ᠭᠣᠣᠯ ᠰᠡᠳᠦᠪᠲᠦ ᠮᠡᠳᠡᠭᠡᠯᠡᠯ > ᠤᠷᠲᠤ ᠵᠠᠮ᠎ᠤ᠋ᠨ ᠠᠶᠠᠨ ᠳᠠᠢᠨ

2026-10-25 16:30:09

ᠵᠣᠬᠢᠶᠠᠭ᠍ᠴᠢ᠄ ​ ᠵᠧᠩ ᠰᠢᠤᠸᠠᠢ ᠯᠢᠶᠠᠩ ᠮᠤᠤ ᠺᠠᠢ ᠶᠠᠨ ᠪᠦᠸᠸ ᠵᠢᠨ ᠹᠸᠩ ᠭᠤᠤ ᠮᠢᠨ ᠨᠠ ᠰᠦᠩ ᠠ ᠨᠠᠨ ᠭᠦᠧᠧ ᠴᠢ ᠨᠠᠨ ᠯᠢ ᠵᠢᠶᠠ ᠢᠦᠢ ᠣᠩᠱᠢᠭ᠍ᠰᠠᠨ ᠣᠳᠠᠭ᠎ᠠ᠄ 3

— ᠥᠪᠥᠷ ᠮᠣᠩᠭᠣᠯ᠎ᠤᠨ ᠡᠯ᠎ᠡ ᠭᠠᠵᠠᠷ᠎ᠤᠨ ᠬᠢᠨ ᠣᠯᠠᠨ ᠬᠡᠯᠪᠡᠷᠢ ᠵᠢᠨ ᠠᠵᠢᠯᠯᠠᠭ᠎ᠠ ᠥᠷᠨᠢᠭᠦᠯᠵᠦ ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ᠎ᠤ ᠤᠯᠠᠭᠠᠨ ᠴᠡᠷᠢᠭ᠎ᠦᠨ ᠣᠷᠳᠣ᠌ ᠵᠠᠮ᠎ᠤᠨ ᠠᠶᠠᠨ ᠲᠡᠶ᠋ᠢᠨ ᠢᠯᠠᠯᠲᠠ ᠣᠯᠣᠭᠰᠠᠨ 90 ᠵᠢᠯ᠎ᠦᠨ ᠣᠶ᠎ᠶᠢ ᠳᠤᠷᠠᠰᠬᠠᠪᠠ


ᠬᠤᠪᠢᠰᠬᠠᠯ᠎ᠤᠨ ᠤᠷᠢᠳᠤᠰ᠎ᠢᠶᠠᠨ ᠳᠤᠷᠠᠰᠤᠨ ᠰᠠᠨᠠᠭᠠᠯᠵᠠᠵᠤ᠂ ᠠᠭᠤᠤ ᠶᠡᠬᠡ ᠣᠷᠳᠣ᠌ ᠵᠠᠮ᠎ᠤᠨ ᠠᠶᠠᠨ ᠲᠡᠶ᠋ᠢᠨ᠎ᠦ ᠵᠣᠷᠢᠭ᠋ ᠰᠠᠨᠠᠭ᠎ᠠ᠎ᠶᠢ ᠤᠯᠠᠮᠵᠢᠯᠠᠨ᠂ ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ᠎ᠤ ᠤᠯᠠᠭᠠᠨ ᠴᠡᠷᠢᠭ᠎ᠦᠨ ᠣᠷᠳᠣ᠌ ᠵᠠᠮ᠎ᠤᠨ ᠠᠶᠠᠨ ᠲᠡᠶ᠋ᠢᠨ ᠢᠯᠠᠯᠲᠠ ᠣᠯᠣᠭᠰᠠᠨ 90 ᠵᠢᠯ᠎ᠦᠨ ᠣᠶ᠎ᠶᠢ ᠳᠤᠷᠠᠰᠬᠠᠬᠤ᠎ᠶᠢᠨ ᠲᠥᠯᠥᠭᠡ᠂ ᠥᠪᠥᠷ ᠮᠣᠩᠭᠣᠯ᠎ᠤᠨ ᠡᠯ᠎ᠡ ᠭᠠᠵᠠᠷ᠎ᠤᠨ ᠬᠢᠨ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠂ ᠬᠤᠪᠢᠰᠬᠠᠯ᠎ᠤᠨ ᠰᠤᠳᠤᠯᠤᠨ ᠰᠤᠷᠤᠯᠴᠠᠯᠭ᠎ᠠ᠂ ᠠᠵᠢᠯ᠎ᠤᠨ ᠪᠠᠢᠷᠢ ᠵᠢᠨ ᠦᠢᠯᠡᠳᠦᠯᠭᠡ ᠵᠡᠷᠭᠡ ᠰᠢᠷᠢᠰ ᠭᠣᠣᠯ ᠰᠡᠳᠦᠪᠲᠦ ᠠᠵᠢᠯᠯᠠᠭ᠎ᠠ᠎ᠶᠢ ᠵᠠᠯᠭᠠᠭ᠎ᠠ᠎ᠪᠠᠷ ᠥᠷᠨᠢᠭᠦᠯᠵᠦ᠂ ᠣᠯᠠᠨ ᠡᠰᠢᠲᠦ ᠬᠡᠯᠪᠡᠷᠢ᠎ᠪᠡᠷ ᠬᠤᠪᠢᠰᠬᠠᠯ᠎ᠤᠨ ᠠᠭᠤᠯᠤᠭᠳᠠᠬᠤᠨ᠎ᠢ ᠵᠤᠵᠠᠭᠠᠳᠬᠠᠵᠤ᠂ ᠡᠷᠡᠯᠬᠡᠭᠯᠡᠨ ᠤᠷᠤᠭᠰᠢᠯᠠᠬᠤ ᠬᠦᠴᠦᠨ᠎ᠢ ᠨᠢᠭ᠍ᠲᠠᠷᠠᠭᠤᠯᠵᠤ᠂ ᠣᠷᠳᠣ᠌ ᠵᠠᠮ᠎ᠤᠨ ᠠᠶᠠᠨ ᠲᠡᠶ᠋ᠢᠨ᠎ᠦ ᠵᠣᠷᠢᠭ᠋ ᠰᠠᠨᠠᠭ᠎ᠠ᠎ᠶᠢ ᠤᠮᠠᠷᠠᠲᠤ ᠬᠢᠯᠢ᠎ᠳᠦ ᠦᠨᠳᠦᠰᠦᠯᠡᠭᠦᠯᠵᠦ᠂ ᠦᠶ᠎ᠡ᠎ᠶᠢᠨ ᠦᠶ᠎ᠡ᠎ᠳᠦ ᠤᠯᠠᠮᠵᠢᠯᠠᠬᠤ᠎ᠶᠢ ᠠᠬᠢᠭᠤᠯᠪᠠ᠃

ᠭᠠᠢᠬᠠᠮᠰᠢᠭ᠍ᠲᠤ ᠣᠨ ᠰᠠᠷ᠎ᠠ᠎ᠪᠠᠨ ᠡᠷᠭᠢᠴᠡᠭᠦᠯᠵᠦ ᠡᠷᠡᠮᠡᠬᠡᠢᠯᠡᠨ ᠤᠷᠤᠭᠰᠢᠯᠠᠬᠤ ᠬᠦᠴᠦᠨ ᠴᠢᠳᠠᠯ ᠢ᠋ ᠰᠢᠩᠭᠡᠭᠡᠨ᠎ᠠ

ᠪᠥᠬᠥ ᠣᠷᠣᠨ᠎ᠤ ᠡᠯ᠎ᠡ ᠭᠠᠵᠠᠷ᠎ᠤᠨ ᠬᠢᠨ ᠲᠤᠰᠬᠠᠢ ᠮᠡᠷᠭᠡᠵᠢᠯᠲᠡᠨ᠎ᠢᠶᠡᠷ ᠬᠢᠴᠢᠶᠡᠯ ᠣᠷᠣᠭᠤᠯᠬᠤ᠂ ᠦᠨᠳᠦᠰᠦᠨ ᠱᠠᠲᠤᠨ᠎ᠳᠤ ᠤᠬᠠᠭᠤᠯᠤᠨ ᠲᠠᠢᠯᠪᠤᠷᠢᠯᠠᠬᠤ᠂ ᠲᠤᠬᠠᠢ᠎ᠶᠢᠨ ᠭᠠᠵᠠᠷ ᠲᠤᠨᠢ ᠰᠤᠳᠤᠯᠤᠨ ᠰᠤᠷᠤᠯᠴᠠᠬᠤ ᠵᠡᠷᠭᠡ ᠠᠷᠭ᠎ᠠ ᠬᠡᠯᠪᠡᠷᠢ᠎ᠪᠡᠷ ᠳᠠᠮᠵᠢᠭᠤᠯᠤᠨ᠂ ᠣᠷᠳᠣ᠌ ᠵᠠᠮ᠎ᠤᠨ ᠠᠶᠠᠨ ᠲᠡᠶ᠋ᠢᠨ᠎ᠦ ᠵᠣᠷᠢᠭ᠋ ᠰᠠᠨᠠᠭᠠᠨ᠎ᠤ ᠴᠠᠭ ᠦᠶ᠎ᠡ᠎ᠶᠢᠨ ᠠᠭᠤᠯᠤᠭᠳᠠᠬᠤᠨ᠎ᠢ ᠭᠦᠨᠵᠡᠭᠡᠢ ᠲᠠᠢᠯᠪᠤᠷᠢᠯᠠᠵᠤ᠂ ᠬᠤᠪᠢᠰᠬᠠᠯ᠎ᠤᠨ ᠢᠲᠡᠭᠡᠯ ᠪᠢᠰᠢᠷᠡᠯ᠎ᠢ ᠬᠥᠮᠥᠰ᠎ᠦᠨ ᠰᠡᠳᠬᠢᠯ᠎ᠳᠦ ᠬᠠᠳᠠᠩᠰᠢᠭᠤᠯᠵᠤ᠂ ᠤᠷᠤᠭᠰᠢᠯᠠᠨ ᠳᠠᠪᠰᠢᠬᠤ ᠬᠠᠮᠲᠤ᠎ᠶᠢᠨ ᠲᠠᠨᠢᠯᠲᠠ᠎ᠶᠢ ᠨᠢᠭ᠍ᠲᠠᠷᠠᠭᠤᠯᠪᠠ᠃

