᠬᠢᠨ ᠪᠣᠯᠣᠨ᠎ᠠ᠃    

 ᠬᠤᠨᠠᠨ ᠮᠤᠵᠢ᠎ᠶᠢᠨ ᠶᠦᠩ ᠱᠦᠨ ᠰᠢᠶᠠᠨ᠎ᠤ ᠪᠠᠢ ᠯᠠ ᠲᠣᠰᠬᠣᠨ᠎ᠳᠤ᠂ ᠲᠤᠬᠠᠢ᠎ᠶᠢᠨ ᠵᠢᠯ᠎ᠳᠦ ᠤᠯᠠᠭᠠᠨ ᠴᠡᠷᠢᠭ ᠰᠢᠯᠵᠢᠭᠦ ᠦᠶ᠎ᠡ᠎ᠳᠦ ᠦᠯᠡᠳᠡᠭᠡᠭᠰᠡᠨ ᠠᠳᠬᠤ ᠡᠷᠳᠡᠨᠢ ᠰᠢᠰᠢ ᠨᠢ ᠢᠳᠡᠵᠦ ᠡᠮᠦᠰᠬᠦ᠎ᠳᠡᠭᠡᠨ ᠵᠥᠪ ᠦᠭᠡᠢ ᠪᠠᠢᠬᠰᠠᠨ ᠨᠤᠲᠤᠭ᠎ᠤᠨ ᠠᠬ᠎ᠠ ᠳᠡᠭᠦᠦ ᠨᠠᠷ᠎ᠤᠨ ᠰᠡᠳᠬᠢᠯ᠎ᠢ ᠳᠤᠯᠠᠭᠠᠴᠠᠭᠤᠯᠤᠨ᠂ ᠡᠳᠦᠭᠡ ᠪᠤᠯᠳᠠᠯ᠎ᠠ ᠲᠡᠳᠡ ᠡᠷᠳᠡᠨᠢ ᠰᠢᠰᠢ ᠲᠠᠷᠢᠬᠰᠠᠭᠠᠷ᠃ ᠲᠡᠷᠢᠵᠤ ᠤᠷᠭᠤᠭᠤᠯᠤᠬᠰᠠᠨ ᠨᠢ ᠡᠷᠳᠡᠨᠢ ᠰᠢᠰᠢ ᠲᠡᠳᠦᠢ ᠪᠢᠰᠢ᠂ ᠬᠠᠷᠢᠨ ᠲᠡᠳᠡᠨ᠎ᠤ ᠬᠦᠰᠡᠯ ᠡᠷᠡᠮᠡᠯᠵᠡᠯ ᠪᠠᠢᠵᠤ᠂ ᠰᠡᠳᠬᠢᠯ ᠨᠢᠭᠡᠳᠡᠢ ᠪᠤᠯᠤᠬᠰᠠᠨ᠎ᠢ ᠭᠡᠷᠡᠴᠢᠯᠡᠨ᠎ᠡ᠃ ᠢᠮᠠᠭᠲᠠ ᠠᠷᠠᠳ ᠲᠦᠮᠡᠨ᠎ᠦ ᠵᠣᠭᠰᠣᠯᠲᠠ᠎ᠳᠤ ᠪᠠᠲᠤ ᠵᠣᠭᠰᠣᠵᠤ᠂ ᠢᠮᠠᠭᠲᠠ ᠠᠷᠠᠳ ᠲᠦᠮᠡᠨ᠎ᠢᠶᠡᠷ ᠭᠣᠣᠯ ᠪᠤᠯᠭᠠᠬᠤ᠎ᠶᠢ ᠪᠠᠷᠢᠮᠲᠠᠯᠠᠵᠤ᠂ ᠠᠷᠠᠳ ᠲᠦᠮᠡᠨ᠎ᠦ ᠳᠤᠮᠳᠠ ᠭᠦᠨ ᠦᠨᠳᠦᠰᠦᠯᠡᠵᠦ᠂ ᠠᠷᠠᠳ ᠲᠦᠮᠡᠨ᠎ᠢ ᠴᠢᠩᠭ᠎ᠠ ᠲᠦᠰᠢᠭᠯᠡᠪᠡᠯ᠂ ᠮᠠᠨ᠎ᠤ ᠨᠠᠮ ᠳᠠᠷᠤᠢ ᠶᠠᠮᠠᠷᠪᠠ ᠰᠠᠯᠬᠢ ᠳᠠᠪᠠᠯᠭᠠᠨ᠎ᠳᠤ ᠴᠤ᠌ ᠭᠤᠢᠪᠢᠯᠵᠠᠬᠤ ᠦᠭᠡᠢ ᠪᠠᠲᠤ ᠪᠡᠬᠢ ᠰᠠᠭᠤᠷᠢ᠎ᠲᠠᠢ ᠪᠣᠯᠵᠤ᠂ ᠠᠷᠠᠳ ᠲᠦᠮᠡᠨ᠎ᠳᠦ ᠪᠤᠶᠠᠨ ᠦᠢᠯᠡᠳᠬᠦ ᠰᠢᠨ᠎ᠡ ᠬᠠᠷᠢᠭᠤᠯᠲᠠ᠎ᠶᠢᠨ ᠬᠠᠭᠤᠳᠠᠰᠤ᠎ᠶᠢ ᠲᠠᠰᠤᠷᠠᠯᠲᠠ ᠦᠭᠡᠢ ᠪᠢᠴᠢᠭᠯᠡᠵᠤ ᠴᠢᠳᠠᠨ᠎ᠠ᠃

(ᠲᠠᠪᠤ)

《ᠲᠦᠮᠡᠨ ᠭᠠᠵᠠᠷ᠎ᠤᠨ ᠤᠷᠳᠤ ᠵᠠᠮ᠎ᠤᠨ ᠠᠶᠠᠨ ᠲᠠᠢ᠍ᠢᠨ ᠪᠠᠷᠲᠠᠭ᠎ᠠ ᠶᠠᠬᠡᠲᠠᠢ᠂ ᠎ᠬᠠᠮᠤᠭ᠎ᠤᠨ ᠮᠠᠷᠲᠠᠭᠳᠠᠰᠢ ᠦᠭᠡᠢ ᠨᠢ ᠵᠢᠶᠠ᠎ᠶᠢᠨ ᠱᠠᠨ ᠠᠭᠤᠯᠠ ᠶᠤᠮ》᠃ ᠥᠨᠥᠳᠥᠷ᠂ ᠲᠠᠯᠠᠢ᠎ᠶᠢᠨ ᠲᠦᠪᠰᠢᠨ᠎ᠡᠴᠡ 3000 ᠭᠠᠷᠤᠢ ᠮᠸᠲᠷ ᠡᠷᠭᠦᠭᠳᠡᠭᠰᠡᠨ ᠵᠢᠶᠠ᠎ᠶᠢᠨ ᠱᠠᠨ ᠠᠭᠤᠯᠠ᠎ᠶᠢᠨ ᠡᠦ ᠳ᠋ᠤᠤ ᠵᠢᠨ ᠮᠤᠷᠤᠢᠯᠲᠠ᠎ᠶᠢᠨ ᠬᠡᠰᠡᠭ ᠲᠤ᠌᠂ 《ᠦᠬᠦᠨ ᠲᠡᠮᠡᠴᠡᠵᠤ ᠢᠯᠠᠬᠤ ᠦᠭᠡᠢ ᠪᠤᠯ ᠵᠤᠭᠰᠤᠬᠤ ᠦᠭᠡᠢ》 ᠭᠡᠬᠦ ᠲᠣᠮᠣ᠌ ᠦᠰᠦᠭ ᠬᠤᠯᠠ ᠡᠴᠡ ᠭᠢᠯᠠᠯᠵᠠᠨ ᠬᠠᠷᠠᠬᠳᠠᠵᠤ᠂ ᠤᠯᠠᠭᠠᠨ ᠴᠡᠷᠢᠭ᠎ᠦᠨ ᠳᠠᠷᠤᠭ᠎ᠠ ᠪᠠᠢᠯᠳᠤᠭ᠍ᠴᠢᠳ᠎ᠤᠨ ᠬᠦᠴᠢᠷ ᠪᠡᠷᠬᠡᠰᠢᠶᠡᠯ᠎ᠡᠴᠡ ᠠᠶᠤᠬᠤ ᠦᠭᠡᠢ᠂ ᠡᠷᠡᠯᠬᠡᠭᠯᠡᠨ ᠤᠷᠤᠭᠰᠢᠯᠠᠬᠤ ᠲᠡᠮᠡᠴᠡᠯ᠎ᠦᠨ ᠵᠣᠷᠢᠭ᠋ ᠪᠣᠯᠣᠨ ᠵᠠᠪᠠᠯ ᠢᠯᠠᠬᠤ ᠢᠲᠡᠭᠡᠯ ᠵᠣᠷᠢᠭ᠋᠎ᠢ ᠰᠡᠢᠯᠤᠨ ᠲᠡᠮᠳᠡᠭᠯᠡᠵᠤ ᠪᠤᠢ᠃

