2026-10-22 11:43:53
ᠡᠨᠡ ᠵᠢᠯ ᠪᠣᠯ ᠳᠤᠮᠳᠠᠳᠤ ᠤᠯᠤᠰ ᠤ᠋ᠨ ᠠᠵᠢᠯᠴᠢᠨ ᠲᠠᠷᠢᠶᠠᠴᠢᠨ ᠤ᠋ ᠤᠯᠠᠭᠠᠨ ᠴᠡᠷᠢᠭᠦᠨ ᠤᠷᠲᠤ ᠵᠠᠮ ᠤ᠋ᠨ ᠠᠶᠠᠨ ᠳᠠᠶ᠋ᠢᠨᠤ ᠢᠯᠠᠯᠲᠠ ᠣᠯᠣᠭᠰᠠᠨ 90 ᠵᠢᠯᠦᠨ ᠣᠶ ᠪᠤᠯᠤᠨ᠎ᠠ᠃ 90 ᠵᠢᠯᠦᠨ ᠡᠮᠦᠨ᠎ᠡ᠂ ᠳᠤᠮᠳᠠᠳᠤ ᠤᠯᠤᠰ ᠤ᠋ᠨ ᠡᠪ ᠬᠠᠮᠲᠤ ᠨᠠᠮ ᠳᠤᠮᠳᠠᠳᠤ ᠤᠯᠤᠰ ᠤ᠋ᠨ ᠠᠵᠢᠯᠴᠢᠨ ᠲᠠᠷᠢᠶᠠᠴᠢᠨ ᠤ᠋ ᠤᠯᠠᠭᠠᠨ ᠴᠡᠷᠢᠭ ᠢ᠋ ᠤᠳᠤᠷᠢᠳᠤᠨ ᠲᠦᠮᠡᠨ ᠤᠰᠤ ᠮᠢᠩᠭᠠᠨ ᠠᠭᠤᠯᠠ ᠶ᠋ᠢ ᠳᠠᠪᠠᠵᠤ᠂ ᠡᠷᠡᠰ ᠪᠠᠲᠤ ᠢᠲᠡᠭᠡᠯ ᠵᠣᠷᠢᠭ᠋ ᠪᠣᠯᠣᠨ ᠬᠠᠳᠠᠨ ᠵᠣᠷᠢᠭ᠋ ᠵᠢᠡᠷ ᠳᠡᠯᠡᠬᠡᠢ ᠳ᠋ᠠᠬᠢᠨ ᠢ᠋ ᠳᠣᠩᠰᠣᠯᠭᠠᠭᠰᠠᠨ ᠠᠭᠤᠤ ᠶᠡᠬᠡ ᠢᠯᠠᠯᠳᠠ ᠵᠢ ᠤᠯᠪᠠ᠃ 90 ᠵᠢᠯᠦᠨ ᠲᠠᠷᠠᠭ᠎ᠠ᠂ ᠥᠪᠥᠷ ᠮᠣᠩᠭᠣᠯ ᠤ᠋ᠨ ᠡᠨᠡ ᠬᠦ᠌ ᠬᠠᠯᠠᠭᠤᠨ ᠬᠥᠷᠥᠰᠥᠨ ᠳᠡᠭᠡᠷ᠎ᠡ᠂ ᠤᠯᠤᠰ ᠤ᠋ᠨ ᠡᠨᠧᠷᠭᠢ ᠵᠢᠨ ᠠᠮᠤᠷ ᠲᠦᠪᠰᠢᠨ ᠪᠣᠯᠣᠨ ᠪᠣᠬᠢᠷᠲᠤᠯ ᠦᠭᠡᠢ ᠲᠡᠢᠰᠢ ᠬᠡᠯᠪᠡᠷᠢ ᠪᠡᠨ ᠬᠤᠪᠢᠷᠠᠭᠤᠯᠬᠤ ᠰᠢᠨ᠎ᠡ ᠠᠶᠠᠨ ᠲᠠᠢ᠍ᠢᠨ ᠦᠷᠭᠦᠯᠵᠢᠯᠡᠵᠤ ᠪᠠᠢᠨ᠎ᠠ᠃
《ᠦᠨᠳᠦᠰᠦᠨ ᠪᠠᠢᠳᠠᠯ》 ᠢ᠋ ᠪᠡᠬᠢᠵᠢᠭᠦᠯᠵᠦ ᠨᠡᠭᠦᠷᠡᠰᠦᠨᠦ ᠬᠠᠩᠭᠠᠯᠭ᠎ᠠ ᠶ᠋ᠢ ᠪᠠᠲᠤᠯᠠᠬᠤ ᠬᠠᠲᠠᠭᠤ ᠬᠠᠷᠢᠭᠤᠴᠠᠯᠭ᠎ᠠ ᠶ᠋ᠢ ᠡᠭᠦᠷᠭᠡᠯᠡᠨ᠎ᠡ
ᠳᠤᠯᠠᠭᠠᠯᠠᠭ᠎ᠠ ᠵᠢᠨ ᠤᠯᠠᠷᠢᠯᠡᠬᠢᠯᠡᠵᠦ᠂ ᠡᠨᠧᠷᠭᠢ ᠵᠢᠨ ᠪᠠᠲᠤᠯᠠᠭ᠎ᠠ ᠵᠠᠩᠭᠢᠯᠠᠭ᠎ᠠ ᠵᠢᠨ ᠱᠠᠲᠤᠨᠳᠤ ᠣᠷᠣᠪᠠ᠃ ᠡᠪᠦᠯᠦᠨ ᠬᠠᠲᠠᠭᠤ ᠰᠢᠯᠭᠠᠯᠲᠠ ᠶ᠋ᠢ ᠤᠭᠲᠤᠬᠤ ᠡᠴᠡ ᠡᠮᠦᠨ᠎ᠡ᠂ ᠤᠯᠤᠰ ᠤ᠋ᠨ ᠡᠨᠧᠷᠭᠢ ᠵᠢᠨ ᠪᠦᠯᠦᠭᠯᠡᠯᠦᠨ ᠱᠧᠩ ᠯᠢ ᠡᠨᠧᠷᠭᠢ ᠵᠢᠨ ᠺᠣᠮᠫᠠᠨᠢ ᠤᠷᠢᠳᠴᠢᠯᠠᠨ ᠪᠠᠢᠷᠢᠯᠠᠭᠤᠯᠵᠤ᠂ ᠰᠠᠨᠠᠭᠠᠴᠢᠯᠠᠭ᠎ᠠ ᠡᠴᠡᠪᠠᠨ ᠬᠦᠴᠦᠯᠡᠨ᠂ ᠭᠠᠷᠤᠯᠲᠠ ᠶ᠋ᠢ ᠲᠣᠭᠲᠠᠪᠤᠷᠢᠵᠢᠭᠤᠯᠤᠨ ᠬᠠᠩᠭᠠᠯᠭ᠎ᠠ ᠶ᠋ᠢ ᠪᠠᠲᠤᠯᠠᠬᠤ ᠪᠣᠭᠣᠮᠲᠠ ᠰᠢᠪᠲᠤᠯᠬᠤ ᠳᠠᠢᠯᠠᠯᠳᠤᠭᠠᠨ ᠢ᠋ ᠪᠦᠬᠦ ᠬᠦᠴᠦᠨ ᠵᠢᠡᠷ ᠵᠢᠡᠨ ᠰᠠᠢᠲᠤᠷ ᠬᠢᠪᠡ᠃
《ᠪᠢᠳᠡ 24 ᠴᠠᠭ ᠵᠢᠡᠷ ᠡᠭᠡᠯᠵᠢᠯᠡᠨ ᠵᠢᠵᠢᠭᠦᠷᠯᠡᠵᠦ᠂ ᠪᠥᠬᠥ ᠬᠦᠴᠦᠨ ᠵᠢᠡᠷ ᠵᠢᠡᠨ ᠭᠠᠷᠤᠯᠲᠠ ᠶ᠋ᠢ ᠲᠣᠭᠲᠠᠪᠤᠷᠢᠵᠢᠭᠤᠯᠤᠨ ᠭᠠᠷᠤᠯᠲᠠ ᠶ᠋ᠢ ᠨᠡᠮᠡᠭᠳᠡᠭᠦᠯᠵᠦ᠂ ᠡᠨᠧᠷᠭᠢ ᠵᠢᠨ ᠬᠠᠩᠭᠠᠯᠭ᠎ᠠ ᠶ᠋ᠢ ᠪᠠᠲᠤᠯᠠᠬᠤ ᠬᠣᠷᠢᠭ᠎ᠠ ᠱᠤᠭᠤᠮ ᠢ᠋ ᠪᠠᠲᠤ ᠰᠠᠬᠢᠪᠠ》 ᠭᠡᠵᠤ ᠲᠤᠬᠠᠢ ᠵᠢᠨ ᠲᠠᠯᠠᠪᠠᠶ ᠵᠢᠨ ᠦᠢᠯᠡᠳᠪᠦᠷᠢᠯᠡᠯᠦᠨ ᠬᠠᠷᠢᠭᠤᠴᠠᠯᠭᠠᠲᠠᠨ ᠲᠠᠨᠢᠯᠴᠠᠭᠤᠯᠤᠨ᠎ᠠ᠃ ᠣᠢᠷ᠎ᠠ ᠵᠢᠨ ᠡᠳᠦᠷ᠂ ᠺᠣᠮᠫᠠᠨᠢ ᠡᠴᠡ ᠦᠢᠯᠡᠳᠪᠦᠷᠢᠯᠡᠯᠦᠨ ᠵᠣᠬᠢᠶᠠᠨ ᠪᠠᠢᠭᠤᠯᠤᠯᠲᠠᠪᠠᠨ ᠦᠷᠭᠦᠯᠵᠢᠯᠡᠨ ᠰᠢᠯᠢᠳᠡᠭᠵᠢᠭᠦᠯᠵᠦ᠂ ᠡᠯ᠎ᠡ ᠭᠣᠭᠴᠣᠭ᠎ᠠ ᠶ᠋ᠢ ᠨᠢᠭᠡᠳᠦᠯᠲᠡᠢ ᠲᠥᠯᠥᠪᠯᠡᠨ᠂ ᠭᠠᠷᠤᠯᠲᠠᠪᠠᠨ ᠲᠣᠭᠲᠠᠪᠤᠷᠢᠵᠢᠭᠤᠯᠤᠨ ᠭᠠᠷᠤᠯᠲᠠᠪᠠᠨ ᠨᠡᠮᠡᠭᠳᠡᠭᠦᠯᠦᠭᠰᠡᠨ ᠦᠷ᠎ᠡ ᠪᠦᠲᠦᠮᠵᠢ ᠢᠯᠡᠳᠲᠡ ᠪᠤᠯᠵᠤ᠂ ᠡᠳᠦᠷ ᠪᠦᠷᠢ ᠳᠤᠮᠳᠠᠴᠢᠪᠠᠷ 9 ᠲᠦᠮᠡᠨ ᠲᠣᠨ ᠰᠢᠬᠠᠮ ᠨᠡᠭᠦᠷᠡᠰᠦ ᠵᠥᠭᠡᠭᠡᠪᠦᠷᠢᠯᠡᠵᠦ ᠪᠤᠢ᠃
ᠡᠯᠪᠡᠭ ᠳᠡᠯᠪᠡᠭ ᠨᠡᠭᠦᠷᠡᠰᠦᠨᠦ ᠡᠬᠢ ᠪᠠᠶᠠᠯᠢᠭ ᠲᠤ᠌ ᠰᠠᠭᠤᠷᠢᠯᠠᠨ᠂ ᠥᠪᠥᠷ ᠮᠣᠩᠭᠣᠯ ᠨᠡᠭᠦᠷᠡᠰᠦᠨᠦ ᠭᠠᠷᠤᠯᠲᠠ ᠶ᠋ᠢ ᠨᠡᠮᠡᠭᠳᠡᠭᠦᠯᠵᠦ ᠬᠠᠩᠭᠠᠯᠭ᠎ᠠ ᠶ᠋ᠢ ᠨᠡᠮᠡᠭᠳᠡᠬᠦᠯᠦᠨ᠂ ᠡᠨᠧᠷᠭᠢ ᠵᠢᠨ ᠬᠠᠩᠭᠠᠯᠭ᠎ᠠ ᠶ᠋ᠢ ᠪᠠᠳᠤᠯᠠᠪᠠ᠃《ᠠᠷᠪᠠᠨ ᠳᠥᠷᠪᠡᠳᠦᠭᠡᠷ ᠲᠠᠪᠤᠨ ᠵᠢᠯ》ᠡᠴᠡ ᠨᠠᠭᠠᠰᠢ᠂ ᠥᠪᠥᠷ ᠮᠣᠩᠭᠣᠯ ᠤ᠋ᠨ ᠵᠢᠯ ᠳᠤᠮᠳᠠᠴᠢ ᠵᠢᠨ ᠨᠡᠭᠦᠷᠡᠰᠦᠨᠦ ᠭᠠᠷᠤᠯᠲᠠ 12 ᠳ᠋ᠦᠩᠰᠢᠭᠤᠷ ᠲᠣᠨ ᠡᠴᠡ ᠳᠡᠭᠡᠭᠰᠢ ᠪᠠᠢᠵᠦ᠂ ᠨᠡᠶ᠋ᠢᠲᠡ 29 ᠮᠤᠵᠢ ᠣᠷᠣᠨ ᠤ᠋ 35 ᠳ᠋ᠦᠩᠰᠢᠭᠤᠷ ᠭᠠᠷᠤᠢ ᠲᠣᠨ ᠨᠡᠭᠦᠷᠡᠰᠦᠨᠦ ᠬᠠᠩᠭᠠᠯᠭ᠎ᠠ ᠶ᠋ᠢ ᠪᠠᠲᠤᠯᠠᠨ᠂ ᠪᠥᠬᠥ ᠤᠯᠤᠰᠲᠤ ᠲᠦᠷᠦᠭᠦᠯᠡᠪᠡ᠃
ᠡᠨᠡ ᠵᠢᠯ ᠡᠴᠡ ᠨᠠᠭᠠᠰᠢ᠂ ᠥᠪᠥᠷ ᠮᠣᠩᠭᠣᠯ ᠵᠢᠯᠦᠨ ᠡᠬᠢᠨᠳᠦ ᠲᠣᠭᠲᠠᠭᠠᠭᠰᠠᠨ ᠨᠡᠭᠦᠷᠡᠰᠦᠨᠦ ᠬᠠᠩᠭᠠᠯᠭ᠎ᠠ ᠶ᠋ᠢ ᠪᠠᠲᠤᠯᠠᠬᠤ ᠬᠠᠷᠠᠯᠲᠠᠳᠤ ᠠᠩᠬᠠᠷᠤᠯ ᠵᠢᠡᠨ ᠲᠥᠪᠯᠡᠷᠡᠭᠦᠯᠤᠨ᠂ ᠥᠪᠥᠷ ᠮᠣᠩᠭᠣᠯ ᠤ᠋ᠨ ᠪᠠᠷᠠᠭᠤᠨ ᠬᠡᠰᠡᠭ᠂ ᠥᠪᠥᠷ ᠮᠣᠩᠭᠣᠯ ᠤ᠋ᠨ ᠵᠡᠭᠦᠨ ᠬᠡᠰᠡᠭᠦᠨ ᠨᠡᠭᠦᠷᠡᠰᠦᠨᠦ ᠬᠠᠩᠭᠠᠯᠭ᠎ᠠ ᠶ᠋ᠢ ᠪᠠᠲᠤᠯᠠᠬᠤ ᠰᠠᠭᠤᠷᠢᠨ ᠢ᠋ ᠥᠨᠳᠥᠷ ᠪᠠᠷᠢᠮᠵᠢᠶᠠᠪᠠᠷ ᠪᠦᠲᠦᠭᠡᠨ ᠪᠠᠢᠭᠤᠯᠵᠤ᠂ ᠨᠡᠭᠦᠷᠡᠰᠦᠨᠦ ᠴᠢᠨᠠᠷ ᠰᠠᠢᠲᠠᠢ ᠦᠢᠯᠡᠳᠪᠦᠷᠢᠯᠡᠯᠦᠨ ᠴᠢᠳᠠᠪᠤᠷᠢ ᠶ᠋ᠢ ᠲᠦᠷᠭᠡᠨ ᠪᠠᠳᠠᠷᠠᠭᠤᠯᠪᠠ᠃ ᠡᠨᠡ ᠵᠢᠯᠦᠨ 1 — 8 ᠰᠠᠷᠠᠳᠤ᠂ ᠪᠥᠬᠥ ᠣᠷᠣᠨ ᠤ᠋ ᠬᠡᠪᠴᠢᠶᠡᠵᠢᠯ ᠡᠴᠡ ᠳᠡᠭᠡᠭᠰᠢᠬᠢ ᠠᠵᠤ ᠠᠬᠤᠢᠯᠠᠯ 8.68 ᠳ᠋ᠦᠩᠰᠢᠭᠤᠷ ᠲᠣᠨ ᠲᠦᠭᠦᠬᠡᠢ ᠨᠡᠭᠦᠷᠡᠰᠦ ᠦᠢᠯᠡᠳᠪᠦᠷᠢᠯᠡᠵᠦ᠂ ᠠᠳᠠᠯᠢ ᠬᠤᠭᠤᠴᠠᠭᠠᠨ ᠤ᠋ ᠬᠢ ᠡᠴᠡ 3.3% ᠪᠠᠷ ᠨᠡᠮᠡᠭᠳᠡᠪᠡ᠃