ᠬᠥᠬᠡᠬᠣᠲᠠ ᠵᠢᠨ ᠬᠢᠨ ᠤᠷᠳᠤ ᠵᠠᠮ᠎ᠤᠨ ᠠᠶᠠᠨ ᠲᠠᠢ᠍ᠢᠨ ᠢᠯᠠᠯᠲᠠ ᠣᠯᠣᠭᠰᠠᠨ 90 ᠵᠢᠯ᠎ᠦᠨ ᠤᠢ᠎ᠶᠢ ᠳᠤᠷᠠᠰᠬᠠᠬᠤ ᠴᠠᠭ ᠤ᠋ᠨ ᠪᠠᠢᠳᠠᠯ ᠲᠦᠷᠦ᠎ᠶᠢᠨ ᠪᠣᠳᠣᠯᠭ᠎ᠠ᠎ᠶᠢᠨ ᠮᠡᠳᠡᠭᠦᠯᠦᠯᠲᠡ᠎ᠶᠢᠨ ᠬᠤᠷᠠᠯ ᠬᠤᠷᠠᠯᠳᠤᠭᠤᠯᠵᠤ᠂  ᠴᠡᠷᠢᠭ᠎ᠦᠨ ᠶᠠᠪᠤᠳᠠᠯ᠎ᠤᠨ ᠲᠤᠰᠬᠠᠢ ᠮᠡᠷᠭᠡᠵᠢᠯᠲᠡᠨ ᠵᠢᠨ ᠢ ᠨᠠᠨ ᠫᠷᠤᠹᠸᠰᠰᠤᠷ ᠢ᠋ ᠤᠷᠢᠵᠤ 《 ᠠᠭᠤᠤ ᠶᠡᠬᠡ ᠤᠷᠳᠤ ᠵᠠᠮ᠎ᠤᠨ ᠠᠶᠠᠨ ᠲᠠᠢ᠍ᠢᠨ᠎ᠦ ᠵᠣᠷᠢᠭ᠋ ᠰᠠᠨᠠᠭ᠎ᠠ᠎ᠶᠢ ᠤᠯᠠᠮᠵᠢᠯᠠᠨ ᠪᠠᠳᠠᠷᠠᠭᠤᠯᠤᠶ᠎ᠠ 》 ᠭᠡᠬᠦ ᠲᠤᠰᠬᠠᠢ ᠰᠡᠳᠦᠪᠲᠦ ᠬᠠᠪᠰᠤᠷᠤᠨ ᠵᠢᠯᠣᠭᠣᠳᠤᠯᠭ᠎ᠠ ᠬᠢᠵᠡᠢ᠃ ᠮᠡᠳᠡᠭᠦᠯᠦᠯᠲᠡ ᠨᠢ ᠠᠤᠭ᠎ᠠ ᠶᠡᠬᠡ ᠲᠡᠦᠬᠡ᠎ᠶᠢᠨ ᠬᠠᠷᠠᠭᠠᠰᠤ ᠪᠡᠷ᠂ ᠨᠠᠷᠢᠨ ᠪᠣᠳᠠᠲᠠᠢ ᠲᠡᠦᠬᠡ᠎ᠶᠢᠨ ᠮᠠᠲᠧᠷᠢᠶᠠᠯ᠎ᠢᠶᠠᠷ ᠭᠡᠷᠡᠴᠢ ᠪᠤᠯᠭᠠᠵᠤ᠂ ᠤᠷᠳᠤ ᠵᠠᠮ᠎ᠤᠨ ᠠᠶᠠᠨ ᠲᠠᠢ᠍ᠢᠨ᠎ᠦ ᠴᠠᠭ ᠦᠶ᠎ᠡ᠎ᠶᠢᠨ ᠠᠬᠤᠢ ᠪᠠᠢᠳᠠᠯ᠎ᠢ ᠰᠢᠰᠲᠧᠮ᠎ᠲᠠᠢ ᠡᠮᠬᠢᠯᠡᠵᠦ᠂ ᠠᠭᠤᠤ ᠶᠡᠬᠡ ᠤᠷᠳᠤ ᠵᠠᠮ᠎ᠤᠨ ᠠᠶᠠᠨ ᠲᠠᠢ᠍ᠢᠨ᠎ᠦ ᠵᠣᠷᠢᠭ᠋ ᠰᠠᠨᠠᠭᠠᠨ᠎ᠤ ᠪᠠᠶᠠᠯᠢᠭ᠋ ᠠᠭᠤᠯᠤᠭᠳᠠᠬᠤᠨ᠎ᠢ ᠪᠦᠬᠦ ᠲᠠᠯ᠎ᠠ᠎ᠪᠠᠷ ᠲᠣᠳᠣᠷᠬᠠᠢᠯᠠᠨ ᠥᠭᠦᠯᠡᠵᠦ᠂ ᠤᠯᠠᠨ᠎ᠢ ᠬᠥᠲᠥᠯᠥᠨ ᠳᠠᠭᠠᠭᠤᠯᠵᠤ ᠭᠠᠢᠬᠠᠮᠰᠢᠭ᠍ᠲᠤ ᠣᠨ ᠰᠠᠷ᠎ᠠ᠎ᠶᠢ ᠡᠷᠭᠢᠴᠡᠭᠦᠯᠵᠦ ᠢᠲᠡᠭᠡᠯ ᠪᠢᠰᠢᠷᠡᠯ᠎ᠦᠨ ᠬᠦᠴᠦᠨ᠎ᠢ ᠣᠢᠯᠠᠭᠠᠭᠤᠯᠪᠠ᠃

ᠣᠷᠳᠣᠰ ᠬᠤᠳᠠ᠎ᠶᠢᠨ ᠳ᠋ᠦᠩᠱᠧᠩ ᠲᠣᠭᠣᠷᠢᠭ᠋《ᠠᠭᠤᠤ ᠶᠡᠬᠡ ᠤᠷᠳᠤ ᠵᠠᠮ᠎ᠤᠨ ᠠᠶᠠᠨ ᠲᠠᠢ᠍ᠢᠨ᠎ᠦ ᠵᠣᠷᠢᠭ᠋ ᠰᠠᠨᠠᠭ᠎ᠠ᠎ᠶᠢ ᠵᠠᠯᠭᠠᠮᠵᠢᠯᠠᠵᠤ ᠬᠤᠪᠢᠰᠬᠠᠯ᠎ᠤᠨ ᠤᠬᠠᠭᠤᠯᠤᠨ ᠲᠠᠢᠯᠪᠤᠷᠢᠯᠠᠬᠤ ᠴᠢᠳᠠᠪᠤᠷᠢᠲᠠᠨ᠎ᠢ ᠬᠥᠮᠥᠵᠢᠭᠦᠯᠦᠶ᠎ᠠ》— ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ᠎ᠤ ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠍ᠢᠨ ᠢᠯᠠᠯᠲᠠ ᠣᠯᠣᠭᠰᠠᠨ 90 ᠵᠢᠯ᠎ᠦᠨ ᠤᠢ᠎ᠶᠢ ᠳᠤᠷᠠᠰᠬᠠᠬᠤ ᠶᠠᠷᠢᠯᠴᠠᠬᠤ ᠬᠤᠷᠠᠯ ᠬᠤᠷᠠᠯᠳᠤᠭᠤᠯᠪᠠ᠃ 91 ᠨᠠᠰᠤᠲᠠᠢ ᠠᠮᠧᠷᠢᠺᠠ᠎ᠶᠢ ᠡᠰᠡᠷᠭᠦᠴᠡᠵᠦ ᠰᠣᠯᠣᠩᠭᠣᠰ᠎ᠢ ᠲᠤᠰᠠᠯᠠᠬᠤ ᠳᠠᠢᠨ ᠳ᠋ᠤ ᠤᠷᠤᠯᠴᠠᠵᠤ ᠦᠩᠭᠡᠷᠡᠭᠰᠡᠨ ᠴᠡᠷᠢᠭ᠎ᠦᠨ ᠠᠯᠪᠠᠨ ᠡᠴᠡ ᠬᠠᠯᠠᠭᠳᠠᠭᠰᠠᠳ᠎ᠤᠨ ᠲᠥᠯᠥᠭᠡᠯᠡᠭᠴᠢ ᠴᠧᠨ ᠷᠦ ᠳ᠋ᠠᠨ ᠲᠤᠬᠠᠢ᠎ᠶᠢᠨ ᠲᠠᠯᠠᠪᠠᠢ᠎ᠳᠤ ᠥᠪᠡᠷ᠎ᠦᠨ ᠣᠢᠯᠠᠭᠠᠯᠲᠠ᠎ᠪᠠᠨ ᠬᠤᠪᠢᠶᠠᠯᠴᠠᠪᠠ᠃ ᠪᠠᠰᠠ ᠰᠤᠳᠤᠯᠤᠨ ᠰᠤᠷᠤᠯᠴᠠᠬᠤ ᠦᠢᠯᠡᠳᠦᠯᠭᠡ᠎ᠶᠢᠨ ᠠᠵᠢᠯᠯᠠᠭ᠎ᠠ ᠥᠷᠨᠢᠭᠦᠯᠵᠦ᠂ ᠵᠠᠭᠤ ᠭᠠᠷᠤᠢ ᠵᠠᠯᠠᠭᠤᠴᠤᠳ ᠪᠠᠭᠠᠴᠤᠳ 5 ᠺᠢᠯᠤᠮᠸᠲᠷ᠎ᠤᠨ ᠬᠤᠪᠢᠰᠬᠠᠯᠳᠤ ᠱᠤᠭᠤᠮ ᠪᠤᠯᠬᠤ 《ᠤᠭ ᠰᠠᠨᠠᠭ᠎ᠠ᠎ᠶᠢᠨ ᠵᠠᠮ》 ᠵᠢᠡᠷ  ᠵᠠᠮᠨᠠᠵᠤ᠂ ᠤᠷᠳᠤ ᠵᠠᠮ᠎ᠤᠨ ᠠᠶᠠᠨ ᠲᠠᠢ᠍ᠢᠨ᠎ᠦ ᠵᠣᠷᠢᠭ᠋ ᠰᠠᠨᠠᠭ᠎ᠠ᠎ᠶᠢ ᠣᠢᠯᠠᠭᠠᠵᠠᠢ᠃