《ᠵᠢᠨ ᠱᠠ ᠵᠢᠶᠠᠩ ᠮᠦᠷᠡᠨ᠎ᠤ ᠤᠰᠤ ᠠᠰᠬ᠎ᠠ ᠬᠠᠳᠠ᠎ᠶᠢ ᠮᠦᠷᠬᠦᠨ ᠲᠠᠪᠠᠯᠭᠠᠯᠠᠵᠤ᠂ ᠳᠠ ᠳᠥ ᠾᠸ ᠭᠤᠤᠯ᠎ᠲᠡᠭᠡᠷ᠎ᠡ ᠬᠦᠨᠳᠡᠯᠢᠰᠦᠭᠰᠡᠨ ᠲᠡᠮᠦᠷ ᠬᠥᠭᠥᠷᠭᠡ᠎ᠬᠦᠢᠲᠡᠨ》᠃ ᠲᠦᠮᠡᠨ ᠭᠠᠵᠠᠷ᠎ᠤᠨ ᠤᠷᠳᠤ ᠵᠠᠮ᠎ᠤᠨ ᠠᠶᠠᠨ ᠲᠠᠢ᠍ᠢᠨ᠎ᠪᠤᠯ᠂ ᠨᠤᠭᠤᠷᠠᠯ ᠪᠦᠳᠦᠷᠢᠯ᠎ᠳᠦ ᠤᠴᠠᠷᠠᠵᠤ᠂ ᠬᠦᠴᠢᠷ ᠪᠡᠷᠬᠡᠰᠢᠶᠡᠯ ᠬᠠᠷᠰᠢ ᠰᠠᠭᠠᠳ᠎ᠢ ᠲᠠᠰᠤᠷᠠᠯᠳᠠ ᠦᠭᠡᠢ ᠲᠤᠭᠤᠯᠵᠤ ᠡᠷᠡᠮᠡᠬᠡᠢᠯᠡᠨ ᠤᠷᠤᠭᠰᠢᠯᠠᠬᠰᠠᠨ ᠵᠠᠮ ᠮᠥᠨ᠃ ᠤᠷᠳᠤ ᠵᠠᠮ᠎ᠤᠨ ᠠᠶᠠᠨ ᠲᠠᠢ᠍ᠢᠨ᠎ᠳᠦ᠂ ᠨᠠᠮ ᠪᠠ ᠤᠯᠠᠭᠠᠨ ᠴᠡᠷᠢᠭ ᠬᠦᠴᠦᠷᠬᠡᠭ ᠳᠠᠢᠰᠤᠨ᠎ᠲᠠᠢ ᠲᠡᠮᠡᠴᠡᠵᠦ᠂ ᠨᠠᠮ᠎ᠤᠨ ᠳᠣᠲᠣᠭᠠᠳᠤ᠎ᠶᠢᠨ ᠠᠯᠳᠠᠭ᠎ᠠ ᠪᠤᠷᠤᠭᠤ᠎ᠲᠠᠢ ᠲᠡᠮᠡᠴᠡᠵᠦ᠂ ᠬᠠᠲᠠᠭᠤ ᠪᠡᠷᠬᠡ ᠣᠷᠣᠰᠢᠨ ᠲᠣᠭᠲᠠᠨᠢᠬᠤ ᠣᠷᠴᠢᠨ ᠲᠣᠭᠣᠷᠢᠨ᠎ᠲᠠᠢ ᠲᠡᠮᠡᠴᠡᠵᠦ᠂ ᠬᠠᠳᠠᠨ ᠪᠠᠲᠤ ᠵᠤᠷᠢᠭ᠎ᠵᠢᠡᠷ ᠴᠦᠬᠦᠷᠡᠰᠢ ᠦᠭᠡᠢ ᠲᠡᠮᠡᠴᠡᠵᠦ᠂ ᠠᠯᠢᠪᠠ ᠳᠠᠢᠰᠤᠨ᠎ᠢ ᠳᠠᠷᠤᠬᠤ᠎ᠡᠴᠡ ᠪᠢᠰᠢ ᠶᠠᠮᠠᠷᠪᠠ ᠳᠠᠢᠰᠤᠨ᠎ᠳᠤ ᠳᠠᠷᠤᠭᠳᠠᠬᠤ ᠦᠭᠡᠢ᠂ ᠠᠯᠢᠪᠠ ᠬᠦᠴᠢᠷ ᠪᠡᠷᠬᠡᠰᠢᠶᠡᠯ᠎ᠢ ᠢᠯᠠᠬᠤ᠎ᠡᠴᠡ ᠪᠢᠰᠢ ᠶᠠᠮᠠᠷᠪᠠ ᠬᠦᠴᠢᠷ ᠪᠡᠷᠬᠡᠰᠢᠶᠡᠯ᠎ᠳᠦ ᠡᠷᠬᠡᠰᠢᠶᠡᠭᠳᠡᠬᠦ ᠦᠭᠡᠢ ᠰᠦᠰᠦ ᠵᠤᠷᠢᠭ᠎ᠢ ᠢᠯᠡᠷᠡᠬᠦᠯᠦᠭᠰᠡᠨ ᠶᠤᠮ᠃

ᠵᠣᠷᠢᠭ᠍ᠲᠠᠢ᠎ᠪᠠᠷ ᠲᠡᠮᠡᠴᠡᠵᠦ᠂ ᠵᠣᠷᠢᠭ᠍ᠲᠠᠢ᠎ᠪᠠᠷ ᠢᠯᠠᠯᠲᠠ ᠣᠯᠬᠤ ᠪᠣᠯ ᠨᠠᠮ ᠪᠣᠯᠣᠨ ᠠᠷᠠᠳ ᠲᠦᠮᠡᠨ᠎ᠦ ᠢᠯᠠᠭᠳᠠᠰᠢ ᠦᠭᠡᠢ ᠬᠦᠴᠦᠷᠬᠡᠭ ᠶᠡᠬᠡ ᠤᠶᠤᠨ ᠰᠠᠨᠠᠭᠠᠨ᠎ᠤ ᠬᠦᠴᠦᠨ ᠮᠥᠨ᠃ ᠵᠠᠭᠤ ᠭᠠᠷᠤᠢ ᠵᠢᠯ᠎ᠦᠨ ᠲᠡᠮᠡᠴᠡᠯ᠎ᠦᠨ ᠠᠶᠠᠨ᠎ᠢ ᠡᠷᠭᠢᠴᠡᠭᠦᠯᠪᠡᠯ᠂ ᠮᠠᠨ᠎ᠤ ᠨᠠᠮ ᠳᠣᠲᠣᠭᠠᠳᠤ᠎ᠶᠢᠨ ᠵᠣᠪᠠᠯᠠᠩ ᠭᠠᠳᠠᠭᠠᠳᠤ᠎ᠶᠢᠨ ᠠᠶᠤᠯ ᠳᠤᠮᠳᠠ ᠮᠡᠨᠳᠦᠯᠡᠵᠦ᠂ ᠬᠠᠯᠠ ᠵᠣᠪᠠᠯᠠᠩ᠎ᠢ ᠲᠤᠭᠤᠯᠬᠤ ᠳᠤᠮᠳᠠ ᠦᠰᠦᠨ ᠪᠣᠢᠵᠢᠵᠤ᠂ ᠬᠦᠴᠢᠷ᠎ᠢ ᠲᠤᠭᠤᠯᠤᠨ ᠪᠡᠷᠬᠡ᠎ᠶᠢ ᠳᠠᠪᠠᠬᠤ ᠳᠤᠮᠳᠠ ᠦᠰᠦᠨ ᠪᠤᠵᠠᠭᠠᠢᠷᠠᠵᠤ᠂ ᠦᠷᠡᠭᠳᠡᠯ ᠰᠦᠢᠳᠦᠯ᠎ᠡᠴᠡ ᠠᠶᠤᠬᠤ ᠦᠭᠡᠢ᠂ ᠡᠷᠡᠯᠬᠡᠭ ᠪᠠᠭᠠᠲᠤᠷᠯᠢᠭ᠋᠎ᠢᠶᠠᠷ ᠲᠡᠮᠡᠴᠡᠬᠦ ᠵᠣᠷᠢᠭ᠋ ᠰᠠᠨᠠᠭ᠎ᠠ᠎ᠶᠢ ᠪᠠᠷᠢᠮᠲᠠᠯᠠᠨ ᠪᠠᠳᠠᠷᠠᠭᠤᠯᠵᠤ᠂ ᠬᠠᠷᠰᠢ ᠰᠠᠭᠠᠳ᠎ᠢ ᠢᠯᠡᠨ ᠳᠠᠪᠠᠵᠤ᠂ ᠡᠷᠡᠮᠡᠬᠡᠢᠯᠡᠨ ᠤᠷᠤᠭᠰᠢᠯᠠᠵᠤ᠂ ᠳᠠᠢᠰᠤᠨ ᠬᠡᠳᠦᠢ ᠬᠦᠴᠦᠷᠬᠡᠭ ᠶᠡᠬᠡ᠂ ᠵᠠᠮ ᠬᠡᠳᠦᠢ ᠪᠡᠷᠬᠡ ᠬᠠᠲᠠᠭᠤᠵᠢᠯᠲᠠᠢ᠂ ᠥᠷᠢᠰᠦᠯᠳᠦᠭᠡᠨ ᠬᠡᠳᠦᠢ ᠬᠦᠨᠳᠦ ᠬᠡᠴᠡᠭᠦᠦ ᠪᠠᠢᠭᠰᠠᠨ ᠴᠤ᠌ ᠶᠡᠷᠦ ᠨᠢ ᠥᠴᠥᠬᠡᠨ ᠴᠦ᠍ ᠠᠶᠤᠵᠤ ᠰᠦᠷᠳᠡᠬᠦ ᠦᠭᠡᠢ᠂ ᠥᠴᠥᠬᠡᠨ ᠴᠦ᠍ ᠤᠬᠤᠷᠢᠬᠤ ᠦᠭᠡᠢ ᠪᠠᠢᠵᠤ᠂ ᠢᠮᠠᠭᠲᠠ ᠶᠠᠮᠠᠷᠪᠠ  ᠰᠠᠯᠬᠢ ᠳᠠᠪᠠᠯᠭᠠᠨ᠎ᠢᠷᠡᠭᠰᠡᠨ ᠴᠤ᠌ ᠭᠤᠢᠪᠢᠰᠢ ᠦᠭᠡᠢ ᠬᠠᠳᠠᠨ ᠵᠣᠷᠢᠭ᠋ ᠵᠢᠡᠷ ᠪᠦᠬᠦ ᠤᠯᠤᠰ᠎ᠤᠨ ᠠᠷᠠᠳ ᠲᠦᠮᠡᠨ᠎ᠢ ᠵᠣᠷᠢᠭ᠍ᠵᠢᠭᠤᠯᠤᠨ ᠢᠯᠠᠯᠲᠠ᠎ᠡᠴᠡ ᠢᠯᠠᠯᠲᠠ ᠵᠦᠭ ᠲᠠᠰᠤᠷᠠᠯᠳᠠ ᠦᠭᠡᠢ ᠤᠷᠤᠭᠰᠢᠯᠠᠪᠠ᠃