ᠪᠦᠬᠦ ᠬᠦᠴᠦᠨ ᠵᠢᠡᠷ ᠵᠢᠡᠨ ᠦᠢᠯᠡᠳᠪᠦᠷᠢᠯᠡᠯ ᠵᠢᠡᠨ ᠨᠡᠮᠡᠭᠳᠡᠭᠦᠯᠵᠦ ᠬᠠᠩᠭᠠᠯᠭ᠎ᠠ ᠶ᠋ᠢ ᠪᠠᠲᠤᠯᠠᠬᠤ ᠵᠢᠨ ᠬᠠᠮᠲᠤ᠂ ᠥᠪᠥᠷ ᠮᠣᠩᠭᠣᠯ ᠨᠡᠭᠦᠷᠡᠰᠦ ᠶ᠋ᠢ ᠠᠷᠢᠭᠤᠨ ᠴᠡᠪᠡᠷ ᠥᠨᠳᠥᠷ ᠪᠦᠲᠦᠮᠵᠢᠲᠡᠢ ᠠᠰᠢᠭ᠍ᠯᠠᠬᠤ ᠳ᠋ᠤ ᠬᠦᠴᠦᠨ ᠵᠢᠡᠨ ᠲᠦᠪᠯᠡᠷᠡᠭᠦᠯᠦᠨ᠂ ᠨᠡᠭᠦᠷᠡᠰᠦ ᠶ᠋ᠢ ᠵᠦᠪᠬᠡᠨ ᠲᠦᠯᠡᠰᠢ ᠡᠴᠡ ᠲᠦᠯᠡᠰᠢ ᠪᠣᠯᠣᠨ ᠲᠦᠭᠦᠬᠡᠢ ᠮᠠᠲᠧᠷᠢᠶᠠᠯ᠂ ᠮᠠᠲᠧᠷᠢᠶᠠᠯ ᠢ᠋ ᠵᠡᠷᠭᠡ ᠪᠡᠷ ᠴᠢᠬᠤᠯᠠᠴᠢᠯᠠᠬᠤ ᠲᠡᠢᠰᠢ ᠬᠤᠪᠢᠷᠠᠬᠤ ᠶ᠋ᠢ ᠪᠦᠬᠦ ᠬᠦᠴᠦᠨ ᠵᠢᠡᠷ ᠠᠬᠢᠭᠤᠯᠪᠠ᠃
ᠪᠦᠦ ᠹᠧᠩ ᠨᠡᠭᠦᠷᠡᠰᠦ ᠪᠡᠷ ᠰᠠᠭᠤᠷᠢ ᠪᠣᠯᠭᠠᠭᠰᠠᠨ ᠰᠢᠨ᠎ᠡ ᠮᠠᠲᠧᠷᠢᠶᠠᠯ ᠤ᠋ᠨ ᠺᠣᠮᠫᠠᠨᠢᠳᠤ᠂ 300 ᠲᠦᠮᠡᠨ ᠲᠣᠨ ᠤ᠋ ᠨᠡᠭᠦᠷᠡᠰᠦ ᠪᠡᠷ ᠠᠯᠺᠧᠨ ᠦᠢᠯᠡᠳᠬᠦ ᠲᠥᠷᠥᠯ ᠵᠦᠢᠯ ᠶᠠᠭ ᠢᠳᠡ ᠬᠦᠭ ᠲᠡᠢ ᠶᠠᠪᠤᠭᠳᠠᠵᠤ᠂ ᠡᠳᠦᠷᠲᠦ 9000 ᠲᠣᠨ ᠠᠯᠺᠧᠨ ᠵᠢᠨ ᠪᠦᠭᠡᠭᠡᠨᠡᠪᠦᠷᠢ ᠦᠢᠯᠡᠳᠪᠦᠷᠢᠯᠡᠨ᠎ᠡ; ᠤᠯᠤᠰ ᠤ᠋ᠨ ᠡᠨᠧᠷᠭᠢ ᠵᠢᠨ ᠣᠷᠳᠣᠰ ᠤ᠋ᠨ ᠨᠡᠭᠦᠷᠡᠰᠦ ᠪᠡᠷ ᠲᠣᠰᠣ᠌ ᠦᠢᠯᠡᠳᠬᠦ ᠬᠤᠪᠢᠶᠠᠷᠢ ᠺᠣᠮᠫᠠᠨᠢᠳᠤ᠂ ᠨᠡᠭᠦᠷᠡᠰᠦᠨ ᠨᠤᠨᠳᠠᠭ ᠨᠢ 20 ᠭᠠᠷᠤᠢ ᠴᠠᠭ ᠤ᠋ᠨ ᠳᠠᠷᠠᠭ᠎ᠠ ᠳᠠᠷᠤᠢ ᠴᠢᠯᠠᠭᠤᠨ ᠲᠣᠰᠣ᠌᠂ ᠠᠭᠠᠷ ᠤ᠋ᠨ ᠠᠶᠠᠯᠠᠯ ᠤ᠋ᠨ ᠨᠡᠭᠦᠷᠡᠰᠦᠨ ᠲᠣᠰᠣ᠌ ᠵᠡᠷᠭᠡ ᠳᠡᠭᠡᠳᠦ ᠲᠠᠰ ᠤ᠋ᠨ ᠲᠣᠰᠣᠨ ᠤ᠋ ᠵᠦᠢᠯ ᠪᠣᠯᠵᠤ ᠬᠤᠪᠢᠷᠠᠳᠠᠭ᠃
ᠡᠳᠦᠭᠡ᠂ ᠥᠪᠥᠷ ᠮᠣᠩᠭᠣᠯ ᠨᠢᠭᠡᠨᠲᠡ ᠤᠯᠤᠰ ᠤ᠋ᠨ ᠳᠣᠲᠣᠭᠠᠳᠤ ᠵᠢᠨ ᠠᠵᠤ ᠦᠢᠯᠡᠰᠦᠨ ᠲᠦᠷᠦᠯ ᠵᠦᠢᠯ ᠵᠢᠡᠷ ᠬᠠᠮᠤᠭ ᠤ᠋ᠨ ᠪᠦᠷᠢᠨ᠂ ᠬᠡᠯᠬᠢᠶ᠎ᠡ ᠪᠡᠷ ᠬᠠᠮᠤᠭ ᠤ᠋ᠨ ᠤᠷᠳᠤ᠂ ᠮᠡᠷᠭᠡᠵᠢᠯ ᠵᠢᠡᠷ ᠬᠠᠮᠤᠭ ᠤ᠋ᠨ ᠲᠡᠷᠢᠭᠦᠨᠦ ᠤᠳᠤ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢᠯᠡᠳᠪᠦᠷᠢ ᠵᠢᠨ ᠠᠵᠤ ᠦᠢᠯᠡᠰᠦᠨ ᠪᠦᠯᠦᠭᠵᠢᠯ ᠢ᠋ ᠪᠠᠢᠭᠤᠯᠵᠤ᠂ ᠨᠡᠭᠦᠷᠡᠰᠦ ᠪᠡᠷ ᠬᠡᠢ ᠦᠢᠯᠡᠳᠬᠦ᠂ ᠨᠡᠭᠦᠷᠡᠰᠦ ᠪᠡᠷ ᠠᠯᠺᠸᠠ ᠦᠢᠯᠡᠳᠬᠦ᠂ ᠨᠡᠭᠦᠷᠡᠰᠦ ᠪᠡᠷ ᠮᠧᠲ᠋ᠢᠯ ᠠᠯᠺᠣᠣᠯ ᠦᠢᠯᠡᠳᠬᠦ ᠦᠢᠯᠡᠳᠪᠦᠷᠢᠯᠡᠯᠦᠨ ᠴᠢᠳᠠᠪᠤᠷᠢ ᠴᠥᠮ ᠪᠦᠬᠦ ᠤᠯᠤᠰ ᠲᠤ᠌ ᠲᠡᠷᠢᠭᠦᠯᠡᠵᠤ᠂ ᠨᠡᠭᠦᠷᠡᠰᠦ ᠪᠡᠷ ᠲᠣᠰᠣ᠌ ᠦᠢᠯᠡᠳᠬᠦ᠂ ᠨᠡᠭᠦᠷᠡᠰᠦ ᠪᠡᠷ ᠡᠲ᠋ᠠ ᠬᠣᠶᠠᠷᠴᠢ ᠠᠯᠺᠣᠣᠯ ᠦᠢᠯᠡᠳᠬᠦ ᠦᠢᠯᠡᠳᠪᠦᠷᠢᠯᠡᠯᠦᠨ ᠴᠢᠳᠠᠪᠤᠷᠢ ᠪᠦᠬᠦ ᠤᠯᠤᠰ ᠤ᠋ᠨ ᠬᠣᠶᠠᠳᠤᠭᠠᠷᠲᠤ ᠵᠢᠭᠰᠠᠭᠠᠭᠳᠠᠵᠤ᠂ ᠤᠳᠤ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢᠯᠡᠳᠪᠦᠷᠢ ᠵᠢᠨ ᠠᠵᠤ ᠦᠢᠯᠡᠰᠦᠨ ᠪᠦᠯᠦᠭᠵᠢᠯ ᠤᠯᠤᠰ ᠤ᠋ᠨ ᠲᠡᠷᠢᠭᠦᠨᠦ ᠦᠢᠯᠡᠳᠬᠦ ᠦᠢᠯᠡᠰᠦᠨ ᠪᠦᠯᠦᠭᠵᠢᠯᠳᠦ ᠰᠣᠩᠭᠣᠭᠳᠠᠪᠠ᠃