ᠪᠠᠶᠠᠨᠨᠠᠭᠤᠷ ᠬᠣᠲᠠ᠎ᠶᠢᠨ ᠤᠷᠠᠳ᠎ᠤᠨ ᠡᠮᠦᠨᠡᠲᠦ ᠬᠣᠰᠢᠭᠤᠨ᠎ᠤ ᠮᠤᠨᠠ ᠠᠭᠤᠯᠠ ᠪᠠᠯᠭᠠᠰᠤᠨ᠎ᠤ ᠳ᠋ᠦᠩ ᠹᠧᠩ ᠨᠢᠭᠡᠳᠦᠭᠡᠷ ᠨᠡᠢᠭᠡᠮ ᠲᠣᠭᠣᠷᠢᠭ᠋ 《ᠣᠷᠳᠣ᠌ ᠵᠠᠮ᠎ᠤᠨ ᠠᠶᠠᠨ ᠲᠡᠶ᠋ᠢᠨ᠎ᠦ ᠵᠣᠷᠢᠭ᠋ ᠰᠠᠨᠠᠭ᠎ᠠ᠎ᠶᠢ ᠪᠠᠳᠠᠷᠠᠭᠤᠯᠵᠤ ᠴᠠᠭ ᠦᠶ᠎ᠡ᠎ᠶᠢᠨ ᠢᠷᠠᠭᠤ ᠬᠠᠭᠤᠳᠠᠰᠤ᠎ᠶᠢ ᠦᠷᠭᠦᠯᠵᠢᠯᠡᠨ ᠪᠢᠴᠢᠭᠯᠡᠬᠦ》 ᠬᠤᠪᠢᠶᠠᠷᠢᠴᠢᠯᠠᠭᠰᠠᠨ ᠭᠣᠣᠯ ᠰᠡᠳᠦᠪᠲᠦ ᠤᠬᠠᠭᠤᠯᠤᠨ ᠲᠠᠢᠯᠪᠤᠷᠢᠯᠠᠯᠲᠠ ᠥᠷᠨᠢᠭᠦᠯᠪᠡ᠃ ᠬᠣᠲᠠ᠎ᠶᠢᠨ ᠨᠠᠮ᠎ᠤᠨ ᠬᠣᠷᠢᠶ᠎ᠠ ᠵᠢᠨ ᠤᠬᠠᠭᠤᠯᠤᠨ ᠲᠠᠢᠯᠪᠤᠷᠢᠯᠠᠭᠴᠢ᠎ᠶᠢᠨ ᠪᠦᠯᠬᠦᠮ᠎ᠦᠨ ᠳᠡᠳ᠋ ᠳᠠᠷᠤᠭ᠎ᠠ ᠯᠢᠦᠢ ᠴᠢᠶᠠᠨ 《ᠲᠠᠯ᠎ᠠ ᠬᠥᠨᠵᠢᠯᠡ》 ᠵᠢᠨ ᠦᠯᠢᠭᠡᠷ᠎ᠢ ᠶᠠᠷᠢᠵᠤ᠂ ᠤᠷᠲᠤ ᠵᠠᠮ᠎ᠤᠨ ᠠᠶᠠᠨ ᠳᠠᠢᠨ᠎ᠤ ᠵᠠᠮ ᠳᠡᠭᠡᠷᠡᠬᠢ ᠨᠠᠷᠢᠨ ᠵᠦᠢᠯᠡᠰ᠎ᠢ ᠶᠠᠷᠢᠵᠤ ᠦᠭᠴᠠᠢ᠃ 《 ᠤᠷᠳᠤ ᠵᠠᠮ᠎ᠤᠨ ᠠᠶᠠᠨ ᠲᠠᠢ᠌ᠨ᠎ᠦ ᠵᠣᠷᠢᠭ ᠰᠠᠨᠠᠭ᠎ᠠ᠎ᠶᠢ ᠰᠠᠭᠤᠭᠠᠯᠢ ᠠᠷᠠᠳ᠎ᠤᠨ ᠰᠡᠳᠬᠢᠯ᠎ᠳᠦ ᠬᠦᠷᠭᠡᠵᠦ᠍᠂ ᠰᠠᠢ᠌ᠨ ᠰᠠᠶ᠋ᠢᠬᠠᠨ ᠭᠡᠷ ᠣᠷᠣᠨ᠎ᠢᠶᠠᠨ ᠪᠦᠳᠦᠭᠡᠨ ᠪᠠᠶ᠋ᠢᠭᠤᠯᠬᠤ ᠪᠣᠳᠠᠲᠤ᠌ ᠬᠥᠳᠡᠯᠭᠡᠬᠦ᠌ ᠬᠦᠴᠦᠨ ᠪᠣᠯᠭᠠᠨ ᠤᠯᠠᠷᠢᠭᠤᠯᠬᠤ ᠪᠣᠯ ᠳᠠᠷᠤᠢ ᠦᠨᠳᠦᠰᠦᠨ ᠱᠠᠲᠤᠨ᠎ᠤ ᠤᠨᠤᠯ᠎ᠤᠨ ᠤᠬᠠᠭᠤᠯᠤᠨ ᠲᠠᠶ᠋ᠢᠯᠪᠤᠷᠢᠯᠠᠯᠲᠠ᠎ᠶᠢᠨ ᠬᠠᠮᠤᠭ᠎ᠤᠨ ᠢᠯᠡᠭᠦᠦ ᠪᠡᠶᠡᠯᠡᠭᠦᠯᠦᠭᠦᠰᠢᠳᠡᠢ ᠦᠷ᠎ᠡ ᠪᠦᠲᠦᠮᠵᠢ ᠪᠣᠯᠤᠨ᠎ᠠ》 ᠭᠡᠵᠦ᠍ ᠯᠢᠦᠶ ᠴᠢᠶᠠᠨ ᠬᠡᠯᠡᠪᠡ᠃

ᠬᠢᠩᠭᠠᠨ ᠠᠶ᠋ᠢᠮᠠᠭ᠎ᠤᠨ ᠴᠡᠷᠢᠭ ᠠᠩᠬᠢ᠎ᠶᠢᠨ ᠠᠵᠢᠯ᠎ᠡᠴᠡ᠎ᠪᠠᠨ ᠲᠠᠷᠬᠠᠯᠠᠬᠳᠠᠬᠰᠠᠨ ᠠᠵᠢᠯ᠎ᠡᠴᠡ᠎ᠪᠠᠨ ᠠᠮᠠᠷᠠᠭᠰᠠᠨ ᠺᠠᠳ᠋ᠷᠴᠤᠳ᠎ᠤᠨ ᠠᠮᠠᠷᠠᠯᠲᠠ᠎ᠶᠢᠨ ᠭᠠᠵᠠᠷ᠎ᠤᠨ ᠬᠢᠨ ᠴᠡᠷᠢᠭ᠎ᠠᠩᠭᠢ ᠵᠢᠨ ᠠᠵᠢᠯ ᠡᠴᠡ ᠪᠡᠨ ᠲᠠᠷᠬᠠᠯᠠᠬᠳᠠᠬᠰᠡᠨ ᠠᠵᠢᠯ ᠡᠴᠡ ᠪᠡᠨ ᠠᠮᠠᠷᠠᠬᠰᠡᠨ ᠺᠠᠳ᠋ᠷᠴᠤᠳ ᠵᠢᠴᠢ ᠠᠵᠢᠯ᠎ᠤᠨ ᠪᠠᠶ᠋ᠢᠷᠢ᠎ᠳᠠᠭᠠᠨ ᠪᠠᠶ᠋ᠢᠭ᠎ᠠ ᠠᠵᠢᠯᠲᠠᠳ᠎ᠢ ᠵᠣᠬᠢᠶᠠᠨ ᠪᠠᠶ᠋ᠢᠭᠤᠯᠵᠤ ᠰᠸᠴᠤᠸᠠᠨ ᠮᠤᠵᠢ᠎ᠶᠢᠨ ᠠᠪᠠ ᠵᠧᠦ᠎ᠶᠢᠨ ᠰᠦᠩ ᠫᠠᠨ ᠰᠢᠶᠠᠨ᠎ᠤ ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠌ᠨ᠎ᠦ ᠳᠤᠷᠠᠰᠬᠠᠯ᠎ᠤᠨ ᠣᠷᠳᠣᠨ᠎ᠳᠤ ᠬᠦᠷᠴᠦ᠂ ᠬᠤᠪᠢᠰᠬᠠᠯ᠎ᠤᠨ ᠬᠥᠮᠦᠵᠢᠯ᠎ᠦᠨ ᠠᠵᠢᠯᠯᠠᠭ᠎ᠠ ᠥᠷᠨᠢᠭᠦᠯᠵᠦ᠍᠂ ᠬᠤᠪᠢᠰᠬᠠᠯ᠎ᠤᠨ ᠭᠠᠯ ᠳᠦᠷᠡᠯᠵᠡᠭᠰᠡᠨ ᠭᠠᠢᠬᠠᠮᠰᠢᠬᠳᠤ ᠣᠨ ᠰᠠᠷ᠎ᠠ᠎ᠶᠢ ᠡᠷᠭᠢᠴᠡᠭᠦᠯᠪᠡ᠃ ᠲᠤᠰ ᠤᠳᠠᠭ᠎ᠠ᠎ᠶᠢᠨ ᠠᠵᠢᠯᠯᠠᠭ᠎ᠠ᠎ᠳᠤ ᠣᠷᠣᠯᠴᠠᠭᠰᠠᠳ ᠪᠣᠳᠠᠲᠤ᠌ ᠠᠵᠢᠯ ᠠᠮᠢᠳᠤᠷᠠᠯ ᠳᠤᠮᠳᠠ᠎ᠪᠠᠨ ᠠᠭᠤᠤ ᠶᠡᠬᠡ ᠤᠷᠳᠤ ᠵᠠᠮ᠎ᠤᠨ ᠠᠶᠠᠨ ᠲᠠᠢ᠌ᠨ᠎ᠦ ᠵᠣᠷᠢᠭ ᠰᠠᠨᠠᠭ᠎ᠠ᠎ᠶᠢ ᠤᠯᠠᠮᠵᠢᠯᠠᠨ ᠪᠠᠳᠠᠷᠠᠭᠤᠯᠵᠤ᠂ ᠤᠬ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ᠌ ᠰᠠᠬᠢᠵᠤ᠂ ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠳᠤ ᠬᠠᠷᠢᠭᠤᠴᠠᠯᠭ᠎ᠠ ᠡᠭᠦᠷᠭᠡᠯᠡᠯ ᠵᠢᠳᠬᠦᠯ ᠴᠢᠷᠮᠠᠶ᠋ᠢᠯᠭ᠎ᠠ᠎ᠶᠢ ᠢᠯᠡᠷᠡᠭᠦᠯᠤᠨ᠎ᠠ ᠭᠡᠵᠤ ᠢᠯᠡᠳᠭᠡᠵᠡᠭᠡᠪᠡ᠃

