2026-10-21 11:08:46
2026 ᠣᠨ᠎ᠤ ᠲᠦᠷᠦᠭᠦᠦ ᠭᠤᠷᠪᠠᠨ ᠤᠯᠠᠷᠢᠯ᠎ᠳᠤ ᠥᠪᠥᠷ ᠮᠣᠩᠭᠣᠯ 1684.74 ᠲᠦᠮᠡᠨ ᠮᠥ᠍ ᠡᠯᠡᠰᠦᠷᠭᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠵᠤ᠂ ᠣᠨ᠎ᠤ ᠡᠭᠦᠷᠭᠡ᠎ᠪᠡᠨ 112.28% ᠪᠡᠷ ᠪᠡᠶᠡᠯᠡᠬᠦᠯᠪᠡ; 《ᠠᠵᠢᠯ ᠣᠯᠭᠣᠯᠳᠠ᠎ᠪᠠᠷ ᠲᠡᠳᠬᠦᠮᠵᠢ᠎ᠶᠢ ᠣᠷᠣᠯᠠᠭᠤᠯᠬᠤ》 ᠵᠠᠭᠪᠤᠷ ᠢ ᠳᠡᠯᠭᠡᠷᠡᠭᠦᠯᠵᠦ᠍᠂ 4.59 ᠲᠦᠮᠡᠨ ᠮᠠᠯᠴᠢᠨ ᠲᠠᠷᠢᠶᠠᠴᠢᠨ᠎ᠢ ᠳᠠᠶ᠋ᠢᠴᠢᠯᠠᠨ ᠡᠯᠡᠰᠦᠷᠭᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ᠎ᠳᠤ ᠣᠷᠣᠯᠴᠠᠭᠤᠯᠵᠤ᠂ 3.84 ᠳ᠋ᠦᠩᠰᠢᠭᠤᠷ ᠲᠥᠭᠥᠷᠢᠭ᠎ᠦᠨ ᠬᠥᠳᠡᠯᠮᠦᠷᠢ᠎ᠶᠢᠨ ᠬᠥᠯᠥᠰᠥ᠍ ᠣᠯᠭᠣᠮᠵᠢ ᠣᠯᠭᠣᠵᠤ᠂ ᠣᠯᠠᠨ ᠲᠦᠮᠡᠨ ᠭᠡᠷ᠎ᠦᠨ ᠡᠭᠦᠳᠡᠨ ᠳ᠋ᠦ ᠪᠡᠨ ᠠᠵᠢᠯ ᠣᠯᠵᠤ ᠣᠷᠣᠯᠭ᠎ᠠ᠎ᠪᠠᠨ ᠨᠡᠮᠡᠭᠳᠡᠭᠦᠯᠪᠡ᠃ ᠵᠠᠰᠠᠯᠲᠠ᠎ᠪᠠᠷ ᠲᠠᠮᠵᠢᠨ ᠤᠯᠠᠭᠠᠨᠰᠤᠬᠠᠢ᠎ᠶᠢᠨ ᠤᠰᠤᠨ᠎ᠤ ᠴᠢᠨᠠᠷ V ᠲᠥᠷᠥᠯ᠎ᠡᠴᠡ ᠳᠡᠭᠡᠭᠰᠢ᠎ᠳᠤ ᠲᠣᠭᠲᠠᠪᠤᠷᠢᠵᠢᠵᠤ᠂ ᠬᠥᠯᠥᠨ ᠨᠠᠭᠤᠷ᠂ ᠲᠠᠭ᠎ᠠ᠎ᠶᠢᠨ ᠨᠠᠭᠤᠷ᠎ᠢ ᠤᠯᠤᠰ᠎ᠤᠨ ᠤᠰᠤᠨ᠎ᠤ ᠠᠮᠢ ᠠᠬᠤᠶ᠎ᠶᠢᠨ ᠬᠢᠨᠠᠨ ᠬᠡᠮᠵᠢᠯᠲᠡ᠎ᠶᠢᠨ ᠲᠤᠷᠰᠢᠯᠲᠠ᠎ᠶᠢᠨ ᠴᠡᠭ᠎ᠦᠨ ᠨᠠᠭᠤᠷᠲᠤ᠌ ᠣᠷᠣᠭᠤᠯᠵᠤ᠂ 《ᠬᠥᠯᠥᠨ ᠨᠠᠭᠤᠷ ᠤᠯᠠᠭᠠᠨᠰᠤᠬᠠᠢ ᠲᠠᠭ᠎ᠠ᠎ᠶᠢᠨ ᠨᠠᠭᠤᠷ》 ᠤ᠋ᠨ ᠰᠠᠪᠠ ᠭᠠᠵᠠᠷ᠎ᠤᠨ ᠤᠷᠭᠤᠮᠠᠯ᠎ᠤᠨ ᠪᠦᠷᠬᠦᠴᠡ ᠪᠣᠯᠤᠨ ᠵᠢᠭᠠᠰᠤᠨ᠎ᠤ ᠲᠥᠷᠥᠯ᠂ ᠰᠢᠪᠠᠭᠤᠨ᠎ᠤ ᠲᠥᠷᠥᠯ ᠵᠡᠷᠭᠡ ᠠᠮᠢᠳᠤ ᠪᠣᠳᠠᠰ᠎ᠤᠨ ᠲᠥᠷᠥᠯ ᠲᠣᠭᠲᠠᠭᠤᠨ᠎ᠢᠶᠠᠷ ᠨᠡᠮᠡᠭᠳᠡᠪᠡ ᠁
ᠡᠨᠡ ᠵᠢᠯ ᠪᠣᠯ ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ᠎ᠤ ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠌ᠨ᠎ᠦ ᠢᠯᠠᠯᠲᠠ ᠣᠯᠤᠭᠰᠠᠨ 90 ᠵᠢᠯ᠎ᠦᠨ ᠤᠢ ᠪᠣᠯᠤᠨ᠎ᠠ᠃ ᠶᠡᠷᠡᠡ ᠵᠢᠯ᠎ᠦᠨ ᠬᠤᠭᠤᠴᠠᠭᠠᠨ᠎ᠳᠦ᠂ ᠥᠪᠥᠷ ᠮᠣᠩᠭᠣᠯ᠎ᠤᠨ ᠡᠬᠡ ᠭᠠᠵᠠᠷ᠎ᠲᠤ᠌᠂ ᠣᠷᠳᠣ ᠵᠠᠮ᠎ᠤᠨ ᠠᠶᠠᠨ ᠲᠡᠶ᠋ᠢᠨ ᠦ ᠵᠣᠷᠢᠭ ᠰᠠᠨᠠᠭ᠎ᠠ᠎ᠶᠢ ᠠᠮᠢ ᠠᠬᠤᠶ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠬᠦᠯᠬᠦ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠵᠤ᠂ ᠥᠪᠥᠷ ᠮᠣᠩᠭᠣᠯ᠎ᠤᠨ ᠠᠷᠠᠳ ᠲᠦᠮᠡᠨ ᠶᠠᠭ ᠤᠷᠢᠳᠤᠰ᠎ᠤᠨ ᠤᠯᠠ ᠮᠥᠷ᠎ᠢᠶᠡᠷ ᠠᠶᠠᠨᠳᠠᠭᠠᠨ ᠳᠠᠬᠢᠨ ᠮᠣᠷᠳᠠᠵᠤ᠂ ᠪᠣᠳᠠᠲᠠᠶ ᠠᠵᠢᠯᠯᠠᠵᠤ ᠰᠢᠨ᠎ᠡ ᠵᠠᠮ ᠢ ᠨᠡᠭᠡᠭᠡᠵᠦ᠍᠂ ᠴᠢᠨᠠᠷ ᠰᠠᠶ᠋ᠢᠲᠠᠶ ᠬᠥᠭᠵᠢᠯᠲᠡ᠎ᠶᠢᠨ ᠰᠢᠨ᠎ᠡ ᠴᠠᠭ ᠦᠶ᠎ᠡ᠎ᠶᠢᠨ ᠬᠠᠭᠤᠳᠠᠰᠤ᠎ᠶᠢ ᠪᠢᠴᠢᠭᠯᠡᠵᠦ᠍ ᠪᠠᠶ᠋ᠢᠨ᠎ᠠ᠃
ᠡᠯᠡᠰᠦ᠎ᠶᠢ ᠨᠤᠭᠳᠤᠯᠠᠵᠤ ᠠᠮᠢ ᠠᠬᠤᠢ᠎ᠶᠢᠨ ᠬᠠᠯᠬᠠᠪᠴᠢ᠎ᠶᠢ ᠪᠠᠲᠤ᠌ ᠴᠣᠭᠴᠠᠯᠠᠪᠠ
ᠪᠦᠬᠦ᠌ ᠤᠯᠤᠰ᠎ᠤᠨ ᠴᠦᠯᠯᠡᠷᠭᠡᠭᠵᠢᠯ᠎ᠢ ᠵᠠᠰᠠᠬᠤ ᠭᠣᠣᠯ ᠳᠠᠶ᠋ᠢᠯᠠᠯᠳᠤᠭᠠᠨ᠎ᠤ ᠲᠠᠯᠠᠪᠤᠷ ᠪᠣᠯᠤᠭᠰᠠᠨ᠎ᠤ ᠬᠤᠪᠢ᠎ᠳᠤ ᠥᠪᠥᠷ ᠮᠣᠩᠭᠣᠯ ᠤᠢ᠌ᠷ᠎ᠠ᠎ᠶᠢᠨ ᠵᠢᠯ᠎ᠡᠴᠡ ᠡᠯᠡᠰᠦ ᠵᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠠᠵᠢᠯ᠎ᠢ ᠶᠡᠬᠡᠪᠡᠷ ᠥᠷᠨᠢᠭᠦᠯᠦᠭᠰᠡᠭᠡᠷ ᠢᠷᠡᠵᠡᠢ᠃ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠬᠤᠭᠤᠴᠠᠭᠠᠨ᠎ᠳᠤ᠂ ᠥᠪᠥᠷ ᠮᠣᠩᠭᠣᠯ ᠨᠡᠶ᠋ᠢᠲᠡ 1.27 ᠳ᠋ᠦᠩᠰᠢᠭᠤᠷ ᠮᠥ᠍ ᠠᠮᠢ ᠠᠬᠤᠶ᠎ᠶᠢᠨ ᠪᠥᠲᠥᠭᠡᠨ ᠪᠠᠶ᠋ᠢᠭᠤᠯᠤᠯᠲᠠᠬᠢᠵᠦ᠂ 6688 ᠲᠦᠮᠡᠨ ᠮᠥ᠍ ᠡᠯᠡᠰᠦᠷᠭᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠵᠤ᠂ ᠵᠡᠷᠭᠡ ᠪᠡᠷ ᠪᠥᠬᠥ᠌ ᠤᠯᠤᠰ᠎ᠤᠨ ᠲᠡᠷᠢᠭᠦᠨ᠎ᠳᠦ ᠵᠢᠭᠰᠠᠭᠠᠭᠳᠠᠪᠠ; ᠣᠶ ᠰᠢᠭᠤᠶ᠎ᠶᠢᠨ ᠪᠦᠷᠬᠦᠴᠡ᠎ᠶᠢᠨ ᠨᠣᠷᠮ᠎ᠠ 21.98%᠎ᠳ᠋ᠤ ᠬᠦᠷᠴᠦ᠍᠂ ᠨᠤᠲᠤᠭ ᠪᠡᠯᠴᠢᠭᠡᠷ᠎ᠦᠨ ᠶᠡᠷᠦᠩᠬᠡᠶ᠋ᠢᠯᠡᠭᠰᠡᠨ ᠤᠷᠭᠤᠮᠠᠯ᠎ᠤᠨ ᠪᠦᠷᠬᠦᠴᠡ᠎ᠶᠢ 45%᠎ᠡᠴᠠ ᠳᠡᠭᠡᠭᠰᠢ᠎ᠳᠦ ᠲᠣᠭᠲᠠᠪᠤᠷᠢᠵᠢᠭᠤᠯᠵᠤ᠂ ᠬᠠᠲᠤᠨ ᠭᠤᠤᠯ᠎ᠤᠨ ᠭᠤᠤᠯ ᠤᠷᠤᠰᠬᠠᠯ᠎ᠤᠨ ᠥᠪᠥᠷ ᠮᠣᠩᠭᠣᠯ᠎ᠳᠠᠬᠢ ᠬᠡᠰᠡᠭ᠎ᠦᠨ ᠤᠰᠤᠨ᠎ᠤ ᠴᠢᠨᠠᠷ 6 ᠵᠢᠯ ᠳᠠᠷᠠᠭᠠᠯᠠᠨ II ᠲᠥᠷᠥᠯ᠎ᠢ ᠪᠠᠲᠤᠯᠠᠪᠠ᠃