《ᠪᠤᠬᠢᠷᠳᠤᠯ ᠦᠭᠡᠢ ᠬᠥᠳᠡᠯᠭᠡᠭᠦᠷ》 ᠢ᠋ ᠬᠦᠴᠦᠷᠬᠡᠭᠵᠢᠭᠦᠯᠦᠨ ᠪᠣᠬᠢᠷᠲᠤᠯ ᠦᠭᠡᠢ ᠬᠥᠭᠵᠢᠯᠲᠡ ᠵᠢᠨ ᠰᠢᠨ᠎ᠡ ᠬᠥᠳᠡᠯᠭᠡᠬᠦ ᠡᠨᠧᠷᠭᠢ ᠶ᠋ᠢ ᠪᠠᠳᠠᠷᠠᠭᠤᠯᠤᠨ᠎ᠠ
ᠡᠯᠪᠡᠭ ᠪᠠᠶᠠᠯᠢᠭ᠋ ᠰᠠᠯᠬᠢᠨᠤ ᠡᠨ᠋ᠸᠷᠭᠢ ᠵᠢᠨ ᠡᠬᠢ ᠪᠠᠶᠠᠯᠢᠭ ᠲᠤ᠌ ᠰᠠᠭᠤᠷᠢᠯᠠᠨ᠂ ᠥᠪᠥᠷ ᠮᠣᠩᠭᠣᠯ ᠰᠢᠨ᠎ᠡ ᠡᠨᠧᠷᠭᠢ ᠶ᠋ᠢ ᠨᠡᠭᠡᠭᠡᠨ ᠬᠥᠭᠵᠢᠭᠦᠯᠵᠦ ᠪᠦᠲᠦᠭᠡᠨ ᠪᠠᠶ᠋ᠢᠭᠤᠯᠬᠤ ᠶ᠋ᠢ ᠲᠦᠷᠭᠡᠳᠬᠡᠨ ᠠᠬᠢᠭᠤᠯᠵᠤ᠂ ᠰᠢᠨ᠎ᠡ ᠡᠨᠧᠷᠭᠢ ᠵᠢᠨ ᠠᠵᠤ ᠦᠢᠯᠡᠰ ᠨᠢ ᠨᠢᠭᠡᠨᠲᠡ ᠭᠠᠵᠠᠷ ᠣᠷᠣᠨ ᠤ᠋ ᠠᠵᠤ ᠠᠬᠤᠢ ᠵᠢᠨ ᠴᠢᠨᠠᠷ ᠰᠠᠢᠲᠠᠢ ᠬᠥᠭᠵᠢᠯᠲᠡ ᠶ᠋ᠢ ᠳᠠᠢᠴᠢᠯᠠᠬᠤ ᠬᠦᠴᠦᠲᠦ ᠬᠥᠳᠡᠯᠭᠡᠭᠦᠷ ᠪᠣᠯᠵᠠᠢ᠃ ᠡᠨᠡ ᠵᠢᠯᠦᠨ 9 ᠰᠠᠷ᠎ᠠ ᠵᠢᠨ ᠰᠡᠭᠦᠯᠴᠢ ᠪᠣᠯᠲᠠᠯ᠎ᠠ᠂ ᠪᠥᠬᠥ ᠣᠷᠣᠨ ᠤ᠋ ᠰᠢᠨ᠎ᠡ ᠡᠨᠧᠷᠭᠢ ᠵᠢᠨ ᠶᠡᠷᠦᠩᠬᠡᠢ ᠮᠠᠰᠢᠨ ᠴᠣᠭᠴᠠᠯᠠᠪᠤᠷᠢ ᠵᠢᠨ ᠬᠡᠪᠴᠢᠶ᠎ᠡ 1.83 ᠳ᠋ᠦᠩᠰᠢᠭᠤᠷ ᠺᠢᠯᠦᠸᠠᠲᠲᠤ ᠬᠦᠷᠴᠦ᠂ ᠪᠥᠬᠥ ᠣᠷᠣᠨ ᠤ᠋ ᠴᠠᠬᠢᠯᠭᠠᠨ ᠬᠦᠴᠦᠨᠦ ᠶᠡᠷᠦᠩᠬᠡᠢ ᠮᠠᠰᠢᠨ ᠴᠣᠭᠴᠠᠯᠠᠪᠤᠷᠢ ᠵᠢᠨ ᠬᠠᠷᠢᠴᠠᠯ 54%ᠳᠤ ᠬᠦᠷᠴᠡᠢ᠃ ᠣᠳᠣᠬᠠᠨᠳᠤ᠂ ᠪᠥᠬᠥ ᠣᠷᠣᠨᠳᠤ ᠨᠢᠭᠡᠨᠲᠡ ᠪᠥᠬᠥ ᠤᠯᠤᠰ ᠤ᠋ᠨ ᠰᠠᠯᠬᠢᠨ ᠬᠦᠴᠦᠨᠦ ᠴᠠᠬᠢᠯᠭᠠᠨ ᠤ᠋ ᠲᠣᠨᠣᠭᠯᠠᠯ ᠤ᠋ᠨ ᠠᠵᠤ ᠦᠢᠯᠡᠰᠦᠨ ᠬᠡᠯᠬᠢᠶ᠎ᠡ ᠪᠡᠷ ᠬᠠᠮᠤᠭ ᠤ᠋ᠨ ᠪᠦᠷᠢᠨ ᠲᠡᠭᠦᠯᠳᠡᠷ᠂ ᠪᠦᠯᠦᠭᠵᠢᠯ ᠤ᠋ᠨ ᠬᠡᠪᠴᠢᠶ᠎ᠡ ᠪᠡᠷ ᠬᠠᠮᠤᠭ ᠤ᠋ᠨ ᠶᠡᠬᠡ ᠡᠬᠡ ᠬᠠᠭᠤᠷᠠᠢ ᠳᠡᠭᠡᠷᠡᠬᠢ ᠰᠠᠯᠬᠢᠨ ᠬᠦᠴᠦᠨᠦ ᠴᠠᠬᠢᠯᠭᠠᠨ ᠤ᠋ ᠲᠣᠨᠣᠭᠯᠠᠯ ᠦᠢᠯᠡᠳᠬᠦ ᠰᠠᠭᠤᠷᠢᠨ ᠢ᠋ ᠪᠠᠢᠭᠤᠯᠵᠤ᠂ ᠬᠡᠷᠡᠯᠴᠢ ᠴᠡᠨᠡᠭᠦᠨ ᠲᠣᠨᠣᠭᠯᠠᠯ ᠤ᠋ᠨ ᠠᠵᠤ ᠦᠢᠯᠡᠰᠦᠨ ᠬᠡᠯᠬᠢᠶ᠎ᠡ ᠵᠢᠨ ᠡᠮᠦᠨ᠎ᠡ ᠡᠩᠨᠡᠭᠡ ᠳ᠋ᠤ ᠪᠥᠬᠥ ᠪᠥᠮᠪᠥᠷᠴᠡᠭᠦᠨ ᠥᠷᠢᠰᠦᠯᠳᠦᠭᠡᠨᠦ ᠳᠠᠪᠠᠭᠤᠯᠢᠭ᠋ ᠢ᠋ ᠪᠦᠷᠢᠯᠳᠦᠭᠦᠯᠵᠦ᠂ ᠲᠠᠩ ᠲᠠᠯᠠᠰᠲᠤ ᠴᠠᠬᠢᠭᠤᠷ᠂ ᠣᠯᠠᠨ ᠲᠠᠯᠠᠰᠲᠤ ᠴᠠᠬᠢᠭᠤᠷ ᠤ᠋ᠨ ᠦᠢᠯᠡᠳᠪᠦᠷᠢᠯᠡᠬᠦ ᠴᠢᠳᠠᠪᠤᠷᠢ ᠴᠥᠮ ᠪᠥᠬᠥ ᠤᠯᠤᠰ ᠤ᠋ᠨ ᠲᠡᠷᠢᠭᠦᠨᠳᠦ ᠯᠠᠪᠳᠠᠭᠤᠨ ᠪᠠᠢᠷᠢᠯᠠᠵᠤ᠂ ᠰᠢᠨ᠎ᠡ ᠬᠡᠯᠪᠡᠷᠢ ᠵᠢᠨ ᠡᠨᠧᠷᠭᠢ ᠬᠠᠳᠠᠭᠠᠯᠠᠬᠤ ᠮᠠᠰᠢᠨ ᠴᠣᠭᠴᠠᠯᠠᠪᠤᠷᠢ ᠵᠢᠨ ᠬᠡᠪᠴᠢᠶ᠎ᠡ ᠨᠡᠶ᠋ᠢᠲᠡ 2924 ᠲᠦᠮᠡᠨ ᠺᠢᠯᠦᠸᠠᠲᠲᠤ ᠬᠦᠷᠴᠦ᠂ ᠪᠣᠬᠢᠷᠲᠤᠯ ᠦᠭᠡᠢ ᠤᠰᠤᠲᠥ᠋ᠷᠥᠭᠴᠢ ᠦᠢᠯᠡᠳᠪᠦᠷᠢᠯᠡᠬᠦ ᠴᠢᠳᠠᠪᠤᠷᠢ ᠵᠢᠯ ᠪᠦᠷᠢ 8 ᠲᠦᠮᠡᠨ ᠲᠣᠨᠳᠤ ᠬᠦᠷᠴᠡᠢ᠃