ᠠᠵᠢᠯᠯᠠᠭ᠎ᠠ ᠪᠡᠷ ᠬᠠᠮᠳᠤᠷᠠᠯ ᠬᠦᠴᠤᠨ ᠢ᠋ ᠨᠢᠬᠳᠠᠷᠠᠭᠤᠯᠵᠤ ᠪᠣᠳᠠᠲᠠᠢ ᠠᠵᠢᠯᠯᠠᠵᠤ ᠤᠭ ᠰᠠᠨᠠᠭ᠎ᠠ᠎ᠪᠠᠨ ᠦᠢᠯᠡᠳᠦᠯᠭᠡᠵᠢᠭᠦᠯᠤᠨ᠎ᠠ

ᠪᠥᠬᠥ᠌ ᠣᠷᠣᠨ᠎ᠤ ᠡᠯ᠎ᠡ ᠠᠶ᠋ᠢᠮᠠᠭ ᠬᠣᠲᠠ ᠠᠵᠢᠯᠯᠠᠭ᠎ᠠ᠎ᠶᠢᠨ ᠬᠡᠯᠪᠡᠷᠢ᠎ᠵᠢᠨ ᠰᠢᠨ᠎ᠠ ᠵᠢ ᠡᠬᠦᠳᠴᠤ᠂ ᠤᠳᠬ᠎ᠠ ᠤᠷᠠᠯᠢᠭ᠎ᠤᠨ ᠦᠵᠡᠭᠦᠯᠭᠡ᠎ᠶᠢᠨ ᠲᠣᠭᠯᠠᠯᠲᠠ᠂ ᠠᠵᠢᠯ᠎ᠤᠨ ᠪᠠᠶ᠋ᠢᠷᠢ᠎ᠶᠢᠨ ᠦᠢᠯᠡᠳᠦᠯᠭᠡ᠂ ᠪᠥᠬᠥ᠌ ᠠᠷᠠᠳ᠎ᠤᠨ ᠪᠡᠶ᠎ᠡ ᠴᠢᠭᠢᠷᠠᠭᠵᠢᠭᠤᠯᠬᠤ᠂ ᠡᠴᠢᠭᠡ ᠡᠬᠡ ᠦᠷ᠎ᠡ ᠬᠡᠦᠬᠡᠳ᠎ᠦᠨ ᠬᠠᠷᠢᠯᠴᠠᠨ ᠦᠢᠯᠡᠳᠤᠯᠴᠡᠬᠦ᠎ᠶᠢ ᠠᠭᠤᠰᠤᠯᠴᠠᠭᠤᠯᠵᠤ᠂ ᠣᠷᠳᠣ ᠵᠠᠮ᠎ᠤᠨ ᠠᠶᠠᠨ ᠲᠡᠶ᠋ᠢᠨ᠎ᠦ ᠵᠣᠷᠢᠭ ᠰᠠᠨᠠᠭ᠎ᠠ᠎ᠶᠢ ᠨᠣᠮ ᠪᠢᠴᠢᠭ᠎ᠡᠴᠡ ᠭᠠᠷᠭᠠᠵᠤ᠂ ᠠᠮᠢᠳᠤᠷᠠᠯ᠎ᠳᠤ ᠠᠭᠤᠰᠬᠠᠵᠤ᠂ ᠦᠨᠡᠨ ᠪᠣᠳᠠᠲᠠᠶ ᠠᠵᠢᠯᠯᠠᠭ᠎ᠠ ᠳ᠋ᠤ ᠢᠯᠡᠷᠡᠬᠦᠯᠪᠠ᠃

ᠪᠤᠭᠤᠲᠤ᠌ ᠬᠣᠲᠠ᠎ᠶᠢᠨ ᠴᠢᠩᠱᠠᠨ ᠲᠣᠭᠣᠷᠢᠭ  《ᠮᠢᠨᠦ᠍ ᠵᠣᠭᠰᠣᠵᠤ ᠪᠠᠢᠭ᠎ᠠ ᠭᠠᠵᠠᠷ ᠪᠣᠯ ᠳᠤᠮᠳᠠᠳᠤ ᠤᠯᠤᠰ》 ᠭᠡᠬᠦ ᠴᠡᠷᠢᠭ᠎ᠦᠨ ᠬᠤᠸᠠᠷᠠᠨ᠎ᠤ ᠦᠵᠡᠯ ᠰᠠᠨᠠᠭ᠎ᠠ ᠤᠯᠤᠰ ᠲᠥᠷᠥ᠎ᠶᠢᠨ ᠬᠢᠴᠢᠶᠡᠯ ᠵᠢᠴᠢ ᠲᠠᠭᠤᠤ ᠰᠢᠯᠦᠭ ᠵᠢᠷᠤᠭ᠎ᠤᠨ ᠦᠵᠡᠭᠦᠯᠭᠡ᠎ᠶᠢᠨ ᠲᠣᠭᠯᠠᠯᠲᠠ ᠡᠷᠬᠢᠯᠡᠵᠦ᠍᠂ ᠴᠡᠷᠢᠭ ᠠᠩᠭᠢ ᠣᠷᠣᠨ ᠨᠤᠲᠤᠭ ᠬᠠᠮᠲᠤ᠎ᠪᠠᠷ ᠤᠷᠲᠤ᠌ ᠵᠠᠮ᠎ᠤᠨ ᠠᠶᠠᠨ ᠳᠠᠢᠨ᠎ᠤ ᠣᠨ ᠰᠠᠷ᠎ᠠ᠎ᠶᠢ ᠡᠷᠭᠢᠴᠡᠭᠦᠯᠪᠡ; ᠬᠥᠨᠳᠡᠯᠡᠨ ᠲᠣᠭᠣᠷᠢᠭ《ᠤᠷᠳᠤ ᠵᠠᠮ᠎ᠤᠨ ᠠᠶᠠᠨ ᠲᠠᠢ᠌ᠨ᠎ᠦ ᠵᠠᠮ᠎ᠢᠶᠠᠷ ᠲᠠᠬᠢᠨ ᠵᠠᠮᠨᠠᠶ᠎ᠠ》 ᠭᠡᠬᠦ ᠡᠴᠢᠭᠡ ᠡᠭᠡ ᠦᠷ᠎ᠠ ᠭᠡᠤᠭᠡᠳ ᠤ᠋ᠨ ᠬᠤᠪᠢᠰᠬᠠᠯᠲᠤ᠌ ᠴᠡᠷᠢᠭ᠎ᠦᠨ ᠶᠠᠪᠤᠳᠠᠯ᠎ᠤᠨ ᠪᠡᠶ᠎ᠠ ᠵᠢᠨ ᠲᠠᠮᠢᠷ᠎ᠤᠨ ᠴᠤᠭᠯᠠᠭᠠᠨ᠎ᠢ ᠥᠷᠨᠢᠭᠦᠯᠵᠦ᠍᠂ ᠵᠠᠯᠠᠭᠤᠴᠤᠳ ᠪᠠᠭᠠᠴᠤᠳ᠎ᠲᠤ᠌ ᠤᠷᠳᠤ ᠵᠠᠮ᠎ᠤᠨ ᠠᠶᠠᠨ ᠲᠠᠢ᠌ᠨ᠎ᠦ ᠵᠣᠷᠢᠭ ᠰᠠᠨᠠᠭ᠎ᠠ᠎ᠶᠢ ᠭᠦᠨᠵᠡᠭᠡᠢ ᠤᠢ᠌ᠯᠠᠭᠠᠭᠤᠯᠪᠠ᠃

ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠌ᠨ ᠢᠯᠠᠯᠲᠠ ᠣᠯᠤᠭᠰᠠᠨ 90 ᠵᠢᠯ᠎ᠦᠨ ᠤᠢ᠎ᠶᠢ ᠪᠡᠯᠭᠡᠯᠡᠬᠦ᠌ ᠪᠦᠬᠦ᠌ ᠠᠷᠠᠳ᠎ᠤᠨ ᠪᠡᠶ᠎ᠡ ᠴᠢᠭᠢᠷᠠᠭᠵᠢᠭᠤᠯᠬᠤ ᠭᠣᠣᠯ ᠰᠡᠳᠦᠪᠲᠦ᠍ ᠠᠵᠢᠯᠯᠠᠭ᠎ᠠ (ᠶᠢᠰᠦᠨ ᠰᠠᠷ᠎ᠠ᠎ᠶᠢᠨ ᠶᠢᠰᠦᠨ᠎ᠦ ᠪᠠᠶᠠᠷ)ᠵᠢᠨᠢᠩ᠎ᠦᠨ ᠳᠠᠶ᠋ᠢᠯᠠᠯᠳᠤᠭᠠᠨ᠎ᠤ ᠬᠤᠪᠢᠰᠬᠠᠯ᠎ᠤᠨ ᠳᠤᠷᠠᠰᠬᠠᠯ᠎ᠤᠨ ᠬᠦᠷᠢᠶᠡᠯᠡᠩ᠎ᠳᠦ ᠶᠠᠪᠤᠭᠳᠠᠪᠠ᠃ ᠪᠥᠬᠥ᠌ ᠬᠣᠲᠠ᠎ᠶᠢᠨ 4000 ᠭᠠᠷᠤᠶ ᠶᠠᠪᠠᠭᠠᠨ ᠠᠯᠬᠤᠬᠤ ᠪᠠᠬᠠᠳᠠᠳ᠂ ᠬᠣᠲᠠ᠎ᠶᠢᠨ ᠠᠷᠠᠳ ᠠᠵᠢᠯᠯᠠᠭ᠎ᠠ᠎ᠳᠤ ᠣᠷᠣᠯᠴᠠᠵᠤ᠂ ᠶᠠᠪᠠᠭᠠᠨ᠎ᠢᠶᠠᠷ ᠠᠭᠤᠯᠠ ᠠᠪᠠᠷᠢᠨ ᠤᠯᠠᠭᠠᠨ ᠴᠡᠷᠢᠭ᠎ᠦᠨ ᠣᠷᠳᠣ ᠵᠠᠮ᠎ᠤᠨ ᠠᠶᠠᠨ ᠲᠡᠶ᠋ᠢᠨ ᠢᠯᠠᠯᠲᠠ ᠣᠯᠤᠭᠰᠠᠨ 90 ᠵᠢᠯ᠎ᠦᠨ ᠣᠶ᠎ᠶᠢ ᠳᠤᠷᠠᠰᠬᠠᠵᠤ᠂ ᠣᠷᠳᠣ ᠵᠠᠮ᠎ᠤᠨ ᠠᠶᠠᠨ ᠲᠡᠶ᠋ᠢᠨ᠎ᠦ ᠵᠣᠷᠢᠭ ᠰᠠᠨᠠᠭ᠎ᠠ᠎ᠶᠢ ᠤᠯᠠᠮᠵᠢᠯᠠᠨ ᠵᠠᠯᠭᠠᠮᠵᠢᠯᠠᠵᠤ᠂ ᠨᠠᠰᠤᠲᠠᠨ᠎ᠢᠶᠠᠨ ᠬᠦᠨᠳᠦᠯᠡᠵᠦ᠍ ᠨᠠᠰᠤᠲᠠᠨ᠎ᠢᠶᠠᠨ ᠬᠠᠶ᠋ᠢᠷᠠᠯᠠᠬᠤ ᠤᠯᠠᠮᠵᠢᠯᠠᠯᠲᠤ᠌ ᠰᠠᠶ᠋ᠢᠬᠠᠨ ᠰᠤᠷᠲᠠᠯ᠎ᠢ ᠪᠠᠳᠠᠷᠠᠭᠤᠯᠵᠤ᠂ ᠪᠥᠬᠥ᠌ ᠠᠷᠠᠳ᠎ᠤᠨ ᠪᠡᠶ᠎ᠡ ᠴᠢᠭᠢᠷᠠᠭᠵᠢᠭᠤᠯᠬᠤ ᠦᠢᠯᠡᠰ᠎ᠦᠨ ᠴᠢᠨᠠᠷ ᠰᠠᠶ᠋ᠢᠲᠠᠶ ᠬᠥᠭᠵᠢᠯᠲᠡ᠎ᠶᠢ ᠠᠬᠢᠭᠤᠯᠪᠠ᠃

ᠲᠦᠩᠯᠢᠶᠣᠣ ᠬᠤᠳᠠ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭᠠᠵᠤ᠂ ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠍ᠢᠨ᠎ᠦ ᠢᠯᠠᠯᠲᠠ ᠣᠯᠣᠭᠰᠠᠨ 90 ᠵᠢᠯ᠎ᠦᠨ ᠤᠢ᠎ᠶᠢ ᠳᠤᠷᠠᠰᠬᠠᠬᠤ ᠴᠢᠬᠤᠯᠠ ᠵᠠᠩᠭᠢᠯᠠᠭ᠎ᠠ᠎ᠶᠢᠨ ᠴᠡᠭ᠎ᠢ ᠴᠢᠩᠭ᠎ᠠ ᠡᠵᠡᠮᠳᠡᠵᠦ᠂ ᠦᠷᠡᠭᠳᠡᠭᠰᠡᠨ ᠪᠠᠭᠠᠲᠤᠷᠴᠤᠳ᠎ᠤᠨ ᠳᠤᠷᠠᠰᠬᠠᠯ᠎ᠤᠨ ᠡᠳᠦᠷ᠎ᠦᠨ ᠨᠡᠶ᠋ᠢᠲᠡ᠎ᠶᠢᠨ ᠲᠠᠬᠢᠯᠭ᠎ᠠ᠂ ᠭᠣᠣᠯ ᠰᠡᠳᠦᠪᠲᠦ ᠨᠠᠮ᠎ᠤᠨ ᠡᠳᠦᠷ᠂ ᠠᠬᠠᠮᠠᠳ ᠪᠠᠢᠯᠳᠤᠭ᠍ᠴᠢ᠎ᠶᠢᠨ ᠬᠤᠪᠢᠰᠬᠠᠯ᠎ᠤᠨ ᠲᠤᠬᠠᠢ ᠤᠬᠠᠭᠤᠯᠤᠨ ᠲᠠᠢᠯᠪᠤᠷᠢᠯᠠᠯᠳᠠ ᠵᠡᠷᠭᠡ ᠠᠵᠢᠯᠯᠠᠭ᠎ᠠ᠎ᠶᠢ ᠵᠡᠷᠭᠡ᠎ᠪᠡᠷ ᠥᠷᠨᠢᠭᠦᠯᠵᠦ᠂  ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠢ ᠬᠥᠲᠥᠯᠥᠨ ᠳᠠᠭᠠᠭᠤᠯᠵᠤ ᠬᠤᠪᠢᠰᠬᠠᠯ᠎ᠤᠨ ᠤᠳᠤᠮᠰᠢᠯ᠎ᠢ ᠤᠯᠠᠮᠵᠢᠯᠠᠵᠤ᠂ ᠰᠢᠨ᠎ᠡ ᠠᠶᠠᠨ᠎ᠳᠤ ᠡᠷᠡᠯᠬᠡᠭᠯᠡᠨ ᠤᠷᠤᠭᠰᠢᠯᠠᠬᠤ ᠬᠦᠴᠦᠷᠬᠡᠭ ᠶᠡᠬᠡ ᠬᠦᠴᠦᠨ᠎ᠢ ᠨᠢᠭ᠍ᠲᠠᠷᠠᠭᠤᠯᠪᠠ᠃

ᠰᠢᠯᠢᠩᠬᠣᠲᠠ᠎ᠶᠢᠨ ᠬᠢᠨ 《 ᠤᠷᠳᠤ ᠵᠠᠮ᠎ᠤᠨ ᠠᠶᠠᠨ ᠲᠠᠢ᠍ᠢᠨ᠎ᠦ ᠵᠣᠷᠢᠭ᠋ ᠰᠠᠨᠠᠭ᠎ᠠ᠎ᠶᠢ ᠤᠯᠠᠮᠵᠢᠯᠠᠵᠤ ᠵᠠᠯᠠᠭᠤ ᠨᠠᠰᠤᠨ᠎ᠤ ᠡᠭᠦᠷᠭᠡᠯᠡᠯ᠎ᠢᠶᠡᠨ ᠬᠠᠲᠠᠭᠤᠵᠢᠭᠤᠯᠤᠶ᠎ᠠ》 ᠤᠷᠳᠤ ᠵᠠᠮ᠎ᠤᠨ ᠠᠶᠠᠨ ᠲᠠᠢ᠍ᠢᠨ᠎ᠦ ᠢᠯᠠᠯᠲᠠ ᠣᠯᠣᠭᠰᠠᠨ 90 ᠵᠢᠯ᠎ᠦᠨ ᠤᠢ᠎ᠶᠢ ᠳᠤᠷᠠᠰᠬᠠᠬᠤ ᠭᠣᠣᠯ ᠰᠡᠳᠦᠪᠲᠦ ᠤᠷᠠᠨ ᠰᠠᠢᠬᠠᠨ᠎ᠤ ᠲᠣᠭᠯᠠᠯᠲᠠ ᠭᠠᠷᠭᠠᠵᠤ᠂ ᠲᠣᠭᠯᠠᠯᠲᠠ᠎ᠶᠢ 《ᠲᠠᠯ᠎ᠠ ᠨᠤᠲᠤᠭ᠎ᠤᠨ ᠰᠡᠳᠬᠢᠯ᠎ᠦᠨ ᠲᠠᠭᠤᠨ》᠂ 《 ᠤᠷᠳᠤ ᠵᠠᠮ᠎ᠤᠨ ᠠᠶᠠᠨ ᠲᠠᠢ᠍ᠢᠨ᠎ᠢ ᠡᠷᠭᠢᠴᠡᠭᠦᠯᠤᠨᠡᠮ》᠂ 《 ᠵᠠᠯᠠᠭᠤ ᠨᠠᠰᠤᠨ᠎ᠤ ᠳᠠᠭᠤᠯᠠᠯ》 ᠭᠡᠬᠦ ᠭᠤᠷᠪᠠᠨ ᠪᠦᠯᠦᠭ ᠬᠤᠪᠢᠶᠠᠵᠤ᠂ ᠤᠯᠠᠨ ᠲᠦᠮᠡᠨ᠎ᠦ ᠪᠥᠵᠢᠭ᠂ ᠠᠬᠤᠢ ᠦᠵᠡᠭᠳᠡᠯᠲᠦ ᠵᠦᠴᠦᠭᠡ᠂ ᠤᠷᠠᠨ ᠤᠩᠰᠢᠯᠭ᠎ᠠ᠂ ᠬᠤᠪᠢᠰᠬᠠᠯ᠎ᠤᠨ ᠳᠠᠭᠤᠤ᠎ᠵᠡᠷᠭᠡ ᠤᠯᠠᠨ ᠬᠡᠯᠪᠡᠷᠢ᠎ᠪᠡᠷ ᠳᠠᠮᠵᠢᠭᠤᠯᠤᠨ ᠤᠷᠳᠤ ᠵᠠᠮ᠎ᠤᠨ ᠠᠶᠠᠨ ᠲᠠᠢ᠍ᠢᠨ᠎ᠦ ᠵᠣᠷᠢᠭ᠋ ᠰᠠᠨᠠᠭ᠎ᠠ᠎ᠶᠢ ᠠᠮᠢᠳᠤᠯᠢᠭ᠋᠎ᠢᠶᠠᠷ ᠤᠯᠠᠮᠵᠢᠯᠠᠪᠠ᠃