2026 ᠣᠨ᠎ᠳᠤ᠂ ᠥᠪᠥᠷ ᠮᠣᠩᠭᠣᠯ 《ᠤᠮᠠᠷᠠᠲᠤ᠎ᠶᠢᠨ ᠭᠤᠷᠪᠠᠨ ᠣᠷᠣᠨ》᠎ᠤ᠋ ᠢᠨᠵᠧᠨᠧᠷᠢᠩ᠎ᠦᠨ ᠪᠣᠭᠣᠮᠲᠠ ᠰᠢᠪᠲᠤᠯᠬᠤ ᠳᠠᠶ᠋ᠢᠯᠠᠯᠳᠤᠭᠠᠨ᠎ᠢ ᠦᠷᠭᠦᠯᠵᠢᠯᠡᠨ ᠰᠠᠶ᠋ᠢᠲᠤᠷ ᠬᠢᠵᠦ᠍᠂ ᠡᠬᠢ ᠪᠠᠶᠠᠯᠢᠭ᠎ᠤᠨ ᠬᠦᠴᠦᠨ᠎ᠢᠶᠡᠨ ᠲᠥᠪᠯᠡᠷᠡᠭᠦᠯᠦᠨ ᠨᠢᠭᠡ ᠪᠦᠯᠦᠭ ᠭᠣᠣᠯᠳᠠᠯᠭ᠎ᠠ᠎ᠲᠠᠶ ᠢᠨᠵᠧᠨᠧᠷᠢᠩ᠎ᠢ ᠬᠡᠷᠡᠭᠵᠢᠭᠦᠯᠪᠡ᠃ ᠬᠠᠳᠤᠨ ᠭᠣᠣᠯ᠎ᠤᠨ 《ᠶᠡᠭᠡ ᠲᠤᠬᠤᠢ》 ᠵᠢᠨ ᠪᠣᠭᠣᠮᠲᠠ ᠰᠢᠪᠲᠤᠯᠬᠤ ᠳᠠᠶ᠋ᠢᠯᠠᠯᠳᠤᠭᠠᠨ᠎ᠤ ᠣᠷᠣᠨ《ᠡᠯᠡᠰᠦ᠎ᠶᠢ ᠬᠠᠳᠤᠨ ᠭᠤᠤᠯ ᠳ᠋ᠤ ᠤᠷᠤᠭᠤᠯᠬᠤ ᠵᠢ ᠬᠣᠷᠢᠭᠯᠠᠬᠤ》 ᠳᠡᠭᠡᠷ᠎ᠡ ᠠᠩᠬᠠᠷᠤᠯ᠎ᠢᠶᠠᠨ ᠲᠥᠪᠯᠡᠷᠡᠭᠦᠯᠵᠦ᠍᠂ ᠠᠯᠠᠱᠠ ᠠᠭᠤᠯᠠ᠎ᠠᠴᠠ ᠮᠤᠨᠢ ᠠᠭᠤᠯᠠ ᠬᠦᠷᠲᠡᠯᠡᠬᠢ ᠬᠠᠳᠤᠨ ᠭᠣᠣᠯ᠎ᠤᠨ ᠬᠣᠶᠠᠷ ᠬᠥᠪᠡᠭᠡ ᠳᠠᠭᠠᠤ᠎ᠶᠢᠨ 180 ᠺᠢᠯᠤᠮᠸᠲᠷ᠎ᠤᠨ ᠨᠡᠭᠦᠳᠡᠯ ᠡᠯᠡᠰᠦ᠎ᠶᠢ ᠰᠢᠰᠲ᠋ᠧᠮ᠎ᠲᠡᠶ ᠵᠠᠰᠠᠬᠤ ᠢᠨᠵᠧᠨᠧᠷᠢᠩ᠎ᠢ ᠭᠣᠣᠯᠳᠠᠯᠭ᠎ᠠ᠎ᠲᠠᠶ ᠬᠡᠷᠡᠭᠵᠢᠭᠦᠯᠪᠠ᠃ ᠬᠣᠷᠴᠢᠨ ᠪᠣᠯᠤᠨ ᠬᠤᠯᠠᠨ ᠰᠢᠷᠭ᠎ᠠ ᠲᠠᠭ᠎ᠠ᠎ᠶᠢᠨ ᠡᠯᠡᠰᠦᠷᠬᠡᠭ ᠭᠠᠵᠠᠷ᠎ᠤᠨ ᠰᠥᠨᠥᠭᠡᠯᠲᠡ᠎ᠶᠢᠨ ᠲᠠᠢᠯᠠᠯᠳᠤᠭᠠᠨ᠎ᠤ ᠤᠷᠤᠨ 《ᠡᠯᠡᠰᠦ᠎ᠶᠢ ᠪᠡᠭᠡᠵᠢᠩ᠎ᠳᠦ ᠣᠷᠣᠭᠤᠯᠬᠤ᠎ᠶᠢ ᠬᠣᠷᠢᠭᠯᠠᠬᠤ》 ᠳᠡᠭᠡᠷ᠎ᠡ ᠠᠩᠬᠠᠷᠤᠯ᠎ᠢᠶᠠᠨ ᠲᠥᠪᠯᠡᠷᠡᠭᠦᠯᠵᠦ᠍᠂ ᠬᠤᠯᠠᠨ ᠰᠢᠷᠭ᠎ᠠ ᠲᠠᠭ᠎ᠠ᠎ᠶᠢᠨ ᠡᠯᠡᠰᠦᠷᠬᠡᠭ ᠭᠠᠵᠠᠷ᠎ᠤᠨ ᠡᠮᠦᠨ᠎ᠡ ᠵᠠᠬ᠎ᠠ᠎ᠶᠢ ᠵᠠᠰᠠᠬᠤ ᠵᠡᠷᠭᠡ ᠢᠨᠵᠧᠨᠧᠷᠢᠩ᠎ᠢ ᠭᠤᠤᠯᠳᠠᠯᠭ᠎ᠠ᠎ᠲᠠᠶ ᠬᠡᠷᠡᠭᠵᠢᠭᠦᠯᠪᠠ᠃ ᠾᠸᠰᠢ ᠵᠢᠨ ᠬᠤᠩᠬᠢᠯ — ᠲᠠᠺᠯᠢᠮᠠᠺᠠᠨᠤ ᠡᠯᠡᠰᠦᠨ᠎ᠦ ᠬᠣᠷᠢᠭᠯᠠᠯᠲᠠ᠎ᠶᠢᠨ ᠳᠠᠶ᠋ᠢᠯᠠᠯᠳᠤᠭᠠᠨ᠎ᠤ ᠣᠷᠣᠨ 《ᠡᠯᠡᠰᠦ ᠡᠮᠦᠨᠡᠰᠢ ᠲᠦᠷᠢᠬᠦ᠌ᠶᠢ ᠬᠣᠷᠢᠭᠯᠠᠬᠤ》 ᠲᠡᠭᠡᠷ᠎ᠡ ᠠᠩᠬᠠᠷᠤᠯ᠎ᠢᠶᠠᠨ ᠲᠥᠪᠯᠡᠷᠡᠭᠦᠯᠵᠦ᠍᠂ ᠪᠠᠳᠠᠢ᠎ᠶᠢᠨ ᠵᠢᠷᠠᠨ᠂ ᠲᠩᠷᠢ ᠡᠯᠡᠰᠦᠨ᠎ᠦ ᠬᠥᠪᠡᠭᠡ᠎ᠶᠢ ᠨᠤᠭᠳᠤᠯᠠᠬᠤ ᠢᠨᠵᠧᠨᠧᠷᠢᠩ᠎ᠢ ᠭᠣᠣᠯᠳᠠᠯᠭ᠎ᠠ᠎ᠲᠠᠶ ᠪᠡᠬᠢᠵᠢᠭᠦᠯᠪᠠ᠃
ᠬᠠᠲᠤᠨ ᠭᠤᠤᠯ᠎ᠤᠨ 《ᠶᠡᠭᠡ ᠲᠤᠬᠤᠢ》 ᠵᠢᠨ ᠥᠷᠥᠴᠡᠨ᠎ᠳᠦ ᠣᠷᠳᠣᠰ ᠬᠣᠲᠠ 《ᠳᠥᠷᠪᠡᠨ ᠰᠡᠷᠭᠡᠶ᠋ᠢᠯᠡᠯᠲᠡ᠎ᠶᠢᠨ ᠱᠤᠭᠤᠮ》᠎ᠢ᠋ᠢᠡᠷ ᠡᠵᠢ ᠭᠤᠤᠯ᠎ᠢ ᠬᠠᠮᠠᠭᠠᠯᠠᠬᠤ ᠬᠠᠷᠢᠭᠤᠯᠲᠠ᠎ᠶᠢᠨ ᠬᠠᠭᠤᠳᠠᠰᠤ᠎ᠶᠢ ᠪᠢᠴᠢᠭᠯᠡᠪᠡ᠄ ᠡᠮᠵᠢᠶᠠᠷᠢ ᠣᠶ ᠰᠢᠭᠤᠶ ᠨᠤᠳᠤᠭ ᠪᠡᠯᠴᠢᠭᠡᠷ᠎ᠢᠶᠡᠷ ᠡᠯᠡᠰᠦ᠎ᠶᠢ ᠲᠣᠭᠲᠠᠪᠤᠷᠢᠵᠢᠭᠤᠯᠬᠤ᠂ ᠠᠭᠤᠯᠠᠨ ᠭᠤᠤ ᠬᠦᠨᠳᠠᠢ᠎ᠪᠡᠷ ᠡᠯᠡᠰᠦ᠎ᠶᠢ ᠬᠠᠰᠢᠵᠤ ᠵᠠᠰᠠᠬᠤ ᠂ ᠬᠡᠷᠡᠯᠴᠢ ᠴᠡᠨᠡᠭ᠎ᠦᠨ ᠲᠥᠷᠥᠯ ᠵᠦᠢᠯ᠎ᠢᠶᠡᠷ ᠡᠯᠡᠰᠦ᠎ᠶᠢ ᠵᠠᠰᠠᠬᠤ᠂ ᠨᠤᠲᠤᠭ ᠪᠡᠯᠴᠢᠭᠡᠷ᠎ᠦᠨ ᠶᠠᠰᠤ ᠴᠢᠨᠠᠷ᠎ᠢ ᠳᠡᠭᠡᠭᠰᠢᠯᠡᠭᠦᠯᠬᠦ ᠵᠡᠷᠭᠡ ᠠᠷᠭ᠎ᠠ ᠪᠡᠷ ᠡᠯᠡᠰᠦ᠎ᠶᠢ ᠰᠡᠷᠭᠡᠶ᠋ᠢᠯᠡᠨ ᠵᠠᠰᠠᠪᠠ᠃ ᠳᠣᠪᠣᠷᠬᠠᠭ ᠭᠠᠵᠠᠷ᠎ᠠᠴᠠ ᠬᠠᠲᠤᠨ ᠭᠤᠤᠯ ᠬᠦᠷᠳᠡᠯ᠎ᠡ᠂ ᠨᠣᠭᠣᠭᠠᠷᠠᠭᠤᠯᠤᠯᠲᠠ᠎ᠶᠢᠨ ᠪᠦᠰᠡ᠂ ᠨᠦᠯᠦᠮᠡᠯ ᠭᠠᠵᠠᠷ᠎ᠤᠨ ᠬᠠᠰᠢᠯᠭ᠎ᠠ᠂ ᠬᠡᠷᠡᠯᠴᠢ ᠴᠡᠨᠡᠭ᠎ᠢᠶᠡᠷ ᠡᠯᠡᠰᠦ᠎ᠶᠢ ᠵᠠᠰᠠᠬᠤ ᠪᠦᠰᠡ᠂ ᠬᠠᠲᠤᠨ ᠭᠤᠤᠯᠲᠠᠭᠠᠤ ᠡᠮᠵᠢᠶᠡᠷᠢᠯᠡᠭᠰᠡᠨ ᠤᠢ ᠰᠢᠭᠤᠢ ᠵᠡᠷᠭᠡ ᠳᠠᠪᠬᠤᠷ ᠲᠠᠪᠬᠤᠷ ᠰᠡᠷᠭᠡᠢᠯᠡᠯᠳᠡ ᠨᠢ ᠬᠠᠲᠤᠨ ᠭᠤᠤᠯ᠎ᠳᠤ ᠤᠷᠤᠰ᠎ᠤᠨ ᠣᠷᠣᠬᠤ ᠡᠯᠡᠰᠦ ᠰᠢᠪᠠᠷ᠎ᠤᠨ ᠬᠡᠮᠵᠢᠶ᠎ᠡ ᠨᠢ ᠥᠩᠭᠡᠷᠡᠭᠰᠡᠨ᠎ᠦ ᠬᠢ᠎ᠡᠴᠡ 85% ᠰᠢᠬᠠᠮ᠎ᠢᠶᠡᠷ ᠪᠠᠭᠠᠰᠬᠠᠪᠠ᠃
ᠠᠯᠠᠱᠠ ᠠᠶ᠋ᠢᠮᠠᠭ᠎ᠤᠨ ᠡᠷᠬᠡᠬᠠᠰᠢᠭᠠ ᠰᠤᠮᠤ᠎ᠶᠢᠨ ᠡᠯᠡᠰᠦ᠎ᠶᠢ ᠵᠠᠰᠠᠬᠤ ᠲᠥᠷᠥᠯ ᠵᠦᠢᠯ᠎ᠦᠨ ᠲᠣᠭᠣᠷᠢᠭ᠎ᠲᠤ᠌᠂ ᠠᠵᠢᠯᠴᠢᠳ ᠶᠠᠭ ᠡᠪᠡᠰᠦ᠎ᠪᠡᠨ ᠱᠠᠯᠠᠪᠳᠠᠨ ᠳᠡᠪᠢᠰᠴᠦ᠍ ᠪᠠᠢᠯ᠎ᠠ᠃ 《ᠲᠦᠷᠦᠯ ᠵᠦᠢᠯ᠎ᠦᠨ ᠲᠣᠭᠣᠷᠢᠭ᠎ᠤᠨ ᠶᠡᠷᠦᠩᠬᠡᠢ ᠵᠠᠰᠠᠯᠲᠠ᠎ᠶᠢᠨ ᠲᠠᠯᠠᠪᠠᠢ 16 ᠲᠦᠮᠡᠨ ᠮᠸ᠋ᠪᠠᠢᠵᠤ᠂ ᠣᠳᠣᠬᠠᠨ᠎ᠳᠤ ᠨᠢᠭᠡᠨᠲᠡ 3 ᠲᠦᠮᠡᠨ ᠮᠸ᠋ᠵᠢ ᠨᠢ ᠪᠡᠶᠡᠯᠡᠬᠦᠯᠵᠡᠢ᠃ ᠪᠢᠳᠡ ᠢᠨᠵᠧᠨᠧᠷᠢᠩ ᠵᠢᠡᠷ ᠡᠯᠡᠰᠦ᠎ᠶᠢ ᠲᠣᠭᠲᠠᠪᠤᠷᠢᠵᠢᠭᠤᠯᠬᠤ ᠪᠣᠯᠤᠨ ᠠᠮᠢᠳᠤ ᠪᠣᠳᠠᠰ᠎ᠢᠶᠠᠷ ᠡᠯᠡᠰᠦ᠎ᠶᠢ ᠵᠠᠰᠠᠬᠤ ᠬᠣᠶᠠᠷ ᠴᠢᠭᠯᠡᠯ᠎ᠢᠶᠡᠷ ᠬᠦᠴᠦᠯᠡᠬᠦ᠌᠎ᠶᠢ ᠪᠠᠷᠢᠮᠲᠠᠯᠠᠵᠤ᠂ ᠨᠡᠭᠦᠳᠡᠯ ᠡᠯᠡᠰᠦ᠎ᠶᠢ ᠪᠦᠲᠦᠮᠵᠢᠲᠡᠢ ᠲᠣᠭᠲᠠᠪᠤᠷᠢᠵᠢᠭᠤᠯᠵᠤ᠂ ᠡᠯᠡᠰᠦᠨ᠎ᠦ ᠥᠷᠭᠡᠳᠬᠦ᠌ ᠪᠠᠶ᠋ᠢᠳᠠᠯ᠎ᠢ ᠬᠣᠷᠢᠭᠯᠠᠪᠠ》 ᠭᠡᠵᠦ᠍ ᠲᠦᠷᠦᠯ ᠵᠦᠢᠯ᠎ᠦᠨ ᠬᠠᠷᠢᠭᠤᠴᠠᠯᠭᠠᠲᠠᠨ ᠴᠧᠨ ᠢᠦᠢ ᠲᠠᠨᠢᠯᠴᠠᠭᠤᠯᠪᠠ᠃
ᠣᠳᠣᠬᠠᠨ᠎ᠳᠤ᠂ ᠥᠪᠥᠷ ᠮᠣᠩᠭᠣᠯ᠎ᠤᠨ ᠵᠠᠰᠠᠵᠤ ᠪᠣᠯᠬᠤᠶ᠋ᠢᠴᠠ ᠡᠯᠡᠰᠦᠷᠬᠡᠭᠵᠢᠭᠰᠡᠨ ᠭᠠᠵᠠᠷ ᠰᠢᠷᠣᠶ᠎ᠶᠢᠨ ᠵᠠᠰᠠᠯᠲᠠ᠎ᠶᠢᠨ ᠨᠣᠷᠮ᠎ᠠ 56.4%᠎ᠳ᠋ᠤ ᠬᠦᠷᠴᠦ᠍᠂ 2019 ᠣᠨ᠎ᠤ ᠵᠢᠷᠭᠤᠳᠤᠭᠠᠷ ᠤᠳᠠᠭᠠᠨ᠎ᠤ ᠴᠦᠯᠯᠡᠷᠬᠡᠭᠵᠢᠯ᠎ᠢ ᠵᠠᠰᠠᠭᠰᠠᠨ ᠬᠢᠨᠠᠨ ᠬᠡᠮᠵᠢᠯᠳᠡ᠎ᠡᠴᠡ ᠵᠠᠭᠤᠨ᠎ᠤ ᠬᠠᠷᠢᠴᠠᠯ ᠵᠢᠡᠷ 17.78 ᠬᠤᠪᠢ ᠳᠡᠭᠡᠭᠰᠢᠯᠡᠪᠡ᠃
ᠨᠠᠭᠤᠷ ᠭᠤᠤᠯ ᠢ ᠵᠠᠰᠠᠵᠤ ᠴᠡᠩᠭᠡᠭ ᠤᠰᠤ ᠨᠤᠮᠢᠨ ᠳᠣᠯᠭᠢᠶᠠᠨ᠎ᠢ ᠬᠠᠮᠠᠭᠠᠯᠠᠪᠠ
ᠡᠯᠡᠰᠦᠨ ᠲᠠᠯᠠᠢ᠎ᠡᠴᠡ ᠤᠰᠤᠨ ᠣᠷᠣᠨ ᠬᠦᠷᠲᠡᠯ᠎ᠡ ᠠᠮᠢ ᠠᠬᠤᠢ᠎ᠶᠢᠨ ᠵᠠᠰᠠᠯᠲᠠ᠎ᠶᠢᠨ ᠠᠯᠬᠤᠭ᠎ᠠ ᠶᠡᠷᠦ᠎ᠡᠴᠡ ᠵᠣᠭᠰᠣᠭ᠎ᠠ ᠦᠭᠡᠢ᠃ ᠥᠪᠥᠷ ᠮᠣᠩᠭᠣᠯ᠎ᠤᠨ ᠤᠯᠠᠭᠠᠨᠰᠤᠬᠠᠢ ᠠᠵᠤ ᠦᠢᠯᠡᠰ᠎ᠦᠨ ᠬᠢᠵᠠᠭᠠᠷᠲᠤ᠌ ᠺᠣᠮᠫᠠᠨᠢ᠎ᠶᠢᠨ ᠤᠰᠤᠨ᠎ᠤ ᠤᠷᠤᠨ᠎ᠤ ᠬᠠᠮᠢᠶᠠᠷᠤᠯᠲᠠ᠎ᠶᠢᠨ ᠶᠡᠬᠡ ᠠᠩᠬᠢ᠎ᠶᠢᠨ ᠳᠠᠷᠤᠭ᠎ᠠ ᠯᠢᠦ ᠸᠸᠨ ᠪᠢᠨ ᠡᠨᠡ ᠬᠡᠰᠡᠭ ᠤᠰᠤᠨ᠎ᠤ ᠬᠤᠪᠢᠷᠠᠯᠲᠠ᠎ᠶᠢ ᠬᠡᠨ ᠡᠴᠡ ᠴᠸ᠋ ᠢᠯᠡᠬᠦᠤ ᠤᠢᠯᠠᠭᠠᠨ᠎ᠠ᠃
《ᠣᠳᠤᠬᠠᠨ᠎ᠳᠤ ᠤᠯᠠᠭᠠᠨᠰᠤᠬᠠᠢ ᠵᠢᠨ ᠤᠰᠤ ᠨᠢ ᠨᠡᠩ ᠲᠤᠩᠭᠠᠯᠠᠭᠰᠢᠵᠦ᠂ ᠵᠢᠭᠠᠰᠤᠨ᠎ᠤ ᠲᠥᠷᠦᠯ ᠵᠦᠢᠯ ᠨᠡᠩ ᠣᠯᠠᠰᠢᠷᠠᠪᠠ᠂ ᠰᠢᠪᠠᠭᠤᠨ᠎ᠤ ᠲᠥᠷᠦᠯ ᠵᠦᠢᠯᠴᠦ᠍ ᠡᠳᠦᠷ᠎ᠠᠴᠠ ᠡᠳᠦᠷ ᠨᠡᠮᠡᠭᠳᠡᠵᠦ᠍ ᠪᠤᠢ᠂ 〈ᠨᠠᠭᠤᠷ ᠬᠠᠮᠠᠭᠠᠯᠠᠬᠴᠢ〉 ᠨᠠᠳᠠ ᠳ᠋ᠦ ᠠᠪᠴᠤ ᠬᠡᠯᠡᠪᠡᠯ ᠡᠨᠡ ᠨᠢ ᠮᠠᠰᠢ ᠶᠡᠭᠡ ᠠᠮᠵᠢᠯᠲᠠ ᠰᠢᠦ!》 ᠬᠡᠵᠦ ᠯᠢᠦ ᠸᠧᠨ ᠪᠢᠨ ᠬᠡᠯᠡᠨ᠎ᠡ᠃
ᠠᠷᠪᠠᠭᠠᠳ ᠵᠢᠯ᠎ᠤᠨ ᠰᠢᠰᠲᠧᠮ᠎ᠲᠠᠢ ᠵᠠᠰᠠᠯᠲᠠ᠎ᠪᠠᠷ ᠳᠠᠮᠵᠢᠭᠠᠳ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠦᠪᠵᠢᠭᠦᠯᠭᠡ᠎ᠶ᠋ᠢᠨ ᠬᠤᠭᠤᠴᠠᠭᠠᠨ᠎ᠳᠤ ᠤᠯᠠᠭᠠᠨᠰᠤᠬᠠᠢ᠎ᠶᠢᠨ ᠤᠰᠤᠨ᠎ᠤ ᠴᠢᠨᠠᠷ ᠦᠷᠭᠦᠯᠵᠢᠯᠡᠨ Ⅳᠲᠦᠷᠦᠯ᠎ᠤᠨ ᠪᠠᠷᠢᠮᠵᠢᠶ᠎ᠠ᠎ᠳᠤ ᠲᠣᠭᠲᠠᠪᠤᠷᠢᠵᠢᠵᠤ᠂ ᠤᠰᠤᠨ᠎ᠤ ᠴᠣᠭᠴᠠ᠎ᠶ᠋ᠢᠨ ᠥᠪᠡᠰᠦᠪᠡᠨ ᠴᠡᠪᠡᠷᠰᠢᠭᠦᠯᠬᠦ᠌ ᠴᠢᠳᠠᠪᠤᠷᠢ ᠢᠯᠡᠳᠲᠡ ᠳᠡᠭᠡᠭᠰᠢᠯᠡᠪᠡ᠃
ᠵᠦᠪᠭᠡᠨ ᠤᠯᠠᠭᠠᠨᠰᠤᠬᠠᠢ ᠯᠡ ᠬᠤᠪᠢᠷᠠᠯᠲᠠ ᠭᠠᠷᠤᠬᠰᠠᠨ ᠪᠢᠰᠢ᠃ ᠬᠥᠯᠦᠨ ᠨᠠᠭᠤᠷ᠎ᠤᠨ ᠲᠠᠯᠠᠪᠠᠢ 2012 ᠣᠨ᠎ᠳᠤ 1800 ᠲᠡᠭᠰᠢ ᠳᠥᠷᠪᠡᠯᠵᠢᠨ ᠺᠢᠯᠤᠮᠧᠲᠷ ᠬᠦᠷᠬᠦ᠎ᠦᠭᠡᠢ ᠪᠠᠶ᠋ᠢᠭᠰᠠᠨ᠎ᠠᠴᠠ 2200 ᠲᠡᠭᠰᠢ ᠳᠥᠷᠪᠡᠯᠵᠢᠨ ᠺᠢᠯᠤᠮᠧᠲᠷ ᠪᠣᠯᠵᠤ ᠳᠡᠭᠡᠭᠰᠢᠯᠡᠵᠦ᠂ ᠵᠢᠭᠠᠰᠤᠨ ᠤ᠋ ᠠᠵᠤ ᠠᠬᠤᠢ᠎ᠶ᠋ᠢᠨ ᠡᠬᠢ ᠪᠠᠶᠠᠯᠢᠭ᠎ᠤᠨ ᠶᠡᠷᠦᠩᠬᠡᠢ ᠬᠡᠮᠵᠢᠶ᠎ᠡ 9 ᠲᠦᠮᠡᠨ ᠲᠣᠨ ᠬᠦᠷᠬᠦ᠎ᠦᠭᠡᠢ ᠪᠠᠶ᠋ᠢᠭᠰᠠᠨ᠎ᠠᠴᠠ 15 ᠲᠦᠮᠡᠨ ᠲᠣᠨ᠎ᠠᠴᠠ ᠳᠡᠭᠡᠭᠰᠢ ᠪᠣᠯᠵᠠᠢ᠃ ᠡᠯᠡᠰᠦᠨ ᠴᠦᠯ᠎ᠦᠨ ᠭᠦᠨ᠎ᠳᠡᠬᠢ ᠡᠯᠡᠰᠦ᠎ᠶ᠋ᠢ ᠲᠣᠭᠲᠠᠪᠤᠷᠢᠵᠢᠭᠤᠯᠬᠤ ᠵᠠᠭ ᠮᠣᠳᠤ᠎ᠠᠴᠠ ᠤᠯᠠᠭᠠᠨᠰᠤᠬᠠᠢ᠎ᠶᠢᠨ ᠬᠡᠰᠡᠭ ᠬᠡᠰᠡᠭ ᠬᠤᠯᠤᠰᠤ ᠬᠦᠷᠲᠡᠯ᠎ᠡ᠂ ᠠᠮᠢ ᠠᠬᠤᠢ᠎ᠶ᠋ᠢᠨ ᠵᠠᠰᠠᠯᠲᠠ᠎ᠶ᠋ᠢᠨ ᠠᠯᠬᠤᠮ ᠶᠡᠷᠦ᠎ᠡᠴᠡ ᠵᠣᠭᠰᠤᠩᠬᠢᠷᠠᠭᠠᠦᠭᠡᠢ᠃ 2026 ᠣᠨ᠎ᠤ 4 ᠰᠠᠷ᠎ᠠ᠎ᠳᠤ ᠳᠠᠭ᠎ᠠ᠎ᠶ᠋ᠢᠨ ᠨᠠᠭᠤᠷ᠎ᠤᠨ ᠲᠠᠯᠠᠪᠠᠢ 64.1 ᠲᠡᠭᠰᠢ ᠳᠥᠷᠪᠡᠯᠵᠢᠨ ᠺᠢᠯᠤᠮᠧᠲᠷ ᠲᠸ᠋ ᠬᠦᠷᠴᠦ᠍᠂ 10 ᠵᠢᠯ᠎ᠤᠨ ᠬᠠᠮᠤᠭ᠎ᠤᠨ ᠳᠠᠢᠨ ᠪᠠᠢᠳᠠᠯ ᠢᠯᠡᠷᠡᠪᠡ᠃
ᠬᠡᠳᠦᠷᠠᠳᠡᠯᠡ ᠮᠠᠯᠵᠢᠬᠤ᠎ᠶ᠋ᠢ ᠬᠤᠷᠢᠬᠯᠠᠵᠤ ᠨᠣᠭᠤᠭᠠᠨ ᠥᠩᠭᠡ᠎ᠶ᠋ᠢ ᠵᠤᠵᠠᠭᠠᠳᠭᠠᠪᠠ
ᠲᠠᠯ᠎ᠠ ᠨᠤᠲᠤᠭ ᠪᠣᠯ ᠥᠪᠦᠷ ᠮᠣᠩᠭᠤᠯ᠎ᠤᠨ ᠬᠠᠮᠤᠭ᠎ᠤᠨ ᠲᠣᠮᠤ ᠡᠬᠡ ᠬᠠᠭᠤᠷᠠᠢ᠎ᠶ᠋ᠢᠨ ᠠᠮᠢ ᠠᠬᠤᠢ᠎ᠶ᠋ᠢᠨ ᠰᠢᠰᠲᠧᠮ ᠪᠣᠯᠤᠨ᠎ᠠ᠃ ᠬᠠᠮᠤᠭ᠎ᠤᠨ ᠰᠢᠨ᠎ᠡ ᠲᠤᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ ᠪᠥᠬᠦ᠌ ᠣᠷᠤᠨ᠎ᠤ ᠨᠤᠲᠤᠭ ᠪᠡᠯᠴᠢᠭᠡᠷ᠎ᠤᠨ ᠶᠡᠷᠦᠩᠬᠡᠶ᠋ᠢᠯᠡᠭᠰᠡᠨ ᠤᠷᠭᠤᠮᠠᠯ᠎ᠤᠨ ᠪᠦᠷᠬᠦᠴᠡ 46.48% ᠪᠣᠯᠵᠤ ᠳᠡᠭᠡᠭᠰᠢᠯᠡᠨ᠂ ᠰᠢᠨ᠎ᠡ ᠵᠠᠭᠤᠨ᠎ᠠᠴᠠ ᠨᠠᠭᠠᠰᠢᠬᠢ ᠬᠠᠮᠤᠭ᠎ᠤᠨ ᠳᠡᠭᠡᠳᠦ ᠬᠢᠷᠢ ᠲᠦᠪᠰᠢᠨ᠎ᠢ ᠡᠭᠦᠳᠴᠡᠢ᠃
ᠡᠨᠡᠬᠦ᠌ ᠬᠢᠷᠢ ᠪᠦᠲᠦᠮᠵᠢ᠎ᠶ᠋ᠢᠨ ᠬᠠᠭᠤᠳᠠᠰᠤ᠎ᠶ᠋ᠢ ᠬᠢᠯᠪᠠᠷ ᠪᠤᠰᠤ᠎ᠪᠠᠷ ᠣᠯᠤᠭᠰᠠᠨᠶᠤᠮ᠃ ᠥᠪᠦᠷ ᠮᠣᠩᠭᠤᠯ ᠬᠠᠤᠯᠢᠵᠢᠯ ᠵᠢᠡᠷ ᠰᠠᠭᠤᠷᠢ ᠪᠣᠯᠭᠠᠵᠤ᠂ ᠮᠠᠯ ᠪᠡᠯᠴᠢᠭᠡᠷ᠎ᠤᠨ ᠲᠡᠩᠴᠡᠭᠦᠷᠢ ᠵᠢ ᠪᠠᠲᠤᠯᠠᠬᠤ ᠪᠠ ᠪᠡᠯᠴᠢᠭᠡᠷᠯᠡᠭᠦᠯᠬᠦ᠎ᠶ᠋ᠢ ᠵᠤᠭᠰᠤᠭᠠᠨ ᠪᠡᠯᠴᠢᠭᠡᠷ᠎ᠢ ᠰᠡᠷᠭᠦᠭᠡᠬᠦ᠌ ᠲᠦᠷᠢᠮ᠎ᠢ ᠨᠡᠶ᠋ᠢᠲᠡᠯᠡᠨ ᠬᠡᠷᠡᠭᠵᠢᠭᠦᠯᠵᠦ᠍᠂ ᠵᠢᠯ ᠪᠦᠷᠢ 3.8 ᠳ᠋ᠦᠩᠰᠢᠭᠤᠷ ᠮᠸ᠋ ᠵᠢᠨ ᠨᠤᠳᠤᠭ ᠪᠡᠯᠴᠢᠭᠡᠷ ᠲᠸ᠋ ᠪᠡᠯᠴᠢᠭᠡᠷᠯᠡᠭᠦᠯᠬᠦ᠎ᠶ᠋ᠢ ᠴᠠᠭᠠᠵᠠᠯᠠᠵᠤ᠂ ᠮᠠᠯ ᠪᠡᠯᠴᠢᠭᠡᠷ᠎ᠤᠨ ᠲᠡᠩᠴᠡᠭᠦᠷᠢ ᠵᠢ ᠪᠠᠳᠤᠯᠠᠬᠤ᠎ᠶᠢ ᠬᠡᠷᠡᠭᠵᠢᠭᠦᠯᠦᠭᠰᠡᠨ ᠲᠠᠯᠠᠪᠠᠢ᠎ᠶᠢ 5.9 ᠳ᠋ᠦᠩᠰᠢᠭᠤᠷ ᠮᠦ᠍᠎ᠳᠤ ᠬᠦᠷᠭᠡᠪᠡ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠨᠡᠶ᠋ᠢᠲᠡ 