《ᠬᠦᠴᠢᠷ᠎ᠵᠤᠪᠠᠯᠠᠩ ᠲᠠᠢ ᠰᠠᠨᠠᠬᠳᠠᠵᠤ ᠪᠠᠢᠨ᠎ᠠ᠎ᠤᠤ᠂ ᠤᠷᠲᠤ ᠵᠠᠮ᠎ᠤᠨ ᠠᠶᠠᠨ ᠳᠠᠶ᠋ᠢᠨ᠎ᠢ ᠪᠤᠳᠤᠵᠤ ᠦᠵᠡ;  ᠶᠠᠳᠠᠷᠠᠯᠳᠠᠢ ᠪᠤᠳᠤᠬᠳᠠᠵᠤ ᠪᠠᠢᠨ᠎ᠠ ᠤᠤ᠂ ᠠᠬᠠᠮᠠᠳ ᠬᠤᠪᠢᠰᠬᠠᠯᠴᠢᠳ᠎ᠢ ᠰᠠᠨᠠᠵᠤ ᠦᠵᠡ 》᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢ ᠠᠬᠢᠭᠤᠯᠬᠤ ᠪᠣᠯ ᠤᠷᠢᠳ ᠡᠮᠦᠨ᠎ᠡ ᠪᠠᠢᠭ᠎ᠠ ᠦᠭᠡᠢ ᠡᠭᠦᠳᠦᠨ ᠪᠦᠳᠦᠬᠡᠯᠳᠡ᠎ᠶᠢᠨ ᠴᠢᠨᠠᠷᠲᠠᠢ ᠦᠢᠯᠡᠰ ᠮᠥᠨ᠂ ᠡᠯ᠎ᠡ ᠵᠦᠢᠯ᠎ᠦᠨ ᠲᠥᠰᠥᠭᠡᠯᠡᠵᠦ ᠪᠣᠯᠬᠤ ᠪᠠ ᠲᠥᠰᠥᠭᠡᠯᠡᠬᠦᠶ᠎ᠡ ᠪᠡᠷᠬᠡ ᠠᠶᠤᠯ ᠲᠦᠭᠰᠢᠭᠦᠷᠢ ᠥᠷᠢᠰᠦᠯᠳᠦᠭᠡᠨ᠂ ᠬᠦᠴᠢᠷ ᠪᠡᠷᠬᠡᠰᠢᠶᠡᠯ ᠴᠢᠨᠠᠭᠰᠢᠯᠠᠪᠠᠯ ᠰᠢᠷᠦᠬᠦᠨ ᠰᠠᠯᠬᠢ ᠲᠤᠬ᠍ᠰᠢᠨ ᠳᠠᠪᠠᠯᠭᠠᠨ᠎ᠳᠤ ᠤᠴᠠᠷᠠᠬᠤ ᠨᠢ ᠵᠠᠢᠯᠠᠰᠢ ᠦᠭᠡᠢ ᠶᠤᠮ᠃ ᠤᠷᠤᠭᠰᠢᠯᠠᠯᠲᠠ᠎ᠶᠢᠨ ᠵᠠᠮ ᠳᠡᠭᠡᠷ᠎ᠡ᠂ ᠪᠢᠳᠡ ᠪᠠᠰᠠ ᠮᠠᠰᠢ ᠤᠯᠠᠨ 《ᠴᠠᠰᠤᠲᠤ ᠠᠭᠤᠯᠠ》᠂ 《ᠡᠪᠡᠰᠦᠲᠦ ᠲᠠᠯ᠎ᠠ》 ᠵᠢ ᠳᠠᠪᠠᠬᠤ ᠴᠢᠬᠤᠯᠠᠲᠠᠢ᠂ ᠪᠠᠰᠠ ᠮᠠᠰᠢ ᠤᠯᠠᠨ 《ᠯᠧᠦ ᠱᠠᠨ ᠭᠤᠸᠠᠨ ᠪᠣᠭᠣᠮᠲᠠ》᠂ 《ᠯᠠ ᠽᠢ ᠺᠧᠦ》᠎ᠵᠢ ᠡᠷᠬᠡᠰᠢᠶᠡᠯ᠎ᠳᠡᠭᠡᠨ ᠣᠷᠣᠭᠤᠯᠬᠤ ᠴᠢᠬᠤᠯᠠᠲᠠᠢ᠂ ᠠᠮᠤᠷ ᠵᠢᠮᠤᠷ᠎ᠢ ᠪᠤᠳᠤᠵᠤ ᠦᠷᠭᠦᠯᠵᠢᠯᠡᠨ ᠲᠡᠰᠪᠦᠷᠢ ᠬᠠᠲᠠᠭᠤᠵᠢᠯᠲᠠᠢ ᠲᠡᠮᠡᠴᠡᠬᠦ ᠳᠤᠷ᠎ᠠ ᠦᠭᠡᠢ ᠠᠯᠢᠪᠠ ᠪᠤᠳᠤᠯ ᠰᠠᠨᠠᠭ᠎ᠠ ᠵᠢ ᠲᠠᠶᠠᠬᠳᠠᠬᠤ ᠬᠡᠷᠡᠭᠳᠡᠢ᠂ ᠣᠮᠣᠷᠬᠠᠭᠯᠠᠨ ᠪᠠᠷᠳᠠᠮᠨᠠᠵᠤ ᠦᠷᠭᠦᠯᠵᠢᠯᠡᠨ ᠵᠠᠮ ᠨᠡᠭᠡᠭᠡᠨ ᠤᠷᠤᠭᠰᠢᠯᠠᠬᠤ ᠳᠤᠷ᠎ᠠ ᠦᠭᠡᠢ ᠠᠯᠢᠪᠠ ᠪᠤᠳᠤᠯ ᠰᠠᠨᠠᠭ᠎ᠠ ᠵᠢ ᠴᠦᠮ ᠡᠷᠡᠰ ᠲᠡᠪᠴᠢᠬᠦ ᠬᠡᠷᠡᠭᠳᠡᠢ᠃