ᠬᠤᠪᠢᠰᠬᠠᠯ᠎ᠤᠨ ᠭᠠᠯ ᠭᠣᠯᠣᠮᠲᠠ᠎ᠵᠢ ᠦᠶ᠎ᠠ᠎ᠲᠠᠮᠵᠢᠨ ᠤᠯᠠᠮᠵᠢᠯᠠᠵᠦ  ᠵᠠᠯᠠᠭᠤᠴᠤᠳ ᠪᠠᠭᠠᠴᠤᠳ ᠡᠬᠦᠷᠬᠡ ᠬᠠᠷᠢᠭᠤᠴᠠᠯᠭ᠎ᠠ ᠪᠠᠨ ᠵᠣᠷᠢᠭ᠍ᠲᠠᠢ᠎ᠪᠠᠷ ᠡᠭᠦᠷᠭᠡᠯᠡᠨ᠎ᠡ

ᠡᠯ᠎ᠡ ᠭᠠᠵᠠᠷ᠎ᠤᠨ ᠬᠢᠨ ᠭᠡᠷ ᠰᠤᠷᠭᠠᠭᠤᠯᠢ ᠨᠡᠢᠭᠡᠮ᠎ᠦᠨ ᠵᠣᠬᠢᠶᠠᠨ ᠪᠠᠢᠭᠤᠯᠤᠯᠲᠠ᠎ᠳᠤ ᠲᠦᠰᠢᠭᠯᠡᠨ ᠬᠠᠮᠵᠢᠯᠴᠠᠨ ᠬᠥᠮᠥᠨ ᠬᠥᠮᠥᠵᠢᠭᠦᠯᠬᠦ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠰᠤᠳᠤᠯᠤᠨ ᠰᠤᠷᠤᠯᠴᠠᠬᠤ᠂ ᠪᠠᠭᠠᠴᠤᠳ᠎ᠤᠨ ᠬᠣᠰᠢᠭᠤᠴᠢ ᠠᠩᠭᠢ᠎ᠶᠢᠨ ᠭᠣᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠥᠷᠭᠡᠨ ᠣᠯᠠᠨ ᠵᠠᠯᠠᠭᠤᠴᠤᠳ ᠪᠠᠭᠠᠴᠤᠳ᠎ᠢ ᠬᠥᠲᠥᠯᠥᠨ ᠵᠢᠯᠤᠭᠣᠳᠴᠤ ᠪᠠᠢᠭᠠᠳ ᠬᠤᠪᠢᠰᠬᠠᠯ᠎ᠤᠨ ᠤᠳᠤᠮᠰᠢᠯ᠎ᠢ ᠰᠠᠢᠳᠤᠷ ᠤᠯᠠᠮᠵᠢᠯᠠᠭᠤᠯᠵᠤ᠂ ᠣᠷᠳᠣ᠌ ᠵᠠᠮ᠎ᠤᠨ ᠠᠶᠠᠨ ᠲᠡᠶ᠋ᠢᠨ᠎ᠦ ᠵᠣᠷᠢᠭ᠋ ᠰᠠᠨᠠᠭ᠎ᠠ᠎ᠶᠢ ᠦᠶ᠎ᠡ᠎ᠶᠢᠨ ᠦᠶ᠎ᠡ᠎ᠳᠦ ᠵᠠᠯᠭᠠᠮᠵᠢᠯᠠᠨ ᠤᠯᠠᠮᠵᠢᠯᠠᠪᠠ᠃

ᠤᠯᠠᠭᠠᠨᠬᠠᠳᠠ ᠬᠣᠲᠠ ᠪᠠᠭᠠᠴᠤᠳ᠎ᠤᠨ ᠬᠣᠰᠢᠭᠤᠴᠢ ᠠᠩᠭᠢ᠎ᠶᠢᠨ ᠪᠠᠢᠭᠤᠯᠤᠭᠳᠠᠭᠰᠠᠨ ᠡᠳᠦᠷ᠎ᠲᠠᠢ ᠤᠶᠠᠯᠳᠤᠭᠤᠯᠤᠨ᠂ 《 ᠬᠣᠰᠢᠭᠤᠴᠢ ᠠᠩᠭᠢ᠎ᠶᠢᠨ ᠲᠣᠭ᠎ᠢᠶᠠᠨ ᠥᠨᠳᠥᠷ ᠮᠠᠨᠳᠤᠭᠤᠯᠤᠨ ᠨᠠᠮ᠎ᠢᠶᠠᠨ ᠳᠠᠭᠠᠵᠤ ᠪᠠᠭᠠᠴᠤᠳ ᠰᠢᠨ᠎ᠡ ᠣᠷᠳᠣ᠌ ᠵᠠᠮ᠎ᠤᠨ ᠠᠶᠠᠨ ᠲᠡᠶ᠋ᠢᠨ ᠳ᠋ᠦ ᠪᠤᠤᠬᠢᠶ᠎ᠠ ᠳᠠᠮᠵᠢᠭᠤᠯᠤᠨ ᠤᠷᠤᠬᠰᠢᠯᠠᠨ᠎ᠠ》 ᠰᠢᠷᠢᠰ ᠭᠣᠣᠯ ᠰᠡᠳᠦᠪᠲᠦ ᠠᠵᠢᠯᠯᠠᠭ᠎ᠠ᠎ᠶᠢ ᠥᠷᠨᠢᠭᠦᠯᠪᠡ᠃ ᠤᠯᠠᠭᠠᠨᠬᠠᠳᠠ᠎ᠶᠢᠨ ᠬᠣᠶᠠᠳᠤᠭᠠᠷ ᠳᠤᠮᠳᠠᠳᠤ ᠰᠤᠷᠭᠠᠭᠤᠯᠢ᠎ᠶᠢᠨ ᠣᠯᠠᠨ ᠤᠯᠤᠰ᠎ᠤᠨ ᠲᠤᠷᠰᠢᠯᠲᠠ᠎ᠶᠢᠨ ᠪᠠᠭ᠎ᠠ ᠰᠤᠷᠭᠠᠭᠤᠯᠢ᠎ᠳᠤ᠂ ᠪᠥᠬᠥ ᠬᠣᠲᠠ᠎ᠶᠢᠨ ᠵᠢᠱ᠌ᠢᠶ᠎ᠡ ᠦᠵᠡᠭᠦᠯᠬᠦ ᠴᠢᠨᠠᠷᠲᠠᠢ ᠪᠠᠭᠠᠴᠤᠳ᠎ᠤᠨ ᠬᠣᠰᠢᠭᠤᠴᠢ ᠠᠩᠭᠢ᠎ᠳᠦ ᠣᠷᠣᠬᠤ ᠶᠣᠰᠣᠯᠠᠯ ᠲᠥᠪ ᠬᠢᠴᠢᠶᠡᠩᠭᠦᠢ ᠶᠠᠪᠤᠭᠳᠠᠵᠤ᠂ 800 ᠭᠠᠷᠤᠢ ᠰᠢᠨ᠎ᠡ ᠭᠡᠰᠢᠭᠦᠨ ᠵᠢᠷᠤᠮᠵᠢᠭ᠍ᠰᠠᠨ ᠶᠣᠰᠣᠯᠠᠯ᠎ᠲᠡᠭᠡᠷ᠎ᠠ ᠤᠯᠠᠭᠠᠨ ᠪᠦᠴᠡ ᠵᠡᠭᠦᠵᠦ᠂ 《 ᠡᠪ ᠬᠠᠮᠲᠤ ᠶᠣᠰᠣᠨ᠎ᠤ ᠦᠢᠯᠡᠰ᠎ᠲᠦ ᠬᠦᠴᠦᠨ ᠴᠢᠳᠠᠯ᠎ᠢᠶᠠᠨ ᠡᠷᠭᠦᠬᠦ᠎ᠪᠡᠷ ᠪᠡᠯᠡᠳᠬᠡᠬᠦ》 ᠪᠠᠭᠠᠴᠤᠳ᠎ᠤᠨ ᠬᠦᠰᠡᠯ ᠵᠣᠷᠢᠯᠲᠠ᠎ᠪᠠᠨ ᠲᠣᠭᠲᠠᠭᠠᠪᠠ᠃