ᠰᠢᠨ᠎ᠡ ᠡᠨᠧᠷᠭᠢ ᠶ᠋ᠢ ᠬᠥᠭᠵᠢᠭᠦᠯᠬᠦ ᠶᠠᠪᠤᠴᠠᠳᠤ᠂ ᠥᠪᠥᠷ ᠮᠣᠩᠭᠣᠯ ᠠᠮᠢ ᠠᠬᠤᠢ ᠶ᠋ᠢ ᠤᠷᠢᠳ ᠵᠢᠡᠷ ᠪᠣᠳᠣᠯᠬᠢᠯᠠᠬᠤ ᠪᠣᠬᠢᠷᠲᠤᠯ ᠦᠭᠡᠢ ᠬᠥᠭᠵᠢᠭᠦᠯᠬᠦ ᠪᠡᠷ ᠤᠳᠤᠷᠢᠳᠤᠮᠵᠢ ᠪᠤᠯᠭᠠᠬᠤ ᠶ᠋ᠢ ᠢᠮᠠᠭᠲᠠ ᠪᠠᠷᠢᠮᠲᠠᠯᠠᠵᠤ᠂ ᠤᠯᠤᠰ ᠡᠴᠡ《ᠡᠯᠡᠰᠦ ᠭᠣᠪᠢ ᠠᠲᠠᠷ》ᠭᠠᠵᠠᠷ ᠣᠷᠣᠨᠳᠤ ᠲᠣᠮᠣ᠌ ᠬᠡᠯᠪᠡᠷᠢ ᠵᠢᠨ ᠰᠠᠯᠬᠢᠨ ᠬᠦᠴᠦᠨᠦ ᠴᠠᠬᠢᠯᠭᠠᠨ ᠤ᠋ ᠬᠡᠷᠡᠯᠴᠢ ᠴᠡᠨᠡᠭᠦᠨ ᠰᠠᠭᠤᠷᠢᠨ ᠢ᠋ ᠲᠥᠯᠥᠪᠵᠢᠭᠦᠯᠦᠨ ᠪᠦᠲᠦᠭᠡᠨ ᠪᠠᠶ᠋ᠢᠭᠤᠯᠬᠤ ᠴᠢᠬᠤᠯᠠ ᠶᠡᠬᠡ ᠠᠵᠠ ᠲᠣᠬᠢᠶᠠᠯ ᠢ᠋ ᠪᠠᠲᠤ ᠡᠵᠡᠮᠳᠡᠵᠦ᠂《ᠰᠢᠨ᠎ᠡ ᠡᠨᠧᠷᠭᠢ + ᠠᠮᠢ ᠠᠬᠤᠢ ᠵᠢᠨ ᠵᠠᠰᠠᠯᠲᠠ》 ᠵᠢᠨ ᠵᠠᠭᠪᠤᠷ ᠢ᠋ ᠢᠳᠡᠪᠬᠢᠲᠡᠢ ᠳᠡᠯᠭᠡᠷᠡᠭᠦᠯᠤᠨ᠂ ᠡᠯᠡᠰᠦᠨ ᠴᠥᠯ᠂ ᠭᠣᠪᠢ ᠭᠠᠵᠠᠷ᠂ ᠠᠲᠠᠷ ᠭᠠᠵᠠᠷ ᠲᠤ᠌ ᠰᠢᠨ᠎ᠡ ᠡᠨᠧᠷᠭᠢ ᠵᠢᠨ ᠰᠠᠭᠤᠷᠢᠨ ᠢ᠋ ᠤᠷᠢᠳ ᠵᠢᠡᠷ ᠪᠠᠢᠷᠢᠰᠢᠭᠤᠯᠪᠠ᠃
ᠣᠲᠣ᠌ ᠪᠣᠯᠲᠠᠯ᠎ᠠ᠂ ᠥᠪᠥᠷ ᠮᠣᠩᠭᠣᠯ ᠤ᠋ᠨ 6 《ᠡᠯᠡᠰᠦ ᠭᠣᠪᠢ ᠠᠲᠠᠷ》 ᠲᠣᠮᠣ᠌ ᠬᠡᠯᠪᠡᠷᠢ ᠵᠢᠨ ᠰᠠᠯᠬᠢᠨ ᠬᠦᠴᠦᠨᠦ ᠴᠠᠬᠢᠯᠭᠠᠨ ᠤ᠋ ᠬᠡᠷᠡᠯᠴᠢ ᠴᠡᠨᠡᠭᠦᠨ ᠰᠠᠭᠤᠷᠢᠨ ᠨᠢᠭᠡᠨᠲᠡ ᠵᠦᠪᠰᠢᠶᠡᠷᠡᠭᠳᠡᠵᠤ᠂ ᠰᠢᠨ᠎ᠡ ᠡᠨᠧᠷᠭᠢ ᠵᠢᠨ ᠶᠡᠷᠦᠩᠬᠡᠢ ᠮᠠᠰᠢᠨ ᠴᠣᠭᠴᠠᠯᠠᠪᠤᠷᠢ ᠶ᠋ᠢ 7200 ᠲᠦᠮᠡᠨ ᠺᠢᠯᠦᠸᠠᠲ ᠲᠥᠯᠥᠪᠯᠡᠪᠡ᠃ ᠰᠠᠭᠤᠷᠢᠨ ᠪᠦᠬᠦᠨ ᠵᠢᠡᠷ ᠵᠢᠡᠨ ᠠᠰᠢᠭ᠍ᠯᠠᠯᠲᠠᠳᠤ ᠣᠷᠣᠭᠰᠠᠨ ᠤ᠋ ᠳᠠᠷᠠᠭ᠎ᠠ᠂ ᠵᠢᠯ ᠪᠦᠷᠢ ᠤᠮᠠᠷᠠᠲᠤ ᠣᠷᠣᠨ᠂ ᠳᠣᠷᠣᠨᠠᠲᠤ ᠣᠷᠣᠨ᠂ ᠳᠤᠮᠳᠠᠳᠤ ᠣᠷᠣᠨᠳᠤ 2160 ᠳ᠋ᠦᠩᠰᠢᠭᠤᠷ ᠭᠷᠡᠳᠦ᠋ᠰᠦᠨ ᠴᠠᠬᠢᠯᠭᠠᠨ ᠭᠠᠳᠠᠭ᠍ᠰᠢ ᠬᠦᠷᠭᠡᠵᠦ᠂ ᠪᠤᠬᠢᠷᠳᠤᠯ ᠦᠭᠡᠢ ᠴᠠᠬᠢᠯᠭᠠᠨ ᠤ᠋ ᠡᠵᠡᠯᠡᠬᠦ ᠬᠠᠷᠢᠴᠠᠯ ᠨᠢ ᠪᠠᠷᠤᠭ 60%ᠳᠤ ᠬᠦᠷᠴᠦ᠂ ᠪᠠᠷᠢᠮᠵᠢᠶᠠᠲᠤ ᠨᠡᠭᠦᠷᠡᠰᠦᠨᠦ ᠬᠣᠷᠣᠭᠳᠠᠯ ᠢ᠋ ᠪᠠᠷᠤᠭ 3840 ᠲᠦᠮᠡᠨ ᠲᠣᠨ ᠪᠠᠭᠠᠰᠬᠠᠨ᠂ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ ᠢ᠋ ᠪᠠᠷᠤᠭ ᠳ᠋ᠦᠩᠰᠢᠭᠤᠷ ᠲᠣᠨ ᠭᠠᠳᠠᠭᠰᠢᠯᠠᠭᠤᠯᠵᠤ᠂ ᠡᠨᠧᠷᠭᠢ ᠵᠢᠨ ᠪᠦᠲᠦᠴᠡ ᠵᠢᠨ ᠪᠣᠬᠢᠷᠲᠤᠯ ᠦᠭᠡᠢ ᠪᠡᠷ ᠬᠡᠯᠪᠡᠷᠢ ᠪᠡᠨ ᠬᠤᠪᠢᠷᠠᠭᠤᠯᠬᠤ ᠶ᠋ᠢ ᠠᠬᠢᠭᠤᠯᠬᠤ ᠵᠢᠨ ᠬᠠᠮᠲᠤ ᠪᠠᠰᠠ ᠵᠠᠭᠤᠨ ᠲᠦᠮᠡᠨ ᠮᠦ᠍ ᠡᠯᠡᠰᠦᠷᠬᠡᠭᠵᠢᠭᠰᠡᠨ ᠭᠠᠵᠠᠷ ᠰᠢᠷᠣᠢ ᠶ᠋ᠢ ᠪᠦᠲᠦᠮᠵᠢᠲᠡᠶ ᠵᠠᠰᠠᠭᠰᠠᠨ ᠪᠠᠢᠨ᠎ᠠ᠃