《ᠳᠠᠢᠨ᠎ᠤ ᠲᠠᠯᠠᠪᠤᠷ ᠲᠤ᠌ ᠲᠠ ᠠᠬᠠᠮᠠᠳ ᠦᠶ᠎ᠡ᠎ᠶᠢᠨ᠎ᠬᠤᠪᠢᠰᠬᠠᠯᠴᠢᠳ ᠰᠢᠬ ᠳᠠᠭᠠᠷᠢᠨ ᠤᠷᠤᠵᠤ ᠪᠠᠢᠯᠳᠤᠬᠤ ᠵᠤᠷᠢᠭ ᠰᠦᠰᠦ ᠪᠠᠢᠨ᠎ᠠ ᠦᠦ?》᠂ ᠵᠡᠪᠰᠡᠭᠲᠦ ᠴᠠᠭᠳᠠᠭ᠎ᠠ᠎ᠶᠢᠨ ᠭᠤᠸᠠᠩᠰᠢ᠎ᠶᠢᠨ ᠶᠡᠷᠦᠩᠬᠡᠢ ᠠᠩᠭᠢ᠎ᠶᠢᠨ ᠭᠦᠢᠯᠢᠨ᠎ᠦ ᠰᠠᠯᠪᠤᠷᠢ ᠠᠩᠭᠢ᠎ᠶᠢᠨ ᠴᠢᠤᠸᠠᠨ ᠵᠧᠦ᠎ᠶᠢᠨ ᠳᠤᠮᠳᠠ ᠠᠩᠭᠢ᠎ᠶᠢᠨ ᠬᠤᠸᠠᠷᠠᠨ᠎ᠳᠤ᠂ ᠨᠢᠭᠡᠨ ᠵᠤᠷᠪᠤᠰ ᠣᠨᠴᠠᠭᠠᠢ 《ᠰᠢᠶᠠᠩᠵᠢᠶᠠᠩ ᠮᠥᠷᠡᠨ᠎ᠦ ᠬᠣᠷᠢᠭ᠍ᠯᠠᠨ ᠴᠣᠬᠢᠬᠤ ᠶᠠᠪᠠᠭᠠᠨ ᠵᠠᠮ》 ᠬᠡᠵᠤ ᠪᠠᠢᠳᠠᠭ᠂ ᠪᠠᠢᠯᠳᠤᠭ᠍ᠴᠢᠳ᠎ᠤᠨ ᠡᠳᠦᠷ ᠪᠦᠷᠢ᠎ᠶᠢᠨ ᠵᠠᠪᠠᠯ ᠥᠩᠭᠡᠷᠡᠬᠦ ᠡᠨᠡ ᠵᠠᠮ ᠳᠡᠭᠡᠷ᠎ᠡ ᠡᠨᠡ ᠬᠦ᠌ ᠠᠰᠠᠭᠤᠯᠳᠠ ᠨᠢ ᠬᠥᠮᠥᠰ᠎ᠦᠨ ᠰᠡᠳᠬᠢᠯ᠎ᠢ ᠳᠣᠭᠳᠣᠯᠤᠭᠤᠯᠤᠨ᠎ᠠ᠃ ᠰᠢᠨ᠎ᠡ ᠠᠶᠠᠨ᠎ᠳᠤ᠂ ᠡᠢᠮᠦ ᠲᠡᠶ᠋ᠢᠮᠦ 《ᠲᠠᠢ᠍ᠢᠨ᠎ᠦ ᠲᠠᠯᠠᠪᠤᠷ》᠂ 《ᠰᠢᠯᠭᠠᠯᠲᠠ᠎ᠶᠢᠨ ᠲᠠᠯᠠᠪᠤᠷ》᠎ᠲᠤᠬᠢᠶᠠᠯᠳᠤᠬᠤ ᠦᠶ᠎ᠠ ᠳ᠋ᠤ ᠪᠢᠳᠡ ᠡᠷᠬᠡᠪᠰᠢ ᠲᠡᠮᠡᠴᠡᠯ᠎ᠦᠨ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠲᠡᠮᠡᠴᠡᠯ᠎ᠦᠨ ᠴᠢᠳᠠᠪᠤᠷᠢ᠎ᠪᠠᠨ ᠴᠢᠩᠭᠠᠳᠬᠠᠵᠤ᠂ ᠳᠤᠷᠠᠲᠠᠶ᠎ᠠ ᠬᠠᠮᠤᠭ᠎ᠤᠨ ᠬᠦᠨᠳᠦ ᠡᠭᠦᠷᠭᠡ᠎ᠶᠢ ᠡᠭᠦᠷᠭᠡᠯᠡᠵᠦ᠂ ᠬᠠᠮᠤᠭ᠎ᠤᠨ ᠬᠦᠴᠢᠷ ᠠᠰᠠᠭᠤᠳᠠᠯ᠎ᠢ ᠰᠢᠢᠳᠪᠦᠷᠢᠯᠡᠵᠦ᠂ ᠰᠢᠷᠭᠠᠭᠤ ᠲᠡᠮᠡᠴᠡᠯ᠎ᠢᠶᠡᠷ ᠳᠠᠮᠵᠢᠨ ᠠᠵᠢᠯ ᠦᠢᠯᠡᠰ᠎ᠦᠨ ᠬᠥᠭᠵᠢᠯᠲᠡ᠎ᠶᠢᠨ ᠰᠢᠨ᠎ᠡ ᠣᠷᠣᠨ ᠵᠠᠢ᠎ᠶᠢ ᠨᠡᠭᠡᠭᠡᠬᠦ ᠬᠡᠷᠡᠭᠲᠡᠢ᠃ ᠠᠶᠠᠨ᠎ᠤ ᠵᠠᠮ᠎ᠳᠤ ᠬᠥᠮᠥᠨ᠎ᠡᠴᠡ ᠥᠨᠳᠥᠷ ᠠᠭᠤᠯᠠ ᠭᠡᠵᠦ ᠦᠭᠡᠢ᠂ ᠬᠥᠯ᠎ᠡᠴᠡ ᠤᠷᠳᠤ ᠵᠠᠮ ᠭᠡᠵᠦ ᠦᠭᠡᠢ᠃

(ᠵᠢᠷᠭᠤᠭ᠎ᠠ)

《ᠬᠤᠪᠢᠰᠬᠠᠯ᠎ᠤᠨ ᠵᠠᠯᠠᠭᠤ ᠪᠠᠢᠯᠳᠤᠭ᠍ᠴᠢᠳ᠎ᠤᠨ ᠣᠮᠣᠭ  ᠵᠣᠷᠢᠭ᠋ ᠨᠢ ᠶᠠᠭ ᠳᠣᠷᠣᠨ᠎ᠠ ᠵᠦᠭ᠎ᠡᠴᠡ ᠮᠠᠨᠳᠤᠬᠤ ᠨᠠᠷᠠᠠ ᠰᠢᠭ᠋; ᠦᠷᠡᠭᠳᠡᠯ ᠰᠦᠢᠳᠦᠯ᠎ᠡᠴᠡ ᠠᠶᠤᠬᠤ ᠦᠭᠡᠢ᠂ ᠡᠷᠡᠯᠬᠡᠭ ᠪᠠᠭᠠᠲᠤᠷᠯᠢᠭ᠋᠎ᠢᠶᠠᠷ ᠳᠠᠢᠰᠤᠨ᠎ᠢ ᠤᠰᠠᠳᠬᠠᠬᠤ ᠨᠢ ᠶᠠᠭ  ᠲᠤᠭ᠍ᠰᠢᠨ  ᠪᠠᠷᠰ  ᠮᠡᠲᠦ ᠂ ᠭᠠᠪᠰᠢᠭᠠᠢᠯᠠᠨ ᠲᠠᠭᠠᠷᠢᠵᠤ᠂ ᠬᠠᠨᠳᠤᠭᠰᠠᠨ ᠵᠦᠭ᠎ᠲᠦ ᠳᠠᠢᠰᠤᠨ ᠦᠭᠡᠢ!》 ᠡᠨᠡ ᠪᠠᠳᠠᠭ 《ᠤᠯᠠᠭᠠᠨ ᠴᠡᠷᠢᠭ᠎ᠦᠨ ᠵᠠᠯᠠᠭᠤ ᠪᠠᠢᠯᠳᠤᠭ᠍ᠴᠢᠳ᠎ᠤᠨ ᠳᠠᠭᠤᠤ》 ᠨᠢ ᠣᠮᠣᠭᠯᠠᠩ ᠰᠦᠷ᠎ᠢᠶᠡᠷ ᠲᠡᠬᠦᠯᠳᠡᠷ  ᠪᠠᠢᠳᠠᠭ᠂ ᠡᠨᠡ ᠪᠣᠯ ᠵᠠᠯᠠᠭᠤ ᠨᠠᠰᠤᠨ᠎ᠤ ᠲᠠᠢ᠍ᠢᠴᠢᠨ ᠳᠠᠭᠤᠤ᠂ ᠨᠡᠩ ᠴᠤ᠌ ᠡᠷᠡᠯᠬᠡᠭᠯᠡᠨ ᠤᠷᠤᠭᠰᠢᠯᠠᠬᠤ ᠬᠦᠴᠦᠨ ᠮᠥᠨ᠃

ᠤᠷᠳᠤ ᠵᠠᠮ᠎ᠤᠨ ᠠᠶᠠᠨ ᠲᠠᠢ᠍ᠢᠨ᠎ᠦ ᠡᠩᠨᠡᠭᠡ᠎ᠳᠦ᠂ ᠤᠯᠠᠭᠠᠨ ᠴᠡᠷᠢᠭ᠎ᠦᠨ ᠵᠢᠯᠣᠭᠣᠳᠤᠭ᠍ᠴᠢ᠎ᠶᠢᠨ ᠲᠡᠭᠰᠢᠳᠭᠡᠭᠰᠡᠨ ᠨᠠᠰᠤ ᠨᠢ 25 ᠠᠷᠠᠢ ᠬᠦᠷᠬᠦ ᠦᠭᠡᠢ᠂ ᠪᠠᠢᠯᠳᠤᠭ᠍ᠴᠢ᠎ᠶᠢᠨ ᠲᠡᠭᠰᠢᠳᠭᠡᠭᠰᠡᠨ ᠨᠠᠰᠤ ᠨᠢ 20 ᠠᠷᠠᠢ ᠬᠦᠷᠬᠦ ᠦᠭᠡᠢ᠃ ᠳᠠᠢ᠍ᠢᠨ᠎ᠤ ᠭᠠᠯ ᠲᠦᠷᠡᠯᠵᠡᠭᠰᠡᠨ ᠠᠶᠠᠨ ᠵᠠᠮ᠎ᠳᠤ᠂ ᠵᠠᠯᠠᠭᠤ ᠤᠯᠠᠭᠠᠨ ᠴᠡᠷᠢᠭ᠎ᠦᠨ ᠪᠠᠢᠯᠳᠤᠭ᠍ᠴᠢᠳ ᠬᠦᠨᠳᠦ ᠡᠭᠦᠷᠭᠡ᠎ᠶᠢ ᠡᠭᠦᠷᠭᠡᠯᠡᠵᠦ᠂ ᠬᠠᠯᠠᠭᠤᠨ ᠴᠢᠰᠤ ᠪᠦᠯᠢᠶᠡᠨ ᠠᠮᠢ ᠪᠠᠷ᠎ᠢᠶᠠᠨ ᠰᠦᠷ ᠵᠢᠪᠬᠤᠯᠠᠩᠲᠤ ᠵᠠᠯᠠᠭᠤ  ᠨᠠᠰᠤᠨ᠎ᠤ  ᠳᠠᠭᠤᠯᠠᠯ᠎ᠢ  ᠪᠢᠴᠢᠭᠯᠡᠵᠤ ᠪᠢᠯᠠ᠃