ᠦᠬᠠᠶ᠎ᠶᠢᠨ ᠴᠡᠷᠢᠭ᠎ᠦᠨ ᠬᠤᠪᠢᠶᠠᠷᠢ ᠲᠣᠭᠣᠷᠢᠭ᠎ᠨᠢ ᠬᠣᠲᠠ᠎ᠶᠢᠨ ᠨᠠᠮ᠎ᠤᠨ ᠬᠤᠷᠢᠶ᠎ᠠ ᠵᠢᠨ ᠤᠬᠠᠭᠤᠯᠬᠤ ᠬᠡᠯᠲᠡᠰ᠂ ᠬᠣᠲᠠ᠎ᠶᠢᠨ ᠴᠡᠷᠢᠭ᠎ᠦᠨ ᠠᠯᠪᠠ᠎ᠡᠴᠡ ᠬᠠᠯᠠᠭᠳᠠᠭᠰᠠᠳ᠎ᠤᠨ ᠶᠠᠪᠤᠳᠠᠯ᠎ᠤᠨ ᠲᠣᠪᠴᠢᠶ᠎ᠠ ᠵᠡᠷᠭᠡ ᠰᠠᠯᠠᠭ᠎ᠠ ᠮᠥᠴᠢᠷ᠎ᠲᠡᠶ ᠬᠠᠮᠲᠤᠷᠠᠨ 《ᠤᠯᠤᠰ᠎ᠢᠶᠠᠨ ᠬᠦᠴᠦᠷᠬᠡᠭᠵᠢᠭᠦᠯᠵᠦ᠍ ᠴᠡᠷᠢᠭ᠎ᠢᠶᠡᠨ ᠬᠦᠴᠦᠷᠬᠡᠭᠵᠢᠭᠦᠯᠬᠦ᠌ ᠵᠠᠮ·ᠪᠠᠭᠠᠴᠤᠳ᠎ᠤᠨ ᠠᠤᠭ᠎ᠠ ᠵᠣᠷᠢᠭᠳᠦ ᠠᠶᠠᠯᠠᠯ》 2026 ᠣᠨ᠎ᠤ ᠦᠬᠠᠶ ᠬᠣᠲᠠ᠎ᠶᠢᠨ ᠬᠤᠪᠢᠰᠬᠠᠯᠲᠤ᠌ ᠰᠤᠳᠤᠯᠤᠨ ᠰᠤᠷᠤᠯᠴᠠᠬᠤ ᠦᠢᠯᠡᠳᠦᠯᠭᠡ᠎ᠶᠢᠨ ᠠᠵᠢᠯᠯᠠᠭ᠎ᠠ ᠥᠷᠨᠢᠭᠦᠯᠵᠦ᠍᠂ ᠪᠠᠭ᠎ᠠ ᠰᠤᠷᠭᠠᠭᠤᠯᠢ᠎ᠶᠢᠨ ᠰᠤᠷᠤᠭᠴᠢᠳ᠎ᠤᠨ ᠲᠥᠯᠥᠭᠡᠯᠡᠭᠴᠢᠳ᠎ᠢ ᠵᠣᠬᠢᠶᠠᠨ ᠪᠠᠶ᠋ᠢᠭᠤᠯᠵᠤ ᠪᠥᠬᠥ᠌ ᠬᠣᠲᠠ᠎ᠶᠢᠨ ᠬᠤᠪᠢᠰᠬᠠᠯᠲᠤ᠌ ᠬᠥᠮᠦᠵᠢᠯ ᠵᠢᠴᠢ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠬᠥᠮᠦᠵᠢᠯ᠎ᠦᠨ ᠵᠢᠭᠰᠠᠭᠠᠯ᠎ᠤᠨ ᠭᠠᠵᠠᠷ᠎ᠲᠤ᠌ ᠣᠷᠣᠭᠤᠯᠪᠠ᠃ᠰᠤᠷᠤᠭᠴᠢᠳ ᠦᠷᠡᠭᠳᠡᠭᠰᠡᠨ ᠪᠠᠭᠠᠲᠤᠷᠴᠤᠳ᠎ᠤᠨ ᠳᠤᠷᠠᠰᠬᠠᠯ᠎ᠤᠨ ᠬᠥᠰᠢᠢ᠎ᠡ᠎ᠶᠢ ᠡᠮᠬᠢ ᠵᠢᠷᠤᠮ᠎ᠲᠠᠶ᠎ᠪᠠᠷ ᠪᠠᠷᠠᠳᠠᠵᠤ᠂ ᠰᠣᠷᠭᠣᠭ ᠴᠡᠴᠡᠭ ᠬᠦᠷᠭᠡᠵᠦ᠍᠂ ᠬᠤᠪᠢᠰᠬᠠᠯ᠎ᠤᠨ ᠦᠷᠡᠭᠳᠡᠭᠰᠡᠨ ᠪᠠᠭᠠᠲᠤᠷᠴᠤᠳ᠎ᠤᠨ ᠪᠡᠶ᠎ᠡ ᠦᠷᠡᠭᠳᠡᠬᠦ᠌᠎ᠡᠴᠡ ᠠᠶᠤᠬᠤ ᠦᠭᠡᠢ᠂ ᠲᠡᠰᠪᠦᠷᠢ ᠬᠠᠲᠠᠭᠤᠵᠢᠯᠲᠠᠢ ᠲᠡᠮᠡᠴᠡᠬᠦ᠌ ᠡᠷᠬᠢᠮ ᠳᠡᠭᠡᠳᠦ ᠵᠠᠩ ᠴᠢᠨᠠᠷ᠎ᠢ ᠭᠦᠨᠵᠡᠭᠡᠢ ᠣᠶ᠋ᠢᠯᠠᠭᠠᠪᠠ᠃ ᠴᠡᠷᠢᠭ᠎ᠦᠨ ᠬᠤᠸᠠᠷᠠᠨ᠎ᠳᠤ᠂ ᠰᠤᠷᠤᠭᠴᠢᠳ ᠲᠤᠬᠠᠶ᠎ᠶᠢᠨ ᠭᠠᠵᠠᠷ᠎ᠲᠤ᠌ ᠴᠡᠷᠢᠭ᠎ᠦᠨ ᠬᠤᠸᠠᠷᠠᠨ᠎ᠤ ᠴᠡᠷᠢᠭ᠎ᠦᠨ ᠪᠠᠶ᠋ᠢᠷᠢ᠎ᠶᠢ ᠲᠣᠭᠣᠷᠢᠨ ᠦᠵᠡᠵᠦ᠍᠂ ᠵᠡᠪᠰᠡᠭ ᠲᠣᠨᠣᠭᠯᠠᠯ᠎ᠤᠨ ᠦᠵᠡᠭᠦᠯᠭᠡ᠎ᠵᠡᠷᠭᠡ ᠵᠢ ᠰᠣᠨᠢᠷᠬᠠᠵᠤ᠂ ᠴᠡᠷᠢᠭ ᠬᠥᠮᠦᠨ᠎ᠦ ᠲᠥᠪ ᠴᠢᠩᠭ᠎ᠠ ᠣᠪᠣᠷ ᠰᠤᠷᠲᠠᠯ ᠪᠠ ᠰᠠᠶ᠋ᠢᠨ ᠰᠠᠶ᠋ᠢᠬᠠᠨ ᠳᠦᠷᠢ ᠲᠥᠷᠬᠦ᠌᠎ᠶᠢ ᠣᠶ᠋ᠢᠯᠠᠭᠠᠪᠠ᠃ ᠠᠵᠢᠯᠯᠠᠭ᠎ᠠ ᠨᠢ ᠪᠠᠰᠠ ᠦᠬᠠᠶ ᠬᠣᠲᠠ᠎ᠶᠢᠨ《ᠬᠠᠮᠤᠭ᠎ᠤᠨ ᠭᠣᠶᠣ ᠴᠡᠷᠢᠭ᠎ᠦᠨ ᠠᠯᠪᠠ᠎ᠡᠴᠡ ᠬᠠᠯᠠᠭᠳᠠᠭᠰᠠᠳ》 ᠭᠤᠤ ᠶᠤᠸᠠᠨ ᠫᠧᠶ᠎ᠶᠢ ᠤᠷᠢᠵᠤ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠤᠬᠠᠭᠤᠯᠤᠨ ᠲᠠᠶ᠋ᠢᠯᠪᠤᠷᠢᠯᠠᠯᠲᠠ ᠬᠢᠯᠭᠡᠵᠦ᠍᠂ ᠦᠨᠡᠨ ᠪᠣᠳᠠᠲᠠᠶ ᠥᠯᠢᠭᠡᠷ᠎ᠢᠶᠡᠷ᠎ᠢᠶᠡᠨ ᠵᠠᠯᠠᠭᠤᠴᠤᠳ᠎ᠤᠨ ᠴᠡᠷᠢᠭ᠎ᠲᠦ᠍ ᠣᠷᠣᠵᠤ ᠤᠯᠤᠰ᠎ᠲᠠᠭᠠᠨ ᠵᠢᠳᠬᠦᠬᠦ᠌᠂ ᠤᠯᠤᠰ᠎ᠤᠨ ᠪᠠᠲᠤᠯᠠᠨ ᠬᠠᠮᠠᠭᠠᠯᠠᠯᠲᠠ᠎ᠳᠤ ᠭᠠᠪᠢᠶ᠎ᠠ ᠪᠠᠶ᠋ᠢᠭᠤᠯᠬᠤ ᠬᠠᠯᠠᠭᠤᠨ ᠰᠡᠳᠬᠢᠯᠭᠡ᠎ᠶᠢ ᠬᠥᠭᠵᠢᠭᠡᠪᠡ᠃