1.1 ᠳ᠋ᠦᠩᠰᠢᠭᠤᠷ ᠮᠦ᠍ ᠡᠪᠡᠰᠦ ᠲᠠᠷᠢᠵᠦ᠍᠂ ᠨᠤᠲᠤᠭ ᠪᠡᠯᠴᠢᠭᠡᠷ᠎ᠤᠨ ᠬᠦᠨᠳᠦ ᠭᠡᠴᠡᠭᠦᠦ ᠮᠠᠭᠤᠳᠠᠭᠰᠠᠨ ᠬᠡᠮᠵᠢᠶ᠎ᠡ 2010 ᠣᠨ᠎ᠤ᠎ᠬᠢ᠎ᠠᠴᠠ ᠵᠠᠭᠤᠨ᠎ᠤ ᠬᠠᠷᠢᠴᠠᠯ ᠵᠢᠡᠷ 4.7 ᠬᠤᠪᠢ ᠬᠠᠰᠤᠭᠳᠠᠨ᠂ 2025 ᠣᠨ ᠪᠣᠯᠬᠤ᠎ᠳᠤ ᠨᠤᠲᠤᠭ ᠪᠡᠯᠴᠢᠭᠡᠷ᠎ᠤᠨ ᠲᠠᠯᠠᠪᠠᠢ ᠠᠩᠬ᠎ᠠ ᠤᠳᠠᠭ᠎ᠠ ᠴᠡᠪᠡᠷ ᠨᠡᠮᠡᠭᠳᠡᠯ᠎ᠢ ᠪᠡᠶᠡᠯᠡᠭᠦᠯᠪᠡ᠃
ᠨᠤᠲᠤᠭ ᠪᠡᠯᠴᠢᠭᠡᠷ᠎ᠤᠨ ᠲᠠᠭᠠᠭᠠᠴᠠ ᠡᠴᠡ ᠬᠡᠳᠦᠷᠡᠳᠡᠯ᠎ᠡ ᠮᠠᠯᠵᠢᠬᠤ ᠡᠨᠡᠬᠦ᠌ ᠲᠡᠦᠬᠡᠲᠦ᠍ ᠴᠢᠨᠠᠷᠲᠠᠢ ᠬᠦᠴᠢᠷ ᠠᠰᠠᠭᠤᠳᠠᠯ᠎ᠢ ᠰᠢᠢᠳᠪᠦᠷᠢᠯᠡᠬᠦ ᠳ᠋ᠦ ᠥᠪᠦᠷ ᠮᠣᠩᠭᠤᠯ 《ᠨᠡᠪᠲᠡᠷᠡᠭᠦᠯᠬᠦ᠌᠂ ᠬᠠᠮᠢᠶᠠᠷᠬᠤ᠂ ᠬᠤᠪᠢᠷᠠᠭᠤᠯᠬᠤ》 ᠭᠤᠷᠪᠠᠨ ᠲᠠᠯ᠎ᠠ᠎ᠶ᠋ᠢ ᠵᠡᠷᠭᠡ᠎ᠪᠠᠷ ᠠᠳᠭᠤᠪᠠ᠃ 2025 ᠣᠨ᠎ᠳᠤ 102 ᠭᠠᠵᠠᠷ ᠣᠷᠤᠨ᠎ᠢ ᠨᠤᠲᠤᠭ ᠪᠡᠯᠴᠢᠭᠡᠷ᠎ᠤᠨ ᠲᠠᠭᠠᠭᠠᠴᠠ ᠡᠴᠡ ᠬᠡᠳᠦᠷᠡᠳᠡᠯ᠎ᠡ ᠮᠠᠯᠵᠢᠬᠤ ᠠᠰᠠᠭᠤᠳᠠᠯ᠎ᠢ ᠰᠢᠢᠳᠪᠦᠷᠢᠯᠡᠬᠦ᠌ ᠬᠡᠪᠴᠢᠶᠡᠨ᠎ᠳᠤ ᠣᠷᠤᠭᠤᠯᠵᠠᠢ᠂ ᠡᠨᠡ ᠨᠢ ᠪᠦᠬᠦ᠌ ᠣᠷᠤᠨ᠎ᠤ 99%᠎ᠶ᠋ᠢᠨ ᠨᠤᠲᠤᠭ ᠪᠡᠯᠴᠢᠭᠡᠷ᠎ᠢ ᠬᠠᠮᠤᠷᠴᠤ᠌᠂ ᠬᠠᠰᠢᠶᠠᠯᠠᠨ ᠲᠡᠵᠢᠭᠡᠬᠦ᠂ ᠲᠥᠪᠯᠡᠷᠡᠭᠦᠯᠦᠨ ᠨᠠᠶ᠋ᠢᠳᠠᠨ ᠲᠡᠵᠢᠭᠡᠯᠭᠡᠬᠦ᠌ ᠵᠡᠷᠭᠡ ᠵᠠᠬ᠎ᠠ ᠳᠡᠯᠭᠡᠭᠦᠷᠴᠢᠯᠡᠬᠦ᠌ ᠠᠷᠭ᠎ᠠ ᠪᠠᠷᠢᠯ᠎ᠢᠶᠠᠷ ᠳᠠᠮᠵᠢᠭᠤᠯᠤᠨ 486 ᠲᠦᠮᠡᠨ ᠬᠤᠨᠢ ᠵᠢ ᠰᠠᠯᠭᠠᠨ ᠭᠠᠷᠭᠠᠵᠤ᠂ ᠪᠠᠶ᠋ᠢᠭᠠᠯᠢᠯᠢᠬ ᠨᠤᠲᠤᠭ ᠪᠡᠯᠴᠢᠭᠡᠷ᠎ᠤᠨ ᠮᠠᠯ ᠪᠡᠯᠴᠢᠭᠡᠷ᠎ᠤᠨ ᠲᠡᠩᠴᠡᠭᠦᠷᠢ᠎ᠶ᠋ᠢᠨ ᠵᠢᠭᠠᠯᠲᠠ ᠲᠤᠭ᠎ᠠ᠎ᠶ᠋ᠢ ᠪᠦᠬᠦᠨ᠎ᠢ 10%᠎ᠠᠴᠠ ᠳᠣᠷᠤᠭᠰᠢ ᠪᠣᠯᠭᠠᠨ ᠪᠠᠭᠤᠷᠠᠭᠤᠯᠵᠤ᠂ ᠶᠡᠷᠦᠩᠬᠡᠢ᠎ᠳᠤ᠎ᠨᠢ ᠬᠡᠳᠦᠷᠡᠳᠡᠯ᠎ᠡ ᠮᠠᠯᠵᠢᠬᠤ᠎ᠦᠭᠡᠢ ᠪᠠᠢᠬᠤ ᠵᠢ ᠪᠡᠶᠡᠯᠡᠭᠦᠯᠪᠠ᠃
ᠤᠯᠠᠭᠠᠨᠴᠠᠪ ᠬᠤᠲᠠ᠎ᠶ᠋ᠢᠨ ᠳᠥᠷᠪᠡᠳ ᠬᠤᠰᠢᠭᠤᠨ᠎ᠤ ᠨᠣᠮᠤᠬᠠᠨ ᠰᠤᠮᠤ᠎ᠶ᠋ᠢᠨ ᠳᠡᠨᠵᠢ ᠭᠠᠴᠠᠭ᠎ᠠ᠎ᠳᠤ᠂ ᠮᠠᠯᠴᠢᠨ ᠨᠠᠷᠠᠨᠪᠦ᠋ᠬᠡ ᠪᠡᠯᠴᠢᠭᠡᠷ ᠲᠡᠭᠡᠨ ᠶᠠᠭᠠᠷᠠᠯᠲᠠᠢ ᠠᠵᠢᠯᠯᠠᠵᠤ ᠪᠠᠶ᠋ᠢᠯ᠎ᠠ᠃《ᠡᠨᠡ ᠵᠢᠯ ᠮᠠᠨ᠎ᠤ ᠬᠢᠨ 1500 ᠮᠥ᠍ ᠨᠤᠲᠤᠭ ᠪᠡᠯᠴᠢᠭᠡᠷᠵᠢᠡᠨ ᠬᠦᠷᠢᠶᠡᠯᠡᠨ ᠪᠢᠲᠡᠭᠦᠮᠵᠢᠯᠡᠵᠦ᠍᠂ ᠪᠡᠯᠴᠢᠭᠡᠷᠯᠡᠭᠦᠯᠬᠦ᠎ᠶ᠋ᠢ ᠴᠠᠭᠠᠵᠠᠯᠠᠬᠤ᠎ᠪᠠᠷ ᠳᠠᠮᠵᠢᠨ ᠨᠤᠲᠤᠭ ᠪᠡᠯᠴᠢᠭᠡᠷ᠎ᠢ ᠬᠠᠮᠠᠭᠠᠯᠠᠵᠤ᠂ ᠪᠠᠰᠠ〈ᠠᠵᠢᠯᠤᠯᠭᠤᠬᠤ ᠪᠡᠷ ᠲᠡᠳᠭᠦᠮᠵᠢ ᠵᠢ ᠣᠷᠤᠯᠠᠭᠤᠯᠬᠤ〉 ᠳ᠋ᠤ ᠤᠷᠤᠯᠴᠠᠵᠤ ᠣᠷᠤᠯᠭ᠎ᠠ ᠪᠡᠨ ᠨᠡᠮᠡᠭᠳᠡᠭᠦᠯᠪᠡ》 ᠬᠡᠪᠡ᠃ 《ᠤᠮᠠᠷᠠᠲᠤ᠌ ᠵᠢᠨ ᠭᠤᠷᠪᠠᠨ ᠤᠷᠤᠨ》 ᠤ᠋ ᠢᠨᠵᠧᠨᠧᠷᠢᠩ᠎ᠨᠢ ᠲᠡᠨᠵᠢ ᠭᠠᠴᠠᠭ᠎ᠠ᠎ᠳᠤ 15 ᠲᠦᠮᠡᠨ ᠮᠦ᠍ ᠨᠤᠲᠤᠭ ᠪᠡᠯᠴᠢᠭᠡᠷ᠎ᠢ ᠪᠦᠷᠬᠦᠵᠦ᠍᠂ 159 ᠡᠷᠦᠭᠡ᠎ᠶᠢᠨ ᠮᠠᠯᠴᠢᠨ ᠲᠠᠷᠢᠶᠠᠴᠢᠨ ᠡᠭᠦᠨ ᠡᠴᠡ ᠠᠰᠢᠭ ᠬᠦᠷᠲᠡᠵᠡᠢ᠃
ᠠᠮᠢ ᠠᠬᠤᠢ᠎ᠶ᠋ᠢᠨ ᠵᠠᠰᠠᠯᠲᠠ᠎ᠶ᠋ᠢᠨ ᠦᠷ᠎ᠡ ᠪᠦᠳᠦᠮᠵᠢ ᠨᠢ ᠡᠴᠦᠰ᠎ᠤᠨ ᠡᠴᠦᠰ᠎ᠲᠡᠭᠡᠨ ᠠᠷᠠᠳ ᠣᠯᠠᠨ᠎ᠤ ᠬᠦᠷᠲᠡᠮᠵᠢ᠎ᠶ᠋ᠢᠨ ᠲᠥᠷᠦᠭᠳᠡᠯ ᠢᠶᠡᠷ ᠦᠨᠡᠯᠡᠯᠳᠠ ᠪᠤᠯᠭᠠᠳᠠᠭ᠃ ᠪᠠᠶᠠᠨᠨᠠᠭᠤᠷ ᠬᠣᠲᠠ ᠵᠢᠨ ᠬᠢᠨ ᠠᠵᠤ ᠦᠢᠯᠡᠰ᠎ᠦᠨ ᠬᠡᠯᠬᠢᠶ᠎ᠡ ᠵᠢ ᠤᠷᠲᠤᠳᠬᠠᠵᠤ᠂ ᠡᠮ᠎ᠤᠨ ᠮᠠᠲᠧᠷᠢᠶᠠᠯ ᠬᠢᠭᠡᠳ ᠤᠨᠴᠠᠯᠢᠭᠳᠤ ᠳᠠᠷᠢᠵᠤ ᠲᠡᠵᠢᠭᠡᠬᠦ᠌ ᠣᠷᠤᠨ᠂ ᠬᠦᠷᠢᠶ᠎ᠡ ᠬᠠᠰᠢᠶ᠎ᠠ᠎ᠶ᠋ᠢᠨ ᠠᠵᠤ ᠠᠬᠤᠢ ᠬᠢᠭᠡᠳ ᠣᠨᠴᠠᠯᠢᠭᠲᠤ᠌ ᠣᠢ ᠰᠢᠭᠤᠢ ᠵᠢᠮᠢᠰ᠎ᠤᠨ ᠣᠷᠤᠨ᠂ ᠣᠢ ᠰᠢᠭᠤᠢ ᠬᠢᠭᠡᠳ ᠡᠮ᠎ᠤᠨ ᠮᠠᠲᠸᠷᠢᠶᠡᠯ᠎ᠤᠨ ᠨᠡᠶ᠋ᠢᠯᠡᠮᠡᠯ ᠡᠵᠡᠩᠨᠡᠯᠲᠡ᠎ᠶ᠋ᠢᠨ ᠵᠢᠱ᠌ᠢᠶ᠎ᠡ ᠦᠵᠡᠭᠦᠯᠭᠦ ᠣᠷᠤᠨ᠎ᠢ ᠪᠤᠶ᠋ᠢᠵᠢᠭᠤᠯᠵᠤ᠂ ᠬᠡᠭᠡᠷ᠎ᠡ᠎ᠶ᠋ᠢᠨ ᠴᠢᠪᠠᠭ᠎ᠠ᠂ ᠬᠤᠨᠴᠢᠷ ᠵᠡᠷᠭᠡ ᠣᠨᠴᠠᠯᠢᠭᠲᠤ᠌ ᠡᠮ᠎ᠤᠨ ᠮᠠᠲᠧᠷᠢᠶᠠᠯ ᠢ 2 ᠲᠦᠮᠨ ᠭᠠᠷᠤᠢ ᠮᠥ᠍ ᠲᠠᠷᠢᠵᠤ᠂《ᠠᠵᠤ ᠠᠬᠤᠶ᠋ᠢᠯᠠᠯ ᠦᠷ᠎ᠡ ᠴᠢᠬᠢ᠎ᠶ᠋ᠢᠨ ᠮᠡᠷᠭᠡᠵᠢᠯ ᠬᠠᠩᠭᠠᠬᠤ + ᠲᠠᠷᠢᠶᠠᠯᠠᠬᠤ ᠡᠷᠦᠬᠡ ᠳᠠᠷᠢᠬᠤ + ᠵᠠᠬᠢᠶᠠᠯᠠᠭ᠎ᠠ ᠪᠡᠷ ᠬᠤᠷᠢᠶᠠᠨ ᠠᠪᠬᠤ》 ᠵᠠᠭᠪᠤᠷ᠎ᠢᠶᠠᠷ ᠳᠠᠮᠵᠢᠭᠤᠯᠤᠨ ᠠᠰᠢᠭ ᠲᠤᠰᠠ᠎ᠶ᠋ᠢᠨ ᠬᠤᠯᠪᠤᠭ᠎ᠠ᠎ᠶ᠋ᠢ ᠪᠡᠶᠡᠯᠡᠭᠦᠯᠪᠡ᠃
ᠬᠥᠬᠡ ᠠᠭᠤᠯᠠ᠎ᠵᠢ ᠪᠢᠴᠢᠭᠯᠡᠵᠦ᠂ ᠬᠦᠬᠡᠮᠳᠦᠭ ᠤᠰᠤ ᠵᠢ ᠵᠢᠷᠤᠬᠯᠠᠨᠠᠮ᠃ ᠰᠢᠨ᠎ᠡ ᠤᠷᠳᠤ ᠵᠠᠮ᠎ᠤᠨ ᠠᠶᠠᠨ ᠳ᠋ᠦ ᠥᠪᠦᠷ ᠮᠣᠩᠭᠤᠯ ᠶᠠᠭ ᠰᠢᠨ᠎ᠡ ᠴᠠᠭ ᠦᠶ᠎ᠡ᠎ᠶ᠋ᠢᠨ ᠨᠤᠮᠢᠨ ᠨᠣᠭᠤᠭᠠᠨ ᠬᠠᠭᠤᠳᠠᠰᠦ᠎ᠶ᠋ᠢ ᠵᠢᠷᠤᠭᠯᠠᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