《ᠠᠭᠤᠰᠤᠯᠴᠠᠭᠰᠠᠨ ᠵᠠᠮ》 ᠵᠢᠡᠷ ᠰᠠᠢᠲᠤᠷ ᠵᠠᠮᠨᠠᠵᠤ ᠪᠤᠬᠢᠷᠳᠤᠯ ᠦᠭᠡᠢ ᠴᠠᠬᠢᠯᠭᠠᠨ ᠤ᠋ ᠰᠢᠨ᠎ᠡ ᠣᠷᠣᠨ ᠵᠠᠢ ᠶ᠋ᠢ ᠥᠷᠭᠡᠳᠬᠡᠨ᠎ᠡ
ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢᠨ ᠬᠡᠪᠴᠢᠶ᠎ᠡ ᠦᠷᠭᠦᠯᠵᠢᠯᠡᠨ ᠦᠷᠭᠡᠳᠬᠦ ᠶ᠋ᠢ ᠳᠠᠭᠠᠯᠳᠤᠨ᠂ ᠥᠪᠥᠷ ᠮᠣᠩᠭᠣᠯ ᠤ᠋ᠨ ᠪᠣᠬᠢᠷᠲᠤᠯ ᠦᠭᠡᠢ ᠴᠠᠬᠢᠯᠭᠠᠨ ᠤ᠋ ᠬᠡᠪᠴᠢᠶ᠎ᠡ ᠲᠠᠰᠤᠷᠠᠯᠲᠠ ᠦᠭᠡᠢ ᠥᠷᠭᠡᠵᠢᠪᠡ᠃《ᠠᠷᠪᠠᠨ ᠳᠥᠷᠪᠡᠳᠦᠭᠡᠷ ᠲᠠᠪᠤᠨ ᠵᠢᠯ》ᠡᠴᠡ ᠨᠠᠭᠠᠰᠢ᠂ ᠥᠪᠥᠷ ᠮᠣᠩᠭᠣᠯ ᠤ᠋ᠨ ᠰᠢᠨ᠎ᠡ ᠡᠨᠧᠷᠭᠢ ᠵᠢᠨ ᠵᠢᠯᠦᠨ ᠴᠠᠬᠢᠯᠭᠠᠨ ᠭᠠᠷᠭᠠᠭᠰᠠᠨ ᠬᠡᠮᠵᠢᠶ᠎ᠡ 2000 ᠳ᠋ᠦᠩᠰᠢᠭᠤᠷ ᠺᠢᠯᠦᠸᠠᠲ ᠴᠠᠭ ᠢ᠋ ᠳᠠᠪᠠᠵᠤ᠂ ᠪᠥᠬᠥ ᠤᠯᠤᠰᠲᠤ ᠲᠡᠷᠢᠭᠦᠯᠡᠪᠡ᠃ ᠥᠪᠥᠷ ᠮᠣᠩᠭᠣᠯ 3 ᠭᠷᠡᠳᠦ᠋ᠰᠦᠨ ᠴᠠᠬᠢᠯᠭᠠᠨ ᠭᠠᠷᠭᠠᠬᠤ ᠪᠦᠷᠢ 1 ᠭᠷᠡᠳᠦ᠋ᠰ ᠨᠢ ᠰᠢᠨ᠎ᠡ ᠡᠨᠧᠷᠭᠢ ᠡᠴᠡ ᠢᠷᠡᠯᠲᠡᠲᠠᠢ᠃
ᠡᠨᠡ ᠬᠦ᠌ ᠪᠤᠬᠢᠷᠳᠤᠯ ᠦᠭᠡᠢ ᠴᠠᠬᠢᠯᠭᠠᠨ ᠤ᠋ 《ᠥᠪ ᠬᠥᠷᠥᠩᠭᠡ》 ᠨᠢ ᠥᠪᠥᠷ ᠮᠣᠩᠭᠣᠯ ᠤ᠋ᠨ ᠴᠢᠨᠠᠷ ᠰᠠᠢᠲᠠᠢ ᠬᠥᠭᠵᠢᠯᠲᠡ ᠶ᠋ᠢ ᠠᠬᠢᠭᠤᠯᠬᠤ ᠢᠲᠡᠭᠡᠯ ᠵᠣᠷᠢᠭ᠋ ᠪᠣᠯᠬᠤᠪᠠᠷ ᠪᠠᠷᠠᠬᠤ ᠦᠭᠡᠢ ᠨᠠᠩ ᠴᠤ᠌ ᠪᠥᠬᠥ ᠤᠯᠤᠰ ᠤ᠋ᠨ ᠬᠥᠭᠵᠢᠯᠲᠡ ᠵᠢᠨ ᠶᠡᠬᠡ ᠲᠠᠯᠠᠳᠤ ᠦᠢᠯᠡᠴᠢᠯᠡᠬᠦ ᠪᠠᠲᠤ ᠴᠢᠩᠭ᠎ᠠ ᠲᠤᠯᠭᠠᠭᠤᠷᠢᠯᠠᠯ ᠪᠣᠯᠤᠭᠰᠠᠨ ᠪᠠᠢᠨ᠎ᠠ᠃
ᠡᠨᠡ ᠵᠢᠯᠦᠨ 4 ᠰᠠᠷᠠᠳᠤ᠂ ᠪᠥᠬᠥ ᠤᠯᠤᠰ ᠤ᠋ᠨ ᠠᠩᠬᠠᠳᠠᠭ᠍ᠴᠢ ᠵᠤᠤᠬ᠎ᠠ ᠵᠢᠨ 《ᠡᠨ᠋ᠸᠷᠭᠢ ᠲᠤᠤᠷ ᠳᠠᠭᠠᠭᠠᠴᠠ ᠨᠦᠭᠡᠴᠡ》 ᠵᠢᠨ ᠮᠡᠷᠭᠡᠵᠢᠯ ᠵᠢᠡᠷ ᠲᠤᠯᠭᠠᠭᠤᠷᠢᠯᠠᠭᠰᠠᠨ ᠪᠣᠬᠢᠷᠲᠤᠯ ᠦᠭᠡᠢ ᠬᠠᠢᠯᠤᠰᠢ ᠵᠢᠨ ᠤᠰᠤ ᠪᠤᠭᠤᠲᠤ ᠵᠢᠨ ᠳᠠᠷᠬᠠᠨ ᠮᠤᠤᠮᠢᠩᠭᠠᠨ ᠤ᠋ ᠳ᠋ᠠᠩ ᠨᠡᠭᠦᠷᠡᠰᠦᠲᠥ᠋ᠷᠥᠭᠴᠢᠲᠦ ᠬᠦᠷᠢᠶᠡᠯᠡᠩ ᠲᠣᠭᠣᠷᠢᠭ ᠲᠤ᠌ ᠦᠢᠯᠡᠳᠪᠦᠷᠢᠯᠡᠭᠳᠡᠪᠡ᠃