ᠬᠥᠯᠥᠨ ᠪᠤᠢ᠌ᠷ ᠬᠤᠳᠠ《ᠤᠷᠳᠤ ᠵᠠᠮ᠎ᠤᠨ ᠠᠶᠠᠨ ᠲᠠᠢ᠌ᠨ᠎ᠦ ᠤᠴᠢ᠎ᠶᠢ ᠪᠠᠳᠠᠷᠠᠭᠠᠵᠤ ᠵᠠᠯᠠᠭᠤ ᠨᠠᠰᠤᠨ᠎ᠤ ᠰᠢᠨ᠎ᠡ ᠠᠶᠠᠨ ᠳ᠋ᠤ ᠵᠤᠷᠢᠭᠳᠠᠢ ᠪᠡᠷ ᠬᠠᠷᠢᠭᠤᠴᠠᠯᠭ᠎ᠠ ᠡᠭᠦᠷᠭᠡᠯᠡᠶ᠎ᠠ》ᠤᠷᠳᠤ ᠵᠠᠮ᠎ᠤᠨ ᠠᠶᠠᠨ ᠲᠠᠢ᠌ᠨ᠎ᠦ ᠢᠯᠠᠯᠲᠠ ᠣᠯᠤᠭᠰᠠᠨ 90 ᠵᠢᠯ᠎ᠦᠨ ᠤᠢ᠎ᠶᠢ ᠳᠤᠷᠠᠰᠬᠠᠬᠤ ᠵᠠᠯᠠᠭᠤ ᠨᠠᠰᠤᠨ᠎ᠤ ᠢᠷᠠᠭᠤ ᠨᠠᠢᠷᠠᠭ᠎ᠦᠨ ᠬᠤᠷᠠᠯ ᠬᠤᠷᠠᠯᠳᠤᠭᠤᠯᠪᠠ᠃ ᠥᠷᠭᠡᠨ ᠤᠯᠠᠨ ᠵᠠᠯᠠᠭᠤᠴᠤᠳ ᠬᠤᠪᠢᠰᠬᠠᠯ᠎ᠤᠨ ᠭᠣᠣᠯ ᠰᠡᠳᠦᠪ᠎ᠢ ᠴᠢᠩᠭ᠎ᠠ ᠡᠵᠡᠮᠳᠡᠵᠦ᠍᠂ ᠰᠢᠯᠦᠭ᠎ᠢᠶᠡᠷ ᠵᠣᠷᠢᠭ᠎ᠢᠶᠠᠨ ᠢᠯᠡᠳᠬᠡᠵᠦ᠍᠂ ᠲᠠᠭᠤᠨ᠎ᠢᠶᠠᠷ ᠰᠡᠳᠬᠢᠯᠭᠡ᠎ᠪᠡᠨ ᠳᠠᠮᠵᠢᠭᠤᠯᠵᠤ᠂ ᠴᠤᠭ ᠪᠠᠳᠠᠷᠠᠩᠭᠤᠢ ᠳᠦᠷᠰᠦ ᠪᠠᠶ᠋ᠢᠳᠠᠯ ᠪᠣᠯᠤᠨ ᠤᠯᠤᠰ᠎ᠢᠶᠠᠨ ᠬᠠᠶ᠋ᠢᠷᠠᠯᠠᠬᠤ ᠬᠠᠶ᠋ᠢᠷ᠎ᠠ ᠰᠡᠳᠬᠢᠯᠭᠡ᠎ᠪᠡᠨ ᠢᠯᠡᠷᠡᠭᠦᠯᠪᠡ᠃ ᠠᠵᠢᠯᠯᠠᠭ᠎ᠠ᠎ᠶᠢ ᠠᠮᠵᠢᠯᠲᠠ᠎ᠲᠠᠶ ᠡᠷᠬᠢᠯᠡᠭᠰᠡᠡ ᠨᠢ ᠬᠤᠪᠢᠰᠬᠠᠯ᠎ᠤᠨ ᠰᠣᠶᠣᠯ᠎ᠢ ᠤᠮᠳᠠᠯᠠᠭᠰᠠᠨ ᠤᠯᠠᠮᠵᠢᠯᠠᠯ ᠪᠣᠯᠬᠤ᠎ᠪᠠᠷ ᠪᠠᠷᠠᠬᠤ ᠦᠬᠡᠢ᠂ ᠨᠡᠩ ᠴᠤ᠌ ᠵᠠᠯᠠᠭᠤᠴᠤᠳ᠎ᠤᠨ ᠦᠵᠡᠯ ᠰᠠᠨᠠᠭ᠎ᠠ᠎ᠶᠢ ᠭᠦᠨᠵᠡᠭᠡᠢ ᠠᠷᠢᠭᠤᠳᠬᠠᠵᠤ᠂ ᠤᠷᠳᠤ ᠵᠠᠮ᠎ᠤᠨ ᠠᠶᠠᠨ ᠲᠠᠢ᠌ᠨ᠎ᠦ ᠵᠣᠷᠢᠭ ᠰᠠᠨᠠᠭ᠎ᠠ᠎ᠶᠢᠨ ᠡᠳᠦᠷ ᠲᠤᠳᠤᠮ᠎ᠤᠨ ᠠᠮᠢᠳᠤᠷᠠᠯ᠎ᠳᠤ ᠠᠭᠤᠰᠬᠤ᠎ᠶᠢ ᠠᠬᠢᠭᠤᠯᠤᠭᠰᠠᠨ ᠪᠠᠶ᠋ᠢᠨ᠎ᠠ᠃

ᠠᠯᠠᠱᠠ᠎ᠶᠢᠨ ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠎ᠤᠨ ᠨᠢᠭᠡᠳᠦᠭᠡᠷ ᠬᠡᠦᠬᠡᠳ᠎ᠦᠨ ᠴᠡᠴᠡᠷᠯᠢᠭ 《ᠬᠡᠦᠬᠡᠳ᠎ᠦᠨ ᠰᠡᠳᠬᠢᠯ᠎ᠤᠨ ᠲᠠᠭᠤᠨ ᠵᠢᠡᠷ ᠣᠷᠳᠣ ᠵᠠᠮ᠎ᠤᠨ ᠠᠶᠠᠨ ᠲᠡᠶ᠋ᠢᠨ᠎ᠤ ᠢᠯᠠᠯᠲᠠ ᠤᠯᠤᠭᠰᠠᠨ 90 ᠵᠢᠯ᠎ᠢ ᠲᠤᠷᠠᠰᠬᠠᠨᠠᠮ》 ᠣᠷᠳᠣ ᠵᠠᠮ᠎ᠤᠨ ᠠᠶᠠᠨ ᠲᠡᠶ᠋ᠢᠨ ᠢᠯᠠᠯᠲᠠ ᠣᠯᠤᠭᠰᠠᠨ 90 ᠵᠢᠯ᠎ᠦᠨ ᠣᠶ᠎ᠶᠢ ᠳᠤᠷᠠᠰᠬᠠᠬᠤ ᠲᠣᠮᠣ ᠬᠡᠯᠪᠡᠷᠢ᠎ᠶᠢᠨ ᠬᠡᠷ ᠪᠦᠯᠢ ᠰᠤᠷᠭᠠᠭᠤᠯᠢ ᠨᠡᠢᠭᠡᠮ ᠲᠤᠭᠤᠷᠢᠭ᠎ᠤᠨ ᠬᠤᠪᠢᠰᠬᠠᠯᠲᠤ᠌ ᠬᠡᠷ ᠪᠦᠯᠢ᠎ᠶᠢᠨ᠎ᠬᠢᠨ ᠤ᠋ ᠢᠳᠡᠷᠡᠭᠦᠨ ᠠᠯᠬᠤᠭ᠎ᠠ᠎ᠶᠢᠨ ᠠᠵᠢᠯᠯᠠᠭ᠎ᠠ ᠥᠷᠨᠢᠭᠦᠯᠪᠡ᠃《ᠬᠤᠪᠢᠰᠬᠠᠯ᠎ᠤᠨ ᠬᠥᠮᠦᠵᠢᠯ᠎ᠦᠨ ᠭᠣᠣᠯᠳᠠᠯᠭ᠎ᠠ ᠨᠢ ᠬᠠᠷᠠᠬᠠᠨ ᠪᠠᠭ᠎ᠠ᠎ᠡᠴᠡ᠎ᠨᠢ ᠤᠢᠯᠠᠭᠠᠭᠤᠯᠬᠤ᠎ᠳᠦ ᠪᠤᠢ᠂ ᠪᠢᠳᠡ ᠬᠡᠦᠬᠡᠳ᠎ᠦᠳ᠎ᠢ ᠬᠦᠳᠦᠯᠦᠨ ᠵᠢᠯᠣᠭᠣᠳᠴᠤ᠌ ᠲᠡᠦᠬᠡ᠎ᠶᠢ ᠪᠠᠲᠤ᠌ ᠴᠡᠭᠡᠵᠢᠯᠡᠭᠦᠯᠵᠦ᠍᠂ ᠤᠷᠳᠤ ᠵᠠᠮ᠎ᠤᠨ ᠠᠶᠠᠨ ᠲᠠᠢ᠌ᠨ᠎ᠦ ᠵᠣᠷᠢᠭ ᠰᠠᠨᠠᠭ᠎ᠠ᠎ᠶᠢ ᠦᠶ᠎ᠡ᠎ᠶᠢᠨ ᠦᠶ᠎ᠡ᠎ᠳᠦ ᠤᠯᠠᠮᠵᠢᠯᠠᠬᠤ᠎ᠶᠢ ᠬᠦᠰᠡᠵᠦ᠍ ᠪᠠᠶ᠋ᠢᠨ᠎ᠠ》 ᠭᠡᠵᠦ᠍ ᠲᠤᠰ ᠴᠡᠴᠡᠷᠯᠢᠭ᠎ᠦᠨ ᠵᠢᠭᠠᠨ ᠰᠤᠷᠭᠠᠯᠲᠠ᠎ᠶᠢᠨ ᠴᠡᠴᠡᠷᠯᠢᠭ᠎ᠦᠨ ᠳᠠᠷᠤᠭ᠎ᠠ ᠸᠠᠩ ᠷᠦᠢ ᠬᠡᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面