ᠰᠠᠶᠢᠬᠠᠨ ᠮᠠᠨᠳᠤᠬᠰᠠᠨ ᠤᠯᠠᠭᠠᠨ ᠨᠠᠷᠠᠠ᠎ᠤ ᠲᠤᠶᠠᠭ᠎ᠠ ᠤᠷᠤᠬᠰᠢᠯᠠᠯᠳᠠ ᠵᠢᠨ ᠵᠠᠮ᠎ᠢ ᠦᠪᠴᠢ ᠭᠡᠢᠬᠦᠯᠦᠨ᠎ᠡ᠃ ᠲᠠᠰᠤᠷᠠᠯᠳᠠ ᠦᠭᠡᠢ ᠦᠷᠭᠦᠯᠵᠢᠯᠡᠵᠦ ᠪᠠᠢᠭ᠎ᠠ ᠡᠷᠡᠮᠡᠬᠡᠢᠯᠡᠨ ᠤᠷᠤᠭᠰᠢᠯᠠᠬᠤ ᠠᠶᠠᠨ᠎ᠳᠤ᠂ 《ᠵᠠᠯᠠᠭᠤ ᠨᠠᠰᠤᠨ᠎ᠤ ᠲᠤᠬ᠍ᠰᠢᠨ ᠭᠠᠯ》 ᠢᠮᠠᠭᠲᠠ ᠳᠦᠷᠡᠯᠵᠡᠨ ᠨᠣᠴᠣᠵᠤ᠂ ᠦᠶ᠎ᠡ ᠦᠶ᠎ᠡ᠎ᠶᠢᠨ ᠳᠤᠮᠳᠠᠳᠤ ᠤᠯᠤᠰ᠎ᠤᠨ ᠵᠠᠯᠠᠭᠤᠴᠤᠳ ᠡᠬᠡ ᠤᠯᠤᠰ ᠪᠣᠯᠣᠨ ᠠᠷᠠᠳ ᠲᠦᠮᠡᠨ᠎ᠳᠡᠭᠡᠨ ᠬᠡᠬᠦᠳᠡᠭ ᠳᠦᠭᠦᠷᠡᠩ ᠴᠢᠩ ᠦᠨᠡᠨᠴᠢ ᠰᠡᠳᠬᠢᠯ᠎ᠢ᠎ᠡᠪᠦᠷᠯᠡᠵᠦ᠂ ᠢᠷᠠᠭᠤ ᠭᠠᠢᠬᠠᠮᠰᠢᠭ᠍ᠲᠤ ᠵᠠᠯᠠᠭᠤ ᠨᠠᠰᠤᠨ᠎ᠤ ᠪᠠᠳᠠᠭ ᠪᠠᠳᠠᠭ ᠠᠶ᠎ᠠ ᠳᠠᠭᠤᠤ ᠵᠢ ᠪᠢᠴᠢᠭᠯᠨᠨ ᠲᠠᠭᠤᠯᠠᠬᠰᠠᠭᠠᠷ  ᠶᠤᠮ᠃      

ᠨᠢᠭᠡ ᠦᠶ᠎ᠡ᠎ᠶᠢᠨ ᠬᠥᠮᠥᠰ ᠲᠤ᠌ ᠨᠢᠭᠡᠨ ᠦᠶ᠎ᠡ᠎ᠶᠢᠨ ᠬᠥᠮᠥᠰ᠎ᠤᠨ ᠤᠷᠳᠤ ᠵᠠᠮ᠎ᠤᠨ ᠠᠶᠠᠨ ᠲᠠᠢ᠍ᠢᠨ ᠪᠠᠢᠳᠠᠭ᠃ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠵᠠᠯᠠᠭᠤᠴᠤᠳ᠎ᠲᠤ ᠠᠪᠴᠤ ᠬᠡᠯᠡᠪᠡᠯ᠂ 《ᠤᠷᠳᠤ ᠵᠠᠮ᠎ᠤᠨ ᠠᠶᠠᠨ ᠲᠠᠢ᠍ᠢᠨ》 ᠨᠢ ᠶᠠᠭᠤ᠎ᠶᠢ ᠬᠠᠷᠠᠭᠤᠯᠵᠤ ᠪᠠᠢᠬᠤ ᠪᠤᠢ? ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠰᠢᠪᠲᠤᠯᠬᠤ᠂ ᠠᠷᠠᠳ ᠲᠦᠮᠡᠨ᠎ᠳᠦ ᠪᠤᠶᠠᠨ ᠦᠢᠯᠡᠳᠬᠦ ᠪᠣᠯ ᠬᠤᠸᠠᠩ ᠸᠸᠨ ᠰᠢᠦ ᠵᠡᠷᠭᠡ ᠲᠣᠰᠬᠣᠨ᠎ᠳᠤ ᠰᠠᠭᠤᠭ᠎ᠠ ᠺᠠᠳ᠋ᠷ᠎ᠤᠨ 《ᠰᠡᠳᠬᠢᠯ ᠵᠢᠷᠦᠬᠡᠨ᠎ᠳᠡᠬᠢ ᠤᠷᠳᠤ ᠵᠠᠮ᠎ᠤᠨ ᠠᠶᠠᠨ ᠲᠠᠢ᠍ᠢᠨ》 ᠪᠣᠯᠣᠨ᠎ᠠ; 《ᠠᠷᠢᠭᠤᠨ ᠬᠠᠢᠷ᠎ᠠ᠎ᠪᠠᠨ ᠵᠥᠪᠬᠡᠨ ᠳᠤᠮᠳᠠᠳᠤ ᠤᠯᠤᠰ ᠲᠠᠭᠠᠨ ᠵᠤᠷᠢᠭᠤᠯᠤᠨ᠎ᠠ》᠂ ᠡᠨᠡ ᠪᠤᠯ ᠴᠧᠨ ᠰᠢᠶᠠᠩ ᠷᠦᠩ ᠮᠡᠲᠦ ᠵᠢᠨ ᠬᠢᠯᠢ ᠬᠢᠵᠠᠭᠠᠷ᠎ᠢᠶᠡᠨ ᠬᠠᠮᠠᠭᠠᠯᠠᠬᠤ ᠪᠠᠢᠯᠳᠤᠭ᠍ᠴᠢᠳ᠎ᠤᠨ ᠬᠤᠪᠢᠷᠠᠰᠢ ᠦᠭᠡᠢ ᠢᠲᠡᠭᠡᠯ ᠵᠣᠷᠢᠭ᠋ ᠪᠣᠯᠣᠨ᠎ᠠ; ᠬᠦᠰᠡᠯ ᠵᠡᠭᠦᠳᠦ᠎ᠪᠡᠨ ᠬᠥᠭᠡᠭᠡᠴᠡᠯᠳᠦᠵᠦ᠂ ᠰᠢᠨ᠎ᠡ᠎ᠶᠢ ᠡᠭᠦᠳᠬᠦ ᠨᠣᠶᠠᠨ ᠤᠷᠬᠢᠯ᠎ᠳᠤ ᠵᠣᠷᠢᠭ᠍ᠲᠠᠢ ᠠᠪᠠᠷᠢᠬᠤ ᠪᠣᠯ ᠥᠷᠭᠡᠨ ᠤᠯᠠᠨ ᠵᠠᠯᠠᠭᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠠᠵᠢᠯᠲᠠᠳ᠎ᠤᠨ ᠴᠥᠬᠥᠷᠡᠰᠢ ᠦᠭᠡᠢ ᠬᠥᠭᠡᠭᠡᠴᠡᠯᠳᠦᠯ ᠮᠥᠨ ᠁

ᠰᠢᠨ᠎ᠡ ᠤᠷᠳᠤ ᠵᠠᠮ᠎ᠤᠨ ᠠᠶᠠᠨ ᠲᠠᠢ᠍ᠢᠨ᠎ᠦ ᠵᠠᠮ ᠳᠡᠭᠡᠷ᠎ᠡ᠂ ᠰᠢᠨ᠎ᠡ ᠴᠠᠭ ᠦᠶ᠎ᠡ ᠨᠢ ᠥᠷᠭᠡᠨ ᠤᠯᠠᠨ ᠵᠠᠯᠠᠭᠤᠴᠤᠳ᠎ᠲᠤ ᠰᠢᠨ᠎ᠡ ᠵᠠᠯᠠᠭᠤ ᠨᠠᠰᠤᠨ᠎ᠤ ᠰᠡᠳᠦᠪ᠎ᠢ ᠳᠤᠷᠠᠳᠪᠠ᠄ ᠬᠡᠷᠬᠢᠨ ᠮᠡᠳᠡᠯᠭᠡ᠎ᠪᠡᠨ ᠨᠡᠮᠡᠭᠳᠡᠭᠦᠯᠵᠦ᠂ ᠵᠠᠩ ᠴᠢᠨᠠᠷ᠎ᠢᠶᠠᠨ ᠳᠠᠪᠲᠠᠨ ᠪᠣᠯᠪᠠᠰᠤᠷᠠᠭᠤᠯᠵᠤ᠂ ᠵᠢᠩᠬᠢᠨᠢ ᠡᠷᠳᠡᠮ ᠴᠢᠳᠠᠪᠤᠷᠢ᠎ᠪᠠᠷ᠎ᠢᠶᠠᠨ ᠠᠷᠠᠳ ᠲᠦᠮᠡᠨ᠎ᠳᠦ ᠦᠢᠯᠡᠴᠢᠯᠡᠵᠦ᠂ ᠰᠢᠨ᠎ᠡ᠎ᠶᠢ ᠡᠭᠦᠳᠬᠦ ᠡᠭᠦᠳᠦᠨ ᠪᠦᠲᠦᠭᠡᠯᠳᠡ᠎ᠪᠡᠷ ᠤᠯᠤᠰ ᠣᠷᠣᠨ᠎ᠳᠠᠭᠠᠨ ᠬᠤᠪᠢ ᠨᠡᠮᠡᠷᠢ ᠦᠵᠡᠭᠦᠯᠬᠦ ᠪᠤᠢ? ᠬᠡᠷᠬᠢᠨ ᠡᠭᠡᠯ ᠵᠢᠷ᠎ᠦᠨ ᠠᠵᠢᠯ᠎ᠤᠨ ᠪᠠᠢᠷᠢ ᠳᠡᠭᠡᠷ᠎ᠡ ᠪᠠᠨ ᠶᠡᠷᠦ ᠪᠤᠰᠤ᠎ᠶᠢᠨ ᠠᠮᠵᠢᠯᠲᠠ ᠪᠦᠲᠦᠮᠵᠢ ᠭᠠᠷᠭᠠᠵᠤ᠂ ᠴᠠᠭ ᠦᠶ᠎ᠡ᠎ᠶᠢᠨ ᠠᠵᠠ  ᠲᠣᠬᠢᠶᠠᠯ᠎ᠢ  ᠡᠵᠡᠮᠳᠡᠨ ᠭᠠᠪᠢᠶ᠎ᠠ ᠵᠢᠳᠬᠦᠯ ᠪᠠᠢᠭᠤᠯᠬᠤ ᠪᠤᠢ? ᠵᠠᠯᠠᠭᠤ ᠨᠠᠰᠤ᠎ᠪᠠᠨ ᠬᠥᠰᠡᠷᠳᠡᠭᠦᠯᠬᠦ ᠦᠭᠡᠢ᠂ ᠴᠠᠭ ᠦᠶ᠎ᠡ᠎ᠶᠢ ᠬᠥᠰᠡᠷᠳᠡᠭᠦᠯᠬᠦ ᠦᠭᠡᠢ᠂ ᠠᠷᠠᠳ ᠲᠦᠮᠡᠨ᠎ᠢ ᠬᠥᠰᠡᠷᠳᠡᠭᠦᠯᠬᠦ ᠦᠭᠡᠢ ᠪᠠᠢᠵᠤ᠂ ᠵᠠᠯᠠᠭᠤ ᠨᠠᠰᠤᠨ᠎ᠤ ᠤᠷᠤᠯᠳᠤᠭᠠᠨ᠎ᠤ ᠵᠠᠮ ᠳᠡᠭᠡᠷ᠎ᠡ ᠴᠢᠷᠮᠠᠢᠨ ᠲᠡᠮᠡᠴᠡᠵᠦ᠂ ᠤᠳᠤ ᠦᠶ᠎ᠡ᠎ᠶᠢᠨ ᠵᠠᠯᠠᠭᠤᠴᠤᠳ᠎ᠤᠨ ᠬᠠᠮᠤᠭ᠎ᠤᠨ ᠰᠠᠢᠨ ᠬᠢᠷᠢ ᠪᠦᠲᠦᠮᠵᠢ᠎ᠶᠢ ᠲᠡᠮᠡᠴᠡᠨ ᠣᠯᠤᠨ᠎ᠡ — ᠡᠨᠡ ᠪᠤᠯ ᠲᠠᠷᠤᠢ ᠵᠠᠯᠠᠭᠤ ᠨᠢᠭᠡ ᠦᠶ᠎ᠡ᠎ᠶᠢᠨ ᠬᠢᠨ᠎ᠦ ᠵᠣᠷᠢᠭ᠋ ᠰᠢᠭᠤᠳᠤᠨ ᠤᠷᠤᠭᠰᠢᠯᠠᠬᠤ 《ᠤᠷᠳᠤ ᠵᠠᠮ᠎ᠤᠨ ᠠᠶᠠᠨ ᠲᠠᠢ᠍ᠢᠨ 》 ᠪᠣᠯᠣᠨ᠎ᠠ᠃