ᠲᠠᠰᠤᠷᠠᠯᠲᠠ ᠦᠭᠡᠢ ᠪᠤᠵᠠᠭᠠᠢᠷᠠᠵᠤ ᠪᠠᠢᠭ᠎ᠠ ᠪᠤᠬᠢᠷᠳᠤᠯ ᠦᠭᠡᠢ ᠴᠠᠬᠢᠯᠭᠠᠨ ᠬᠡᠷᠡᠭᠰᠡᠯᠦᠨ 《ᠦᠪ ᠬᠦᠷᠦᠩᠭᠡ》ᠳ᠋ᠤ ᠲᠦᠰᠢᠭᠯᠡᠨ ᠂ ᠥᠪᠥᠷ ᠮᠣᠩᠭᠣᠯ ᠰᠢᠨ᠎ᠡ ᠡᠨᠧᠷᠭᠢ ᠬᠢᠭᠡᠳ ᠪᠤᠳᠤᠯᠲᠠ ᠵᠢᠨ ᠬᠦᠴᠦᠨ᠂ ᠲᠠᠯᠠᠰᠲᠤ ᠴᠠᠬᠢᠭᠤᠷ᠂ ᠬᠠᠢᠯᠤᠰᠢ ᠵᠢᠨ ᠰᠢᠨ᠎ᠡ ᠮᠠᠲᠧᠷᠢᠶᠠᠯ ᠵᠡᠷᠭᠡ ᠠᠵᠤ ᠦᠢᠯᠡᠰᠦᠨ ᠭᠦᠨᠵᠡᠭᠡᠢ ᠠᠭᠤᠰᠤᠯᠴᠠᠬᠤ᠂ ᠬᠠᠷᠢᠯᠴᠠᠨ ᠠᠬᠢᠭᠤᠯᠵᠤ ᠬᠠᠮᠲᠤᠪᠠᠷ ᠳᠠᠪᠰᠢᠬᠤ ᠶ᠋ᠢ ᠢᠳᠡᠪᠬᠢᠲᠡᠢ ᠰᠦᠪᠡᠭᠴᠢᠯᠡᠵᠦ᠂ ᠠᠵᠤ ᠦᠢᠯᠡᠰᠦᠨ 《ᠪᠤᠬᠢᠷᠳᠤᠯ ᠦᠭᠡᠢ ᠠᠭᠤᠯᠤᠭᠳᠠᠴᠠ》 ᠢᠯᠡᠳᠲᠡ ᠳᠡᠭᠡᠭᠰᠢᠯᠡᠪᠡ᠃
ᠣᠷᠳᠣᠰ ᠬᠣᠲᠠ ᠣᠲᠣ᠌ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢᠯᠡᠳᠪᠦᠷᠢ ᠬᠢᠭᠡᠳ ᠰᠢᠨ᠎ᠡ ᠡᠨᠧᠷᠭᠢ ᠵᠢᠨ ᠠᠭᠤᠰᠤᠯᠴᠠᠨ ᠬᠥᠭᠵᠢᠬᠦ ᠶ᠋ᠢ ᠠᠬᠢᠭᠤᠯᠵᠤ᠂ ᠨᠡᠭᠦᠷᠡᠰᠦ ᠴᠠᠬᠢᠯᠭᠠᠨᠳᠤ ᠤᠰᠤᠲᠥ᠋ᠷᠥᠭ᠌ᠴᠢᠲᠤ ᠰᠢᠪᠲᠦᠷ ᠬᠣᠯᠢᠬᠤ ᠥᠭᠡᠷᠡᠴᠢᠯᠡᠯᠲᠡ᠂ ᠤᠰᠤᠲᠥ᠋ᠷᠥᠭ᠌ᠴᠢᠲᠤ ᠬᠢᠮᠢ ᠵᠢᠨ ᠠᠵᠤ ᠦᠢᠯᠡᠳᠪᠦᠷᠢ ᠵᠢᠨ ᠲᠦᠭᠦᠬᠡᠢ ᠮᠠᠲᠧᠷᠢᠶᠠᠯ ᠢ᠋ ᠣᠷᠣᠯᠠᠭᠤᠯᠬᠤ ᠵᠡᠷᠭᠡ ᠰᠢᠨ᠎ᠡ ᠮᠡᠷᠭᠡᠵᠢᠯ ᠢ᠋ ᠳᠡᠯᠭᠡᠷᠡᠭᠦᠯᠵᠦ ᠪᠣᠶ; ᠰᠢᠯᠢ ᠵᠢᠨ ᠭᠣᠣᠯ ᠠᠢᠮᠠᠭ ᠪᠤᠬᠢᠷᠳᠤᠯ ᠦᠭᠡᠢ ᠴᠠᠬᠢᠯᠭᠠᠨ ᠬᠢᠭᠡᠳ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠋ ᠤ᠋ᠨ ᠳᠠᠪᠠᠭᠤᠯᠢᠭ᠋ ᠢ᠋ ᠨᠢᠭᠡᠳᠦᠯᠲᠡᠢ ᠲᠥᠯᠥᠪᠯᠡᠨ᠂ ᠪᠤᠬᠢᠷᠳᠤᠯ ᠦᠭᠡᠢ ᠴᠠᠬᠢᠯᠭᠠᠨ ᠴᠠᠬᠢᠭᠤᠷᠲᠤ ᠮᠠᠩᠭᠠᠨ ᠤ᠋ ᠬᠠᠢᠯᠤᠰᠢ᠂ ᠴᠠᠬᠢᠯᠭᠠᠨ ᠵᠠᠳᠠᠯᠤᠯ ᠤ᠋ᠨ ᠬᠥᠩᠭᠡᠨ ᠴᠠᠭᠠᠨ ᠵᠡᠷᠭᠡ ᠨᠢᠭᠡ ᠪᠦᠯᠦᠭ ᠲᠥᠷᠥᠯ ᠵᠦᠢᠯᠦᠨ ᠪᠤᠬᠢᠷᠳᠤᠯ ᠦᠭᠡᠢ ᠴᠠᠬᠢᠯᠭᠠᠨ ᠢ᠋ ᠥᠨᠳᠥᠷ ᠬᠠᠷᠢᠴᠠᠯ ᠵᠢᠡᠷ ᠬᠡᠷᠡᠭᠯᠡᠬᠦ ᠶ᠋ᠢ ᠪᠡᠶᠡᠯᠡᠭᠦᠯᠬᠦ ᠶ᠋ᠢ ᠠᠬᠢᠭᠤᠯᠪᠠ᠃
《ᠵᠡᠭᠦᠨᠲᠡᠬᠢ ᠳ᠋ᠡᠢᠲ᠋ᠠ ᠵᠢ ᠪᠠᠷᠠᠭᠤᠨᠳᠠᠬᠢ ᠪᠤᠳᠤᠯᠲᠠ ᠵᠢᠨ ᠬᠦᠴᠦᠨᠵᠢᠠᠷ ᠲᠤᠯᠭᠠᠭᠤᠷᠢᠯᠠᠬᠤ》 ᠤᠯᠤᠰ ᠤ᠋ᠨ ᠪᠤᠳᠤᠯᠳᠠ ᠵᠢᠨ ᠬᠦᠴᠦᠨ ᠤ᠋ ᠬᠦᠢᠰᠦ ᠵᠢᠨ ᠴᠢᠬᠤᠯᠠ ᠪᠦᠷᠢᠯᠳᠦᠭᠦᠨ ᠬᠡᠰᠡᠭ ᠪᠣᠯᠤᠭᠰᠠᠨ ᠤ᠋ ᠬᠤᠪᠢᠳᠤ᠂ ᠤᠯᠠᠭᠠᠨᠴᠠᠪ ᠬᠣᠲᠠ 《ᠳ᠋ᠠᠢᠲ᠋ᠠ ᠵᠢᠨ ᠲᠠᠰᠤᠯᠪᠤᠷᠢ ᠵᠢᠨ ᠲᠦᠪ》 ᠤ᠋ᠨ ᠪᠦᠲᠦᠭᠡᠨ ᠪᠠᠢᠭᠤᠯᠤᠯᠲᠠ ᠵᠢᠨ ᠭᠤᠷᠪᠠᠨ ᠵᠢᠯᠦᠨ ᠠᠵᠢᠯᠯᠠᠭᠠᠨ ᠤ᠋ ᠲᠥᠯᠥᠪᠯᠡᠭᠡ ᠶ᠋ᠢ ᠳᠠᠷᠤᠮᠠᠯᠯᠠᠨ ᠲᠠᠷᠬᠠᠭᠠᠵᠤ᠂《ᠲᠠᠯ᠎ᠠ ᠨᠤᠲᠤᠭ ᠤ᠋ᠨ ᠡᠭᠦᠯᠡᠨ ᠬᠥᠨᠳᠡᠢ᠂ ᠣᠶᠤᠨᠴᠢ ᠪᠣᠳᠣᠯᠭ᠎ᠠ ᠵᠢᠨ ᠬᠣᠲᠠ᠂ ᠳ᠋ᠠᠢᠲ᠋ᠠ ᠵᠢᠨ ᠲᠠᠰᠤᠯᠪᠤᠷᠢ ᠵᠢᠨ ᠲᠦᠪ》 ᠭᠤᠷᠪᠠᠨ ᠱᠠᠲᠤᠨ ᠤ᠋ ᠬᠥᠭᠵᠢᠯᠲᠡ ᠵᠢᠨ ᠠᠷᠭ᠎ᠠ ᠵᠠᠮ ᠢ᠋ ᠲᠣᠳᠣᠷᠬᠠᠢᠯᠠᠵᠤ᠂ ᠪᠥᠬᠥ ᠤᠯᠤᠰᠲᠤ ᠬᠠᠨᠳᠤᠭᠤᠯᠤᠭᠰᠠᠨ ᠲᠣᠮᠣ᠌ ᠵᠠᠭᠪᠤᠷ ᠤ᠋ᠨ ᠪᠣᠯᠪᠠᠰᠤᠷᠠᠯ᠂ ᠵᠦᠢᠴᠢᠯᠡᠯᠳᠦ ᠬᠠᠨᠳᠤᠭᠤᠯᠤᠭᠰᠠᠨ ᠪᠣᠬᠢᠷᠲᠤᠯ ᠦᠭᠡᠢ ᠪᠤᠳᠤᠯᠲᠠ ᠵᠢᠨ ᠬᠦᠴᠦᠨ ᠤ᠋ ᠰᠠᠭᠤᠷᠢ ᠶ᠋ᠢ ᠴᠣᠭᠴᠠᠯᠠᠪᠠ᠃ ᠡᠨᠡ ᠵᠢᠯᠦᠨ 8 ᠰᠠᠷ᠎ᠠ ᠪᠣᠯᠲᠠᠯ᠎ᠠ᠂ ᠪᠥᠬᠥ ᠬᠣᠲᠠ ᠵᠢᠨ ᠪᠤᠳᠤᠯᠲᠠ ᠵᠢᠨ ᠬᠦᠴᠦᠨᠦ ᠬᠡᠪᠴᠢᠶ᠎ᠡ 19 ᠲᠦᠮᠡᠨ Pᠳ᠋ᠤ ᠬᠦᠷᠴᠦ᠂ ᠡᠭᠦᠨᠳᠦ ᠣᠶᠤᠨᠲᠤ ᠪᠣᠳᠣᠯᠭ᠎ᠠ ᠵᠢᠨ ᠡᠵᠡᠯᠡᠬᠦ ᠬᠠᠷᠢᠴᠠᠯ 90% ᠶ᠋ᠢ ᠳᠠᠪᠠᠪᠠ᠃
ᠰᠢᠨ᠎ᠡ ᠡᠨᠧᠷᠭᠢ ᠵᠢᠨ ᠬᠡᠪᠴᠢᠶᠡᠵᠢᠭᠰᠡᠨ ᠬᠥᠭᠵᠢᠯᠲᠡ ᠪᠠ ᠥᠨᠳᠥᠷ ᠲᠦᠪᠰᠢᠨ ᠵᠢᠡᠷ ᠰᠢᠩᠭᠡᠭᠡᠬᠦᠳᠦ ᠠᠩᠬᠠᠷᠤᠯ ᠵᠢᠡᠨ ᠲᠥᠪᠯᠡᠷᠡᠭᠦᠯᠵᠦ᠂ ᠥᠪᠥᠷ ᠮᠣᠩᠭᠣᠯ ᠪᠥᠬᠥ ᠤᠯᠤᠰᠲᠤ ᠡᠩ ᠲᠡᠷᠢᠭᠦᠨᠳᠦ ᠪᠣᠬᠢᠷᠲᠤᠯ ᠦᠭᠡᠢ ᠴᠠᠬᠢᠯᠭᠠᠨ ᠢ᠋ ᠰᠢᠭᠤᠳ ᠬᠣᠯᠪᠣᠬᠤ ᠰᠢᠨ᠎ᠡ ᠡᠭᠦᠳᠦᠯᠲᠡ ᠵᠢᠨ ᠦᠢᠯᠡᠳᠦᠯᠭᠡ ᠶ᠋ᠢ ᠥᠷᠨᠢᠭᠦᠯᠵᠦ᠂ ᠥᠪᠥᠷ ᠮᠣᠩᠭᠣᠯ ᠤ᠋ᠨ ᠣᠨᠴᠠᠯᠢᠭ᠋ᠲᠠᠢ᠂ ᠥᠪᠥᠷ ᠮᠣᠩᠭᠣᠯ ᠤ᠋ᠨ ᠬᠥᠭᠵᠢᠯᠲᠡ ᠵᠢᠨ ᠪᠣᠳᠠᠲᠤ ᠪᠠᠢᠳᠠᠯᠲᠠᠢ ᠨᠡᠢᠴᠡᠭᠰᠡᠨ ᠪᠣᠬᠢᠷᠲᠤᠯ ᠦᠭᠡᠢ ᠴᠠᠬᠢᠯᠭᠠᠨ ᠢ᠋ ᠰᠢᠭᠤᠳ ᠬᠣᠯᠪᠣᠬᠤ ᠵᠠᠭᠪᠤᠷ ᠢ᠋ ᠪᠦᠷᠢᠯᠳᠦᠭᠦᠯᠪᠡ᠃ ᠣᠳᠣᠬᠠᠨ ᠪᠣᠯᠲᠠᠯ᠎ᠠ᠂ ᠪᠥᠬᠥ ᠣᠷᠣᠨᠳᠤ ᠨᠢᠭᠡᠨᠲᠡ 207 ᠪᠣᠬᠢᠷᠲᠤᠯ ᠦᠭᠡᠢ ᠴᠠᠬᠢᠯᠭᠠᠨ ᠢ᠋ ᠰᠢᠭᠤᠳ ᠬᠣᠯᠪᠣᠬᠤ ᠲᠥᠷᠥᠯ ᠵᠦᠢᠯ (6 ᠲᠥᠷᠥᠯᠦᠨ ᠵᠠᠬ᠎ᠠ ᠳᠡᠯᠭᠡᠭᠦᠷᠴᠢᠯᠡᠭᠰᠡᠨ ᠲᠥᠷᠥᠯ ᠵᠦᠢᠯ ᠪᠠᠭᠲᠠᠨ᠎ᠠ) ᠢ᠋ ᠴᠣᠬᠣᠯᠠᠪᠤᠷᠢᠯᠠᠪᠠ᠃
ᠢᠷᠡᠭᠡᠳᠦᠢᠳᠦ ᠬᠠᠨᠳᠤᠵᠤ᠂ ᠤᠯᠠᠨ ᠡᠨᠧᠷᠭᠢ ᠪᠡᠷ ᠬᠠᠷᠢᠯᠴᠠᠨ ᠨᠥᠬᠥᠪᠦᠷᠢᠯᠡᠬᠦ ᠪᠠᠢᠷᠢᠰᠢᠯ ᠡᠳᠦᠷ ᠢᠷᠡᠬᠦᠶ᠎ᠡ ᠲᠡᠭᠦᠯᠳᠡᠷᠵᠢᠵᠦ᠂ ᠪᠤᠬᠢᠷᠳᠤᠯ ᠦᠭᠡᠢ ᠴᠠᠬᠢᠯᠭᠠᠨ ᠤ᠋ ᠬᠡᠷᠡᠭᠯᠡᠭᠡᠨᠦ ᠪᠠᠢᠳᠠᠯ ᠦᠷᠭᠦᠯᠵᠢᠯᠡᠨ ᠥᠷᠭᠡᠵᠢᠬᠦ ᠶ᠋ᠢ ᠳᠠᠭᠠᠯᠳᠤᠨ᠂ ᠥᠪᠥᠷ ᠮᠣᠩᠭᠣᠯ ᠤᠯᠤᠰ ᠤ᠋ᠨ ᠡᠨᠧᠷᠭᠢ ᠵᠢᠨ ᠠᠮᠤᠷ ᠲᠦᠪᠰᠢᠨ ᠢ᠋ ᠪᠠᠲᠤᠯᠠᠬᠤ᠂ ᠪᠦᠬᠦ ᠤᠯᠤᠰ ᠤ᠋ᠨ ᠬᠥᠭᠵᠢᠯᠲᠡ ᠵᠢᠨ ᠶᠡᠬᠡ ᠲᠠᠯᠠᠳᠤ ᠦᠢᠯᠡᠴᠢᠯᠡᠬᠦ ᠳᠤᠮᠳᠠ ᠯᠠᠪᠲᠠᠢᠠ ᠨᠡᠩ ᠶᠡᠬᠡ ᠵᠢᠳᠬᠦᠯ ᠴᠢᠷᠮᠠᠢᠯᠭ᠎ᠠ ᠭᠠᠷᠭᠠᠵᠤ᠂ ᠨᠡᠩ ᠬᠦᠴᠦᠷᠬᠡᠭ ᠶᠡᠬᠡ ᠬᠦᠴᠦᠨ ᠴᠢᠳᠠᠯ ᠵᠢᠡᠨ ᠡᠷᠭᠦᠬᠦ ᠪᠣᠯᠣᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