《ᠠᠭᠤᠤ ᠶᠡᠬᠡ ᠠᠶᠠᠨ ᠲᠠᠢ᠍ᠢᠨ — ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ᠎ᠤ ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠍ᠢᠨ᠎ᠦ ᠢᠯᠠᠯᠲᠠ ᠣᠯᠣᠭᠰᠠᠨ 90 ᠵᠢᠯ᠎ᠦᠨ ᠤᠢ᠎ᠶᠢ ᠳᠤᠷᠠᠰᠬᠠᠬᠤ ᠭᠣᠣᠯ ᠰᠡᠳᠦᠪᠲᠦ ᠦᠵᠡᠰᠭᠦᠯᠡᠩ》᠎ᠤᠨ ᠭᠠᠷᠬᠤ ᠡᠬᠦᠳᠡᠨ᠎ᠳᠤ᠂ ᠦᠭᠡ ᠦᠯᠡᠳᠡᠭᠡᠬᠦ ᠳᠡᠪᠲᠡᠷ ᠳᠡᠭᠡᠷ᠎ᠡ ᠦᠵᠡᠭᠴᠢᠳ ᠲᠣᠭᠣᠷᠢᠨ ᠦᠵᠡᠭᠰᠡᠨ᠎ᠦ ᠳᠠᠷᠠᠭᠠᠬᠢ ᠲᠥᠷᠥᠭᠳᠡᠯ᠎ᠢᠶᠡᠨ ᠪᠢᠴᠢᠵᠦ ᠦᠯᠡᠳᠡᠬᠡᠵᠤ ᠪᠠᠢᠯ᠎ᠠ᠃ 《ᠠᠭᠤᠤ ᠶᠡᠬᠡ ᠤᠷᠳᠤ ᠵᠠᠮ᠎ᠤᠨ ᠠᠶᠠᠨ ᠲᠠᠢ᠍ᠢᠨ᠎ᠦ ᠵᠣᠷᠢᠭ᠋ ᠰᠠᠨᠠᠭ᠎ᠠ᠎ᠶᠢ ᠪᠠᠳᠠᠷᠠᠭᠤᠯᠵᠤ ᠂ ᠰᠢᠨ᠎ᠡ ᠴᠠᠭ ᠦᠶ᠎ᠡ᠎ᠶᠢᠨ ᠵᠠᠯᠠᠭᠤᠴᠤᠳ᠎ᠤᠨ ᠤᠷᠳᠤ ᠵᠠᠮ᠎ᠤᠨ ᠠᠶᠠᠨ ᠲᠠᠢ᠍ᠢᠨ᠎ᠢ ᠰᠠᠢᠲᠤᠷ ᠬᠢᠬᠦ ᠬᠡᠷᠡᠭᠲᠡᠢ》᠂ 《ᠠᠭᠤᠤ ᠶᠡᠬᠡ ᠤᠷᠳᠤ ᠵᠠᠮ᠎ᠤᠨ ᠠᠶᠠᠨ ᠲᠠᠢ᠍ᠢᠨ᠎ᠦ ᠵᠣᠷᠢᠭ᠋ ᠰᠠᠨᠠᠭ᠎ᠠ ᠨᠢ ᠳᠤᠮᠳᠠᠳᠤ᠎ᠶᠢᠨ ᠬᠥᠪᠡᠭᠦᠳ ᠥᠬᠢᠳ᠎ᠦᠨ ᠳᠤᠮᠳᠠᠳᠤ ᠤᠯᠤᠰ᠎ᠢᠶᠠᠨ ᠬᠥᠭᠵᠢᠭᠦᠯᠦᠨ ᠮᠠᠨᠳᠤᠭᠤᠯᠬᠤ᠎ᠶᠢᠨ ᠲᠥᠯᠥᠭᠡ ᠴᠢᠷᠮᠠᠢᠨ ᠲᠡᠮᠡᠴᠡᠬᠦ᠎ᠶᠢ ᠡᠭᠦᠷᠢᠳᠡ ᠵᠣᠷᠢᠭ᠍ᠵᠢᠭᠤᠯᠤᠨ᠎ᠠ》 ᠁

ᠡᠭᠦᠷᠭᠡ ᠬᠠᠷᠢᠭᠤᠴᠠᠯᠭ᠎ᠠ ᠠᠭᠤᠯᠠ ᠮᠡᠲᠦ ᠬᠦᠨᠳᠤ᠂ ᠳᠤᠮᠳᠠᠳᠤ ᠤᠯᠤᠰ᠎ᠤᠨ ᠵᠠᠯᠠᠭᠤᠴᠤᠳ ᠬᠦᠨᠳᠦ ᠡᠭᠦᠷᠭᠡ᠎ᠶᠢ ᠵᠣᠷᠢᠭ᠍ᠲᠠᠢ ᠡᠭᠦᠷᠭᠡᠯᠡᠨ᠎ᠡ; ᠲᠦᠮᠡᠨ ᠭᠠᠵᠠᠷ᠎ᠤᠨ ᠤᠷᠳᠤ ᠠᠶᠠᠨ᠂ ᠴᠤᠬ ᠵᠤᠷᠢᠭ ᠪᠠᠳᠠᠷᠠᠩᠭᠤᠢ ᠳᠤᠮᠳᠠᠳᠤ ᠤᠯᠤᠰ ᠴᠤᠴᠠᠯᠲᠠ ᠦᠭᠡᠢ  ᠤᠷᠤᠭᠰᠢᠯᠠᠨ᠎ᠠ!

(ᠲᠤᠯᠤᠭ᠎ᠠ)

ᠤᠷᠳᠤ ᠵᠠᠮ᠎ᠤᠨ ᠠᠶᠠᠨ ᠲᠠᠢ᠍ᠢᠨ ᠶᠠᠭᠠᠬᠢᠭᠠᠳ ᠡᠭᠦᠷᠢᠳᠡ ᠵᠤᠬᠰᠤᠰᠢ ᠦᠬᠡᠢ ᠪᠠᠢᠳᠠᠭ ᠪᠤᠢ? ᠤᠭ ᠰᠠᠨᠠᠭ᠎ᠠ ᠶᠠᠭᠠᠬᠢᠭᠠᠳ ᠥᠨᠢᠳᠡ ᠮᠥᠩᠬᠡᠷᠡᠬᠦ ᠪᠤᠢ? ᠰᠠᠯᠬᠢ ᠪᠣᠷᠣᠭᠠᠨ᠎ᠳᠤ ᠰᠠᠭᠠᠲᠠᠯ ᠦᠭᠡᠢ ᠲᠠᠬᠢᠨ ᠮᠣᠷᠳᠠᠬᠤ ᠳᠤᠮᠳᠠ᠂ ᠰᠦᠷ ᠳᠠᠯᠠᠢᠴᠠᠲᠠᠢ ᠠᠶᠠᠨ᠎ᠳᠤ᠂ ᠳᠤᠮᠳᠠᠳᠤ ᠤᠯᠤᠰ᠎ᠤᠨ ᠡᠪ ᠬᠠᠮᠲᠤᠴᠤᠳ ᠠᠷᠠᠳ ᠲᠦᠮᠡᠨ᠎ᠢ ᠳᠠᠭᠠᠭᠤᠯᠤᠨ ᠳᠤᠮᠳᠠᠳᠤ᠎ᠶᠢᠨ ᠦᠨᠳᠦᠰᠦᠲᠡᠨ᠎ᠦ ᠬᠡᠳᠦᠨ ᠮᠢᠩᠭᠠᠨ ᠵᠢᠯ᠎ᠦᠨ ᠲᠡᠦᠬᠡᠨ ᠳᠡᠭᠡᠷᠡᠬᠢ ᠬᠠᠮᠤᠭ᠎ᠤᠨ ᠠᠤᠭ᠎ᠠ ᠰᠦᠷᠯᠢᠭ ᠲᠤᠤᠯᠢᠰ᠎ᠢ  ᠪᠢᠴᠢᠭᠯᠡᠪᠡ᠃

1934 ᠣᠨ᠎ᠤ 10 ᠰᠠᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠥᠪ᠎ᠦᠨ ᠬᠤᠪᠢᠰᠬᠠᠯ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠲᠥᠪ᠎ᠦᠨ ᠤᠯᠠᠭᠠᠨ ᠴᠡᠷᠢᠭ᠎ᠦᠨ ᠭᠣᠣᠯ ᠬᠦᠴᠦᠨ ᠵᠡᠷᠭᠡ᠎ᠶᠢ ᠳᠠᠭᠠᠭᠤᠯᠤᠨ ᠰᠥᠨᠢ᠎ᠲᠦᠯᠢ ᠪᠡᠷ ᠢᠦᠢ ᠳᠥ ᠾᠧ ᠭᠣᠣᠯ᠎ᠢ ᠭᠠᠲᠤᠯᠵᠤ᠂ ᠲᠤᠢᠯ᠎ᠤᠨ ᠪᠡᠷᠬᠡ ᠬᠠᠲᠠᠭᠤᠵᠢᠯᠲᠠᠢ ᠠᠭᠤᠤ ᠶᠡᠬᠡ ᠠᠶᠠᠨ ᠳᠠᠢ᠍ᠢᠨ᠎ᠢ ᠬᠢᠪᠡ᠃

1949 ᠣᠨ᠎ᠤ 3 ᠰᠠᠷ᠎ᠠ᠎ᠳᠤ᠂ ᠨᠠᠮ᠎ᠤᠨ ᠳᠣᠯᠣᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠬᠣᠶᠠᠳᠤᠭᠠᠷ ᠪᠥᠬᠥᠳᠡ ᠬᠤᠷᠠᠯ ᠳᠡᠭᠡᠷ᠎ᠡ᠂ ᠮᠠᠤ ᠽᠧ ᠳ᠋ᠦᠩ ᠨᠥᠬᠥᠷ᠎ᠡᠴᠡ᠄ 《ᠪᠦᠬᠦ ᠤᠯᠤᠰ᠎ᠤᠨ ᠢᠯᠠᠯᠲᠠ᠎ᠶᠢ ᠲᠡᠮᠡᠴᠡᠨ ᠣᠯᠤᠬᠰᠠᠨ ᠨᠢ ᠲᠦᠮᠡᠨ ᠭᠠᠵᠠᠷ᠎ᠤᠨ ᠤᠷᠲᠦ ᠵᠠᠮ᠎ᠤᠨ ᠠᠶᠠᠨ ᠲᠠᠢ᠍ᠢᠨ᠎ᠦ ᠲᠦᠷᠦᠬᠦᠦ ᠠᠯᠬᠤᠮ᠎ᠢ ᠠᠯᠬᠤᠬᠰᠠᠨ ᠲᠡᠳᠦᠢ ᠶᠤᠮ》 ᠭᠡᠵᠦ ᠪᠦᠬᠦ ᠨᠠᠮ᠎ᠳᠤ ᠰᠡᠷᠡᠮᠵᠢᠯᠡᠭᠦᠯᠪᠡ᠃ ᠳᠠᠷᠠᠭ᠎ᠠ ᠨᠢ᠂ ᠮᠠᠤ ᠽᠸ ᠳ᠋ᠦᠩ ᠨᠥᠬᠥᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠪᠠᠢᠭᠤᠯᠭ᠎ᠠ᠎ᠶᠢ ᠳᠠᠭᠠᠭᠤᠯᠤᠨ ᠰᠢ ᠪᠠᠢ ᠫᠦᠸᠸ ᠡᠴᠡ ᠰᠠᠯᠵᠤ ᠪᠸᠢᠢᠫᠢᠩ ᠵᠦᠭ ᠮᠣᠷᠳᠠᠵᠤ᠂ 《ᠪᠡᠭᠡᠵᠢᠩ᠎ᠳᠦ ᠬᠦᠷᠴᠦ ᠰᠢᠯᠭᠠᠯᠲᠠ᠎ᠳᠤ ᠣᠷᠣᠯᠴᠠᠬᠤ》 ᠵᠠᠮ᠎ᠢᠶᠡᠷ ᠤᠷᠤᠭᠰᠢᠯᠠᠪᠠ᠃

1992 ᠣᠨ᠎ᠤ ᠬᠠᠪᠤᠷ᠂ ᠳ᠋ᠧᠩ ᠰᠢᠶᠣᠣ ᠫᠢᠩ ᠨᠥᠬᠥᠷ ᠡᠮᠦᠨᠡᠲᠦ ᠣᠷᠣᠨ᠎ᠳᠤ ᠰᠢᠨᠵᠢᠯᠠᠨ ᠪᠠᠢᠴᠠᠭᠠᠬᠤ ᠦᠶ᠎ᠠ ᠳ᠋ᠤ ᠶᠠᠷᠢᠬᠰᠠᠨ ᠶᠠᠷᠢᠶᠠᠨ᠎ᠳᠠᠭᠠᠨ᠄ 《ᠦᠴᠦᠬᠡᠨ ᠴᠤ᠌ ᠭᠠᠪᠰᠢᠭᠠᠢᠯᠠᠨ ᠤᠷᠤᠬᠤ ᠵᠣᠷᠢᠭ᠋ ᠰᠠᠨᠠᠭ᠎ᠠ ᠦᠭᠡᠢ᠂ ᠥᠴᠥᠬᠡᠨ ᠴᠦ᠍ 〈ᠭᠡᠨᠡᠨ ᠶᠠᠪᠤᠳᠠᠯ ᠬᠢᠬᠦ〉 ᠵᠣᠷᠢᠭ ᠰᠠᠨᠠᠭ᠎ᠠ ᠦᠭᠡᠢ᠂ ᠥᠴᠥᠬᠡᠨ ᠴᠦ᠍ ᠡᠷᠴᠢ ᠵᠣᠷᠢᠭ᠋ ᠦᠭᠡᠢ  ᠪᠣᠯ  ᠰᠠᠢᠨ ᠵᠠᠮ᠎ᠢ ᠨᠡᠬᠡᠬᠡᠵᠤ  ᠴᠢᠳᠠᠬᠤ  ᠦᠭᠡᠢ᠂ ᠰᠢᠨ᠎ᠡ ᠵᠠᠮ᠎ᠢ  ᠨᠡᠬᠡᠬᠡᠵᠤ ᠴᠢᠳᠠᠬᠤ ᠦᠭᠡᠢ᠂ ᠰᠢᠨ᠎ᠡ ᠦᠢᠯᠡᠰ᠎ᠢ ᠪᠦᠲᠦᠭᠡᠵᠦ ᠴᠢᠳᠠᠬᠤ ᠦᠭᠡᠢ ᠶᠤᠮ》 ᠭᠡᠵᠦ ᠴᠢᠬᠤᠯᠠᠴᠢᠯᠠᠪᠠ᠃

2022 ᠣᠨ᠎ᠤ 10 ᠰᠠᠷ᠎ᠠ᠎ᠳᠤ᠂ ᠨᠠᠮ᠎ᠤᠨ ᠬᠣᠷᠢᠳᠤᠭᠠᠷ ᠶᠡᠬᠡ ᠬᠤᠷᠠᠯ ᠲᠡᠭᠦᠰᠦᠭᠡᠳ ᠨᠢᠭᠡ ᠭᠠᠷᠠᠭ ᠪᠣᠯᠤᠭ᠎ᠠ ᠦᠭᠡᠢ᠎ᠪᠡᠷ᠂ ᠶᠡᠷᠦᠩᠬᠡᠢ ᠱᠦᠵᠢ ᠰᠢ ᠵᠢᠨ ᠫᠢᠩ ᠰᠢᠨ᠎ᠡ ᠨᠢᠭᠡ ᠬᠤᠭᠤᠴᠠᠭᠠᠨ᠎ᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠦᠷᠦ᠎ᠶᠢᠨ ᠲᠣᠪᠴᠢᠶᠠᠨ᠎ᠤ ᠪᠠᠢᠩᠭᠤ᠎ᠶᠢᠨ ᠬᠤᠷᠢᠢ᠎ᠠ ᠵᠢᠨ ᠭᠡᠰᠢᠭᠦᠳ᠎ᠢ ᠳᠠᠭᠠᠭᠤᠯᠤᠨ ᠶᠠᠨ ᠠᠨ᠎ᠤ ᠬᠤᠪᠢᠰᠬᠠᠯ᠎ᠤᠨ ᠳᠤᠷᠠᠰᠬᠠᠯ᠎ᠤᠨ ᠭᠠᠵᠠᠷ᠎ᠲᠤ ᠪᠠᠷᠠᠳᠠᠵᠤ᠂ 《ᠪᠢᠳᠡ ᠰᠢᠨ᠎ᠡ ᠠᠶᠠᠨ᠎ᠳᠠᠭᠠᠨ ᠮᠣᠷᠳᠠᠵᠤ᠂ ᠰᠢᠨ᠎ᠡ ᠲᠡᠮᠡᠴᠡᠯ᠎ᠤᠨ ᠬᠠᠷᠠᠯᠲᠠ ᠵᠦᠭ ᠮᠣᠷᠳᠠᠵᠠᠭᠠᠶ᠎ᠠ!》 ᠬᠡᠬᠦ ᠠᠭᠤᠤ ᠶᠡᠬᠡ ᠤᠷᠢᠶᠠᠯᠠᠭ᠎ᠠ ᠵᠢ ᠭᠠᠷᠭᠠᠪᠠ᠃

《ᠰᠦᠷᠯᠢᠭ ᠪᠣᠭᠣᠮᠲᠠ᠎ᠶᠢ ᠲᠡᠮᠦᠷ ᠮᠡᠲᠦ ᠬᠠᠳᠠᠭᠤ ᠬᠡᠮᠡᠨ ᠪᠢᠲᠡᠭᠡᠢ ᠬᠡᠯᠡᠭᠲᠦᠨ᠂ ᠰᠦᠷᠳᠤ ᠠᠯᠬᠤᠯᠳᠠ ᠪᠡᠷ ᠡᠳᠦᠭᠡ ᠪᠢᠳᠡ ᠲᠡᠭᠡᠭᠦᠷ ᠢᠨᠤ ᠲᠠᠪᠠᠮᠤᠢ》᠃ ᠲᠦᠷᠦᠭᠦᠬᠡᠨ᠂ G3998 ᠡᠬᠡᠯᠵᠢ᠎ᠶᠢᠨ ᠰᠡᠷᠭᠦᠨ ᠮᠠᠨᠳᠤᠯᠲᠠ ᠨᠡᠷᠡᠮᠵᠢᠲᠦ ᠭᠠᠯᠲᠤ ᠲᠡᠷᠭᠡ  ᠷᠦᠢᠵᠢᠨ ᠡᠴᠡ ᠮᠣᠷᠳᠠᠨ ᠶᠠᠨ ᠠᠨ ᠵᠦᠭ ᠠᠶᠠᠯᠠᠪᠠ᠃ ᠵᠢᠶᠠᠩᠰᠢ᠎ᠶᠢᠨ ᠡᠮᠦᠨᠡᠲᠦ ᠬᠡᠰᠡᠭ᠎ᠡᠴᠡ ᠱᠠᠨᠱᠢ᠎ᠶᠢᠨ ᠬᠤᠢᠲᠦ ᠬᠡᠰᠡᠭ ᠬᠦᠷᠲᠡᠯ᠎ᠡ᠂ ᠵᠠᠮ ᠲᠤᠵᠢ ᠤᠮᠠᠷᠠᠰᠢ ᠴᠢᠭᠯᠡᠵᠦ᠂ ᠢᠷᠠᠭᠤ ᠠᠯᠳᠠᠷ᠎ᠢ ᠦᠷᠭᠦᠯᠵᠢᠯᠡᠬᠦᠯᠦᠨ ᠵᠠᠯᠭᠠᠮᠵᠢᠯᠠᠨ᠎ᠠ᠂ ᠡᠨᠡ ᠪᠣᠯ ᠠᠭᠤᠤ ᠶᠡᠬᠡ ᠤᠷᠳᠤ ᠵᠠᠮ᠎ᠤᠨ ᠠᠶᠠᠨ ᠲᠠᠢ᠍ᠢᠨ᠎ᠦ ᠲᠤᠬᠠᠢ ᠭᠦᠨ ᠬᠠᠢᠷ᠎ᠠ ᠵᠢᠨ ᠡᠷᠬᠢᠮ ᠲᠡᠬᠡᠳᠤ ᠬᠦᠨᠳᠦᠳᠬᠡᠯ ᠪᠣᠯᠣᠨ᠎ᠠ᠂ ᠨᠡᠩ ᠴᠤ᠌ ᠰᠠᠢᠨ ᠰᠠᠢᠬᠠᠨ ᠢᠷᠡᠭᠡᠳᠦᠢ ᠵᠦᠭ ᠰᠦᠷ ᠳᠠᠯᠠᠢᠴᠠᠲᠠᠢ ᠤᠷᠤᠭᠰᠢᠯᠠᠬᠤ ᠪᠤᠯᠤᠨ᠎ᠠ᠃

ᠤᠷᠤᠭᠰᠢᠯᠠᠯᠲᠠ᠎ᠶᠢᠨ ᠵᠠᠮ᠎ᠢᠶᠡᠷ ᠶᠠᠪᠤᠬᠤ᠎ᠳᠠᠭᠠᠨ ᠶᠠᠪᠤᠵᠤ ᠢᠷᠡᠭᠰᠡᠨ ᠵᠠᠮ᠎ᠢᠶᠠᠨ ᠮᠠᠷᠲᠠᠵᠤ ᠪᠣᠯᠬᠤ ᠦᠭᠡᠢ᠂ ᠶᠠᠭᠤᠨ᠎ᠳᠤ ᠮᠣᠷᠳᠠᠭᠰᠠᠨ᠎ᠢᠶᠠᠨ ᠮᠠᠷᠲᠠᠵᠤ ᠪᠣᠯᠬᠤ ᠦᠭᠡᠢ᠃ ᠤᠷᠳᠤ ᠵᠠᠮ᠎ᠤᠨ ᠠᠶᠠᠨ ᠲᠠᠢ᠍ᠢᠨ᠎ᠦ ᠵᠠᠮ᠎ᠢᠶᠠᠷ᠂ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ᠎ᠶᠢᠨ ᠦᠨᠳᠦᠰᠦᠲᠡᠨ᠎ᠢ ᠳᠠᠭᠠᠭᠤᠯᠤᠨ ᠭᠠᠰᠠᠯᠠᠩ ᠵᠣᠪᠠᠯᠠᠩ᠎ᠡᠴᠡ ᠭᠡᠷᠡᠯ ᠰᠠᠴᠤᠷᠠᠩᠭᠤᠢ ᠲᠡᠢᠰᠢ ᠤᠷᠤᠭᠰᠢᠯᠠᠵᠤ᠂ ᠮᠥᠬᠥᠯ᠎ᠡᠴᠡ ᠰᠡᠷᠭᠦᠨ ᠮᠠᠨᠳᠤᠯᠲᠠ ᠲᠡᠢᠰᠢ ᠤᠷᠤᠭᠰᠢᠯᠠᠵᠤ᠂ ᠲᠡᠦᠬᠡ᠎ᠡᠴᠡ ᠢᠷᠡᠭᠡᠳᠦᠢ ᠲᠡᠢᠰᠢ ᠤᠷᠤᠭᠰᠢᠯᠠᠪᠠ᠃ ᠰᠢᠨ᠎ᠡ ᠴᠠᠭ ᠦᠶ᠎ᠡ ᠰᠢᠨ᠎ᠡ ᠠᠶᠠᠨ᠎ᠳᠤ᠂ ᠪᠢᠳᠠ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ᠎ᠶᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠂ ᠠᠭᠤᠤ ᠶᠡᠬᠡ ᠤᠷᠳᠤ ᠵᠠᠮ᠎ᠤᠨ ᠠᠶᠠᠨ ᠲᠠᠢ᠍ᠢᠨ᠎ᠦ ᠵᠣᠷᠢᠭ᠋ ᠰᠠᠨᠠᠭ᠎ᠠ᠎ᠶᠢ ᠶᠡᠬᠡ᠎ᠪᠡᠷ ᠪᠠᠳᠠᠷᠠᠭᠤᠯᠵᠤ᠂ ᠨᠢᠬᠡ ᠨᠢᠬᠡ ᠠᠯᠬᠤᠮ ᠠᠯᠬᠤᠮ᠎ᠢᠶᠠᠷ ᠯᠠᠪᠳᠠᠭᠤᠨ ᠪᠠᠲᠤᠲᠠᠢ ᠤᠷᠤᠭᠰᠢᠯᠠᠵᠤ᠂ ᠠᠶᠠᠨ᠎ᠪᠦᠬᠦᠨ᠎ᠳᠡᠭᠡᠨ ᠡᠷᠡᠮᠡᠬᠡᠢᠯᠡᠨ ᠤᠷᠤᠭᠰᠢᠯᠠᠶ᠎ᠠ᠂ ᠠᠮᠵᠢᠯᠲᠠ ᠪᠦᠲᠦᠮᠵᠢ ᠯᠠᠪᠲᠠᠢ ᠠᠭᠤᠤ ᠶᠡᠬᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠢ᠂ ᠠᠭᠤᠤ ᠶᠡᠬᠡ ᠳᠤᠮᠳᠠᠳᠤ ᠤᠯᠤᠰ᠎ᠤᠨ ᠠᠷᠠᠳ ᠲᠦᠮᠡᠨ᠎ᠤ ᠬᠢ᠂ ᠠᠭᠤᠤ ᠶᠡᠬᠡ ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠬᠢ ᠪᠣᠯᠬᠤ ᠶᠤᠮ!

(ᠰᠢᠨᠬᠤᠸᠠ ᠬᠤᠷᠢᠶ᠎ᠠ ᠵᠢᠨ ᠪᠡᠭᠡᠵᠢᠩ᠎ᠦᠨ 10 ᠰᠠᠷ᠎ᠠ᠎ᠶᠢᠨ 18᠎ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面